2023 ᠣᠨ ᠤ 1 ᠰᠠᠷ᠎ᠠ ᠶᠢᠨ 11 ᠤ ᠡᠳᠦᠷ ᠬᠡᠰᠢᠭᠲᠡᠨ ᠬᠤᠰᠢᠭᠤᠨ ᠤ ᠠᠷᠪᠠᠨ ᠨᠠᠢᠮᠠᠲᠤᠭᠠᠷ ᠬᠤᠭᠤᠴᠠᠭᠠᠨ ᠤ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠲᠤᠭᠠᠷ ᠤᠳᠠᠭᠠᠨ ᠤ ᠬᠤᠷᠠᠯᠲᠤᠭᠠᠨ ᠳᠡᠭᠡᠷ᠎ᠡ | | ᠬᠡᠰᠢᠭᠲᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠸᠠᠩ ᠶᠦᠩ ᠴᠦᠨ | | ᠲᠥᠯᠥᠭᠡᠯᠡᠭᠴᠢᠳ ᠠ᠋᠄ | ᠤᠲᠤ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠡᠭᠦᠨ ᠤ ᠬᠠᠮᠲᠦ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠪᠠ | ᠬᠤᠷᠠᠯ ᠳᠤ ᠰᠤᠯᠠ ᠣᠷᠣᠯᠴᠠᠭᠰᠠᠨ ᠪᠤᠰᠤᠳ ᠨᠥᠬᠦᠳ ᠠᠴᠠ ᠰᠠᠨᠠᠯ ᠢᠶᠠᠨ ᠳᠤᠷᠠᠳᠬᠤ ᠶᠢ ᠬᠦᠰᠡᠵᠦ ᠪᠠᠶᠢᠨ᠎ᠠ᠃ | ᠨᠢᠭᠡ᠂ 2022 ᠣᠨ ᠤ ᠠᠵᠢᠯ ᠤᠨ ᠡᠷᠭᠢᠴᠡᠭᠦᠯᠦᠯ | ᠰᠠᠶ᠋ᠢᠬᠠᠨ ᠥᠩᠭᠡᠷᠡᠭᠰᠡᠨ ᠨᠢᠭᠡ ᠵᠢᠯ ᠪᠣᠯ ᠲᠡᠦᠬᠡ ᠶᠢᠨ ᠮᠠᠰᠢ ᠤᠯᠠᠨ ᠤᠴᠢᠷ ᠶᠠᠪᠤᠳᠠᠯ ᠰᠤᠯᠪᠢᠴᠠᠨ ᠳᠠᠪᠬᠤᠴᠠᠭᠰᠠᠨ | ᠣᠨᠴᠠᠭᠠᠢ ᠵᠢᠯ ᠪᠣᠯᠤᠨ᠎ᠠ᠂ ᠮᠥᠨᠴᠦ ᠬᠡᠰᠢᠭᠲᠡᠨ ᠬᠤᠰᠢᠭᠤᠨ ᠤ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ | ᠡᠬᠢᠯᠡᠯᠲᠡ ᠶᠢᠨ ᠵᠢᠯ ᠪᠣᠯᠣᠨ᠎ᠠ᠃ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠬᠦᠨᠳᠦ ᠨᠦᠰᠡᠷ ᠡᠭᠦᠷᠭᠡ ᠪᠣᠯᠣᠨ ᠠᠯᠢ | ᠣᠯᠠᠨ ᠬᠦᠴᠢᠷ ᠪᠡᠷᠬᠡᠰᠢᠶᠡᠯ ᠤᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ | ᠳᠣᠣᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ | ᠂ ᠣᠨᠣᠪᠴᠢᠲᠠᠶ᠂ ᠪᠥᠬᠦ ᠲᠠᠯ᠎ᠠ ᠪᠠᠷ ᠲᠤᠤᠱᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ | ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠯᠠᠪᠳᠠᠭᠤᠨ ᠪᠠᠲᠤᠲᠠᠢ ᠠᠯᠬᠤᠮ ᠢ | ᠠᠯᠬᠤᠪᠠ᠃ | ᠨᠢᠭᠡ ᠵᠢᠯ ᠤᠨ ᠲᠤᠷᠰᠢ᠂ ᠪᠢᠳᠡ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠶᠡᠷᠦᠩᠬᠡᠶᠢᠯᠡᠭᠰᠡᠨ | ᠪᠣᠳᠠᠲᠤ ᠬᠦᠴᠦᠨ ᠲᠣᠭᠲᠠᠭᠤᠨ ᠢᠶᠠᠷ ᠳᠡᠭᠡᠭᠰᠢᠯᠡᠪᠡ᠃ ᠵᠢᠱᠢᠯᠲᠡ ᠪᠠᠷ ᠪᠥᠬᠦ ᠬᠤᠰᠢᠭᠤᠨ ᠤ ᠣᠷᠣᠨ ᠨᠤᠲᠤᠭ ᠤᠨ | ᠦᠢᠯᠡᠳᠪᠦᠷᠢᠯᠡᠯ ᠤᠨ ᠶᠡᠷᠦᠩᠬᠡᠢ ᠥᠷᠲᠡᠭ 160 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 3% ᠪᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ 7. | 004 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.8% ᠪᠠᠷ ᠨᠡᠮᠡᠭᠳᠡᠪᠡ᠃ | ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 61.5 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 34% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ | ᠬᠤᠳᠠᠯᠳᠤᠭᠰᠠᠨ ᠶᠡᠷᠦᠩᠬᠡᠢ ᠬᠡᠮᠵᠢᠶ᠎ᠡ 21.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 4% ᠪᠠᠷ ᠨᠡᠮᠡᠭᠳᠡᠪᠡ᠃ ᠬᠤᠲᠠ ᠪᠠᠯᠭᠠᠰᠤ ᠪᠠ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 35000 ᠲᠥᠭᠦᠷᠢᠭ ᠪᠠ 16000 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 6% ᠪᠠ 8% ᠪᠠᠷ ᠨᠡᠮᠡᠭᠳᠡᠪᠡ᠃ | ᠨᠢᠭᠡ ᠵᠢᠯ ᠤᠨ ᠲᠤᠷᠰᠢ᠂ ᠪᠢᠳᠡ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠠᠵᠤ ᠦᠢᠯᠡᠰ ᠤᠨ ᠬᠥᠭᠵᠢᠯᠲᠡ ᠶᠢᠨ | ᠠᠮᠢᠵᠢᠷᠠᠯ ᠤᠨ ᠬᠦᠴᠦᠨ ᠣᠷᠭᠢᠯᠤᠨ ᠪᠠᠳᠠᠷᠠᠪᠠ᠃ | — — ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠰᠢᠰᠲ᠋ᠧᠮ ᠤᠨ ᠪᠠᠶᠢᠭᠤᠯᠤᠯᠲᠠ ᠰᠢᠨ᠎ᠡ ᠠᠬᠢᠴᠠ ᠲᠠᠢ | ᠪᠣᠯᠪᠠ᠃ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠰᠠᠭᠤᠷᠢ ᠤᠯᠠᠮ ᠪᠠᠬᠢᠵᠢᠵᠦ᠂ ᠪᠥᠬᠦ ᠬᠤᠰᠢᠭᠤᠨ ᠤ ᠠᠮᠤ | ᠪᠤᠷᠴᠠᠭ ᠤᠨ ᠶᠡᠷᠦᠩᠬᠡᠢ ᠤᠨᠠᠯᠲᠠ 6.1 ᠳ᠋ᠦᠩᠰᠢᠭᠤᠷ ᠵᠢᠩ ᠳᠤ ᠬᠦᠷᠴᠦ᠂ ᠡᠪᠡᠰᠦᠨ ᠡᠮ᠂ ᠢᠳᠡᠰᠢᠨ ᠮᠥᠭᠦ᠂ ᠬᠦᠢᠲᠡᠨ | ᠰᠡᠷᠢᠭᠦᠨ ᠤᠷᠤᠨ ᠳᠤ ᠵᠤᠬᠢᠴᠠᠬᠤ ᠢᠳᠡᠰᠢᠨ ᠨᠣᠭᠤᠭ᠎ᠠ ᠶᠢ ᠳᠠᠷᠢᠬᠤ ᠲᠠᠯᠠᠪᠠᠶ ᠲᠣᠭᠲᠠᠭᠤᠨ ᠪᠠᠶᠢᠬᠤ ᠶᠢ ᠪᠠᠲᠤᠯᠠᠪᠠ᠃ ᠣᠶ | ᠰᠢᠭᠤᠢ ᠶᠢᠨ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠵᠦ᠂ ᠴᠢᠴᠠᠷᠭᠠᠨ᠎ᠠ᠂ ᠵᠢᠵᠢᠭ ᠤᠯᠠᠭᠠᠨ ᠠᠯᠮᠤᠷᠠᠳ ᠳᠠᠷᠢᠬᠤ | ᠪᠠ ᠬᠠᠪᠲᠠᠭᠠᠢ ᠭᠦᠢᠯᠡᠰᠦ ᠶᠢ ᠮᠦᠴᠢᠷ ᠵᠠᠯᠭᠠᠵᠦ ᠤᠷᠭᠤᠭᠤᠯᠤᠭᠰᠠᠨ ᠲᠠᠯᠠᠪᠠᠶ 3 ᠲᠦᠮᠡᠨ ᠮᠦ ᠳᠤ ᠬᠥᠷᠪᠡ᠃ 4.6 | ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ ᠭᠤᠣᠯ ᠪᠣᠯᠬᠤ ᠲᠠᠷᠢᠮᠠᠯ ᠤᠨ | ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ ᠶᠢ 88.3% ᠳᠤ ᠬᠦᠷᠭᠡᠪᠡ᠃ ︽ᠦᠭᠡᠷ ᠤᠨ ᠤᠶᠢᠯᠡᠰ ᠢ ᠭᠦᠭᠵᠢᠭᠦᠯᠬᠦ | ᠵᠢᠭᠡᠯᠡᠯᠭᠡ︾ ︽ᠪᠣᠷᠳᠣᠵᠤ ᠲᠠᠷᠭᠤᠯᠠᠭᠤᠯᠬᠤ ᠵᠢᠭᠡᠯᠡᠯᠭᠡ︾ ᠵᠡᠷᠭᠡ ᠨᠢ ᠮᠠᠯ ᠠᠵᠤ ᠠᠬᠤᠢ ᠶᠢᠨ ᠬᠥᠭᠵᠢᠯᠲᠡ ᠶᠢ | ᠦᠷᠭᠦᠯᠵᠢᠯᠡᠨ ᠳᠡᠮᠵᠢᠵᠦ᠂ ᠪᠥᠬᠦ ᠬᠤᠰᠢᠭᠤᠨ ᠤ ᠮᠢᠬᠠᠨ ᠤ ᠦᠬᠡᠷ ᠤᠨ ᠲᠤᠭ᠎ᠠ 47.5 ᠲᠦᠮᠡ ᠪᠣᠯᠣᠨ ᠨᠡᠮᠡᠭᠳᠡᠵᠦ᠂ | ᠮᠢᠬᠠᠨ ᠤ ᠬᠤᠨᠢ 200 ᠲᠦᠮᠡ ᠳᠤ ᠲᠣᠭᠲᠠᠪᠤᠷᠢᠵᠢᠵᠤ᠂ ᠬᠤᠳᠠᠯᠲᠤᠭᠰᠠᠨ ᠲᠤᠭ᠎ᠠ ᠨᠢ ᠲᠣᠰ ᠲᠣᠰ 10 ᠲᠦᠮᠡ ᠪᠠ | 100 ᠲᠦᠮᠡ ᠳᠤ ᠬᠦᠷᠪᠡ︔ ᠠᠩᠬᠠᠳᠤᠭᠠᠷ ᠬᠤᠭᠤᠴᠠᠭᠠᠨ ᠤ ᠮᠢᠬᠠᠨ ᠤ ᠦᠬᠡᠷ ᠤᠨ ᠡᠭᠦᠯᠳᠡᠷ ᠰᠠᠶᠢᠵᠢᠷᠠᠭᠤᠯᠤᠭᠰᠠᠨ | ᠦᠷ᠎ᠡ ᠪᠦᠲᠦᠭᠡᠯ ᠢ ᠠᠳᠠᠯᠢᠳᠬᠠᠨ ᠰᠢᠯᠭᠠᠷᠠᠭᠤᠯᠬᠤ ᠦᠵᠡᠭᠦᠯᠦᠯᠭᠡ ᠵᠢᠴᠢ ᠲᠠᠯ᠎ᠠ ᠨᠤᠲᠤᠭ ᠤᠨ ᠨᠠᠭᠠᠳᠤᠮ ᠤᠨ ᠶᠡᠭᠡ | ᠬᠤᠷᠠᠯ ᠤᠨ ᠦᠷ᠎ᠡ ᠪᠦᠲᠦᠮᠵᠢ ᠮᠠᠰᠢ ᠰᠠᠶᠢᠨ ᠪᠠᠶᠢᠵᠤ᠂ ᠮᠠᠯ ᠠᠵᠤ ᠠᠬᠤᠢ ᠶᠢᠨ ᠡᠭᠦᠯᠳᠡᠷ ᠰᠠᠶᠢᠵᠢᠷᠠᠭᠤᠯᠬᠤ ᠪᠠ ᠰᠢᠨᠡᠳᠬᠡᠨ | ᠰᠣᠯᠢᠬᠤ ᠠᠯᠬᠤᠴᠠ ᠢᠯᠡᠳᠲᠡ ᠲᠦᠷᠭᠡᠳᠪᠡ᠃ ᠤᠯᠤᠰ ᠤᠨ ᠳᠡᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ | ᠦᠢᠯᠡᠰ ᠤᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠭᠢᠭᠤᠯᠵᠦ᠂ ᠮᠠᠯ | ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠬᠦᠷᠢᠶᠡᠯᠡᠩ ᠲᠣᠭᠤᠷᠢᠭ᠂ ᠣᠲᠣ ᠦᠶ᠎ᠡ ᠶᠢᠨ ᠮᠢᠬᠠᠨ | ᠤ ᠦᠬᠡᠷ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠬᠡᠪᠴᠢᠶᠡᠵᠢᠭᠦᠯᠦᠭᠰᠡᠨ ᠲᠡᠵᠢᠭᠡᠨ | ᠦᠷᠡᠵᠢᠭᠦᠯᠬᠦ ᠬᠦᠷᠢᠶᠡᠯᠡᠩ ᠲᠣᠭᠤᠷᠢᠭ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠲᠥᠷᠥᠯ ᠵᠦᠢᠯ ᠢ ᠪᠠᠶᠢᠭᠤᠯᠤᠨ | ᠠᠰᠢᠭᠯᠠᠯᠲᠠ ᠳᠤ ᠣᠷᠣᠭᠤᠯᠵᠤ᠂ ᠬᠥᠮᠥᠨ ᠪᠠ ᠮᠠᠯ ᠲᠡᠵᠢᠭᠡᠪᠦᠷᠢ ᠶᠢᠨ ᠠᠮᠢᠲᠦᠷᠠᠯ ᠤᠨ ᠤᠷᠴᠢᠨ ᠢ ᠰᠠᠯᠭᠠᠵᠤ ᠲᠡᠵᠢᠭᠡᠨ | ᠦᠷᠡᠵᠢᠭᠦᠯᠬᠦ ᠵᠢᠱᠢᠶ᠎ᠡ ᠦᠵᠡᠭᠦᠯᠬᠦ ᠲᠣᠭᠤᠷᠢᠭ᠂ ᠬᠤᠷᠰᠢᠭᠰᠠᠨ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ᠂ ︽ | ᠲᠤᠭᠤᠯ ᠨᠠᠶᠢᠳᠠᠨ ᠠᠷᠠᠴᠢᠯᠠᠭᠤᠯᠬᠤ ᠭᠠᠵᠠᠷ︾ ᠵᠡᠷᠭᠡ ᠠᠯᠢ ᠣᠯᠠᠨ ᠬᠥᠭᠵᠢᠯᠲᠡ ᠶᠢᠨ ᠰᠢᠨ᠎ᠡ ᠵᠠᠭᠪᠤᠷ ᠢᠯᠡᠳᠲᠡ ᠦᠷ᠎ᠡ | ᠪᠦᠲᠦᠮᠵᠢ ᠣᠯᠵᠤ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠵᠢᠯ ᠤᠨ ᠡᠳ᠋ᠰᠢᠭᠦᠯᠬᠦ ᠴᠢᠳᠠᠪᠤᠷᠢ ᠶᠢ 1. | 5 ᠲᠦᠮᠡᠨ ᠲᠣᠨ ᠰᠢᠨ᠎ᠡ ᠪᠠᠷ ᠨᠡᠮᠡᠭᠳᠡᠭᠦᠯᠪᠡ᠃ ᠮᠠᠯ ᠠᠵᠤ ᠠᠬᠤᠢ ᠲᠠᠷᠢᠶᠠᠯᠠᠩ ᠤᠨ ᠬᠡᠷᠡᠭᠴᠡᠭᠡ ᠱᠠᠭᠠᠷᠳᠠᠯᠭ᠎ᠠ ᠶᠢᠨ | ᠲᠠᠯ᠎ᠠ ᠪᠠᠷ ᠬᠠᠩᠭᠠᠯᠭ᠎ᠠ ᠶᠢᠨ ᠲᠠᠯ᠎ᠠ ᠶᠢᠨ ᠰᠢᠰᠲ᠋ᠧᠮ ᠢ ᠡᠳᠦᠷ ᠢᠷᠡᠬᠦᠶ᠎ᠡ ᠪᠣᠯᠪᠠᠰᠤᠷᠠᠩᠭᠤᠢ ᠪᠣᠯᠭᠠᠵᠤ᠂ ᠮᠧᠢ ᠰᠢᠤᠸᠠᠨ | ᠪᠦᠯᠦᠭᠯᠡᠯ ᠢᠶᠠᠷ ᠭᠤᠣᠯ ᠪᠣᠯᠭᠠᠭᠰᠠᠨ ᠰᠦᠯᠵᠢᠶᠡᠨ ᠤᠲᠤᠨ ᠢᠶᠠᠷ ᠲᠦᠷᠢ ᠲᠦᠷᠬᠦ ᠶᠢᠨ ᠲᠦᠯᠦᠭᠡᠯᠡᠭᠴᠢ ᠪᠤᠯᠭᠠᠭᠰᠠᠨ ᠠᠵᠤ | ᠠᠬᠤᠢ ᠶᠢᠨ ᠲᠠᠷᠢᠶᠠᠯᠠᠩ ᠲᠠᠢ ᠬᠤᠯᠪᠤᠭᠠᠯᠠᠨ ᠲᠠᠷᠢᠶᠠᠯᠠᠩ ᠢ ᠳᠠᠶᠢᠴᠢᠯᠠᠵᠤ ᠲᠠᠷᠢᠶᠠᠯᠠᠩ ᠢ ᠲᠤᠰᠠᠯᠠᠬᠤ ᠦᠢᠯᠡᠳᠦᠯ ᠡᠳᠦᠷ | ᠢᠷᠡᠬᠦᠶ᠎ᠡ ᠲᠣᠪᠣᠶᠢᠮ᠎ᠠ ᠪᠣᠯᠵᠤ᠂ ︽ᠤᠯᠠᠭᠠᠨᠬᠠᠳᠠ ᠶᠢᠨ ᠤᠬᠢ ᠰᠢᠮ᠎ᠡ · ᠮᠦᠷᠡᠨ ᠵᠢᠭᠤᠯᠴᠢᠯᠠᠯ ᠤᠨ ᠪᠡᠯᠡᠭ︾ 94 | ᠵᠦᠢᠯ ᠤᠨ ᠦᠢᠯᠡᠳᠬᠦᠨ ᠪᠣᠷᠤᠯᠠᠭᠤᠯᠭ᠎ᠠ ᠰᠠᠶᠢᠲᠠᠢ ᠪᠣᠯᠵᠤ᠂ ᠵᠢᠯ ᠤᠨ ᠪᠣᠷᠤᠯᠠᠭᠤᠯᠭ᠎ᠠ ᠶᠢᠨ ᠬᠡᠮᠵᠢᠶ᠎ᠡ 7 ᠳ᠋ᠦᠩᠰᠢᠭᠤᠷ | ᠲᠥᠭᠦᠷᠢᠭ ᠲᠤ ᠬᠦᠷᠴᠦ᠂ ᠪᠥᠬᠦ ᠬᠤᠰᠢᠭᠤᠨ ᠤ ᠮᠠᠯ ᠠᠵᠤ ᠠᠬᠤᠢ ᠲᠠᠷᠢᠶᠠᠯᠠᠩ ᠢ ᠲᠣᠭᠲᠠᠭᠤᠨ ᠢᠶᠠᠷ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠪᠥᠬᠦ ᠠᠵᠤ ᠦᠢᠯᠡᠰ ᠤᠨ ᠬᠡᠯᠬᠢᠶᠡᠵᠢᠯ ᠤᠨ ᠬᠥᠭᠵᠢᠯᠲᠡ ᠶᠢᠨ ᠲᠦᠷᠭᠡᠨ | ᠵᠠᠮ ᠳᠤ ᠣᠷᠣᠭᠤᠯᠬᠤ ᠶᠢ ᠠᠬᠢᠭᠤᠯᠪᠠ᠃ 2022 ᠣᠨ ᠤ ᠪᠥᠬᠦ ᠤᠯᠤᠰ ᠤᠨ ᠰᠡᠯᠡᠭᠦᠴᠡᠯ ᠤᠨ ᠲᠠᠷᠢᠶᠠᠯᠠᠩ ᠤᠨ | ᠭᠤᠣᠯᠳᠠᠯᠭ᠎ᠠ ᠲᠠᠢ ᠰᠢᠶᠠᠨ ᠤ ᠡᠩᠨᠡᠭᠡᠨ ᠳᠤ ᠠᠮᠵᠢᠯᠲᠠᠲᠠᠢ ᠣᠷᠣᠪᠠ᠃ | — — ᠤᠳᠤ ᠦᠶ᠎ᠡ ᠶᠢᠨ ᠠᠵᠤ ᠦᠢᠯᠡᠳᠪᠦᠷᠢ ᠶᠢᠨ ᠶᠠᠰᠤ ᠴᠢᠨᠠᠷ ᠦᠷ᠎ᠡ ᠠᠰᠢᠭ ᠰᠢᠨ᠎ᠡ ᠰᠢᠪᠲᠤᠯᠤᠯᠲᠠ ᠲᠠᠢ | ᠪᠣᠯᠪᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠭᠤᠣᠯᠯᠠᠬᠤ ᠪᠠᠶᠢᠷᠢ ᠰᠠᠭᠤᠷᠢ ᠶᠢ ᠲᠣᠪᠤᠶᠢᠯᠭᠠᠨ᠂ ᠬᠦᠴᠢᠷᠳᠡᠯ ᠲᠠᠢ | ᠠᠰᠠᠭᠤᠳᠠᠯ ᠢ ᠰᠢᠢᠳᠪᠦᠷᠢᠯᠡᠬᠦ ᠶᠢ ᠲᠤᠰᠬᠠᠢ ᠠᠩᠭᠢ ᠪᠠᠷ ᠲᠦᠯᠬᠢᠨ ᠠᠬᠢᠭᠤᠯᠵᠤ᠂ ᠬᠡᠪᠴᠢᠶᠡᠵᠢᠯ ᠠᠴᠠ ᠳᠡᠭᠡᠭᠰᠢᠬᠢ 31 | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠲᠠᠭᠤᠨ ᠦᠢᠯᠡᠳᠪᠦᠷᠢᠯᠡᠯ ᠢ ᠪᠡᠶᠡᠯᠡᠭᠦᠯᠵᠦ᠂ 13 ᠭᠤᠣᠯᠳᠠᠯᠭ᠎ᠠ ᠲᠠᠢ | ᠠᠵᠤ ᠦᠢᠯᠡᠳᠪᠦᠷᠢ ᠶᠢᠨ ᠵᠦᠢᠯᠡᠰ ᠤᠨ ᠪᠦᠲᠦᠭᠡᠨ ᠪᠠᠶᠢᠭᠤᠯᠤᠯᠲᠠ ᠶᠢ ᠲᠣᠭᠲᠠᠭᠤᠨ ᠢᠶᠠᠷ ᠬᠡᠷᠡᠭᠵᠢᠭᠦᠯᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ 3 ᠰᠢᠨ᠎ᠡ ᠪᠠᠷ ᠨᠡᠮᠡᠭᠳᠡᠭᠦᠯᠵᠦ᠂ ᠠᠵᠤ ᠠᠬᠤᠢ ᠶᠢᠨ ᠨᠡᠮᠡᠭᠳᠡᠯ ᠤᠨ | ᠴᠡᠭ ᠢ 5 ᠰᠢᠨ᠎ᠡ ᠪᠠᠷ ᠨᠡᠮᠡᠭᠳᠡᠭᠦᠯᠪᠡ᠃ ᠠᠭᠤᠷᠬᠠᠢ ᠶᠢᠨ ᠠᠵᠤ ᠦᠢᠯᠡᠰ ᠢ ᠰᠠᠶᠢᠲᠦᠷ ᠨᠦᠭᠡᠴᠡᠯᠡᠵᠦ ᠠᠷᠪᠢᠴᠢ ᠪᠠᠷ ᠬᠡᠷᠡᠭᠯᠡᠬᠦ | ᠶᠢ ᠠᠬᠢᠭᠤᠯᠵᠦ᠂ ᠿᠦᠩ ᠪᠠᠩ᠂ ᠭᠤᠸᠠᠩ ᠳ᠋ᠠ᠂ ᠶᠢᠨ ᠳ᠋ᠦ᠋ ᠠᠭᠤᠷᠬᠠᠢ ᠶᠢᠨ ᠦᠢᠯᠡᠰ ᠤᠨ ᠮᠡᠷᠭᠡᠵᠢᠯ ᠢ ᠥᠭᠡᠷᠡᠴᠢᠯᠡᠨ ᠳᠡᠰ | ᠳᠡᠪᠰᠢᠭᠦᠯᠬᠦ ᠲᠥᠷᠥᠯ ᠵᠦᠢᠯ ᠢ ᠪᠠᠶᠢᠭᠤᠯᠤᠨ ᠦᠷ᠎ᠡ ᠪᠦᠲᠦᠮᠵᠢ ᠣᠯᠵᠤ᠂ ᠰᠢᠨ ᠢᠦᠢ᠂ ᠳ᠋ᠧ ᠹᠠ᠂ ᠴᠦ ᠶᠤᠸᠠᠨ | ᠠᠭᠤᠷᠬᠠᠢ ᠶᠢᠨ ᠦᠢᠯᠡᠰ ᠢ ᠰᠡᠷᠭᠦᠭᠡᠨ ᠳᠠᠬᠢᠨ ᠵᠣᠬᠢᠶᠠᠨ ᠪᠠᠶᠢᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠸᠧᠨ ᠦ᠋᠂ | ᠬᠤᠤ ᠤᠪᠤᠭᠲᠤ ᠠᠭᠤᠷᠬᠠᠢ ᠶᠢᠨ ᠦᠢᠯᠡᠰ ᠤᠨ ᠮᠠᠯᠲᠠᠵᠦ ᠰᠤᠩᠭᠤᠬᠤ ᠦᠢᠯᠡᠳᠪᠦᠷᠢᠯᠡᠯ ᠤᠷᠤᠭᠰᠢᠲᠠᠢ ᠪᠠᠷ ᠬᠠᠮᠲᠤᠷᠠᠨ | ᠠᠵᠢᠯᠯᠠᠵᠤ᠂ ᠤᠯᠢᠶᠠᠰᠦᠲᠠᠢ ᠶᠢᠨ ᠯᠢᠲ᠋ᠢ ᠴᠠᠭᠠᠨ ᠲᠤᠭᠤᠯᠭ᠎ᠠ ᠪᠣᠯᠣᠨ ᠶᠢᠨ ᠳ᠋ᠦ᠋ ᠶᠢᠨ ︽ᠵᠤᠸᠠᠨ ᠰᠢᠨ ᠬᠤ᠋︾ ᠶᠢᠨ ᠴᠠᠭᠠᠨ | ᠲᠤᠭᠤᠯᠭ᠎ᠠ ᠵᠡᠰ ᠢᠶᠠᠷ ᠭᠤᠤᠯᠯᠠᠭᠰᠠᠨ ᠲᠡᠮᠦᠷᠯᠢᠭ ᠤᠨ ᠠᠭᠤᠷᠬᠠᠢ ᠶᠢᠨ ᠬᠠᠶᠢᠨ ᠰᠢᠨᠵᠢᠯᠡᠬᠦ ᠠᠴᠠ ᠮᠠᠯᠲᠠᠬᠤ ᠠᠬᠢᠴᠠ ᠶᠢ | ᠲᠦᠷᠭᠡᠳᠬᠡᠵᠦ᠂ ᠬᠤᠩᠭᠤ ᠶᠢᠨ ᠳᠠᠪᠠᠭ᠎ᠠ ᠶᠢᠨ ᠠᠭᠤᠷᠬᠠᠢ ᠶᠢᠨ ᠦᠨ᠎ᠡ ᠬᠠᠩᠰᠢ ᠶᠢᠨ ᠡᠷᠬᠡ ᠶᠢᠨ ᠦᠯᠡᠳᠡᠭᠳᠡᠯ ᠠᠰᠠᠭᠤᠳᠠᠯ ᠢ | ᠠᠩᠬ᠎ᠠ ᠠᠯᠬᠤᠮ ᠰᠢᠢᠳᠪᠦᠷᠢᠯᠡᠵᠦ᠂ ᠬᠢᠩᠭᠠᠨ ᠤ ᠮᠦᠩᠭᠦ ᠬᠠᠷ᠎ᠠ ᠲᠤᠭᠤᠯᠭ᠎ᠠ ᠪᠣᠯᠪᠠᠰᠤᠷᠠᠭᠤᠯᠬᠤ ᠤᠶᠢᠯᠡᠳᠪᠦᠷᠢ ᠶᠢᠨ ᠳᠠᠭᠢᠨ | ᠠᠰᠢᠭᠯᠠᠵᠦ ᠪᠤᠯᠬᠤ ᠤᠰᠤ ᠶᠢ ᠡᠭᠡᠭᠦᠯᠦᠨ ᠬᠡᠷᠡᠭᠯᠡᠬᠦ᠂ ᠵᠥᠩ ᠶᠢ ᠶᠢᠨ ᠳᠡᠳ᠋ ᠴᠠᠶᠢᠷ ᠤᠨ ᠢᠰᠦᠯ ᠢ ᠶᠡᠷᠦᠩᠬᠡᠶᠢᠯᠡᠨ | ᠬᠤᠷᠢᠶᠠᠨ ᠠᠪᠴᠤ ᠠᠰᠢᠭᠯᠠᠬᠤ ᠲᠥᠷᠥᠯ ᠵᠦᠢᠯ ᠤᠨ ᠠᠬᠢᠴᠠ ᠵᠢᠱᠢᠭᠰᠡᠨ ᠬᠠᠷᠠᠯᠳᠠ ᠪᠠᠨ ᠪᠡᠶᠡᠯᠡᠭᠦᠯᠵᠦ᠂ ᠨᠡᠶᠢᠲᠡ 200 | ᠳ᠋ᠦᠩᠰᠢᠭᠤᠷ ᠲᠥᠭᠦᠷᠢᠭ ᠤᠷᠴᠢᠮ ᠤᠨ ᠪᠡᠯᠡ ᠣᠷᠣᠭᠤᠯᠤᠯᠲᠠ ᠲᠠᠢ ᠯᠢᠲ᠋ᠢ ᠶᠢᠨ ᠴᠠᠬᠢᠯᠭᠠᠨ ᠤ ︽ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ︾ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠨᠢ ᠠᠮᠵᠢᠯᠲᠠ ᠲᠠᠢ ᠪᠠᠷ | ᠭᠡᠷ᠎ᠡ ᠲᠣᠭᠲᠠᠪᠠ᠃ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠦᠷᠨᠢᠨ ᠭᠦᠭᠵᠢᠵᠦ᠂ ᠰᠢᠩ ᠯᠦᠩ ᠤᠨ 20 | ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ᠂ ᡁᠢ ᠿᠦᠢ ᠶᠢᠨ 120 ᠲᠦᠮᠡᠨ ᠺᠢᠯᠣᠸᠠᠲ ᠤᠨ ᠤᠰᠤ | ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠵᠡᠷᠭᠡ ᠵᠦᠢᠯᠡᠰ ᠢ ᠡᠮᠬᠢ ᠵᠢᠷᠤᠮ ᠲᠠᠢ ᠪᠠᠷ ᠬᠡᠷᠡᠭᠵᠢᠭᠦᠯᠵᠦ᠂ ᠬᠤᠯᠠᠨ | ᠰᠢᠷᠭ᠎ᠠ ᠳᠠᠭ᠎ᠠ ᠶᠢᠨ 10 ᠲᠦᠮᠡᠨ ᠺᠢᠯᠣᠸᠠᠲ ᠤᠨ ᠭᠡᠷᠡᠯ ᠸᠣᠯᠲ ᠤᠨ ᠬᠤᠶᠠᠳᠤᠭᠠᠷ ᠬᠤᠭᠤᠴᠠᠭᠠᠨ ᠤ ᠲᠦᠷᠦᠯ ᠵᠤᠶᠢᠯ ᠢ | ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠭᠤᠸᠠᠩ ᠰᠢᠩ ᠶᠤᠸᠠᠨ ᠤ 100 ᠲᠦᠮᠡᠨ ᠺᠢᠯᠣᠸᠠᠲ ᠤᠨ ᠤᠰᠤ | ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢᠨ ᠲᠦᠷᠦᠯ ᠵᠤᠶᠢᠯ ᠢ ᠤᠯᠤᠰ ᠤᠨ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠦᠪᠵᠢᠭᠦᠯᠭᠡ ᠳᠤ ᠠᠩᠬ᠎ᠠ ᠠᠯᠬᠤᠮ ᠲᠤᠭᠢᠷᠠᠭᠤᠯᠤᠨ ᠣᠷᠣᠭᠤᠯᠪᠠ᠃ ᠬᠢᠮᠢ ᠶᠢᠨ ᠠᠵᠤ ᠦᠢᠯᠡᠳᠪᠦᠷᠢ ᠳᠠᠭᠢᠨ | ᠰᠡᠷᠭᠦᠵᠦ᠂ ᠳ᠋ᠠ ᠲᠠᠩ ᠤᠨ ᠨᠡᠭᠦᠷᠡᠰᠦ ᠶᠢ ᠭᠡᠶᠢᠵᠢᠭᠦᠯᠬᠦ ᠤᠶᠢᠯᠡᠰ ᠨᠢ ᠲᠡᠦᠬᠡᠲᠦ ᠴᠢᠨᠠᠷᠲᠠᠢ ᠪᠠᠷ ᠠᠯᠳᠠᠭᠳᠠᠯ ᠲᠠᠢ | ᠪᠠᠶᠢᠭᠰᠠᠨ ᠠᠴᠠ ᠪᠠᠨ ᠣᠯᠵᠠᠪᠤᠷᠢ ᠲᠠᠢ ᠪᠣᠯᠵᠤ᠂ Ⅱ ᠰᠢᠷᠢᠰ ᠤᠨ ᠠᠵᠢᠯ ᠢ ᠰᠡᠷᠭᠦᠭᠡᠵᠦ᠂ ᠡᠳᠦᠷ ᠲᠤ 70 ᠲᠦᠮᠡᠨ | ᠪᠣᠰᠤᠭ᠎ᠠ ᠳᠥᠷᠪᠡᠯᠵᠢᠨ ᠮᠧᠲᠷ ᠤᠨ LNG ᠲᠦᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠵᠤ᠂ ᠰᠢᠨ ᠰᠢᠩ | ᠨᠡᠭᠦᠷᠡᠰᠦᠨ ᠠᠭᠤᠷᠬᠠᠢ ᠶᠢ ᠠᠮᠵᠢᠯᠲᠠ ᠲᠠᠢ ᠰᠡᠷᠭᠦᠭᠡᠪᠡ᠃ ᠣᠶᠤᠨᠲᠤ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠪᠥᠬᠦ ᠲᠠᠯ᠎ᠠ ᠪᠠᠷ ᠡᠬᠢᠯᠡᠭᠦᠯᠵᠦ᠂ ᠬᠦᠷᠢᠶᠡᠯᠡᠩ ᠲᠣᠭᠤᠷᠢᠭ ᠤᠨ ᠳᠤᠯᠠᠭᠠᠯᠠᠭ᠎ᠠ᠂ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ ᠵᠡᠷᠭᠡ ᠰᠠᠭᠤᠷᠢ | ᠲᠦᠭᠦᠭᠡᠷᠦᠮᠵᠢ ᠶᠢᠨ ᠲᠥᠷᠥᠯ ᠵᠦᠢᠯ ᠢ ᠪᠦᠬᠦᠨ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠵᠢᠯ ᠤᠨ | ᠳᠣᠲᠣᠷ᠎ᠠ 2.2 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠵᠦ᠂ ᠥᠩᠭᠡᠷᠡᠭᠰᠡᠨ ᠵᠢᠯ ᠤᠳ ᠤᠨ ᠰᠢᠨ᠎ᠡ ᠲᠡᠮᠳᠡᠭᠯᠡᠯ ᠢ | ᠡᠭᠦᠳᠪᠡ᠃ | — — ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠭᠦᠭᠵᠢᠭᠦᠯᠬᠦ ᠠᠵᠢᠯ | ᠰᠢᠨ᠎ᠡ ᠠᠯᠬᠤᠮ ᠳᠠᠪᠰᠢᠪᠠ᠃ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠥᠯᠥᠭᠡ ᠶᠢ | ᠴᠢᠷᠮᠠᠶᠢᠨ ᠠᠷᠢᠯᠭᠠᠵᠤ᠂ ᠡᠵᠡᠩᠨᠡᠯᠳᠡ ᠪᠠᠨ ᠵᠤᠭᠰᠤᠭᠠᠭᠰᠠᠨ ᠴᠦ ᠠᠵᠢᠯ ᠢᠶᠠᠨ ᠵᠣᠭᠰᠤᠭᠠᠬᠤ ᠦᠭᠡᠢ ᠪᠠᠶᠢᠬᠤ ᠶᠢ | ᠪᠠᠷᠢᠮᠲᠠᠯᠠᠵᠤ᠂ ᠤᠯᠠᠭᠠᠨᠪᠦᠲᠦᠩ᠂ ᠬᠤᠩᠭᠤ ᠶᠢᠨ ᠳᠠᠪᠠᠭ᠎ᠠ᠂ ᠠᠰᠬᠠᠲᠤ ᠶᠢᠨ ᠴᠢᠯᠠᠭᠤᠨ ᠤᠢ ᠵᠡᠷᠭᠡ ᠦᠵᠡᠮᠵᠢ ᠶᠢᠨ | ᠣᠷᠣᠨ ᠤ ᠲᠥᠯᠦᠪᠵᠢᠭᠦᠯᠭᠡ ᠶᠢ ᠡᠮᠬᠢᠯᠡᠨ ᠨᠡᠶᠢᠯᠡᠭᠦᠯᠬᠦ᠂ ᠰᠠᠶᠢᠵᠢᠷᠠᠭᠤᠯᠤᠨ ᠲᠡᠭᠦᠯᠳᠡᠷᠵᠢᠭᠦᠯᠬᠦ ᠠᠵᠢᠯ ᠢ ᠡᠮᠬᠢ | ᠵᠢᠷᠤᠮ ᠲᠠᠢ ᠪᠠᠷ ᠥᠷᠨᠢᠭᠦᠯᠵᠦ᠂ ᠨᠢᠴᠦᠭᠦᠨ ᠲᠤᠷᠪᠢᠯ ᠠᠭᠤᠯᠠ᠂ ᠤᠯᠠᠭᠠᠨᠪᠦᠲᠦᠩ ᠤᠨ ᠭᠦᠩᠵᠦ ᠨᠠᠭᠤᠷ ᠤᠨ ᠲᠠᠯ᠎ᠠ | ᠨᠤᠲᠤᠭ ᠤᠨ ᠠᠮᠠᠷᠠᠯᠲᠠ ᠶᠢᠨ ᠣᠷᠣᠨ᠂ ᠪᠠᠭᠠᠲᠠᠯ᠎ᠠ ᠠᠷᠠᠳ ᠤᠨ ᠪᠠᠭᠤᠳᠠᠯ ᠵᠡᠷᠭᠡ ᠵᠢᠭᠤᠯᠴᠢᠯᠠᠯ ᠤᠨ ᠨᠡᠭᠡᠭᠡᠨ ᠬᠥᠭᠵᠢᠭᠦᠯᠬᠦ | ᠲᠦᠷᠦᠯ ᠵᠤᠶᠢᠯ ᠢ ᠲᠣᠭᠲᠠᠭᠤᠨ ᠢᠶᠠᠷ ᠬᠡᠷᠡᠭᠵᠢᠭᠦᠯᠵᠦ᠂ ᠰᠢᠷᠠᠮᠦ᠋ᠷᠡᠨ ᠤ ᠶᠡᠭᠡ ᠬᠠᠪᠴᠢᠯ ᠤᠨ ᠦᠵᠡᠮᠵᠢ ᠶᠢᠨ ᠣᠷᠣᠨ ᠤ | ᠪᠦᠬᠦᠯᠢ ᠴᠣᠭᠴᠠ ᠶᠢᠨ ᠨᠡᠭᠡᠭᠡᠨ ᠬᠥᠭᠵᠢᠭᠦᠯᠬᠦ ᠲᠦᠷᠦᠯ ᠵᠤᠶᠢᠯ ᠨᠢ ᠠᠮᠵᠢᠯᠲᠠ ᠲᠠᠢ ᠪᠠᠷ ᠭᠡᠷ᠎ᠡ ᠲᠣᠭᠲᠠᠵᠤ᠂ ᠭᠠᠵᠠᠷ ᠣᠷᠣᠨ | ᠠᠵᠤ ᠠᠬᠤᠶᠢᠯᠠᠯ ᠬᠠᠮᠲᠤᠷᠠᠨ ᠠᠵᠢᠯᠯᠠᠵᠤ ᠬᠠᠮᠲᠤ ᠪᠠᠷ ᠪᠠᠶᠢᠭᠤᠯᠬᠤ ᠰᠢᠨ᠎ᠡ ᠵᠠᠭᠪᠤᠷ ᠢ ᠡᠭᠦᠳᠪᠡ᠃ ᠳᠠᠯᠠᠢ ᠨᠠᠭᠤᠷ ᠤᠨ | ᠡᠪᠦᠯ ᠤᠯᠠᠷᠢᠯ ᠤᠨ ᠵᠢᠭᠠᠰᠦ ᠠᠩᠨᠠᠬᠤ ᠵᠢᠴᠢ ᠮᠥᠰᠥ ᠴᠠᠰᠤᠨ ᠤ ᠰᠣᠶᠣᠯ ᠤᠨ ᠨᠠᠶᠢᠷ ᠦᠪᠡᠳᠡᠭᠰᠢ ᠶᠡᠭᠡ ᠪᠠᠷ ᠡᠬᠢᠯᠡᠵᠦ᠂ | ᠲᠥᠪ ᠲᠧᠯᠸᠢᠰ ᠤᠨ ︽ᠴᠠᠭᠠᠨ ᠰᠠᠷ᠎ᠠ ᠪᠠᠨ ᠪᠡᠯᠭᠡᠯᠡᠬᠦ︾ ᠠᠵᠢᠯᠯᠠᠭ᠎ᠠ ᠬᠡᠰᠢᠭᠲᠡᠨ ᠬᠤᠰᠢᠭᠤᠨ ᠳᠤ ᠶᠠᠪᠤᠭᠳᠠᠵᠤ᠂ ᠠᠷᠪᠠᠨ | ᠶᠡᠭᠡ ᠮᠥᠰᠥ ᠴᠠᠰᠤᠨ ᠤ ᠵᠢᠭᠤᠯᠴᠢᠯᠠᠯ ᠤᠨ ᠨᠡᠷᠡᠲᠦ ᠳᠡᠮᠳᠡᠭᠲᠦ ᠠᠵᠢᠯᠯᠠᠭ᠎ᠠ ᠵᠠᠯᠭᠠᠪᠡᠷ ᠶᠠᠪᠤᠭᠳᠠᠵᠤ᠂ ᠵᠢᠭᠤᠯᠴᠢᠯᠠᠯ ᠤᠨ | ᠵᠠᠬ᠎ᠠ ᠳᠡᠯᠭᠡᠭᠦᠷ ᠦᠷᠭᠦᠯᠵᠢᠯᠡᠨ ᠰᠠᠶᠢᠵᠢᠷᠠᠪᠠ᠃ ᠡᠯᠧᠺᠲᠷᠣᠨ ᠬᠤᠳᠠᠯᠳᠤᠭ᠎ᠠ ᠶᠢᠨ ᠪᠣᠳᠠᠲᠤ ᠴᠣᠭᠴᠠ ᠶᠢᠨ ᠠᠵᠤ ᠠᠬᠤᠢ ᠶᠢ | ᠠᠭᠤᠰᠤᠯᠴᠠᠭᠤᠯᠤᠨ ᠬᠥᠭᠵᠢᠭᠦᠯᠵᠦ᠂ ︽020 ᠠᠷᠠᠳ ᠲᠤ ᠠᠰᠢᠭ ᠬᠦᠷᠲᠡᠭᠡᠬᠦ ᠬᠤᠳᠠᠯᠳᠤᠭᠠᠨ ᠤ ᠪᠤᠳᠠᠲᠦ ᠴᠤᠭᠴᠠ ᠶᠢᠨ | ᠳᠡᠯᠭᠡᠭᠦᠷ︾ ᠡᠵᠡᠩᠨᠡᠯᠲᠡ ᠬᠢᠵᠦ᠂ 124 ᠭᠠᠴᠠᠭ᠎ᠠ ᠲᠣᠰᠬᠤᠨ ᠤ ᠬᠤᠪᠢᠶᠠᠷᠢ ᠳᠡᠯᠭᠡᠭᠦᠷ ᠡᠮᠬᠢ ᠵᠢᠷᠤᠮ ᠲᠠᠢ ᠪᠠᠷ | ᠨᠡᠭᠡᠭᠡᠭᠳᠡᠵᠦ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠰᠦᠯᠵᠢᠶᠡᠨ ᠳᠤ ᠭᠠᠷᠭᠠᠵᠦ᠂ ᠬᠥᠩᠭᠡᠨ ᠠᠵᠤ | ᠦᠢᠯᠡᠳᠪᠦᠷᠢ ᠶᠢᠨ ᠪᠦᠲᠦᠭᠡᠭᠳᠡᠬᠦᠨ ᠢ ᠭᠦᠳᠡᠭᠡ ᠲᠤᠰᠬᠤᠨ ᠳᠤ ᠪᠤᠷᠤᠯᠠᠭᠤᠯᠬᠤ ᠵᠠᠮ ᠢ ᠪᠥᠬᠦ ᠲᠠᠯ᠎ᠠ ᠪᠠᠷ ᠨᠡᠭᠡᠭᠡᠵᠦ᠂ ︽ | ᠬᠡᠰᠢᠭᠲᠡᠨ ᠤ ᠰᠦᠨᠢ ᠶᠢᠨ ᠵᠠᠬ᠎ᠠ︾ ᠨᠢ ᠪᠠᠯᠭᠠᠰᠤ ᠶᠢᠨ ᠲᠣᠭᠤᠷᠢᠭ ᠤᠨ ᠵᠢᠭᠤᠯᠴᠢᠯᠠᠯ ᠤᠨ ᠰᠥᠨᠢ ᠶᠢᠨ ᠠᠵᠤ ᠠᠬᠤᠢ ᠶᠢ | ᠬᠥᠭᠵᠢᠭᠡᠵᠦ᠂ ᠪᠥᠬᠦ ᠬᠤᠲᠠ ᠶᠢᠨ ᠨᠡᠶᠢᠭᠡᠮ ᠤᠨ ᠭᠡᠷᠡᠭᠯᠡᠭᠡᠨ ᠤ ᠵᠤᠶᠢᠯ ᠢ ᠵᠢᠵᠢᠭᠯᠡᠨ ᠪᠤᠷᠤᠯᠠᠭᠤᠯᠬᠤ ᠠᠵᠢᠯ ᠤᠨ | ᠲᠤᠬᠠᠢ ᠶᠢᠨ ᠲᠠᠯᠠᠪᠤᠷ ᠤᠨ ᠰᠣᠯᠢᠯᠴᠠᠭᠠᠨ ᠤ ᠴᠤᠭᠯᠠᠭᠠᠨ ᠢ ᠠᠮᠵᠢᠯᠲᠠᠲᠠᠢ ᠳᠠᠭᠠᠭᠠᠨ ᠡᠷᠭᠢᠯᠡᠵᠦ᠂ ᠨᠡᠶᠢᠭᠡᠮ ᠤᠨ ᠭᠡᠷᠡᠭᠯᠡᠭᠡᠨ | ᠤ ᠵᠤᠶᠢᠯ ᠢ ᠵᠢᠵᠢᠭᠯᠡᠨ ᠪᠤᠷᠤᠯᠠᠭᠤᠯᠬᠤ ᠨᠡᠮᠡᠭᠳᠡᠯ ᠤᠨ ᠬᠤᠷᠳᠤᠴᠠ ᠶᠢᠨ ᠨᠡᠷᠡᠰ ᠤᠨ ᠵᠢᠭᠰᠠᠭᠠᠯᠲᠠ ᠶᠢᠨ ᠠᠷᠤ ᠳᠤ ᠣᠷᠣᠭᠰᠠᠨ | ᠰᠠᠨᠠᠭᠠᠴᠢᠯᠠᠭᠠᠲᠤ ᠪᠤᠰᠤ ᠪᠠᠶᠢᠳᠠᠯ ᠢ ᠲᠤᠶᠢᠯᠪᠤᠷᠢᠲᠠᠢ ᠬᠤᠪᠢᠷᠠᠭᠤᠯᠪᠠ᠃ ᠬᠢᠩᠭᠠᠨ ᠤ ᠮᠦᠩᠭᠦ ᠬᠠᠷ᠎ᠠ ᠲᠤᠭᠤᠯᠭ᠎ᠠ | ᠪᠣᠯᠪᠠᠰᠤᠷᠠᠭᠤᠯᠬᠤ ᠺᠣᠮᠫᠠᠨᠢ ᠶᠢᠨ ᠮᠦᠩᠭᠦ ᠪᠤᠯᠪᠠᠰᠦᠷᠠᠭᠤᠯᠬᠤ ᠠᠷᠠᠯᠵᠢᠶ᠎ᠠ ᠨᠢ ᠤᠷᠢᠳ ᠡᠮᠦᠨᠡᠬᠢ ᠬᠤᠭᠤᠰᠦᠨ ᠪᠠᠶᠢᠭᠰᠠᠨ | ᠳᠡᠮᠳᠡᠭᠯᠡᠯ ᠢ ᠠᠮᠵᠢᠯᠲᠠ ᠲᠠᠢ ᠰᠢᠨᠡᠳᠭᠡᠪᠡ᠃ | ᠨᠢᠭᠡ ᠵᠢᠯ ᠤᠨ ᠲᠤᠷᠰᠢ᠂ ᠪᠢᠳᠡ ᠬᠤᠷᠢᠭ᠎ᠠ ᠱᠤᠭᠤᠮ ᠢ ᠪᠠᠲᠤ ᠰᠠᠬᠢᠵᠤ᠂ ᠠᠮᠢ ᠠᠬᠤᠢ ᠶᠢᠨ ᠣᠷᠴᠢᠨ ᠲᠣᠭᠤᠷᠢᠨ | ᠢᠯᠡᠳᠲᠡ ᠰᠠᠶᠢᠵᠢᠷᠠᠪᠠ᠃ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠨᠡᠶᠢᠲᠡᠯᠢᠭ | ᠬᠡᠷᠡᠭ ᠤᠨ ᠵᠢᠱᠢᠶ᠎ᠡ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠥᠨᠳᠥᠷ ᠪᠠᠶᠢᠷᠢᠨ ᠳᠤ | ᠲᠠᠯᠪᠢᠵᠤ᠂ ᠴᠢᠩᠭ᠎ᠠ ᠬᠠᠲᠠᠭᠤ ᠠᠷᠭ᠎ᠠ ᠪᠠᠷᠢᠯ᠂ ᠬᠠᠲᠠᠭᠤ ᠠᠷᠭ᠎ᠠ ᠬᠡᠮᠵᠢᠶ᠎ᠡ ᠪᠠᠷ 1.2 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ ᠱᠠᠲᠤ ᠦᠶ᠎ᠡ ᠶᠢᠨ ᠴᠢᠨᠠᠷᠲᠠᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠤᠷᠢᠳᠴᠢᠯᠠᠨ ᠪᠡᠶᠡᠯᠡᠭᠦᠯᠵᠦ᠂ | ᠳᠡᠤᠬᠡᠨ ᠥᠷᠢ ᠰᠢᠷᠢ ᠶᠢ ᠴᠡᠪᠡᠷᠯᠡᠵᠦ᠂ ᠪᠠᠶᠢᠭᠠᠯᠢ ᠶᠢᠨ ᠡᠶ᠎ᠡ ᠵᠣᠬᠢᠴᠠᠯ ᠢ ᠰᠡᠷᠭᠦᠭᠡᠪᠡ᠃ ᠠᠭᠤᠯᠠ ᠤᠰᠤ ᠣᠶ ᠰᠢᠭᠤᠢ | ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢᠨ ᠰᠢᠰᠲ᠋ᠧᠮᠲᠦ ᠢᠨᠵᠧᠨᠧᠷᠢᠩ ᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠰᠢᠨ᠎ᠡ ᠪᠠᠷ ᠨᠡᠮᠡᠭᠳᠡᠭᠰᠡᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠠᠯᠠᠪᠠᠶ 9.97 | ᠲᠦᠮᠡᠨ ᠮᠦ ᠳᠤ ᠬᠦᠷᠪᠡ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ ᠤᠢ ᠰᠢᠭᠤᠢ ᠨᠤᠲᠤᠭ | ᠪᠡᠯᠴᠢᠭᠡᠷ ᠤᠨ ᠳᠠᠷᠤᠭ᠎ᠠ ᠶᠢᠨ ᠳᠦᠷᠢᠮ ᠢ ᠭᠦᠨᠵᠡᠭᠡᠢ ᠬᠡᠷᠡᠭᠵᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ︽ | ᠳᠦᠷᠪᠡᠨ ᠵᠠᠮᠪᠠᠷᠠᠭ᠎ᠠ ᠦᠬᠡᠢ ᠶᠢ ᠴᠡᠪᠡᠷᠯᠡᠬᠦ︾᠂ ᠤᠢ ᠰᠢᠭᠤᠢ ᠨᠤᠲᠤᠭ ᠪᠡᠯᠴᠢᠭᠡᠷ ᠢ ᠳᠤᠰᠬᠠᠢ ᠴᠡᠭᠴᠡᠯᠡᠨ ᠵᠠᠰᠠᠬᠤ | ᠠᠵᠢᠯᠯᠠᠭ᠎ᠠ ᠰᠠᠶᠢᠨ ᠦᠷ᠎ᠡ ᠪᠦᠲᠦᠮᠵᠢ ᠣᠯᠵᠤ᠂ ᡁᠢ ᠿᠦᠢ ᠶᠢᠨ ᠬᠦᠷᠮᠡᠨ ᠴᠢᠯᠠᠭᠤᠯᠢᠭ ᠤᠨ ᠨᠡᠭᠡᠭᠡᠯᠳᠡ ᠶᠢᠨ | ᠦᠯᠡᠳᠡᠭᠳᠡᠵᠦ ᠢᠷᠡᠭᠰᠡᠨ ᠠᠰᠠᠭᠤᠳᠠᠯ ᠢ ᠪᠦᠲᠦᠮᠵᠢᠲᠡᠶ ᠪᠠᠷ ᠴᠡᠭᠴᠡᠯᠡᠨ ᠵᠠᠰᠠᠵᠤ᠂ ᠡᠯ᠎ᠡ ᠵᠦᠢᠯ ᠤᠨ ᠬᠠᠤᠯᠢ ᠠᠴᠠ | ᠵᠥᠷᠢᠴᠡᠭᠰᠡᠨ ᠠᠭᠤᠷᠬᠠᠢ ᠶᠢᠨ ᠤᠷᠤᠨ ᠢ 5185 ᠬᠤᠪᠢ ᠴᠡᠭᠴᠡᠯᠡᠨ ᠥᠭᠡᠷᠡᠴᠢᠯᠡᠵᠦ ᠬᠠᠰᠤᠭᠰᠠᠨ ᠪᠠᠶᠢᠨ᠎ᠠ᠃ | ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠶᠢᠷᠡᠭᠦᠯᠦᠨ ᠠᠬᠢᠭᠤᠯᠵᠤ᠂ | ᠤᠯᠤᠰ ᠤᠨ ᠭᠠᠵᠠᠷ ᠤᠨ ᠭᠠᠳᠠᠷᠭᠤ ᠶᠢᠨ ᠤᠰᠦᠨ ᠤ ᠬᠢᠨᠠᠨ ᠰᠢᠯᠭᠠᠯᠲᠠ ᠶᠢᠨ ᠣᠭᠲᠣᠯᠣᠭᠠᠰᠤ ᠶᠢᠨ ᠪᠠᠷᠢᠮᠵᠢᠶ᠎ᠠ ᠳᠤ | ᠬᠦᠷᠦᠭᠰᠡᠨ ᠨᠣᠷᠮ᠎ᠠ ᠶᠢ 80% ᠳᠤ ᠬᠦᠷᠭᠡᠵᠦ᠂ ᠰᠢᠯᠢᠳᠡᠭ ᠰᠠᠶᠢᠨ ᠴᠠᠭ ᠠᠭᠤᠷ ᠤᠨ ᠬᠠᠷᠢᠴᠠᠯ ᠢ 95% ᠠᠴᠠ | ᠳᠡᠭᠡᠭᠰᠢ ᠳᠤ ᠬᠦᠷᠭᠡᠪᠡ᠃ ︽ᠭᠤᠷᠪᠠᠨ ᠣᠷᠣᠨ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠬᠤ ᠠᠵᠢᠯ ᠢ ᠪᠥᠬᠦ | ᠲᠠᠯ᠎ᠠ ᠪᠠᠷ ᠪᠡᠶᠡᠯᠡᠭᠦᠯᠵᠦ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠦᠷᠭᠦᠯᠵᠢᠯᠡᠨ | ᠰᠢᠯᠢᠳᠡᠭᠵᠢᠭᠦᠯᠵᠦ᠂ ᠬᠠᠮᠠᠭᠠᠯᠠᠵᠤ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ ᠨᠠᠩ ᠲᠣᠳᠣᠷᠬᠠᠢ ᠪᠣᠯᠭᠠᠪᠠ᠃ ᠳᠠᠯᠠᠢ | ᠨᠠᠭᠤᠷ ᠤᠨ ᠰᠠᠪᠠ ᠭᠠᠵᠠᠷ ᠤᠨ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠪᠠᠶᠢᠴᠠᠭᠠᠯᠲᠠ ᠵᠢᠴᠢ ᠰᠠᠭᠤᠷᠢ | ᠬᠡᠮᠵᠢᠭᠳᠡᠯ ᠢ ᠪᠠᠶᠢᠭᠤᠯᠬᠤ ᠰᠤᠳᠤᠯᠭᠠᠨ ᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ᠃ ᠤᠯᠤᠰ ᠤᠨ ᠭᠤᠣᠯᠳᠠᠯᠭ᠎ᠠ ᠲᠠᠢ ᠠᠮᠢ | ᠠᠬᠤᠢ ᠶᠢᠨ ᠴᠢᠳᠠᠮᠵᠢᠲᠤ ᠣᠷᠣᠨ ᠤ ᠰᠢᠶᠠᠨ ᠤ ᠬᠡᠪᠴᠢᠶᠡᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ | ᠰᠢᠯᠭᠠᠨ ᠬᠢᠨᠠᠵᠤ ᠦᠨᠡᠯᠡᠨ ᠲᠣᠭᠲᠠᠭᠠᠬᠤ ᠲᠠᠰ ᠢ ᠦᠷᠭᠦᠯᠵᠢᠯᠡᠨ ᠳᠡᠭᠡᠭᠰᠢᠯᠡᠭᠦᠯᠵᠦ᠂ ᠲᠥᠪ ᠵᠢᠴᠢ ᠥᠪᠡᠷᠲᠡᠭᠡᠨ ᠵᠠᠰᠠᠬᠤ | ᠣᠷᠣᠨ ᠤ ᠰᠢᠯᠵᠢᠭᠦᠯᠦᠨ ᠥᠭᠬᠦ ᠪᠡᠯᠡ ᠮᠥᠩᠭᠦ ᠶᠢ 1.6 ᠳ᠋ᠦᠩᠰᠢᠭᠤᠷ ᠲᠥᠭᠦᠷᠢᠭ ᠪᠣᠯᠲᠠᠯ᠎ᠠ ᠨᠡᠮᠡᠭᠳᠡᠭᠦᠯᠪᠡ᠃ | ᠨᠢᠭᠡ ᠵᠢᠯ ᠤᠨ ᠲᠤᠷᠰᠢ᠂ ᠪᠢᠳᠡ ᠬᠥᠳᠡᠭᠡ ᠲᠣᠰᠬᠤᠨ ᠳᠤ ᠭᠦᠨᠵᠡᠭᠡᠶᠢᠷᠡᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠤᠯᠠᠨ ᠦᠷ᠎ᠡ ᠪᠦᠲᠦᠮᠵᠢ ᠭᠠᠷᠭᠠᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ | ᠵᠣᠯᠭᠠᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ᠂ ᠤᠨᠤᠪᠴᠢᠲᠠᠢ ᠪᠠᠷ ᠬᠠᠪᠰᠤᠷᠤᠨ | ᠲᠡᠳᠬᠦᠬᠦ ᠵᠡᠷᠭᠡ ᠡᠯ᠎ᠡ ᠵᠦᠢᠯ ᠤᠨ ᠠᠵᠢᠯ ᠢᠯᠡᠳᠲᠡ ᠦᠷ᠎ᠡ ᠪᠦᠲᠦᠮᠵᠢ ᠣᠯᠵᠤ᠂ ᠵᠠᠰᠠᠭ ᠤᠨ ᠣᠷᠳᠣᠨ ᠤ ᠶᠠᠳᠠᠭᠤᠷᠠᠬᠤ ᠶᠢ | ᠰᠡᠷᠭᠡᠶᠢᠯᠡᠬᠦ ᠠᠪᠤᠷᠠᠨ ᠲᠤᠰᠠᠯᠠᠬᠤ ᠳᠠᠭᠠᠳᠬᠠᠯ ᠵᠡᠷᠭᠡ ᠪᠦᠲᠦᠮᠵᠢᠲᠡᠢ ᠠᠷᠭ᠎ᠠ ᠬᠡᠮᠵᠢᠶ᠎ᠡ ᠨᠢ ᠭᠡᠨᠡᠳᠲᠡ ᠶᠢᠨ ᠬᠦᠴᠢᠷᠳᠡᠯ ᠲᠠᠢ | ᠤᠯᠠᠨ ᠲᠦᠮᠡᠨ ᠤ ᠠᠮᠢᠳᠤᠷᠠᠯ ᠤᠨ ᠪᠠᠲᠤᠯᠠᠭ᠎ᠠ ᠶᠢᠨ ᠠᠰᠠᠭᠤᠳᠠᠯ ᠢ ᠦᠨᠡᠨᠬᠦ ᠰᠢᠢᠳᠪᠦᠷᠢᠯᠡᠪᠡ᠃ ᠵᠢᠵᠢᠭ ᠤᠯᠠᠭᠠᠨ ᠠᠯᠮᠤᠷᠠᠳ | ᠂ ᠨᠤᠲᠤᠭ ᠤᠨ ᠡᠭᠦᠯᠳᠡᠷ ᠤᠨ ᠲᠠᠬᠢᠶ᠎ᠠ᠂ ᠭᠠᠭ᠋ᠠᠢ ᠵᠡᠷᠭᠡ ᠬᠠᠰᠢᠶᠠᠨ ᠤ ᠪᠦᠲᠦᠭᠡᠭᠳᠡᠬᠦᠨ ᠢ ᠪᠤᠷᠤᠯᠠᠭᠤᠯᠤᠨ ᠠᠰᠢᠭ ᠤᠯᠵᠦ᠂ | ︽ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠤᠳᠠᠯᠳᠤᠨ ᠠᠪᠬᠤ ᠦᠨ᠎ᠡ ᠬᠠᠩᠰᠢ ᠶᠢᠨ ᠰᠠᠭᠤᠷᠢ ᠶᠢ | ᠪᠠᠲᠤᠯᠠᠬᠤ︾ ᠵᠠᠭᠪᠤᠷ ᠢᠶᠠᠷ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠪᠠ᠃ 2.64 ᠳ᠋ᠦᠩᠰᠢᠭᠤᠷ | ᠲᠥᠭᠦᠷᠢᠭ ᠤᠨ ᠡᠯ᠎ᠡ ᠲᠥᠷᠥᠯ ᠤᠨ ᠪᠡᠯᠡ ᠮᠥᠩᠭᠦ ᠣᠷᠣᠭᠤᠯᠵᠤ᠂ ︽ᠲᠠᠪᠤᠨ ᠶᠡᠭᠡ ᠲᠤᠭᠲᠠᠯᠴᠠᠭ᠎ᠠ︾ ᠶᠢᠨ 39 ᠲᠥᠷᠥᠯ | ᠵᠦᠢᠯ ᠢ ᠪᠦᠬᠦᠨ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠥᠪᠡᠷᠲᠡᠭᠡᠨ ᠵᠠᠰᠠᠬᠤ ᠣᠷᠣᠨ ᠤ | ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ 4 ᠲᠣᠰᠬᠤᠨ ᠢ ᠠᠮᠵᠢᠯᠲᠠ ᠲᠠᠢ | ᠡᠭᠦᠳᠦᠨ ᠪᠠᠶᠢᠭᠤᠯᠵᠤ᠂ ᠤᠯᠠᠭᠠᠨᠬᠠᠳᠠ ᠬᠤᠲᠠ ᠶᠢᠨ ᠠᠩᠬᠠᠳᠤᠭᠠᠷ ᠬᠤᠭᠤᠴᠠᠭᠠᠨ ᠤ ᠬᠥᠳᠡᠭᠡ ᠲᠣᠰᠬᠤᠨ ᠤ | ᠵᠢᠭᠤᠯᠴᠢᠯᠠᠯ ᠤᠨ ᠰᠣᠶᠣᠯ ᠤᠨ ᠨᠠᠶᠢᠷ ᠢ ᠳᠠᠭᠠᠭᠠᠨ ᠭᠦᠢᠴᠡᠳᠬᠡᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ︽ᠵᠣᠷᠯᠣᠩ ᠤᠨ ᠦᠭᠡᠷᠡᠴᠢᠯᠡᠯᠳᠡ︾ ᠶᠢ | ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ ᠤ ᠬᠤᠭ ᠨᠣᠪᠰᠢ ᠶᠢ ᠨᠡᠶᠢᠳᠡ 8 ᠲᠦᠮᠡ ᠭᠠᠷᠤᠢ ᠲᠣᠨ ᠴᠡᠪᠡᠷᠯᠡᠨ | ᠵᠥᠭᠡᠭᠡᠪᠦᠷᠢᠯᠡᠵᠦ᠂ 5800 ᠡᠷᠦᠬᠡ ᠮᠠᠯᠴᠢᠨ ᠲᠠᠷᠢᠶᠠᠴᠢᠨ ᠰᠠᠶᠢᠨ ᠳᠤᠷ᠎ᠠ ᠠᠴᠠ ᠪᠠᠨ ᠡᠷᠡᠮᠡᠯᠵᠡᠵᠦ᠂ ᠵᠣᠷᠯᠣᠩ ᠢᠶᠠᠨ | ᠦᠭᠡᠷᠡᠴᠢᠯᠡᠭᠦᠯᠪᠡ᠃ ᠲᠣᠰᠬᠤᠨ ᠤ ᠳᠦᠷᠢᠮ ᠠᠷᠠᠳ ᠤᠨ ᠭᠡᠷ᠎ᠡ᠂ ᠲᠣᠰᠬᠤᠨ ᠤ ᠠᠷᠠᠳ ᠤᠨ ᠵᠥᠪᠯᠡᠯ᠂ ᠣᠳᠣᠨ ᠳᠡᠰ ᠤᠨ | ᠪᠣᠯᠪᠠᠰᠤᠨ ᠡᠷᠦᠬᠡ ᠶᠢ ᠠᠳᠠᠯᠢᠳᠬᠠᠨ ᠰᠢᠯᠭᠠᠷᠠᠭᠤᠯᠬᠤ ᠵᠡᠷᠭᠡ ᠥᠪᠡᠷᠲᠡᠭᠡᠨ ᠵᠠᠰᠠᠬᠤ ᠦᠢᠯᠡᠳᠦᠯ ᠨᠢ ᠮᠡᠳᠡᠭᠳᠡᠮ᠎ᠡ ᠪᠠᠶᠢᠵᠤ᠂ | ᠲᠣᠰᠬᠤᠨ ᠤ ᠪᠤᠯᠪᠠᠰᠦᠨ ᠬᠡᠪ ᠰᠤᠷᠲᠠᠯ ᠢ ᠪᠤᠢ ᠪᠣᠯᠤᠭᠰᠠᠨ ᠪᠠᠶᠢᠨ᠎ᠠ᠃ | ᠨᠢᠭᠡ ᠵᠢᠯ ᠤᠨ ᠲᠤᠷᠰᠢ᠂ ᠪᠢᠳᠡ ᠴᠢᠳᠠᠮᠵᠢ ᠪᠠᠨ ᠲᠡᠭᠦᠯᠳᠡᠷᠵᠢᠭᠦᠯᠦᠭᠰᠡᠨ ᠠᠴᠠ ᠬᠤᠳᠠ ᠬᠥᠳᠡᠭᠡ ᠶᠢᠨ ᠳᠦᠷᠰᠦ | ᠪᠠᠶᠢᠳᠠᠯ ᠶᠡᠭᠡ ᠪᠠᠷ ᠰᠠᠶᠢᠵᠢᠷᠠᠪᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠪᠠ ᠠᠭᠤᠯᠠ | ᠂ ᠭᠤᠣᠯ ᠵᠡᠷᠭᠡ 4 ᠠᠮᠢ ᠠᠬᠤᠢ ᠶᠢᠨ ᠴᠡᠴᠡᠷᠯᠢᠭ ᠤᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢ ᠨᠠᠶᠢᠷᠠᠭᠤᠯᠤᠨ | ᠵᠣᠬᠢᠶᠠᠵᠤ ᠳᠠᠭᠤᠰᠬᠠᠭᠠᠳ᠂ ᠬᠤᠲᠠ ᠶᠢᠨ ᠪᠠᠶᠢᠴᠠᠭᠠᠯᠲᠠ ᠶᠢᠨ ᠦᠨᠡᠯᠡᠨ ᠵᠢᠱᠢᠯᠲᠡ ᠶᠢ ᠡᠮᠬᠢ ᠵᠢᠷᠤᠮ ᠲᠠᠢ ᠥᠷᠨᠢᠭᠦᠯᠪᠡ᠃ | ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠬᠠᠨᠳᠤᠭᠤᠯᠤᠨ᠂ ᠬᠦᠴᠢᠷ ᠢ ᠲᠤᠭᠤᠯᠤᠨ ᠪᠡᠷᠬᠡ ᠶᠢ ᠳᠠᠪᠠᠵᠦ᠂ ᠭᠡᠮ ᠰᠤᠭᠤᠭ | ᠢ ᠠᠷᠢᠯᠭᠠᠵᠤ᠂ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠬᠦᠴᠢᠷᠳᠡᠯ ᠪᠠ ᠬᠠᠷᠰᠢ ᠰᠠᠭᠠᠳ ᠢ ᠠᠷᠢᠯᠭᠠᠵᠦ᠂ ᠪᠢᠷᠠᠭᠤ | ᠵᠢᠷᠭᠤᠳᠤᠭᠠᠷ ᠵᠡᠭᠡᠯᠢ ᠶᠢᠨ ︽ᠮᠤᠬᠤᠷ ᠵᠠᠮ︾ ᠪᠠ ᠪᠢᠷᠠᠭᠤ ᠶᠢᠰᠦᠳᠦᠭᠡᠷ ᠵᠡᠭᠡᠯᠢ᠂ ᠪᠢᠷᠠᠭᠤ ᠠᠷᠪᠠᠨ ᠨᠢᠭᠡᠳᠦᠭᠡᠷ ᠵᠡᠭᠡᠯᠢ ᠶᠢ | ᠪᠦᠬᠦᠨ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ 16 ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ 4 | ᠪᠤᠶᠢᠳᠠ ᠵᠢᠵᠢᠭ ᠭᠤᠳᠤᠮᠵᠢ ᠶᠢ ᠥᠭᠡᠷᠡᠴᠢᠯᠡᠨ ᠪᠠᠶᠢᠭᠤᠯᠵᠤ᠂ 2 ᠵᠢᠵᠢᠭ ᠴᠡᠴᠡᠷᠯᠢᠭ᠂ 16 ᠤᠰᠤ ᠪᠠᠷ ᠤᠬᠢᠶᠠᠬᠤ | ᠵᠣᠷᠯᠣᠩ ᠢ ᠰᠢᠨ᠎ᠡ ᠪᠠᠷ ᠪᠠᠶᠢᠭᠤᠯᠵᠤ᠂ ᠪᠢᠷᠠᠭᠤ ᠭᠠᠯᠳᠠᠰᠦᠲᠠᠢ ᠷᠠᠰᠢᠶᠠᠨ ᠢ ᠬᠤᠳᠠ ᠶᠢᠨ ᠭᠡᠷᠡᠯᠲᠦᠭᠦᠯᠭᠡ ᠪᠠᠷ ᠬᠤᠯᠪᠤᠬᠤ | ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ ᠯᠢ ᠾᠧ ᠢᠯᠴᠢ ᠶᠢᠨ ᠴᠠᠬᠢᠯᠭᠠᠨ ᠢ ᠰᠡᠷᠭᠦᠭᠡᠬᠦ ᠠᠵᠢᠯ ᠢ ᠪᠦᠬᠦ ᠲᠠᠯ᠎ᠠ ᠪᠠᠷ | ᠡᠬᠢᠯᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ ︽ᠨᠡᠭᠦᠷᠡᠰᠦ︾ ᠶᠢᠨ ᠬᠡᠷᠡᠭᠯᠡᠭᠡᠨ ᠤ ᠪᠠᠴᠢᠮ ᠪᠠᠶᠢᠳᠠᠯ ᠢ ᠰᠢᠢᠳᠪᠦᠷᠢᠯᠡᠵᠦ᠂ | ᠬᠤᠲᠠ ᠬᠥᠳᠡᠭᠡ ᠶᠢᠨ ᠲᠥᠪᠯᠡᠷᠡᠭᠦᠯᠦᠨ ᠢᠯᠴᠢ ᠬᠠᠩᠭᠠᠬᠤ ᠬᠦᠴᠢᠷ ᠠᠰᠠᠭᠤᠳᠠᠯ ᠢ ᠠᠯᠬᠤᠮ ᠠᠯᠬᠤᠮ ᠢᠶᠠᠷ | ᠰᠢᠢᠳᠪᠦᠷᠢᠯᠡᠪᠡ᠃ ᠬᠤᠲᠠ ᠶᠢᠨ ᠨᠣᠭᠤᠭᠠᠷᠠᠭᠤᠯᠬᠤ᠂ ᠭᠤᠶᠣᠵᠢᠭᠤᠯᠬᠤ᠂ ᠭᠡᠷᠡᠯᠲᠦᠭᠦᠯᠬᠦ᠂ ᠴᠡᠪᠡᠷᠰᠢᠭᠦᠯᠬᠦ ᠠᠵᠢᠯ ᠢ | ᠪᠠᠶᠢᠩᠭᠤᠵᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ | ᠠᠵᠢᠯ ᠢ ᠵᠡᠷᠭᠡ ᠳᠤᠨᠢ ᠪᠡᠶᠡᠯᠡᠭᠦᠯᠪᠡ᠃ ᠠᠷᠠᠳ ᠤᠨ ᠠᠮᠢᠳᠤᠷᠠᠯ ᠤᠨ ᠵᠠᠮ᠂ ᠠᠵᠤ ᠦᠢᠯᠡᠰ ᠤᠨ ᠵᠠᠮ᠂ ᠬᠥᠭᠵᠢᠯᠲᠡ ᠶᠢᠨ | ᠵᠠᠮ ᠤᠨ ᠪᠣᠰᠤᠭ᠎ᠠ ᠴᠣᠭᠴᠠᠲᠤ ᠪᠣᠭᠤᠮᠲᠠ ᠰᠢᠪᠲᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠪᠢᠷᠠᠭᠤ ᠠᠴᠠ | ᠤᠯᠠᠭᠠᠨᠪᠤᠲᠤᠩ ᠬᠦᠷᠬᠦ ᠦᠨᠲᠦᠷ ᠬᠤᠷᠲᠤᠴᠠᠲᠦ ᠵᠠᠰᠠᠮᠠᠯ ᠵᠠᠮ᠂ ᠭᠦᠨᠴᠦᠭᠡᠨ ᠠᠴᠠ ᠪᠢᠷᠠᠭᠤ ᠬᠦᠷᠬᠦ ᠦᠨᠲᠦᠷ ᠬᠤᠷᠲᠤᠴᠠᠲᠦ | ᠵᠠᠰᠠᠮᠠᠯ ᠵᠠᠮ ᠢ ᠦᠨᠳᠦᠰᠦᠨ ᠳᠡᠭᠡᠨ ᠪᠠᠶᠢᠭᠤᠯᠤᠨ ᠳᠠᠭᠤᠰᠬᠠᠵᠤ᠂ 220 ᠮᠤᠵᠢ ᠶᠢᠨ ᠵᠠᠮ ᠤᠨ ᠬᠠᠨᠲᠤᠬᠤ ᠠᠴᠠ | ᠤᠯᠠᠭᠠᠨᠪᠤᠲᠤᠩ ᠬᠦᠷᠬᠦ ᠬᠡᠰᠡᠭ ᠤᠨ ᠵᠠᠰᠠᠮᠠᠯ ᠵᠠᠮ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ | 41.8 ᠺᠢᠯᠣᠮᠧᠲᠷ ᠲᠣᠰᠬᠤᠨ ᠪᠠ ᠳᠤᠭᠤᠶᠢᠯᠠᠩ ᠳᠤ ᠨᠡᠪᠲᠡᠷᠡᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ | ᠪᠡᠶᠡᠯᠡᠭᠦᠯᠪᠡ᠃ ᠤᠯᠠᠭᠠᠨᠪᠦᠲᠦᠩ᠂ ᠠᠰᠬᠠᠲᠤ ᠶᠢᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠪᠣᠯᠣᠨ ᠵᠢᠨᠢᠩ ᠠᠴᠠ | ᠲᠦᠩᠯᠢᠶᠤᠤ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ ᠥᠭᠡᠷᠡᠴᠢᠯᠡᠯᠲᠡ ᠶᠢᠨ ᠳᠦᠷᠦᠯ ᠵᠦᠢᠯ ᠢ ᠯᠠᠪᠳᠠᠭᠤᠨ | ᠪᠠᠲᠤᠲᠠᠢ ᠠᠬᠢᠭᠤᠯᠵᠤ᠂ ᠡᠨᠧᠷᠭᠢ᠂ ᠴᠠᠬᠢᠯᠭᠠᠨ ᠬᠦᠴᠦ᠂ ᠴᠢᠮᠡᠭᠡ ᠬᠤᠯᠪᠣᠭ᠎ᠠ ᠵᠡᠷᠭᠡ ᠰᠠᠭᠤᠷᠢ ᠲᠥᠬᠦᠭᠡᠷᠦᠮᠵᠢ ᠡᠳᠦᠷ | ᠢᠷᠡᠬᠦᠶ᠎ᠡ ᠲᠡᠭᠦᠯᠳᠡᠷᠵᠢᠪᠡ᠃ | ᠨᠢᠭᠡ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠨᠡᠭᠡᠭᠡᠯᠲᠡ᠂ ᠬᠥᠭᠵᠢᠯᠲᠡ ᠶᠢᠨ ᠬᠦᠳᠡᠯᠭᠡᠬᠦ ᠬᠦᠴᠦᠨ ᠢ | ᠲᠠᠰᠤᠷᠠᠯᠲᠠ ᠦᠭᠡᠢ ᠲᠦᠪᠯᠡᠷᠡᠭᠦᠯᠪᠡ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ | ᠵᠢᠯ ᠤᠨ ᠠᠵᠢᠯᠯᠠᠭ᠎ᠠ ᠶᠢᠨ ᠦᠷ᠎ᠡ ᠪᠦᠲᠦᠭᠡᠯ ᠲᠣᠪᠣᠶᠢᠮ᠎ᠠ ᠪᠠᠶᠢᠵᠤ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ | ᠲᠠᠪᠴᠠᠩ ᠤᠨ ᠪᠡᠯᠡ ᠲᠣᠬᠢᠷᠠᠭᠤᠯᠬᠤ ᠴᠢᠳᠠᠪᠤᠷᠢ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ 3.0 ᠭᠡᠪ ᠤᠨ | ᠲᠠᠨᠢᠵᠤ ᠠᠪᠬᠤ ᠵᠦᠢᠯᠡᠰ ᠢ ᠪᠦᠬᠦᠨ ᠢ ᠭᠦᠢᠴᠡᠳᠬᠡᠵᠦ ᠳᠠᠭᠤᠰᠬᠠᠨ᠂ ᠬᠤᠰᠢᠭᠤᠨ ᠤ ᠲᠣᠰ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠡᠷᠡᠭ ᠭᠦᠢᠴᠡᠳᠬᠡᠬᠦ ᠴᠠᠭ ᠤᠨ ᠬᠢᠵᠠᠭᠠᠷ ᠢ 67% ᠪᠠᠷ ᠪᠠᠭᠠᠰᠬᠠᠪᠠ᠃ ︽ | ᠲᠠᠪᠤᠨ ᠶᠡᠭᠡ ᠲᠠᠯ᠎ᠠ ᠠᠴᠠ ᠡᠬᠢᠯᠡᠬᠦ︾ ᠠᠵᠢᠯᠯᠠᠭ᠎ᠠ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠲᠤᠰᠬᠠᠢ ᠠᠩᠭᠢ ᠪᠠᠷ | ᠠᠬᠢᠭᠤᠯᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠡᠯ᠎ᠡ ᠲᠦᠷᠦᠯ ᠤᠨ ᠠᠰᠠᠭᠤᠳᠠᠯ ᠠᠴᠠ ᠡᠬᠢᠯᠡᠨ ᠳᠠᠩᠰᠠ ᠪᠠᠶᠢᠭᠤᠯᠵᠤ | ᠂ ᠲᠣᠭᠲᠠᠭᠰᠠᠨ ᠬᠤᠭᠤᠴᠠᠭᠠᠨ ᠳᠤ ᠰᠢᠢᠳᠪᠦᠷᠢᠯᠡᠪᠡ᠃ ︽ᠡᠭᠦᠷᠭᠡ ᠶᠢᠨ ᠳᠠᠭᠠᠭᠠᠴᠢᠯᠠᠯᠲᠠ︾ ᠨᠢ ︽ᠲᠥᠷᠥᠯ ᠵᠦᠢᠯ ᠤᠨ | ᠳᠠᠭᠠᠭᠠᠴᠢᠯᠠᠯᠲᠠ︾ ᠶᠢ ᠠᠬᠢᠭᠤᠯᠬᠤ ᠠᠵᠢᠯ ᠤᠨ ᠲᠣᠭᠲᠠᠴᠠ ᠶᠢ ᠥᠨᠳᠥᠷ ᠪᠦᠲᠦᠮᠵᠢᠲᠡᠶ ᠪᠠᠷ ᠠᠵᠢᠯᠯᠠᠭᠤᠯᠵᠦ᠂ ᠵᠢᠯ ᠤᠨ | ᠡᠬᠢᠨ ᠳᠤ ᠲᠥᠯᠥᠪᠵᠢᠭᠦᠯᠦᠭᠰᠡᠨ ᠬᠤᠲᠠ ᠬᠤᠰᠢᠭᠤ ᠬᠤᠶᠠᠷ ᠱᠠᠲᠤᠨ ᠤ ᠭᠤᠣᠯᠳᠠᠯᠭ᠎ᠠ ᠲᠠᠢ 100 ᠲᠥᠷᠥᠯ ᠵᠦᠢᠯ ᠢ | ᠨᠠᠶᠢᠳᠠᠪᠤᠷᠢᠵᠢᠭᠤᠯᠤᠨ ᠠᠵᠢᠯ ᠡᠬᠢᠯᠡᠭᠦᠯᠦᠭᠰᠡᠨ ᠨᠣᠷᠮ᠎ᠠ ᠨᠢ 85% ᠠᠴᠠ ᠳᠡᠭᠡᠭᠰᠢ ᠳᠤ ᠬᠥᠷᠪᠡ᠃ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠬᠠᠷᠠᠯᠲᠠᠲᠤ ᠡᠭᠦᠷᠭᠡ᠂ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ᠂ ᠬᠢᠨᠠᠨ ᠰᠢᠯᠭᠠᠯᠳᠠ | ᠶᠢ ᠬᠤᠯᠪᠣᠭᠳᠠᠭᠤᠯᠬᠤ ᠲᠣᠭᠲᠠᠴᠠ ᠶᠢ ᠳᠠᠭᠠᠵᠤ ᠪᠣᠳᠠᠲᠠᠶᠢᠵᠢᠭᠤᠯᠤᠨ᠂ ᠪᠥᠬᠦ ᠬᠤᠰᠢᠭᠤ ᠪᠠᠷ ᠢᠶᠠᠨ ᠡᠬᠢ ᠪᠠᠶᠠᠯᠢᠭ ᠢᠶᠠᠷ | ᠠᠷᠠᠯᠵᠢᠶᠠᠴᠢᠨ ᠤᠷᠢᠬᠤ᠂ ᠦᠨᠡᠴᠢ ᠰᠡᠳᠬᠢᠯᠭᠡ ᠪᠠᠷ ᠠᠷᠠᠯᠵᠢᠶᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ | ᠠᠷᠠᠯᠵᠢᠶᠠᠴᠢᠨ ᠤᠷᠢᠬᠤ ᠬᠠᠯᠠᠭᠤᠨ ᠥᠷᠨᠢᠯᠲᠡ ᠶᠢ ᠪᠥᠬᠦ ᠲᠠᠯ᠎ᠠ ᠪᠠᠷ ᠦᠷᠨᠢᠭᠦᠯᠵᠦ᠂ 69 ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠲᠥᠷᠥᠯ ᠵᠦᠢᠯ ᠢ ᠠᠮᠵᠢᠯᠲᠠ ᠲᠠᠢ ᠨᠠᠶᠢᠳᠠᠪᠤᠷᠢᠵᠢᠭᠤᠯᠵᠤ᠂ 53.42 ᠳ᠋ᠦᠩᠰᠢᠭᠤᠷ ᠲᠥᠭᠦᠷᠢᠭ ᠤᠨ ᠪᠡᠯᠡ | ᠮᠥᠩᠭᠦ ᠶᠢ ᠨᠠᠶᠢᠳᠠᠪᠤᠷᠢᠵᠢᠭᠤᠯᠵᠦ᠂ ᠡᠭᠦᠨ ᠳᠤ ︽ᠭᠠᠵᠠᠷ ᠣᠷᠣᠨ ᠠᠯᠤᠰᠯᠠᠭᠰᠠᠨ ᠠᠵᠤ ᠠᠬᠤᠢ︾ ᠶᠢᠨ ᠲᠥᠷᠥᠯ ᠵᠦᠢᠯ | ᠦᠬᠡᠢ ᠪᠠᠶᠢᠭᠰᠠᠨ ᠠᠴᠠ 5 ᠪᠤᠯᠭᠠᠪᠠ᠃ | ᠨᠢᠭᠡ ᠵᠢᠯ ᠤᠨ ᠲᠤᠷᠰᠢ᠂ ᠪᠢᠳᠡ ᠠᠷᠠᠳ ᠤᠨ ᠠᠮᠢᠳᠤᠷᠠᠯ ᠳᠤ ᠬᠦᠴᠦ ᠪᠠᠨ ᠡᠷᠭᠦᠵᠦ᠂ ᠨᠡᠶᠢᠭᠡᠮ ᠤᠨ ᠦᠢᠯᠡᠰ | ᠥᠷᠨᠢᠩᠭᠦᠢ ᠪᠠᠷ ᠬᠥᠭᠵᠢᠪᠡ᠃ ᠠᠷᠠᠳ ᠤᠨ ᠠᠮᠢᠳᠤᠷᠠᠯ ᠤᠨ ᠵᠠᠷᠤᠯᠭ᠎ᠠ 24.2 ᠳ᠋ᠦᠩᠰᠢᠭᠤᠷ ᠲᠥᠭᠦᠷᠢᠭ ᠲᠤ ᠬᠦᠷᠴᠦ᠂ | ᠡᠳ᠋ ᠤᠨ ᠵᠠᠰᠠᠭ ᠤᠨ ᠵᠠᠷᠤᠯᠭ᠎ᠠ ᠶᠢᠨ 75.6% ᠶᠢ ᠡᠵᠡᠯᠡᠪᠡ᠃ ᠬᠤᠲᠠ ᠪᠠᠯᠭᠠᠰᠤᠨ ᠤ 994 ᠬᠥᠮᠥᠨ ᠳᠤ ᠰᠢᠨ᠎ᠡ ᠪᠠᠷ | ᠠᠵᠢᠯ ᠣᠯᠭᠤᠵᠤ᠂ ᠮᠠᠯᠴᠢᠨ ᠲᠠᠷᠢᠶᠠᠴᠢᠨ ᠢ 3.8 ᠲᠦᠮᠡᠨ ᠬᠥᠮᠥᠨ ᠤᠳᠠᠭ᠎ᠠ ᠰᠢᠯᠵᠢᠭᠦᠯᠦᠨ ᠠᠵᠢᠯ ᠣᠯᠭᠤᠪᠠ᠃ | ᠠᠷᠠᠳ ᠤᠨ ᠶᠠᠪᠤᠳᠠᠯ ᠤᠨ ᠨᠡᠶᠢᠭᠡᠮ ᠤᠨ ᠠᠪᠤᠷᠠᠨ ᠲᠤᠰᠠᠯᠠᠬᠤ ᠵᠡᠷᠭᠡ ᠦᠨᠳᠦᠰᠦᠨ ᠵᠦᠢᠯ ᠤᠨ ᠴᠢᠨᠠᠷᠲᠠᠢ ᠪᠠᠲᠤᠯᠠᠭ᠎ᠠ ᠶᠢ | ᠪᠣᠳᠠᠲᠠᠶᠢᠵᠢᠭᠤᠯᠤᠭᠰᠠᠨ ᠪᠡᠯᠡ ᠮᠥᠩᠭᠦ 1.53 ᠳ᠋ᠦᠩᠰᠢᠭᠤᠷ ᠲᠥᠭᠦᠷᠢᠭ ᠲᠤ ᠬᠦᠷᠴᠦ᠂ ᠬᠤᠲᠠ ᠬᠥᠳᠡᠭᠡ ᠶᠢᠨ | ᠰᠠᠭᠤᠭᠠᠯᠢ ᠠᠷᠠᠳ ᠲᠤ 4.48 ᠲᠦᠮᠡᠨ ᠬᠥᠮᠥᠨ ᠤᠳᠠᠭ᠎ᠠ ᠠᠰᠢᠭ ᠬᠦᠷᠲᠡᠭᠡᠵᠦ᠂ ᠨᠡᠶᠢᠭᠡᠮ ᠤᠨ ᠳᠠᠭᠠᠳᠬᠠᠯ ᠳᠤ | ᠣᠷᠣᠯᠴᠠᠭᠰᠠᠨ ᠬᠥᠮᠥᠨ ᠤ ᠲᠤᠭ᠎ᠠ ᠪᠠ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠲᠥᠯᠥᠪᠯᠡᠭᠡ ᠶᠢᠨ | ᠬᠠᠷᠠᠯᠲᠠ ᠪᠠᠨ ᠳᠠᠪᠠᠭᠤᠯᠤᠨ ᠪᠡᠶᠡᠯᠡᠭᠦᠯᠪᠡ᠃ 4.17 ᠳ᠋ᠦᠩᠰᠢᠭᠤᠷ ᠲᠥᠭᠦᠷᠢᠭ ᠤᠨ ᠰᠤᠷᠭᠠᠨ ᠭᠦᠮᠦᠵᠢᠯ ᠤᠨ ᠪᠡᠯᠡ | ᠮᠥᠩᠭᠦ ᠣᠷᠣᠭᠤᠯᠵᠤ᠂ 11 ᠰᠤᠷᠭᠠᠭᠤᠯᠢ ᠶᠢ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠪᠠᠶᠢᠭᠤᠯᠵᠦ᠂ 33 | ᠳᠤᠮᠳᠠᠳᠤ ᠪᠠᠭ᠎ᠠ ᠰᠤᠷᠭᠠᠭᠤᠯᠢ ᠶᠢᠨ ᠨᠡᠭᠦᠷᠡᠰᠦ ᠶᠢ ᠴᠠᠬᠢᠯᠭᠠᠨ ᠪᠤᠯᠭᠠᠬᠤ ᠴᠡᠪᠡᠷ ᠡᠨᠧᠷᠭᠢ ᠶᠢᠨ ᠰᠤᠷᠪᠤᠯᠵᠢ ᠶᠢᠨ | ᠲᠤᠯᠠᠭᠠᠯᠠᠭ᠎ᠠ ᠶᠢᠨ ᠥᠭᠡᠷᠡᠴᠢᠯᠡᠯᠲᠡ ᠪᠠ ᠪᠦᠭᠦ ᠬᠤᠰᠢᠭᠤᠨ ᠤ ᠰᠤᠷᠭᠠᠨ ᠬᠦᠮᠦᠵᠢᠯ ᠤᠨ ᠮᠡᠳᠡᠭᠡ ᠵᠠᠩᠭᠢᠵᠢᠯᠲᠠ ᠶᠢ | ᠳᠡᠭᠡᠭᠰᠢᠯᠡᠭᠦᠯᠬᠦ ᠢᠨᠵᠧᠨᠧᠷᠢᠩ ᠢ ᠪᠦᠭᠦ ᠲᠠᠯ᠎ᠠ ᠪᠠᠷ ᠡᠬᠢᠯᠡᠭᠦᠯᠪᠡ᠃ ᠰᠤᠷᠭᠠᠨ ᠬᠥᠮᠦᠵᠢᠯ ᠤᠨ ᠰᠠᠭᠤᠷᠢ ᠮᠥᠩᠭᠦᠨ ᠤ | ᠨᠡᠶᠢᠭᠡᠮᠯᠢᠭ ᠢ ᠡᠭᠦᠳᠦᠨ ᠪᠠᠶᠢᠭᠤᠯᠤᠭᠰᠠᠨ ᠪᠥᠭᠡᠳ 800 ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠵᠤ᠂ 500 | ᠰᠢᠬᠠᠮ ᠰᠢᠯᠢᠳᠡᠭ ᠪᠠᠭᠰᠢ ᠰᠤᠷᠤᠭᠴᠢ ᠶᠢ ᠬᠥᠬᠢᠭᠦᠯᠦᠨ ᠰᠠᠶᠢᠰᠢᠶᠠᠪᠠ᠃ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ | ᠬᠤᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ | ᠬᠢᠵᠠᠭᠠᠷᠯᠠᠬᠤ ᠲᠥᠪ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠰᠢᠨ᠎ᠡ ᠪᠠᠷ ᠪᠠᠶᠢᠭᠤᠯᠬᠤ ᠵᠡᠷᠭᠡ ᠲᠥᠷᠥᠯ | ᠵᠦᠢᠯ ᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠲᠣᠭᠲᠠᠭᠤᠨ ᠢᠶᠠᠷ | ᠳᠡᠭᠡᠭᠰᠢᠯᠡᠭᠦᠯᠪᠡ᠃ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠡᠷᠴᠢᠮ ᠢ ᠦᠷᠭᠦᠯᠵᠢᠯᠡᠨ | ᠴᠢᠩᠭᠠᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠶᠡᠭᠡ ᠪᠠᠷ ᠪᠠᠶᠢᠴᠠᠭᠠᠨ ᠴᠡᠭᠴᠡᠯᠡᠬᠦ ᠵᠡᠷᠭᠡ | ᠲᠤᠰᠬᠠᠢ ᠲᠦᠷᠦᠯ ᠤᠨ ᠠᠵᠢᠯᠯᠠᠭ᠎ᠠ ᠢᠯᠡᠳᠲᠡ ᠦᠷ᠎ᠡ ᠪᠦᠲᠦᠮᠵᠢ ᠤᠯᠪᠠ᠃ ᠠᠶᠤᠯᠭᠦᠢ ᠦᠢᠯᠡᠳᠪᠦᠷᠢᠯᠡᠯ ᠤᠨ ᠲᠤᠰᠬᠠᠢ | ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠲᠡᠭᠦᠰ ᠠᠮᠵᠢᠯᠲᠠ ᠲᠠᠢ ᠪᠠᠷ ᠲᠡᠭᠦᠰᠪᠡ᠃ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ᠂ ᠶᠠᠯᠠᠲᠤ ᠠᠵᠢᠯᠯᠠᠭ᠎ᠠ ᠶᠢ ᠵᠠᠯᠬᠠᠭᠠᠨ ᠰᠢᠢᠳᠬᠡᠬᠦ ᠲᠠᠯ᠎ᠠ ᠪᠠᠷ ᠱᠠᠲᠤ ᠦᠶ᠎ᠡ ᠶᠢᠨ ᠴᠢᠨᠠᠷᠲᠠᠢ ᠦᠷ᠎ᠡ | ᠪᠦᠲᠦᠭᠡᠯ ᠣᠯᠪᠠ᠃ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠰᠠᠨᠠᠭᠠᠴᠢᠯᠠᠭᠠᠲᠤ ᠪᠤᠰᠤ | ᠪᠠᠶᠢᠳᠠᠯ ᠢ ᠪᠦᠲᠦᠮᠵᠢᠲᠡᠶ ᠪᠠᠷ ᠬᠤᠪᠢᠷᠠᠭᠤᠯᠪᠠ᠃ ᠲᠤᠭ᠎ᠠ ᠪᠦᠷᠢᠳᠬᠡᠯ ᠤᠨ ᠠᠵᠢᠯ ᠤᠨ ᠡᠯ᠎ᠡ ᠱᠠᠲᠤᠨ ᠤ ᠡᠭᠦᠷᠭᠡ ᠶᠢᠨ | ᠭᠦᠶᠴᠡᠳᠬᠡᠯ ᠲᠤᠭ᠎ᠠ ᠶᠢ ᠰᠢᠨ᠎ᠡ ᠶᠢ ᠡᠭᠦᠲᠦᠨ ᠪᠣᠳᠠᠲᠠᠶ ᠶᠢ ᠡᠷᠭᠢᠮᠯᠡᠨ ᠳᠡᠭᠦᠰ ᠠᠮᠵᠢᠯᠲᠠ ᠲᠠᠢ ᠪᠡᠶᠡᠯᠡᠭᠦᠯᠪᠡ᠃ ᠬᠢᠨᠠᠨ | ᠪᠤᠳᠤᠬᠤ᠂ ᠴᠡᠷᠢᠭ ᠠᠴᠠ ᠬᠠᠯᠠᠭᠳᠠᠭᠰᠠᠳ᠂ ᠴᠠᠭ ᠠᠭᠤᠷ ᠤᠨ ᠦᠢᠯᠡᠴᠢᠯᠡᠭᠡ ᠵᠡᠷᠭᠡ ᠠᠵᠢᠯ ᠰᠢᠨ᠎ᠡ ᠠᠮᠵᠢᠯᠲᠠ ᠪᠦᠲᠦᠮᠵᠢ | ᠣᠯᠪᠠ᠃ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠡᠪᠯᠡᠯ ᠤᠨ ᠬᠤᠷᠢᠶ᠎ᠠ᠂ ᠵᠡᠮᠳᠡᠭᠴᠦᠳ ᠤᠨ ᠬᠤᠯᠪᠣᠭᠠᠲᠤ ᠬᠤᠷᠠᠯ᠂ | ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠠᠵᠢᠯ ᠦᠢᠯᠡᠰ ᠰᠢᠨ᠎ᠡ ᠰᠢᠪᠲᠤᠯᠤᠯᠲᠠ ᠲᠠᠢ ᠪᠣᠯᠪᠠ᠃ | ᠨᠢᠭᠡ ᠵᠢᠯ ᠤᠨ ᠲᠤᠷᠰᠢ᠂ ᠪᠢᠳᠡ ᠨᠠᠮ ᠢ ᠴᠢᠩᠭ᠎ᠠ ᠵᠠᠰᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ | ᠴᠢᠩᠭᠠᠳᠬᠠᠪᠠ᠃ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ ᠲᠤᠤᠱᠯᠠᠭᠤᠯᠵᠤ᠂ ︽ᠲᠦᠷᠪᠡᠨ | ᠤᠬᠠᠮᠰᠠᠷ︾ ᠢ ᠪᠠᠲᠤ ᠪᠠᠬᠢ ᠪᠤᠢ ᠪᠣᠯᠭᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠵᠦ᠂ ᠢᠲᠡᠭᠡᠯ ᠪᠢᠰᠢᠷᠡᠯ ᠤᠨ ᠰᠠᠭᠤᠷᠢ ᠶᠢ ᠪᠠᠲᠤᠳᠬᠠᠵᠤ᠂ ᠤᠶᠤᠨ ᠰᠠᠨᠠᠭᠠᠨ ᠤ ᠺᠠᠯᠼ ᠢ ᠭᠦᠢᠴᠡᠳ | ᠨᠥᠬᠦᠪᠦᠷᠢᠯᠡᠵᠦ᠂ ᠦᠵᠡᠯ ᠰᠠᠨᠠᠭᠠᠨ ᠤ ᠵᠢᠯᠤᠭᠤ ᠶᠢ ᠯᠠᠪᠳᠠᠭᠤᠨ ᠠᠳᠬᠤᠪᠠ᠃ ᠨᠠᠮ ᠢ ᠴᠢᠩᠭ᠎ᠠ ᠵᠠᠰᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠰᠢᠭᠤᠨ ᠤ ᠵᠠᠰᠠᠭ ᠤᠨ ᠣᠷᠳᠣᠨ ᠤ | ᠬᠤᠷᠠᠯ ᠵᠢᠴᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠡᠷᠭᠡ ᠳᠦᠷᠢᠮ ᠲᠣᠭᠲᠠᠭᠠᠯ ᠢ | ᠦᠷᠭᠦᠯᠵᠢᠯᠡᠨ ᠲᠡᠭᠦᠯᠳᠡᠷᠵᠢᠭᠦᠯᠵᠦ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠡᠳ᠋ ᠤᠨ ᠵᠠᠰᠠᠭ ᠤᠨ | ᠪᠡᠯᠡ ᠮᠥᠩᠭᠦ ᠶᠢ ᠬᠡᠷᠡᠭᠯᠡᠬᠦ ᠵᠡᠷᠭᠡ ᠴᠢᠬᠤᠯᠠ ᠶᠡᠭᠡ ᠵᠦᠢᠯᠡᠰ ᠢ ᠨᠠᠩ ᠵᠢᠷᠤᠮᠵᠢᠭᠤᠯᠤᠨ᠂ ᠣᠯᠠᠨ ᠨᠡᠶᠢᠲᠡ ᠶᠢᠨ ᠡᠬᠢ | ᠪᠠᠶᠠᠯᠢᠭ ᠤᠨ ᠰᠤᠯᠢᠯᠴᠠᠭᠠᠨ ᠤ ᠲᠥᠪ ᠤᠨ ᠰᠤᠯᠢᠯᠴᠠᠭᠠᠨ ᠤ ᠲᠤᠭ᠎ᠠ 11.1 ᠳ᠋ᠦᠩᠰᠢᠭᠤᠷ ᠲᠥᠭᠦᠷᠢᠭ ᠲᠤ ᠬᠦᠷᠴᠦ᠂ | ᠪᠡᠯᠡ ᠮᠥᠩᠭᠦ ᠠᠷᠪᠢᠯᠠᠭᠰᠠᠨ ᠨᠣᠷᠮ᠎ᠠ 0.93% ᠪᠣᠯᠪᠠ᠃ ᠡᠯ᠎ᠡ ᠲᠠᠯ᠎ᠠ ᠶᠢᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠬᠠᠤᠯᠢ ᠳᠤ ᠲᠣᠭᠲᠠᠭᠠᠭᠰᠠᠨ ᠵᠢᠷᠤᠮ ᠢ ᠴᠢᠩᠭ᠎ᠠ ᠵᠢᠷᠤᠮᠯᠠᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ | ᠪᠣᠳᠣᠯᠭ᠎ᠠ ᠲᠣᠭᠲᠠᠭᠠᠵᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠯ ᠲᠤᠷᠠᠲᠤᠯᠭ᠎ᠠ ᠪᠠ ᠲᠥᠯᠥᠭᠡᠯᠡᠭᠴᠢᠳ ᠤᠨ ᠰᠠᠨᠠᠭᠤᠯᠭ᠎ᠠ ᠶᠢ 85 ᠬᠤᠪᠢ᠂ | ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢ 92 ᠬᠤᠪᠢ ᠰᠢᠢᠳᠪᠦᠷᠢᠯᠡᠵᠦ᠂ ᠰᠢᠢᠳᠪᠦᠷᠢᠯᠡᠵᠦ ᠬᠠᠷᠢᠭᠤᠯᠳᠠ | ᠦᠭᠭᠦᠭᠰᠡᠨ ᠨᠤᠷᠮ᠎ᠠ ᠨᠢ 100% ᠳᠤ ᠬᠦᠷᠪᠡ᠃ | ᠲᠥᠯᠥᠭᠡᠯᠡᠭᠴᠢᠳ ᠠ᠋᠂ ᠥᠩᠭᠡᠷᠡᠭᠰᠡᠨ ᠨᠢᠭᠡ ᠵᠢᠯ ᠤᠨ ᠲᠡᠮᠡᠴᠡᠯ ᠤᠨ ᠥᠩᠭᠡᠷᠡᠯᠲᠡ ᠪᠠᠨ ᠡᠷᠭᠢᠴᠡᠭᠦᠯᠵᠦ ᠦᠵᠡᠪᠡᠯ᠂ | ᠬᠠᠮᠤᠭ ᠤᠨ ᠭᠦᠨᠵᠡᠭᠡᠶ ᠰᠡᠩᠬᠡᠷᠡᠭᠦᠯᠦᠯ ᠪᠣᠯ ︽ᠠᠮᠢ ᠠᠬᠤᠢ ᠶᠢᠨ ᠰᠠᠭᠤᠷᠢ ᠶᠢ ᠳᠠᠯᠪᠢᠬᠤ᠂ ᠡᠬᠢ ᠪᠠᠶᠠᠯᠢᠭ ᠢᠶᠠᠷ | ᠭᠤᠣᠯᠳᠠᠯᠭ᠎ᠠ ᠪᠤᠯᠭᠠᠬᠤ᠂ ᠲᠥᠷᠥᠯ ᠵᠦᠢᠯ ᠢᠶᠠᠷ ᠬᠥᠲᠥᠯᠥᠨ ᠳᠠᠭᠠᠭᠤᠯᠬᠤ᠂ ᠠᠵᠤ ᠦᠢᠯᠡᠰ ᠢᠶᠠᠷ ᠳᠠᠶᠢᠴᠢᠯᠠᠬᠤ︾ | ᠬᠥᠭᠵᠢᠯᠲᠡ ᠶᠢᠨ ᠳᠠᠪᠠᠭᠤᠯᠢᠭ ᠡᠳᠦᠷ ᠢᠷᠡᠬᠦᠶ᠎ᠡ ᠲᠣᠪᠣᠶᠢᠮ᠎ᠠ ᠪᠣᠯᠵᠤ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ | ᠬᠡᠯᠪᠡᠷᠢ ᠪᠠᠶᠢᠳᠠᠯ᠂ ᠰᠢᠨ᠎ᠡ ᠬᠡᠪ ᠵᠠᠭᠪᠤᠷ ᠲᠠᠰᠤᠷᠠᠯᠲᠠ ᠦᠭᠡᠢ ᠪᠦᠷᠢᠯᠳᠦᠵᠦ᠂ ᠪᠢᠳᠡ ᠡᠭᠦᠨ ᠢᠶᠠᠷ ᠠᠷᠭ᠎ᠠ ᠵᠠᠮ ᠪᠣᠯᠭᠠᠨ | ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠢᠲᠡᠭᠡᠯ ᠵᠣᠷᠢᠭ ᠤᠯᠠᠮ | ᠪᠠᠲᠤᠵᠢᠪᠠ᠃ ᠬᠠᠮᠤᠭ ᠤᠨ ᠲᠣᠪᠣᠶᠢᠮ᠎ᠠ ᠦᠷ᠎ᠡ ᠪᠦᠲᠦᠮᠵᠢ ᠪᠣᠯ ᠡᠳ᠋ ᠤᠨ ᠵᠠᠰᠠᠭ ᠤᠨᠬᠢᠵᠠᠭᠠᠷᠲᠠᠢ ᠪᠡᠯᠡ ᠮᠦᠩᠭᠦ ᠪᠠᠷ | ᠨᠡᠶᠢᠭᠡᠮ ᠤᠨ ᠡᠯ᠎ᠡ ᠲᠠᠯ᠎ᠠ ᠶᠢᠨ ᠪᠡᠯᠡ ᠮᠦᠩᠭᠦᠨ ᠤ ᠤᠷᠤᠭᠤᠯᠤᠯᠳᠠ ᠶᠢ ᠳᠠᠳᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠱᠠᠩᠨᠠᠵᠤ ᠨᠥᠬᠦᠪᠦᠷᠢᠯᠡᠬᠦ᠂ ᠳᠠᠮ ᠬᠦᠦ ᠥᠭᠬᠦ ᠵᠡᠷᠭᠡ ᠬᠥᠲᠥᠯᠥᠨ ᠵᠢᠯᠤᠭᠤᠳᠬᠤ ᠲᠥᠷᠥ ᠶᠢᠨ ᠪᠣᠳᠣᠯᠭ᠎ᠠ ᠶᠢ ᠢᠳᠡᠪᠬᠢᠲᠡᠢ | ᠪᠥᠭᠡᠳ ᠠᠮᠢᠳᠤᠯᠢᠭ ᠢᠶᠠᠷ ᠬᠡᠷᠡᠭᠵᠢᠭᠦᠯᠵᠦ᠂ ᠠᠷᠠᠳ ᠣᠯᠠᠨ ᠤ ᠬᠦᠰᠡᠨ ᠡᠷᠡᠮᠡᠯᠵᠡᠵᠦ ᠪᠠᠶᠢᠭ᠎ᠠ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠢ ᠪᠦᠲᠦᠭᠡᠵᠦ᠂ ᠪᠥᠬᠦ ᠬᠤᠰᠢᠭᠤᠨ ᠤ ᠠᠷᠠᠳ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ | ᠢᠯᠡᠳᠲᠡ ᠳᠡᠭᠡᠭᠰᠢᠯᠡᠭᠦᠯᠪᠡ᠃ ᠬᠠᠮᠤᠭ ᠤᠨ ᠦᠨᠳᠦᠰᠦᠨ ᠬᠤᠪᠢᠷᠠᠯᠲᠠ ᠪᠣᠯ ᠦᠷᠭᠡᠨ ᠤᠯᠠᠨ ᠺᠠᠳ᠋ᠷ ᠤᠯᠠᠨ ᠲᠦᠮᠡᠨ ᠤ | ᠰᠡᠳᠬᠢᠯ ᠰᠠᠨᠠᠭ᠎ᠠ ᠴᠤᠭ ᠪᠠᠳᠠᠷᠠᠩᠭᠤᠢ᠂ ᠵᠢᠷᠭᠠᠯ ᠵᠣᠪᠠᠯ ᠢᠶᠠᠨ ᠬᠠᠮᠲᠤᠳᠬᠠᠨ᠂ ᠬᠠᠷᠰᠢ ᠰᠠᠭᠠᠳ ᠠᠴᠠ ᠠᠶᠤᠬᠤ ᠦᠭᠡᠢ᠂ | ᠡᠷᠡᠯᠬᠡᠭᠯᠡᠨ ᠤᠷᠤᠭᠰᠢᠯᠠᠵᠤ᠂ ᠬᠡᠳᠦᠢ ᠬᠦᠴᠢᠷ ᠪᠡᠷᠬᠡᠰᠢᠶᠡᠯ ᠲᠠᠢ ᠪᠣᠯ ᠲᠡᠳᠦᠢ ᠤᠷᠤᠭᠰᠢᠯᠠᠳᠠᠭ ᠲᠠᠶᠢᠴᠢᠨ ᠣᠪᠣᠷ ᠪᠠᠶᠢᠳᠠᠯ | ᠨᠢ ᠨᠡᠩ ᠢᠳᠡ ᠬᠦᠴᠦᠨ ᠲᠠᠢ ᠪᠤᠯᠪᠠ᠃ ᠬᠠᠮᠤᠭ ᠤᠨ ᠡᠷᠬᠢᠮ ᠨᠠᠨᠳᠢᠨ ᠨᠢ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠵᠠᠯᠭᠠᠭ᠎ᠠ ᠪᠠᠷ ᠡᠭᠦᠰᠴᠦ᠂ ᠭᠠᠳᠠᠭᠠᠲᠦ ᠤᠷᠴᠢᠨ ᠤ ᠳᠠᠷᠤᠯᠲᠠ ᠲᠠᠰᠤᠷᠠᠯᠲᠠ ᠦᠭᠡᠢ ᠨᠡᠮᠡᠭᠳᠡᠵᠦ | ᠪᠠᠶᠢᠭ᠎ᠠ ᠬᠦᠨᠳᠦ ᠬᠡᠴᠡᠭᠦᠦ ᠪᠠᠶᠢᠳᠠᠯ ᠤᠨ ᠳᠣᠣᠷ᠎ᠠ᠂ ᠪᠦᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ᠂ | ᠡᠮᠨᠡᠯᠭᠡ ᠶᠢᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠵᠠᠮ ᠬᠠᠷᠢᠯᠴᠠᠭᠠᠨ ᠤ ᠬᠠᠤᠯᠢ ᠬᠡᠷᠡᠭᠵᠢᠭᠦᠯᠬᠦ | ᠠᠵᠢᠯᠲᠠᠨ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠬᠤᠪᠢ ᠬᠥᠮᠥᠨ ᠤ ᠬᠠᠯᠳᠠᠪᠤᠷᠢᠯᠠᠭᠳᠠᠬᠤ | ᠠᠶᠤᠯ ᠲᠦᠭᠰᠢᠭᠦᠷᠢ ᠶᠢ ᠬᠠᠶᠢᠬᠤᠷᠤᠯ ᠦᠭᠡᠢ ᠪᠠᠷ᠂ ᠵᠠᠷᠯᠢᠭ ᠢ ᠰᠣᠨᠣᠰᠤᠮᠠᠭᠴᠠ ᠬᠥᠳᠡᠯᠵᠦ᠂ ᠵᠠᠷᠯᠢᠭ ᠢ ᠰᠣᠨᠣᠰᠤᠮᠠᠭᠴᠠ | ᠭᠡᠷᠡᠭᠵᠢᠭᠦᠯᠵᠦ᠂ ᠢᠮᠠᠭᠲᠠ ᠡᠮᠦᠨ᠎ᠡ ᠹᠷᠣᠨᠲ ᠢ ᠪᠠᠲᠤ ᠰᠠᠬᠢᠵᠤ᠂ ᠨᠢᠭᠡᠳᠦᠭᠡᠷ ᠹᠷᠣᠨᠲ ᠲᠤ ᠡᠷᠡᠯᠬᠡᠭᠯᠡᠨ ᠲᠡᠮᠡᠴᠡᠵᠦ᠂ | ᠪᠣᠭᠤᠮᠲᠠ ᠡᠭᠦᠳᠡ ᠶᠢ ᠴᠢᠩᠭ᠎ᠠ ᠰᠠᠭᠢᠨ᠂ ᠪᠠᠲᠤ ᠴᠢᠩᠭ᠎ᠠ ᠰᠥᠰᠥ ᠵᠣᠷᠢᠭ ᠪᠠ ᠡᠷᠡᠰ ᠬᠠᠳᠠᠭᠤ ᠵᠣᠷᠢᠭ ᠰᠠᠨᠠᠭ᠎ᠠ ᠪᠠᠷ | ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯᠣᠳ ᠬᠡᠷᠡᠮ ᠳᠡᠮᠦᠷ ᠬᠠᠨ᠎ᠠ ᠶᠢ ᠪᠠᠲᠤ ᠴᠣᠭᠴᠠᠯᠠᠵᠤ᠂ | ᠪᠦᠬᠦ ᠬᠦᠴᠦᠨ ᠢᠶᠠᠷ ᠢᠶᠠᠨ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠪᠠ ᠠᠮᠢ ᠨᠠᠰᠤᠨ ᠤ ᠠᠮᠤᠷ | ᠲᠦᠪᠰᠢᠨ ᠢ ᠬᠠᠮᠠᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠤ ᠠᠮᠵᠢᠯᠲᠠ ᠶᠢ ᠡᠭᠦᠳᠪᠡ᠃ ᠠᠳᠡ ᠪᠢ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠪᠦᠬᠦ ᠬᠤᠰᠢᠭᠤᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠶᠢᠨ ᠲᠥᠯᠥᠭᠡ ᠯᠤᠲᠤ ᠶᠡᠭᠡ ᠦᠷᠡᠭᠳᠡᠯ ᠰᠦᠢᠳᠦᠯ ᠭᠠᠷᠭᠠᠵᠤ᠂ ᠯᠤᠲᠤ ᠶᠡᠭᠡ ᠵᠣᠪᠠᠭᠤᠷᠢ ᠵᠦᠳᠡᠭᠦᠷᠢ | ᠪᠠ ᠬᠦᠴᠦ ᠬᠥᠳᠡᠯᠮᠦᠷᠢ ᠵᠠᠷᠤᠴᠠᠭᠤᠯᠤᠭᠰᠠᠨ ᠴᠢᠷᠮᠠᠶᠢᠨ ᠲᠡᠮᠡᠴᠡᠭᠴᠢ ᠨᠢᠭᠡᠪᠦᠷᠢ ᠳᠤ ᠡᠷᠬᠢᠮ ᠳᠡᠭᠡᠳᠦ ᠬᠦᠨᠳᠦᠳᠬᠡᠯ ᠢᠶᠠᠨ | ᠳᠡᠪᠰᠢᠭᠦᠯᠦᠶ᠎ᠡ︕ | ᠲᠥᠯᠥᠭᠡᠯᠡᠭᠴᠢᠳ ᠠ᠋᠂ ᠡᠲᠡᠭᠡᠷ ᠠᠮᠵᠢᠯᠲᠠ ᠶᠢ ᠣᠯᠣᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ᠂ | ᠠᠮᠢᠳᠤᠯᠢᠭ ᠦᠶᠯᠡᠳᠦᠯᠭᠡᠵᠢᠭᠦᠯᠦᠯᠲᠡ ᠶᠢᠨ ᠦᠷ᠎ᠡ ᠳ᠋ᠦᠩ ᠮᠥᠨ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ᠂ ᠬᠦᠴᠦᠲᠡᠢ ᠳᠡᠮᠵᠢᠯᠭᠡ ᠶᠢᠨ | ᠦᠷ᠎ᠡ ᠳ᠋ᠦᠩ ᠮᠥᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ | ᠵᠥᠪᠯᠡᠯᠭᠡᠨ ᠤ ᠬᠢᠨᠠᠯᠲᠠ ᠲᠠᠯᠪᠢᠨ ᠵᠥᠪᠯᠡᠵᠦ᠂ ᠬᠦᠴᠦᠯᠡᠨ ᠬᠠᠪᠰᠤᠷᠤᠯᠴᠠᠭᠰᠠᠨ ᠤ ᠦᠷ᠎ᠡ ᠳ᠋ᠦᠩ ᠮᠥᠨ᠂ ᠨᠠᠩ ᠴᠤ ᠪᠥᠬᠦ | ᠬᠤᠰᠢᠭᠤᠨ ᠤ ᠠᠷᠠᠳ ᠲᠦᠮᠡᠨ ᠴᠠᠭ ᠤᠨ ᠪᠡᠷᠬᠡ ᠶᠢ ᠬᠠᠮᠲᠤ ᠪᠠᠷ ᠳᠤᠭᠤᠯᠵᠤ᠂ ᠡᠷᠡᠰ ᠰᠢᠭᠤᠷᠬᠠᠢ ᠪᠠᠷ ᠤᠷᠤᠭᠰᠢᠯᠠᠨ | ᠳᠠᠪᠰᠢᠭᠰᠠᠨ ᠤ ᠦᠷ᠎ᠡ ᠳ᠋ᠦᠩ ᠮᠥᠨ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ | ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ᠂ ᠪᠦᠬᠦ ᠬᠤᠰᠢᠭᠤᠨ ᠤ ᠥᠭᠡᠷᠡᠴᠢᠯᠡᠯᠲᠡ᠂ | ᠬᠥᠭᠵᠢᠯᠲᠡ᠂ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠥᠮᠥᠰ ᠲᠤ ᠡᠷᠬᠢᠮ ᠳᠡᠭᠡᠳᠦ | ᠬᠦᠨᠳᠦᠳᠬᠡᠯ ᠪᠣᠯᠣᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠦᠷᠭᠡᠨ ᠮᠦᠷᠡᠨ ᠤ ᠤᠷᠤᠰᠬᠠᠯ ᠲᠤᠭᠤᠯᠬᠤ ᠲᠤᠲᠤᠮ ᠰᠢᠷᠦᠭᠦᠨ᠂ ᠦᠨᠲᠦᠷ ᠠᠭᠤᠯᠠ ᠶᠢᠨ ᠵᠠᠮ ᠮᠠᠴᠤᠬᠤ ᠲᠤᠲᠤᠮ | ᠡᠭᠴᠡ᠃ ᠣᠳᠣᠬᠠᠨ ᠳᠤ ᠬᠡᠰᠢᠭᠲᠡᠨ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠰᠠ ᠵᠠᠷᠢᠮ | ᠣᠮᠲᠣᠭᠠᠶᠢᠯᠠᠵᠤ ᠪᠣᠯᠣᠰᠢ ᠦᠭᠡᠢ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠲᠠᠨᠢᠵᠤ | ᠣᠯᠣᠭᠰᠠᠨ ᠪᠠᠶᠢᠨ᠎ᠠ᠃ ᠠᠵᠤ ᠦᠢᠯᠡᠰ ᠤᠨ ᠪᠦᠲᠦᠴᠡ ᠵᠦᠢ ᠵᠣᠬᠢᠰ ᠦᠭᠡᠢ᠂ ᠮᠠᠯ ᠠᠵᠤ ᠠᠬᠤᠢ ᠲᠠᠷᠢᠶᠠᠯᠠᠩ ᠤᠨ | ᠳᠤᠲᠠᠭᠤᠳᠠᠯ ᠲᠣᠪᠣᠶᠢᠮ᠎ᠠ ᠪᠠᠶᠢᠵᠤ᠂ ᠠᠵᠤ ᠦᠢᠯᠡᠳᠪᠦᠷᠢᠵᠢᠯᠲᠡ᠂ ᠨᠠᠷᠠᠲᠤ ᠲᠡᠮᠳᠡᠭᠴᠢᠯᠡᠯᠲᠡ᠂ ᠬᠡᠪᠴᠢᠶᠡᠵᠢᠯᠲᠡ ᠶᠢᠨ | ᠬᠥᠭᠵᠢᠯᠲᠡ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ︔ ᠰᠢᠨ᠎ᠡ ᠡᠨᠧᠷᠭᠢ᠂ ᠠᠭᠤᠷᠬᠠᠢ ᠶᠢᠨ ᠦᠢᠯᠡᠰ ᠢᠶᠠᠷ ᠭᠤᠣᠯ | ᠪᠣᠯᠭᠠᠭᠰᠠᠨ ᠠᠵᠤ ᠦᠢᠯᠡᠳᠪᠦᠷᠢ ᠶᠢᠨ ᠬᠥᠭᠵᠢᠯᠲᠡ ᠶᠢᠨ ᠬᠡᠯᠬᠢᠶ᠎ᠡ ᠣᠬᠤᠷ᠂ ᠦᠷ᠎ᠡ ᠠᠰᠢᠭ ᠳᠣᠣᠷ᠎ᠠ ᠪᠠᠶᠢᠵᠦ᠂ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠡᠷᠭᠢᠯᠲᠡᠲᠦ ᠬᠥᠭᠵᠢᠯᠲᠡ ᠶᠢᠨ ᠠᠯᠬᠤᠴᠠ ᠶᠢ ᠮᠥᠨ | ᠲᠦᠷᠭᠡᠳᠬᠡᠬᠦ ᠴᠢᠬᠤᠯᠠᠲᠠᠢ︔ ᠵᠢᠭᠤᠯᠴᠢᠯᠠᠯ ᠤᠨ ᠦᠢᠯᠡᠰ ᠢᠶᠠᠷ ᠨᠡᠷᠡᠲᠦ ᠳᠡᠮᠳᠡᠭᠲᠦ ᠪᠣᠯᠭᠠᠭᠰᠠᠨ ᠭᠤᠷᠪᠠᠳᠤᠭᠠᠷ ᠠᠵᠤ | ᠦᠢᠯᠡᠰ ᠨᠡᠷ᠎ᠡ ᠨᠦᠯᠦᠭᠡ ᠲᠠᠢ ᠪᠣᠯᠪᠠᠴᠤ ᠰᠠᠭᠤᠷᠢ ᠨᠢᠮᠭᠡᠨ᠂ ᠦᠷ᠎ᠡ ᠪᠦᠲᠦᠮᠵᠢ ᠥᠨᠳᠥᠷ ᠪᠢᠰᠢ᠂ ᠵᠡᠷᠭᠡ ᠳᠡᠰ ᠢ | ᠳᠡᠭᠡᠭᠰᠢᠯᠡᠭᠦᠯᠦᠨ᠂ ᠠᠭᠤᠰᠤᠯᠴᠠᠭᠤᠯᠤᠨ ᠬᠥᠭᠵᠢᠭᠦᠯᠬᠦ ᠬᠢᠷᠢ ᠬᠡᠮᠵᠢᠶ᠎ᠡ ᠶᠢ ᠲᠦᠷᠭᠡᠨ ᠨᠡᠮᠡᠭᠳᠡᠭᠦᠯᠬᠦ ᠴᠢᠬᠤᠯᠠᠲᠠᠢ ᠪᠠᠶᠢᠨ᠎ᠠ᠃ | ᠠᠮᠢ ᠠᠬᠤᠢ ᠶᠢᠨ ᠳᠠᠪᠠᠭᠤᠯᠢᠭ ᠢ ᠬᠠᠷᠠᠬᠠᠨ ᠢᠯᠡᠷᠬᠡᠢ ᠪᠠᠳᠠᠷᠠᠭᠤᠯᠤᠭᠠᠳᠤᠢ ᠪᠠᠶᠢᠵᠤ᠂ ᠰᠠᠯᠬᠢ᠂ ᠭᠡᠷᠡᠯ᠂ ᠠᠭᠤᠷᠬᠠᠢ᠂ ᠤᠰᠤ | ᠂ ᠤᠢ᠂ ᠡᠯᠡᠰᠦ ᠵᠡᠷᠭᠡ ᠡᠬᠢ ᠪᠠᠶᠠᠯᠢᠭ ᠢ ᠬᠠᠮᠠᠭᠠᠯᠠᠵᠤ ᠨᠡᠭᠡᠭᠡᠨ ᠠᠰᠢᠭᠯᠠᠬᠤ ᠲᠠᠯ᠎ᠠ ᠪᠠᠷ ᠬᠦᠷᠦᠯᠴᠡᠬᠦ ᠦᠭᠡᠢ ᠪᠠᠶᠢᠵᠤ᠂ ᠠᠮᠢ | ᠠᠬᠤᠢ ᠶᠢᠨ ᠠᠵᠤ ᠦᠢᠯᠡᠰᠵᠢᠯᠲᠡ᠂ ᠠᠵᠤ ᠦᠢᠯᠡᠰ ᠤᠨ ᠠᠮᠢ ᠠᠬᠤᠶᠢᠵᠢᠯᠲᠠ ᠶᠢ ᠪᠡᠶᠡᠯᠡᠭᠦᠯᠬᠦ ᠳᠤ ᠮᠥᠨ ᠬᠦ ᠪᠡᠷᠬᠡ | ᠰᠡᠳᠦᠪ ᠢ ᠰᠢᠢᠳᠪᠦᠷᠢᠯᠡᠨ ᠰᠢᠪᠲᠤᠯᠤᠯᠲᠠ ᠭᠠᠷᠭᠠᠬᠤ ᠴᠢᠬᠤᠯᠠᠲᠠᠢ ᠪᠠᠶᠢᠨ᠎ᠠ᠃ ᠪᠣᠳᠠᠲᠤ ᠴᠣᠭᠴᠠ ᠶᠢᠨ ᠲᠣᠮᠣ ᠲᠦᠷᠦᠯ | ᠵᠦᠢᠯ ᠢ ᠡᠬᠢᠯᠡᠭᠦᠯᠬᠦ ᠪᠠᠷ ᠬᠦᠷᠦᠯᠴᠡᠬᠦ ᠦᠭᠡᠢ᠂ ᠳᠠᠭᠠᠭᠤᠯᠤᠭᠴᠢ ᠮᠠᠶ᠋ᠢᠭ ᠤᠨ ᠲᠣᠮᠣ ᠠᠵᠤ ᠠᠬᠤᠶᠢᠯᠠᠯ ᠴᠥᠭᠡᠨ᠂ | ᠬᠦᠷᠢᠶᠡᠯᠡᠩ ᠲᠣᠭᠤᠷᠢᠭ ᠤᠨ ᠲᠦᠪᠯᠡᠷᠡᠯ ᠤᠨ ᠦᠢᠯᠡᠳᠦᠯ ᠬᠠᠷᠠᠬᠠᠨ ᠪᠦᠷᠢᠯᠳᠦᠭᠡᠳᠦᠢ᠂ ᠰᠢᠨ᠎ᠡ ᠬᠠᠭᠤᠴᠢᠨ ᠬᠦᠳᠡᠯᠬᠡᠬᠦ | ᠡᠨᠧᠷᠭᠢ ᠶᠢᠨ ᠰᠣᠯᠢᠭᠳᠠᠯ ᠢ ᠴᠢᠨᠠᠭᠰᠢᠳᠠ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠬᠡᠰᠡᠭ ᠺᠠᠳ᠋ᠷ ᠤᠯᠠᠨ ᠲᠦᠮᠡᠨ ᠤ | ᠪᠠᠶᠠᠵᠢᠬᠤ ᠶᠢ ᠰᠠᠨᠠᠬᠤ᠂ ᠪᠠᠶᠠᠵᠢᠬᠤ ᠶᠢ ᠪᠤᠳᠤᠬᠤ᠂ ᠪᠠᠶᠠᠵᠢᠬᠤ ᠶᠢ ᠬᠦᠰᠡᠬᠦ ᠤᠬᠠᠮᠰᠠᠷ ᠳᠤᠲᠠᠮᠠᠭ ᠪᠠᠶᠢᠵᠤ᠂ | ᠬᠤᠶᠢᠰᠢᠳᠠ ᠶᠢᠨ ᠬᠢᠵᠢᠭ ᠤᠨ ᠪᠠᠶᠢᠳᠠᠯ ᠤᠨ ᠴᠠᠭ ᠦᠶ᠎ᠡ ᠳᠤ ᠲᠦᠷᠭᠡᠨ ᠳᠠᠪᠰᠢᠬᠤ᠂ ᠬᠤᠷᠳᠤᠴᠠ ᠪᠠᠨ ᠲᠦᠷᠭᠡᠳᠬᠡᠬᠦ | ᠦᠵᠡᠯ ᠰᠠᠨᠠᠭᠠᠨ ᠤ ᠪᠡᠯᠡᠳᠬᠡᠯ ᠪᠠ ᠪᠣᠳᠠᠲᠤ ᠠᠵᠢᠯᠯᠠᠭ᠎ᠠ ᠭᠦᠢᠴᠡᠳ ᠪᠤᠰᠤ ᠪᠠᠶᠢᠵᠤ᠂ ᠵᠠᠰᠠᠭ ᠤᠨ ᠣᠷᠳᠣᠨ ᠤ ᠲᠤᠰ | ᠪᠡᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠬᠤ ᠴᠢᠬᠤᠯᠠᠲᠠᠢ ᠪᠠᠶᠢᠨ᠎ᠠ᠃ ᠡᠭᠦᠨ ᠳᠤ ᠪᠢᠳᠡ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠦᠨᠡᠨ ᠬᠦ ᠰᠢᠢᠳᠪᠦᠷᠢᠯᠡᠨ᠎ᠡ᠃ | ᠬᠤᠶᠠᠷ᠂ 2023 ᠣᠨ ᠤ ᠠᠵᠢᠯ ᠤᠨ ᠭᠤᠣᠯᠳᠠᠯᠭ᠎ᠠ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠤᠱᠯᠠᠭᠤᠯᠬᠤ ᠡᠭᠢᠯᠡᠯᠳᠡ ᠶᠢᠨ ᠵᠢᠯ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ | ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠨᠠᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠮᠥᠨ᠂ ᠡᠨᠡ ᠵᠢᠯ ᠤᠨ | ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠲᠦ ᠶᠢᠨ ᠨᠥᠯᠥᠭᠡ ᠲᠠᠢ ᠶᠤᠮ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠦ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠭᠰᠢᠯᠠᠬᠤ | ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ | ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ | ᠨᠢᠭᠡᠳᠦᠯᠲᠡᠢ ᠲᠥᠯᠥᠪᠯᠡᠵᠦ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ | ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠠᠮᠢ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠬᠦ᠂ ᠬᠤᠳᠠ | ᠬᠥᠳᠡᠭᠡ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠵᠡᠷᠭᠡ ᠡᠯ᠎ᠡ ᠲᠠᠯ᠎ᠠ ᠶᠢᠨ ᠠᠵᠢᠯ ᠢ ᠬᠦᠴᠦ ᠲᠠᠯᠪᠢᠨ ᠰᠠᠶᠢᠲᠤᠷ ᠬᠢᠵᠦ᠂ ᠨᠡᠶᠢᠭᠡᠮ ᠵᠢᠷᠦᠮᠲᠦ ᠣᠳᠣᠬᠢᠴᠢᠯᠠᠭᠰᠠᠨ | ᠬᠡᠰᠢᠭᠲᠡᠨ ᠬᠤᠰᠢᠭᠤ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠬᠡᠰᠢᠭᠲᠡᠨ ᠬᠤᠰᠢᠭᠤ ᠶᠢ ᠪᠦᠬᠦ ᠲᠠᠯ᠎ᠠ ᠪᠠᠷ | ᠴᠣᠭᠴᠠᠯᠠᠬᠤ᠂ ᠠᠷᠠᠳ ᠲᠦᠮᠡᠨ ᠤ ᠨᠡᠩ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠬᠤ ᠶᠢᠨ ᠲᠥᠯᠥᠭᠡ | ᠴᠥᠬᠦᠷᠡᠰᠢ ᠦᠭᠡᠢ ᠲᠡᠮᠡᠴᠡᠨ᠎ᠡ᠃ | ᠭᠤᠣᠯ ᠵᠢᠱᠢᠭᠰᠡᠨ ᠬᠠᠷᠠᠯᠲᠠ ᠪᠣᠯ᠄ ᠪᠥᠬᠦ ᠬᠤᠰᠢᠭᠤᠨ ᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ | ᠥᠷᠲᠡᠭ ᠢ 7% ᠣᠷᠴᠢᠮ ᠨᠡᠮᠡᠭᠳᠡᠭᠦᠯᠦᠨ᠎ᠡ︔ ᠡᠩ ᠤᠨ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ | ᠣᠷᠣᠯᠭ᠎ᠠ ᠶᠢ 6% ᠣᠷᠴᠢᠮ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 20% ᠣᠷᠴᠢᠮ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ | ᠶᠡᠷᠦᠩᠬᠡᠢ ᠬᠡᠮᠵᠢᠶ᠎ᠡ ᠶᠢ 8% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤ ᠪᠠ ᠮᠠᠯᠵᠢᠬᠤ ᠲᠠᠷᠢᠶᠠᠯᠠᠬᠤ ᠣᠷᠣᠨ ᠤ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 7% | ᠪᠠ 9% ᠣᠷᠴᠢᠮ ᠨᠡᠮᠡᠭᠳᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ ᠪᠢᠳᠡ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ | ᠰᠠᠶᠢᠲᠤᠷ ᠠᠳᠬᠤᠨ᠎ᠠ᠄ | ︵ᠨᠢᠭᠡ︶ ᠣᠲᠣ ᠦᠶ᠎ᠡ ᠶᠢᠨ ᠠᠵᠤ ᠦᠢᠯᠡᠰ ᠤᠨ ᠲᠤᠭᠲᠠᠯᠴᠠᠭ᠎ᠠ ᠶᠢ ᠪᠠᠶᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠪᠦᠲᠦᠴᠡ ᠶᠢ ᠰᠢᠯᠢᠳᠡᠭᠵᠢᠭᠦᠯᠬᠦ ᠳᠤᠮᠳᠠ ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠦᠨ᠎ᠡ᠃ | ᠬᠥᠭᠵᠢᠯᠲᠡ ᠶᠢᠨ ᠬᠦᠴᠦᠯᠡᠬᠦ ᠴᠡᠭ ᠢ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ | ᠬᠡᠷᠡᠭᠴᠡᠭᠡ ᠶᠢᠨ ᠲᠠᠯ᠎ᠠ ᠠᠴᠠ ᠪᠣᠳᠣᠯᠬᠢᠯᠠᠨ᠂ ᠬᠠᠩᠭᠠᠯᠭ᠎ᠠ ᠶᠢᠨ ᠲᠠᠯ᠎ᠠ ᠠᠴᠠ ᠭᠠᠷᠳᠠᠵᠤ᠂ ᠤᠳᠤ ᠦᠶ᠎ᠡ ᠶᠢᠨ ᠮᠠᠯ ᠠᠵᠤ | ᠠᠬᠤᠢ ᠲᠠᠷᠢᠶᠠᠯᠠᠩ᠂ ᠠᠵᠤ ᠦᠢᠯᠡᠳᠪᠦᠷᠢ ᠪᠠ ᠦᠢᠯᠡᠴᠢᠯᠡᠭᠡᠨ ᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ | ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ᠂ ᠠᠭᠤᠰᠤᠯᠳᠤᠨ ᠬᠥᠭᠵᠢᠬᠦ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ | — — ᠣᠲᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠲᠣᠭᠲᠠᠭᠤᠨ ᠬᠥᠭᠵᠢᠯᠲᠡ ᠶᠢ ᠪᠥᠬᠦ ᠲᠠᠯ᠎ᠠ ᠪᠠᠷ | ᠠᠬᠢᠭᠤᠯᠤᠨ᠎ᠠ᠃ ᠲᠠᠷᠢᠶᠠᠯᠠᠩ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ︽ | ᠰᠠᠭᠤᠷᠢ ᠶᠢ ᠴᠢᠩᠭᠠᠳᠬᠠᠬᠤ᠂ ᠬᠡᠯᠬᠢᠶ᠎ᠡ ᠶᠢ ᠴᠣᠭᠴᠠᠯᠠᠬᠤ᠂ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ᠂ | ᠳᠡᠭᠡᠭᠰᠢᠯᠡᠭᠦᠯᠬᠦ ᠶᠢ ᠠᠳᠬᠤᠬᠤ︾ ᠬᠥᠭᠵᠢᠯᠲᠡ ᠶᠢᠨ ᠰᠡᠳᠬᠢᠴᠡ ᠶᠣᠰᠣᠭᠠᠷ᠂ ᠠᠵᠤ ᠦᠢᠯᠡᠳᠪᠦᠷᠢᠵᠢᠯᠲᠡ᠂ ᠵᠠᠬ᠎ᠠ | ᠳᠡᠯᠭᠡᠭᠦᠷᠴᠢᠯᠡᠯᠲᠡ᠂ ᠨᠠᠷᠠᠲᠤ ᠲᠥᠷᠥᠯ ᠲᠡᠮᠳᠡᠭᠲᠦ ᠶᠢᠨ ᠰᠡᠳᠬᠢᠬᠦᠢ ᠪᠠᠷ ᠠᠮᠢ ᠠᠬᠤᠢ ᠶᠢᠨ ᠡᠬᠢ ᠪᠠᠶᠠᠯᠢᠭ ᠤᠨ ᠠᠵᠢᠯ ᠢ | ᠭᠦᠢᠴᠡᠳ ᠬᠢᠵᠦ᠂ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢ ᠰᠠᠶᠢᠲᠤᠷ ᠠᠳᠬᠤᠨ᠎ᠠ᠃ ᠲᠠᠷᠢᠮᠠᠯ ᠤᠨ ᠤᠶᠢᠯᠡᠰ | ᠤᠨ ᠲᠣᠭᠤᠷᠢᠨ ᠳᠤ ᠳᠡᠭᠡᠭᠰᠢᠯᠡᠭᠦᠯᠬᠦ ᠶᠢ ᠠᠳᠬᠤᠵᠤ᠂ ᠤᠰᠤ ᠠᠷᠪᠢᠯᠠᠵᠤ ᠠᠮᠤ ᠪᠤᠳᠠᠭ᠎ᠠ ᠶᠢ ᠨᠡᠮᠡᠭᠳᠡᠭᠦᠯᠬᠦ᠂ ᠭᠠᠵᠠᠷ | ᠰᠢᠷᠣᠢ ᠶᠢ ᠡᠮᠬᠢᠯᠡᠨ ᠴᠡᠭᠴᠡᠯᠡᠬᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠡᠷᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠲᠣ ᠶᠢᠨ ᠰᠤᠯᠠ ᠪᠠᠶᠢᠭ᠎ᠠ ᠬᠦᠯᠡᠮᠵᠢ ᠶᠢ ᠢᠳᠡᠪᠬᠢᠲᠡᠢ ᠠᠮᠢᠯᠠᠭᠤᠯᠬᠤ ᠪᠠ | ᠪᠦᠲᠦᠮᠵᠢᠲᠡᠶ ᠠᠰᠢᠭᠯᠠᠵᠤ᠂ ᠨᠣᠬᠠᠢ ᠶᠢᠨ ᠬᠤᠰᠢᠭᠤ ᠪᠤᠭᠤᠳᠠᠢ ᠶᠤᠤᠮᠠᠢ ᠢᠨᠳᠢᠶᠠᠨ ᠪᠤᠭᠤᠳᠠᠢ ᠶᠢᠨ ᠳᠠᠷᠢᠬᠤ ᠬᠡᠪᠴᠢᠶ᠎ᠡ ᠶᠢ | ᠥᠷᠭᠡᠳᠬᠡᠬᠦ᠂ ᠮᠠᠯ ᠠᠵᠤ ᠠᠬᠤᠢ ᠲᠠᠷᠢᠶᠠᠯᠠᠩ ᠤᠨ ᠰᠠᠭᠤᠷᠢ ᠲᠦᠭᠦᠭᠡᠷᠦᠮᠵᠢ ᠶᠢ ᠪᠠᠬᠢᠵᠢᠭᠦᠯᠦᠨ ᠳᠡᠭᠡᠭᠰᠢᠯᠡᠭᠦᠯᠬᠦ᠂ ᠮᠠᠯ | ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠦᠢᠲᠡᠨ ᠢᠶᠠᠷ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ | ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠢ ᠵᠡᠷᠭᠡᠪᠡᠷ ᠬᠡᠷᠡᠭᠵᠢᠭᠦᠯᠵᠦ᠂ ᠪᠥᠬᠦ ᠬᠤᠰᠢᠭᠤᠨ ᠤ | ᠠᠮᠤ ᠪᠤᠷᠴᠠᠭ᠂ ᠢᠳᠡᠰᠢᠨ ᠮᠥᠭᠦ᠂ ᠡᠪᠡᠰᠦᠨ ᠡᠮ᠂ ᠬᠦᠢᠲᠡᠨ ᠰᠡᠷᠢᠭᠦᠨ ᠤᠷᠤᠨ ᠳᠤ ᠵᠤᠬᠢᠴᠠᠬᠤ ᠢᠳᠡᠰᠢᠨ ᠨᠣᠭᠤᠭ᠎ᠠ ᠶᠢᠨ | ᠳᠠᠷᠢᠬᠤ ᠲᠠᠯᠠᠪᠠᠶ ᠶᠢ ᠲᠣᠭᠲᠠᠭᠤᠨ ᠪᠠᠶᠢᠯᠭᠠᠬᠤ ᠶᠢ ᠪᠠᠲᠤᠯᠠᠬᠤ ᠶᠢᠨ ᠬᠠᠮᠲᠤ ︽ᠨᠤᠲᠤᠭ ᠤᠨ ᠣᠨᠴᠠ ᠭᠠᠷᠤᠯᠲᠠ︾ ᠶᠢ | ᠪᠦᠲᠦᠭᠡᠭᠳᠡᠬᠦᠨ ᠪᠤᠯᠭᠠᠬᠤ ᠶᠢ ᠲᠦᠷᠭᠡᠨ ᠠᠬᠢᠭᠤᠯᠤᠨ᠎ᠠ᠃ ᠲᠡᠵᠢᠭᠡᠨ ᠦᠷᠡᠵᠢᠭᠦᠯᠬᠦ ᠤᠶᠢᠯᠡᠰ ᠤᠨ ᠲᠣᠭᠤᠷᠢᠨ ᠳᠤ ᠶᠠᠰᠤ | ᠴᠢᠨᠠᠷ ᠢ ᠳᠡᠭᠡᠭᠰᠢᠯᠡᠭᠦᠯᠵᠦ᠂ ᠡᠭᠦᠯᠳᠡᠷ ᠰᠠᠶᠢᠵᠢᠷᠠᠭᠤᠯᠬᠤ ᠦᠷ᠎ᠡ ᠪᠦᠲᠦᠮᠵᠢ ᠤᠳᠠᠭᠠᠨ᠂ ᠡᠪᠡᠰᠦ ᠪᠣᠷᠳᠤᠭ᠎ᠠ ᠶᠢᠨ ᠥᠪᠡᠷ ᠤᠨ | ᠥᠷᠲᠡᠭ ᠥᠨᠳᠥᠷ᠂ ᠪᠦᠯᠦᠭᠯᠡᠯ ᠤᠨ ᠦᠷ᠎ᠡ ᠠᠰᠢᠭ ᠪᠠᠭ᠎ᠠ᠂ ᠪᠣᠯᠪᠠᠰᠤᠷᠠᠭᠤᠯᠬᠤ ᠬᠡᠯᠬᠢᠶ᠎ᠡ ᠣᠬᠤᠷ᠂ ᠤᠨᠴᠠᠯᠢᠭ ᠲᠣᠪᠣᠶᠢᠮ᠎ᠠ | ᠪᠤᠰᠤ ᠵᠡᠷᠭᠡ ᠪᠣᠳᠠᠲᠠᠢ ᠠᠰᠠᠭᠤᠳᠠᠯ ᠢ ᠴᠢᠩᠭ᠎ᠠ ᠠᠩᠬᠠᠷᠴᠤ᠂ ᠣᠲᠣ ᠦᠶ᠎ᠡ ᠶᠢᠨ ᠮᠢᠬᠠᠨ ᠤ ᠦᠬᠡᠷ ᠲᠡᠵᠢᠭᠡᠨ ᠡᠳ᠋ᠰᠢᠭᠦᠯᠬᠦ | ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ | ᠴᠢᠨᠠᠷ ᠰᠠᠶᠢᠲᠠᠢ ᠰᠠᠭᠤᠷᠢ ᠡᠬᠡ ᠮᠠᠯ ᠤᠨ ᠰᠦᠷᠦᠭ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ᠂ ᠮᠠᠯ ᠠᠵᠤ ᠠᠬᠤᠢ ᠪᠠ | ᠵᠢᠭᠤᠯᠴᠢᠯᠠᠯ ᠢ ᠠᠭᠤᠰᠤᠯᠴᠠᠭᠤᠯᠤᠭᠰᠠᠨ ᠭᠡᠷ ᠪᠦᠯᠢ ᠶᠢᠨ ᠮᠠᠯᠵᠢᠯ ᠤᠨ ᠲᠠᠯᠠᠪᠠᠶ ᠵᠡᠷᠭᠡ ᠠᠵᠤ ᠤᠶᠢᠯᠡᠰᠵᠢᠯᠳᠡ ᠶᠢᠨ ᠲᠥᠷᠥᠯ | ᠵᠦᠢᠯ ᠢ ᠲᠣᠪᠣᠶᠢᠮ᠎ᠠ ᠰᠠᠶᠢᠲᠤᠷ ᠠᠳᠬᠤᠵᠤ᠂ ︽ᠲᠠᠪᠤᠨ ᠶᠡᠭᠡ ᠲᠤᠭᠲᠠᠯᠴᠠᠭ᠎ᠠ︾ ᠶᠢᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠲᠡᠭᠦᠯᠳᠡᠷᠵᠢᠭᠦᠯᠵᠦ᠂ ︽ᠮᠢᠬᠠᠨ ᠤ ᠦᠬᠡᠷ ᠤᠨ ᠡᠭᠦᠯᠳᠡᠷ ᠰᠠᠶᠢᠵᠢᠷᠠᠭᠤᠯᠤᠭᠰᠠᠨ ᠦᠷ᠎ᠡ ᠪᠦᠲᠦᠭᠡᠯ ᠢ | ᠠᠳᠠᠯᠢᠳᠬᠠᠨ ᠰᠢᠯᠭᠠᠷᠠᠭᠤᠯᠬᠤ ᠦᠵᠡᠭᠦᠯᠦᠯᠭᠡ ᠶᠢᠨ ᠶᠡᠭᠡ ᠬᠤᠷᠠᠯ︾ ᠢ ᠦᠷᠭᠦᠯᠵᠢᠯᠡᠨ ᠰᠠᠶᠢᠲᠤᠷ ᠡᠷᠭᠢᠯᠡᠵᠦ᠂ ᠥᠷᠭᠡᠨ | ᠣᠯᠠᠨ ᠮᠠᠯᠴᠢᠨ ᠲᠠᠷᠢᠶᠠᠴᠢᠨ ᠤ ᠬᠠᠰᠢᠶᠠᠯᠠᠨ ᠲᠡᠵᠢᠭᠡᠵᠦ ᠡᠭᠦᠯᠳᠡᠷ ᠰᠠᠶᠢᠵᠢᠷᠠᠭᠤᠯᠬᠤ᠂ ᠴᠥᠭᠡᠨ ᠲᠡᠵᠢᠭᠡᠵᠦ ᠨᠠᠷᠢᠯᠢᠭ | ᠲᠡᠵᠢᠭᠡᠬᠦ ᠵᠠᠮ ᠢᠶᠠᠷ ᠤᠬᠠᠮᠰᠠᠷ ᠠᠴᠠ ᠪᠠᠨ ᠵᠠᠮᠨᠠᠬᠤ ᠶᠢ ᠲᠠᠰᠤᠷᠠᠯᠲᠠ ᠦᠭᠡᠢ ᠭᠦᠭᠵᠢᠭᠡᠨ᠎ᠡ᠃ ᠣᠶ ᠰᠢᠭᠤᠢ ᠶᠢᠨ | ᠦᠢᠯᠡᠰ ᠤᠨ ᠲᠣᠭᠤᠷᠢᠨ ᠳᠤ ᠤᠷᠤᠯᠭ᠎ᠠ ᠶᠢ ᠨᠡᠮᠡᠭᠳᠡᠭᠦᠯᠬᠦ ᠶᠢ ᠠᠳᠬᠤᠵᠦ᠂ ᠣᠶ ᠰᠢᠭᠤᠢ ᠶᠢᠨ ᠡᠬᠢ ᠪᠠᠶᠠᠯᠢᠭ ᠤᠨ | ᠳᠠᠪᠠᠭᠤᠯᠢᠭ ᠲᠤ ᠲᠦᠰᠢᠭᠯᠡᠨ᠂ ᠣᠶ ᠰᠢᠭᠤᠢ ᠶᠢᠨ ᠠᠵᠤ ᠠᠬᠤᠢ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠨᠥᠭᠡᠴᠡ ᠣᠶ᠂ ᠮᠠᠭᠤᠳᠠᠭᠰᠠᠨ ᠣᠶ ᠶᠢ ᠬᠤᠪᠢᠶᠠᠨ ᠥᠭᠡᠷᠡᠴᠢᠯᠡᠬᠦ | ᠪᠠ ᠴᠢᠴᠠᠷᠭᠠᠨ᠎ᠠ᠂ ᠣᠶ ᠶᠢᠨ ᠲᠤᠤᠷᠠᠬᠢ ᠡᠪᠡᠰᠦᠨ ᠡᠮ ᠢ ᠳᠠᠷᠢᠵᠤ ᠡᠳ᠋ᠰᠢᠭᠦᠯᠬᠦ ᠶᠢ ᠨᠢᠭᠡ ᠴᠣᠭᠴᠠᠵᠢᠭᠤᠯᠬᠤ ᠵᠡᠷᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ ᠬᠡᠷᠡᠭᠵᠢᠭᠦᠯᠵᠦ᠂ ᠵᠢᠯ ᠤᠨ ᠳᠣᠲᠣᠷ᠎ᠠ 4 ᠲᠦᠮᠡᠨ ᠮᠦ ᠲᠣᠮᠣ | ᠵᠢᠮᠢᠰᠲᠦ ᠴᠢᠴᠠᠷᠭᠠᠨ᠎ᠠ᠂ 1.2 ᠲᠦᠮᠡᠨ ᠮᠦ ᠣᠶ ᠶᠢᠨ ᠲᠤᠤᠷᠠᠬᠢ ᠡᠪᠡᠰᠦᠨ ᠡᠮ᠂ ᠮᠠᠭᠤᠳᠠᠭᠰᠠᠨ ᠣᠶ ᠰᠢᠭᠤᠢ ᠳᠤ | 4000 ᠮᠦ ᠵᠢᠵᠢᠭ ᠤᠯᠠᠭᠠᠨ ᠠᠯᠮᠤᠷᠠᠳ ᠲᠠᠷᠢᠬᠤ ᠶᠢ ᠪᠡᠶᠡᠯᠡᠭᠦᠯᠵᠦ᠂ 2 ︱ 3 ᠵᠢᠯ ᠤᠨ ᠬᠤᠭᠤᠴᠠᠭᠠᠨ ᠳᠤ ᠪᠥᠬᠦ | ᠬᠤᠰᠢᠭᠤᠨ ᠤ ᠣᠶ ᠰᠢᠭᠤᠢ ᠶᠢᠨ ᠠᠵᠤ ᠠᠬᠤᠢ ᠶᠢᠨ ᠪᠡᠯᠡ ᠣᠷᠣᠭᠤᠯᠤᠯᠲᠠ ᠶᠢ 4.5 ᠳ᠋ᠦᠩᠰᠢᠭᠤᠷ ᠲᠥᠭᠦᠷᠢᠭ ᠠᠴᠠ | ᠳᠡᠭᠡᠭᠰᠢ ᠳᠤ ᠬᠦᠷᠭᠡᠵᠦ᠂ ᠶᠡᠷᠦᠩᠬᠡᠢ ᠲᠠᠯᠠᠪᠠᠶ ᠶᠢ 15 ᠲᠦᠮᠡᠨ ᠮᠦ ᠠᠴᠠ ᠳᠠᠪᠠᠭᠤᠯᠤᠨ᠂ ᠣᠶ ᠵᠢᠮᠢᠰ ᠡᠮ ᠤᠨ ᠪᠥᠬᠦ ᠠᠵᠤ | ᠦᠢᠯᠡᠰ ᠤᠨ ᠬᠡᠯᠬᠢᠶᠡᠵᠢᠯ ᠤᠨ ᠬᠥᠭᠵᠢᠯᠲᠡ᠂ ᠨᠡᠭᠦᠷᠡᠰᠦᠳᠦ᠋ᠷᠦᠭᠴᠢᠲᠦ ᠬᠤᠷᠠᠮᠲᠤᠯ ᠤᠨ ᠡᠬᠢ ᠪᠠᠶᠠᠯᠢᠭ ᠢ ᠰᠦᠯᠵᠢᠶᠡᠨ | ᠳᠡᠭᠡᠷ᠎ᠡ ᠠᠷᠠᠯᠵᠢᠶᠠᠯᠠᠬᠤ ᠮᠠᠰᠢ ᠰᠠᠶᠢᠨ ᠪᠠᠶᠢᠳᠠᠯ ᠢ ᠦᠨᠳᠦᠰᠦᠨ ᠳᠡᠭᠡᠨ ᠪᠣᠶ ᠪᠣᠯᠭᠠᠨ᠎ᠠ᠃ ᠤᠰᠤᠨ ᠠᠰᠢᠭᠯᠠᠯᠲᠠ ᠶᠢᠨ | ᠲᠤᠭᠤᠷᠢᠨ ᠳᠤ ᠠᠵᠤ ᠦᠢᠯᠡᠰ ᠢ ᠬᠥᠭᠵᠢᠭᠦᠯᠵᠦ᠂ ᠤᠰᠤ ᠶᠢ ᠲᠠᠲᠠᠵᠤ ᠤᠰᠤ ᠶᠢ ᠠᠰᠢᠭᠯᠠᠬᠤ ᠶᠢ ᠪᠠᠷᠢᠮᠲᠠᠯᠠᠵᠤ᠂ | ᠤᠰᠤᠯᠠᠯᠲᠠ ᠶᠢᠨ ᠲᠠᠷᠢᠶ᠎ᠠ ᠶᠢᠨ ︽ᠨᠡᠮᠡᠭᠳᠡᠭᠦᠯᠬᠦ ᠲᠥᠯᠥᠪᠯᠡᠭᠡ︾ ᠶᠢᠨ ᠲᠣᠭᠤᠷᠢᠨ ᠳᠤ᠂ ᠰᠢᠷᠠᠮᠦ᠋ᠷᠡᠨ᠂ ᠮᠤᠰᠬᠢᠭᠤ ᠭᠤᠣᠯ᠂ | ᠪᠠᠶᠢᠴᠠ ᠭᠤᠣᠯ ᠵᠡᠷᠭᠡ ᠭᠠᠵᠠᠷ ᠳᠡᠭᠡᠷᠡᠬᠢ ᠤᠰᠤ ᠶᠢ ᠠᠰᠢᠭᠯᠠᠬᠤ ᠠᠵᠢᠯ ᠢ ᠭᠦᠢᠴᠡᠳ ᠰᠠᠶᠢᠲᠤᠷ ᠬᠢᠵᠦ᠂ ᠳ᠋ᠦᠩ ᠱᠧᠩ᠂ | ᠦ᠋ ᠶᠢ᠂ ᠱᠤᠸᠠᠩ ᠾᠧ ᠤᠰᠤᠯᠠᠯᠲᠠ ᠶᠢᠨ ᠰᠤᠪᠠᠭ ᠢ ᠥᠭᠡᠷᠡᠴᠢᠯᠡᠨ ᠳᠡᠭᠡᠭᠰᠢᠯᠡᠭᠦᠯᠬᠦ ᠪᠠ ᠲᠤ ᠴᠧᠩᠽᠢ ᠤᠰᠤᠯᠠᠯᠲᠠ ᠶᠢᠨ | ᠰᠤᠪᠠᠭ ᠤᠨ ᠭᠠᠵᠠᠷ ᠳᠣᠣᠷᠠᠬᠢ ᠤᠰᠤ ᠶᠢ ᠰᠣᠯᠢᠬᠤ᠂ ᠠᠵᠤ ᠦᠢᠯᠡᠰ ᠤᠨ ᠬᠦᠷᠢᠶᠡᠯᠡᠩ ᠤᠨ ᠤᠰᠤ ᠶᠢ ᠲᠠᠲᠠᠵᠤ ᠬᠠᠩᠭᠠᠬᠤ | ᠵᠡᠷᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠱᠠᠲᠤ ᠳᠠᠷᠠᠭᠠᠯᠠᠨ ᠠᠬᠢᠭᠤᠯᠵᠤ᠂ | ᠤᠰᠤ ᠳᠠᠭᠠᠤ ᠣᠷᠣᠨ ᠪᠦᠰᠡ ᠶᠢᠨ ᠠᠵᠤ ᠦᠢᠯᠡᠰ ᠤᠨ ᠪᠠᠶᠢᠷᠢᠰᠢᠭᠤᠯᠤᠯ᠂ ᠬᠥᠭᠵᠢᠯᠲᠡ ᠶᠢᠨ ᠲᠥᠯᠦᠪᠵᠢᠭᠦᠯᠭᠡ ᠪᠠ | ᠲᠥᠷᠥᠯ ᠵᠦᠢᠯ ᠤᠨ ᠬᠡᠷᠡᠭᠵᠢᠭᠦᠯᠦᠯᠲᠡ ᠵᠡᠷᠭᠡ ᠠᠵᠢᠯ ᠢ ᠵᠡᠷᠭᠡ ᠳᠤᠨᠢ ᠰᠠᠶᠢᠲᠤᠷ ᠬᠢᠵᠦ᠂ ᠵᠢᠯ ᠤᠨ ᠳᠣᠲᠣᠷ᠎ᠠ 1.4 | ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠨ᠂ ᠭᠠᠵᠠᠷ ᠳᠣᠣᠷᠠᠬᠢ ᠤᠰᠤ ᠶᠢ 506 ᠲᠦᠮᠡᠨ ᠪᠣᠰᠤᠭ᠎ᠠ ᠳᠥᠷᠪᠡᠯᠵᠢᠨ | ᠮᠧᠲᠷ ᠰᠤᠯᠢᠵᠦ᠂ ᠤᠰᠤᠯᠠᠯᠲᠠ ᠶᠢᠨ ᠭᠠᠵᠠᠷ ᠤᠨ ᠲᠠᠯᠠᠪᠠᠶ ᠶᠢ 1.3 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠰᠡᠭᠦᠯᠴᠢ ᠪᠣᠯᠲᠠᠯ᠎ᠠ᠂ ᠰᠤᠪᠠᠭ ᠤᠨ ᠰᠢᠰᠲ᠋ᠧᠮ ᠤᠨ ᠪᠦᠲᠦᠭᠡᠨ | ᠪᠠᠶᠢᠭᠤᠯᠤᠯᠲᠠ᠂ ᠤᠰᠤ ᠪᠠ ᠵᠢᠭᠤᠯᠴᠢᠯᠠᠯ ᠢ ᠠᠭᠤᠰᠤᠯᠴᠠᠭᠤᠯᠬᠤ᠂ ᠠᠵᠤ ᠦᠢᠯᠡᠰ ᠢ ᠭᠦᠭᠵᠢᠭᠦᠯᠬᠦ ᠪᠠᠷ ᠳᠡᠮᠵᠢᠨ ᠤᠰᠤᠨ ᠤ | ᠠᠵᠤ ᠠᠬᠤᠢ ᠶᠢ ᠪᠥᠬᠦ ᠲᠠᠯ᠎ᠠ ᠪᠠᠷ ᠬᠥᠭᠵᠢᠭᠡᠵᠦ᠂ ᠠᠭᠤᠯᠠ ᠤᠰᠤᠨ ᠤ ᠥᠷᠲᠡᠭ ᠢ ᠦᠨᠡᠨᠬᠦ ᠨᠡᠮᠡᠭᠳᠡᠭᠦᠯᠵᠦ᠂ ᠠᠮᠢ ᠠᠬᠤᠢ | ᠠᠴᠠ ᠠᠰᠢᠭ ᠬᠦᠷᠳᠡᠨ᠎ᠡ᠃ ᠠᠵᠤ ᠦᠢᠯᠡᠰ ᠤᠨ ᠨᠠᠷᠠᠲᠤ ᠲᠥᠷᠥᠯ ᠲᠡᠮᠳᠡᠭᠲᠦ ᠶᠢᠨ ᠲᠣᠭᠤᠷᠢᠨ ᠳᠤ᠂ ︽ᠭᠤᠷᠪᠠᠨ | ᠪᠦᠲᠦᠭᠡᠭᠳᠡᠬᠦᠨ ᠨᠢᠭᠡ ᠳᠡᠮᠳᠡᠭᠲᠦ︾ ︽ᠨᠠᠷᠠᠲᠤ ᠣᠨᠴᠠ ᠰᠢᠯᠢᠳᠡᠭ ᠰᠢᠨ᠎ᠡ︾ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠤ | ᠭᠡᠷᠡᠴᠢᠯᠡᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ︽ᠤᠯᠠᠭᠠᠨᠬᠠᠳᠠ ᠶᠢᠨ ᠤᠬᠢ ᠰᠢᠮ᠎ᠡ · ᠮᠦᠷᠡᠨ | ᠵᠢᠭᠤᠯᠴᠢᠯᠠᠯ ᠤᠨ ᠪᠡᠯᠡᠭ︾ ᠤᠨ ᠨᠠᠷᠠᠲᠤ ᠲᠥᠷᠥᠯ ᠲᠡᠮᠳᠡᠭᠲᠦ ᠶᠢ ᠪᠥᠬᠦ ᠲᠠᠯ᠎ᠠ ᠪᠠᠷ ᠤᠬᠠᠭᠤᠯᠤᠨ ᠲᠠᠨᠢᠯᠴᠠᠭᠤᠯᠵᠤ᠂ ᠮᠠᠯ | ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠮᠥᠷᠳᠡᠵᠦ ᠪᠣᠯᠬᠤ ᠲᠤᠭᠲᠠᠯᠴᠠᠭ᠎ᠠ ᠪᠠ ᠶᠠᠰᠤ ᠴᠢᠨᠠᠷ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠤᠭᠲᠠᠯᠴᠠᠭ᠎ᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠪᠥᠬᠦ | ᠬᠤᠰᠢᠭᠤᠨ ᠤ ᠮᠠᠯ ᠠᠵᠤ ᠠᠬᠤᠢ ᠲᠠᠷᠢᠶᠠᠯᠠᠩ ᠤᠨ ᠪᠥᠬᠦ ᠠᠵᠤ ᠦᠢᠯᠡᠰ ᠤᠨ ᠬᠡᠯᠬᠢᠶ᠎ᠡ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠨ᠎ᠠ᠃ | — — ᠤᠳᠤ ᠦᠶ᠎ᠡ ᠶᠢᠨ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠪᠦᠬᠦ | ᠲᠠᠯ᠎ᠠ ᠪᠠᠷ ᠠᠬᠢᠭᠤᠯᠤᠨ᠎ᠠ᠃ ᠳᠠᠯᠳᠠ ᠬᠦᠴᠦᠨ ᠢ ᠠᠭᠤᠳᠠᠯᠬᠤ ᠶᠢ ᠪᠠᠷᠢᠮᠲᠠᠯᠠᠵᠤ᠂ ᠭᠡᠪᠡᠴᠦ ᠪᠠᠰᠠ ᠢᠷᠡᠭᠡᠳᠦᠢ ᠪᠠᠨ | ᠤᠷᠢᠳᠴᠢᠯᠠᠨ ᠵᠠᠷᠤᠴᠠᠭᠤᠯᠬᠤ ᠦᠬᠡᠢ ᠪᠠᠶᠢᠵᠤ᠂ ᠪᠣᠬᠢᠷᠳᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ᠂ ᠡᠷᠭᠢᠯᠲᠡᠲᠦ | ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ᠠᠭᠤᠷᠬᠠᠢ ᠶᠢᠨ ᠭᠠᠷᠤᠯᠲᠠ ᠶᠢᠨ ᠲᠡᠮᠦᠷᠯᠢᠭ ᠪᠣᠯᠪᠠᠰᠤᠷᠠᠭᠤᠯᠵᠤ ᠰᠢᠯᠢᠳᠡᠭ ᠢ | ᠪᠣᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠡᠨᠧᠷᠭᠢ ᠬᠢᠮᠢ ᠶᠢᠨ ᠠᠵᠤ ᠦᠢᠯᠡᠳᠪᠦᠷᠢ ᠶᠢ ᠬᠡᠯᠬᠢᠶᠡᠵᠢᠭᠦᠯᠦᠨ | ᠬᠥᠭᠵᠢᠭᠦᠯᠬᠦ᠂ ᠬᠦᠷᠢᠶᠡᠯᠡᠩ ᠲᠣᠭᠤᠷᠢᠭ ᠤᠨ ᠲᠠᠪᠴᠠᠩ ᠢ ᠲᠠᠰ ᠳᠡᠪᠰᠢᠭᠦᠯᠬᠦ ᠶᠢ ᠠᠬᠢᠭᠤᠯᠵᠤ᠂ ᠵᠢᠯ ᠤᠨ ᠳᠣᠲᠣᠷ᠎ᠠ 3 | ᠠᠵᠤ ᠠᠬᠤᠶᠢᠯᠠᠯ᠂ ᠠᠵᠤ ᠠᠬᠤᠢ ᠶᠢᠨ ᠨᠡᠮᠡᠭᠳᠡᠯ ᠤᠨ ᠴᠡᠭ ᠢ 5 ᠰᠢᠨ᠎ᠡ ᠪᠠᠷ ᠨᠡᠮᠡᠭᠳᠡᠭᠦᠯᠵᠦ᠂ ᠪᠥᠬᠦ ᠬᠤᠰᠢᠭᠤᠨ ᠤ ᠠᠵᠤ | ᠦᠢᠯᠡᠳᠪᠦᠷᠢ ᠶᠢᠨ ᠠᠵᠤ ᠠᠬᠤᠢ ᠶᠢᠨ ᠳᠡᠪᠢᠰᠭᠡᠷ ᠥᠩᠭᠡ ᠶᠢ ᠨᠠᠩ ᠭᠡᠭᠡᠨ ᠪᠣᠯᠭᠠᠵᠤ᠂ ᠴᠢᠨᠠᠷ ᠴᠢᠨᠰᠠᠭ᠎ᠠ ᠶᠢ ᠨᠠᠩ ᠰᠠᠶᠢᠨ | ᠪᠣᠯᠭᠠᠨ᠎ᠠ᠃ ᠠᠭᠤᠷᠬᠠᠢ ᠶᠢᠨ ᠦᠢᠯᠡᠰ ᠤᠨ ᠠᠵᠤ ᠠᠬᠤᠢ ᠶᠢᠨ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠨᠡᠮᠡᠭᠳᠡᠭᠦᠯᠬᠦ ᠶᠢ | ᠠᠭᠢᠭᠤᠯᠵᠦ᠂ ᠠᠭᠤᠷᠬᠠᠢ ᠶᠢᠨ ᠠᠵᠤ ᠠᠬᠤᠶᠢᠯᠠᠯ ᠤᠨ ᠬᠦᠴᠢᠷᠳᠡᠯ ᠲᠠᠢ ᠠᠰᠠᠭᠤᠳᠠᠯ ᠢ ᠲᠥᠪᠯᠡᠷᠡᠭᠦᠯᠦᠨ ᠰᠢᠪᠲᠤᠯᠵᠤ᠂ ᠶᠢᠨ | ᠰᠢᠩ᠂ ᠳ᠋ᠦᠩ ᠱᠧᠩ ᠠᠭᠤᠷᠬᠠᠢ ᠶᠢᠨ ᠦᠢᠯᠡᠰ ᠤᠨ ᠮᠡᠷᠭᠡᠵᠢᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ | ᠵᠦᠢᠯ ᠤᠨ ᠠᠰᠢᠭᠯᠠᠯᠲᠠ ᠳᠤ ᠣᠷᠣᠬᠤ ᠶᠢ ᠬᠦᠴᠦᠯᠡᠨ ᠠᠬᠢᠭᠤᠯᠵᠤ᠂ ᠬᠤᠤ ᠤᠪᠤᠭᠲᠤ᠂ ᠸᠧᠨ ᠦ᠋᠂ ᠰᠢᠨ ᠲᠠᠢ᠂ ᠶᠢᠨ ᠳ᠋ᠦ᠋ | ᠂ ᠢᠩᠲᠦ ᠠᠭᠤᠷᠬᠠᠢ ᠶᠢᠨ ᠦᠢᠯᠡᠰ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠳ᠋ᠧ ᠹᠠ᠂ ᠵᠦ ᠶᠤᠸᠠᠨ ᠠᠭᠤᠷᠬᠠᠢ ᠶᠢᠨ | ᠦᠢᠯᠡᠰ ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠲᠦᠷᠭᠡᠳᠬᠡᠨ ᠪᠡᠶᠡᠯᠡᠭᠦᠯᠵᠦ᠂ ᠤᠯᠢᠶᠠᠰᠦᠲᠠᠢ ᠶᠢᠨ ᠯᠢᠲ᠋ᠢ ᠴᠠᠭᠠᠨ | ᠲᠤᠭᠤᠯᠭ᠎ᠠ ᠪᠣᠯᠣᠨ ᠶᠢᠨ ᠳ᠋ᠦ᠋ ᠶᠢᠨ ︽ᠵᠤᠸᠠᠨ ᠰᠢᠨ ᠬᠤ᠋︾ ᠶᠢᠨ ᠴᠠᠭᠠᠨ ᠲᠤᠭᠤᠯᠭ᠎ᠠ ᠵᠡᠰ ᠢᠶᠠᠷ ᠭᠤᠤᠯᠯᠠᠭᠰᠠᠨ | ᠲᠡᠮᠦᠷᠯᠢᠭ ᠤᠨ ᠠᠭᠤᠷᠬᠠᠢ ᠶᠢ ᠬᠠᠶᠢᠨ ᠰᠢᠨᠵᠢᠯᠡᠬᠦ ᠠᠴᠠ ᠮᠠᠯᠲᠠᠬᠤ ᠠᠬᠢᠴᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠺᠣᠮᠫᠠᠨᠢ ᠶᠢ ᠵᠣᠬᠢᠶᠠᠨ ᠪᠠᠶᠢᠭᠤᠯᠬᠤ ᠪᠠ ᠣᠲᠣ ᠶᠢᠨ | ᠪᠠᠶᠢᠭ᠎ᠠ 107 ᠠᠭᠤᠷᠬᠠᠢ ᠬᠠᠶᠢᠬᠤ ᠡᠷᠬᠡ ᠶᠢ ᠭᠦᠨᠵᠡᠭᠡᠢ ᠬᠠᠶᠢᠨ ᠪᠠᠶᠢᠴᠠᠭᠠᠬᠤ ᠠᠵᠢᠯ ᠢ ᠵᠡᠷᠭᠡ ᠳᠤᠨᠢ ᠰᠠᠶᠢᠲᠤᠷ ᠬᠢᠵᠦ᠂ | ᠯᠢᠲ᠋ᠢ ᠶᠢᠨ ᠴᠠᠬᠢᠯᠭᠠᠨ ᠤ ︽ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ︾ ᠠᠵᠤ ᠦᠢᠯᠡᠰ ᠤᠨ ᠬᠦᠷᠢᠶᠡᠯᠡᠩ | ᠲᠣᠭᠤᠷᠢᠭ ᠤᠨ ᠲᠥᠷᠥᠯ ᠵᠦᠢᠯ ᠢ ᠪᠣᠳᠠᠲᠠᠶᠢᠵᠢᠭᠤᠯᠤᠨ ᠠᠵᠢᠯ ᠡᠬᠢᠯᠡᠭᠦᠯᠬᠦ ᠶᠢ ᠬᠦᠴᠦᠯᠡᠨ ᠠᠬᠢᠭᠤᠯᠵᠤ᠂ ᠵᠥᠩ ᠶᠢ ᠶᠢᠨ | ᠳᠡᠳ᠋ ᠴᠠᠶᠢᠷ ᠤᠨ ᠢᠰᠦᠯ ᠤᠨ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠣᠲᠣ ᠶᠢᠨ | ᠪᠠᠶᠢᠭ᠎ᠠ ᠠᠭᠤᠷᠬᠠᠢ ᠶᠢᠨ ᠠᠵᠤ ᠠᠬᠤᠶᠢᠯᠠᠯ ᠤᠨ ᠡᠬᠢ ᠪᠠᠶᠠᠯᠢᠭ ᠤᠨ ᠪᠠᠭᠤᠷᠠᠯᠳᠠ ᠶᠢᠨ ᠳᠠᠷᠤᠯᠲᠠ ᠶᠢ ᠪᠦᠲᠦᠮᠵᠢᠲᠡᠶ ᠪᠠᠷ | ᠲᠤᠯᠵᠤ᠂ ᠠᠭᠤᠷᠬᠠᠢ ᠶᠢᠨ ᠠᠵᠤ ᠠᠬᠤᠢ ᠶᠢᠨ ᠰᠦᠷ ᠭᠦᠴᠦᠨ ᠢ ᠳᠠᠬᠢᠨ ᠮᠠᠨᠳᠤᠭᠤᠯᠤᠨ᠎ᠠ᠃ ᠰᠢᠨ᠎ᠡ ᠡᠨᠧᠷᠭᠢ ᠶᠢᠨ | ᠰᠤᠷᠪᠤᠯᠵᠢ ᠶᠢᠨ ᠡᠬᠢ ᠰᠤᠷᠪᠤᠯᠵᠢ ᠴᠠᠬᠢᠯᠭᠠᠨ ᠲᠤᠤᠷᠵᠢᠯ ᠴᠡᠨᠡᠭ ᠡᠨᠧᠷᠭᠢ ᠬᠠᠳᠠᠭᠠᠯᠠᠬᠤ ᠶᠢ ᠨᠢᠭᠡ ᠴᠣᠭᠴᠠᠵᠢᠭᠤᠯᠤᠨ | ᠬᠥᠭᠵᠢᠭᠦᠯᠬᠦ ᠶᠢ ᠠᠬᠢᠭᠤᠯᠵᠤ᠂ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢᠨ ᠲᠣᠭᠤᠷᠢᠨ ᠳᠤ᠂ ᠡᠬᠢ ᠰᠤᠷᠪᠤᠯᠵᠢ | ᠴᠠᠬᠢᠯᠭᠠᠨ ᠲᠤᠤᠷᠵᠢᠯ ᠴᠡᠨᠡᠭ ᠡᠨᠧᠷᠭᠢ ᠬᠠᠳᠠᠭᠠᠯᠠᠬᠤ᠂ ᠬᠦᠷᠢᠶᠡᠯᠡᠩ ᠲᠣᠭᠤᠷᠢᠭ ᠤᠨ ᠪᠤᠭᠢᠷᠲᠦᠯ ᠦᠬᠡᠢ ᠴᠠᠬᠢᠯᠭᠠᠨ᠂ | ᠢᠯᠴᠢ ᠶᠢᠨ ᠴᠠᠬᠢᠯᠭᠠᠨ ᠤ ᠠᠮᠢᠳᠤᠯᠢᠭ ᠴᠢᠨᠠᠷ ᠤᠨ ᠥᠭᠡᠷᠡᠴᠢᠯᠡᠯᠲᠡ᠂ ᠰᠠᠯᠭᠢ ᠭᠡᠷᠡᠯ ᠢᠶᠠᠷ ᠤᠰᠤᠲᠥ᠋ᠷᠥᠭᠴᠢ ᠦᠢᠯᠡᠳᠬᠦ | ᠵᠡᠷᠭᠡ ᠤᠯᠠᠨ ᠲᠠᠯᠠᠪᠤᠷ ᠤᠨ ᠬᠡᠷᠡᠭᠯᠡᠯᠲᠡ ᠶᠢ ᠲᠦᠷᠭᠡᠪᠴᠢᠯᠡᠨ ᠲᠥᠯᠥᠪᠯᠡᠨ ᠠᠬᠢᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ | ᠬᠢᠭᠡᠳ ᠲᠡᠮᠦᠷᠯᠢᠭ ᠪᠣᠯᠪᠠᠰᠤᠷᠠᠭᠤᠯᠬᠤ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠤᠨ ᠬᠤᠯᠪᠣᠯᠳᠤᠨ | ᠬᠥᠭᠵᠢᠬᠦ ᠶᠢ ᠲᠦᠯᠬᠢᠨ ᠠᠬᠢᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠤ | ᠡᠴᠦᠰ ᠪᠣᠯᠬᠤ ᠳᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠤᠯᠠᠨ ᠲᠠᠯᠠᠪᠤᠷ ᠤᠨ ᠬᠡᠷᠡᠭᠯᠡᠯᠲᠡ ᠶᠢᠨ ᠬᠡᠪᠴᠢᠶ᠎ᠡ ᠶᠢ 500 | ᠲᠦᠮᠡᠨ ᠺᠢᠯᠣᠸᠠᠲ ᠲᠤ ᠬᠦᠷᠭᠡᠨ᠎ᠡ᠃ ᠬᠤᠯᠠᠨ ᠰᠢᠷᠭ᠎ᠠ ᠳᠠᠭ᠎ᠠ ᠶᠢᠨ ᠣᠷᠣᠨ ᠪᠦᠰᠡ ᠶᠢᠨ ᠰᠢᠨ᠎ᠡ ᠡᠨᠧᠷᠭᠢ ᠶᠢᠨ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠲᠦᠷᠭᠡᠳᠬᠡᠨ ᠠᠬᠢᠭᠤᠯᠵᠤ᠂ ᠳᠠᠷᠤᠢ ᠲᠦᠷᠭᠡᠨ ᠪᠦᠬᠦ ᠬᠤᠰᠢᠭᠤᠨ | ᠤ ᠤᠲᠦ ᠪᠠᠶᠢᠭ᠎ᠠ 2000 ᠲᠦᠮᠡᠨ ᠺᠢᠯᠣᠸᠠᠲ ᠣᠷᠴᠢᠮ ᠤᠨ ᠰᠢᠨ᠎ᠡ ᠡᠨᠧᠷᠭᠢ ᠶᠢᠨ ᠬᠥᠭᠵᠢᠯᠲᠡ ᠶᠢᠨ ᠲᠥᠯᠥᠪᠵᠢᠭᠦᠯᠭᠡ | ᠲᠠᠢ ᠤᠶᠠᠯᠳᠤᠭᠤᠯᠤᠨ ᠰᠢᠰᠲ᠋ᠧᠮ ᠲᠠᠢ᠂ ᠪᠦᠬᠦᠯᠢ ᠴᠣᠭᠴᠠ ᠪᠠᠷ ᠪᠠᠶᠢᠷᠢᠰᠢᠭᠤᠯᠤᠨ᠎ᠠ᠃ ᠰᠢᠩ ᠯᠦᠩ ᠤᠨ 20 ᠲᠦᠮᠡᠨ | ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ᠂ ᠳ᠋ᠠ ᠲᠠᠩ ᠤᠨ ᠥᠪᠡᠷᠲᠡᠭᠡᠨ ᠪᠡᠯᠡᠳᠬᠡᠭᠰᠡᠨ ᠴᠠᠬᠢᠯᠭᠠᠨ ᠤ | ᠦᠢᠯᠡᠳᠪᠦᠷᠢ ᠶᠢᠨ ᠨᠢᠭᠡᠳᠦᠭᠡᠷ ᠬᠤᠭᠤᠴᠠᠭᠠᠨ ᠤ ᠳᠠᠬᠢᠨ ᠡᠭᠦᠰᠴᠦ ᠪᠣᠯᠬᠤ ᠡᠨᠧᠷᠭᠢ ᠶᠢᠨ ᠤᠷᠤᠯᠠᠯᠳᠠ ᠪᠠ ᡁᠢ ᠿᠦᠢ ᠶᠢᠨ | 120 ᠲᠦᠮᠡᠨ ᠺᠢᠯᠣᠸᠠᠲ ᠤᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠵᠡᠷᠭᠡ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠵᠢᠱᠢᠭᠰᠡᠨ ᠬᠠᠷᠠᠯᠳᠠ ᠶᠢ ᠪᠡᠶᠡᠯᠡᠭᠦᠯᠬᠦ ᠶᠢ ᠬᠦᠴᠦᠯᠡᠨ ᠠᠬᠢᠭᠤᠯᠵᠤ᠂ ᠶᠡᠷᠦᠩᠬᠡᠢ ᠬᠡᠪᠴᠢᠶ᠎ᠡ | ᠨᠢ 430 ᠲᠦᠮᠡᠨ ᠺᠢᠯᠣᠸᠠᠲ ᠤᠨ ᠰᠠᠯᠭᠢ ᠬᠡᠷᠡᠯ ᠤᠰᠤᠲᠥ᠋ᠷᠥᠭᠴᠢ ᠢᠯᠴᠢ ᠨᠥᠭᠡᠴᠡ ᠶᠢ ᠨᠢᠭᠡ ᠴᠣᠭᠴᠠᠵᠢᠭᠤᠯᠤᠭᠰᠠᠨ | ᠰᠢᠨ᠎ᠡ ᠡᠨᠧᠷᠭᠢ ᠶᠢᠨ ᠵᠠᠭᠤᠨ ᠲᠦᠮᠡᠨ ᠺᠢᠯᠣᠸᠠᠲ ᠤᠨ 3 ᠰᠠᠭᠤᠷᠢᠨ ᠭᠠᠵᠠᠷ ᠢ ᠥᠪᠡᠷᠲᠡᠭᠡᠨ ᠵᠠᠰᠠᠬᠤ ᠣᠷᠣᠨ ᠤ | ᠡᠨᠧᠷᠭᠢ ᠶᠢᠨ ᠲᠣᠪᠴᠢᠶ᠎ᠠ ᠶᠢᠨ ᠴᠣᠬᠤᠯᠠᠪᠤᠷᠢ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠸᠠᠨ ᠾᠧ ᠶᠦᠩ᠂ ᠲᠦᠩ ᠰᠢᠩ | ᠂ ᠪᠢᠷᠠᠭᠤ ᠵᠡᠷᠭᠡ 440 ᠲᠦᠮᠡᠨ ᠺᠢᠯᠣᠸᠠᠲ ᠤᠨ ᠶᠡᠷᠦᠩᠬᠡᠢ ᠮᠠᠰᠢᠨ ᠴᠣᠭᠴᠠᠯᠠᠪᠤᠷᠢ ᠶᠢᠨ ᠬᠡᠪᠴᠢᠶ᠎ᠡ ᠲᠠᠢ 3 ᠤᠰᠤ | ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ ᠲᠥᠷᠥᠯ ᠵᠦᠢᠯ ᠢ ᠤᠯᠤᠰ ᠤᠨ ᠬᠥᠭᠵᠢᠯᠲᠡ ᠶᠢᠨ | ᠲᠥᠯᠦᠪᠵᠢᠭᠦᠯᠭᠡ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠮᠢᠳᠤ ᠪᠣᠳᠠᠰ ᠤᠨ ᠨᠡᠶᠢᠯᠡᠯᠭᠡ ᠪᠠᠷ | ᠪᠦᠲᠦᠭᠡᠭᠰᠡᠨ ᠬᠦᠷᠦᠩᠭᠡ ᠶᠢᠨ ᠤᠭᠤᠷᠠᠭ᠂ ᠰᠢᠨ᠎ᠡ ᠡᠨᠧᠷᠭᠢ ᠪᠠᠷ ᠤᠰᠤᠲᠥ᠋ᠷᠥᠭᠴᠢ ᠦᠢᠯᠡᠳᠬᠦ᠂ ᠬᠦᠷᠮᠡᠨ ᠴᠢᠯᠠᠭᠤᠯᠢᠭ ᠤᠨ | ᠲᠠᠲᠠᠮᠠᠯ ᠰᠢᠷᠬᠡᠭ ᠵᠡᠷᠭᠡ ᠲᠠᠯᠠᠪᠤᠷ ᠤᠨ ᠬᠡᠷᠡᠭᠯᠡᠭᠡᠨ ᠤ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ | ᠲᠦᠷᠭᠡᠳᠬᠡᠵᠦ᠂ 50 ᠲᠦᠮᠡᠨ ᠬᠦᠴᠦᠳᠡᠯ ᠥᠭᠡᠷᠡᠴᠢᠯᠡᠬᠦ ᠦᠷᠳᠡᠭᠡ ᠶᠢᠨ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠵᠡᠷᠭᠡᠪᠡᠷ ᠲᠡᠮᠡᠴᠡᠨ ᠣᠯᠬᠤ ᠪᠠ ᠠᠬᠢᠭᠤᠯᠵᠤ᠂ ︽ᠳᠣᠲᠣᠭᠠᠳᠤ ᠳᠠᠭᠠᠨ ᠥᠷᠭᠡᠳᠬᠡᠨ ᠭᠠᠳᠠᠭᠠᠳᠤ ᠲᠠᠢ | ᠬᠤᠯᠪᠣᠭᠠᠯᠠᠬᠤ︾ ᠰᠢᠨ᠎ᠡ ᠡᠨᠧᠷᠭᠢ ᠶᠢᠨ ᠬᠥᠭᠵᠢᠯᠲᠡ ᠶᠢᠨ ᠶᠡᠭᠡ ᠪᠠᠶᠢᠷᠢᠰᠢᠯ ᠢ ᠠᠯᠬᠤᠮ ᠠᠯᠬᠤᠮ ᠢᠶᠠᠷ ᠪᠠᠶᠢᠭᠤᠯᠤᠨ᠎ᠠ᠃ | ᠬᠢᠮᠢ ᠶᠢᠨ ᠠᠵᠤ ᠦᠢᠯᠡᠳᠪᠦᠷᠢ ᠶᠢᠨ ᠰᠠᠭᠤᠷᠢ ᠶᠢ ᠪᠠᠬᠢᠵᠢᠭᠦᠯᠵᠦ ᠰᠠᠭᠤᠷᠢ ᠶᠢ ᠤᠷᠲᠤᠳᠬᠠᠨ ᠬᠡᠯᠬᠢᠶ᠎ᠡ ᠶᠢ ᠤᠷᠲᠤᠳᠬᠠᠬᠤ ᠶᠢ | ᠠᠬᠢᠭᠤᠯᠵᠤ᠂ ᠳ᠋ᠠ ᠲᠠᠩ ᠤᠨ ᠨᠡᠭᠦᠷᠡᠰᠦ ᠶᠢ ᠭᠡᠶᠢᠵᠢᠭᠦᠯᠬᠦ ᠲᠦᠭᠦᠬᠡᠢ ᠮᠠᠲ᠋ᠧᠷᠢᠶᠠᠯ ᠤᠨ ᠨᠡᠭᠦᠷᠡᠰᠦᠨ ᠤ ᠬᠠᠩᠭᠠᠯᠭ᠎ᠠ | ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠰᠢᠨ ᠰᠢᠩ ᠨᠡᠭᠦᠷᠡᠰᠦᠨ | ᠠᠭᠤᠷᠬᠠᠢ ᠶᠢᠨ ᠨᠡᠭᠡᠭᠡᠨ ᠬᠥᠭᠵᠢᠭᠦᠯᠦᠯᠲᠡ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳ᠋ᠠ ᠲᠠᠩ ᠤᠨ | ᠨᠡᠭᠦᠷᠡᠰᠦ ᠶᠢ ᠭᠡᠶᠢᠵᠢᠭᠦᠯᠬᠦⅡᠰᠢᠷᠢᠰ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠬᠢᠮᠢ ᠶᠢᠨ ᠠᠵᠤ | ᠦᠢᠯᠡᠳᠪᠦᠷᠢ ᠶᠢᠨ ᠬᠥᠭᠵᠢᠯᠲᠡ ᠶᠢᠨ ᠰᠠᠭᠤᠷᠢ ᠶᠢ ᠦᠨᠡᠨᠬᠦ ᠪᠠᠲᠤᠳᠬᠠᠵᠤ᠂ ᠡᠴᠦᠰ ᠤᠨ ᠦᠢᠯᠡᠳᠬᠦᠨ ᠢ ᠨᠡᠭᠡᠭᠡᠨ | ᠬᠥᠭᠵᠢᠭᠦᠯᠬᠦ ᠲᠦᠷᠦᠯ ᠵᠦᠢᠯ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢᠨ ᠲᠠᠲᠠᠬᠤ ᠬᠦᠴᠦᠨ ᠢ ᠪᠦᠲᠦᠮᠵᠢᠲᠡᠢ | ᠨᠡᠮᠡᠭᠳᠡᠭᠦᠯᠦᠨ᠎ᠡ᠃ ᠬᠦᠷᠢᠶᠡᠯᠡᠩ ᠲᠣᠭᠤᠷᠢᠭ ᠤᠨ ᠲᠠᠪᠴᠠᠩ ᠢ ᠲᠡᠭᠦᠯᠳᠡᠷᠵᠢᠭᠦᠯᠦᠨ ᠳᠡᠭᠡᠭᠰᠢᠯᠡᠭᠦᠯᠬᠦ ᠶᠢ ᠠᠬᠢᠭᠤᠯᠵᠤ᠂ ︽ | ᠨᠢᠭᠡ ᠲᠣᠭᠤᠷᠢᠭ ᠣᠯᠠᠨ ᠬᠦᠷᠢᠶᠡᠯᠡᠩ︾ ᠤᠨ ᠶᠡᠷᠦᠩᠬᠡᠢ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠬᠦᠷᠢᠶᠡᠯᠡᠩ | ᠲᠣᠭᠤᠷᠢᠭ ᠤᠨ ᠪᠦᠬᠦᠯᠢ ᠴᠣᠭᠴᠠ ᠶᠢᠨ ᠳᠠᠭᠠᠭᠠᠬᠤ ᠴᠢᠳᠠᠪᠤᠷᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠦᠷᠭᠡᠳᠬᠡᠨ | ᠳᠡᠭᠡᠭᠰᠢᠯᠡᠭᠦᠯᠵᠦ᠂ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ | ᠪᠠᠶᠢᠰᠢᠩ ᠤᠨ ᠬᠤᠶᠠᠳᠤᠭᠠᠷ ᠬᠤᠭᠤᠴᠠᠭ᠎ᠠ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ | ᠬᠦᠷᠢᠶᠡᠯᠡᠩ ᠲᠣᠭᠤᠷᠢᠭ ᠤᠨ ᠰᠠᠭᠤᠷᠢ ᠲᠦᠭᠦᠭᠡᠷᠦᠮᠵᠢ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠡᠬᠢᠯᠡᠭᠦᠯᠦᠨ ᠬᠡᠷᠡᠭᠵᠢᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ | ᠬᠤᠶᠠᠳᠤᠭᠠᠷ ᠬᠤᠭᠤᠴᠠᠭ᠎ᠠ᠂ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠲᠦᠭᠦᠭᠡᠷᠦᠮᠵᠢ ᠶᠢ ᠳᠡᠭᠡᠭᠰᠢᠯᠡᠭᠦᠯᠦᠨ | ᠲᠡᠭᠦᠯᠳᠡᠷᠵᠢᠭᠦᠯᠬᠦ ᠵᠡᠷᠭᠡ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠦᠨᠡᠨᠬᠦ | ᠪᠠᠲᠤᠯᠠᠵᠤ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠥᠪᠡᠷᠲᠡᠭᠡᠨ ᠵᠠᠰᠠᠬᠤ ᠣᠷᠣᠨ ᠢᠶᠠᠷ ᠪᠠᠲᠤᠯᠠᠨ | ᠲᠤᠭᠲᠠᠭᠠᠯᠭᠠᠬᠤ ᠪᠠᠷ ᠴᠢᠷᠮᠠᠶᠢᠨ᠎ᠠ᠃ | — — ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢ ᠪᠦᠬᠦ ᠲᠠᠯ᠎ᠠ ᠪᠠᠷ | ᠠᠬᠢᠭᠤᠯᠤᠨ᠎ᠠ᠃ ᠬᠢᠵᠢᠭ ᠤᠨ ᠰᠡᠭᠦᠯᠴᠢ ᠶᠢᠨ ᠬᠤᠭᠤᠴᠠᠭᠠᠨ ᠤ ᠦᠢᠯᠡᠴᠢᠯᠡᠭᠡᠨ ᠤ ᠦᠢᠯᠡᠰ ᠲᠤ ᠲᠤᠯᠭᠠᠷᠠᠵᠤ ᠪᠠᠶᠢᠭ᠎ᠠ | ᠰᠢᠨ᠎ᠡ ᠪᠠᠶᠢᠳᠠᠯ᠂ ᠰᠢᠨ᠎ᠡ ᠡᠭᠦᠷᠭᠡ ᠶᠢ ᠣᠨᠣᠪᠴᠢᠲᠠᠶ ᠡᠵᠡᠮᠳᠡᠵᠦ᠂ ᠬᠤᠪᠢᠰᠤᠯᠲᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠨ | ᠂ ᠬᠤᠪᠢᠰᠤᠯᠲᠠ ᠶᠢ ᠬᠥᠲᠥᠯᠥᠨ ᠳᠠᠭᠠᠭᠤᠯᠵᠤ᠂ ︽ᠵᠢᠭᠤᠯᠴᠢᠯᠠᠯ ᠢᠶᠠᠷ ᠬᠤᠰᠢᠭᠤ ᠪᠠᠨ ᠴᠤᠭᠴᠠᠯᠠᠬᠤ︾ ︽ | ᠦᠢᠯᠡᠴᠢᠯᠡᠭᠡ ᠪᠠᠷ ᠬᠤᠰᠢᠭᠤ ᠪᠠᠨ ᠮᠠᠨᠳᠤᠭᠤᠯᠬᠤ︾ ᠡᠯ᠎ᠡ ᠲᠥᠷᠥᠯ ᠤᠨ ᠬᠥᠭᠵᠢᠯᠲᠡ ᠶᠢᠨ ᠠᠷᠭ᠎ᠠ ᠬᠡᠮᠵᠢᠶ᠎ᠡ ᠶᠢ ᠥᠴᠥᠬᠡᠨ | ᠴᠦ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ | ᠪᠦᠬᠦᠯᠢ ᠴᠣᠭᠴᠠ ᠶᠢᠨ ᠳᠡᠭᠡᠭᠰᠢᠯᠡᠯᠲᠡ᠂ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠤᠨ᠎ᠠ᠃ ᠪᠥᠬᠦ ᠣᠷᠣᠨ | ᠪᠦᠰᠡ ᠶᠢᠨ ᠵᠢᠭᠤᠯᠴᠢᠯᠠᠯ ᠤᠨ ᠬᠡᠪ ᠵᠢᠱᠢᠶᠡᠴᠢ ᠬᠤᠰᠢᠭᠤ ᠢ ᠬᠦᠴᠦᠯᠡᠨ ᠴᠣᠭᠴᠠᠯᠠᠵᠤ᠂ ᠳᠤᠮᠳᠠᠳᠤ ᠭᠠᠳᠠᠭᠠᠳᠤ ᠳᠤ ᠨᠡᠷ᠎ᠡ | ᠠᠯᠳᠠᠷᠰᠢᠭᠰᠠᠨ ᠣᠨᠴᠠᠯᠢᠭᠲᠤ ᠰᠣᠶᠣᠯ ᠤᠨ ᠵᠢᠭᠤᠯᠴᠢᠯᠠᠯ ᠪᠠ ᠠᠮᠢ ᠠᠬᠤᠢ ᠶᠢᠨ ᠰᠡᠯᠡᠭᠦᠴᠡᠯ ᠠᠮᠠᠷᠠᠯᠲᠠ ᠶᠢᠨ ᠰᠠᠭᠤᠷᠢᠨ | ᠭᠠᠵᠠᠷ ᠢ ᠪᠦᠲᠦᠭᠡᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ︽ᠶᠡᠭᠡ ᠪᠠᠷ ᠵᠢᠷᠤᠮᠵᠢᠭᠤᠯᠬᠤ᠂ ᠶᠡᠭᠡ ᠪᠠᠷ ᠡᠮᠬᠢᠳᠬᠡᠬᠦ᠂ | ᠶᠡᠭᠡ ᠪᠠᠷ ᠰᠠᠶᠢᠵᠢᠷᠠᠭᠤᠯᠬᠤ︾ ᠢᠨᠵᠧᠨᠧᠷᠢᠩ ᠢ ᠰᠢᠰᠲ᠋ᠧᠮ ᠲᠠᠢ ᠬᠡᠷᠡᠭᠵᠢᠭᠦᠯᠵᠦ᠂ ᠵᠢᠯ ᠤᠨ ᠳᠣᠲᠣᠷ᠎ᠠ 13.58 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠵᠢᠭᠤᠯᠴᠢᠯᠠᠯ ᠤᠨ ᠨᠡᠭᠡᠭᠡᠨ | ᠬᠥᠭᠵᠢᠭᠦᠯᠦᠯᠲᠡ ᠪᠠ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ ᠳᠡᠭᠡᠭᠰᠢᠯᠡᠭᠦᠯᠬᠦ ᠵᠦᠢᠯᠡᠰ ᠤᠨ 24 ᠲᠥᠷᠥᠯ | ᠵᠦᠢᠯ ᠢ ᠲᠥᠯᠥᠪᠯᠡᠨ ᠬᠡᠷᠡᠭᠵᠢᠭᠦᠯᠦᠨ᠎ᠡ᠃ ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ | ᠣᠷᠣᠨ ᠢ ᠡᠭᠦᠳᠦᠨ ᠪᠠᠶᠢᠭᠤᠯᠬᠤ ᠪᠠ ᠪᠥᠬᠦ ᠬᠤᠲᠠ ᠶᠢᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠴᠢᠨᠠᠷ ᠰᠠᠶᠢᠲᠠᠢ | ᠬᠥᠭᠵᠢᠯᠲᠡ ᠶᠢᠨ ᠬᠤᠷᠠᠯ ᠢ ᠳᠠᠭᠠᠭᠠᠨ ᠡᠷᠭᠢᠯᠡᠬᠦ ᠠᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠤᠯᠠᠭᠠᠨᠪᠤᠲᠤᠩ ᠤᠨ | ᠭᠦᠩᠵᠦ ᠶᠢᠨ ᠨᠠᠭᠤᠷ ᠤᠨ ᠲᠠᠯ᠎ᠠ ᠨᠤᠲᠤᠭ ᠤᠨ ᠠᠮᠠᠷᠠᠯᠲᠠ ᠶᠢᠨ ᠣᠷᠣᠨ᠂ ᠨᠢᠴᠦᠭᠦᠨ ᠲᠣᠷᠪᠢᠯ ᠠᠭᠤᠯᠠ ᠶᠢᠨ | ᠵᠢᠭᠤᠯᠴᠢᠯᠠᠯ ᠤᠨ ᠭᠤᠷᠪᠠᠳᠤᠭᠠᠷ ᠬᠤᠭᠤᠴᠠᠭ᠎ᠠ᠂ ᠠᠰᠬᠠᠲᠤ ᠶᠢᠨ ᠴᠢᠯᠠᠭᠤᠨ ᠣᠶ ᠶᠢᠨ ᠦᠵᠡᠮᠵᠢ ᠶᠢᠨ ᠣᠷᠣᠨ ᠤ ᠪᠠᠷᠠᠭᠤᠨ | ᠡᠭᠦᠳᠡᠨ ᠤ ᠦᠢᠯᠡᠴᠢᠯᠡᠭᠡᠨ ᠤ ᠣᠷᠣᠨ᠂ ᠰᠢᠷᠠᠮᠦ᠋ᠷᠡᠨ ᠤ ᠶᠡᠭᠡ ᠬᠠᠪᠴᠢᠯ ᠤᠨ ᠦᠵᠡᠮᠵᠢ ᠶᠢᠨ ᠣᠷᠣᠨ ᠢ ᠨᠡᠭᠡᠭᠡᠨ | ᠬᠥᠭᠵᠢᠭᠦᠯᠬᠦ᠂ ᠬᠤᠩᠭᠤ ᠶᠢᠨ ᠳᠠᠪᠠᠭ᠎ᠠ ᠶᠢᠨ ᠦᠵᠡᠮᠵᠢ ᠶᠢᠨ ᠣᠷᠣᠨ ᠢ ᠥᠭᠡᠷᠡᠴᠢᠯᠡᠨ ᠰᠠᠶᠢᠵᠢᠷᠠᠭᠤᠯᠬᠤ ᠵᠡᠷᠭᠡ | ᠵᠢᠭᠤᠯᠴᠢᠯᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠨᠢᠴᠦᠭᠦᠨ ᠲᠣᠷᠪᠢᠯ | ᠠᠭᠤᠯᠠ᠂ ᠬᠤᠰᠤᠲᠤ ᠬᠦᠷᠢᠶ᠎ᠡ ᠵᠡᠷᠭᠡ ᠵᠢᠭᠤᠯᠴᠢᠯᠠᠯ ᠤᠨ ᠦᠵᠡᠮᠵᠢ ᠶᠢᠨ ᠣᠷᠣᠨ ᠢ A ᠳᠡᠰ ᠲᠤ ᠳᠡᠪᠰᠢᠭᠦᠯᠬᠦ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠰᠬᠠᠲᠤ ᠶᠢᠨ ᠴᠢᠯᠠᠭᠤᠨ ᠣᠶ᠂ ᠲᠡᠯᠡᠶ ᠨᠠᠭᠤᠷ᠂ ᠰᠢᠷᠠᠮᠥ᠋ᠷᠡᠨ ᠤ ᠶᠡᠭᠡ ᠬᠠᠪᠴᠢᠯ | ᠂ ᠤᠯᠠᠭᠠᠨᠪᠤᠲᠤᠩ ᠵᠡᠷᠭᠡ 4 ᠲᠣᠮᠣ ᠦᠵᠡᠮᠵᠢ ᠶᠢᠨ ᠣᠷᠣᠨ ᠤ ᠰᠦᠷᠦᠭᠵᠢᠯ ᠢ ᠡᠮᠬᠢᠳᠬᠡᠨ ᠴᠣᠭᠴᠠᠯᠠᠵᠤ᠂ ᠵᠢᠭᠤᠯᠴᠢᠯᠠᠯ ᠤᠨ | ᠡᠬᠢ ᠪᠠᠶᠠᠯᠢᠭ᠂ ᠪᠡᠯᠡ ᠣᠷᠣᠭᠤᠯᠤᠯᠲᠠ ᠶᠢᠨ ᠠᠰᠢᠭ ᠣᠷᠣᠯᠭ᠎ᠠ ᠶᠢᠨ ᠪᠤᠲᠠᠷᠬᠠᠢ ᠪᠠᠶᠢᠬᠤ ᠠᠰᠠᠭᠤᠳᠠᠯ ᠢ ᠪᠦᠲᠦᠮᠵᠢᠲᠡᠶ | ᠰᠢᠢᠳᠪᠦᠷᠢᠯᠡᠨ᠎ᠡ᠃ ᠳᠤᠮᠳᠠᠳᠤ ᠤᠯᠤᠰ ᠤᠨ ᠤᠮᠠᠷᠠᠲᠤ ᠬᠢᠯᠢ ᠶᠢᠨ ᠦᠵᠡᠮᠵᠢ ᠶᠢᠨ ᠶᠡᠭᠡ ᠵᠠᠮ ᠤᠨ ᠪᠦᠲᠦᠭᠡᠨ | ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠵᠢᠯ ᠤᠨ ᠳᠣᠲᠣᠷ᠎ᠠ 242.5 ᠺᠢᠯᠣᠮᠧᠲᠷ ᠵᠢᠭᠤᠯᠴᠢᠯᠠᠯ ᠤᠨ ᠵᠠᠰᠠᠮᠠᠯ | ᠵᠠᠮ ᠢ ᠥᠭᠡᠷᠡᠴᠢᠯᠡᠨ ᠰᠠᠶᠢᠵᠢᠷᠠᠭᠤᠯᠵᠤ᠂ 9 ᠥᠷᠲᠡᠭᠡ᠂ 10 ᠪᠠᠭᠤᠴᠠ᠂ ᠡᠯ᠎ᠡ ᠲᠥᠷᠥᠯ ᠤᠨ ᠰᠣᠶᠣᠯ ᠵᠢᠭᠤᠯᠴᠢᠯᠠᠯ ᠤᠨ | ᠭᠤᠣᠯ ᠰᠡᠳᠦᠪᠲᠦ 6 ᠬᠦᠷᠢᠶᠡᠯᠡᠩ ᠢ ᠰᠢᠨ᠎ᠡ ᠪᠠᠷ ᠪᠠᠶᠢᠭᠤᠯᠵᠤ᠂ ᠤᠮᠠᠷᠠᠲᠤ ᠬᠢᠯᠢ ᠶᠢᠨ ᠦᠵᠡᠮᠵᠢ ᠶᠢᠨ ᠶᠡᠭᠡ ᠵᠠᠮ ᠢ | ᠬᠡᠰᠢᠭᠲᠡᠨ ᠬᠤᠰᠢᠭᠤᠨ ᠤ ᠰᠣᠳᠣᠨ ᠵᠢᠭᠤᠯᠴᠢᠯᠠᠯ ᠤᠨ ᠲᠣᠭᠤᠷᠢᠯ ᠱᠤᠭᠤᠮ ᠪᠠ ᠠᠷᠠᠳ ᠢ ᠪᠠᠶᠠᠵᠢᠭᠤᠯᠬᠤ ᠠᠵᠤ | ᠦᠢᠯᠡᠰ ᠤᠨ ᠪᠦᠰᠡ ᠪᠣᠯᠭᠠᠨ ᠠᠯᠬᠤᠮ ᠠᠯᠬᠤᠮ ᠢᠶᠠᠷ ᠪᠠᠶᠢᠭᠤᠯᠤᠨ᠎ᠠ᠃ ᠪᠣᠳᠠᠲᠤ ᠦᠵᠡᠮᠵᠢ ᠶᠢᠨ ᠲᠣᠭᠯᠠᠯᠲᠠ᠂ ᠬᠠᠯᠠᠭᠤᠨ | ᠷᠠᠰᠢᠶᠠᠨ ᠤ ᠡᠷᠡᠭᠦᠯᠵᠢᠯ᠂ ᠭᠡᠭᠡᠷ᠎ᠡ ᠭᠠᠳᠠᠨ᠎ᠠ ᠰᠤᠳᠤᠯᠤᠨ ᠰᠤᠷᠤᠯᠴᠠᠬᠤ᠂ ᠮᠥᠰᠥ ᠴᠠᠰᠤᠨ ᠤ ᠶᠢᠷᠳᠢᠨᠴᠦ ᠶᠢ ᠪᠡᠶᠡᠴᠢᠯᠡᠨ | ᠣᠶᠢᠯᠠᠭᠠᠬᠤ᠂ ᠬᠤᠪᠢ ᠪᠠᠷ ᠢᠶᠠᠨ ᠲᠡᠷᠭᠡ ᠵᠢᠯᠤᠭᠤᠳᠴᠤ ᠵᠢᠭᠤᠯᠴᠢᠯᠠᠬᠤ ᠵᠡᠷᠭᠡ 5 ᠶᠡᠭᠡ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠬᠦᠴᠦᠯᠡᠨ ᠪᠣᠶ ᠪᠣᠯᠭᠠᠵᠤ᠂ ᠠᠷᠠᠳ ᠤᠨ ᠵᠠᠩ ᠦᠶᠯᠡ ᠶᠢᠨ ᠲᠣᠰᠬᠤᠨ ᠢ ᠲᠠᠰ ᠳᠡᠪᠰᠢᠭᠦᠯᠦᠨ ᠥᠭᠡᠷᠡᠴᠢᠯᠡᠬᠦ᠂ | ᠰᠢᠨ᠎ᠡ ᠲᠠᠯ᠎ᠠ ᠳᠠᠬᠢ ᠰᠤᠳᠤᠯᠤᠨ ᠰᠤᠷᠤᠯᠴᠠᠬᠤ ᠪᠠᠭᠤᠴᠠ᠂ ᠰᠢᠶᠣᠣ ᠾᠧ ᠲᠧᠦ ᠶᠢᠨ ᠵᠢᠭᠤᠯᠴᠢᠯᠠᠯ ᠢ ᠨᠡᠭᠡᠭᠡᠨ ᠬᠥᠭᠵᠢᠭᠦᠯᠬᠦ | ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠰᠣᠶᠣᠯ | ᠵᠢᠭᠤᠯᠴᠢᠯᠠᠯ ᠤᠨ ᠰᠢᠷᠢᠰ ᠭᠤᠣᠯ ᠰᠡᠳᠦᠪᠲᠦ ᠠᠵᠢᠯᠯᠠᠭ᠎ᠠ ᠶᠢ ᠵᠡᠷᠭᠡ ᠳᠤᠨᠢ ᠰᠠᠶᠢᠲᠤᠷ ᠬᠢᠵᠦ᠂ ᠪᠥᠬᠦ ᠣᠷᠣᠨ ᠬᠡᠪᠴᠢᠶᠡᠨ ᠤ | ᠵᠢᠭᠤᠯᠴᠢᠯᠠᠯ ᠢ ᠪᠥᠬᠦ ᠴᠠᠭ ᠪᠥᠬᠦ ᠤᠯᠠᠷᠢᠯ ᠤᠨ ᠵᠢᠭᠤᠯᠴᠢᠯᠠᠯ ᠪᠤᠯᠭᠠᠨ ᠬᠤᠪᠢᠷᠠᠭᠤᠯᠬᠤ ᠶᠢ ᠠᠬᠢᠭᠤᠯᠤᠨ᠎ᠠ᠃ ︽ᠢᠳᠡᠭᠡᠨ | ᠤᠮᠳᠠᠭᠠᠨ᠂ ᠬᠤᠨᠤᠭ᠂ ᠠᠶᠠᠯᠠᠯ᠂ ᠵᠤᠭᠠᠴᠠᠯ᠂ ᠬᠤᠳᠠᠯᠳᠤᠨ ᠠᠪᠬᠤ᠂ ᠵᠤᠭ᠎ᠠ ᠴᠡᠩᠭᠡᠯ︾ ᠤᠨ ᠵᠢᠷᠭᠤᠭᠠᠨ ᠶᠡᠭᠡ ᠬᠦᠴᠦᠨ | ᠵᠦᠢᠯ ᠤᠨ ᠲᠣᠭᠤᠷᠢᠨ ᠳᠤ ᠵᠢᠭᠤᠯᠴᠢᠯᠠᠯ ᠤᠨ ᠵᠠᠬ᠎ᠠ ᠳᠡᠯᠭᠡᠭᠦᠷ ᠢ ᠵᠢᠷᠤᠮᠵᠢᠭᠤᠯᠤᠨ ᠴᠡᠭᠴᠡᠯᠡᠨ ᠵᠠᠰᠠᠬᠤ ᠠᠵᠢᠯᠯᠠᠭ᠎ᠠ ᠶᠢ | ᠥᠷᠨᠢᠭᠦᠯᠵᠦ᠂ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠪᠦᠬᠦᠯᠢ ᠴᠣᠭᠴᠠ ᠶᠢᠨ ᠳᠦᠷᠢ ᠲᠥᠷᠬᠦ ᠶᠢ ᠢᠯᠡ | ᠲᠣᠳᠣᠷᠬᠠᠢ ᠪᠣᠯᠭᠠᠨ᠎ᠠ᠃ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠣᠷᠣᠨ ᠢ ᠬᠦᠴᠦᠯᠡᠨ | ᠪᠠᠶᠢᠭᠤᠯᠤᠨ᠎ᠠ᠃ᠲᠣᠭᠠᠴᠢᠯᠠᠭᠰᠠᠨ ᠠᠵᠤ ᠠᠬᠤᠢ ᠶᠢᠨ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠳᠠᠬᠢ | ᠲᠣᠮᠣᠷᠠᠭᠤᠯᠬᠤ᠂ ᠳᠠᠪᠬᠤᠷᠳᠠᠭᠤᠯᠬᠤ᠂ ᠳᠠᠬᠢᠨ ᠢᠶᠠᠷ ᠨᠡᠮᠡᠭᠳᠡᠭᠦᠯᠬᠦ ᠦᠢᠯᠡᠳᠦᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠨᠥᠯᠥᠭᠡ ᠶᠡᠬᠡᠲᠡᠢ ᠰᠦᠯᠵᠢᠶᠡᠨ ᠤ ᠣᠳᠣᠨ ᠢ ᠦᠷᠭᠦᠯᠵᠢᠯᠡᠨ ᠤᠷᠢᠬᠤ ᠶᠢᠨ ᠬᠠᠮᠲᠤ ᠣᠷᠣᠨ ᠪᠦᠰᠡ ᠶᠢᠨ ︽ᠰᠦᠯᠵᠢᠶᠡᠨ ᠤ | ᠣᠳᠣᠨ ᠤ ᠬᠤᠯᠪᠣᠭ᠎ᠠ︾ ᠶᠢ ᠲᠦᠷᠦᠭᠦᠯᠡᠨ ᠪᠦᠷᠢᠯᠳᠦᠭᠦᠯᠵᠦ᠂ ᠰᠦᠯᠵᠢᠶᠡᠨ ᠤ ᠣᠳᠣᠨ ᠢᠶᠠᠷ ᠳᠦᠷᠢ ᠲᠥᠷᠬᠦ ᠶᠢᠨ | ᠲᠥᠯᠥᠭᠡᠯᠡᠭᠴᠢ ᠪᠣᠯᠭᠠᠭᠰᠠᠨ ᠠᠵᠤ ᠠᠬᠤᠢ᠂ ᠤᠯᠤᠰ ᠤᠨ ᠥᠮᠴᠢᠯᠡᠯᠲᠦ ᠺᠣᠮᠫᠠᠨᠢ᠂ ᠰᠤᠮᠤ ᠰᠢᠶᠠᠩ ᠪᠠᠯᠭᠠᠰᠤ᠂ | ᠬᠤᠷᠰᠢᠶᠠᠵᠢᠯ᠂ ᠮᠠᠯᠴᠢᠨ ᠲᠠᠷᠢᠶᠠᠴᠢᠨ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ︽ᠲᠠᠪᠤᠨ | ᠵᠦᠢᠯ ᠤᠨ ᠬᠠᠮᠲᠤᠷᠠᠯᠴᠠᠭᠠᠨ ᠤ ᠵᠠᠭᠪᠤᠷ︾ ᠤᠨ ᠪᠢᠴᠢᠯ ᠰᠠᠭᠤᠷᠢᠨ ᠭᠠᠵᠠᠷ ᠢ ᠰᠢᠨ᠎ᠡ ᠪᠠᠷ ᠡᠭᠦᠳᠦᠨ ᠪᠠᠶᠢᠭᠤᠯᠵᠤ᠂ | ᠵᠢᠷᠤᠮᠵᠢᠭᠤᠯᠤᠨ ᠬᠥᠲᠥᠯᠥᠨ ᠵᠢᠯᠤᠭᠤᠳᠬᠤ ᠪᠠ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠵᠡᠷᠭᠡᠪᠡᠷ ᠴᠢᠩᠭᠠᠳᠬᠠᠵᠤ᠂ | ᠶᠠᠰᠤ ᠴᠢᠨᠠᠷ ᠤᠨ ᠪᠣᠭᠤᠮᠲᠠ᠂ ᠪᠠᠷᠢᠮᠵᠢᠶ᠎ᠠ ᠶᠢᠨ ᠪᠣᠭᠤᠮᠲᠠ᠂ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ | ᠡᠷᠡᠭᠦᠯ ᠪᠥᠭᠡᠳ ᠡᠮᠬᠢ ᠵᠢᠷᠤᠮ ᠲᠠᠢ ᠠᠯᠤᠰ ᠬᠡᠲᠦ ᠶᠢᠨ ᠬᠠᠷᠠᠯᠳᠠ ᠲᠠᠢ ᠪᠠᠷ ᠨᠠᠩ ᠣᠯᠠᠨ ᠲᠤᠬᠠᠢ ᠶᠢᠨ ᠭᠠᠵᠠᠷ ᠤᠨ | ᠲᠠᠸᠠᠷ ᠢ ᠳᠠᠶᠢᠴᠢᠯᠠᠨ ᠲᠣᠮᠣ ᠵᠠᠬ᠎ᠠ ᠳᠡᠯᠭᠡᠭᠦᠷ ᠲᠤ ᠣᠷᠣᠭᠤᠯᠵᠤ᠂ ᠪᠥᠬᠦ ᠳᠤᠮᠳᠠᠳᠤ ᠤᠯᠤᠰ ᠲᠠᠢ ᠬᠤᠯᠪᠣᠵᠤ᠂ | ᠰᠦᠯᠵᠢᠶᠡᠨ ᠤ ᠣᠳᠣᠨ ᠢᠶᠠᠷ ᠲᠣᠣᠷᠵᠢᠯ ᠪᠣᠯᠭᠠᠨ᠂ ᠦᠢᠯᠡᠳᠬᠦᠨ ᠢᠶᠠᠷ ᠬᠡᠯᠬᠢᠶ᠎ᠡ ᠪᠣᠯᠭᠠᠨ᠂ ᠬᠡᠰᠢᠭᠲᠡᠨ ᠬᠤᠰᠢᠭᠤ ᠶᠢ ᠨᠡᠩ | ᠠᠯᠳᠠᠷᠰᠢᠭᠤᠯᠤᠨ᠎ᠠ᠃ ᠣᠲᠣ ᠦᠶ᠎ᠡ ᠶᠢᠨ ᠭᠦᠢᠯᠭᠡᠭᠡᠨ ᠤ ᠲᠤᠭᠲᠠᠯᠴᠠᠭ᠎ᠠ ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ | ᠪᠢᠷᠠᠭᠤ ᠪᠠᠯᠭᠠᠰᠤ ᠶᠢᠨ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠵᠢᠴᠢ ᠬᠦᠢᠲᠡᠨ | ᠢᠶᠠᠷ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠵᠦ ᠲᠠᠷᠬᠠᠭᠠᠬᠤ ᠲᠥᠪ ᠤᠨ ᠲᠥᠷᠥᠯ ᠵᠦᠢᠯ ᠢ ᠡᠬᠢᠯᠡᠭᠦᠯᠦᠨ | ᠬᠡᠷᠡᠭᠵᠢᠭᠦᠯᠵᠦ᠂ 124 ᠭᠠᠴᠠᠭ᠎ᠠ ᠲᠣᠰᠬᠤᠨ ᠤ ᠱᠠᠲᠤᠨ ᠤ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ | ᠥᠷᠲᠡᠭᠡ ᠶᠢᠨ ᠴᠢᠳᠠᠮᠵᠢ ᠶᠢ ᠢᠵᠢᠯ ᠠᠯᠬᠤᠮ ᠢᠶᠠᠷ ᠲᠡᠭᠦᠯᠳᠡᠷᠵᠢᠭᠦᠯᠦᠨ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ | ᠪᠦᠲᠦᠭᠡᠭᠳᠡᠬᠦᠨ ᠪᠠ ᠬᠥᠩᠭᠡᠨ ᠠᠵᠤ ᠦᠢᠯᠡᠳᠪᠦᠷᠢ ᠶᠢᠨ ᠲᠠᠸᠠᠷ ᠤᠨ ᠬᠡᠷᠡᠭᠯᠡᠭᠡᠨ ᠤ ᠬᠤᠣᠰ ᠴᠢᠭᠯᠡᠯ ᠢᠶᠠᠷ ᠲᠠᠰ ᠳᠡᠪᠰᠢᠭᠰᠡᠨ | ᠭᠦᠢᠯᠭᠡᠭᠡᠨ ᠤ ᠲᠤᠭᠲᠠᠯᠴᠠᠭ᠎ᠠ ᠶᠢ ᠪᠣᠶ ᠪᠣᠯᠭᠠᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠷᠪᠠᠨ | ᠱᠠᠲᠤᠨ ᠤ ᠪᠠᠷᠠᠭᠠᠨ ᠤ ᠭᠦᠢᠯᠭᠡᠭᠡᠨ ᠤ ᠲᠤᠭᠲᠠᠯᠴᠠᠭ᠎ᠠ ᠶᠢᠨ ᠪᠠᠶᠢᠭᠤᠯᠤᠯᠲᠠ ᠶᠢᠨ ᠰᠢᠨ᠎ᠡ ᠬᠡᠪ ᠵᠠᠭᠪᠤᠷ ᠢ ᠴᠢᠷᠮᠠᠶᠢᠨ ᠪᠣᠶ | ᠪᠣᠯᠭᠠᠨ᠎ᠠ᠃ | ︵ᠬᠤᠶᠠᠷ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠳᠤᠮᠳᠠ ᠦᠨ᠎ᠡ ᠥᠷᠲᠡᠭ ᠢ | ᠳᠡᠭᠡᠭᠰᠢᠯᠡᠭᠦᠯᠦᠨ᠎ᠡ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ | ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ | ᠴᠡᠭᠴᠡᠯᠡᠨ ᠰᠠᠶᠢᠵᠢᠷᠠᠭᠤᠯᠬᠤ ᠶᠢ ᠳᠡᠶᠢᠯᠦᠩᠭᠦᠢ ᠪᠠᠶᠢᠷᠢᠨ ᠳᠤ ᠲᠠᠯᠪᠢᠵᠤ᠂ ᠬᠡᠷᠡᠭ ᠢᠶᠠᠷ ᠯᠠᠪᠯᠠᠯᠲᠠ ᠪᠣᠯᠭᠠᠵᠤ᠂ ᠨᠢᠭᠡ ᠠᠴᠠ | ᠵᠦᠢᠴᠢᠯᠡᠵᠦ ᠨᠦᠬᠦᠭᠡ ᠶᠢ ᠮᠡᠳᠡᠵᠦ᠂ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠡᠷᠡᠰ ᠪᠠᠲᠤ ᠴᠣᠭᠴᠠᠯᠠᠨ᠎ᠠ᠃ | — — ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠵᠠᠰᠠᠨ ᠰᠡᠷᠭᠦᠭᠡᠬᠦ ᠠᠵᠢᠯ ᠢ ᠪᠦᠬᠦ ᠲᠠᠯ᠎ᠠ ᠪᠠᠷ | ᠬᠦᠴᠦᠯᠡᠨ ᠰᠠᠶᠢᠲᠤᠷ ᠠᠳᠬᠤᠨ᠎ᠠ᠃ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠪᠠ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠨᠤᠲᠤᠭ ᠪᠡᠯᠴᠢᠭᠡᠷ ᠢ | ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠵᠡᠷᠭᠡ ᠶᠢᠨ ᠬᠠᠷᠢᠭᠤ ᠲᠤᠰᠬᠠᠭᠰᠠᠨ ᠠᠰᠠᠭᠤᠳᠠᠯ ᠵᠢᠴᠢ ᠬᠠᠤᠯᠢ ᠠᠴᠠ | ᠵᠥᠷᠢᠴᠡᠭᠰᠡᠨ ᠠᠭᠤᠷᠬᠠᠢ ᠶᠢᠨ ᠤᠷᠤᠨ ᠢ ᠴᠡᠭᠴᠡᠯᠡᠨ ᠵᠠᠰᠠᠬᠤ᠂ ᠳᠠᠩᠰᠠ ᠶᠢ ᠬᠠᠷᠭᠤᠭᠤᠯᠤᠨ ᠴᠡᠪᠡᠷᠯᠡᠬᠦ ᠠᠵᠢᠯ ᠢ ᠪᠦᠬᠦ | ᠬᠦᠴᠦᠨ ᠢᠶᠠᠷ ᠲᠦᠷᠭᠡᠳᠬᠡᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠷᠢᠭᠤᠴᠠᠯᠭ᠎ᠠ ᠦᠭᠡᠢ ᠭᠤᠣᠯ ᠴᠣᠭᠴᠠ ᠶᠢᠨ | ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ | ᠠᠮᠢ ᠠᠬᠤᠢ ᠶᠢᠨ ᠬᠠᠮᠠᠭᠠᠯᠠᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠵᠣᠬᠢᠴᠠᠮᠵᠢ ᠶᠢ ᠵᠡᠷᠭᠡ ᠳᠤᠨᠢ | ᠲᠡᠭᠦᠯᠳᠡᠷᠵᠢᠭᠦᠯᠦᠨ᠂ ᠨᠢᠭᠡ ᠪᠦᠯᠦᠭ ᠲᠡᠦᠬᠡ ᠶᠢᠨ ᠦᠯᠡᠳᠡᠭᠳᠡᠯ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠠᠵᠢᠯ ᠤᠨ | ᠳᠤᠲᠠᠭᠤᠳᠠᠯ ᠢ ᠨᠥᠬᠦᠪᠦᠷᠢᠯᠡᠨ᠎ᠡ᠃ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ᠂ ᠮᠠᠭᠤᠳᠠᠭᠰᠠᠨ ᠨᠤᠲᠤᠭ ᠪᠡᠯᠴᠢᠭᠡᠷ ᠤᠨ ᠠᠮᠢ | ᠠᠬᠤᠢ ᠶᠢ ᠰᠡᠷᠭᠦᠭᠡᠬᠦ᠂ ᠪᠠᠶᠢᠭᠠᠯᠢᠯᠢᠭ ᠣᠶ ᠶᠢᠨ ᠡᠬᠢ ᠪᠠᠶᠠᠯᠢᠭ ᠢ ᠬᠠᠮᠠᠭᠠᠯᠠᠬᠤ᠂ ᠭᠤᠣᠯ ᠮᠥᠷᠡᠨ ᠨᠠᠭᠤᠷ ᠴᠥᠭᠦᠷᠥᠮ ᠤᠨ | ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠨᠢᠭᠡ ᠪᠦᠯᠦᠭ ᠠᠭᠤᠯᠠ | ᠤᠰᠤ ᠣᠶ ᠰᠢᠭᠤᠢ ᠭᠠᠵᠠᠷ ᠲᠠᠷᠢᠶ᠎ᠠ ᠨᠠᠭᠤᠷ ᠪᠦᠷᠢᠲᠦ ᠡᠪᠡᠰᠦ ᠪᠡᠯᠴᠢᠭᠡᠷ ᠡᠯᠡᠰᠦ ᠮᠠᠩᠬ᠎ᠠ ᠵᠡᠷᠭᠡ ᠠᠮᠢ ᠠᠬᠤᠢ ᠶᠢ | ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠵᠢᠯ ᠤᠨ ᠳᠣᠲᠣᠷ᠎ᠠ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠲᠠᠯᠠᠪᠠᠶ ᠶᠢ 12.3 ᠲᠦᠮᠡᠨ ᠮᠦ ᠪᠡᠶᠡᠯᠡᠭᠦᠯᠵᠦ᠂ ︽ᠨᠡᠭᠦᠷᠡᠰᠦᠲᠥ᠋ᠷᠥᠭᠴᠢ ᠶᠢᠨ ᠬᠥᠮᠥᠷᠭᠡ︾ | ᠶᠢ ᠤᠯᠠᠮ ᠨᠢᠭᠡ ᠠᠯᠬᠤᠮ ᠰᠠᠶᠢᠲᠤᠷ ᠪᠠᠶᠢᠭᠤᠯᠵᠤ᠂ ︽ᠬᠦᠴᠢᠯᠲᠥ᠋ᠷᠥᠭᠴᠢ ᠶᠢᠨ ᠪᠠᠭᠠᠷ︾ ᠢ ᠰᠠᠶᠢᠲᠤᠷ ᠪᠦᠲᠦᠭᠡᠨ | ᠪᠠᠶᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ᠂ ᠭᠤᠣᠯ ᠮᠥᠷᠡᠨ | ᠨᠠᠭᠤᠷ ᠴᠦᠭᠦᠷᠦᠮ ᠤᠨ ᠳᠠᠷᠤᠭ᠎ᠠ᠂ ᠣᠶ ᠰᠢᠭᠤᠢ ᠨᠤᠲᠤᠭ ᠪᠡᠯᠴᠢᠭᠡᠷ ᠤᠨ ᠳᠠᠷᠤᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ | ᠳᠦᠷᠢᠮ ᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠶᠡᠷᠦᠩᠬᠡᠶᠢᠯᠡᠨ ᠵᠠᠰᠠᠬᠤ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠥᠯᠥ ᠠᠭᠤᠴᠢᠯᠠᠬᠤ᠂ ᠬᠦᠴᠦᠲᠡᠢ ᠠᠷᠭ᠎ᠠ ᠬᠡᠮᠵᠢᠶ᠎ᠡ ᠠᠪᠬᠤ᠂ ᠬᠦᠨᠳᠦ ᠰᠢᠢᠳᠬᠡᠬᠦ ᠶᠢ ᠪᠠᠷᠢᠮᠲᠠᠯᠠᠵᠤ᠂ | ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠢᠳᠡᠨ ᠤ ᠣᠷᠣᠰᠢᠨ ᠠᠮᠢᠳᠤᠷᠠᠵᠤ ᠪᠠᠶᠢᠭ᠎ᠠ ᠪᠣᠬᠢᠷᠳᠤᠯ ᠦᠭᠡᠢ ᠭᠡᠷ | ᠣᠷᠣᠨ ᠢᠶᠠᠨ ᠡᠷᠡᠰ ᠬᠠᠮᠠᠭᠠᠯᠠᠨ᠎ᠠ᠃ | — — ᠪᠣᠬᠢᠷᠳᠤᠯ ᠢ ᠰᠡᠷᠭᠡᠶᠢᠯᠡᠨ ᠵᠠᠰᠠᠬᠤ ᠪᠠ ᠪᠣᠬᠢᠷᠳᠤᠯ ᠦᠭᠡᠢ ᠬᠡᠯᠪᠡᠷᠢ ᠶᠢᠨ ᠬᠤᠪᠢᠷᠠᠭᠤᠯᠤᠯᠲᠠ ᠶᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ᠴᠡᠯᠮᠡᠭ ᠣᠭᠲᠠᠷᠭᠤᠢ᠂ ᠴᠡᠩᠬᠡᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ | ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠭᠠᠷ ᠮᠠᠨᠳᠠᠯ ᠤᠨ ᠪᠣᠬᠢᠷᠳᠤᠯ ᠢ ᠶᠡᠷᠦᠩᠬᠡᠶᠢᠯᠡᠨ ᠵᠠᠰᠠᠬᠤ ᠪᠠ ᠬᠤᠯᠪᠤᠭᠠᠯᠠᠨ | ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠠᠵᠢᠯ ᠢ ᠢᠳᠡᠪᠬᠢᠲᠡᠢ ᠥᠷᠨᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ | ᠭᠤᠣᠯ ᠪᠣᠯᠬᠤ ᠪᠣᠬᠢᠷᠳᠤᠯ ᠪᠣᠳᠠᠰ ᠪᠣᠯᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠬᠤ ᠬᠡᠮᠵᠢᠶ᠎ᠡ ᠶᠢ | ᠨᠢᠭᠲᠠ ᠬᠢᠨᠠᠨ ᠬᠡᠮᠵᠢᠵᠦ᠂ ᠴᠡᠪᠡᠷ ᠡᠨᠧᠷᠭᠢ ᠶᠢᠨ ᠬᠠᠩᠭᠠᠯᠭ᠎ᠠ ᠶᠢᠨ ᠥᠭᠡᠷᠡᠴᠢᠯᠡᠯᠲᠡ ᠶᠢᠨ ᠢᠨᠵᠧᠨᠧᠷᠢᠩ ᠢ ᠲᠦᠷᠭᠡᠳᠬᠡᠨ | ᠠᠬᠢᠭᠤᠯᠵᠤ᠂ ᠰᠢᠯᠢᠳᠡᠭ ᠰᠠᠶᠢᠨ ᠴᠠᠭ ᠠᠭᠤᠷ ᠤᠨ ᠬᠠᠷᠢᠴᠠᠯ ᠢ ᠦᠷᠭᠦᠯᠵᠢᠯᠡᠨ ᠳᠡᠭᠡᠭᠰᠢᠯᠡᠭᠦᠯᠬᠦ ᠶᠢ ᠪᠠᠲᠤᠯᠠᠨ᠎ᠠ︔ | ᠤᠯᠤᠰ ᠠᠴᠠ ᠡᠵᠡᠮᠳᠡᠬᠦ᠂ ᠣᠷᠣᠨ ᠠᠴᠠ ᠡᠵᠡᠮᠳᠡᠬᠦ ᠣᠭᠲᠣᠯᠣᠭᠠᠰᠤ ᠶᠢᠨ ᠬᠢᠨᠠᠨ ᠬᠠᠮᠢᠶᠠᠷᠤᠯᠲᠠ ᠶᠢᠨ ᠡᠷᠴᠢᠮ ᠢ ᠦᠨᠡᠨ ᠬᠦ | ᠴᠢᠩᠭᠠᠷᠠᠭᠤᠯᠵᠤ᠂ ᠭᠤᠣᠯ ᠤᠨ ᠵᠠᠮ ᠤᠨ ︽ᠳᠥᠷᠪᠡᠨ ᠵᠠᠮᠪᠠᠷᠠᠭ᠎ᠠ ᠦᠬᠡᠢ ᠶᠢ ᠴᠡᠪᠡᠷᠯᠡᠬᠦ︾ ᠪᠠ ᠲᠠᠷᠢᠶᠠᠯᠠᠩ ᠤᠨ ᠤᠰᠤ | ᠲᠠᠲᠠᠬᠤ᠂ ᠠᠵᠤ ᠦᠢᠯᠡᠳᠪᠦᠷᠢ ᠶᠢᠨ ᠬᠠᠶᠠᠭᠳᠠᠮᠠᠯ ᠤᠰᠤ᠂ ᠬᠤᠲᠠ ᠬᠥᠳᠡᠭᠡ ᠶᠢᠨ ᠪᠣᠬᠢᠷ ᠤᠰᠤ ᠶᠢ ᠶᠡᠷᠦᠩᠬᠡᠶᠢᠯᠡᠨ | ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠪᠥᠬᠦ ᠬᠤᠰᠢᠭᠤᠨ ᠤ ᠤᠰᠤᠨ ᠤ ᠠᠮᠢ ᠠᠬᠤᠢ᠂ ᠤᠰᠤᠨ ᠤ ᠣᠷᠴᠢᠨ | ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠪᠠᠲᠤᠯᠠᠨ᠎ᠠ︔ ᠬᠢᠮᠢ ᠶᠢᠨ ᠪᠣᠷᠳᠣᠭᠤᠷ᠂ ᠲᠠᠷᠢᠶᠠᠨ ᠡᠮ ᠤᠨ ᠬᠡᠮᠵᠢᠶ᠎ᠡ ᠶᠢ | ᠪᠠᠭᠠᠰᠬᠠᠬᠤ ᠪᠠ ᠬᠥᠷᠥᠰᠥ ᠰᠢᠷᠣᠢ ᠶᠢᠨ ᠪᠣᠬᠢᠷᠳᠤᠯ᠂ ᠰᠦᠯᠢᠶᠤᠤ ᠤᠭᠤᠳᠠ ᠶᠢᠨ ᠪᠣᠬᠢᠷᠳᠤᠯ ᠢ ᠵᠠᠰᠠᠬᠤ ᠠᠵᠢᠯ ᠢ ᠪᠦᠬᠦ | ᠲᠠᠯ᠎ᠠ ᠪᠠᠷ ᠰᠠᠶᠢᠲᠤᠷ ᠬᠢᠵᠦ᠂ ᠲᠠᠷᠢᠶᠠᠯᠠᠩ ᠳᠤ ᠬᠡᠷᠡᠭᠯᠡᠬᠦ ᠭᠠᠵᠠᠷ ᠰᠢᠷᠣᠢ ᠪᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠪᠣᠬᠢᠷᠳᠤᠯ ᠤᠨ ᠲᠦᠭᠰᠢᠭᠦᠷᠢ ᠶᠢ ᠪᠦᠲᠦᠮᠵᠢᠲᠡᠶ ᠪᠠᠷ ᠬᠠᠮᠢᠶᠠᠷᠤᠨ ᠡᠵᠡᠮᠳᠡᠵᠦ᠂ ᠪᠣᠬᠢᠷᠳᠤᠯ ᠢ ᠰᠡᠷᠭᠡᠶᠢᠯᠡᠬᠦ | ᠬᠡᠷᠡᠮ ᠢ ᠡᠷᠡᠰ ᠪᠠᠲᠤ ᠴᠣᠭᠴᠠᠯᠠᠵᠤ᠂ ᠢᠷᠡᠭᠡᠳᠦᠢ ᠶᠢᠨ ᠠᠮᠢ ᠠᠬᠤᠢ ᠶᠢᠨ ᠪᠤᠬᠢᠷᠲᠦᠯ ᠦᠬᠡᠢ ᠪᠠᠶᠢᠬᠤ ᠶᠢ ᠰᠠᠶᠢᠲᠤᠷ | ᠪᠠᠲᠤᠯᠠᠨ᠎ᠠ᠃ ︽ᠬᠤᠣᠰ ᠨᠡᠭᠦᠷᠡᠰᠦᠲᠥ᠋ᠷᠥᠭᠴᠢ︾ ︽ᠬᠤᠣᠰ ᠡᠵᠡᠮᠳᠡᠯ︾ ᠢ ᠨᠢᠭᠡᠳᠦᠯᠲᠡᠢ ᠲᠥᠯᠥᠪᠯᠡᠨ᠂ ︽ᠭᠤᠷᠪᠠᠨ | ᠣᠷᠣᠨ ᠭᠤᠷᠪᠠᠨ ᠱᠤᠭᠤᠮ︾ ᠢ ᠴᠢᠩᠭ᠎ᠠ ᠰᠠᠬᠢᠵᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠠᠵᠢᠯ ᠲᠥᠷᠥᠯ ᠳᠤ | ᠵᠥᠪᠰᠢᠶᠡᠷᠡᠨ ᠣᠷᠣᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠭᠤᠣᠯᠳᠠᠯᠭ᠎ᠠ ᠲᠠᠢ ᠠᠵᠢᠯ ᠲᠥᠷᠥᠯ᠂ ᠡᠨᠧᠷᠭᠢ ᠶᠢᠨ | ᠬᠤᠷᠣᠭᠳᠠᠭᠤᠯᠭ᠎ᠠ ᠶᠢᠨ ᠲᠣᠮᠣ ᠡᠷᠦᠬᠡ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠡᠮᠬᠢ ᠵᠢᠷᠤᠮ ᠲᠠᠢ | ᠬᠡᠷᠡᠭᠵᠢᠭᠦᠯᠦᠨ᠂ ᠠᠵᠤ ᠦᠢᠯᠡᠰ ᠤᠨ ︽ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠨ ᠮᠥᠨ ᠴᠢᠨᠠᠷ ᠠᠴᠠ ᠨᠢ | ᠥᠭᠡᠷᠡᠴᠢᠯᠡᠬᠦ︾ ︽ᠬᠠᠭᠤᠴᠢᠨ ᠢ ᠲᠡᠪᠴᠢᠨ ᠰᠢᠨ᠎ᠡ ᠶᠢ ᠪᠠᠶᠢᠭᠤᠯᠬᠤ︾ ᠶᠢ ᠨᠠᠩ ᠶᠡᠭᠡ ᠡᠷᠴᠢᠮ ᠢᠶᠠᠷ ᠠᠬᠢᠭᠤᠯᠵᠤ᠂ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ᠠᠮᠢ ᠠᠬᠤᠢ ᠶᠢᠨ ᠣᠷᠴᠢᠨ ᠲᠣᠭᠤᠷᠢᠨ ᠤ ᠥᠨᠳᠥᠷ ᠪᠠᠷᠢᠮᠵᠢᠶ᠎ᠠ ᠪᠦᠬᠦᠢ | ᠬᠠᠮᠠᠭᠠᠯᠠᠯᠲᠠ ᠶᠢ ᠡᠷᠡᠰ ᠪᠡᠶᠡᠯᠡᠭᠦᠯᠦᠨ᠎ᠡ᠃ | ︵ᠭᠤᠷᠪᠠ︶ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠶᠢ ᠠᠬᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠵᠣᠬᠢᠴᠠᠩᠭᠤᠢ ᠪᠠᠷ ᠠᠬᠢᠭᠤᠯᠬᠤ ᠳᠤᠮᠳᠠ ᠠᠭᠤᠰᠤᠯᠴᠠᠯ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠥᠮᠥᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠣᠯᠣᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠣᠰ ᠬᠦᠷᠳᠦ ᠪᠠᠷ ᠬᠥᠳᠡᠯᠭᠡᠭᠦᠷ ᠪᠣᠯᠭᠠᠬᠤ᠂ ᠬᠠᠮᠵᠢᠯᠴᠠᠨ ᠬᠦᠴᠦᠯᠡᠬᠦ᠂ | ᠳᠤᠲᠠᠭᠤᠳᠠᠯ ᠢ ᠨᠥᠬᠦᠪᠦᠷᠢᠯᠡᠬᠦ᠂ ᠪᠠᠭᠤᠷᠠᠢ ᠲᠠᠯ᠎ᠠ ᠶᠢ ᠭᠦᠴᠦᠷᠭᠡᠭᠵᠢᠭᠦᠯᠬᠦ᠂ ᠵᠥᠷᠢᠶ᠎ᠡ ᠶᠢ ᠪᠠᠭᠠᠰᠬᠠᠬᠤ ᠶᠢ ᠲᠦᠷᠭᠡᠳᠬᠡᠨ | ᠠᠬᠢᠭᠤᠯᠵᠤ᠂ ᠬᠤᠲᠠ ᠬᠥᠳᠡᠭᠡ ᠶᠢ ᠣᠷᠣᠰᠢᠨ ᠰᠠᠭᠤᠬᠤ ᠳᠤ ᠨᠡᠩ ᠲᠣᠬᠢᠷᠠᠮᠵᠢᠲᠠᠢ᠂ ᠠᠮᠢᠳᠤᠷᠠᠯ ᠢ ᠨᠡᠩ ᠰᠠᠶᠢᠨ ᠰᠠᠶᠢᠬᠠᠨ | ᠪᠣᠯᠭᠠᠬᠤ ᠪᠠᠷ ᠴᠢᠷᠮᠠᠶᠢᠨ᠎ᠠ᠃ | — — ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠬᠡᠷᠡᠭᠵᠢᠭᠦᠯᠦᠨ᠎ᠡ᠃ ︽1+12+N︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠪᠤᠨ ᠵᠢᠯ ᠤᠨ | ᠠᠵᠢᠯᠯᠠᠭ᠎ᠠ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠶᠢ ᠳᠡᠭᠡᠭᠰᠢᠯᠡᠭᠦᠯᠬᠦ ︽ᠠᠷᠪᠠᠨ ᠴᠢᠩᠭ᠎ᠠ | ᠵᠤᠷᠪᠤᠰ︾ ᠵᠡᠷᠭᠡ ᠡᠯ᠎ᠡ ᠲᠥᠷᠥᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ︽ᠳᠥᠷᠪᠡ ᠶᠢ ᠦᠯᠦ | ᠳᠠᠰᠦᠯᠳᠠᠭᠤᠯᠬᠤ︾ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠬᠥᠳᠡᠯᠦᠩᠭᠦᠢ ᠬᠢᠨᠠᠨ ᠬᠡᠮᠵᠢᠯᠲᠡ ᠪᠠ ᠤᠨᠤᠪᠴᠢᠲᠠᠢ ᠪᠠᠷ | ᠬᠠᠪᠰᠤᠷᠤᠨ ᠲᠡᠳᠬᠦᠬᠦ ᠶᠢ ᠪᠠᠶᠢᠩᠭᠤᠵᠢᠭᠤᠯᠤᠨ ᠰᠠᠶᠢᠲᠤᠷ ᠬᠢᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠭᠡᠢ | ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠡᠷᠢᠭᠦᠨ ᠪᠠᠶᠢᠷᠢᠨ ᠳᠤ ᠲᠠᠯᠪᠢᠵᠤ᠂ ︽ᠣᠷᠣᠯᠭ᠎ᠠ ᠪᠠᠨ ᠨᠡᠮᠡᠭᠳᠡᠭᠦᠯᠬᠦ ᠶᠢ ᠲᠡᠷᠢᠭᠦᠨ ᠳᠤ | ᠲᠠᠯᠪᠢᠵᠤ᠂ ᠠᠯᠤᠰ ᠬᠡᠲᠦ ᠳᠤ ᠰᠠᠭᠤᠷᠢᠯᠠᠨ᠂ ᠬᠡᠷᠡᠭᠴᠡᠭᠡ ᠪᠠᠷ ᠨᠢ ᠪᠡᠯᠡ ᠤᠷᠤᠭᠤᠯᠬᠤ︾ ᠵᠠᠷᠴᠢᠮ ᠶᠣᠰᠣᠭᠠᠷ᠂ ᠮᠠᠯ ᠠᠵᠤ | ᠠᠬᠤᠢ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢ ᠦᠷᠭᠦᠯᠵᠢᠯᠡᠨ ᠥᠷᠭᠡᠳᠬᠡᠵᠦ᠂ ᠵᠢᠯ ᠤᠨ ᠳᠣᠲᠣᠷ᠎ᠠ ᠮᠠᠯ ᠠᠵᠤ | ᠠᠬᠤᠢ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ 9.4 ᠳ᠋ᠦᠩᠰᠢᠭᠤᠷ ᠲᠥᠭᠦᠷᠢᠭ ᠣᠷᠣᠭᠤᠯᠬᠤ ᠪᠠᠷ ᠲᠥᠯᠥᠪᠯᠡᠵᠦ᠂ | 37 ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠪᠠ ᠠᠵᠤ ᠦᠢᠯᠡᠰ ᠤᠨ ᠬᠥᠭᠵᠢᠯᠲᠡ ᠶᠢᠨ ᠲᠥᠷᠥᠯ | ᠵᠦᠢᠯ ᠢ ᠭᠤᠣᠯᠳᠠᠯᠭ᠎ᠠ ᠲᠠᠢ ᠰᠠᠶᠢᠲᠤᠷ ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ | ᠦᠵᠡᠭᠦᠯᠬᠦ ᠪᠠᠯᠭᠠᠰᠤ 1᠂ ᠵᠢᠱᠢᠶ᠎ᠡ ᠦᠵᠡᠭᠦᠯᠬᠦ ᠲᠣᠰᠬᠤᠨ 4᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ 100 | ᠡᠷᠦᠬᠡ᠂ ᠪᠠᠭᠤᠳᠠᠯ ᠤᠨ ᠤᠶᠢᠯᠡᠴᠢᠯᠡᠭᠡ ᠬᠠᠩᠭᠠᠬᠤ ᠠᠷᠠᠳ ᠤᠨ ᠰᠠᠭᠤᠴᠠ ᠶᠢᠨ ᠲᠣᠰᠬᠤᠨ 1 ᠶᠢ ᠴᠢᠷᠮᠠᠶᠢᠨ ᠴᠣᠭᠴᠠᠯᠠᠨ᠎ᠠ᠃ | ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠲᠣᠰᠬᠤᠨ ᠢ ᠯᠠᠪᠳᠠᠭᠤᠨ ᠢᠶᠠᠷ | ᠠᠬᠢᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ | ᠪᠣᠬᠢᠷᠳᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠵᠢᠱᠢᠶ᠎ᠡ ᠦᠵᠡᠭᠦᠯᠬᠦ ᠪᠦᠰᠡ ᠶᠢᠨ ᠦᠷ᠎ᠡ ᠪᠦᠲᠦᠮᠵᠢ ᠣᠯᠬᠤ ᠶᠢ | ᠠᠬᠢᠭᠤᠯᠵᠤ᠂ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠂ ᠬᠥᠭᠵᠢᠯᠲᠡ ᠶᠢ ᠳᠡᠮᠵᠢᠨ᠎ᠡ᠃ ᠮᠥᠩᠭᠦᠨ ᠭᠦᠢᠯᠭᠡᠭᠡᠨ ᠢᠶᠠᠷ | ᠲᠠᠷᠢᠶᠠᠯᠠᠩ ᠢ ᠲᠤᠰᠠᠯᠠᠬᠤ᠂ ᠬᠢᠵᠢᠭ ᠤᠨ ᠰᠡᠷᠭᠡᠶᠢᠯᠡᠯᠲᠡ ᠶᠢ ᠰᠠᠶᠢᠵᠢᠷᠠᠭᠤᠯᠬᠤ᠂ ᠦᠨ᠎ᠡ ᠶᠢ ᠪᠠᠲᠤᠯᠠᠬᠤ ᠪᠣᠷᠣᠯᠠᠭᠤᠯᠭ᠎ᠠ ᠶᠢ | ᠪᠠᠲᠤᠯᠠᠬᠤ ᠵᠡᠷᠭᠡ ᠡᠯ᠎ᠡ ᠲᠥᠷᠥᠯ ᠤᠨ ᠪᠠᠲᠤᠯᠠᠭ᠎ᠠ ᠶᠢᠨ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ | ᠦᠢᠯᠡᠴᠢᠯᠡᠭᠡ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠮᠢᠬᠠᠨ ᠤ ᠦᠬᠡᠷ ᠮᠢᠬᠠᠨ ᠤ ᠬᠤᠨᠢ᠂ ᠢᠳᠡᠰᠢᠨ ᠮᠥᠭᠦ᠂ | ᠡᠪᠡᠰᠦᠨ ᠡᠮ ᠵᠡᠷᠭᠡ ᠣᠲᠣ ᠶᠢᠨ ᠪᠠᠶᠢᠭ᠎ᠠ ᠭᠤᠣᠯᠯᠠᠬᠤ ᠠᠵᠤ ᠦᠢᠯᠡᠰ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ | ᠥᠷᠭᠡᠨ ᠣᠯᠠᠨ ᠮᠠᠯᠴᠢᠨ ᠲᠠᠷᠢᠶᠠᠴᠢᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠬᠤ ᠪᠠ ᠵᠣᠷᠢᠭᠵᠢᠭᠤᠯᠵᠤ ᠪᠠᠶᠢᠭᠠᠳ ︽ | ᠨᠤᠲᠤᠭ ᠤᠨ ᠳᠠᠪᠤᠨ ᠭᠠᠷᠤᠯᠳᠠ︾ ᠶᠢᠨ ᠬᠠᠰᠢᠶᠠᠨ ᠤ ᠠᠵᠤ ᠠᠬᠤᠢ ᠶᠢ ᠬᠥᠭᠵᠢᠭᠦᠯᠵᠦ᠂ ᠵᠢᠭᠤᠯᠴᠢᠯᠠᠯ ᠤᠨ ᠱᠤᠭᠤᠮ | ᠳᠠᠭᠠᠤ ᠶᠢᠨ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ᠂ ᠮᠠᠯᠴᠢᠨ ᠲᠠᠷᠢᠶᠠᠴᠢᠨ ᠡᠷᠦᠬᠡ ᠶᠢᠨ ᠬᠠᠮᠲᠤᠷᠠᠯᠴᠠᠨ | ᠬᠠᠮᠵᠢᠯᠴᠠᠬᠤ ᠶᠢ ᠡᠮᠬᠢ ᠵᠢᠷᠤᠮ ᠲᠠᠢ ᠠᠬᠢᠭᠤᠯᠤᠨ᠂ ᠵᠢᠭᠤᠯᠴᠢᠯᠠᠯ ᠢ ᠬᠥᠭᠵᠢᠭᠦᠯᠵᠦ᠂ ︽ᠰᠦᠯᠵᠢᠶᠡᠨ ᠤ ᠣᠳᠣᠨ ᠤ | ᠬᠤᠯᠪᠣᠭ᠎ᠠ︾ ᠶᠢ ᠵᠡᠷᠭᠡᠪᠡᠷ ᠵᠣᠬᠢᠶᠠᠨ ᠪᠠᠶᠢᠭᠤᠯᠤᠨ ᠲᠣᠰᠬᠤᠨ ᠳᠤ ᠣᠷᠣᠭᠤᠯᠤᠨ ᠡᠷᠦᠬᠡ ᠳᠤ ᠣᠷᠣᠭᠤᠯᠵᠤ᠂ ᠰᠢᠭᠤᠳ | ᠨᠡᠪᠲᠡᠷᠡᠭᠦᠯᠭᠡ ᠪᠠᠷ ᠪᠣᠷᠣᠯᠠᠭᠤᠯᠵᠤ᠂ ᠣᠯᠠᠨ ᠲᠥᠷᠥᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠠᠷᠠᠳ ᠤᠨ | ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠎ᠠ᠃ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠢᠭᠡ ᠪᠦᠯᠦᠭ | ᠬᠡᠪᠴᠢᠶ᠎ᠡ ᠨᠢ ᠲᠣᠬᠢᠷᠠᠮᠵᠢᠲᠠᠢ᠂ ᠦᠢᠯᠡᠳᠪᠦᠷᠢᠯᠡᠯ ᠨᠢ ᠡᠷᠴᠢᠮᠯᠢᠭ᠌᠂ ᠦᠷ᠎ᠡ ᠠᠰᠢᠭ ᠨᠢ ᠲᠣᠪᠣᠶᠢᠮ᠎ᠠ ᠲᠣᠯᠣᠭᠠᠶᠢᠯᠠᠭᠴᠢ ᠠᠵᠤ | ᠠᠬᠤᠶᠢᠯᠠᠯ᠂ ᠲᠤᠰᠬᠠᠢ ᠬᠤᠷᠰᠢᠶᠠᠵᠢᠯ᠂ ᠳᠠᠷᠢᠵᠤ ᠲᠡᠵᠢᠭᠡᠬᠦ ᠲᠣᠮᠣ ᠡᠷᠦᠬᠡ ᠶᠢ ᠲᠡᠳᠬᠦᠨ ᠭᠦᠭᠵᠢᠭᠦᠯᠵᠦ᠂ ᠮᠠᠯᠴᠢᠨ | ᠲᠠᠷᠢᠶᠠᠴᠢᠨ ᠤ ᠵᠣᠬᠢᠶᠠᠨ ᠪᠠᠶᠢᠭᠤᠯᠤᠯᠴᠠᠭᠰᠠᠨ᠂ ᠲᠤᠰᠬᠠᠶᠢᠵᠢᠭᠰᠠᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ ᠲᠣᠰᠬᠤᠨ ᠳᠤᠭᠤᠶᠢᠯᠠᠩ ᠤᠨ ᠵᠠᠮ ᠨᠡᠪᠲᠡᠷᠡᠭᠰᠡᠨ ᠨᠣᠷᠮ᠎ᠠ᠂ ︽ᠭᠤᠷᠪᠠᠨ ᠹᠠᠰ ᠤᠨ ᠴᠠᠬᠢᠯᠭᠠᠨ︾ | ᠵᠠᠯᠭᠠᠭᠰᠠᠨ ᠨᠣᠷᠮ᠎ᠠ᠂ ᠴᠢᠮᠡᠭᠡ ᠨᠡᠪᠲᠡᠷᠡᠯᠭᠡ ᠶᠢᠨ ᠲᠣᠣᠷ ᠰᠦᠯᠵᠢᠶ᠎ᠡ ᠶᠢᠨ ᠪᠦᠷᠬᠦᠴᠡ ᠶᠢᠨ ᠨᠣᠷᠮ᠎ᠠ ᠶᠢ ᠲᠦᠷᠭᠡᠳᠬᠡᠨ | ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠵᠠᠰᠠᠯᠲᠠ ᠪᠠ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢ | ᠦᠨᠡᠨ ᠬᠦ ᠴᠢᠩᠭᠠᠷᠠᠭᠤᠯᠤᠨ᠂ ᠥᠷᠭᠡᠨ ᠣᠯᠠᠨ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ | ᠱᠠᠭᠠᠷᠳᠠᠯᠭ᠎ᠠ ᠶᠢ ᠴᠢᠷᠮᠠᠶᠢᠨ ᠬᠠᠩᠭᠠᠨ᠎ᠠ᠃ ᠤᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ | ᠪᠣᠯᠣᠨ ︽ᠲᠤᠤᠷᠵᠢᠯ ᠤᠨ ᠬᠠᠷᠢᠭᠤᠴᠠᠯᠭᠠᠳᠠᠨ︾ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠶᠣᠰᠣ | ᠰᠤᠷᠲᠠᠬᠤᠨ ᠢᠶᠠᠷ ᠵᠠᠰᠠᠬᠤ ᠬᠠᠤᠯᠢ ᠪᠠᠷ ᠵᠠᠰᠠᠬᠤ ᠥᠪᠡᠷᠲᠡᠭᠡᠨ ᠵᠠᠰᠠᠬᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠬᠥᠳᠡᠭᠡ ᠲᠣᠰᠬᠤᠨ ᠢ ᠨᠡᠩ ᠲᠠᠭᠠᠯᠠᠮᠵᠢᠲᠠᠢ᠂ ᠣᠷᠣᠰᠢᠨ ᠰᠠᠭᠤᠬᠤ ᠳᠤ ᠨᠡᠩ ᠲᠣᠬᠢᠷᠠᠮᠵᠢᠲᠠᠢ᠂ ᠦᠢᠯᠡᠰ ᠪᠣᠰᠬᠠᠬᠤ ᠳᠤ | ᠨᠡᠩ ᠵᠣᠬᠢᠮᠵᠢᠲᠠᠢ ᠪᠣᠯᠭᠠᠬᠤ ᠪᠠᠷ ᠴᠢᠷᠮᠠᠶᠢᠨ᠎ᠠ᠃ | — — ᠬᠤᠳᠠ ᠶᠢᠨ ᠴᠢᠨᠠᠷ ᠴᠢᠨᠰᠠᠭ᠎ᠠ ᠴᠢᠳᠠᠮᠵᠢ ᠶᠢ ᠳᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ︽ᠳᠤᠲᠠᠭᠤᠳᠠᠯ ᠢ | ᠨᠥᠬᠦᠪᠦᠷᠢᠯᠡᠬᠦ᠂ ᠠᠷᠠᠳ ᠤᠨ ᠠᠮᠢᠳᠤᠷᠠᠯ ᠢ ᠬᠦᠴᠦᠷᠬᠡᠭᠵᠢᠭᠦᠯᠬᠦ᠂ ᠵᠡᠷᠭᠡ ᠳᠡᠰ ᠢ ᠳᠡᠭᠡᠭᠰᠢᠯᠡᠭᠦᠯᠬᠦ︾ ᠪᠦᠲᠦᠭᠡᠨ | ᠪᠠᠶᠢᠭᠤᠯᠤᠯᠲᠠ ᠶᠢᠨ ᠬᠠᠷᠠᠯᠲᠠ ᠶᠢᠨ ᠲᠣᠭᠤᠷᠢᠨ ᠳᠤ᠂ ᠭᠤᠣᠯ ᠤᠨ ᠪᠠᠷᠠᠭᠤᠨᠳᠡᠬᠢ ᠲᠣᠭᠤᠷᠢᠭ᠂ ᠭᠠᠯᠳᠠᠰᠤᠲᠠᠢ ᠷᠠᠰᠢᠶᠠᠨ ᠤ | ᠬᠡᠰᠡᠭ ᠲᠣᠭᠤᠷᠢᠭ ᠤᠨ ᠭᠤᠣᠯᠳᠠᠯᠭ᠎ᠠ ᠲᠠᠢ ᠬᠡᠰᠡᠭ ᠤᠨ ᠡᠵᠡᠮᠳᠡᠯ ᠤᠨ ᠴᠢᠨᠠᠷᠲᠠᠢ ᠨᠠᠷᠢᠨ ᠲᠥᠯᠦᠪᠵᠢᠭᠦᠯᠭᠡ ᠶᠢ ᠲᠤᠭᠤᠷᠪᠢᠨ | ᠨᠠᠶᠢᠷᠠᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠪᠦᠷᠢᠨ ᠪᠠᠷᠠᠭᠠᠲᠤ ᠲᠣᠮᠣ ᠬᠥᠮᠥᠷᠭᠡ᠂ ᠰᠢᠭᠦᠬᠦ | ᠬᠤᠷᠢᠶᠠᠨ ᠤ ᠣᠷᠣᠨ ᠰᠠᠭᠤᠴᠠ ᠶᠢᠨ ᠠᠰᠠᠷ ᠵᠡᠷᠭᠡ 23 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ | ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠵᠦ᠂ ᠪᠠᠶᠢᠰᠢᠩ ᠭᠡᠷ ᠤᠨ ᠲᠣᠭᠤᠷᠢᠭ ᠤᠨ ᠭᠡᠷ ᠪᠠᠶᠢᠰᠢᠩ ᠢ ᠨᠤᠷᠠᠭᠠᠬᠤ | ᠴᠢᠬᠤᠯᠠᠲᠠᠢ ᠶᠢ ᠨᠢ ᠪᠦᠬᠦᠨ ᠢ ᠨᠤᠷᠠᠭᠠᠬᠤ ᠶᠢ ᠬᠦᠴᠦᠲᠡᠢ ᠠᠬᠢᠭᠤᠯᠵᠤ᠂ ᠶᠡᠭᠡ ᠪᠠᠭ᠎ᠠ ᠲᠦᠷᠪᠡᠨ ᠠᠩᠭᠢ᠂ ᠰᠢᠨ᠎ᠡ | ᠲᠣᠰᠬᠤᠨ ᠤ ᠡᠮᠦᠨ᠎ᠡ ᠬᠤᠶᠢᠨ᠎ᠠ ᠵᠡᠷᠭᠡ 7 ᠬᠡᠰᠡᠭ ᠲᠣᠭᠤᠷᠢᠭ ᠤᠨ ᠨᠡᠭᠡᠭᠡᠯᠲᠡ ᠶᠢ ᠲᠣᠭᠲᠠᠭᠰᠠᠨ ᠬᠤᠭᠤᠴᠠᠭᠠᠨ ᠳᠤ ᠠᠵᠢᠯ | ᠡᠬᠢᠯᠡᠭᠦᠯᠬᠦ ᠶᠢ ᠦᠨᠡᠨ ᠬᠦ ᠪᠠᠲᠤᠯᠠᠨ᠎ᠠ᠃ ᠭᠤᠣᠯ ᠳᠠᠭᠠᠤ ᠵᠠᠮ ᠢ ᠡᠮᠦᠨᠡᠰᠢ ᠤᠮᠠᠷᠠᠰᠢ ᠤᠷᠲᠤᠳᠬᠠᠬᠤ᠂ ᠪᠢᠷᠠᠭᠤ ᠠᠴᠠ | ᠰᠢᠯᠢᠩᠬᠤᠲᠠ ᠬᠦᠷᠬᠦ ᠵᠠᠮ ᠢ ᠥᠷᠭᠡᠳᠬᠡᠬᠦ᠂ ᠲᠡᠦᠬᠡ ᠰᠣᠶᠣᠯ ᠤᠨ ᠵᠡᠭᠡᠯᠢ ᠲᠣᠭᠤᠷᠢᠭ ᠢ ᠪᠦᠲᠦᠭᠡᠨ ᠪᠠᠶᠢᠭᠤᠯᠬᠤ ᠶᠢ ᠡᠮᠬᠢ | ᠵᠢᠷᠤᠮ ᠲᠠᠢ ᠪᠠᠷ ᠬᠡᠷᠡᠭᠵᠢᠭᠦᠯᠵᠦ᠂ ᠭᠤᠣᠯ ᠬᠤᠲᠠ ᠲᠣᠭᠤᠷᠢᠭ ᠤᠨ ᠦᠶᠡᠷ ᠵᠠᠯᠠᠬᠤ ᠳᠠᠯᠳᠠ ᠰᠤᠪᠠᠭ᠂ ᠵᠡᠭᠦᠨ ᠲᠣᠭᠤᠷᠢᠯ | ᠵᠠᠮ ᠤᠨ ᠦᠶᠡᠷ ᠵᠠᠯᠠᠬᠤ ᠰᠢᠰᠲ᠋ᠧᠮ ᠪᠣᠯᠣᠨ ᠪᠢᠷᠠᠭᠤ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢᠨ ᠬᠤᠶᠠᠳᠤᠭᠠᠷ | ᠲᠠᠯᠠᠪᠤᠷ ᠤᠨ ᠲᠥᠷᠥᠯ ᠵᠦᠢᠯ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠤ᠂ ᠪᠢᠷᠠᠭᠤ ᠬᠤᠶᠠᠳᠤᠭᠠᠷ ᠵᠡᠭᠡᠯᠢ᠂ ᠪᠢᠷᠠᠭᠤ | ᠭᠤᠷᠪᠠᠳᠤᠭᠠᠷ ᠵᠡᠭᠡᠯᠢ ᠶᠢᠨ ᠬᠥᠭᠦᠷᠭᠡ ᠶᠢ ᠳᠠᠬᠢᠨ ᠪᠠᠶᠢᠭᠤᠯᠬᠤ ᠪᠠ ᠭᠤᠳᠤᠮᠵᠢ ᠶᠢᠨ ᠵᠠᠮ᠂ ᠴᠡᠴᠡᠷᠯᠢᠭ ᠤᠨ ᠠᠭᠤᠳᠠᠮ | ᠲᠠᠯᠠᠪᠠᠶ᠂ ᠡᠪᠳᠡᠷᠡᠵᠦ ᠰᠦᠢᠳᠦᠭᠰᠡᠨ ᠬᠠᠭᠤᠴᠢᠨ ᠵᠠᠮ ᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠴᠠᠭ ᠲᠤᠨᠢ | ᠲᠣᠬᠢᠷᠠᠭᠤᠯᠤᠨ ᠡᠬᠢᠯᠡᠭᠦᠯᠵᠦ᠂ ᠨᠤᠭᠤ ᠭᠠᠵᠠᠷ ᠤᠨ ᠴᠡᠴᠡᠷᠯᠢᠭ᠂ ᠣᠪᠣᠭᠠᠨ ᠠᠭᠤᠯᠠ ᠶᠢᠨ ᠴᠡᠴᠡᠷᠯᠢᠭ ᠵᠡᠷᠭᠡ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠵᠡᠷᠭᠡ ᠳᠤᠨᠢ ᠠᠬᠢᠭᠤᠯᠵᠤ᠂ ᠯᠢ ᠾᠧ ᠢᠯᠴᠢ ᠶᠢᠨ ᠴᠠᠬᠢᠯᠭᠠᠨ ᠤ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠷᠮᠠᠶᠢᠨ ᠬᠥᠭᠵᠢᠭᠡᠬᠦ ᠶᠢᠨ ᠬᠠᠮᠲᠤ ᠲᠦᠷᠭᠡᠳᠬᠡᠨ ᠠᠬᠢᠭᠤᠯᠵᠤ᠂ ᠬᠤᠲᠠ ᠶᠢᠨ | ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠪᠠ ᠬᠢᠷᠢ ᠬᠡᠮᠵᠢᠶ᠎ᠡ ᠶᠢ ᠣᠯᠠᠨ ᠳᠠᠪᠬᠤᠷᠭ᠎ᠠ ᠲᠠᠢ᠂ ᠪᠥᠬᠦ | ᠲᠠᠯ᠎ᠠ ᠪᠠᠷ ᠳᠡᠭᠡᠭᠰᠢᠯᠡᠭᠦᠯᠦᠨ᠎ᠡ᠃ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ | ᠠᠳᠠᠯ ᠠᠬᠤᠢ ᠶᠢᠨ ᠬᠠᠮᠢᠶᠠᠷᠤᠯᠲᠠ ᠶᠢᠨ ᠠᠯᠪᠠᠨ ᠭᠡᠷ ᠢ ᠪᠠᠶᠢᠭᠤᠯᠵᠤ᠂ ᠰᠠᠭᠤᠭᠠᠯᠢ ᠲᠣᠭᠤᠷᠢᠭ ᠤᠨ ᠬᠤᠪᠢᠶᠠᠷᠢ ᠬᠡᠰᠡᠭ ᠢ | ᠡᠮᠬᠢᠳᠬᠡᠬᠦ ᠠᠵᠢᠯ ᠢ ᠡᠮᠬᠢ ᠵᠢᠷᠤᠮ ᠲᠠᠢ ᠥᠷᠨᠢᠭᠦᠯᠦᠨ᠂ ︽ᠬᠤᠶᠠᠷ ᠢ ᠵᠥᠷᠢᠴᠡᠭᠰᠡᠨ︾ ᠪᠦᠲᠦᠭᠡᠨ ᠪᠠᠶᠢᠭᠤᠯᠤᠯᠲᠠ ᠪᠠ | ᠬᠤᠲᠠ ᠶᠢᠨ ᠢᠯᠡ ᠴᠠᠬᠢᠯᠭᠠᠨ ᠤᠲᠠᠰᠤ ᠢ ᠶᠡᠬᠡᠪᠡᠷ ᠴᠡᠭᠴᠡᠯᠡᠨ ᠵᠠᠰᠠᠵᠤ᠂ ᠰᠠᠭᠤᠭᠠᠯᠢ ᠠᠷᠠᠳ ᠤᠨ ᠲᠣᠭᠤᠷᠢᠭ ᠤᠨ | ᠳᠣᠲᠣᠷ᠎ᠠ ᠭᠠᠳᠠᠨᠠᠬᠢ ᠶᠢ ᠰᠢᠨᠡᠳᠬᠡᠬᠦ ᠢᠨᠵᠧᠨᠧᠷᠢᠩ ᠵᠢᠴᠢ ᠡᠷᠬᠢᠨ ᠲᠣᠭᠤᠷᠢᠨ ᠤ ᠰᠤᠯᠠ ᠭᠠᠵᠠᠷ ᠤᠨ ᠵᠠᠰᠠᠯᠲᠠ ᠶᠢ ᠱᠠᠲᠤᠯᠠᠨ | ᠠᠬᠢᠭᠤᠯᠵᠤ᠂ ︽ᠵᠢᠵᠢᠭ ᠴᠡᠴᠡᠷᠯᠢᠭ︾ ︽ᠪᠢᠴᠢᠯ ᠴᠡᠴᠡᠷᠯᠢᠭ︾ ᠢ ᠲᠣᠬᠢᠷᠠᠮᠵᠢᠲᠠᠢ ᠭᠠᠵᠠᠷ ᠲᠤ ᠪᠠᠶᠢᠭᠤᠯᠵᠤ᠂ ᠪᠢᠷᠠᠭᠤ | ᠭᠠᠯᠳᠠᠰᠢᠲᠠᠢ ᠷᠠᠰᠢᠶᠠᠨ ᠢ ᠵᠡᠷᠭᠡᠪᠡᠷ ᠨᠣᠭᠤᠭᠠᠷᠠᠭᠤᠯᠬᠤ᠂ ᠭᠤᠶᠣᠵᠢᠭᠤᠯᠬᠤ᠂ ᠭᠡᠷᠡᠯᠲᠦᠭᠦᠯᠬᠦ᠂ ᠴᠡᠪᠡᠷᠰᠢᠭᠦᠯᠬᠦ ᠬᠢᠷᠢ | ᠬᠡᠮᠵᠢᠶ᠎ᠡ ᠶᠢ ᠰᠢᠰᠲ᠋ᠧᠮ ᠲᠠᠢ ᠳᠡᠭᠡᠭᠰᠢᠯᠡᠭᠦᠯᠦᠨ᠂ ᠬᠤᠲᠠ ᠶᠢ ᠨᠠᠩ ᠭᠤᠶᠣ ᠰᠠᠶᠢᠬᠠᠨ ᠪᠤᠯᠭᠠᠬᠤ ᠪᠠᠷ ᠴᠢᠷᠮᠠᠶᠢᠨ᠎ᠠ᠃ | — — ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠦᠷᠢᠯᠡᠨ᠎ᠡ᠃ ᠪᠦᠬᠦ ᠬᠤᠰᠢᠭᠤᠨ ᠤ | ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠰᠦᠯᠵᠢᠶᠡᠨ ᠤ ᠪᠠᠶᠢᠷᠢᠰᠢᠯ ᠢ ᠲᠡᠭᠦᠯᠳᠡᠷᠵᠢᠭᠦᠯᠵᠦ᠂ ᠪᠢᠷᠠᠭᠤ ᠠᠴᠠ | ᠤᠯᠠᠭᠠᠨᠪᠤᠲᠤᠩ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ᠂ ᠭᠦᠨᠴᠦᠬᠡᠨ ᠠᠴᠠ ᠪᠢᠷᠠᠭᠤ ᠬᠦᠷᠬᠦ ᠥᠨᠳᠥᠷ ᠬᠤᠷᠳᠤᠴᠠᠲᠤ | ᠵᠠᠰᠠᠮᠠᠯ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠶᠢ ᠬᠦᠴᠦᠯᠡᠨ ᠠᠬᠢᠭᠤᠯᠵᠤ᠂ 220 ᠮᠤᠵᠢ ᠶᠢᠨ ᠵᠠᠮ ᠤᠨ | ᠬᠠᠨᠳᠤᠬᠤ ᠠᠴᠠ ᠤᠯᠠᠭᠠᠨᠪᠤᠲᠤᠩ ᠬᠦᠷᠬᠦ ᠬᠡᠰᠡᠭ᠂ ᠶᠤᠸᠠᠨ ᠪᠦᠦ ᠱᠠᠨ ᠠᠴᠠ ᠬᠤᠰᠤᠲᠤ ᠬᠦᠷᠢᠶ᠎ᠡ ᠬᠦᠷᠬᠦ ᠵᠠᠰᠠᠮᠠᠯ ᠵᠠᠮ ᠤᠨ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 233 ᠤᠯᠤᠰ ᠤᠨ ᠵᠠᠮ ᠤᠨ | ᠪᠢᠷᠠᠭᠤ ᠠᠴᠠ ᠬᠤᠰᠤᠲᠤ ᠬᠦᠷᠢᠶ᠎ᠡ ᠬᠦᠷᠬᠦ ᠬᠡᠰᠡᠭ ︵ᠬᠤᠲᠠ ᠶᠢᠨ ᠵᠡᠭᠦᠨ ᠲᠣᠭᠤᠷᠢᠯ ᠵᠠᠮ ᠢ ᠪᠠᠭᠲᠠᠭᠠᠨ᠎ᠠ︶ ᠤᠨ ᠵᠠᠰᠠᠮᠠᠯ | ᠵᠠᠮ ᠤᠨ ᠲᠥᠷᠥᠯ ᠵᠦᠢᠯ ᠤᠨ ᠠᠵᠢᠯ ᠡᠬᠢᠯᠡᠭᠦᠯᠬᠦ ᠨᠥᠬᠦᠴᠡᠯ ᠢ ᠪᠦᠷᠢᠯᠳᠦᠭᠦᠯᠬᠦ ᠶᠢ ᠦᠨᠡᠨ ᠬᠦ ᠪᠠᠲᠤᠯᠠᠵᠤ᠂ 624 | ᠤᠯᠤᠰ ᠤᠨ ᠵᠠᠮ ᠤᠨ ᠡᠮᠦᠨᠡᠬᠢ ᠬᠤᠭᠤᠴᠠᠭᠠᠨ ᠤ ᠠᠬᠢᠴᠠ᠂ 219 ᠮᠤᠵᠢ ᠶᠢᠨ ᠵᠠᠮ ᠤᠨ ᠡᠬᠢᠯᠡᠯᠲᠡ ᠶᠢᠨ ᠴᠡᠭ ᠢ ᠤᠮᠠᠷᠠᠰᠢ | ᠤᠷᠲᠤᠳᠬᠠᠬᠤ ᠶᠢ ᠲᠡᠮᠡᠴᠡᠨ ᠣᠯᠬᠤ ᠠᠵᠢᠯ ᠢ ᠢᠵᠢᠯ ᠠᠯᠬᠤᠮ ᠢᠶᠠᠷ ᠰᠠᠶᠢᠲᠤᠷ ᠬᠢᠵᠦ᠂ ᠵᠠᠮ ᠤᠨ ᠳᠠᠷᠤᠭ᠎ᠠ ᠶᠢᠨ ᠳᠦᠷᠢᠮ ᠢ | ᠳᠠᠭᠠᠵᠤ ᠨᠠᠶᠢᠳᠠᠪᠤᠷᠢᠵᠢᠭᠤᠯᠤᠨ᠂ ᠵᠢᠯ ᠤᠨ ᠳᠣᠲᠣᠷ᠎ᠠ ᠲᠣᠰᠬᠤᠨ ᠳᠤ ᠨᠡᠪᠲᠡᠷᠡᠬᠦ ᠪᠠ ᠳᠤᠭᠤᠶᠢᠯᠠᠩ ᠳᠤ ᠨᠡᠪᠲᠡᠷᠡᠬᠦ ᠵᠠᠰᠠᠮᠠᠯ | ᠵᠠᠮ ᠢ 72 ᠺᠢᠯᠣᠮᠧᠲᠷ ᠰᠢᠨ᠎ᠡ ᠪᠠᠷ ᠨᠡᠮᠡᠭᠳᠡᠭᠦᠯᠵᠦ᠂ ᠤᠯᠤᠰ ᠤᠨ ᠲᠠᠰ ᠤᠨ ︽ᠲᠦᠷᠪᠡ ᠶᠢ ᠪᠦᠷᠢᠯᠲᠦᠭᠦᠯᠦᠭᠰᠡᠨ ᠬᠥᠳᠡᠭᠡ | ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠲᠥᠷᠥᠯ ᠵᠦᠢᠯ ᠤᠨ | ᠥᠮᠴᠢᠲᠡᠨ ᠤ ᠨᠢᠭᠡᠴᠡ ᠶᠢ ᠭᠦᠨᠵᠡᠭᠡᠢ ᠵᠣᠯᠭᠠᠭᠤᠯᠵᠤ᠂ ᠤᠯᠠᠭᠠᠨᠪᠤᠲᠤᠩ᠂ ᠠᠰᠬᠠᠲᠤ ᠶᠢᠨ ᠨᠡᠶᠢᠳᠡᠮ ᠤᠨ ᠬᠡᠷᠡᠭᠯᠡᠭᠡᠨ ᠤ | ᠨᠢᠰᠬᠡᠯ ᠤᠨ ᠪᠠᠭᠤᠳᠠᠯ ᠢ ᠪᠦᠬᠦᠨ ᠢ ᠪᠠᠶᠢᠭᠤᠯᠵᠤ ᠳᠠᠭᠤᠰᠬᠠᠬᠤ ᠶᠢ ᠦᠨᠡᠨ ᠬᠦ ᠪᠠᠲᠤᠯᠠᠨ᠎ᠠ᠃ ᠬᠠᠷᠢᠶ᠎ᠠ ᠭᠠᠵᠠᠷ ᠤᠨ | ᠵᠣᠬᠢᠴᠠᠭᠤᠯᠤᠨ ᠦᠢᠯᠡᠴᠢᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠤᠨ | ᠴᠠᠬᠢᠯᠭᠠᠨᠵᠢᠭᠤᠯᠤᠯᠲᠠ ᠶᠢᠨ ᠥᠭᠡᠷᠡᠴᠢᠯᠡᠯᠲᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠠᠮᠵᠢᠯᠴᠠᠨ | ᠰᠠᠶᠢᠲᠤᠷ ᠬᠢᠨ᠎ᠡ᠃ ᠴᠠᠬᠢᠯᠭᠠᠨ ᠬᠦᠴᠦ᠂ ᠮᠡᠳᠡᠭᠡ ᠬᠤᠯᠪᠣᠭ᠎ᠠ ᠵᠡᠷᠭᠡ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠣᠷᠣᠨ ᠪᠦᠰᠡ ᠶᠢᠨ ᠬᠤᠯᠪᠣᠯᠳᠤᠨ ᠨᠡᠪᠲᠡᠷᠡᠯᠴᠡᠬᠦ᠂ ᠬᠤᠳᠠ ᠬᠥᠳᠡᠭᠡ ᠶᠢᠨ ᠠᠭᠤᠰᠤᠯᠳᠤᠨ | ᠨᠡᠪᠲᠡᠷᠡᠯᠴᠡᠬᠦ᠂ ᠳᠣᠲᠣᠭᠠᠳᠤ ᠭᠠᠳᠠᠭᠠᠳᠤ ᠶᠢᠨ ᠰᠠᠭᠠᠳ ᠦᠭᠡᠢ ᠨᠡᠪᠲᠡᠷᠡᠬᠦ ᠶᠢ ᠴᠢᠷᠮᠠᠶᠢᠨ ᠠᠬᠢᠭᠤᠯᠤᠨ᠎ᠠ᠃ | ︵ᠳᠥᠷᠪᠡ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠦᠨ ᠨᠡᠭᠡᠭᠡᠯᠲᠡ ᠶᠢ | ᠥᠷᠭᠡᠳᠬᠡᠵᠦ᠂ ᠠᠮᠢᠵᠢᠷᠠᠯ ᠤᠨ ᠬᠦᠴᠦᠨ ᠢ ᠬᠥᠭᠵᠢᠭᠡᠬᠦ ᠳᠤᠮᠳᠠ ᠲᠠᠰ ᠢ ᠳᠡᠭᠡᠭᠰᠢᠯᠡᠭᠦᠯᠦᠨ᠎ᠡ᠃ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠥᠳᠡᠯᠭᠡᠭᠦ ᠬᠦᠴᠦᠨ ᠢ ᠨᠡᠮᠡᠭᠳᠡᠭᠦᠯᠵᠦ᠂ | ᠬᠠᠮᠲᠤᠷᠠᠯᠴᠠᠭ᠎ᠠ ᠨᠡᠭᠡᠭᠡᠯᠲᠡ ᠪᠠᠷ ᠡᠬᠢ ᠪᠠᠶᠠᠯᠢᠭ ᠢ ᠬᠤᠷᠠᠮᠳᠤᠭᠤᠯᠵᠤ᠂ ᠳᠠᠯᠳᠠ ᠬᠦᠴᠦᠨ ᠢ ᠬᠤᠷᠠᠮᠳᠤᠭᠤᠯᠵᠤ᠂ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠪᠠᠷ ᠰᠢᠨ᠎ᠡ ᠬᠠᠭᠤᠴᠢᠨ ᠬᠥᠳᠡᠯᠭᠡᠭᠦ ᠬᠦᠴᠦᠨ ᠤ ᠲᠦᠷᠭᠡᠨ ᠰᠣᠯᠢᠭᠳᠠᠯ ᠢ ᠠᠬᠢᠭᠤᠯᠵᠤ | ᠂ ᠴᠢᠨᠠᠷ ᠰᠠᠶᠢᠲᠠᠢ ᠬᠥᠭᠵᠢᠯᠲᠡ ᠳᠤ ᠡᠬᠢ ᠰᠤᠷᠪᠤᠯᠵᠢ ᠬᠠᠩᠭᠠᠨ᠎ᠠ᠃ | — — ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠴᠠ ᠬᠥᠳᠡᠯᠭᠡᠭᠦ ᠬᠦᠴᠦᠨ ᠣᠯᠬᠤ ᠶᠢ ᠪᠠᠷᠢᠮᠲᠠᠯᠠᠨ᠎ᠠ᠃ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠂ ︽ᠰᠦᠯᠵᠢᠶᠡᠨ ᠳᠡᠭᠡᠷ᠎ᠡ ᠭᠦᠢᠴᠡᠳᠬᠡᠬᠦ︾ ︽ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠵᠦ ᠥᠭᠡᠷᠡᠴᠢᠯᠡᠬᠦ︾ ᠬᠤᠶᠠᠷ ᠵᠠᠩᠭᠢᠯᠠᠭ᠎ᠠ ᠶᠢ | ᠴᠢᠩᠭ᠎ᠠ ᠠᠳᠬᠤᠵᠤ᠂ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠵᠦ ᠠᠵᠤ ᠠᠬᠤᠶᠢᠯᠠᠯ ᠤᠨ ᠲᠦᠪᠡᠭᠲᠡᠢ | ᠠᠰᠠᠭᠤᠳᠠᠯ ᠢ ᠨᠠᠪᠲᠠᠷᠡᠭᠦᠯᠵᠦ᠂ ᠬᠤᠰᠢᠭᠤ ᠰᠢᠶᠠᠩ ᠲᠣᠰᠬᠤᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠤᠭᠲᠠᠯᠴᠠᠭ᠎ᠠ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠵᠠᠰᠠᠭ ᠤᠨ | ᠶᠠᠪᠤᠳᠠᠯ ᠤᠨ ᠬᠢᠨᠠᠨ ᠵᠥᠪᠰᠢᠶᠡᠷᠡᠬᠦ ᠵᠦᠢᠯᠡᠰ ᠢ ᠦᠨᠳᠦᠰᠦᠨ ᠱᠠᠲᠤᠨ ᠳᠤ ᠭᠦᠢᠴᠡᠳᠬᠡᠬᠦ ᠶᠢ ᠪᠦᠲᠦᠮᠵᠢᠲᠡᠶ ᠠᠬᠢᠭᠤᠯᠵᠤ᠂ | ᠬᠠᠮᠤᠭ ᠤᠨ ᠶᠡᠭᠡ ᠬᠡᠮᠵᠢᠶ᠎ᠡ ᠪᠠᠷ ᠮᠠᠲ᠋ᠧᠷᠢᠶᠠᠯ᠂ ᠭᠤᠭᠴᠤᠭ᠎ᠠ᠂ ᠴᠠᠭ ᠤᠨ ᠬᠢᠵᠠᠭᠠᠷ ᠢ ᠪᠠᠭᠠᠰᠬᠠᠵᠤ᠂ ᠶᠠᠷᠰᠢᠭ ᠲᠦᠪᠡᠭᠲᠡᠢ | ᠲᠠᠰ ᠳᠠᠷᠠᠭᠠᠯᠠᠯ᠂ ᠳᠦᠷᠢᠮ ᠭᠤᠷᠢᠮ ᠢᠶᠠᠷ ᠠᠵᠤ ᠠᠬᠤᠶᠢᠯᠠᠯ᠂ ᠣᠯᠠᠨ ᠲᠦᠮᠡᠨ ᠢ ᠵᠣᠪᠠᠭᠠᠬᠤ ᠶᠢ ᠡᠷᠡᠰ ᠳᠡᠪᠴᠢᠨ᠎ᠡ᠃ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠵᠣᠬᠢᠴᠠᠮᠵᠢ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠵᠢᠦᠢ ᠰᠢᠨ ᠤᠯᠤᠰ ᠤᠨ ᠥᠮᠴᠢᠯᠡᠯ ᠤᠨ ᠺᠣᠮᠫᠠᠨᠢ ᠶᠢᠨ ᠲᠠᠪᠴᠠᠩ ᠤᠨ ᠪᠡᠯᠡ ᠣᠷᠣᠭᠤᠯᠤᠯᠲᠠ ᠪᠡᠯᠡ | ᠲᠣᠬᠢᠷᠠᠭᠤᠯᠭ᠎ᠠ ᠶᠢᠨ ᠴᠢᠳᠠᠪᠤᠷᠢ ᠪᠠ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠣᠷᠣᠨ ᠨᠤᠲᠤᠭ ᠠᠵᠤ | ᠠᠬᠤᠶᠢᠯᠠᠯ ᠤᠨ ᠬᠠᠮᠲᠤᠷᠠᠯᠴᠠᠨ ᠬᠥᠭᠵᠢᠵᠦ ᠬᠠᠮᠲᠤ ᠪᠠᠷ ᠠᠰᠢᠭ ᠭᠥᠷᠳᠡᠬᠦ ᠰᠢᠨ᠎ᠡ ᠪᠠᠶᠢᠳᠠᠯ ᠢ ᠴᠢᠷᠮᠠᠶᠢᠨ ᠨᠡᠭᠡᠭᠡᠨ᠎ᠡ᠃ ᠡᠮ | ᠡᠮᠨᠡᠯᠭᠡ ᠡᠷᠡᠭᠦᠯ ᠬᠠᠮᠠᠭᠠᠯᠠᠯ᠂ ᠡᠳ᠋ ᠤᠨ ᠵᠠᠰᠠᠭ ᠭᠠᠶᠢᠯᠢ ᠲᠠᠲᠠᠪᠤᠷᠢ᠂ ᠲᠠᠷᠢᠶᠠᠯᠠᠩ ᠬᠥᠳᠡᠭᠡ ᠲᠣᠰᠬᠤᠨ ᠵᠡᠷᠭᠡ | ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠥᠭᠵᠢᠯᠲᠡ ᠶᠢ | ᠬᠢᠵᠠᠭᠠᠷᠯᠠᠵᠤ ᠪᠠᠶᠢᠭ᠎ᠠ ᠪᠠᠶᠢᠭᠤᠯᠤᠯ ᠵᠣᠬᠢᠴᠠᠮᠵᠢ ᠶᠢᠨ ᠬᠠᠷᠰᠢ ᠰᠠᠭᠠᠳ ᠢ ᠲᠦᠷᠭᠡᠪᠴᠢᠯᠡᠨ ᠠᠷᠢᠯᠭᠠᠵᠤ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃ | — — ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠴᠠ ᠠᠮᠢᠵᠢᠷᠠᠯ ᠤᠨ ᠬᠦᠴᠦᠨ ᠣᠯᠬᠤ ᠶᠢ ᠪᠠᠷᠢᠮᠲᠠᠯᠠᠨ᠎ᠠ᠃ | ᠠᠷᠠᠯᠵᠢᠶᠠᠴᠢᠨ ᠤᠷᠢᠵᠤ ᠪᠡᠯᠡ ᠤᠷᠤᠭᠤᠯᠬᠤ ᠬᠥᠭᠵᠢᠯᠲᠡ ᠶᠢᠨ ᠬᠦᠴᠦ ᠬᠤᠷᠠᠮᠳᠤᠭᠤᠯᠤᠨ ᠡᠨᠧᠷᠭᠢ ᠣᠯᠭᠤᠬᠤ ᠦᠢᠯᠡᠳᠦᠯ ᠢ | ᠳᠣᠪᠤᠶᠢᠯᠭᠠᠵᠤ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠤ ᠦᠢᠯᠡᠰ ᠤᠨ ᠬᠡᠯᠬᠢᠶ᠎ᠡ ᠶᠢᠨ ᠳᠠᠷᠤᠭ᠎ᠠ᠂ ᠲᠤᠰᠬᠠᠢ | ᠠᠩᠭᠢ ᠶᠢᠨ ᠠᠩᠭᠢ ᠶᠢᠨ ᠳᠠᠷᠤᠭ᠎ᠠ᠂ ᠡᠯ᠎ᠡ ᠱᠠᠲᠤᠨ ᠤ ᠠᠷᠠᠯᠵᠢᠶᠠᠴᠢᠨ ᠤᠷᠢᠬᠤ ᠡᠩᠨᠡᠭᠡ ᠪᠠ ᠬᠢᠨᠠᠨ ᠰᠢᠯᠭᠠᠵᠤ ᠱᠠᠩᠨᠠᠬᠤ | ᠲᠥᠷᠥ ᠶᠢᠨ ᠪᠣᠳᠣᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠰᠠᠨᠠᠭᠠᠴᠢᠯᠠᠭ᠎ᠠ ᠲᠠᠢ ᠪᠠᠷ ᠳᠠᠭᠠᠷᠢᠯᠲᠠ ᠬᠢᠵᠦ᠂ | ᠬᠠᠮᠵᠢᠯᠴᠠᠨ ᠬᠦᠴᠦᠯᠡᠵᠦ᠂ ᠵᠢᠯ ᠤᠨ ᠳᠣᠲᠣᠷ᠎ᠠ 50 ᠠᠷᠠᠯᠵᠢᠶᠠᠴᠢᠨ ᠤᠷᠢᠵᠤ ᠪᠡᠯᠡ ᠤᠷᠤᠭᠤᠯᠬᠤ ᠲᠥᠷᠥᠯ ᠵᠦᠢᠯ ᠢ | ᠨᠠᠶᠢᠳᠠᠪᠤᠷᠢᠵᠢᠭᠤᠯᠵᠤ᠂ ︽ᠭᠠᠵᠠᠷ ᠣᠷᠣᠨ ᠠᠯᠤᠰᠯᠠᠭᠰᠠᠨ ᠠᠵᠤ ᠠᠬᠤᠢ︾ ᠶᠢᠨ ᠲᠥᠷᠥᠯ ᠵᠦᠢᠯ ᠢ 3 ᠠᠴᠠ ᠳᠡᠭᠡᠭᠰᠢ | ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ ᠦᠨᠡᠨ ᠰᠡᠳᠬᠢᠯ ᠠᠴᠠ ᠪᠠᠨ ᠦᠢᠯᠡᠴᠢᠯᠡᠭᠡ ᠬᠢᠬᠦ ᠶᠢ ᠰᠠᠶᠢᠲᠤᠷ ᠬᠢᠵᠦ᠂ ︽ | ᠲᠦᠷᠦᠯ ᠵᠦᠢᠯ ᠤᠨ ᠬᠠᠮᠢᠶᠠᠷᠤᠭᠴᠢ︾ ᠶᠢᠨ ᠳᠦᠷᠢᠮ ᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠲᠦᠷᠦᠯ ᠵᠦᠢᠯ ᠢ | ᠨᠠᠶᠢᠳᠠᠪᠤᠷᠢᠵᠢᠭᠤᠯᠤᠭᠰᠠᠨ ᠨᠤᠷᠮ᠎ᠠ᠂ ᠪᠡᠯᠡ ᠮᠥᠩᠭᠦ ᠶᠢ ᠨᠠᠶᠢᠳᠠᠪᠤᠷᠢᠵᠢᠭᠤᠯᠤᠭᠰᠠᠨ ᠨᠤᠷᠮ᠎ᠠ᠂ ᠠᠵᠢᠯ ᠡᠬᠢᠯᠡᠭᠦᠯᠦᠨ | ᠠᠰᠢᠭᠯᠠᠯᠲᠠ ᠳᠤ ᠣᠷᠣᠭᠤᠯᠤᠭᠰᠠᠨ ᠨᠤᠷᠮ᠎ᠠ ︽ᠭᠤᠷᠪᠠᠨ ᠶᠡᠭᠡ ᠵᠠᠩᠭᠢᠯᠠᠭ᠎ᠠ︾ ᠶᠢ ᠴᠢᠩᠭ᠎ᠠ ᠠᠳᠬᠤᠵᠤ᠂ ᠲᠦᠷᠦᠯ | ᠵᠦᠢᠯ ᠢ ᠮᠡᠳᠡᠭᠦᠯᠦᠨ ᠵᠥᠪᠰᠢᠶᠡᠷᠡᠭᠦᠯᠬᠦ᠂ ᠭᠠᠵᠠᠷ ᠰᠢᠷᠣᠢ ᠶᠢ ᠲᠠᠲᠠᠪᠤᠷᠢᠯᠠᠨ ᠬᠡᠷᠡᠭᠯᠡᠬᠦ᠂ ᠭᠠᠷ ᠭᠦᠢᠴᠡᠳᠬᠡᠯ ᠬᠢᠬᠦ ᠵᠡᠷᠭᠡ | ᠭᠤᠭᠴᠤᠭ᠎ᠠ ᠠᠴᠠ ᠭᠠᠷᠳᠠᠵᠦ᠂ ᠪᠦᠬᠦ ᠦᠶᠡᠯᠡᠯ ᠤᠨ ᠬᠤᠭᠤᠴᠠᠭ᠎ᠠ᠂ ᠪᠦᠬᠦ ᠡᠯᠧᠮᠧᠨ᠋ᠲ᠂ ᠪᠦᠬᠦ ᠲᠠᠯ᠎ᠠ ᠪᠠᠷ ᠮᠥᠷᠳᠡᠨ | ᠦᠢᠯᠡᠴᠢᠯᠡᠵᠦ᠂ ᠠᠵᠤ ᠠᠬᠤᠶᠢᠯᠠᠯ ᠢ ᠳᠠᠩᠰᠠᠯᠠᠬᠤ ᠪᠠ ᠪᠡᠯᠡ ᠣᠷᠣᠭᠤᠯᠬᠤ ᠳᠤ ᠰᠠᠨᠠᠭ᠎ᠠ ᠠᠮᠤᠷ ᠪᠠᠶᠢᠯᠭᠠᠨ᠎ᠠ᠃ | — — ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠠᠴᠠ ᠳᠠᠯᠳᠠ ᠬᠦᠴᠦᠨ ᠣᠯᠬᠤ ᠶᠢ ᠪᠠᠷᠢᠮᠲᠠᠯᠠᠨ᠎ᠠ᠃ ᠪᠥᠬᠦ | ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠵᠢᠯᠣᠭᠤᠳᠤᠯᠭ᠎ᠠ ᠰᠢᠢᠳᠪᠦᠷᠢᠲᠦ ᠪᠣᠳᠣᠯᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠰᠢᠯᠢᠳᠡᠭ ᠢ ᠰᠣᠩᠭᠤᠨ | ᠬᠦᠴᠦᠷᠬᠡᠭ ᠢ ᠲᠣᠬᠢᠷᠠᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠠᠳᠬᠤᠵᠤ ᠪᠣᠳᠠᠲᠠᠶᠢᠵᠢᠭᠤᠯᠤᠨ᠂ ᠡᠮᠦᠨᠡᠬᠢ | ᠬᠤᠭᠤᠴᠠᠭᠠᠨ ᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠰᠢᠪᠲᠤᠯᠤᠯᠲᠠ ᠶᠢᠨ ᠪᠡᠷᠬᠡ ᠰᠡᠳᠦᠪ ᠢ | ᠰᠢᠢᠳᠪᠦᠷᠢᠯᠡᠵᠦ᠂ ᠠᠬᠢᠴᠠ ᠶᠢ ᠠᠮᠵᠢᠨ᠂ ᠬᠦᠴᠦᠨ ᠵᠦᠢᠯ ᠢ ᠪᠠᠲᠤᠯᠠᠵᠤ᠂ ᠵᠢᠯ ᠤᠨ ᠳᠣᠲᠣᠷ᠎ᠠ 70 ᠭᠠᠷᠤᠢ | ᠭᠤᠣᠯᠳᠠᠯᠭ᠎ᠠ ᠲᠠᠢ ᠲᠥᠷᠥᠯ ᠵᠦᠢᠯ ᠢ ᠡᠬᠢᠯᠡᠭᠦᠯᠦᠨ ᠠᠵᠢᠯ ᠡᠬᠢᠯᠡᠭᠦᠯᠬᠦ ᠶᠢ ᠪᠠᠲᠤᠯᠠᠵᠤ᠂ 79 ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠬᠤᠷᠸ᠎ᠠ ᠲᠥᠷᠥ ᠶᠢᠨ ᠪᠣᠳᠣᠯᠭ᠎ᠠ ᠶᠢᠨ | ᠬᠠᠨᠳᠤᠰᠢ ᠪᠠ ᠪᠡᠯᠡ ᠮᠥᠩᠭᠦᠨ ᠤ ᠣᠷᠣᠭᠤᠯᠤᠯᠲᠠ ᠶᠢᠨ ᠬᠠᠨᠳᠤᠰᠢ ᠶᠢ ᠭᠦᠨᠵᠡᠭᠡᠢ ᠰᠤᠳᠤᠯᠬᠤ ᠶᠢᠨ ᠬᠠᠮᠲᠤ ᠣᠨᠣᠪᠴᠢᠲᠠᠶ | ᠡᠵᠡᠮᠳᠡᠵᠦ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠤᠨ ︽ᠰᠠᠨᠠᠭᠠᠴᠢᠯᠠᠭᠠᠲᠦ ᠨᠡᠭᠦᠳᠡᠯ ᠤᠨ ᠰᠢᠲᠠᠷ᠎ᠠ︾᠂ ︽ | ᠰᠠᠨᠠᠭᠠᠴᠢᠯᠠᠭᠠᠲᠤ ᠡᠷᠬᠡ︾ ᠶᠢ ᠴᠢᠷᠮᠠᠶᠢᠨ ᠣᠯᠵᠤ᠂ ᠨᠠᠩ ᠣᠯᠠᠨ ᠲᠥᠷᠥᠯ ᠵᠦᠢᠯ᠂ ᠪᠡᠯᠡ ᠮᠥᠩᠭᠦ ᠪᠠ ᠲᠥᠷᠥ ᠶᠢᠨ | ᠪᠣᠳᠣᠯᠭ᠎ᠠ ᠶᠢ ᠬᠡᠰᠢᠭᠲᠡᠨ ᠬᠤᠰᠢᠭᠤᠨ ᠳᠤ ᠬᠤᠷᠠᠮᠳᠤᠭᠤᠯᠬᠤ ᠪᠠᠷ ᠴᠢᠷᠮᠠᠶᠢᠨ᠎ᠠ᠃ ᠤᠯᠤᠰ ᠤᠨ ᠲᠥᠷᠥ ᠶᠢᠨ ᠪᠣᠳᠣᠯᠭ᠎ᠠ ᠶᠢᠨ | ᠬᠠᠨᠳᠤᠰᠢ ᠪᠠ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠶᠢ ᠭᠦᠨᠵᠡᠭᠡᠢ ᠰᠤᠳᠤᠯᠵᠤ᠂ ︽ᠬᠢᠵᠦ ᠥᠩᠭᠡᠷᠡᠭᠰᠡᠨ | ᠦᠭᠡᠢ ᠵᠦᠢᠯᠡᠰ ᠢ ᠬᠢᠬᠦ︾ ᠳᠤᠮᠳᠠ ᠵᠣᠷᠢᠭᠲᠠᠢ ᠪᠠᠷ ᠲᠥᠷᠥᠯ ᠵᠦᠢᠯ ᠢ ᠲᠥᠯᠥᠪᠯᠡᠵᠦ᠂ ︽ᠪᠠᠭ᠎ᠠ ᠶᠠᠪᠤᠳᠠᠯ ᠢ ᠶᠡᠬᠡᠪᠡᠷ | ᠴᠢᠬᠤᠯᠠᠴᠢᠯᠠᠬᠤ︾ ᠳᠡᠭᠡᠷ᠎ᠡ ᠠᠵᠤ ᠦᠢᠯᠡᠰ ᠢ ᠴᠢᠳᠠᠮᠠᠭᠠᠢ ᠬᠥᠭᠵᠢᠭᠦᠯᠵᠦ᠂ ᠲᠥᠷᠥᠯ ᠵᠦᠢᠯ ᠤᠨ ᠨᠥᠭᠡᠴᠡ ᠶᠢᠨ | ᠬᠥᠮᠥᠷᠭᠡ ᠶᠢ ᠴᠠᠭ ᠲᠤᠬᠠᠢ ᠳᠤᠨᠢ ᠲᠥᠯᠥᠪᠵᠢᠭᠦᠯᠦᠨ ᠰᠢᠨᠡᠳᠬᠡᠵᠦ᠂ ᠪᠥᠬᠦ ᠬᠤᠰᠢᠭᠤᠨ ᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠱᠠᠲᠤ ᠱᠠᠲᠤ ᠪᠠᠷ ᠦᠷᠭᠦᠯᠵᠢᠯᠡᠭᠦᠯᠵᠦ᠂ ᠵᠡᠷᠭᠡᠪᠡᠷ ᠴᠡᠴᠡᠭᠯᠡᠭᠦᠯᠬᠦ ᠶᠢ ᠴᠢᠷᠮᠠᠶᠢᠨ ᠠᠬᠢᠭᠤᠯᠤᠨ᠎ᠠ᠃ | ︵ᠲᠠᠪᠤ︶ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠳᠤ ᠠᠩᠬᠠᠷᠤᠯ ᠢᠶᠠᠨ ᠲᠥᠪᠯᠡᠷᠡᠭᠦᠯᠵᠦ | ᠂ ᠬᠠᠮᠲᠤᠪᠠᠷ ᠡᠳ᠋ᠯᠡᠬᠦ ᠬᠥᠭᠵᠢᠯᠲᠡ ᠶᠢᠨ ᠳᠤᠮᠳᠠ ᠤᠯᠤᠯᠲᠠᠲᠦ ᠲᠥᠷᠥᠭᠳᠡᠯ ᠢ ᠳᠡᠭᠡᠭᠰᠢᠯᠡᠭᠦᠯᠦᠨ᠎ᠡ᠃ ᠠᠷᠠᠳ ᠤᠨ | ᠠᠮᠢᠳᠤᠷᠠᠯ ᠢ ᠬᠥᠭᠵᠢᠯᠲᠡ ᠶᠢ ᠠᠬᠢᠭᠤᠯᠬᠤ ᠶᠢᠨ ᠭᠠᠷᠳᠠᠴᠠ ᠪᠠ ᠬᠦᠴᠦᠯᠡᠴᠡ ᠪᠣᠯᠭᠠᠬᠤ ᠶᠢ ᠪᠠᠷᠢᠮᠲᠠᠯᠠᠵᠤ᠂ ᠪᠡᠯᠡ | ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠪᠠᠶᠢᠷᠢᠰᠢᠯ ᠢ ᠰᠢᠯᠢᠳᠡᠭᠵᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠵᠦ᠂ | ᠠᠷᠠᠳ ᠤᠯᠠᠨ ᠤ ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠭᠦᠯᠵᠦ᠂ ᠠᠮᠢᠳᠤᠷᠠᠯ ᠢ ᠤᠯᠠᠮ ᠰᠠᠶᠢᠨ ᠰᠠᠶᠢᠬᠠᠨ ᠪᠣᠯᠭᠠᠨ᠎ᠠ᠃ | — — ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠦᠷᠭᠦᠯᠵᠢᠯᠡᠨ ᠴᠢᠩᠭᠠᠳᠬᠠᠨ᠎ᠠ᠃ ᠠᠵᠢᠯ | ᠣᠯᠭᠤᠯᠲᠠ ᠶᠢ ᠤᠷᠢᠳᠠᠪᠠᠷ ᠪᠣᠳᠣᠯᠬᠢᠯᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠳᠡᠭᠡᠳᠦ ᠰᠤᠷᠭᠠᠭᠤᠯᠢ | ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠠᠴᠠ ᠬᠠᠯᠠᠭᠳᠠᠭᠰᠠᠳ᠂ ᠠᠵᠢᠯ ᠣᠯᠬᠤ ᠳᠤ | ᠬᠦᠴᠢᠷᠲᠡᠢ ᠬᠥᠮᠥᠰ ᠵᠡᠷᠭᠡ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠠᠵᠢᠯ ᠢ ᠭᠤᠣᠯᠳᠠᠯᠭ᠎ᠠ ᠲᠠᠢ ᠰᠠᠶᠢᠲᠤᠷ | ᠠᠳᠬᠤᠵᠤ᠂ ᠭᠠᠳᠠᠨ᠎ᠠ ᠠᠴᠠ ᠢᠷᠡᠵᠦ ᠰᠠᠭᠤᠷᠢᠰᠢᠭᠰᠠᠨ ᠠᠵᠤ ᠠᠬᠤᠶᠢᠯᠠᠯ ᠪᠣᠯᠣᠨ ᠲᠥᠷᠥᠯ ᠵᠦᠢᠯ ᠤᠨ ᠲᠤᠬᠠᠢ ᠶᠢᠨ | ᠭᠠᠵᠠᠷ ᠣᠷᠣᠨ ᠠᠴᠠ ᠠᠵᠢᠯᠴᠢᠨ ᠬᠡᠷᠡᠭᠯᠡᠬᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠮᠡᠷᠭᠡᠵᠢᠯ ᠴᠢᠳᠠᠪᠤᠷᠢ ᠶᠢᠨ | ᠪᠣᠯᠪᠠᠰᠤᠷᠠᠭᠤᠯᠤᠯ ᠤᠨ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ᠂ ᠡᠾᠦ᠋ᠩ ᠳ᠋ᠧ | ᠶᠡᠷᠦᠩᠬᠡᠶᠢᠯᠡᠭᠰᠡᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠵᠡᠷᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ | ᠣᠯᠭᠤᠯᠲᠠ ᠶᠢᠨ ᠦᠢᠯᠡᠴᠢᠯᠡᠭᠡᠨ ᠤ ᠰᠠᠭᠤᠷᠢᠨ ᠭᠠᠵᠠᠷ ᠢ ᠬᠦᠴᠦᠯᠡᠨ ᠪᠣᠶᠢᠵᠢᠭᠤᠯᠬᠤ ᠪᠠ ᠪᠠᠶᠢᠭᠤᠯᠵᠤ᠂ ᠬᠤᠲᠠ | ᠪᠠᠯᠭᠠᠰᠤ ᠶᠢᠨ 850 ᠬᠥᠮᠥᠨ ᠳᠤ ᠰᠢᠨ᠎ᠡ ᠪᠠᠷ ᠠᠵᠢᠯ ᠣᠯᠭᠤᠬᠤ᠂ ᠮᠠᠯᠴᠢᠨ ᠲᠠᠷᠢᠶᠠᠴᠢᠨ 3.8 ᠲᠦᠮᠡ ᠠᠴᠠ ᠳᠡᠭᠡᠭᠰᠢᠬᠢ | ᠬᠥᠮᠥᠨ ᠳᠤ ᠰᠢᠯᠵᠢᠭᠦᠯᠦᠨ ᠠᠵᠢᠯ ᠣᠯᠭᠤᠬᠤ ᠪᠠᠷ ᠴᠢᠷᠮᠠᠶᠢᠵᠤ᠂ ᠠᠵᠢᠯ ᠲᠠᠢ ᠭᠦᠮᠦᠨ ᠦᠬᠡᠢ ᠭᠡᠷ ᠪᠦᠯᠢ ᠳᠤ | ᠬᠥᠳᠡᠯᠦᠩᠭᠦᠢ ᠪᠠᠷ ᠠᠵᠢᠯ ᠤᠯᠭᠤᠬᠤ ᠶᠢ ᠪᠠᠲᠤᠯᠠᠨ᠎ᠠ᠃ ᠨᠡᠶᠢᠭᠡᠮ ᠤᠨ ᠳᠠᠭᠠᠳᠬᠠᠯ ᠤᠨ ᠰᠢᠰᠲ᠋ᠧᠮ ᠢ ᠦᠷᠭᠦᠯᠵᠢᠯᠡᠨ | ᠲᠡᠭᠦᠯᠳᠡᠷᠵᠢᠭᠦᠯᠵᠦ᠂ ︽ᠠᠷᠠᠳ ᠨᠡᠶᠢᠲᠡ ᠪᠠᠷ ᠢᠶᠠᠨ ᠳᠠᠭᠠᠳᠬᠠᠯ ᠳᠤ ᠣᠷᠤᠯᠴᠠᠬᠤ︾ ᠲᠥᠯᠥᠪᠯᠡᠭᠡ ᠶᠢ ᠭᠦᠨᠵᠡᠭᠡᠢ | ᠬᠡᠷᠡᠭᠵᠢᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ ᠳᠠᠭᠠᠳᠬᠠᠯ ᠪᠠ ᠡᠮ | ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠤᠯᠴᠠᠬᠤ ᠨᠤᠷᠮ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢ ᠲᠦᠷᠭᠡᠳᠬᠡᠵᠦ | ᠂ ᠪᠥᠬᠦ ᠬᠤᠰᠢᠭᠤᠨ ᠤ ᠨᠠᠰᠤᠲᠠᠨ ᠢ ᠠᠰᠠᠷᠠᠬᠤ ᠬᠦᠷᠢᠶᠡᠯᠡᠩ ᠤᠨ ᠨᠢᠭᠡᠳᠦᠯᠲᠡᠢ ᠲᠥᠯᠦᠪᠵᠢᠭᠦᠯᠭᠡ᠂ ᠵᠢᠷᠤᠭ ᠲᠥᠯᠥᠪᠯᠡᠭᠡ ᠶᠢ | ᠪᠥᠬᠦ ᠲᠠᠯ᠎ᠠ ᠪᠠᠷ ᠰᠠᠶᠢᠲᠤᠷ ᠬᠢᠬᠦ ᠶᠢᠨ ᠬᠠᠮᠲᠤ ᠴᠠᠭ ᠲᠤᠨᠢ ᠲᠣᠬᠢᠷᠠᠭᠤᠯᠤᠨ ᠡᠬᠢᠯᠡᠨ ᠪᠠᠶᠢᠭᠤᠯᠵᠤ᠂ ᠤᠯᠠᠭᠠᠨᠬᠠᠳᠠ | ᠬᠤᠲᠠ ᠶᠢᠨ ᠬᠤᠶᠢᠲᠤ ᠬᠡᠰᠡᠭ ᠤᠨ ᠣᠷᠣᠨ ᠪᠦᠰᠡ ᠶᠢᠨ ᠨᠠᠰᠤᠲᠠᠨ ᠢ ᠠᠰᠠᠷᠠᠬᠤ ᠭᠤᠣᠯ ᠬᠦᠷᠢᠶᠡᠯᠡᠩ ᠤᠨ ᠲᠥᠷᠥᠯ ᠵᠦᠢᠯ ᠢ | ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠬᠦᠴᠦᠯᠡᠨ ᠠᠬᠢᠭᠤᠯᠵᠤ᠂ ᠨᠡᠶᠢᠭᠡᠮ ᠤᠨ ᠬᠦᠴᠦᠨ ᠢ ᠲᠡᠳᠬᠦᠨ ᠨᠡᠶᠢᠳᠡᠮ ᠤᠨ | ᠬᠠᠷᠠᠭᠠᠯᠵᠠᠯ ᠤᠨ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠬᠥᠭᠵᠢᠭᠦᠯᠵᠦ᠂ ︽ᠨᠠᠰᠤᠲᠠᠨ ᠪᠠ ᠬᠡᠦᠬᠡᠳ︾ ᠤᠨ | ᠠᠰᠠᠭᠤᠳᠠᠯ ᠢ ᠴᠢᠷᠮᠠᠶᠢᠨ ᠰᠢᠢᠳᠪᠦᠷᠢᠯᠡᠨ᠎ᠡ᠃ ᠨᠡᠶᠢᠭᠡᠮ ᠤᠨ ᠠᠪᠤᠷᠠᠨ ᠲᠤᠰᠠᠯᠠᠯᠲᠠ᠂ ᠨᠡᠶᠢᠭᠡᠮ ᠤᠨ ᠠᠰᠠᠷᠠᠮᠵᠢ ᠶᠢᠨ | ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠭᠡᠷ ᠲᠤ ᠪᠠᠨ ᠬᠤᠴᠣᠷᠤᠭᠰᠠᠨ ᠬᠡᠦᠬᠡᠳ᠂ ᠬᠦᠴᠢᠷᠳᠡᠯ ᠳᠤ | ᠲᠤᠯᠭᠠᠷᠠᠭᠰᠠᠨ ᠬᠡᠦᠬᠡᠳ ᠢ ᠬᠠᠶᠢᠷᠠᠯᠠᠨ ᠬᠠᠯᠠᠮᠵᠢᠯᠠᠵᠤ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ | ᠭᠦᠯᠦᠰᠦᠨ ᠠᠵᠢᠯᠴᠢᠳ ᠤᠨ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠦᠨᠳᠦᠰᠦᠨ ᠠᠴᠠ ᠨᠢ ᠵᠠᠰᠠᠵᠤ᠂ | ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠥᠬᠦ ᠬᠦᠴᠦᠨ ᠢᠶᠠᠷ ᠬᠠᠮᠠᠭᠠᠯᠠᠨ᠎ᠠ᠃ | — — ᠨᠡᠶᠢᠭᠡᠮ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ | ᠵᠢᠯ ᠤᠨ ᠳᠣᠲᠣᠷ᠎ᠠ 3.1 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠰᠤᠷᠭᠠᠭᠤᠯᠢ ᠶᠢᠨ ᠬᠦᠷᠢᠶᠡᠨ ᠤ | ᠣᠷᠣᠨ ᠰᠠᠭᠤᠴᠠ ᠶᠢ ᠰᠣᠯᠢᠵᠤ ᠰᠢᠨ᠎ᠡ ᠪᠠᠷ ᠪᠠᠶᠢᠭᠤᠯᠬᠤ᠂ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠬᠦ᠂ | ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠵᠡᠷᠭᠡ 6 ᠲᠥᠷᠥᠯ ᠵᠦᠢᠯ ᠢ | ᠭᠤᠣᠯᠳᠠᠯᠭ᠎ᠠ ᠲᠠᠢ ᠬᠡᠷᠡᠭᠵᠢᠭᠦᠯᠵᠦ᠂ ᠵᠢᠭᠠᠨ ᠰᠤᠷᠭᠠᠯᠲᠠ ᠶᠢᠨ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠤᠨ᠂ ᠪᠠᠭᠰᠢ | ᠰᠤᠷᠤᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠬᠠᠮᠢᠶᠠᠷᠤᠯᠲᠠ ᠠᠴᠠ ᠦᠷ᠎ᠡ ᠠᠰᠢᠭ ᠣᠯᠬᠤ᠂ ᠪᠠᠭᠰᠢ ᠠᠴᠠ | ᠦᠷ᠎ᠡ ᠪᠦᠲᠦᠮᠵᠢ ᠣᠯᠬᠤ᠂ ᠬᠢᠴᠢᠶᠡᠯ ᠤᠨ ᠲᠠᠩᠬᠢᠮ ᠠᠴᠠ ᠦᠷ᠎ᠡ ᠪᠦᠲᠦᠮᠵᠢ ᠣᠯᠬᠤ᠂ ᠰᠤᠷᠤᠭᠴᠢᠳ ᠠᠴᠠ ᠦᠷ᠎ᠡ | ᠪᠦᠲᠦᠮᠵᠢ ᠣᠯᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠯ᠎ᠡ ᠲᠥᠷᠥᠯ ᠤᠨ ᠲᠦᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠵᠠᠬᠢᠷᠤᠯ᠂ ᠪᠠᠭᠰᠢ᠂ ᠰᠤᠷᠤᠭᠴᠢ ᠵᠡᠷᠭᠡ | ᠡᠯ᠎ᠡ ᠲᠠᠯ᠎ᠠ ᠶᠢᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ︽ᠴᠢᠳᠠᠪᠤᠷᠢ ᠲᠠᠢ ᠨᠢ ᠳᠠᠪᠰᠢᠵᠤ᠂ ᠴᠢᠳᠠᠪᠤᠷᠢ ᠦᠭᠡᠢ | ᠨᠢ ᠪᠠᠭᠤᠵᠤ᠂ ᠰᠡᠯᠡᠭᠦᠦ ᠰᠠᠭᠤᠭᠰᠠᠳ ᠣᠷᠣᠨ ᠪᠠᠶᠢᠷᠢ ᠪᠠᠨ ᠰᠤᠯᠠᠯᠠᠵᠤ ᠥᠭᠬᠦ︾ ᠵᠣᠬᠢᠴᠠᠮᠵᠢ ᠶᠢ ᠬᠡᠷᠡᠭᠵᠢᠭᠦᠯᠬᠦ ᠶᠢ | ᠠᠬᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠦᠨᠡᠨ ᠬᠦ ᠰᠠᠶᠢᠲᠤᠷ ᠡᠷᠬᠢᠯᠡᠨ᠎ᠡ᠃ | ᠪᠠᠭᠰᠢ ᠶᠢᠨ ᠰᠤᠷᠭᠠᠨ ᠬᠥᠮᠦᠵᠢᠯ ᠤᠨ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠪᠠᠭᠰᠢ ᠶᠢᠨ ᠮᠣᠷᠠᠯ ᠪᠠᠭᠰᠢ ᠶᠢᠨ | ᠰᠤᠷᠲᠠᠯ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠦᠨᠡᠨ ᠬᠦ ᠴᠢᠩᠭᠠᠳᠬᠠᠵᠤ᠂ | ᠪᠠᠭᠰᠢ ᠶᠢᠨ ᠠᠵᠢᠯ ᠲᠥᠷᠥᠯ ᠢ ᠨᠡᠷ᠎ᠡ ᠬᠦᠨᠳᠦ ᠲᠠᠢ ᠪᠣᠯᠭᠠᠨ᠂ ᠬᠤᠰᠢᠭᠤᠨ ᠤ ᠰᠤᠷᠭᠠᠨ ᠬᠥᠮᠦᠵᠢᠯ ᠢ ᠬᠦᠰᠡᠯ | ᠨᠠᠶᠢᠳᠠᠯᠭ᠎ᠠ ᠲᠠᠢ ᠪᠣᠯᠭᠠᠨ᠎ᠠ᠃ ︽ᠡᠷᠡᠭᠦᠯ ᠡᠩᠬᠡ ᠬᠡᠰᠢᠭᠲᠡᠨ ᠬᠤᠰᠢᠭᠤ︾ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠪᠠ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠰᠢᠷᠢᠰ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠡᠪᠡᠳᠴᠢᠨ ᠡᠮᠭᠡᠭ ᠢ ᠤᠷᠢᠳᠴᠢᠯᠠᠨ | ᠰᠡᠷᠭᠡᠶᠢᠯᠡᠬᠦ ᠲᠤᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠤᠯᠤᠰ ᠤᠨ ᠡᠷᠡᠭᠦᠯ ᠬᠠᠮᠠᠭᠠᠯᠠᠯ ᠤᠨ ᠬᠤᠲᠠ | ᠪᠠᠯᠭᠠᠰᠤ︾ ᠪᠠ ︽ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ | ᠰᠢᠶᠠᠨ︾ ᠢ ᠡᠭᠦᠳᠦᠨ ᠪᠠᠶᠢᠭᠤᠯᠵᠤ ᠠᠮᠵᠢᠯᠲᠠ ᠣᠯᠬᠤ ᠪᠠᠷ ᠴᠢᠷᠮᠠᠶᠢᠨ᠎ᠠ᠃ ᠬᠤᠲᠠ ᠶᠢᠨ ᠨᠣᠮ ᠤᠨ ᠥᠷᠥᠭᠡ᠂ ᠲᠠᠯ᠎ᠠ | ᠨᠤᠲᠤᠭ ᠤᠨ ᠨᠣᠮ ᠤᠨ ᠥᠷᠥᠭᠡ᠂ ᠰᠣᠶᠣᠯ ᠤᠨ ᠠᠭᠤᠳᠠᠮ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ | ᠬᠡᠷᠡᠭᠵᠢᠭᠦᠯᠵᠦ᠂ ᠤᠯᠠᠭᠠᠨᠮᠥ᠋ᠴᠢᠷ ᠤᠨ ︽ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ︾ ᠲᠣᠭᠯᠠᠯᠲᠠ ᠶᠢᠨ ᠠᠵᠢᠯᠯᠠᠭᠠᠨ ᠢ | ᠦᠷᠭᠦᠯᠵᠢᠯᠡᠨ ᠥᠷᠨᠢᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠡᠯ ᠬᠦᠢ ᠶᠢᠨ ᠭᠤᠸᠠᠨ ᠭᠥᠩ ᠤᠨ ᠰᠦᠮ᠎ᠡ᠂ ᠪᠠᠷᠰ ᠬᠤᠲᠠ ᠶᠢᠨ ᠪᠠᠭᠤᠷᠢ ᠶᠢᠨ ᠴᠠᠭᠠᠨ | ᠰᠤᠪᠤᠷᠭ᠎ᠠ ᠵᠡᠷᠭᠡ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠡ ᠶᠢ ᠬᠠᠮᠠᠭᠠᠯᠠᠵᠤ ᠵᠠᠰᠠᠬᠤ ᠠᠵᠢᠯ ᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠨ᠎ᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ᠶᠢ | ᠯᠠᠪᠳᠠᠭᠤᠨ ᠪᠠᠲᠤᠲᠠᠢ ᠠᠬᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠶᠢᠩᠴᠠᠩ ᠪᠡᠶ᠎ᠡ ᠶᠢᠨ ᠲᠠᠮᠢᠷ ᠤᠨ | ᠴᠡᠴᠡᠷᠯᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠶᠢ ᠪᠠᠲᠤᠯᠠᠵᠤ᠂ ᠪᠥᠬᠦ ᠬᠤᠰᠢᠭᠤᠨ ᠤ | ᠪᠡᠶ᠎ᠡ ᠶᠢᠨ ᠲᠠᠮᠢᠷ ᠤᠨ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ | ᠲᠥᠯᠥᠭᠡᠯᠡᠭᠴᠢᠳ ᠠ᠋᠂ ︽ᠣᠯᠠᠨ ᠲᠦᠮᠡᠨ ᠳᠤᠷᠠᠳᠴᠤ᠂ ᠣᠯᠠᠨ ᠢᠶᠠᠷ ᠢᠶᠠᠨ ᠲᠣᠭᠲᠠᠭᠠᠵᠤ᠂ ᠵᠠᠰᠠᠭ ᠤᠨ ᠣᠷᠳᠣᠨ | ᠠᠴᠠ ᠭᠦᠢᠴᠡᠳᠬᠡᠬᠦ︾ ᠣᠶᠢᠯᠠᠭᠠᠭᠳᠠᠬᠤᠨ ᠶᠣᠰᠣᠭᠠᠷ᠂ ᠥᠷᠭᠡᠨ ᠢᠶᠠᠷ ᠡᠯᠰᠡᠨ ᠴᠤᠭᠯᠠᠭᠤᠯᠬᠤ ᠪᠠᠷ ᠳᠡᠮᠵᠢᠨ᠂ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ 13 ᠬᠤᠪᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠵᠢᠱᠢᠭᠳᠡᠭᠰᠡᠨ ᠲᠥᠷᠥᠯ ᠵᠦᠢᠯ ᠢ ᠰᠣᠩᠭᠤᠨ ᠭᠠᠷᠭᠠᠵᠤ᠂ ᠶᠡᠭᠡ ᠬᠤᠷᠠᠯ ᠳᠤ ᠳᠡᠪᠰᠢᠭᠦᠯᠵᠦ ᠪᠢᠯᠧᠲ ᠥᠭᠭᠦᠭᠦᠯᠪᠡ᠃ | ᠪᠢᠯᠧᠲ ᠢᠶᠠᠷ ᠲᠣᠭᠲᠠᠭᠠᠵᠤ ᠭᠠᠷᠭᠠᠭᠰᠠᠨ ᠲᠦᠷᠦᠯ ᠵᠦᠢᠯ ᠳᠤ ᠪᠢᠳᠡ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠯᠠᠨ | ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠶᠢ ᠪᠠᠲᠤᠯᠠᠵᠤ᠂ ᠵᠢᠱᠢᠭᠰᠡᠨ ᠬᠠᠷᠠᠯᠲᠠ ᠳᠤ ᠬᠦᠷᠬᠦ ᠶᠢ ᠪᠠᠲᠤᠯᠠᠨ᠎ᠠ᠃ | ︵ᠵᠢᠷᠭᠤᠭ᠎ᠠ︶ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠬᠠᠯᠬᠠᠪᠴᠢ ᠶᠢ ᠪᠠᠬᠢᠵᠢᠭᠦᠯᠬᠦ ᠳᠤᠮᠳᠠ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠦᠨ᠎ᠡ᠃ᠬᠥᠭᠵᠢᠯᠲᠡ ᠪᠣᠯᠣᠨ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠬᠦᠨᠳᠦ ᠶᠡᠭᠡ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠴᠢᠬᠤᠯᠠᠴᠢᠯᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠦᠨ᠎ᠡ᠃ | — — ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ︽ᠭᠤᠷᠪᠠᠨ ᠰᠠᠯᠵᠤ ᠪᠣᠯᠣᠰᠢ ᠦᠭᠡᠢ︾᠂ | ︽ᠲᠠᠪᠤᠨ ᠮᠡᠳᠡᠷᠡᠭᠦᠢ︾ ᠶᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠳᠤ ᠭᠦᠨ ᠦᠨᠳᠦᠰᠦᠯᠡᠭᠦᠯᠦᠨ᠎ᠡ᠃ | ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ᠶᠢ | ᠢᠳᠡᠪᠬᠢᠲᠡᠢ ᠪᠠᠷ ᠴᠢᠷᠮᠠᠶᠢᠨ ᠡᠭᠦᠳᠴᠦ᠂ ᠭᠤᠣᠯ ᠰᠡᠳᠦᠪᠲᠦ ᠠᠭᠤᠯᠤᠭᠳᠠᠬᠤᠨ ᠢ ᠭᠦᠨᠵᠡᠭᠡᠶᠢᠷᠡᠭᠦᠯᠦᠨ᠂ ᠠᠷᠭ᠎ᠠ ᠮᠠᠶ᠋ᠢᠭ ᠤᠨ | ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠨᠡᠶᠢᠭᠡᠮ ᠤᠨ ᠣᠷᠤᠯᠴᠠᠯᠭ᠎ᠠ ᠶᠢ ᠥᠷᠭᠡᠳᠬᠡᠨ᠂ ᠦᠨᠳᠦᠰᠦᠲᠡᠨ ᠨᠦᠭᠦᠳ ᠤᠨ | ᠣᠯᠠᠨ ᠲᠦᠮᠡᠨ ᠤ ᠡᠶ᠎ᠡ ᠨᠠᠶᠢᠷᠲᠠᠢ ᠪᠠᠷ ᠬᠠᠮᠲᠤ ᠣᠷᠣᠰᠢᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ | ᠵᠣᠬᠢᠴᠠᠯ ᠲᠠᠢ ᠪᠠᠷ ᠬᠥᠭᠵᠢᠬᠦ ᠶᠢ ᠠᠬᠢᠭᠤᠯᠤᠨ᠎ᠠ᠃ ᠦᠨᠳᠦᠰᠦᠲᠡᠨ ᠤ ᠠᠵᠢᠯ ᠢ ᠦᠨᠡᠨ ᠬᠦ ᠴᠢᠩᠭᠠᠳᠬᠠᠨ ᠰᠠᠶᠢᠵᠢᠷᠠᠭᠤᠯᠵᠤ᠂ | ᠦᠵᠡᠯ ᠤᠬᠠᠮᠰᠠᠷ ᠤᠨ ᠬᠡᠯᠪᠡᠷᠢ ᠶᠢᠨ ᠪᠠᠬᠢᠯᠡᠯᠲᠡ ᠶᠢᠨ ᠠᠮᠤᠷ ᠲᠦᠪᠰᠢᠨ ᠢ ᠴᠢᠩᠭ᠎ᠠ ᠰᠠᠬᠢᠵᠤ᠂ ᠦᠨᠳᠦᠰᠦᠲᠡᠨ ᠤ | ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢᠨ ᠲᠠᠯᠳᠠ ᠭᠡᠮ ᠢ ᠡᠷᠡᠰ ᠰᠡᠷᠭᠡᠶᠢᠯᠡᠵᠦ᠂ ᠡᠯ᠎ᠡ ᠲᠦᠷᠦᠯ ᠤᠨ | ᠴᠤᠬᠤᠶᠢᠯᠲᠠ ᠶᠢᠨ ᠴᠢᠨᠠᠷᠲᠠᠢ ᠬᠡᠯᠪᠡᠷᠢᠯ ᠤᠨ ᠴᠢᠨᠠᠷᠲᠠᠢ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠡᠷᠡᠰ | ᠰᠢᠭᠤᠷᠬᠠᠢ ᠪᠠᠷ ᠰᠢᠢᠳᠪᠦᠷᠢᠯᠡᠵᠦ᠂ ᠡᠯ᠎ᠡ ᠲᠦᠷᠦᠯ ᠤᠨ ᠬᠠᠭᠠᠴᠠᠭᠤᠯᠤᠨ ᠡᠪᠳᠡᠬᠦ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠨᠡᠶᠢᠭᠡᠮ ᠤᠨ ᠲᠣᠭᠲᠠᠭᠤᠨ ᠪᠠᠶᠢᠳᠠᠯ ᠪᠠ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠦᠨᠡᠨ ᠬᠦ ᠪᠠᠲᠤᠯᠠᠨ᠎ᠠ᠃ | | — — ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠶᠤᠯᠭᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠥᠨᠳᠥᠷ ᠳᠠᠷᠤᠯᠲᠠᠲᠤ ᠪᠠᠶᠢᠳᠠᠯ ᠢ ᠢᠮᠠᠭᠲᠠ ᠪᠠᠲᠤᠯᠠᠵᠤ᠂ ︽ᠳᠡᠭᠡᠳᠦ | ᠬᠢᠵᠠᠭᠠᠷ ᠢᠶᠠᠷ ᠰᠢᠢᠳᠬᠡᠨ ᠲᠣᠷᠭᠠᠬᠤ᠂ ᠴᠢᠩᠭ᠎ᠠ ᠪᠠᠷᠢᠮᠵᠢᠶ᠎ᠡ ᠪᠠᠷ ᠰᠢᠢᠳᠬᠡᠨ ᠲᠣᠷᠭᠠᠬᠤ︾ ᠶᠢ ᠪᠠᠷᠢᠮᠲᠠᠯᠠᠨ᠂ | ᠭᠤᠣᠯᠳᠠᠯᠭ᠎ᠠ ᠲᠠᠢ ᠬᠦᠷᠢᠶᠡᠨ ᠳᠠᠬᠢ ᠲᠤᠰᠬᠠᠢ ᠴᠡᠭᠴᠡᠯᠡᠨ ᠵᠠᠰᠠᠬᠤ ᠪᠤᠭᠤᠮᠳᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ | ᠰᠠᠶᠢᠲᠤᠷ ᠬᠢᠵᠦ᠂ ᠪᠥᠬᠦ ᠵᠢᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠤᠭᠰᠠᠨ ᠲᠤᠭ᠎ᠠ ᠪᠠ ᠠᠳᠡᠭᠰᠡᠨ ᠬᠥᠮᠥᠨ ᠤ | ᠲᠤᠭ᠎ᠠ ᠶᠢᠨ ︽ᠬᠤᠣᠰ ᠪᠠᠭᠤᠷᠠᠯᠲᠠ︾ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠳᠠᠪᠬᠤᠷᠭ᠎ᠠ ᠬᠤᠪᠢᠶᠠᠨ ᠲᠡᠰ | ᠬᠤᠪᠢᠶᠠᠨ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠵᠦ ᠲᠡᠭᠦᠰᠬᠡᠯ ᠤᠨ ᠬᠡᠰᠡᠭ ᠲᠤ ᠬᠦᠴᠦᠯᠡᠨ ᠡᠴᠦᠰ ᠤᠨ ᠦᠷ᠎ᠡ | ᠪᠦᠲᠦᠮᠵᠢ ᠣᠯᠬᠤ ᠠᠵᠢᠯ ᠤᠨ ᠵᠣᠬᠢᠴᠠᠮᠵᠢ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠳᠡᠭᠡᠨ ᠤ ᠵᠤᠶᠢᠯ᠂ ᠡᠮ ᠤᠨ | ᠵᠦᠢᠯ ᠪᠠ ᠣᠨᠴᠠ ᠲᠦᠷᠦᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ | ᠪᠠᠶᠢᠩᠭᠤᠵᠢᠭᠤᠯᠤᠨ ᠥᠷᠨᠢᠭᠦᠯᠵᠦ᠂ ᠠᠷᠠᠳ ᠤᠯᠠᠨ ᠤ ᠢᠳᠡᠭᠡᠨ ᠤᠮᠳᠠᠭᠠᠨ ᠡᠮ ᠬᠡᠷᠡᠭᠯᠡᠭᠡᠨ ᠤ ᠠᠮᠤᠷ ᠲᠦᠪᠰᠢᠨ ᠢ ᠦᠨᠡᠨ | ᠬᠦ ᠪᠠᠲᠤᠯᠠᠨ᠎ᠠ᠃ ᠬᠦᠨᠳᠦ ᠶᠡᠭᠡ ᠠᠶᠤᠯ ᠲᠦᠭᠰᠢᠭᠦᠷᠢ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠰᠡᠷᠭᠡᠶᠢᠯᠡᠨ ᠠᠷᠢᠯᠭᠠᠵᠤ᠂ | ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠪᠠ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠡᠮᠬᠢ ᠵᠢᠷᠤᠮ ᠤᠨ | ᠲᠤᠰᠬᠠᠢ ᠴᠡᠭᠴᠡᠯᠡᠯᠲᠡ ᠶᠢ ᠪᠠᠶᠢᠩᠭᠤᠵᠢᠭᠤᠯᠤᠨ ᠥᠷᠨᠢᠭᠦᠯᠵᠦ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ᠂ | ᠠᠷᠠᠳ ᠤᠨ ᠬᠤᠭᠤᠷᠣᠨᠳᠣᠬᠢ ᠵᠢᠭᠡᠯᠡᠯᠭᠡ ᠵᠡᠷᠭᠡ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠴᠠᠭ ᠲᠤᠬᠠᠢ ᠳᠤᠨᠢ | ᠰᠢᠢᠳᠪᠦᠷᠢᠯᠡᠵᠦ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠡᠷᠡᠰ ᠰᠠᠬᠢᠨ᠎ᠠ᠃ | — — ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ︽ᠭᠤᠷᠪᠠ ᠶᠢ | ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠵᠠᠷᠴᠢᠮ ᠢ ᠪᠠᠷᠢᠮᠲᠠᠯᠠᠨ᠂ ᠪᠥᠬᠦ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ | ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠵᠥᠷᠢᠴᠡᠯ | ᠵᠢᠭᠤᠷᠠᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠴᠢᠳᠠᠪᠤᠷᠢ ᠶᠢᠨ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠂ | ᠠᠷᠠᠳ ᠤᠨ ᠡᠶᠡᠳᠡᠭᠦᠯᠭᠡ ᠶᠢᠨ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠤᠨ ᠡᠭᠦᠷᠭᠡ ᠴᠢᠳᠠᠪᠤᠷᠢ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠵᠥᠷᠢᠴᠡᠯ ᠵᠢᠭᠤᠷᠠᠭᠠᠨ ᠢ ᠬᠠᠮᠤᠭ ᠤᠨ ᠶᠡᠭᠡ ᠬᠡᠮᠵᠢᠶ᠎ᠡ ᠪᠠᠷ ᠡᠬᠢ ᠡᠭᠦᠰᠦᠯ ᠠᠴᠠ ᠨᠢ | ᠰᠢᠢᠳᠪᠦᠷᠢᠯᠡᠵᠦ᠂ ᠦᠨᠳᠦᠰᠦᠨ ᠱᠠᠲᠤᠨ ᠳᠤ ᠰᠢᠢᠳᠪᠦᠷᠢᠯᠡᠨ᠂ ᠬᠠᠤᠯᠢ ᠪᠤᠰᠤ ᠪᠠᠷ ᠰᠤᠷᠪᠤᠯᠵᠢᠯᠠᠬᠤ᠂ ᠱᠠᠲᠤ ᠠᠯᠤᠰᠯᠠᠨ | ᠰᠤᠷᠪᠤᠯᠵᠢᠯᠠᠬᠤ ᠳᠤ ᠡᠷᠡᠰ ᠴᠣᠬᠢᠯᠲᠠ ᠥᠭᠴᠦ᠂ ᠵᠠᠬᠢᠳᠠᠯ ᠰᠣᠷᠪᠤᠯᠵᠢᠯᠠᠭ᠎ᠠ ᠶᠢᠨ ᠠᠮᠢ ᠠᠬᠤᠢ ᠶᠢᠨ ᠦᠷᠭᠦᠯᠵᠢᠯᠡᠨ | ᠰᠠᠶᠢᠵᠢᠷᠠᠬᠤ ᠶᠢ ᠠᠬᠢᠭᠤᠯᠤᠨ᠎ᠠ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠶᠠᠰᠤ | ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ᠂ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠭᠦᠨᠵᠡᠭᠡᠢ | ᠠᠬᠢᠭᠤᠯᠵᠤ᠂ ᠠᠷᠠᠳ ᠢᠷᠭᠡᠳ ᠤᠨ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ | ᠦᠨᠡᠨ ᠬᠦ ᠠᠬᠢᠭᠤᠯᠤᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠦᠷᠭᠦᠯᠵᠢᠯᠡᠨ | ᠠᠬᠢᠭᠤᠯᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠪᠥᠭᠡᠳ ᠲᠦᠷᠭᠡᠨ ᠢᠶᠠᠷ | ᠴᠣᠬᠢᠯᠲᠠ ᠥᠭᠴᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠤᠭᠲᠠᠯᠴᠠᠭ᠎ᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠦᠨ᠂ ᠨᠠᠩ ᠴᠢᠨᠠᠷ ᠴᠢᠨᠰᠠᠭ᠎ᠠ ᠲᠠᠢ ︽ᠠᠮᠤᠷ ᠲᠠᠶᠢᠪᠤᠩ ᠬᠡᠰᠢᠭᠲᠡᠨ ᠬᠤᠰᠢᠭᠤ︾ ᠶᠢ ᠴᠢᠷᠮᠠᠶᠢᠨ ᠪᠠᠶᠢᠭᠤᠯᠵᠤ | ᠂ ᠨᠠᠩ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠶᠡᠭᠡ ᠲᠠᠯ᠎ᠠ ᠶᠢ ᠬᠠᠮᠠᠭᠠᠯᠠᠨ᠎ᠠ᠃ | ᠭᠤᠷᠪᠠ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ | ᠲᠥᠯᠥᠭᠡᠯᠡᠭᠴᠢᠳ ᠠ᠋᠂ ᠪᠢᠳᠡ ᠵᠠᠰᠠᠭ ᠤᠨ ᠣᠷᠳᠣᠨ ᠤ ᠡᠮᠦᠨ᠎ᠡ ᠪᠠᠶᠢᠭ᠎ᠠ ︽ᠠᠷᠠᠳ ᠲᠦᠮᠡᠨ︾ ᠭᠡᠬᠦ ᠬᠤᠶᠠᠷ | ᠥᠰᠥᠭ ᠢ ᠢᠮᠠᠭᠲᠠ ᠪᠠᠲᠤ ᠴᠡᠭᠡᠵᠢᠯᠡᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠦᠢᠯᠡᠳᠦᠯᠭᠡᠵᠢᠭᠦᠯᠵᠦ᠂ | ᠵᠠᠰᠠᠭ ᠤᠨ ᠶᠠᠪᠤᠳᠠᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠷᠠᠳ | ᠲᠦᠮᠡᠨ ᠳᠤ ᠦᠢᠯᠡᠴᠢᠯᠡᠵᠦ᠂ ᠠᠷᠠᠳ ᠲᠦᠮᠡᠨ ᠤ ᠬᠢᠨᠠᠯᠲᠠ ᠶᠢ ᠬᠦᠯᠢᠶᠡᠵᠦ᠂ ᠠᠷᠠᠳ ᠲᠦᠮᠡᠨ ᠢ ᠰᠡᠳᠬᠢᠯ ᠬᠠᠨᠤᠮᠵᠢᠲᠠᠶ | ᠪᠣᠯᠭᠠᠬᠤ ᠪᠠᠷ ᠴᠢᠷᠮᠠᠶᠢᠨ᠎ᠠ᠃ | — — ᠶᠡᠭᠡ ᠲᠠᠯ᠎ᠠ ᠳᠤ ᠦᠢᠯᠡᠴᠢᠯᠡᠬᠦ ᠳᠤᠮᠳᠠ ᠲᠤᠭ ᠲᠡᠮᠳᠡᠭ ᠨᠡᠩ ᠲᠣᠳᠣᠷᠬᠠᠢ ᠪᠠᠷ ᠤᠯᠤᠰ ᠲᠦᠷᠦ ᠶᠢ | ᠡᠷᠬᠢᠮᠯᠡᠨ᠎ᠡ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ︽ᠳᠥᠷᠪᠡᠨ ᠤᠬᠠᠮᠰᠠᠷ︾ ᠢ ᠪᠠᠲᠤ ᠪᠠᠬᠢ | ᠪᠣᠶ ᠪᠣᠯᠭᠠᠵᠤ᠂ ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ | ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ | ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠤᠨ᠎ᠠ᠃ ᠨᠡᠩ | ᠰᠢᠭᠤᠷᠬᠠᠢ ᠪᠠᠷ ᠦᠵᠡᠯ ᠰᠠᠨᠠᠭ᠎ᠠ ᠪᠠᠨ ᠴᠢᠯᠦᠭᠡᠯᠡᠵᠦ᠂ ᠥᠪᠡᠷ ᠢ ᠪᠠᠨ ᠰᠢᠨᠡᠴᠢᠯᠡᠵᠦ᠂ ︽ᠶᠠᠪᠤᠳᠠᠯ ᠪᠦᠬᠦᠨ ᠢ ᠰᠢᠢᠳᠪᠦᠷᠢᠯᠡᠬᠦ | ︾ ᠰᠡᠳᠬᠢᠬᠦᠢ ᠪᠠᠷ ᠬᠥᠭᠵᠢᠯᠲᠡ ᠶᠢ ᠬᠥᠲᠥᠯᠥᠨ ᠳᠠᠭᠠᠭᠤᠯᠵᠤ᠂ ᠬᠦᠴᠢᠷ ᠪᠡᠷᠬᠡᠰᠢᠶᠡᠯ ᠢ ᠰᠢᠪᠲᠤᠯᠵᠤ᠂ ︽ᠳᠤᠯᠤᠭᠠᠨ | ᠵᠦᠢᠯ ᠤᠨ ᠴᠢᠳᠠᠪᠤᠷᠢ︾ ᠶᠢ ᠬᠦᠴᠦᠯᠡᠨ ᠪᠣᠯᠪᠠᠰᠤᠷᠠᠭᠤᠯᠵᠤ᠂ ︽ᠨᠠᠢᠮᠠᠨ ᠶᠡᠭᠡ ᠴᠢᠳᠠᠪᠤᠷᠢ︾ ᠶᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠳᠡᠭᠡᠳᠦ ᠱᠠᠲᠤᠨ ᠤ ᠨᠠᠮ ᠤᠨ | ᠬᠤᠷᠢᠶ᠎ᠠ ᠵᠠᠰᠠᠭ ᠤᠨ ᠣᠷᠳᠣᠨ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠲᠥᠷᠥᠯ ᠤᠨ ᠰᠢᠢᠳᠪᠦᠷᠢᠲᠦ ᠪᠣᠳᠣᠯᠭ᠎ᠠ | ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠪᠠᠲᠤᠯᠠᠨ᠎ᠠ᠃ | — — ᠬᠠᠤᠯᠢ ᠶᠣᠰᠣᠭᠠᠷ ᠵᠠᠰᠠᠭ ᠶᠠᠪᠤᠭᠤᠯᠬᠤ ᠶᠠᠪᠤᠴᠠ ᠳᠤ ᠲᠠᠪᠠᠯᠳᠠᠳᠤ ᠬᠥᠭᠵᠢᠯᠲᠡ ᠶᠢᠨ ᠢᠳᠡᠪᠬᠢ ᠬᠦᠴᠦᠨ ᠢ | ᠨᠢᠭᠲᠠᠷᠠᠭᠤᠯᠤᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠬᠤ ᠶᠢᠨ ᠬᠠᠮᠲᠤ ᠦᠷᠭᠦᠯᠵᠢᠯᠡᠨ ᠴᠢᠩᠭᠠᠳᠬᠠᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠠᠷᠭ᠎ᠠ ᠮᠠᠶ᠋ᠢᠭ ᠢᠶᠠᠷ | ᠠᠵᠢᠯ ᠢᠶᠠᠨ ᠥᠷᠨᠢᠭᠦᠯᠬᠦ ᠶᠢ ᠢᠮᠠᠭᠲᠠ ᠪᠠᠷᠢᠮᠲᠠᠯᠠᠵᠤ᠂ ᠪᠡᠷᠬᠡ ᠰᠡᠳᠦᠪ ᠢ ᠰᠢᠢᠳᠪᠦᠷᠢᠯᠡᠨ᠂ ︽ᠭᠤᠷᠪᠠᠨ ᠴᠢᠬᠤᠯᠠ ᠨᠢᠭᠡ | ᠶᠡᠭᠡ︾ ᠵᠡᠷᠭᠡ ᠡᠯ᠎ᠡ ᠲᠥᠷᠥᠯ ᠤᠨ ᠬᠡᠷᠡᠭ ᠵᠥᠪᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢᠢᠳᠪᠦᠷᠢᠲᠦ ᠪᠣᠳᠣᠯᠭ᠎ᠠ | ᠨᠢ ᠰᠢᠨᠵᠢᠯᠡᠬᠦ ᠤᠬᠠᠭᠠᠨᠴᠢ᠂ ᠵᠢᠷᠤᠮ ᠨᠢ ᠬᠠᠤᠯᠢ ᠳᠤ ᠨᠡᠶᠢᠴᠡᠬᠦ᠂ ᠶᠠᠪᠤᠴᠠ ᠨᠢ ᠢᠯᠡ ᠪᠠᠶᠢᠬᠤ ᠶᠢ ᠡᠷᠡᠰ ᠪᠡᠶᠡᠯᠡᠭᠦᠯᠵᠦ᠂ | ᠡᠷᠬᠡ ᠶᠢ ᠢᠯᠡ ᠲᠣᠳᠣᠷᠬᠠᠢ ᠬᠡᠷᠡᠭᠵᠢᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ | ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠤᠯᠠᠨ ᠲᠦᠮᠡᠨ ᠤ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠨᠡᠩ | ᠴᠢᠬᠤᠯᠠᠴᠢᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠬᠢᠨᠠᠮᠠᠭᠠᠢ ᠰᠢᠢᠳᠪᠦᠷᠢᠯᠡᠵᠦ᠂ ᠨᠡᠶᠢᠭᠡᠮ ᠤᠨ ᠡᠯ᠎ᠡ ᠡᠲᠡᠭᠡᠳ ᠤᠨ | ᠰᠠᠨᠠᠯ ᠢ ᠥᠷᠭᠡᠨ ᠢᠶᠠᠷ ᠰᠣᠨᠣᠰᠴᠤ᠂ ᠠᠷᠠᠳ ᠤᠯᠠᠨ ᠤ ᠰᠠᠨᠠᠯ ᠢ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠶᠢᠨ ᠲᠡᠷᠢᠭᠦᠨ ᠪᠠᠶᠢᠷᠢ᠂ ᠭᠤᠣᠯ ᠪᠠᠶᠢᠷᠢᠨ ᠳᠤ ᠲᠠᠯᠪᠢᠵᠤ᠂ ᠤᠯᠠᠨ ᠲᠦᠮᠡᠨ ᠤ ᠬᠡᠷᠡᠭᠴᠡᠭᠡ ᠶᠢ ᠰᠢᠢᠳᠪᠦᠷᠢᠲᠦ | ᠪᠣᠳᠣᠯᠭ᠎ᠠ ᠲᠣᠭᠲᠠᠭᠠᠬᠤ ᠵᠥᠪᠯᠡᠯᠭᠡ᠂ ᠵᠠᠰᠠᠭ ᠤᠨ ᠣᠷᠳᠣᠨ ᠤ ᠠᠵᠢᠯᠯᠠᠭ᠎ᠠ ᠪᠣᠯᠭᠠᠬᠤ ᠪᠠᠷ ᠴᠢᠷᠮᠠᠶᠢᠨ᠎ᠠ᠃ | — — ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ ᠳᠤᠮᠳᠠ ᠠᠵᠢᠯ ᠬᠢᠵᠦ ᠦᠢᠯᠡᠰ ᠪᠣᠰᠬᠠᠬᠤ ᠴᠤᠭ | ᠵᠢᠪᠬᠤᠭ᠎ᠠ ᠶᠢ ᠬᠥᠪᠴᠢᠯᠡᠨ᠎ᠡ᠃ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ | ᠪᠣᠯᠭᠠᠬᠤ ᠶᠢ ᠪᠠᠷᠢᠮᠲᠠᠯᠠᠵᠤ᠂ ᠠᠯᠢᠪᠠ ᠪᠦᠬᠦᠨ ᠳᠤ ᠣᠯᠠᠨ ᠲᠦᠮᠡᠨ ᠪᠠ ᠵᠠᠬ᠎ᠠ ᠳᠡᠯᠭᠡᠭᠦᠷ ᠤᠨ ᠭᠤᠣᠯ ᠴᠣᠭᠴᠠ ᠳᠤ | ᠦᠢᠯᠡᠴᠢᠯᠡᠬᠦ ᠪᠠᠷ ᠰᠠᠭᠤᠷᠢᠯᠠᠯ ᠪᠣᠯᠭᠠᠨ ᠠᠰᠠᠭᠤᠳᠠᠯ ᠢ ᠪᠣᠳᠣᠯᠬᠢᠯᠠᠵᠤ᠂ ᠠᠵᠢᠯ ᠢᠶᠠᠨ ᠠᠬᠢᠭᠤᠯᠤᠨ᠂ ︽ᠤᠰᠦᠨ ᠤ ᠳᠤᠰᠤᠯ | ᠴᠢᠯᠠᠭᠤ ᠶᠢ ᠴᠤᠭᠤᠯᠬᠤ︾ ︽ᠳᠠᠷᠤᠶᠢᠬᠠᠨ ᠭᠦᠢᠴᠡᠳᠬᠡᠬᠦ︾ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠢᠯ ᠨᠢᠭᠡᠪᠦᠷᠢ ᠶᠢ | ᠲᠣᠭᠲᠠᠭᠰᠠᠨ ᠬᠤᠭᠤᠴᠠᠭᠠᠨ ᠳᠤ ᠠᠬᠢᠭᠤᠯᠵᠤ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠪᠣᠳᠠᠲᠠᠢ ᠳᠤ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠨ᠎ᠠ᠃ ︽ᠪᠠᠭ᠎ᠠ ᠠᠮᠵᠢᠯᠲᠠ ᠳᠤ ᠰᠡᠳᠬᠢᠯ | ᠬᠠᠨᠤᠬᠤ︾ ᠪᠠᠷᠳᠠᠮᠨᠠᠬᠤ ᠰᠡᠳᠬᠢᠯᠭᠡ᠂ ︽ᠬᠠᠭᠤᠴᠢᠨ ᠵᠤᠷᠰᠢᠯ ᠢᠶᠠᠨ ᠦᠬᠦᠨ ᠪᠠᠷᠢᠮᠲᠠᠯᠠᠬᠤ︾ ᠠᠷᠬᠠᠭ ᠰᠡᠳᠬᠢᠬᠦᠢ᠂ ︽ | ᠠᠯᠵᠠᠭᠤ ᠬᠤᠶᠢᠷᠭᠤ ᠰᠤᠯᠠ ᠵᠠᠳᠠᠭᠠᠢ︾ ᠨᠣᠶᠠᠨᠴᠢ ᠰᠤᠷᠲᠠᠯ᠂ ︽ᠬᠦᠯᠢᠶᠡᠨ ᠰᠠᠭᠤᠬᠤ︾ ᠨᠠᠵᠠᠭᠠᠢ ᠰᠡᠳᠬᠢᠯᠭᠡ ᠶᠢ ᠡᠷᠡᠰ | ᠠᠷᠢᠯᠭᠠᠵᠤ᠂ ︽ᠮᠡᠷᠡᠶᠢᠨ ᠴᠢᠷᠮᠠᠶᠢᠬᠤ ᠦᠭᠡᠢ︾᠂ ︽ᠵᠦᠭᠡᠷ ᠰᠠᠭᠤᠵᠦ ᠠᠰᠢᠭ ᠣᠯᠬᠤ︾ ᠦᠵᠡᠯ ᠰᠠᠨᠠᠭ᠎ᠠ ᠪᠣᠯ ᠪᠠᠶᠢᠵᠦ | ᠪᠣᠯᠣᠰᠢ ᠦᠭᠡᠢ ᠭᠡᠳᠡᠭ ᠢ ᠡᠷᠬᠡᠪᠰᠢ ᠪᠠᠲᠤ ᠢᠲᠡᠭᠡᠵᠦ᠂ ᠡᠷᠬᠡᠪᠰᠢ ᠰᠢᠷᠭᠠᠭᠤ ᠠᠵᠢᠯᠯᠠᠵᠤ ᠪᠣᠳᠠᠲᠠᠢ ᠠᠵᠢᠯᠯᠠᠬᠤ ᠳᠤᠮᠳᠠ | ᠠᠵᠢᠯ ᠤᠨ ᠬᠠᠷᠢᠭᠤᠴᠠᠯᠭ᠎ᠠ᠂ ᠡᠭᠦᠷᠭᠡᠯᠡᠯ᠂ ᠵᠢᠩᠬᠢᠨᠢ ᠴᠢᠳᠠᠪᠤᠷᠢ ᠶᠢ ᠪᠣᠯᠪᠠᠰᠤᠷᠠᠭᠤᠯᠤᠨ᠎ᠠ᠃ | — — ᠶᠣᠰᠣ ᠳᠦᠷᠢᠮ ᠢ ᠬᠢᠴᠢᠶᠡᠩᠭᠦᠶᠢᠯᠡᠨ ᠰᠠᠬᠢᠬᠤ ᠳᠤᠮᠳᠠ ᠰᠤᠷᠲᠠᠯ ᠴᠢᠬᠡᠴᠢ ᠣᠪᠣᠷ ᠲᠥᠪ ᠠᠮᠢ ᠠᠬᠤᠢ ᠶᠢ | ᠪᠣᠢ ᠪᠣᠯᠭᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠣᠭᠰᠣᠰᠢ ᠦᠭᠡᠢ ᠪᠠᠶᠢᠬᠤ ᠶᠢ ᠪᠠᠲᠤ | ᠴᠡᠭᠡᠵᠢᠯᠡᠵᠦ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠴᠢᠩᠭ᠎ᠠ ᠭᠦᠢᠴᠡᠳᠬᠡᠵᠦ᠂ ᠤᠯᠤᠰ ᠲᠥᠷᠥ ᠶᠢᠨ | ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ ᠴᠢᠩᠭ᠎ᠠ ᠰᠠᠬᠢᠵᠤ᠂ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠴᠥᠬᠦᠷᠡᠯ ᠦᠭᠡᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠦᠷᠭᠦᠯᠵᠢᠯᠡᠨ ᠭᠦᠨᠵᠡᠭᠡᠢ | ᠵᠠᠯᠠᠷᠠᠭᠤᠯᠵᠤ᠂ ᠭᠤᠣᠯᠳᠠᠯᠭ᠎ᠠ ᠲᠠᠢ ᠬᠦᠷᠢᠶ᠎ᠡ᠂ ᠴᠢᠬᠤᠯᠠ ᠰᠠᠯᠠᠭ᠎ᠠ ᠮᠥᠴᠢᠷ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ | ᠠᠷᠢᠭᠤᠨ ᠴᠢᠬᠡᠴᠢ ᠪᠠᠷ ᠵᠠᠰᠠᠭ ᠪᠠᠷᠢᠬᠤ ᠬᠤᠷᠢᠭ᠎ᠠ ᠱᠤᠭᠤᠮ ᠢ ᠪᠠᠲᠤ ᠰᠠᠬᠢᠵᠤ᠂ ᠰᠠᠬᠢᠯᠭ᠎ᠠ ᠪᠠᠲᠤ ᠶᠢᠨ ᠬᠢᠨᠠᠯᠲᠠ᠂ ᠬᠢᠨᠠᠨ | ᠪᠠᠶᠢᠴᠠᠭᠠᠬᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠣᠳᠣᠯᠲᠠ ᠶᠢᠨ ᠬᠢᠨᠠᠯᠲᠠ ᠶᠢ ᠨᠡᠶᠢᠳᠡᠮ | ᠪᠦᠷᠬᠦᠬᠦᠯᠬᠦ ᠶᠢ ᠲᠠᠰᠤᠷᠠᠯᠲᠠ ᠦᠭᠡᠢ ᠠᠬᠢᠭᠤᠯᠵᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠥᠪ | ᠪᠤᠰᠤ ᠰᠤᠷᠲᠠᠯ ᠪᠣᠯᠣᠨ ᠢᠯᠵᠡᠷᠡᠯ ᠤᠨ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠵᠦ᠂ ᠺᠠᠳ᠋ᠷ ᠲᠥᠪ ᠴᠢᠬᠡᠴᠢ᠂ | ᠵᠠᠰᠠᠭ ᠤᠨ ᠣᠷᠳᠣᠨ ᠠᠷᠢᠭᠤᠨ ᠴᠢᠬᠡᠴᠢ᠂ ᠤᠯᠤᠰ ᠲᠦᠷᠦ ᠬᠡᠪ ᠳᠦᠷᠢᠮ ᠲᠠᠢ ᠰᠠᠶᠢᠨ ᠰᠠᠶᠢᠬᠠᠨ ᠤᠷᠴᠢᠨ ᠠᠬᠤᠢ ᠶᠢ ᠪᠦᠬᠦ | ᠬᠦᠴᠦᠨ ᠢᠶᠠᠷ ᠢᠶᠠᠨ ᠴᠣᠭᠴᠠᠯᠠᠨ᠎ᠠ᠃ | ᠲᠥᠯᠥᠭᠡᠯᠡᠭᠴᠢᠳ ᠠ᠋︕ ᠪᠦᠭᠦᠳᠡᠭᠡᠷ ᠵᠦᠪᠯᠡᠪᠡᠯ ᠪᠤᠷᠤᠭᠤ ᠦᠬᠡᠢ᠂ ᠪᠦᠯᠢᠶᠡᠨ ᠤᠰᠦ ᠪᠠᠷ ᠤᠬᠢᠶᠠᠪᠠᠯ ᠭᠭᠢᠷ ᠦᠬᠡᠢ | ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠪᠠᠲᠦ | ᠴᠢᠩᠭ᠎ᠠ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤᠨ ᠤ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠰᠢᠷᠭᠠᠭᠤ | ᠬᠠᠲᠠᠭᠤᠵᠢᠯᠲᠠᠢ ᠠᠵᠢᠯᠯᠠᠵᠤ᠂ ᠡᠷᠡᠯᠬᠡᠭᠯᠡᠨ ᠲᠡᠮᠡᠴᠡᠵᠦ᠂ ᠰᠢᠨᠲᠠᠷᠠᠰᠢ ᠦᠭᠡᠢ ᠴᠢᠷᠮᠠᠶᠢᠨ ᠠᠵᠢᠯᠯᠠᠵᠤ᠂ ᠨᠡᠶᠢᠭᠡᠮ ᠵᠢᠷᠤᠮᠲᠦ | ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ | ᠴᠢᠷᠮᠠᠶᠢᠨ ᠲᠡᠮᠡᠴᠡᠰᠦᠭᠡᠢ︕ |