︽ᠬᠡᠰᠢᠭᠲᠡᠨ ᠬᠤᠰᠢᠭᠤᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/12/21
     ᠨᠢᠭᠡ᠂ ᠪᠢᠴᠢᠭ ᠮᠠᠲ᠋ᠧᠷᠢᠶᠠᠯ ᠲᠣᠭᠲᠠᠭᠠᠭᠰᠠᠨ ᠠᠬᠤᠢ ᠪᠠᠶᠢᠳᠠᠯ ᠪᠠ ᠵᠣᠷᠢᠯᠭ᠎ᠠ      ᠪᠥᠬᠦ ᠬᠤᠰᠢᠭᠤᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠴᠡᠭᠴᠡᠯᠡᠨ ᠵᠢᠷᠤᠮᠵᠢᠭᠤᠯᠵᠤ᠂ ᠵᠢᠭᠤᠯᠴᠢᠯᠠᠭᠴᠢ ᠪᠠ ᠵᠢᠭᠤᠯᠴᠢᠯᠠᠯ ᠤᠨ ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠂ ᠪᠥᠬᠦ ᠬᠤᠰᠢᠭᠤᠨ ᠤ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠪᠠ ᠶᠡᠷᠦᠩᠬᠡᠶᠢᠯᠡᠭᠰᠡᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠵᠢᠭᠤᠯᠴᠢᠯᠠᠯ ᠤᠨ ᠦᠢᠯᠡᠰ ᠤᠨ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠬᠤ ᠶᠢᠨ ᠲᠥᠯᠥᠭᠡ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃      ᠬᠤᠶᠠᠷ᠂ ᠭᠤᠣᠯ ᠠᠭᠤᠯᠭ᠎ᠠ      ︽ᠠᠵᠢᠯ ᠤᠨ ᠲᠥᠰᠥᠯ︾ ᠳᠤ ᠵᠢᠯᠤᠭᠤᠳᠬᠤ ᠦᠵᠡᠯ ᠰᠠᠨᠠᠭ᠎ᠠ᠂ ᠠᠵᠢᠯ ᠤᠨ ᠬᠠᠷᠠᠯᠲᠠ᠂ ᠲᠤᠰᠬᠠᠢ ᠴᠡᠭᠴᠡᠯᠡᠨ ᠵᠠᠰᠠᠬᠤ ᠬᠦᠷᠢᠶ᠎ᠡ ᠬᠡᠪᠴᠢᠶ᠎ᠡ᠂ ᠠᠵᠢᠯ ᠤᠨ ᠠᠷᠭ᠎ᠠ ᠬᠡᠮᠵᠢᠶ᠎ᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠲᠠᠪᠤᠨ ᠬᠡᠰᠡᠭ ᠪᠠᠭᠲᠠᠨ᠎ᠠ᠃      ︵ᠨᠢᠭᠡ︶ ᠲᠤᠰᠬᠠᠢ ᠲᠥᠷᠥᠯ ᠢᠶᠠᠷ ᠴᠡᠭᠴᠡᠯᠡᠨ ᠵᠠᠰᠠᠬᠤ ᠬᠦᠷᠢᠶ᠎ᠡ ᠬᠡᠪᠴᠢᠶ᠎ᠡ ᠶᠢᠨ ᠠᠭᠤᠯᠭ᠎ᠠ ᠶᠢᠨ ᠲᠤᠬᠠᠢ᠃ ᠪᠥᠬᠦ ᠬᠤᠰᠢᠭᠤᠨ ᠤ ᠬᠡᠪᠴᠢᠶᠡᠨ ᠳᠤ᠂ ᠨᠤᠲᠤᠭ ᠪᠡᠯᠴᠢᠭᠡᠷ ᠳᠡᠭᠡᠷ᠎ᠡ ᠳᠤᠷ᠎ᠠ ᠪᠠᠷ ᠢᠶᠠᠨ ᠪᠠᠶᠢᠭᠤᠯᠤᠭᠰᠠᠨ᠂ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ᠂ ᠨᠤᠲᠤᠭ ᠪᠡᠯᠴᠢᠭᠡᠷ ᠢ ᠲᠠᠯᠬᠢᠳᠠᠭᠰᠠᠨ᠂ ᠵᠢᠭᠤᠯᠴᠢᠯᠠᠯ ᠤᠨ ᠵᠣᠷᠯᠣᠩ ᠤᠯᠠᠭ᠎ᠠ ᠥᠷᠲᠡᠭᠡ ᠶᠢᠨ ᠬᠠᠮᠢᠶᠠᠷᠤᠯᠲᠠ᠂ ᠵᠢᠭᠤᠯᠴᠢᠯᠠᠯ ᠤᠨ ᠵᠠᠮ ᠳᠠᠭᠠᠤ ᠶᠢᠨ ᠡᠷᠡᠭᠦᠯ ᠬᠠᠮᠠᠭᠠᠯᠠᠯ ᠠᠷᠢᠭᠤᠨ ᠴᠡᠪᠡᠷ ᠵᠡᠷᠭᠡ ᠪᠠᠶᠢᠳᠠᠯ ᠳᠤ ᠴᠢᠭᠯᠡᠭᠦᠯᠦᠨ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃      ︵ᠬᠤᠶᠠᠷ︶ ᠠᠵᠢᠯ ᠤᠨ ᠠᠷᠭ᠎ᠠ ᠬᠡᠮᠵᠢᠶ᠎ᠡ ᠶᠢᠨ ᠠᠭᠤᠯᠭ᠎ᠠ ᠶᠢᠨ ᠲᠤᠬᠠᠢ᠃ ᠡᠭᠦᠨ ᠳᠤ ᠭᠤᠣᠯᠳᠠᠭᠤ ᠬᠤᠪᠢ ᠪᠠᠷ ᠢᠶᠠᠨ ᠪᠠᠷᠢᠵᠤ ᠳᠤᠷ᠎ᠠ ᠪᠠᠷ ᠢᠶᠠᠨ ᠪᠠᠶᠢᠭᠤᠯᠤᠭᠰᠠᠨ᠂ ᠵᠢᠭᠤᠯᠴᠢᠯᠠᠯ ᠤᠨ ᠵᠣᠷᠯᠣᠩ᠂ ᠤᠯᠠᠭ᠎ᠠ ᠦᠷᠳᠡᠭᠡ ᠂ ᠵᠢᠭᠤᠯᠴᠢᠯᠠᠯ ᠤᠨ ᠵᠠᠮ ᠳᠠᠭᠠᠤ ᠶᠢᠨ ᠡᠷᠡᠭᠦᠯ ᠬᠠᠮᠠᠭᠠᠯᠠᠯ᠂ ᠮᠣᠷᠢᠨ ᠤᠷᠤᠯᠳᠤᠭᠠᠨ ᠤ ᠲᠠᠯᠠᠪᠠᠢ ᠪᠣᠯᠣᠨ ᠵᠢᠭᠤᠯᠴᠢᠯᠠᠯ ᠤᠨ ᠵᠠᠮ ᠳᠠᠭᠠᠤ ᠶᠢᠨ ᠳᠡᠯᠭᠡᠭᠡ ᠬᠤᠳᠠᠯᠳᠤᠭ᠎ᠠ᠂ ᠨᠤᠲᠤᠭ ᠪᠡᠯᠴᠢᠭᠡᠷ ᠢ ᠲᠠᠯᠬᠢᠳᠠᠭᠰᠠᠨ᠂ ᠡᠯᠡᠰᠦᠷᠬᠡᠭ ᠭᠠᠵᠠᠷ ᠤᠨ ᠮᠣᠲ᠋ᠣᠷ ᠤᠨ ᠲᠠᠯ᠎ᠠ ᠪᠠᠷ ᠬᠢ ᠵᠢᠷᠤᠮᠵᠢᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ      ︵ᠭᠤᠷᠪᠠ︶ ᠬᠡᠷᠡᠭᠵᠢᠭᠦᠯᠬᠦ ᠠᠯᠬᠤᠮ ᠲᠠᠷᠠᠭ᠎ᠠ ᠶᠢᠨ ᠠᠭᠤᠯᠭ᠎ᠠ ᠶᠢᠨ ᠲᠤᠬᠠᠢ᠃ ᠬᠡᠷᠡᠭᠵᠢᠭᠦᠯᠬᠦ ᠠᠯᠬᠤᠮ ᠳᠠᠷᠠᠭ᠎ᠠ ᠶᠢ ᠭᠤᠷᠪᠠᠨ ᠱᠠᠲᠤ ᠬᠤᠪᠢᠶᠠᠵᠤ ᠶᠠᠪᠤᠭᠳᠠᠭᠤᠯᠤᠨ᠎ᠠ᠂ ᠲᠣᠰ ᠲᠣᠰ᠄ ᠳᠠᠶᠢᠴᠢᠯᠠᠨ ᠪᠠᠶᠢᠷᠢᠯᠠᠭᠤᠯᠬᠤ ᠱᠠᠲᠤ᠂ ᠲᠥᠪᠯᠡᠷᠡᠩᠭᠦᠢ ᠠᠵᠢᠯᠯᠠᠭᠠᠨ ᠤ ᠱᠠᠲᠤ ᠪᠠ ᠦᠷ᠎ᠡ ᠪᠦᠲᠦᠭᠡᠯ ᠢᠶᠠᠨ ᠳ᠋ᠦᠩᠨᠡᠬᠦ ᠱᠠᠲᠤ ᠪᠣᠯᠣᠨ᠎ᠠ᠃ ᠡᠭᠦᠨ ᠳᠤ᠂ 7 ᠳ᠋ᠤᠭᠠᠷ ᠰᠠᠷ᠎ᠠ ᠶᠢᠨ 7 ᠤ ᠡᠳᠦᠷ ᠠᠴᠠ 8 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ ᠡᠯ᠎ᠡ ᠬᠠᠮᠢᠶ᠎ᠠ ᠪᠦᠬᠦᠢ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠦᠷᠭᠦᠯᠵᠢᠯᠡᠨ ᠪᠦᠲᠦᠮᠵᠢᠲᠡᠶ ᠬᠢᠨᠠᠨ ᠬᠠᠮᠢᠶᠠᠷᠬᠤ ᠪᠠᠷ ᠳᠠᠮᠵᠢᠭᠤᠯᠤᠨ᠂ ᠬᠤᠳᠠᠯ ᠬᠠᠭᠤᠷᠮᠠᠭ ᠴᠢᠨᠠᠷ ᠮᠠᠭᠤ᠂ ᠵᠦᠢ ᠪᠤᠰᠤ ᠥᠷᠢᠰᠦᠯᠳᠦᠭᠡᠨ᠂ ᠦᠨ᠎ᠡ ᠬᠠᠩᠰᠢ ᠶᠢᠨ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠵᠡᠩᠨᠡᠭᠴᠢ ᠶᠢᠨ ᠡᠵᠡᠩᠨᠡᠯᠲᠡ ᠶᠢᠨ ᠦᠶᠯᠡ ᠠᠵᠢᠯᠯᠠᠭ᠎ᠠ ᠶᠢ ᠵᠢᠷᠤᠮᠵᠢᠭᠤᠯᠤᠨ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃      ︵ᠳᠥᠷᠪᠡ︶ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠠᠭᠤᠯᠭ᠎ᠠ ᠶᠢᠨ ᠲᠤᠬᠠᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠳᠠᠯᠠᠬᠤ᠂ ᠬᠠᠮᠵᠢᠯᠴᠠᠬᠤ ᠶᠢ ᠴᠢᠩᠭᠠᠳᠬᠠᠬᠤ᠂ ᠬᠢᠨᠠᠨ ᠵᠢᠯᠤᠭᠤᠳᠴᠤ ᠪᠠᠶᠢᠴᠠᠭᠠᠬᠤ ᠶᠢ ᠴᠢᠩᠭᠠᠳᠬᠠᠬᠤ 4 ᠲᠠᠯ᠎ᠠ ᠪᠠᠷ ᠶᠠᠪᠤᠭᠳᠠᠭᠤᠯᠤᠨ᠎ᠠ᠃
 
ᠢᠷᠡᠯᠲᠡ᠄ ᠬᠡᠰᠢᠭᠲᠡᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号