ᠪᠠᠶᠠᠨᠴᠠᠭᠠᠨ ᠰᠤᠮᠤ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ ᠲᠠᠰ ᠳᠡᠪᠰᠢᠬᠦ ᠶᠢ ᠠᠬᠢᠭᠤᠯᠵᠤ᠂ ᠲᠤᠷᠰᠢᠯᠭ᠎ᠠ ᠪᠠᠨ ᠰᠣᠯᠢᠯᠴᠠᠪᠠ
ᠨᠡᠶᠢᠲᠡᠯᠡᠭᠰᠡᠨ ᠴᠠᠭ᠄
2023/12/23
     ᠣᠶᠢᠷ᠎ᠠ ᠶᠢᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠮᠠᠯ ᠠᠵᠤ ᠠᠬᠤᠢ ᠲᠠᠷᠢᠶᠠᠯᠠᠩ ᠬᠢᠭᠡᠳ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ ᠨᠢᠭᠡᠴᠡ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ︽ᠶᠡᠭᠡ ᠮᠥᠷᠥᠶᠢᠴᠡᠭᠡᠨ︾ ᠤ ᠠᠵᠢᠯᠯᠠᠭ᠎ᠠ ᠶᠢᠨ ᠬᠤᠰᠢᠭᠤᠨ ᠤ ᠲᠠᠰ ᠤᠨ ︽ᠮᠥᠷᠥᠶᠢᠴᠡᠭᠡᠨ︾ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ ᠠᠳᠠᠯᠢᠳᠬᠠᠨ ᠰᠢᠯᠭᠠᠷᠠᠭᠤᠯᠬᠤ ᠳᠤᠭᠤᠶᠢᠯᠠᠩ ᠪᠠᠶᠢᠭᠤᠯᠵᠤ᠂ ᠪᠠᠶᠠᠨᠴᠠᠭᠠᠨ ᠰᠤᠮᠤ ᠶᠢᠨ ᠤᠤᠲᠣᠬᠤᠢ ᠭᠠᠴᠠᠭ᠎ᠠ ᠳᠤ ᠬᠦᠷᠴᠦ ᠠᠵᠢᠯ ᠥᠷᠨᠢᠭᠦᠯᠦᠭᠰᠡᠨ ᠪᠠᠶᠢᠨ᠎ᠠ᠃
     ᠰᠢᠯᠭᠠᠨ ᠦᠨᠡᠯᠡᠬᠦ ᠳᠤᠭᠤᠶᠢᠯᠠᠩ ᠨᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ᠂ ᠲᠠᠩᠰᠠ ᠡᠪᠬᠡᠮᠡᠯ ᠢ ᠪᠠᠶᠢᠴᠠᠭᠠᠨ ᠦᠵᠡᠬᠦ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠭᠠᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠲᠣᠰᠬᠤᠨ ᠤ ᠵᠠᠩ ᠰᠤᠷᠲᠠᠯ ᠤᠨ ᠪᠣᠯᠪᠠᠰᠤᠨ᠂ ᠠᠵᠤ ᠦᠢᠯᠡᠰ ᠤᠨ ᠬᠥᠭᠵᠢᠯᠲᠡ ᠵᠡᠷᠭᠡ ᠡᠯ᠎ᠡ ᠲᠠᠯ᠎ᠠ ᠶᠢᠨ ᠪᠠᠶᠢᠳᠠᠯ ᠢ ᠣᠶᠢᠯᠠᠭᠠᠭᠰᠠᠨ ᠪᠠᠶᠢᠨ᠎ᠠ᠃
     ᠠᠵᠢᠯᠯᠠᠭᠠᠨ ᠳᠤ᠂ ᠭᠠᠴᠠᠭᠠᠨ ᠤ ᠨᠠᠮ ᠤᠨ ᠡᠭᠦᠷ ᠤᠨ ᠱᠦᠵᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠠᠵᠢᠯ ᠲᠠᠢ ᠨᠢᠭᠲᠠ ᠤᠶᠠᠯᠳᠤᠭᠤᠯᠤᠨ᠂ ᠥᠪᠡᠷᠮᠢᠴᠡ ᠣᠨᠴᠠᠯᠢᠭ ᠪᠦᠬᠦᠢ᠂ ᠨᠡᠶᠢᠲᠡᠯᠢᠭ ᠵᠢᠱᠢᠶ᠎ᠡ ᠶᠢ ᠢᠯᠡᠷᠡᠭᠦᠯᠵᠦ᠂ ᠲᠤᠷᠰᠢᠯᠭ᠎ᠠ ᠪᠠᠨ ᠲᠠᠶᠢᠯᠪᠤᠷᠢᠯᠠᠵᠤ᠂ ᠬᠠᠷᠠᠯᠲᠠ ᠪᠠᠨ ᠲᠣᠳᠣᠷᠬᠠᠶᠢᠯᠠᠵᠤ᠂ ᠰᠢᠯᠭᠠᠨ ᠦᠨᠡᠯᠡᠬᠦ ᠳᠤᠭᠤᠶᠢᠯᠠᠩ ᠲᠠᠢ ᠰᠣᠯᠢᠯᠴᠠᠬᠤ ᠶᠠᠪᠤᠴᠠ ᠳᠤ ᠵᠥᠷᠢᠶ᠎ᠡ ᠪᠠᠨ ᠡᠷᠢᠵᠦ ᠣᠯᠬᠤ ᠶᠢᠨ ᠬᠠᠮᠲᠤ ᠬᠠᠷᠠᠭ᠎ᠠ ᠪᠠᠨ ᠥᠷᠭᠡᠳᠬᠡᠵᠦ᠂ ᠬᠥᠭᠵᠢᠯᠲᠡ ᠶᠢᠨ ᠰᠡᠳᠬᠢᠴᠡ ᠪᠠᠨ ᠣᠨᠣᠪᠴᠢᠲᠠᠢ ᠣᠯᠵᠤ᠂ ᠬᠤᠶᠢᠰᠢᠳᠠ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠳᠠᠪᠠᠭᠤᠯᠢᠭ᠂ ᠡᠬᠢ ᠪᠠᠶᠠᠯᠢᠭ᠂ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠥᠳᠡᠯᠭᠡᠬᠦ ᠬᠦᠴᠦᠨ ᠪᠠ ᠴᠢᠳᠠᠪᠤᠷᠢ ᠪᠣᠯᠭᠠᠨ ᠬᠤᠪᠢᠷᠠᠭᠤᠯᠬᠤ ᠶᠢ ᠵᠣᠷᠢᠭᠰᠠᠨ ᠪᠠᠶᠢᠨ᠎ᠠ᠃
 
ᠢᠷᠡᠯᠲᠡ᠄ ᠬᠡᠰᠢᠭᠲᠡᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号