ᠵᠠᠰᠠᠮᠠᠯ ᠵᠠᠮ ᠤᠨ ᠬᠥᠷᠥᠩᠭᠡ ᠶᠢ ᠰᠦᠢᠳᠬᠡᠭᠰᠡᠨ ᠤ ᠲᠥᠯᠥᠪᠦᠷᠢ ︵ᠨᠥᠬᠦᠪᠦᠷᠢ︶᠎ ᠶᠢᠨ ᠵᠠᠷᠤᠳᠠᠯ
ᠨᠡᠶᠢᠲᠡᠯᠡᠭᠰᠡᠨ ᠴᠠᠭ᠄
2022/8/19
     ᠵᠦᠢᠯᠡᠰ ᠤᠨ ᠲᠥᠷᠥᠯ᠄ ᠵᠠᠰᠠᠭ ᠵᠠᠬᠢᠷᠭᠠᠨ ᠤ ᠲᠠᠲᠠᠪᠤᠷᠢᠯᠠᠯ      ᠦᠨᠡᠮᠯᠡᠯ ᠠᠪᠬᠤ ᠲᠥᠷᠥᠯ᠄ ᠠᠮᠠᠯᠠᠯᠲᠠ ᠶᠢᠨ ᠮᠠᠲ᠋ᠧᠷᠢᠶᠠᠯ      ᠬᠡᠷᠡᠭᠵᠢᠭᠦᠯᠬᠦ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠲᠢᠩᠬᠢᠮ      ᠬᠡᠷᠡᠭᠵᠢᠭᠦᠯᠬᠦ ᠭᠤᠣᠯ ᠴᠣᠭᠴᠠ᠄ ᠬᠠᠤᠯᠢ ᠪᠠᠷ ᠲᠣᠭᠲᠠᠭᠠᠭᠰᠠᠨ ᠪᠠᠶᠢᠭᠤᠯᠭ᠎ᠠ      ᠭᠦᠢᠴᠡᠳᠬᠡᠬᠦ ᠱᠠᠲᠤ ᠳᠡᠰ᠄ ᠥᠪᠡᠷᠲᠡᠭᠡᠨ ᠵᠠᠰᠠᠬᠤ ᠣᠷᠣᠨ ᠤ ᠳᠡᠰ      ᠬᠠᠤᠯᠢ ᠪᠠᠷ ᠲᠣᠭᠲᠠᠭᠠᠭᠰᠠᠨ ᠭᠦᠢᠴᠡᠳᠬᠡᠬᠦ ᠬᠤᠭᠤᠴᠠᠭ᠎ᠠ᠄ 180 ︵ᠠᠵᠢᠯᠯᠠᠬᠤ ᠡᠳᠦᠷ︶      ᠠᠮᠠᠯᠠᠯᠲᠠ ᠶᠢᠨ ᠭᠦᠢᠴᠡᠳᠬᠡᠬᠦ ᠬᠤᠭᠤᠴᠠᠭ᠎ᠠ᠄ 180 ︵ᠠᠵᠢᠯᠯᠠᠬᠤ ᠡᠳᠦᠷ︶      ᠰᠦᠢᠳᠬᠡᠯ ᠬᠤᠷᠢᠶᠠᠬᠤ ᠡᠰᠡᠬᠦ᠄ ᠦᠭᠡᠢ      ᠭᠦᠢᠴᠡᠳᠬᠡᠭᠰᠡᠨ ᠳ᠋ᠦᠩ ᠤᠨ ᠲᠥᠷᠥᠯ᠄ ᠭᠡᠷᠡᠴᠢ ᠦᠨᠡᠮᠯᠡᠯ      ᠭᠦᠢᠴᠡᠳᠬᠡᠭᠰᠡᠨ ᠳ᠋ᠦᠩ ᠢ ᠠᠪᠬᠤ ᠠᠷᠭ᠎ᠠ ᠮᠠᠶ᠋ᠢᠭ᠄ ᠥᠪᠡᠷ ᠢᠶᠠᠨ ᠠᠪᠤᠨ᠎ᠠ      ᠭᠦᠢᠴᠡᠳᠬᠡᠬᠦ ᠬᠡᠯᠪᠡᠷᠢ᠄ ᠴᠣᠩᠬᠤᠪᠴᠢ ᠳᠤ ᠬᠦᠷᠴᠦ ᠭᠦᠢᠴᠡᠳᠬᠡᠨ᠎ᠡ      ᠬᠢᠨᠠᠯᠲᠠ ᠵᠠᠭᠠᠯᠳᠤᠯᠭ᠎ᠠ᠄ ᠣᠳᠣ ᠳᠠᠭᠠᠨ ᠠᠯᠠᠭ᠎ᠠ      ᠯᠠᠪᠯᠠᠬᠤ ᠤᠲᠠᠰᠤ᠄ ᠣᠳᠣ ᠳᠠᠭᠠᠨ ᠠᠯᠠᠭ᠎ᠠ      ᠬᠦᠯᠢᠶᠡᠨ ᠠᠪᠴᠤ ᠭᠦᠢᠴᠡᠳᠬᠡᠬᠦ ᠨᠥᠬᠦᠴᠡᠯ᠄      ︵ᠨᠢᠭᠡ︶ ᠵᠠᠰᠠᠮᠠᠯ ᠵᠠᠮ ᠢ ᠡᠪᠳᠡᠭᠰᠡᠨ᠂ ᠪᠣᠬᠢᠷᠲᠤᠭᠤᠯᠤᠭᠰᠠᠨ ᠦᠢᠯᠡ ᠶᠠᠪᠤᠳᠠᠯ ᠲᠠᠢ᠃ ︵ᠬᠤᠶᠠᠷ︶ ᠲᠣᠭᠲᠠᠭᠠᠯ ᠤᠨ ᠬᠡᠪᠴᠢᠶᠡᠨ ᠳᠣᠲᠣᠷ᠎ᠠ ᠠᠭᠤᠷᠬᠠᠢ ᠭᠠᠷᠭᠠᠬᠤ᠂ ᠴᠢᠯᠠᠭᠤ ᠠᠭᠤᠳᠠᠯᠬᠤ᠂ ᠰᠢᠷᠤᠢ ᠠᠪᠬᠤ᠂ ᠳᠡᠯᠪᠡᠴᠢᠬᠦ ᠠᠵᠢᠯ ᠵᠡᠷᠭᠡ ᠵᠠᠰᠠᠮᠠᠯ ᠵᠠᠮ᠂ ᠵᠠᠰᠠᠮᠠᠯ ᠵᠠᠮ ᠤᠨ ᠬᠥᠭᠦᠷᠭᠡ᠂ ᠵᠠᠰᠠᠮᠠᠯ ᠵᠠᠮ ᠤᠨ ᠨᠦᠬᠡᠨ ᠵᠠᠮ᠂ ᠵᠠᠰᠠᠮᠠᠯ ᠤᠨ ᠵᠠᠮ ᠤᠨ ᠭᠠᠷᠴᠠ ᠶᠢᠨ ᠠᠶᠤᠯ ᠦᠭᠡᠢ ᠪᠠᠶᠢᠳᠠᠯ ᠳᠤ ᠬᠤᠣᠷ ᠲᠠᠢ ᠠᠵᠢᠯᠯᠠᠭ᠎ᠠ ᠶᠠᠪᠤᠭᠤᠯᠤᠭᠰᠠᠨ᠃ ︵ᠭᠤᠷᠪᠠ︶ ᠳᠤᠮᠳᠠ ᠬᠡᠯᠪᠡᠷᠢ ᠠᠴᠠ ᠳᠡᠭᠡᠭᠰᠢᠬᠢ ᠵᠠᠰᠠᠮᠠᠯ ᠵᠠᠮ ᠤᠨ ᠬᠥᠭᠦᠷᠭᠡ ᠳᠠᠮᠨᠠᠨ ᠥᠩᠭᠡᠷᠡᠬᠦ ᠭᠤᠣᠯ ᠤᠨ ᠭᠤᠯᠳᠤᠷᠢᠯ ᠤᠨ ᠳᠡᠭᠡᠷ᠎ᠡ ᠳᠣᠣᠷ᠎ᠠ ᠤᠷᠤᠰᠬᠠᠯ ᠤᠨ ᠲᠤᠰ ᠪᠦᠷᠢ 1000 ᠮᠧᠳ᠋ᠷ ᠤᠨ ᠬᠡᠪᠴᠢᠶᠡᠨ ᠳᠤ ᠭᠠᠵᠠᠷ ᠳᠣᠣᠷᠠᠬᠢ ᠤᠰᠤ ᠶᠢ ᠳᠤᠷ᠎ᠠ ᠪᠠᠷ ᠢᠶᠠᠨ ᠲᠠᠲᠠᠭᠰᠠᠨ᠂ ᠬᠥᠪᠥᠮᠡᠯ ᠬᠥᠭᠦᠷᠭᠡ ᠲᠠᠯᠪᠢᠭᠰᠠᠨ ᠪᠠ ᠵᠠᠰᠠᠮᠠᠯ ᠵᠠᠮ ᠤᠨ ᠬᠥᠭᠦᠷᠭᠡ ᠶᠢᠨ ᠠᠮᠤᠷ ᠲᠦᠪᠰᠢᠨ ᠳᠤ ᠬᠤᠣᠷ ᠲᠠᠢ ᠪᠤᠰᠤᠳ ᠪᠡᠯᠡᠳᠬᠡᠮᠵᠢ ᠪᠠᠶᠢᠭᠤᠯᠤᠭᠰᠠᠨ᠃ ︵ᠳᠥᠷᠪᠡ︶ ᠵᠠᠰᠠᠮᠠᠯ ᠵᠠᠮ ᠤᠨ ᠬᠥᠭᠦᠷᠭᠡᠨ ᠤ ᠳᠠᠮᠨᠠᠨ ᠥᠩᠭᠡᠷᠡᠬᠦ ᠭᠤᠣᠯ ᠤᠨ ᠭᠤᠯᠳᠤᠷᠢᠯ ᠤᠨ ᠲᠣᠭᠲᠠᠭᠠᠭᠰᠠᠨ ᠬᠡᠪᠴᠢᠶᠡᠨ ᠳᠤ ᠬᠠᠶᠢᠷ ᠠᠭᠤᠳᠠᠯᠤᠭᠰᠠᠨ᠃ ︵ᠲᠠᠪᠤ︶ ᠵᠠᠰᠠᠮᠠᠯ ᠵᠠᠮ ᠤᠨ ᠳᠠᠭᠠᠯᠲᠠ ᠪᠡᠯᠡᠳᠬᠡᠮᠵᠢ ᠶᠢ ᠡᠪᠳᠡᠭᠰᠡᠨ᠂ ᠳᠤᠷ᠎ᠠ ᠮᠡᠳᠡᠨ ᠰᠢᠯᠵᠢᠭᠦᠯᠦᠭᠰᠡᠨ᠂ ᠪᠠᠯᠠᠯᠵᠤ ᠥᠭᠡᠷᠡᠴᠢᠯᠡᠭᠰᠡᠨ᠂ ᠬᠠᠯᠬᠠᠯᠠᠭᠰᠠᠨ ᠪᠤᠶᠤ ᠵᠠᠰᠠᠮᠠᠯ ᠵᠠᠮ ᠤᠨ ᠳᠠᠭᠠᠯᠲᠠ ᠪᠡᠯᠡᠳᠬᠡᠮᠵᠢ ᠶᠢ ᠠᠰᠢᠭᠯᠠᠨ ᠳᠠᠮᠵᠢᠭᠤᠯᠬᠤ ᠬᠤᠭᠤᠯᠠᠢ ᠲᠠᠯᠪᠢᠭᠰᠠᠨ᠂ ᠶᠠᠭᠤᠮ᠎ᠠ ᠡᠯᠭᠦᠭᠰᠡᠨ᠃ ︵ᠵᠢᠷᠭᠤᠭ᠎ᠠ︶ ᠵᠠᠰᠠᠮᠠᠯ ᠵᠠᠮ᠂ ᠵᠠᠰᠠᠮᠠᠯ ᠵᠠᠮ ᠳᠤ ᠬᠡᠷᠡᠭᠯᠡᠬᠦ ᠭᠠᠵᠠᠷ ᠤᠨ ᠬᠡᠪᠴᠢᠶᠡᠨ ᠳᠤ ᠬᠢ ᠨᠣᠭᠤᠭᠠᠷᠠᠭᠤᠯᠬᠤ ᠪᠣᠳᠠᠰ ᠢ ᠡᠪᠳᠡᠭᠰᠡᠨ᠃ ︵ᠳᠣᠯᠤᠭ᠎ᠠ︶ ᠪᠤᠰᠤᠳ ᠬᠠᠤᠯᠢ ᠳᠦᠷᠢᠮ ᠳᠤ ᠲᠣᠭᠲᠠᠭᠠᠭᠰᠠᠨ ᠪᠠᠶᠢᠳᠠᠯ᠃      ᠲᠣᠬᠢᠷᠠᠭᠤᠯᠤᠭᠰᠠᠨ ᠦᠨᠳᠦᠰᠦᠯᠡᠯ᠄ 1. ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾      2. ︽ᠵᠠᠰᠠᠮᠠᠯ ᠵᠠᠮ ᠤᠨ ᠠᠮᠤᠷ ᠲᠦᠪᠰᠢᠨ ᠢ ᠬᠠᠮᠠᠭᠠᠯᠠᠬᠤ ᠳᠦᠷᠢᠮ︾      3. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠳᠦᠷᠢᠮ︾      4. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠳᠤᠨ ᠤ ᠵᠠᠮ ᠤᠨ ᠳᠦᠷᠢᠮ︾      ᠰᠦᠢᠳᠬᠡᠯ ᠬᠤᠷᠢᠶᠠᠬᠤ ᠪᠠᠷᠢᠮᠵᠢᠶ᠎ᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠲᠢᠩᠬᠢᠮ᠂ ᠪᠠᠷᠠᠭᠠᠨ ᠤ ᠦᠨ᠎ᠡ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠬᠥᠷᠥᠩᠭᠡ ᠶᠢ ᠡᠪᠳᠡᠵᠦ ᠡᠵᠡᠯᠡᠭᠰᠡᠨ ᠤ ᠲᠥᠯᠥᠪᠦᠷᠢ ︵ᠨᠥᠬᠦᠪᠦᠷᠢ︶᠎ ᠶᠢᠨ ᠲᠣᠭᠲᠠᠭᠠᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠬᠥᠷᠥᠩᠭᠡ ᠶᠢ ᠡᠪᠳᠡᠵᠦ ᠡᠵᠡᠯᠡᠭᠰᠡᠨ ᠤ ᠲᠥᠯᠥᠪᠦᠷᠢ ︵ᠨᠥᠬᠦᠪᠦᠷᠢ︶᠎ ᠶᠢᠨ ᠪᠠᠷᠢᠮᠵᠢᠶ᠎ᠠ︾᠎ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ ︵ᠥᠪᠥᠷ ᠵᠠᠮ ᠲᠠᠷᠬᠠᠭᠠᠭᠰᠠᠨ ﹇1998 ﹈ 383 ᠳ᠋ᠤᠭᠠᠷ ᠲᠣᠭᠠᠲᠤ︶      ᠰᠦᠢᠳᠬᠡᠯ ᠬᠤᠷᠢᠶᠠᠬᠤ ᠦᠨᠳᠦᠰᠦᠯᠡᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠲᠢᠩᠬᠢᠮ᠂ ᠪᠠᠷᠠᠭᠠᠨ ᠤ ᠦᠨ᠎ᠡ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠬᠥᠷᠥᠩᠭᠡ ᠶᠢ ᠡᠪᠳᠡᠵᠦ ᠡᠵᠡᠯᠡᠭᠰᠡᠨ ᠤ ᠲᠥᠯᠥᠪᠦᠷᠢ ︵ᠨᠥᠬᠦᠪᠦᠷᠢ︶᠎ ᠶᠢᠨ ᠲᠣᠭᠲᠠᠭᠠᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠬᠥᠷᠥᠩᠭᠡ ᠶᠢ ᠡᠪᠳᠡᠵᠦ ᠡᠵᠡᠯᠡᠭᠰᠡᠨ ᠤ ᠲᠥᠯᠥᠪᠦᠷᠢ ︵ᠨᠥᠬᠦᠪᠦᠷᠢ︶᠎ ᠶᠢᠨ ᠪᠠᠷᠢᠮᠵᠢᠶ᠎ᠠ︾᠎ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ ︵ᠥᠪᠥᠷ ᠵᠠᠮ ᠲᠠᠷᠬᠠᠭᠠᠭᠰᠠᠨ ﹇1998 ﹈ 383 ᠳ᠋ᠤᠭᠠᠷ ᠲᠣᠭᠠᠲᠤ︶
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号