ᠪᠠᠶᠠᠨᠴᠠᠭᠠᠨ ᠰᠤᠮᠤ ᠰᠠᠭᠤᠭᠠᠯᠢ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠳᠡᠭᠡᠭᠰᠢᠯᠡᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2023/12/9
     ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠪᠠᠶᠢᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠨᠢᠭᠡᠨ ᠴᠢᠬᠤᠯᠠ ᠠᠭᠤᠯᠭ᠎ᠠ ᠮᠥᠨ᠂ ᠪᠠᠶᠠᠨᠴᠠᠭᠠᠨ ᠰᠤᠮᠤ  ᠨᠢ ᠣᠷᠣᠰᠢᠨ ᠰᠠᠭᠤᠬᠤ ᠣᠷᠴᠢᠨ ᠨᠥᠬᠦᠴᠡᠯ ᠢ ᠰᠠᠶᠢᠵᠢᠷᠠᠭᠤᠯᠤᠨ ᠳᠡᠭᠡᠭᠰᠢᠯᠡᠭᠦᠯᠬᠦ ᠶᠢ ᠨᠢᠭᠡᠨ ᠴᠢᠬᠤᠯᠠ ᠠᠵᠢᠯ ᠪᠣᠯᠭᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠰᠢᠨ᠎ᠡ ᠮᠠᠯᠵᠢᠬᠤ ᠣᠷᠣᠨ ᠢ ᠴᠢᠷᠮᠠᠶᠢᠨ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ
     ᠣᠶᠢᠷ᠎ᠠ ᠳᠤ᠂ ᠪᠠᠶᠠᠨᠴᠠᠭᠠᠨ ᠰᠤᠮᠤ ᠠᠵᠢᠯᠲᠠᠨ ᠵᠣᠬᠢᠶᠠᠨ ᠪᠠᠶᠢᠭᠤᠯᠵᠤ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠵᠠᠰᠠᠵᠤ᠂ ᠵᠠᠮ ᠤᠨ ᠬᠠᠵᠠᠭᠤ ᠶᠢᠨ ᠬᠤᠭ ᠨᠣᠪᠰᠢ ᠶᠢ ᠪᠦᠲᠦᠮᠵᠢᠲᠡᠶ ᠠᠷᠢᠯᠭᠠᠵᠤ᠂ ᠣᠷᠴᠢᠨ ᠠᠬᠤᠢ ᠶᠢᠨ ᠠᠷᠢᠭᠤᠨ ᠴᠡᠪᠡᠷ ᠢ ᠪᠠᠲᠤᠯᠠᠪᠠ᠃
     ᠪᠠᠶᠠᠨᠴᠠᠭᠠᠨ ᠰᠤᠮᠤ ᠨᠢ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠭᠰᠠᠨ ᠮᠠᠯᠵᠢᠬᠤ ᠣᠷᠣᠨ ᠤ ᠬᠤᠭ ᠨᠣᠪᠰᠢ ᠶᠢ ᠰᠢᠢᠳᠪᠦᠷᠢᠯᠡᠬᠦ ᠲᠣᠭᠲᠠᠴᠠ ᠶᠢ ᠪᠣᠶ ᠪᠣᠯᠭᠠᠵᠤ᠂ ᠮᠠᠯᠵᠢᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠬᠦᠴᠦᠯᠡᠨ ᠰᠠᠶᠢᠵᠢᠷᠠᠭᠤᠯᠬᠤ ᠶᠢᠨ ᠬᠠᠮᠲᠤ᠂ ᠮᠠᠯᠵᠢᠬᠤ ᠡᠷᠦᠬᠡ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠤᠬᠠᠭᠤᠯᠵᠤ᠂ ᠮᠠᠯᠵᠢᠬᠤ ᠡᠷᠦᠬᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠠᠶᠢᠷᠠᠯᠠᠬᠤ ᠤᠬᠠᠮᠰᠠᠷ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠶᠢ ᠵᠣᠷᠢᠪᠠ᠃
 
ᠢᠷᠡᠯᠲᠡ᠄ ᠬᠡᠰᠢᠭᠲᠡᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号