︽ᠬᠡᠰᠢᠭᠲᠡᠨ ᠬᠤᠰᠢᠭᠤᠨ ᠤ ᠭᠠᠵᠠᠷ ᠣᠷᠣᠨ ᠤ ᠴᠠᠬᠢᠯᠭᠠᠨ ᠳᠤᠯᠠᠭᠠᠯᠠᠭ᠎ᠠ ᠶᠢᠨ ᠬᠡᠷᠡᠭᠯᠡᠭᠴᠢ ᠶᠢᠨ ᠤᠭᠰᠠᠷᠠᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠬᠤ ᠲᠤᠬᠠᠢ ᠬᠡᠰᠢᠭᠲᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/11/24
     ᠨᠢᠭᠡ᠂ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠠᠬᠤᠢ ᠪᠠᠶᠢᠳᠠᠯ ᠵᠢᠴᠢ ᠵᠣᠷᠢᠯᠭ᠎ᠠ      ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠡᠨᠧᠷᠭᠢ ᠶᠢᠨ ᠲᠣᠪᠴᠢᠶ᠎ᠠ ᠶᠢᠨ ︽︿ᠴᠠᠬᠢᠯᠭᠠᠨ ᠬᠦᠴᠦᠨ ᠣᠯᠬᠤ﹀ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ ᠴᠠᠬᠢᠯᠭᠠᠨ ᠬᠡᠷᠡᠭᠯᠡᠬᠦ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠲᠤᠬᠠᠢ ᠰᠠᠨᠠᠯ︾ ᠵᠢᠴᠢ ︽︿ᠨᠡᠭᠦᠷᠡᠰᠦ ᠶᠢ ᠴᠠᠬᠢᠯᠭᠠᠨ ᠢᠶᠠᠷ ᠣᠷᠣᠯᠠᠭᠤᠯᠬᠤ﹀ ᠠᠵᠢᠯ ᠢ ᠡᠮᠬᠢ ᠵᠢᠷᠤᠮ ᠲᠠᠢ ᠥᠷᠨᠢᠭᠦᠯᠬᠦ ᠬᠤᠯᠪᠣᠭᠳᠠᠯ ᠪᠦᠬᠦᠢ ᠵᠦᠢᠯᠡᠰ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠪᠠᠴᠢᠮ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠬᠡᠰᠢᠭᠲᠡᠨ ᠬᠤᠰᠢᠭᠤᠨ ᠤ ᠭᠠᠵᠠᠷ ᠣᠷᠣᠨ ᠤ ᠴᠠᠬᠢᠯᠭᠠᠨ ᠳᠤᠯᠠᠭᠠᠯᠠᠭ᠎ᠠ ᠤᠭᠰᠠᠷᠠᠭᠤᠯᠬᠤ ᠪᠠᠷ ᠮᠡᠳᠡᠭᠦᠯᠦᠭᠰᠡᠨ ᠬᠡᠷᠡᠭᠯᠡᠭᠴᠢ ᠶᠢᠨ ᠵᠢᠯ ᠬᠤᠪᠢᠶᠠᠨ ᠡᠮᠬᠢ ᠵᠢᠷᠤᠮ ᠲᠠᠢ ᠤᠭᠰᠠᠷᠠᠬᠤ ᠶᠢ ᠪᠡᠶᠡᠯᠡᠭᠦᠯᠵᠦ᠂ ᠴᠠᠬᠢᠯᠭᠠᠨ ᠳᠤᠯᠠᠭᠠᠯᠠᠭ᠎ᠠ ᠶᠢᠨ ᠬᠡᠷᠡᠭᠯᠡᠭᠴᠢ ᠶᠢᠨ ᠲᠥᠬᠦᠭᠡᠷᠦᠮᠵᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠶᠢᠨ ᠲᠤᠰᠠᠳᠠ᠂ ᠲᠣᠰ ᠲᠥᠰᠥᠯ ᠢ ᠣᠨᠴᠣᠭᠤᠶᠢᠯᠠᠨ ᠲᠣᠭᠲᠠᠭᠠᠪᠠ᠃      ᠬᠤᠶᠠᠷ᠂ ᠲᠥᠰᠥᠯ ᠤᠨ ᠶᠡᠷᠦᠩᠬᠡᠢ ᠱᠠᠭᠠᠷᠳᠠᠯᠭ᠎ᠠ      ︵ᠨᠢᠭᠡ︶ ᠦᠨᠳᠦᠰᠦᠨ ᠵᠠᠷᠴᠢᠮ᠃ ᠨᠢᠭᠡ ᠳᠤ ᠴᠠᠬᠢᠯᠭᠠᠨ ᠲᠦᠭᠡᠭᠡᠬᠦ ᠲᠣᠣᠷ ᠢ ᠨᠢᠭᠡᠨᠲᠡ ᠥᠭᠡᠷᠡᠴᠢᠯᠡᠭᠰᠡᠨ ᠭᠠᠵᠠᠷ ᠣᠷᠣᠨ ᠳᠤ ᠵᠢᠯ ᠪᠦᠷᠢ ᠤᠭᠰᠠᠷᠠᠭᠤᠯᠬᠤ ᠪᠠᠷ ᠮᠡᠳᠡᠭᠦᠯᠦᠭᠰᠡᠨ ᠬᠡᠷᠡᠭᠯᠡᠭᠴᠢ ᠶᠢᠨ ᠪᠦᠬᠦ ᠬᠡᠮᠵᠢᠶ᠎ᠡ ᠶᠢᠨ 50% ᠶᠢᠨ ᠵᠠᠯᠭᠠᠨ ᠣᠷᠣᠭᠤᠯᠬᠤ ᠶᠢ ᠪᠡᠶᠡᠯᠡᠭᠦᠯᠵᠦ᠂ ᠵᠢᠯ ᠳᠠᠷᠠᠭᠠᠯᠠᠨ ᠠᠬᠢᠭᠤᠯᠤᠨ᠎ᠠ︔ ᠬᠤᠶᠠᠷ ᠲᠤ ᠴᠠᠬᠢᠯᠭᠠᠨ ᠲᠦᠭᠡᠭᠡᠬᠦ ᠲᠣᠣᠷ ᠢ ᠥᠭᠡᠷᠡᠴᠢᠯᠡᠭᠡ ᠦᠭᠡᠢ ᠭᠠᠵᠠᠷ ᠣᠷᠣᠨ ᠳᠤ ᠴᠠᠬᠢᠯᠭᠠᠨ ᠳᠤᠯᠠᠭᠠᠯᠠᠭ᠎ᠠ ᠶᠢᠨ ᠬᠡᠷᠡᠭᠯᠡᠭᠴᠢ ᠶᠢᠨ ᠵᠠᠯᠭᠠᠨ ᠣᠷᠣᠭᠤᠯᠬᠤ ᠶᠢ ᠵᠥᠪᠰᠢᠶᠡᠷᠡᠬᠦ ᠦᠭᠡᠢ᠂ ᠵᠠᠯᠭᠠᠨ ᠣᠷᠣᠭᠤᠯᠬᠤ ᠴᠠᠭ ᠢ ᠴᠠᠬᠢᠯᠭᠠᠨ ᠲᠦᠭᠡᠭᠡᠬᠦ ᠲᠣᠣᠷ ᠤᠨ ᠥᠭᠡᠷᠡᠴᠢᠯᠡᠯᠲᠡ ᠶᠢ ᠪᠡᠶᠡᠯᠡᠭᠦᠯᠦᠭᠰᠡᠨ ᠤ ᠳᠠᠷᠠᠭ᠎ᠠ ᠵᠢᠯ ᠳᠠᠷᠠᠭᠠᠯᠠᠨ ᠠᠬᠢᠭᠤᠯᠵᠤ᠂ ᠵᠢᠯ ᠪᠦᠷᠢ ᠶᠢᠨ ᠠᠬᠢᠭᠤᠯᠬᠤ ᠬᠡᠮᠵᠢᠶ᠎ᠡ ᠶᠢ ᠤᠭᠰᠠᠷᠠᠭᠤᠯᠬᠤ ᠪᠠᠷ ᠮᠡᠳᠡᠭᠦᠯᠦᠭᠰᠡᠨ ᠬᠡᠷᠡᠭᠯᠡᠭᠴᠢ ᠶᠢᠨ ᠪᠦᠬᠦ ᠬᠡᠮᠵᠢᠶ᠎ᠡ ᠶᠢᠨ 50% ᠠᠴᠠ ᠳᠠᠪᠠᠭᠤᠯᠬᠤ ᠦᠭᠡᠢ︔ ᠭᠤᠷᠪᠠ ᠳᠤ᠂ ᠣᠯᠠᠨ ᠳᠠᠪᠬᠤᠷᠭᠠᠲᠤ ᠪᠠᠷᠢᠯᠭ᠎ᠠ᠂ ᠣᠯᠠᠨ ᠳᠠᠪᠬᠤᠷᠭᠠᠲᠤ ᠪᠠᠷᠢᠯᠭ᠎ᠠ ᠶᠢᠨ ᠰᠠᠭᠤᠭᠠᠯᠢ ᠠᠷᠠᠳ ᠤᠨ ᠲᠣᠭᠤᠷᠢᠭ᠂ ᠣᠯᠠᠨ ᠳᠠᠪᠬᠤᠷᠭᠠᠲᠤ ᠪᠠᠷᠢᠯᠭ᠎ᠠ ᠶᠢᠨ ᠳᠣᠲᠣᠷᠠᠬᠢ ᠬᠤᠪᠢ ᠶᠢᠨ ᠬᠤᠳᠠᠯᠳᠤᠭᠠᠨ ᠤ ᠡᠷᠦᠬᠡ᠂ ᠣᠯᠠᠨ ᠳᠠᠪᠬᠤᠷᠭᠠᠲᠤ ᠪᠠᠷᠢᠯᠭ᠎ᠠ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠵᠡᠷᠭᠡ ᠢᠯᠴᠢ ᠶᠢᠨ ᠬᠦᠴᠦᠨ ᠤ ᠺᠣᠮᠫᠠᠨᠢ ᠶᠢᠨ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠬᠡᠷᠡᠭᠯᠡᠭᠴᠢ ᠴᠠᠬᠢᠯᠭᠠᠨ ᠳᠤᠯᠠᠭᠠᠯᠠᠭ᠎ᠠ ᠶᠢᠨ ᠲᠥᠬᠦᠭᠡᠷᠦᠮᠵᠢ ᠶᠢ ᠵᠠᠯᠭᠠᠨ ᠣᠷᠣᠭᠤᠯᠵᠤ ᠪᠣᠯᠬᠤ ᠦᠭᠡᠢ᠂ ᠬᠡᠷᠪᠡ ᠴᠠᠬᠢᠯᠭᠠᠨ ᠳᠤᠯᠠᠭᠠᠯᠠᠭ᠎ᠠ ᠶᠢᠨ ᠬᠡᠷᠡᠭᠴᠡᠭᠡ ᠲᠠᠢ ᠪᠣᠯ᠂ ᠡᠷᠬᠡᠪᠰᠢ ᠨᠢᠭᠡ ᠰᠠᠭᠤᠷᠢ ᠣᠯᠠᠨ ᠳᠠᠪᠬᠤᠷᠭᠠᠲᠤ ᠪᠠᠷᠢᠯᠭ᠎ᠠ ᠪᠠᠷ ᠨᠢᠭᠡᠴᠢ ᠪᠣᠯᠭᠠᠨ ᠨᠢᠭᠡ ᠴᠠᠬᠢᠯᠭᠠᠨ ᠭᠦᠸᠧᠯᠦ ᠤᠭᠰᠠᠷᠠᠵᠤ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠬᠡᠷᠡᠭᠲᠡᠢ᠂ ᠴᠠᠬᠢᠯᠭᠠᠨ ᠭᠦᠸᠧᠯᠦ ᠶᠢ ᠤᠭᠰᠠᠷᠠᠬᠤ᠂ ᠥᠭᠡᠷᠡᠴᠢᠯᠡᠬᠦ ᠳᠤ ᠬᠡᠰᠢᠭᠲᠡᠨ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠬᠦ ᠬᠡᠷᠡᠭᠲᠡᠢ︔ ᠳᠥᠷᠪᠡ ᠳᠤ᠂ ᠠᠷᠠᠳ ᠤᠨ ᠰᠠᠭᠤᠴᠠ ᠶᠢᠨ ᠬᠦᠷᠢᠶ᠎ᠡ ᠬᠡᠪᠴᠢᠶᠡᠨ ᠳᠠᠬᠢ ᠣᠯᠠᠨ ᠳᠠᠪᠬᠤᠷᠭᠠᠲᠤ ᠭᠠᠭᠴᠠ ᠡᠷᠦᠬᠡ ᠶᠢᠨ ᠬᠤᠪᠢ ᠬᠥᠮᠥᠨ ᠪᠤᠶᠤ ᠶᠡᠷᠦᠩᠬᠡᠶᠢᠯᠡᠭᠰᠡᠨ ᠴᠣᠭᠴᠠ ᠳᠤ ᠴᠢᠭᠯᠡᠭᠦᠯᠦᠨ᠂ ᠵᠥᠪᠬᠡᠨ ᠨᠢᠭᠡ ᠯᠡ ᠴᠠᠬᠢᠯᠭᠠᠨ ᠳᠤᠯᠠᠭᠠᠯᠠᠭ᠎ᠠ ᠶᠢᠨ ᠲᠥᠬᠦᠭᠡᠷᠦᠮᠵᠢ ᠶᠢ ᠵᠠᠯᠭᠠᠨ ᠣᠷᠣᠭᠤᠯᠵᠤ ᠳᠤᠯᠠᠭᠠᠯᠠᠭ᠎ᠠ ᠬᠠᠩᠭᠠᠬᠤ ᠶᠢ ᠵᠥᠪᠰᠢᠶᠡᠷᠡᠨ᠎ᠡ︔ ᠲᠠᠪᠤ ᠳᠤ ᠴᠠᠬᠢᠯᠭᠠᠨ ᠢ ᠠᠶᠤᠯᠭᠦᠢ ᠪᠠᠷ ᠬᠡᠷᠡᠭᠯᠡᠬᠦ ᠵᠢᠴᠢ ᠭᠠᠯ ᠰᠡᠷᠭᠡᠶᠢᠯᠡᠯᠲᠡ ᠶᠢᠨ ᠠᠶᠤᠯᠭᠦᠢ ᠶᠢ ᠪᠠᠲᠤᠯᠠᠬᠤ ᠶᠢᠨ ᠲᠥᠯᠥᠭᠡ᠂ ᠴᠠᠬᠢᠯᠭᠠᠨ ᠬᠠᠩᠭᠠᠬᠤ ᠺᠣᠮᠫᠠᠨᠢ ᠠᠴᠠ ᠴᠠᠬᠢᠯᠭᠠᠨ ᠬᠠᠩᠭᠠᠬᠤ ᠲᠣᠭᠤᠷᠢᠭ ᠨᠢᠭᠡᠪᠦᠷᠢ ᠶᠢᠨ ᠳᠠᠭᠠᠭᠠᠴᠠ ᠶᠢᠨ ᠪᠠᠶᠢᠳᠠᠯ ᠢ ᠦᠨᠳᠦᠰᠦᠯᠡᠨ᠂ ᠴᠠᠬᠢᠯᠭᠠᠨ ᠢᠶᠠᠷ ᠳᠤᠯᠠᠭᠠᠯᠠᠵᠤ ᠪᠣᠯᠬᠤ ᠡᠰᠡᠬᠦ ᠶᠢ ᠢᠯᠭᠠᠨ ᠲᠣᠳᠣᠯᠠᠬᠤ ᠶᠢ ᠬᠠᠷᠢᠭᠤᠴᠠᠨ᠎ᠠ᠃      ︵ᠬᠤᠶᠠᠷ︶ ᠠᠵᠢᠯ ᠤᠨ ᠬᠠᠷᠠᠯᠲᠠ᠃ 2025 ᠣᠨ ᠤ ᠰᠡᠭᠦᠯᠴᠢ ᠠᠴᠠ ᠡᠮᠦᠨ᠎ᠡ ᠬᠡᠰᠢᠭᠲᠡᠨ ᠬᠤᠰᠢᠭᠤᠨ ᠤ ᠭᠠᠵᠠᠷ ᠣᠷᠣᠨ ᠤ ᠴᠠᠬᠢᠯᠭᠠᠨ ᠲᠦᠭᠡᠭᠡᠬᠦ ᠲᠣᠣᠷ ᠤᠨ ᠥᠭᠡᠷᠡᠴᠢᠯᠡᠯᠲᠡ ᠶᠢᠨ ᠬᠡᠪᠴᠢᠶ᠎ᠡ ᠶᠢ 100% ᠪᠠᠷ ᠪᠦᠷᠬᠦᠭᠦᠯᠬᠦ ᠶᠢ ᠪᠡᠶᠡᠯᠡᠭᠦᠯᠦᠨ᠎ᠡ︔ 2026 ᠣᠨ ᠤ ᠵᠢᠯ ᠤᠨ ᠰᠡᠭᠦᠯᠴᠢ ᠠᠴᠠ ᠡᠮᠦᠨ᠎ᠡ ᠨᠢᠭᠡᠨᠲᠡ ᠥᠭᠡᠷᠡᠴᠢᠯᠡᠭᠰᠡᠨ ᠭᠠᠵᠠᠷ ᠣᠷᠣᠨ ᠳᠤ ᠪᠥᠬᠦ ᠬᠡᠮᠵᠢᠶ᠎ᠡ ᠪᠠᠷ ᠴᠠᠬᠢᠯᠭᠠᠨ ᠳᠤᠯᠠᠭᠠᠯᠠᠭ᠎ᠠ ᠤᠭᠰᠠᠷᠠᠨ ᠵᠠᠯᠭᠠᠨ ᠣᠷᠣᠭᠤᠯᠬᠤ ᠶᠢ ᠪᠡᠶᠡᠯᠡᠭᠦᠯᠦᠨ᠎ᠡ︔ 2027 ᠣᠨ ᠤ ᠵᠢᠯ ᠤᠨ ᠰᠡᠭᠦᠯᠴᠢ ᠠᠴᠠ ᠡᠮᠦᠨ᠎ᠡ ᠬᠡᠰᠢᠭᠲᠡᠨ ᠬᠤᠰᠢᠭᠤᠨ ᠤ ᠭᠠᠵᠠᠷ ᠣᠷᠣᠨ ᠤ ᠴᠠᠬᠢᠯᠭᠠᠨ ᠳᠤᠯᠠᠭᠠᠯᠠᠭ᠎ᠠ ᠤᠭᠰᠠᠷᠠᠭᠤᠯᠬᠤ ᠪᠠᠷ ᠮᠡᠳᠡᠭᠦᠯᠦᠭᠰᠡᠨ ᠬᠡᠷᠡᠭᠯᠡᠭᠴᠢ ᠶᠢᠨ ᠪᠥᠬᠦ ᠬᠡᠮᠵᠢᠶ᠎ᠡ ᠪᠠᠷ ᠵᠠᠯᠭᠠᠨ ᠣᠷᠣᠭᠤᠯᠬᠤ ᠶᠢ ᠪᠡᠶᠡᠯᠡᠭᠦᠯᠦᠨ᠎ᠡ᠃      ᠭᠤᠷᠪᠠ᠂ ᠡᠯ᠎ᠡ ᠰᠢᠶᠠᠩ ᠪᠠᠯᠭᠠᠰᠤ ᠵᠢᠴᠢ ᠦᠢᠯᠡᠴᠢᠯᠡᠭᠡ ᠬᠠᠩᠭᠠᠬᠤ ᠲᠥᠪ ᠤᠨ ᠴᠠᠬᠢᠯᠭᠠᠨ ᠳᠤᠯᠠᠭᠠᠯᠠᠭ᠎ᠠ ᠵᠠᠯᠭᠠᠨ ᠣᠷᠣᠭᠤᠯᠬᠤ ᠲᠥᠰᠥᠯ      ᠳᠥᠷᠪᠡ᠂ ᠬᠡᠷᠡᠭᠯᠡᠭᠴᠢ ᠶᠢᠨ ᠲᠠᠯ᠎ᠠ ᠶᠢᠨ ᠴᠠᠬᠢᠯᠭᠠᠨ ᠭᠦᠸᠧᠯᠦ ᠶᠢᠨ ᠵᠥᠪᠰᠢᠶᠡᠷᠡᠯ ᠵᠢᠴᠢ ᠴᠠᠬᠢᠯᠭᠠᠨ ᠢ ᠠᠮᠤᠷ ᠲᠦᠪᠰᠢᠨ ᠢᠶᠠᠷ ᠬᠡᠷᠡᠭᠯᠡᠬᠦ ᠬᠠᠮᠢᠶ᠎ᠠ ᠪᠦᠬᠦᠢ ᠱᠠᠭᠠᠷᠳᠠᠯᠭ᠎ᠠ      1. ᠬᠡᠷᠡᠭᠯᠡᠭᠴᠢᠳ ᠴᠠᠬᠢᠯᠭᠠᠨ ᠭᠦᠸᠧᠯᠦ ᠶᠢᠨ ᠬᠡᠷᠡᠭᠯᠡᠬᠦ ᠳᠠᠯᠠᠪᠠᠢ ᠶᠢ ᠲᠣᠳᠣᠷᠬᠠᠶᠢᠯᠠᠵᠤ᠂ ᠴᠠᠬᠢᠯᠭᠠᠨ ᠭᠦᠸᠧᠯᠦ ᠶᠢᠨ ᠴᠢᠳᠠᠮᠵᠢ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃      2. ᠴᠠᠬᠢᠯᠭᠠᠨ ᠭᠦᠸᠧᠯᠦ ᠶᠢ ᠵᠠᠯᠭᠠᠨ ᠣᠷᠣᠭᠤᠯᠬᠤ ᠠᠴᠠ ᠡᠮᠦᠨ᠎ᠡ᠂ ᠬᠡᠷᠡᠭᠯᠡᠬᠦ ᠴᠠᠬᠢᠯᠭᠠᠨ ᠬᠠᠩᠭᠠᠬᠤ ᠬᠦᠴᠦᠳᠡᠯ ᠨᠢ 220V/380V ᠪᠠᠶᠢᠬᠤ ᠶᠢ ᠪᠠᠲᠤᠯᠠᠬᠤ ᠬᠡᠷᠡᠭᠲᠡᠢ᠃      3. ᠴᠠᠬᠢᠯᠭᠠᠨ ᠭᠦᠸᠧᠯᠦ ᠪᠣᠯ ᠣᠨᠴᠠ ᠲᠦᠷᠦᠯ ᠤᠨ ᠲᠥᠬᠦᠭᠡᠷᠦᠮᠵᠢ ᠳᠤ ᠲᠣᠭᠠᠴᠠᠭᠳᠠᠨ᠎ᠠ᠂ ᠡᠷᠬᠡᠪᠰᠢ ᠤᠯᠤᠰ ᠤᠨ ᠬᠤᠯᠪᠣᠭᠳᠠᠯ ᠪᠦᠬᠦᠢ ᠠᠵᠢᠯ ᠲᠦᠷᠦᠯ ᠤᠨ ᠪᠠᠷᠢᠮᠵᠢᠶ᠎ᠠ ᠳᠤ ᠨᠡᠶᠢᠴᠡᠬᠦ ᠬᠡᠷᠡᠭᠲᠡᠢ᠂ ᠡᠷᠬᠡᠪᠰᠢ ᠲᠣᠳᠣᠷᠬᠠᠢ ᠦᠢᠯᠡᠳᠪᠦᠷᠢᠯᠡᠨ ᠪᠣᠷᠣᠯᠠᠭᠤᠯᠤᠭᠴᠢ᠂ ᠬᠢᠷᠢ ᠲᠡᠩᠴᠡᠭᠰᠡᠨ ᠦᠨᠡᠮᠯᠡᠯ᠂ ᠪᠠᠶᠢᠴᠠᠭᠠᠨ ᠰᠢᠯᠭᠠᠭᠰᠠᠨ ᠦᠨᠡᠮᠯᠡᠯ ᠵᠡᠷᠭᠡ ᠬᠤᠯᠪᠣᠭᠳᠠᠯ ᠪᠦᠬᠦᠢ ᠮᠠᠲ᠋ᠧᠷᠢᠶᠠᠯ ᠲᠠᠢ ᠪᠠᠶᠢᠬᠤ ᠬᠡᠷᠡᠭᠲᠡᠢ᠃      4. ᠴᠠᠬᠢᠯᠭᠠᠨ ᠭᠦᠸᠧᠯᠦ ᠶᠢ ᠡᠷᠬᠡᠪᠰᠢ ᠨᠠᠶᠢᠳᠠᠪᠤᠷᠢᠲᠠᠢ ᠵᠠᠯᠭᠠᠬᠤ ᠬᠡᠷᠡᠭᠲᠡᠢ᠂ ᠵᠠᠯᠭᠠᠯᠲᠠ ᠤᠲᠠᠰᠤ ᠶᠢ ᠵᠠᠳᠠᠯᠵᠤ ᠪᠣᠯᠬᠤ ᠦᠭᠡᠢ᠂ ᠴᠠᠬᠢᠯᠭᠠᠨ ᠳᠤ ᠴᠣᠬᠢᠭᠳᠠᠬᠤ ᠦᠵᠡᠭᠳᠡᠯ ᠭᠠᠷᠬᠤ ᠠᠴᠠ ᠰᠡᠷᠭᠡᠶᠢᠯᠡᠬᠦ ᠬᠡᠷᠡᠭᠲᠡᠢ᠃      5. ᠴᠠᠬᠢᠯᠭᠠᠨ ᠭᠦᠸᠧᠯᠦ ᠶᠢᠨ ᠴᠠᠬᠢᠯᠭᠠᠨ ᠡᠭᠦᠰᠬᠡᠭᠴᠢ ᠶᠢᠨ ᠤᠲᠠᠰᠤᠨ ᠤ ᠡᠮᠦᠨ᠎ᠡ ᠦᠵᠦᠭᠦᠷ ᠲᠤ ᠡᠷᠬᠡᠪᠰᠢ ᠴᠠᠬᠢᠯᠭᠠᠨ ᠭᠦᠸᠧᠯᠦ ᠶᠢᠨ ᠴᠢᠳᠠᠯ ᠳᠤ ᠨᠡᠶᠢᠴᠡᠭᠰᠡᠨ ᠴᠠᠬᠢᠯᠭᠠᠨ ᠠᠯᠳᠠᠬᠤ ᠶᠢ ᠬᠠᠮᠠᠭᠠᠯᠠᠬᠤ ᠲᠥᠬᠦᠭᠡᠷᠦᠮᠵᠢ ᠤᠭᠰᠠᠷᠠᠵᠤ᠂ ᠴᠠᠬᠢᠯᠭᠠᠨ ᠳᠤ ᠴᠣᠬᠢᠭᠳᠠᠬᠤ ᠪᠠ ᠭᠡᠮᠲᠦᠯ ᠭᠠᠷᠴᠤ ᠳᠡᠭᠡᠷ᠎ᠡ ᠨᠢᠭᠡ ᠳᠡᠰ ᠤᠨ ᠴᠠᠬᠢᠯᠭᠠᠨ ᠡᠭᠦᠰᠬᠡᠭᠴᠢ ᠳᠤ ᠬᠦᠷᠭᠡᠭᠳᠡᠨ᠂ ᠴᠠᠬᠢᠯᠭᠠᠨ ᠲᠦᠭᠡᠭᠡᠬᠦ ᠲᠣᠣᠷ ᠤᠨ ᠭᠡᠮᠲᠦᠯ ᠭᠠᠷᠴᠤ ᠴᠠᠬᠢᠯᠭᠠᠨ ᠵᠣᠭᠰᠣᠬᠤ ᠶᠢ ᠰᠡᠷᠭᠡᠶᠢᠯᠡᠬᠦ ᠬᠡᠷᠡᠭᠲᠡᠢ᠃      6. ᠡᠯ᠎ᠡ ᠲᠦᠷᠦᠯ ᠤᠨ ᠴᠠᠬᠢᠯᠭᠠᠨ ᠭᠦᠸᠧᠯᠦ ᠶᠢ ᠤᠭᠰᠠᠷᠠᠬᠤ ᠳᠤ ᠡᠷᠬᠡᠪᠰᠢ ᠬᠢᠷᠢ ᠬᠡᠮ ᠲᠠᠢ ᠡᠩᠨᠡᠭᠡ ᠪᠤᠶᠤ ᠠᠵᠢᠯᠲᠠᠨ ᠢᠶᠠᠷ ᠤᠭᠰᠠᠷᠠᠭᠤᠯᠬᠤ ᠬᠡᠷᠡᠭᠲᠡᠢ᠃ ᠤᠭᠰᠠᠷᠠᠬᠤ ᠡᠩᠨᠡᠭᠡ ᠶᠢᠨ ᠬᠢᠷᠢ ᠬᠡᠮ ᠪᠠ ᠠᠵᠢᠯᠲᠠᠨ ᠤ ᠬᠢᠷᠢ ᠬᠡᠮ ᠢ ᠬᠤᠲᠠ ᠶᠢᠨ ᠵᠠᠰᠠᠭ ᠤᠨ ᠣᠷᠳᠣᠨ ᠤ ᠴᠠᠬᠢᠯᠭᠠᠨ ᠬᠦᠴᠦᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠵᠤ᠂ ᠳᠠᠩᠰᠠᠯᠠᠭᠤᠯᠤᠭᠰᠠᠨ ᠤ ᠳᠠᠷᠠᠭ᠎ᠠ ᠰᠠᠶ᠋ᠢ ᠤᠭᠰᠠᠷᠠᠬᠤ ᠪᠠ ᠵᠠᠯᠭᠠᠵᠤ ᠪᠣᠯᠣᠨ᠎ᠠ᠃      7. ᠴᠠᠬᠢᠯᠭᠠᠨ ᠭᠦᠸᠧᠯᠦ ᠶᠢᠨ ᠴᠠᠬᠢᠯᠭᠠᠨ ᠡᠭᠦᠰᠬᠡᠭᠴᠢ ᠶᠢᠨ ᠬᠡᠯᠬᠢᠶᠡᠨ ᠳᠤ ᠵᠥᠪᠬᠡᠨ ᠴᠠᠬᠢᠯᠭᠠᠨ ᠭᠦᠸᠧᠯᠦ ᠶᠢᠨ ᠲᠥᠬᠦᠭᠡᠷᠦᠮᠵᠢ ᠶᠢ ᠵᠠᠯᠭᠠᠨ ᠣᠷᠣᠭᠤᠯᠬᠤ ᠶᠢ ᠵᠥᠪᠰᠢᠶᠡᠷᠡᠨ᠎ᠡ᠂ ᠡᠩ ᠤᠨ ᠰᠠᠭᠤᠭᠠᠯᠢ ᠠᠷᠠᠳ ᠤᠨ ᠭᠡᠷᠡᠯᠲᠦᠭᠦᠯᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠪᠤᠰᠤᠳ ᠲᠦᠷᠦᠯ ᠤᠨ ᠴᠠᠬᠢᠯᠭᠠᠨ ᠬᠡᠷᠡᠭᠯᠡᠬᠦ ᠲᠥᠬᠦᠭᠡᠷᠦᠮᠵᠢ ᠶᠢ ᠵᠠᠯᠭᠠᠨ ᠣᠷᠣᠭᠤᠯᠬᠤ ᠶᠢ ᠵᠥᠪᠰᠢᠶᠡᠷᠡᠬᠦ ᠦᠭᠡᠢ᠂ ᠬᠡᠷᠪᠡ ᠡᠶᠢᠮᠦᠷᠬᠦ ᠦᠵᠡᠭᠳᠡᠯ ᠭᠠᠷᠪᠠᠯ᠂ ᠴᠠᠬᠢᠯᠭᠠᠨ ᠬᠦᠴᠦᠨ ᠤ ᠭᠤᠣᠯᠯᠠᠨ ᠬᠠᠮᠢᠶᠠᠷᠬᠤ ᠨᠢᠭᠡᠴᠡ ᠠᠴᠠ ᠭᠡᠷ᠎ᠡ ᠶᠢ ᠵᠥᠷᠢᠴᠡᠨ ᠴᠠᠬᠢᠯᠭᠠᠨ ᠬᠡᠷᠡᠭᠯᠡᠭᠰᠡᠨ ᠦᠢᠯᠡ ᠠᠵᠢᠯᠯᠠᠭ᠎ᠠ ᠳᠤ ᠬᠠᠷᠠᠭᠠᠯᠵᠠᠭᠰᠠᠨ ᠰᠢᠢᠳᠬᠡᠯ ᠥᠭᠭᠦᠨ᠎ᠡ᠃      ᠲᠠᠪᠤ᠂ ᠲᠤᠰ ᠲᠥᠰᠥᠯ ᠢ 2023 ᠣᠨ ᠤ 8 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ
 
ᠢᠷᠡᠯᠲᠡ᠄ ᠬᠡᠰᠢᠭᠲᠡᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号