︽ᠬᠡᠰᠢᠭᠲᠡᠨ ᠬᠤᠰᠢᠭᠤᠨ ᠤ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢᠨ ᠲᠥᠰᠥᠯ︾ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/11/28
     ᠨᠢᠭᠡ᠂ ᠲᠣᠭᠲᠠᠭᠠᠭᠰᠠᠨ ᠠᠬᠤᠢ ᠪᠠᠶᠢᠳᠠᠯ      ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠪᠣᠯᠣᠨ ᠴᠢᠳᠠᠪᠤᠷᠢ ᠶᠢᠨ ᠪᠠᠶᠢᠭᠤᠯᠤᠯᠲᠠ ᠶᠢ ᠴᠢᠨᠠᠭᠰᠢᠳᠠ ᠠᠬᠢᠭᠤᠯᠬᠤ ᠶᠢᠨ ᠲᠥᠯᠥᠭᠡ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠰᠠᠭᠤᠷᠢ ᠶᠢ ᠪᠠᠬᠢᠵᠢᠭᠦᠯᠵᠦ᠂ ᠨᠢᠭᠡᠳᠦᠯᠲᠡᠢ ᠵᠢᠯᠤᠭᠤᠳᠬᠤ᠂ ᠲᠤᠰᠬᠠᠢ ᠪᠠᠶᠢᠩᠭᠤ ᠶᠢ ᠬᠤᠣᠰᠯᠠᠭᠤᠯᠤᠭᠰᠠᠨ᠂ ᠬᠤᠷᠴᠠ ᠰᠡᠷᠭᠡᠭ ᠲᠤᠰᠬᠠᠯ ᠲᠠᠢ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠭᠰᠡᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠪᠠᠶᠢᠭᠤᠯᠤᠯ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠣᠯᠠᠨ ᠲᠦᠮᠡᠨ ᠳᠤ ᠦᠢᠯᠡᠴᠢᠯᠡᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠳᠠᠭᠤᠯᠬᠤ ᠴᠢᠳᠠᠪᠤᠷᠢ ᠪᠠᠨ ᠴᠢᠩᠭᠠᠳᠬᠠᠵᠤ᠂ ︽ᠦᠨᠳᠦᠰᠦᠨ ᠱᠠᠲᠤᠨ ᠤ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠪᠠ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 4 ᠳ᠋ᠦ᠋ᠭᠡᠷ ᠲᠣᠭᠠᠲᠤ︶ ᠪᠠ ︽︿ᠤᠯᠠᠭᠠᠨᠬᠠᠳᠠ ᠬᠤᠲᠠ ᠶᠢᠨ ᠦᠨᠳᠦᠰᠦᠨ ᠱᠠᠲᠤᠨ ᠤ ᠭᠠᠯ ᠤᠨᠲᠠᠷᠠᠭᠠᠬᠤ ᠵᠠᠰᠠᠯᠲᠠ ᠶᠢᠨ ᠠᠵᠢᠯ ᠢ ᠴᠢᠩᠭᠠᠳᠬᠠᠬᠤ ᠵᠢᠯᠤᠭᠤᠳᠬᠤ ᠰᠠᠨᠠᠯ﹀ ᠢ ᠳᠠᠷᠤᠮᠠᠯᠯᠠᠨ ᠲᠠᠷᠬᠠᠭᠠᠬᠤ ᠲᠤᠬᠠᠢ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠤᠯᠠᠭᠠᠨᠬᠠᠳᠠ ᠵᠠᠰᠠᠭ ᠠᠯᠪᠠᠨ ᠲᠠᠷᠬᠠᠭᠠᠭᠰᠠᠨ ﹇2022﹈ 9 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃      ᠬᠤᠶᠠᠷ᠂ ᠴᠢᠬᠤᠯᠠ ᠠᠷᠭ᠎ᠠ ᠬᠡᠮᠵᠢᠶ᠎ᠡ      ︽ᠬᠡᠷᠡᠭᠵᠢᠭᠦᠯᠬᠦ ᠲᠥᠰᠥᠯ︾ ᠢ ᠶᠡᠷᠦᠩᠬᠡᠢ ᠱᠠᠭᠠᠷᠳᠠᠯᠭ᠎ᠠ᠂ ᠠᠵᠢᠯ ᠤᠨ ᠡᠭᠦᠷᠭᠡ᠂ ᠠᠵᠢᠯ ᠤᠨ ᠱᠠᠭᠠᠷᠳᠠᠯᠭ᠎ᠠ ᠭᠡᠵᠦ ᠭᠤᠷᠪᠠᠨ ᠬᠡᠰᠡᠭ ᠬᠤᠪᠢᠶᠠᠪᠠ᠃      ︵ᠨᠢᠭᠡ︶ ᠶᠡᠷᠦᠩᠬᠡᠢ ᠱᠠᠭᠠᠷᠳᠠᠯᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠦᠨᠳᠦᠰᠦᠨ ᠱᠠᠲᠤ ᠶᠢ ᠠᠳᠬᠤᠬᠤ᠂ ᠰᠠᠭᠤᠷᠢ ᠶᠢ ᠲᠠᠯᠪᠢᠬᠤ ᠪᠠᠷ ᠬᠦᠴᠦᠯᠡᠵᠦ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠳᠠᠪᠠᠭᠤᠯᠢᠭ ᠡᠬᠢ ᠪᠠᠶᠠᠯᠢᠭ ᠤᠨ ᠡᠯᠧᠮᠧᠨ᠋ᠲ ᠢ ᠡᠮᠬᠢᠯᠡᠨ ᠨᠡᠶᠢᠯᠡᠭᠦᠯᠵᠦ᠂ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ︽ᠨᠢᠭᠡ ᠲᠤᠰᠬᠠᠢ ᠠᠩᠭᠢ᠂ ᠨᠢᠭᠡ ᠲᠤᠰᠬᠠᠢ ᠡᠩᠨᠡᠭᠡ᠂ ᠨᠢᠭᠡ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠦᠯᠵᠢᠶ᠎ᠡ᠂ ᠨᠢᠭᠡ ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ᠂ ᠨᠢᠭᠡ ᠡᠳ᠋ ᠪᠣᠳᠠᠰ ᠤᠨ ᠬᠥᠮᠥᠷᠭᠡ︾ ᠶᠢᠨ ︽ᠲᠠᠪᠤᠨ ᠨᠢᠭᠡ︾ ᠶᠢᠨ ᠰᠢᠰᠲ᠋ᠧᠮ ᠢ ᠳᠠᠬᠢᠨ ᠴᠣᠭᠴᠠᠯᠠᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠢ ᠠᠵᠢᠯᠲᠠᠨ ᠂ ᠬᠦᠴᠦᠨ᠂ ᠲᠥᠬᠦᠭᠡᠷᠦᠮᠵᠢ᠂ ᠵᠠᠷᠤᠳᠠᠯ ᠢ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢ ᠲᠣᠣᠷᠵᠢᠭᠤᠯᠬᠤ ᠶᠢ ᠠᠬᠢᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠷᠠᠳ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠵᠤ᠂ ᠦᠨᠳᠦᠰᠦᠨ ᠱᠠᠲᠤᠨ ᠤ ᠠᠶᠤᠯᠭᠦᠢ ᠦᠢᠯᠡᠳᠪᠦᠷᠢᠯᠡᠯ᠂ ᠭᠠᠯ ᠤᠨᠲᠠᠷᠠᠭᠠᠬᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ᠂ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠲᠦᠪᠰᠢᠨ ᠢ ᠢᠯᠡᠳᠲᠡ ᠴᠢᠩᠭᠠᠳᠬᠠᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠢ ᠬᠠᠮᠢᠶᠠᠷᠤᠨ ᠡᠵᠡᠮᠳᠡᠵᠦ᠂ ᠡᠯ᠎ᠡ ᠲᠦᠷᠦᠯ ᠤᠨ ᠪᠠᠶᠢᠭᠠᠯᠢ ᠶᠢᠨ ᠭᠠᠮᠰᠢᠭ ᠢ ᠡᠮᠬᠢ ᠵᠢᠷᠤᠮ ᠲᠠᠢ ᠰᠡᠷᠭᠡᠶᠢᠯᠡᠨ ᠵᠠᠰᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠲᠦᠮᠵᠢᠲᠡᠢ ᠪᠠᠲᠤᠯᠠᠨ᠎ᠠ᠃      ︵ᠬᠤᠶᠠᠷ︶ ᠠᠵᠢᠯ ᠤᠨ ᠡᠭᠦᠷᠭᠡ᠃ ᠳᠣᠲᠣᠭᠠᠳᠤ ᠪᠠᠶᠢᠭᠤᠯᠤᠮᠵᠢ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠰᠢᠯᠤᠭᠤᠳᠬᠠᠬᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠶᠡᠷᠦᠩᠬᠡᠶᠢᠯᠡᠭᠰᠡᠨ ᠴᠢᠨᠠᠷᠲᠠᠢ ᠲᠤᠰᠬᠠᠢ ᠲᠤᠰᠢᠶᠠᠯᠲᠤ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠬᠤ᠂ ᠭᠠᠯ ᠤᠨᠲᠠᠷᠠᠭᠠᠬᠤ ᠠᠮᠤᠷ ᠲᠦᠪᠰᠢᠨ ᠤ ᠦᠢᠯᠡᠴᠢᠯᠡᠭᠡᠨ ᠤ ᠲᠥᠪ ᠪᠠᠶᠢᠭᠤᠯᠬᠤ᠂ ᠡᠳ᠋ ᠪᠣᠳᠠᠰ ᠲᠥᠬᠦᠭᠡᠷᠦᠮᠵᠢ ᠲᠣᠬᠢᠷᠠᠭᠤᠯᠬᠤ 4 ᠲᠠᠯ᠎ᠠ ᠪᠠᠷ ᠳᠠᠮᠵᠢᠭᠤᠯᠤᠨ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮᠵᠢ ᠪᠠ ᠴᠢᠳᠠᠪᠤᠷᠢ ᠶᠢᠨ ᠪᠠᠶᠢᠭᠤᠯᠤᠯᠲᠠ ᠶᠢ ᠪᠦᠷᠢᠨᠰᠢᠭᠦᠯᠦᠨ᠎ᠡ᠃      ︵ᠭᠤᠷᠪᠠ︶ ᠠᠵᠢᠯ ᠤᠨ ᠱᠠᠭᠠᠷᠳᠠᠯᠭ᠎ᠠ᠃ ᠠᠵᠢᠯᠯᠠᠭᠠᠨ ᠤ ᠪᠠᠲᠤᠯᠠᠭ᠎ᠠ ᠶᠢ ᠴᠢᠩᠭᠠᠳᠬᠠᠬᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠰᠢᠯᠭᠠᠨ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠦᠲᠦᠭᠡᠨ ᠪᠠᠶᠢᠭᠤᠯᠤᠯᠲᠠ ᠶᠢᠨ ᠠᠵᠢᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃
 
ᠢᠷᠡᠯᠲᠡ᠄ ᠬᠡᠰᠢᠭᠲᠡᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号