︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠨᠡᠷᠡᠰ ᠤᠨ ᠳᠠᠶᠢᠯᠪᠤᠷᠢ
ᠨᠡᠶᠢᠲᠡᠯᠡᠭᠰᠡᠨ ᠴᠠᠭ᠄
2023/1/12
     ︽ᠲᠠᠪᠤᠨ ᠶᠡᠭᠡ ᠲᠤᠭᠲᠠᠯᠴᠠᠭ᠎ᠠ︾᠄ ᠮᠥᠩᠭᠦᠨ ᠭᠦᠢᠯᠭᠡᠭᠡᠨ ᠢᠶᠠᠷ ᠲᠡᠳᠬᠦᠨ ᠳᠡᠮᠵᠢᠬᠦ᠂ ᠡᠭᠦᠯᠳᠡᠷ ᠰᠠᠶᠢᠵᠢᠷᠠᠭᠤᠯᠵᠦ ᠬᠢᠵᠢᠭ ᠢ ᠰᠡᠷᠭᠡᠶᠢᠯᠡᠬᠦ᠂ ᠡᠪᠡᠰᠦ ᠪᠣᠷᠳᠤᠭ᠎ᠠ ᠶᠢ ᠪᠠᠲᠤᠯᠠᠬᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠤᠯᠲᠠ ᠵᠡᠷᠭᠡ ᠲᠤᠭᠲᠠᠯᠴᠠᠭ᠎ᠠ᠃      ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠵᠠᠮᠪᠠᠷᠠᠭ᠎ᠠ ᠦᠬᠡᠢ ᠶᠢ ᠴᠡᠪᠡᠷᠯᠡᠬᠦ︾᠄ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ ᠶᠢ ᠴᠡᠪᠡᠷᠯᠡᠨ᠎ᠡ᠃      ᠡᠨᠧᠷᠭᠢ ᠶᠢᠨ ᠬᠤᠷᠣᠭᠳᠠᠭᠤᠯᠭ᠎ᠠ ᠶᠢᠨ ︽ᠬᠤᠶᠠᠷ ᠢ ᠬᠢᠵᠠᠭᠠᠷᠯᠠᠬᠤ︾᠄ ᠡᠨᠧᠷᠭᠢ ᠶᠢᠨ ᠬᠤᠷᠣᠭᠳᠠᠯ ᠤᠨ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠬᠤ ᠬᠠᠷᠠᠯᠲᠠ ᠪᠠ ᠡᠨᠧᠷᠭᠢ ᠶᠢᠨ ᠬᠤᠷᠣᠭᠳᠠᠭᠤᠯᠭ᠎ᠠ ᠶᠢᠨ ᠬᠦᠴᠦᠯᠡᠴᠡ ᠶᠢ ᠪᠠᠭᠤᠷᠠᠭᠤᠯᠬᠤ᠃      ᠬᠤᠣᠰ ᠨᠡᠭᠦᠷᠡᠰᠦᠲᠥ᠋ᠷᠥᠭᠴᠢ᠄ ᠳᠠᠷᠤᠢ ᠨᠡᠭᠦᠷᠡᠰᠦᠲᠥ᠋ᠷᠥᠭᠴᠢ ᠶᠢᠨ ᠣᠷᠭᠢᠯ ᠬᠢᠭᠡᠳ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠤᠨ ᠲᠣᠪᠴᠢ ᠨᠡᠷᠡᠶᠢᠳᠦᠯ ᠪᠣᠯᠣᠨ᠎ᠠ᠃ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠣᠷᠭᠢᠯ ᠳᠤ ᠬᠦᠷᠬᠦ ᠭᠡᠳᠡᠭ ᠨᠢ ᠳᠤᠮᠳᠠᠳᠤ ᠤᠯᠤᠰ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ ᠶᠢ 2030 ᠣᠨ ᠪᠣᠯᠬᠤ ᠳᠤ ᠨᠡᠮᠡᠭᠳᠡᠭᠦᠯᠬᠦ ᠦᠭᠡᠢ᠂ ᠣᠷᠭᠢᠯ ᠬᠡᠮᠵᠢᠭᠳᠡᠯ ᠳᠤ ᠬᠦᠷᠦᠭᠰᠡᠨ ᠤ ᠳᠠᠷᠠᠭ᠎ᠠ ᠠᠭᠠᠵᠢᠮ ᠢᠶᠠᠷ ᠪᠠᠭᠠᠰᠬᠠᠨ᠎ᠠ ᠭᠡᠵᠦ ᠠᠮᠠᠯᠠᠪᠠ︔ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠭᠡᠳᠡᠭ ᠨᠢ ᠠᠵᠤ ᠠᠬᠤᠶᠢᠯᠠᠯ᠂ ᠪᠦᠯᠬᠦᠮ ᠪᠤᠶᠤ ᠬᠤᠪᠢ ᠬᠥᠮᠥᠨ ᠤ ᠵᠣᠬᠢᠬᠤ ᠬᠤᠭᠤᠴᠠᠭᠠᠨ ᠳᠤ ᠰᠢᠭᠤᠳ ᠪᠤᠶᠤ ᠳᠠᠮ ᠢᠶᠠᠷ ᠡᠭᠦᠰᠦᠭᠰᠡᠨ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢᠨ ᠶᠡᠷᠦᠩᠬᠡᠢ ᠬᠡᠮᠵᠢᠶ᠎ᠡ ᠶᠢ ᠪᠤᠳᠤᠵᠤ᠂ ᠮᠣᠳᠣ ᠲᠠᠷᠢᠵᠤ ᠣᠶᠢᠵᠢᠭᠤᠯᠬᠤ᠂ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠥᠪᠡᠷ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠪᠠᠨ ᠲᠤᠯᠭᠠᠨ ᠬᠠᠰᠤᠵᠤ᠂ ᠡᠭᠦᠨ ᠤ ᠤᠯᠠᠮ ᠠᠴᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠬᠤ ᠬᠡᠮᠵᠢᠶ᠎ᠡ ᠶᠢ ︽ᠳᠡᠭ︾ ᠪᠤᠯᠭᠠᠬᠤ ᠶᠢ ᠪᠡᠶᠡᠯᠡᠭᠦᠯᠬᠦ ᠶᠢ ᠵᠢᠭᠠᠵᠤ ᠪᠠᠶᠢᠨ᠎ᠠ᠃      ︽ᠭᠤᠷᠪᠠᠨ ᠪᠦᠲᠦᠭᠡᠭᠳᠡᠬᠦᠨ ᠨᠢᠭᠡ ᠳᠡᠮᠳᠡᠭᠲᠦ︾᠄ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ᠂ ᠪᠣᠬᠢᠷᠲᠤᠯ ᠥᠬᠡᠶ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠳᠡᠮᠳᠡᠭᠲᠦ᠃      ︽ᠭᠤᠷᠪᠠᠨ ᠣᠷᠣᠨ ᠭᠤᠷᠪᠠᠨ ᠱᠤᠭᠤᠮ︾᠄ ᠬᠤᠲᠠ ᠪᠠᠯᠭᠠᠰᠤ ᠶᠢᠨ ᠣᠷᠣᠨ ᠵᠠᠢ᠂ ᠲᠠᠷᠢᠶᠠᠯᠠᠩ ᠤᠨ ᠣᠷᠣᠨ ᠵᠠᠢ᠂ ᠠᠮᠢ ᠠᠬᠤᠢ ᠶᠢᠨ ᠣᠷᠣᠨ ᠵᠠᠢ ᠵᠡᠷᠭᠡ ᠭᠤᠷᠪᠠᠨ ᠵᠦᠢᠯ ᠤᠨ ᠬᠡᠯᠪᠡᠷᠢ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠪᠣᠯᠣᠨ᠎ᠠ᠃      ︽1+12+N︾᠄ ︽1︾ ᠭᠡᠳᠡᠭ ᠨᠢ ᠬᠡᠰᠢᠭᠲᠡᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠶᠡᠷᠦᠩᠬᠡᠢ ᠲᠥᠯᠦᠪᠵᠢᠭᠦᠯᠭᠡ ᠶᠢ ᠵᠢᠭᠠᠵᠤ᠂ ︽12︾ ᠭᠡᠳᠡᠭ ᠨᠢ ᠬᠡᠰᠢᠭᠲᠡᠨ ᠬᠤᠰᠢᠭᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠵᠢᠭᠤᠯᠴᠢᠯᠠᠯ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢ ᠬᠥᠭᠵᠢᠭᠦᠯᠦᠨ ᠮᠠᠨᠳᠤᠭᠤᠯᠬᠤ᠂ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠤ ᠬᠡᠪ ᠰᠤᠷᠲᠠᠯ ᠪᠣᠯᠪᠠᠰᠤᠨ᠂ ᠬᠥᠳᠡᠭᠡ ᠲᠣᠰᠬᠤᠨ  ᠤ ᠵᠠᠰᠠᠯᠳᠠ᠂ ᠠᠵᠢᠯ ᠣᠯᠭᠤᠯᠲᠠ ᠬᠠᠪᠰᠤᠷᠤᠨ ᠲᠡᠳᠬᠦᠬᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠮᠡᠳᠡᠭᠡ ᠵᠠᠩᠭᠢᠵᠢᠯᠲᠠ ᠪᠠᠷ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢ ᠬᠥᠲᠥᠯᠥᠨ ᠳᠠᠭᠠᠭᠤᠯᠬᠤ᠂ ᠮᠥᠩᠭᠦᠨ ᠭᠦᠢᠯᠭᠡᠭᠡᠨ᠂ ︽ᠵᠠᠭᠤᠨ ᠠᠵᠤ ᠠᠬᠤᠶᠢᠯᠠᠯ ᠵᠠᠭᠤᠨ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠲᠠᠪᠤᠨ ᠵᠢᠯ ᠤᠨ ᠠᠵᠢᠯᠯᠠᠭᠠᠨ ᠤ ᠲᠥᠰᠥᠯ ᠢ ᠵᠢᠭᠠᠵᠤ᠂ ︽N︾ ᠭᠡᠳᠡᠭ ᠨᠢ ᠮᠢᠬᠠᠨ ᠤ ᠦᠬᠡᠷ᠂ ᠮᠢᠬᠠᠨ ᠤ ᠬᠤᠨᠢ᠂ ᠣᠨᠴᠠᠯᠢᠭᠲᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠵᠡᠷᠭᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠬᠤ ᠲᠥᠰᠥᠯ ᠢ ᠵᠢᠭᠠᠵᠤ ᠪᠣᠶ᠃      ︽ᠨᠤᠲᠤᠭ ᠤᠨ ᠳᠠᠪᠤᠨ ᠭᠠᠷᠤᠯᠳᠠ︾᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠥᠳᠡᠭᠡ ᠲᠣᠰᠬᠤᠨ ᠤ ᠨᠤᠲᠤᠭ ᠤᠨ ᠲᠠᠬᠢᠶ᠎ᠠ᠂ ᠭᠠᠯᠠᠭᠤ᠂ ᠲᠠᠭᠢᠶᠠᠨ ︵ᠭᠠᠯᠠᠭᠤ᠂ ᠨᠤᠭᠤᠰᠤ︶ ᠥᠨᠳᠡᠭᠡ᠂ ᠵᠢᠵᠢᠭ ᠤᠯᠠᠭᠠᠨ ᠠᠯᠮᠤᠷᠠᠳ᠂ ᠨᠤᠲᠤᠭ ᠤᠨ ᠡᠭᠦᠯᠳᠡᠷ ᠤᠨ ᠭᠠᠭ᠋ᠠᠢ ᠶᠢ ᠶᠡᠷᠦᠩᠬᠡᠢ ᠳᠤᠨᠢ ︽ᠨᠤᠲᠤᠭ ᠤᠨ ᠳᠠᠪᠤᠨ ᠭᠠᠷᠤᠯᠳᠠ︾ ᠭᠡᠵᠦ ᠨᠡᠷᠡᠶᠢᠳᠦᠨ᠎ᠡ᠃      ︽ᠭᠤᠷᠪᠠ ᠶᠢ ᠨᠢᠭᠡ ᠴᠣᠭᠴᠠᠵᠢᠭᠤᠯᠬᠤ︾᠄ ᠮᠠᠯᠴᠢᠨ ᠲᠠᠷᠢᠶᠠᠴᠢᠨ ᠢᠶᠠᠷ ᠭᠤᠣᠯ ᠴᠣᠭᠴᠠ ᠪᠤᠯᠭᠠᠵᠦ᠂ ᠦᠢᠯᠡᠳᠪᠦᠷᠢᠯᠡᠯ᠂ ᠬᠠᠩᠭᠠᠨ ᠪᠤᠷᠤᠯᠠᠭᠤᠯᠭ᠎ᠠ᠂ ᠢᠲᠡᠭᠡᠮᠵᠢ ᠵᠡᠷᠭᠡ ᠭᠤᠷᠪᠠᠨ ᠵᠦᠢᠯ ᠤᠨ ᠬᠠᠮᠲᠤᠷᠠᠯᠴᠠᠭ᠎ᠠ ᠪᠠᠷ ᠠᠭᠤᠯᠭ᠎ᠠ ᠪᠣᠯᠭᠠᠭᠰᠠᠨ ᠰᠢᠨ᠎ᠡ ᠮᠠᠶ᠋ᠢᠭ ᠤᠨ ᠶᠡᠷᠦᠩᠬᠡᠶᠢᠯᠡᠭᠰᠡᠨ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠃      ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠄ ᠭᠤᠣᠯᠳᠠᠭᠤ ᠬᠥᠳᠡᠭᠡ ᠲᠣᠰᠬᠤᠨ ᠤ ︽ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢ ᠣᠷᠣᠭᠤᠯᠤᠭᠰᠠᠨ ᠮᠥᠩᠭᠦ ᠪᠣᠯᠭᠠᠨ ᠬᠤᠪᠢᠷᠠᠭᠤᠯᠬᠤ᠂ ᠲᠠᠷᠢᠶᠠᠴᠢᠨ ᠢ ᠬᠤᠪᠢ ᠣᠷᠣᠭᠤᠯᠤᠭᠴᠢ ᠪᠣᠯᠭᠠᠬᠤ︾ ᠬᠥᠳᠡᠭᠡ ᠲᠣᠰᠬᠤᠨ ᠤ ᠥᠭᠡᠷᠡᠴᠢᠯᠡᠯᠲᠡ ᠶᠢ ᠵᠢᠭᠠᠵᠤ ᠪᠠᠶᠢᠨ᠎ᠠ᠃      ︽ᠭᠤᠷᠪᠠᠨ ᠰᠠᠯᠵᠤ ᠪᠤᠯᠤᠰᠢ ᠦᠭᠡᠢ︾᠄ ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠪᠤᠯᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠪᠤᠯᠬᠤ ᠦᠭᠡᠢ᠂ ᠴᠥᠭᠡᠨ ᠲᠣᠭᠠᠲᠤ ᠦᠨᠳᠦᠰᠦᠲᠡᠨ ᠨᠦᠭᠦᠳ ᠴᠦ ᠬᠤᠭᠤᠷᠣᠨᠳᠤ ᠪᠠᠨ ᠰᠠᠯᠵᠤ ᠪᠤᠯᠬᠤ ᠦᠭᠡᠢ᠃      ︽ᠲᠠᠪᠤᠨ ᠮᠡᠳᠡᠷᠡᠭᠦᠢ︾᠄ ᠠᠭᠤᠤ ᠶᠡᠭᠡ ᠡᠬᠡ ᠤᠯᠤᠰ ᠤᠨ ᠮᠡᠳᠡᠷᠡᠭᠦᠢ᠂ ᠳᠤᠮᠳᠠᠳᠤ ᠶᠢᠨ ᠦᠨᠳᠦᠰᠦᠲᠡᠨ ᠤ ᠮᠡᠳᠡᠷᠡᠭᠦᠢ᠂ ᠳᠤᠮᠳᠠᠳᠤ ᠶᠢᠨ ᠰᠣᠶᠣᠯ ᠤᠨ ᠮᠡᠳᠡᠷᠡᠭᠦᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠮᠡᠳᠡᠷᠡᠭᠦᠢ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠮᠡᠳᠡᠷᠡᠭᠦᠢ᠃      ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ᠄ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠵᠦᠢ ᠵᠣᠬᠢᠰᠲᠠᠢ ᠪᠣᠯ ᠠᠰᠠᠭᠤᠳᠠᠯ ᠢ ᠪᠣᠳᠠᠲᠠᠶᠢᠵᠢᠭᠤᠯᠵᠤ᠂ ᠭᠤᠮᠣᠳᠠᠯ ᠱᠠᠭᠠᠷᠳᠠᠯᠭ᠎ᠠ ᠶᠣᠰᠣ ᠦᠭᠡᠢ ᠪᠣᠯ ᠦᠵᠡᠯ ᠰᠠᠨᠠᠭᠠᠨ ᠤ ᠬᠥᠮᠦᠵᠢᠯ ᠢ ᠪᠣᠳᠠᠲᠠᠶᠢᠵᠢᠭᠤᠯᠵᠤ᠂ ᠠᠮᠢᠳᠤᠷᠠᠯ ᠨᠢ ᠬᠦᠴᠢᠷᠳᠡᠯ ᠲᠠᠢ ᠪᠣᠯ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠶᠢ ᠪᠣᠳᠠᠲᠠᠶᠢᠵᠢᠭᠤᠯᠵᠤ᠂ ᠦᠶᠯᠡ ᠠᠵᠢᠯᠯᠠᠭ᠎ᠠ ᠨᠢ ᠬᠠᠤᠯᠢ ᠠᠴᠠ ᠵᠥᠷᠢᠴᠡᠭᠰᠡᠨ ᠪᠠᠶᠢᠪᠠᠯ ᠬᠠᠤᠯᠢ ᠶᠣᠰᠣᠭᠠᠷ ᠰᠢᠢᠳᠪᠦᠷᠢᠯᠡᠨ᠎ᠡ᠃      ᠲᠤᠯᠤᠭᠠᠨ ᠵᠦᠢᠯ ᠤᠨ ᠴᠢᠳᠠᠪᠤᠷᠢ᠄ ᠤᠯᠤᠰ ᠲᠥᠷᠥ ᠶᠢᠨ ᠴᠢᠳᠠᠪᠤᠷᠢ᠂ ᠪᠠᠶᠢᠴᠠᠭᠠᠨ ᠰᠤᠳᠤᠯᠬᠤ ᠴᠢᠳᠠᠪᠤᠷᠢ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ᠂ ᠥᠭᠡᠷᠡᠴᠢᠯᠡᠯᠲᠡ ᠬᠢᠵᠦ ᠪᠤᠭᠤᠮᠳᠠ ᠰᠢᠪᠲᠤᠯᠬᠤ ᠴᠢᠳᠠᠪᠤᠷᠢ᠂ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ᠂ ᠣᠯᠠᠨ ᠲᠦᠮᠡᠨ ᠤ ᠠᠵᠢᠯ ᠤᠨ ᠴᠢᠳᠠᠪᠤᠷᠢ᠂ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠵᠡᠷᠭᠡ ᠪᠣᠯᠣᠨ᠎ᠠ᠃      ᠨᠠᠢᠮᠠᠨ ᠶᠡᠭᠡ ᠴᠢᠳᠠᠪᠤᠷᠢ᠄ ᠰᠤᠷᠤᠯᠴᠠᠬᠤ ᠴᠢᠳᠠᠪᠤᠷᠢ᠂ ᠤᠯᠤᠰ ᠲᠥᠷᠥ ᠶᠢᠨ ᠤᠳᠤᠷᠢᠳᠬᠤ ᠴᠢᠳᠠᠪᠤᠷᠢ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠴᠢᠳᠠᠪᠤᠷᠢ᠂ ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ ᠴᠢᠳᠠᠪᠤᠷᠢ᠂ ᠬᠠᠤᠯᠢ ᠶᠣᠰᠣᠭᠠᠷ ᠲᠥᠷᠥ ᠪᠠᠷᠢᠬᠤ ᠴᠢᠳᠠᠪᠤᠷᠢ᠂ ᠣᠯᠠᠨ ᠲᠦᠮᠡᠨ ᠤ ᠠᠵᠢᠯ ᠤᠨ ᠴᠢᠳᠠᠪᠤᠷᠢ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠬᠤ ᠴᠢᠳᠠᠪᠤᠷᠢ᠂ ᠠᠶᠤᠯ ᠲᠦᠭᠰᠢᠭᠦᠷᠢ ᠶᠢ ᠡᠵᠡᠮᠳᠡᠬᠦ ᠴᠢᠳᠠᠪᠤᠷᠢ ᠵᠡᠷᠭᠡ ᠪᠣᠯᠣᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号