ᠪᠠᠶᠠᠨᠴᠠᠭᠠᠨ ᠰᠤᠮᠤ ᠲᠤᠭᠤᠯ ᠢ ᠨᠠᠶᠢᠳᠠᠨ ᠬᠠᠮᠢᠶᠠᠷᠤᠭᠤᠯᠬᠤ ᠵᠠᠭᠪᠤᠷ ᠤᠨ ᠰᠢᠨ᠎ᠡ ᠶᠢ ᠡᠭᠦᠳᠴᠦ᠂ ᠮᠠᠯ ᠠᠵᠤ ᠠᠬᠤᠢ ᠶᠢᠨ ᠡᠷᠴᠢᠮᠵᠢᠯᠲᠡ᠂ ᠬᠡᠪᠴᠢᠶᠡᠵᠢᠯᠲᠡ ᠶᠢᠨ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2023/12/20
     ᠪᠠᠶᠠᠨᠴᠠᠭᠠᠨ ᠰᠤᠮᠤ ᠨᠢ ᠮᠠᠯ ᠠᠵᠤ ᠠᠬᠤᠢ ᠮᠠᠯ ᠠᠵᠤ ᠠᠬᠤᠢ ᠶᠢ ᠡᠷᠴᠢᠮᠵᠢᠭᠦᠯᠬᠦ᠂ ᠬᠡᠪᠴᠢᠶᠡᠵᠢᠭᠦᠯᠬᠦ᠂ ᠣᠨᠴᠠᠯᠢᠬᠵᠢᠭᠤᠯᠬᠤ ᠬᠥᠭᠵᠢᠯᠲᠡ ᠶᠢ ᠠᠬᠢᠭᠤᠯᠵᠤ᠂ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠬᠦ ᠶᠢᠨ ᠲᠥᠯᠥᠭᠡ᠂ ᠲᠤᠭᠤᠯ ᠰᠠᠭᠠᠲᠠᠭᠤᠯᠬᠤ ᠭᠠᠵᠠᠷ ᠤᠨ ᠲᠡᠵᠢᠭᠡᠨ ᠦᠷᠡᠵᠢᠭᠦᠯᠬᠦ ᠵᠠᠭᠪᠤᠷ ᠢ ᠪᠦᠬᠦ ᠬᠦᠴᠦᠨ ᠢᠶᠠᠷ ᠢᠶᠠᠨ ᠳᠡᠯᠭᠡᠷᠡᠭᠦᠯᠵᠦ᠂ ᠣᠷᠣᠯᠠᠨ ᠲᠡᠵᠢᠭᠡᠬᠦ ᠬᠡᠯᠪᠡᠷᠢ ᠪᠠᠷ 4 ︱ 7 ᠰᠠᠷ᠎ᠠ ᠶᠢᠨ ᠲᠣᠮᠣ ᠲᠤᠭᠤᠯ ᠬᠤᠷᠢᠶᠠᠵᠤ᠂ ᠲᠤᠭᠤᠯ ᠤᠨ ᠦᠷᠳᠡᠭ ᠢ ᠪᠠᠭᠤᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠬᠠᠮᠲᠤ ᠨᠤᠲᠤᠭ ᠪᠡᠯᠴᠢᠭᠡᠷ ᠤᠨ ᠮᠠᠯ ᠪᠡᠯᠴᠢᠭᠡᠷ ᠤᠨ ᠳᠠᠭᠠᠭᠠᠴᠠ ᠶᠢᠨ ᠳᠠᠷᠤᠭᠠᠰᠤ ᠶᠢ ᠬᠥᠩᠭᠡᠷᠡᠭᠦᠯᠦᠭᠰᠡᠨ ᠪᠠᠶᠢᠨ᠎ᠠ᠃
     ᠲᠤᠭᠤᠯ ᠰᠠᠭᠠᠲᠠᠭᠤᠯᠬᠤ ᠭᠠᠵᠠᠷ ᠢ ᠲᠤᠭᠤᠯ ᠪᠣᠶᠢᠵᠢᠭᠤᠯᠬᠤ ᠲᠤᠷᠰᠢᠯᠭ᠎ᠠ ᠪᠠᠷ ᠪᠠᠶᠠᠯᠢᠭ ᠮᠠᠯᠴᠢᠨ ᠡᠷᠦᠬᠡ ᠠᠴᠠ ᠬᠠᠮᠢᠶᠠᠷᠴᠤ᠂ ᠡᠪᠡᠰᠦ ᠪᠣᠷᠳᠤᠭ᠎ᠠ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠵᠤ᠂ ᠡᠷᠴᠢᠮᠵᠢᠭᠦᠯᠦᠨ ᠬᠠᠮᠢᠶᠠᠷᠴᠤ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠤᠭᠰᠠᠨ ᠪᠠᠶᠢᠨ᠎ᠠ᠃ ᠲᠤᠭᠤᠯ ᠰᠠᠭᠠᠲᠠᠭᠤᠯᠬᠤ ᠭᠠᠵᠠᠷ ᠤᠨ ᠬᠢᠨ ᠲᠡᠵᠢᠭᠡᠯ ᠡᠪᠡᠰᠦ ᠪᠣᠷᠳᠤᠭ᠎ᠠ ᠶᠢ ᠨᠢᠭᠡᠳᠦᠯᠲᠡᠢ ᠬᠤᠳᠠᠯᠳᠤᠨ ᠠᠪᠴᠤ᠂ ᠲᠥᠪᠯᠡᠷᠡᠭᠦᠯᠦᠨ ᠨᠠᠶᠢᠷᠠᠭᠤᠯᠵᠤ᠂ ᠤᠯᠠᠮᠵᠢᠯᠠᠯᠲᠤ ᠲᠡᠵᠢᠭᠡᠨ ᠦᠷᠡᠵᠢᠭᠦᠯᠬᠦ ᠵᠠᠭᠪᠤᠷ ᠤᠨ ᠴᠥᠭᠡᠨ ᠲᠣᠭᠠᠨ ᠤ ᠲᠤᠭᠤᠯ ᠲᠡᠵᠢᠭᠡᠬᠦ ᠳᠤ ᠶᠡᠭᠡ ᠬᠡᠮᠵᠢᠶᠡᠨ ᠤ ᠬᠥᠮᠥᠨ ᠤ ᠬᠦᠴᠦᠨ ᠤ ᠡᠬᠢ ᠪᠠᠶᠠᠯᠢᠭ ᠣᠷᠣᠭᠤᠯᠬᠤ ᠳᠤᠲᠠᠭᠳᠠᠯ ᠢ ᠨᠥᠬᠦᠪᠦᠷᠢᠯᠡᠭᠰᠡᠨ ᠪᠠᠶᠢᠨ᠎ᠠ᠃
     ᠪᠠᠶᠠᠨᠴᠠᠭᠠᠨ ᠰᠤᠮᠤᠨ ᠳᠤ ᠣᠳᠣ 6 ᠠᠯᠠᠰᠢᠨ ᠦᠬᠡᠷ ᠤᠨ ᠲᠤᠭᠤᠯ ᠰᠠᠭᠠᠲᠠᠭᠤᠯᠬᠤ ᠭᠠᠵᠠᠷ ᠲᠠᠢ ᠪᠠᠶᠢᠵᠤ᠂ ᠨᠡᠶᠢᠲᠡ 7200 ᠲᠡᠭᠰᠢ ᠳᠥᠷᠪᠡᠯᠵᠢᠨ ᠮᠧᠲᠷ ᠤᠨ ᠲᠠᠯᠠᠪᠠᠶ ᠲᠠᠢ ᠪᠥᠭᠡᠳ 1400 ᠲᠤᠭᠤᠯ ᠪᠣᠢ᠃ ᠵᠢᠷᠭᠤᠭᠠᠨ ᠲᠤᠭᠤᠯ ᠰᠠᠭᠠᠲᠠᠭᠤᠯᠬᠤ ᠭᠠᠵᠠᠷ ᠨᠢ ᠪᠠᠶᠠᠨᠴᠠᠭᠠᠨ ᠰᠤᠮᠤᠨ ᠤ ᠠᠳᠠᠯᠢ ᠪᠤᠰᠤ ᠭᠠᠴᠠᠭ᠎ᠠ ᠳᠤ ᠲᠠᠷᠬᠠᠵᠤ᠂ ᠲᠤᠭᠤᠯ ᠰᠠᠭᠠᠲᠠᠭᠤᠯᠬᠤ ᠦᠢᠯᠡᠴᠢᠯᠡᠭᠡ ᠶᠢ ᠠᠶᠢᠯ ᠡᠷᠦᠬᠡ ᠪᠣᠯᠭᠠᠨ ᠳᠤ ᠪᠦᠷᠬᠦᠭᠦᠯᠬᠦ ᠶᠢ ᠪᠡᠶᠡᠯᠡᠭᠦᠯᠦᠭᠰᠡᠨ ᠪᠠᠶᠢᠨ᠎ᠠ᠃
 
ᠢᠷᠡᠯᠲᠡ᠄ ᠬᠡᠰᠢᠭᠲᠡᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号