ᠬᠡᠰᠢᠭᠲᠡᠨ ᠬᠤᠰᠢᠭᠤᠨ ᠤ ᠠᠷᠪᠠᠨ ᠨᠠᠢᠮᠠᠲᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠲᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ | ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠭᠡᠯᠪᠡᠷᠢ︶ | | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | | ︵2023 ᠣᠨ ᠤ 1 ᠰᠠᠷ᠎ᠠ︶ | | ᠬᠡᠰᠢᠭᠲᠡᠨ ᠬᠤᠰᠢᠭᠤᠨ ᠤ ᠠᠷᠪᠠᠨ ᠨᠠᠢᠮᠠᠲᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠠᠩᠬᠠᠲᠤᠭᠠᠷ ᠤᠳᠠᠭᠠᠨ ᠤ ᠬᠤᠷᠠᠯᠳᠤᠭᠠᠨ ᠤ ᠬᠤᠭᠤᠴᠠᠭᠠᠨ ᠳᠤ᠂ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ᠂ | ᠰᠢᠭᠦᠮᠵᠢᠯᠡᠯ ᠬᠢᠭᠡᠳ ᠰᠠᠨᠠᠯ ︵ᠳᠣᠷᠣᠭᠰᠢ ᠲᠥᠯᠥᠭᠡᠯᠡᠭᠴᠢᠳ ᠤᠨ ᠰᠠᠨᠠᠭᠤᠯᠭ᠎ᠠ ᠭᠡᠵᠦ ᠲᠣᠪᠴᠢᠯᠠᠨ᠎ᠠ︶ ᠢ 89 ᠬᠤᠪᠢ | ᠬᠤᠷᠢᠶᠠᠨ ᠤᠯᠵᠦ᠂ ᠡᠭᠦᠨ ᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠦᠶᠴᠡᠳᠬᠡᠬᠦ ᠬᠡᠪᠴᠢᠶᠡᠨ ᠳᠤ | ᠬᠠᠷᠢᠶᠠᠯᠠᠭᠳᠠᠬᠤ ᠨᠢ 85 ᠬᠤᠪᠢ ᠪᠠᠶᠢᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ | ᠬᠤᠯᠪᠣᠭᠳᠠᠯ ᠪᠥᠬᠦᠶ ᠭᠠᠵᠠᠷ ᠣᠷᠣᠨ ᠪᠠ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠪᠡ᠃ ᠡᠯ᠎ᠡ | ᠬᠠᠪᠰᠤᠷᠤᠨ ᠭᠦᠶᠴᠡᠳᠬᠡᠬᠦ ᠨᠢᠭᠡᠴᠡ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ | ᠬᠠᠮᠲᠤ ᠶᠢᠨ ᠴᠢᠷᠮᠠᠶᠢᠯᠭ᠎ᠠ ᠪᠠᠷ᠂ ᠪᠣᠶ ᠪᠥᠬᠦᠶ ᠲᠥᠯᠥᠭᠡᠯᠡᠭᠴᠢᠳ ᠤᠨ ᠰᠠᠨᠠᠭᠤᠯᠭ᠎ᠠ ᠶᠢ ᠴᠥᠮ ᠲᠣᠭᠲᠠᠭᠰᠠᠨ ᠴᠠᠭ ᠤᠨ | ᠳᠣᠲᠣᠷ᠎ᠠ ᠰᠢᠶᠳᠪᠦᠷᠢᠯᠡᠨ ᠳᠠᠭᠤᠰᠬᠠᠵᠤ᠂ ᠰᠢᠶᠳᠪᠦᠷᠢᠯᠡᠵᠦ ᠳᠠᠭᠤᠰᠬᠠᠭᠰᠠᠨ ᠶᠡᠷᠦᠩᠬᠡᠶ ᠨᠣᠷᠮ᠎ᠠ ᠨᠢ 100% ᠳᠤ ᠬᠦᠷᠴᠦ | ᠂ ᠣᠲᠣ ᠨᠢᠭᠡᠨᠲᠡ ︽ᠬᠡᠰᠢᠭᠲᠡᠨ ᠬᠤᠰᠢᠭᠤᠨ ᠤ ᠠᠷᠪᠠᠨ ᠨᠠᠢᠮᠠᠲᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠩᠬᠠᠲᠤᠭᠠᠷ ᠤᠳᠠᠭᠠᠨ ᠤ ᠬᠤᠷᠠᠯᠳᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ | ᠬᠢᠭᠡᠳ ᠰᠠᠨᠠᠯ ᠢ ᠰᠢᠶᠳᠪᠦᠷᠢᠯᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ︾ ᠶᠢ ᠪᠦᠷᠢᠯᠳᠦᠭᠦᠯᠪᠡ᠃ ᠰᠢᠶᠳᠪᠦᠷᠢᠯᠡᠭᠰᠡᠨ | ᠦᠷ᠎ᠡ ᠳ᠋ᠦᠩ ᠠᠴᠠ ᠦᠵᠡᠪᠡᠯ᠂ ᠲᠥᠯᠥᠭᠡᠯᠡᠭᠴᠢᠳ ᠤᠨ ᠰᠠᠨᠠᠭᠤᠯᠭ᠎ᠠ ᠳᠤ ᠳᠤᠷᠠᠳᠤᠭᠰᠠᠨ ᠠᠰᠠᠭᠤᠳᠠᠯ ᠢ ᠨᠢᠭᠡᠨᠲᠡ | ᠰᠢᠶᠳᠪᠦᠷᠢᠯᠡᠭᠰᠡᠨ ᠪᠤᠶᠤ ᠦᠨᠳᠦᠰᠦᠨ ᠳᠡᠭᠡᠨ ᠰᠢᠶᠳᠪᠦᠷᠢᠯᠡᠭᠰᠡᠨ ᠨᠢ 59 ᠬᠤᠪᠢ ︵A ᠲᠥᠷᠥᠯ︶ ᠪᠠᠶᠢᠵᠤ᠂ ᠪᠥᠬᠦ | ᠰᠠᠨᠠᠭᠤᠯᠭ᠎ᠠ ᠶᠢᠨ 69.4% ᠶᠢ ᠡᠵᠡᠯᠡᠨ᠎ᠡ︔ ᠲᠥᠯᠥᠭᠡᠯᠡᠭᠴᠢᠳ ᠤᠨ ᠰᠠᠨᠠᠭᠤᠯᠭ᠎ᠠ ᠳᠤ ᠳᠤᠷᠠᠳᠤᠭᠰᠠᠨ ᠠᠰᠠᠭᠤᠳᠠᠯ ᠢ | ᠶᠠᠭ ᠰᠢᠢᠳᠪᠦᠷᠢᠯᠡᠵᠦ ᠪᠠᠶᠢᠬᠤ ᠪᠤᠶᠤ ᠰᠢᠢᠳᠪᠦᠷᠢᠯᠡᠬᠦ ᠲᠦᠯᠦᠪᠯᠡᠭᠡ ᠳᠤ ᠣᠷᠣᠭᠤᠯᠤᠭᠰᠠᠨ ᠨᠢ 19 ᠬᠤᠪᠢ ︵B ᠲᠦᠷᠦᠯ︶ | ᠪᠠᠶᠢᠵᠦ᠂ ᠪᠦᠬᠦ ᠰᠠᠨᠠᠭᠤᠯᠭ᠎ᠠ ᠶᠢᠨ 22.4% ᠶᠢ ᠡᠵᠡᠯᠡᠨ᠎ᠡ︔ ᠳᠤᠷᠠᠳᠤᠭᠰᠠᠨ ᠠᠰᠠᠭᠤᠳᠠᠯ ᠨᠢ ᠬᠠᠮᠢᠶ᠎ᠠ ᠪᠦᠬᠦᠢ ᠲᠥᠷᠦ | ᠶᠢᠨ ᠪᠣᠳᠣᠯᠭ᠎ᠠ ᠲᠠᠢ ᠨᠡᠶᠢᠴᠡᠬᠦ ᠦᠭᠡᠢ ᠪᠤᠶᠤ ᠮᠠᠨ ᠤ ᠬᠤᠰᠢᠭᠤᠨ ᠤ ᠪᠣᠳᠠᠲᠠᠢ ᠪᠠᠶᠢᠳᠠᠯ ᠢ ᠦᠨᠳᠦᠰᠦᠯᠡᠨ ᠲᠦᠷ ᠴᠠᠭ | ᠰᠢᠢᠳᠪᠦᠷᠢᠯᠡᠬᠦ ᠳᠤ ᠬᠦᠴᠢᠷᠲᠡᠢ᠂ ᠬᠤᠵᠢᠮ ᠠᠯᠬᠤᠮ ᠠᠯᠬᠤᠮ ᠢᠶᠠᠷ ᠰᠢᠢᠳᠪᠦᠷᠢᠯᠡᠬᠦ ᠪᠤᠶᠤ ᠲᠥᠯᠥᠭᠡᠯᠡᠭᠴᠢᠳ ᠲᠤ | ᠲᠠᠶᠢᠯᠪᠤᠷᠢᠯᠠᠨ ᠲᠣᠳᠣᠷᠬᠠᠶᠢᠯᠠᠬᠤ ᠴᠢᠬᠤᠯᠠᠲᠠᠢ ᠨᠢ 7 ᠬᠤᠪᠢ ︵C ᠲᠥᠷᠥᠯ︶ ᠪᠠᠶᠢᠵᠤ᠂ ᠪᠦᠬᠦ ᠰᠠᠨᠠᠭᠤᠯᠭ᠎ᠠ ᠶᠢᠨ 8. | 2% ᠢ ᠡᠵᠡᠯᠡᠨ᠎ᠡ᠃ ᠤᠳᠤ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠮᠡᠳᠡᠭᠦᠯᠦᠶ᠎ᠡ᠄ | ᠨᠢᠭᠡ᠂ ᠳᠤᠷᠠᠳᠤᠭᠰᠠᠨ ᠠᠰᠠᠭᠤᠳᠠᠯ ᠪᠠ ᠰᠠᠨᠠᠭᠤᠯᠭ᠎ᠠ ᠶᠢ ᠨᠢᠭᠡᠨᠲᠡ ᠰᠢᠢᠳᠪᠦᠷᠢᠯᠡᠭᠰᠡᠨ ᠪᠤᠶᠤ ᠦᠨᠳᠦᠰᠦᠨ ᠳᠡᠭᠡᠨ | ᠰᠢᠢᠳᠪᠦᠷᠢᠯᠡᠭᠰᠡᠨ ᠨᠢ 59 ᠬᠤᠪᠢ ᠪᠠᠶᠢᠵᠤ᠂ ᠲᠥᠯᠥᠭᠡᠯᠡᠭᠴᠢᠳ ᠤᠨ ᠰᠠᠨᠠᠭᠤᠯᠭ᠎ᠠ ᠶᠢᠨ ᠶᠡᠷᠦᠩᠬᠡᠢ ᠲᠣᠭᠠᠨ ᠤ 69.4% | ︵A ᠲᠦᠷᠦᠯ︶ ᠶᠢ ᠡᠵᠡᠯᠡᠪᠡ᠃ | ︵ᠨᠢᠭᠡ︶ ᠰᠤᠮᠤ ᠰᠢᠶᠠᠩ ᠪᠠᠯᠭᠠᠰᠤᠨ ᠤ ᠪᠠᠷᠠᠭᠠᠨ ᠤ ᠭᠦᠢᠯᠭᠡᠭᠡᠨ ᠤ ᠦᠢᠯᠡᠰ ᠢ ᠬᠥᠭᠵᠢᠭᠦᠯᠬᠦ ᠪᠠ ᠡᠯᠧᠺᠲᠷᠣᠨ | ᠬᠤᠳᠠᠯᠳᠤᠭᠠᠨ ᠤ ᠲᠠᠪᠴᠠᠩ ᠪᠠᠶᠢᠭᠤᠯᠬᠤ ᠲᠤᠬᠠᠢ ᠰᠠᠨᠠᠭᠤᠯᠭ᠎ᠠ ︵7 ᠳ᠋ᠤᠭᠠᠷ ᠲᠤᠭᠠᠲᠦ ᠰᠠᠨᠠᠭᠤᠯᠭ᠎ᠠ︶᠃ ᠲᠦᠩ ᠰᠢᠩ | ᠪᠠᠯᠭᠠᠰᠤᠨ ᠤ ᠴᠢᠦ ᠡᠾᠦ᠋ᠩ ᠰᠢᠨ ᠵᠡᠷᠭᠡ 7 ᠲᠥᠯᠥᠭᠡᠯᠡᠭᠴᠢ ᠠᠴᠠ ᠪᠠᠷᠠᠭᠠᠨ ᠤ ᠭᠦᠢᠯᠭᠡᠭᠡᠨ ᠤ ᠲᠤᠬᠢᠷᠠᠭᠤᠯᠤᠨ ᠬᠦᠷᠭᠡᠬᠦ | ᠲᠣᠣᠷ ᠢ ᠪᠦᠷᠢᠨᠰᠢᠬᠦᠯᠵᠤ᠂ ᠲᠣᠰᠬᠤᠨ ᠤ ᠲᠡᠰ ᠤᠨ ᠬᠡᠪᠴᠢᠶᠡᠵᠢᠭᠰᠡᠨ ᠲᠠᠷᠢᠶᠠᠯᠠᠩ ᠤᠨ ᠰᠦᠯᠵᠢᠶᠡᠨ ᠤ ᠳᠡᠯᠭᠡᠭᠦᠷ ᠤᠨ | ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠣᠨᠴᠠᠯᠢᠭ ᠲᠠᠢ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠠᠵᠤ ᠠᠬᠤᠶᠢᠯᠠᠯ ᠢ ᠪᠠᠶᠢᠭᠤᠯᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠨᠢᠭᠡ ᠳᠤ ᠰᠤᠮᠤ ᠰᠢᠶᠠᠩ ᠪᠠᠯᠭᠠᠰᠦᠨ ᠤ | ᠪᠠᠷᠠᠭᠠᠨ ᠤ ᠭᠦᠶᠯᠭᠡᠭᠡᠨ ᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ 2022 ᠣᠨ ᠤ 4 ᠰᠠᠷ᠎ᠠ ᠳᠤ ︽ᠬᠡᠰᠢᠭᠲᠡᠨ | ᠬᠤᠰᠢᠭᠤᠨ ᠤ ᠬᠤᠰᠢᠭᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠠᠵᠢᠯᠯᠠᠭᠠᠨ ᠤ | ᠲᠦᠰᠦᠪ︾ ᠢ ᠳᠠᠷᠤᠮᠠᠯᠯᠠᠨ ᠲᠠᠷᠬᠠᠭᠠᠵᠤ᠂ ᠬᠤᠰᠢᠭᠤ ᠰᠢᠶᠠᠩ ᠲᠤᠰᠬᠤᠨ ᠭᠤᠷᠪᠠᠨ ᠱᠠᠲᠦᠨ ᠤ ᠪᠠᠷᠠᠭᠠᠨ ᠤ ᠭᠦᠶᠯᠭᠡᠭᠡᠨ ᠤ | ᠲᠤᠬᠢᠷᠠᠭᠤᠯᠤᠨ ᠬᠦᠷᠭᠡᠬᠦ ᠲᠤᠭᠲᠠᠯᠴᠠᠭ᠎ᠠ ᠳᠤ ᠨᠠᠷᠢᠨ ᠲᠦᠯᠦᠪᠵᠢᠭᠦᠯᠭᠡ ᠬᠢᠪᠡ᠃ 2000 ᠲᠡᠭᠰᠢ ᠳᠥᠷᠪᠡᠯᠵᠢᠨ ᠮᠧᠲᠷ | ᠤᠨ ᠬᠤᠰᠢᠭᠤᠨ ᠤ ᠲᠡᠰ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠥᠮᠥᠷᠭᠡ ᠶᠢᠨ ᠲᠤᠬᠢᠷᠠᠭᠤᠯᠤᠨ ᠬᠦᠷᠭᠡᠬᠦ | ᠲᠥᠪ 1 ᠶᠢ ᠪᠠᠶᠢᠭᠤᠯᠵᠤ᠂ ᠰᠤᠮᠤ ᠰᠢᠶᠠᠩ ᠤᠨ ᠲᠡᠰ ᠤᠨ ᠬᠤᠪᠢᠶᠠᠨ ᠰᠠᠯᠭᠠᠬᠤ ᠲᠥᠪ 4 ᠶᠢ ᠪᠠᠶᠢᠭᠤᠯᠵᠤ᠂ ᠭᠠᠴᠠᠭ᠎ᠠ | ᠲᠤᠰᠬᠤᠨ ᠤ ᠲᠡᠰ ᠤᠨ ᠦᠨᠳᠦᠰᠦᠨ ᠱᠠᠲᠤᠨ ᠤ ᠦᠢᠯᠡᠴᠢᠯᠡᠭᠡᠨ ᠤ ᠥᠷᠲᠡᠭᠡ 62 ᠶᠢ ᠪᠠᠶᠢᠭᠤᠯᠪᠠ᠃ 10 ᠵᠤᠷᠪᠤᠰ | ᠲᠣᠬᠢᠷᠠᠭᠤᠯᠤᠨ ᠬᠦᠷᠭᠡᠬᠦ ᠵᠠᠮ ᠱᠤᠭᠤᠮ ᠢ ᠲᠣᠭᠲᠠᠭᠠᠵᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠪᠠᠷᠠᠭᠠᠨ | ᠤ ᠭᠦᠶᠯᠭᠡᠭᠡᠨ ᠤ ᠲᠡᠭᠡᠭᠡᠪᠦᠷᠢ ᠶᠢᠨ ᠲᠤᠰᠬᠠᠶ ᠬᠡᠷᠡᠭᠯᠡᠬᠦ ᠫᠢᠺᠠ ᠲᠡᠷᠭᠡ 3᠂ ᠬᠦᠶᠲᠡᠨ ᠢᠶᠠᠷ ᠬᠠᠳᠠᠭᠠᠯᠠᠬᠤ ᠲᠡᠷᠭᠡ 1 ᠶᠢ | ᠬᠤᠳᠠᠯᠳᠤᠨ ᠠᠪᠴᠤ᠂ ︽ᠱᠧᠨ ᠲᠥᠩ᠂ ᠶᠤᠸᠠᠨ ᠲᠥᠩ᠂ ᠵᠦᠩ ᠲᠥᠩ᠂ ᠡᠾᠦ᠋ᠢ ᠲᠥᠩ᠂ ᠶᠦᠨ ᠳ᠋ᠠ︾ ᠵᠡᠷᠭᠡ | ᠪᠥᠬᠦ ᠬᠤᠰᠢᠭᠤᠨ ᠤ 10 ᠭᠠᠷᠤᠢ ᠪᠠᠷᠠᠭᠠᠨ ᠤ ᠭᠦᠶᠯᠭᠡᠭᠡᠨ ᠤ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ᠂ 62 | ᠡᠯᠧᠺᠲᠷᠣᠨ ᠬᠤᠳᠠᠯᠳᠤᠭᠠᠨ ᠤ ᠦᠶᠯᠡᠴᠢᠯᠡᠭᠡᠨ ᠤ ᠥᠷᠲᠡᠭᠡ ᠴᠡᠭ᠂ 400 ᠲᠡᠭᠰᠢ ᠳᠥᠷᠪᠡᠯᠵᠢᠨ ᠮᠧᠲᠷ ᠤᠨ ᠬᠦᠶᠲᠡᠨ | ᠬᠥᠮᠥᠷᠭᠡ ᠶᠢ ᠨᠢᠭᠡᠲᠦᠯᠵᠢᠭᠦᠯᠵᠦ᠂ 48 ᠴᠠᠭ ᠤᠨ ᠲᠣᠬᠢᠷᠠᠭᠤᠯᠤᠨ ᠬᠦᠷᠭᠡᠬᠦ ᠬᠦᠴᠦᠨ ᠲᠠᠢ ᠬᠤᠭᠤᠴᠠᠭ᠎ᠠ ᠶᠢ ᠪᠠᠲᠤᠯᠠᠪᠠ᠃ | 169.55 ᠮᠥ ᠭᠠᠵᠠᠷ ᠡᠵᠡᠯᠡᠭᠰᠡᠨ ᠪᠠᠷᠠᠭᠠᠨ ᠤ ᠭᠦᠶᠯᠭᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶᠯ ᠨᠢ ᠶᠠᠭ ᠪᠠᠷᠢᠯᠭ᠎ᠠ ᠪᠠᠷᠢᠬᠤ ᠵᠥᠪᠰᠢᠶᠡᠷᠡᠯ ᠤᠨ ᠭᠠᠷᠳᠠᠮ ᠢ ᠭᠦᠶᠴᠡᠳᠬᠡᠵᠦ᠂ ᠵᠢᠱᠢᠯᠲᠡ | ᠪᠠᠷ 2025 ᠣᠨ ᠪᠣᠯᠬᠤ ᠳᠤ ᠲᠦᠷᠭᠡᠨ ᠬᠦᠷᠭᠡᠯᠲᠡ ᠶᠢᠨ ᠭᠠᠴᠠᠭ᠎ᠠ ᠲᠤᠰᠬᠤᠨ ᠳᠤ ᠣᠷᠣᠬᠤ ᠪᠦᠷᠬᠦᠴᠡ ᠶᠢᠨ ᠨᠣᠷᠮ᠎ᠠ | ᠶᠢ 100 % ᠳᠤ ᠬᠦᠷᠭᠡᠨ᠎ᠡ᠃ ᠬᠤᠶᠠᠷ ᠲᠤ ᠡᠯᠧᠺᠲᠷᠣᠨ ᠬᠤᠳᠠᠯᠳᠤᠭᠠᠨ ᠤ ᠲᠠᠪᠴᠠᠩ ᠤᠨ ᠪᠠᠶᠢᠭᠤᠯᠤᠯᠲᠠ ᠶᠢᠨ ᠲᠠᠯ᠎ᠠ | ᠪᠠᠷ᠂ 6 ᠰᠠᠷ᠎ᠠ ᠶᠢᠨ 20 ᠤ ᠡᠳᠦᠷ ᠪᠠᠭᠠᠲᠦᠷ ᠶᠢᠨ ᠱᠧᠩ ᠤᠨ ᠮᠠᠯ ᠠᠵᠤ ᠠᠬᠤᠶ ᠲᠠᠷᠢᠶᠠᠯᠠᠩ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ︽ᠬᠡᠰᠢᠭᠲᠡᠨ ᠬᠤᠰᠢᠭᠤᠨ ᠤ ᠠᠵᠤ ᠦᠶᠯᠡᠳᠪᠦᠷᠢ ᠮᠡᠳᠡᠭᠡ ᠵᠠᠩᠭᠢᠵᠢᠯᠳᠠ ᠬᠢᠭᠡᠳ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ | ᠳᠡᠯᠭᠡᠷᠡᠭᠦᠯᠬᠦ ᠬᠠᠮᠲᠤᠷᠠᠯᠴᠠᠭᠠᠨ ᠤ ᠬᠡᠯᠡᠯᠴᠡᠭᠡᠷ︾ ᠲᠣᠭᠲᠠᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ | ᠲᠣᠰᠬᠤᠨ ᠳᠤ ᠣᠷᠣᠭᠤᠯᠬᠤ ᠬᠤᠤᠰ ᠴᠢᠭᠯᠡᠯᠲᠦ ᠦᠶᠯᠡᠴᠢᠯᠡᠭᠡᠨ ᠤ ᠥᠷᠲᠡᠭᠡ ᠶᠢᠨ ᠰᠦᠯᠵᠢᠶᠡᠨ ᠤ ᠰᠢᠰᠲ᠋ᠧᠮ ᠤᠨ | ᠪᠠᠶᠢᠭᠤᠯᠤᠯᠲᠠ ᠶᠢ ᠥᠷᠨᠢᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ | 020 ᠪᠡᠶᠡᠴᠢᠯᠡᠨ ᠣᠶᠢᠯᠠᠭᠠᠬᠤ ᠲᠥᠪ ᠢ ᠪᠠᠶᠢᠭᠤᠯᠵᠤ᠂ 124 ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠢ ᠬᠠᠮᠤᠷᠤᠭᠰᠠᠨ | ᠬᠤᠤᠰ ᠴᠢᠭᠯᠡᠯᠲᠦ ᠡᠯᠧᠺᠲᠷᠣᠨ ᠬᠤᠳᠠᠯᠳᠤᠭᠠᠨ ᠤ ᠦᠶᠯᠡᠴᠢᠯᠡᠭᠡᠨ ᠤ ᠰᠦᠯᠵᠢᠶ᠎ᠡ ᠶᠢ ᠪᠣᠶ ᠪᠣᠯᠭᠠᠪᠠ᠃ | ︵ᠬᠤᠶᠠᠷ︶ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠵᠥᠷᠢᠴᠡᠯ ᠤᠨ ᠠᠰᠠᠭᠤᠳᠠᠯ ᠢ ᠰᠢᠢᠳᠪᠦᠷᠢᠯᠡᠬᠦ ᠲᠤᠬᠠᠢ | ᠰᠠᠨᠠᠭᠤᠯᠭ᠎ᠠ ︵8 ᠳ᠋ᠤᠭᠠᠷ ᠲᠣᠭᠠᠲᠤ ᠰᠠᠨᠠᠭᠤᠯᠭ᠎ᠠ︶᠃ ᠲᠦᠩ ᠰᠢᠩ ᠪᠠᠯᠭᠠᠰᠤᠨ ᠤ ᠴᠢᠦ ᠡᠾᠦ᠋ᠩ ᠰᠢᠨ ᠵᠡᠷᠭᠡ 7 | ᠲᠥᠯᠥᠭᠡᠯᠡᠭᠴᠢ ᠬᠤᠯᠪᠣᠭᠳᠠᠯ ᠪᠦᠬᠦᠢ ᠢᠯᠴᠢ ᠬᠠᠩᠭᠠᠬᠤ ᠬᠠᠮᠢᠶᠠᠷᠤᠯᠲᠠ ᠶᠢᠨ ᠳᠦᠷᠢᠮ ᠢ ᠨᠡᠶᠢᠲᠡᠯᠡᠵᠦ᠂ ᠢᠯᠴᠢ ᠬᠠᠩᠭᠠᠬᠤ | ᠬᠠᠮᠢᠶᠠᠷᠤᠯᠲᠠ ᠶᠢᠨ ᠡᠮᠬᠢ ᠵᠢᠷᠤᠮ ᠢ ᠵᠢᠷᠤᠮᠵᠢᠭᠤᠯᠤᠨ᠂ ᠢᠯᠴᠢ ᠬᠠᠩᠭᠠᠬᠤ ᠬᠤᠭᠤᠯᠠᠢ ᠶᠢ ᠥᠭᠡᠷᠡᠴᠢᠯᠡᠨ ᠵᠠᠰᠠᠬᠤ ᠡᠷᠴᠢᠮ ᠢ | ᠴᠢᠩᠭᠠᠷᠠᠭᠤᠯᠵᠤ᠂ ᠢᠯᠴᠢ ᠬᠠᠩᠭᠠᠬᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠲᠥᠩ ᠰᠢᠩ ᠪᠠᠯᠭᠠᠰᠦᠨ ᠤ ᠠᠷᠠᠳ ᠤᠨ | ᠵᠠᠰᠠᠭ ᠤᠨ ᠤᠷᠲᠦᠨ ᠨᠢ ᠲᠦᠩ ᠰᠢᠩ ᠪᠠᠯᠭᠠᠰᠤᠨ ᠤ ᠹᠦ᠋ ᠱᠧᠩ ᠬᠤᠤ ᠢᠯᠴᠢ ᠶᠢᠨ ᠬᠦᠴᠦᠨ ᠤ ᠺᠣᠮᠫᠠᠨᠢ ᠲᠠᠢ | ᠳᠤᠯᠠᠭᠠᠯᠠᠭ᠎ᠠ ᠶᠢᠨ ᠬᠡᠯᠡᠯᠴᠡᠭᠡᠷ ᠲᠣᠭᠲᠠᠵᠤ᠂ ᠬᠡᠯᠡᠯᠴᠡᠭᠡᠷ ᠲᠤ ᠢᠯᠴᠢ ᠶᠢᠨ ᠬᠦᠴᠦᠨ ᠤ ᠺᠣᠮᠫᠠᠨᠢ ᠶᠢ ᠳᠤᠯᠠᠭᠠᠯᠠᠭ᠎ᠠ ᠶᠢᠨ | ᠬᠤᠭᠤᠴᠠᠭᠠᠨ ᠳᠤ ᠭᠡᠷ ᠤᠨ ᠳᠤᠯᠠᠭᠠᠨ ᠢ ᠪᠠᠷᠢᠮᠵᠢᠶ᠎ᠠ ᠳᠤ ᠬᠦᠷᠦᠭᠦᠯᠬᠦ ᠶᠢ ᠪᠠᠲᠤᠯᠠᠬᠤ ᠶᠢ ᠱᠠᠭᠠᠷᠳᠠᠵᠦ᠂ ᠬᠤᠰᠢᠭᠤᠨ ᠤ | ᠣᠷᠣᠨ ᠰᠠᠭᠤᠴᠠ ᠬᠢᠭᠡᠳ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠬᠢᠷᠢ ᠬᠡᠮ ᠲᠠᠢ ᠬᠢᠨᠠᠨ | ᠲᠣᠭᠲᠠᠭᠠᠬᠤ ᠪᠠᠶᠢᠭᠤᠯᠤᠮᠵᠢ ᠳᠤ ᠨᠠᠶᠢᠳᠠᠨ ᠳᠤᠯᠠᠭᠠᠯᠠᠭ᠎ᠠ ᠶᠢᠨ ᠰᠠᠭᠤᠭᠠᠯᠢ ᠲᠣᠭᠤᠷᠢᠭ ᠵᠢᠴᠢ ᠨᠢᠭᠡᠴᠡ ᠳᠤ ᠰᠤᠭᠤᠴᠢᠨ | ᠪᠠᠶᠢᠴᠠᠭᠠᠯᠲᠠ ᠬᠢᠯᠭᠡᠪᠡ᠃ ᠡᠭᠦᠨ ᠤ ᠬᠠᠮᠲᠤ᠂ ᠳᠡᠭᠡᠳᠦ ᠱᠠᠲᠤᠨ ᠠᠴᠠ 41 ᠲᠦᠮᠡᠨ ᠲᠥᠭᠦᠷᠢᠭ ᠤᠨ ᠪᠡᠯᠡ ᠮᠥᠩᠭᠦ | ᠣᠯᠵᠤ᠂ ᠲᠦᠩ ᠰᠢᠩ ᠪᠠᠯᠭᠠᠰᠤᠨ ᠤ ᠹᠦ᠋ ᠱᠧᠩ ᠬᠤᠤ ᠢᠯᠴᠢ ᠶᠢᠨ ᠬᠦᠴᠦᠨ ᠤ ᠺᠣᠮᠫᠠᠨᠢ ᠶᠢᠨ ᠳᠤᠯᠠᠭᠠᠯᠠᠭ᠎ᠠ ᠶᠢᠨ | ᠨᠥᠬᠦᠪᠦᠷᠢ ᠳᠤ ᠬᠡᠷᠡᠭᠯᠡᠵᠦ᠂ ᠲᠦᠷᠦᠭᠦᠸ 6 ᠰᠠᠷ᠎ᠠ ᠳᠤ ᠰᠠᠷ᠎ᠠ ᠪᠦᠷᠢ 6 ᠲᠦᠮᠡᠨ ᠲᠥᠭᠦᠷᠢᠭ ᠤᠨ ᠨᠥᠬᠦᠪᠦᠷᠢ ᠥᠭᠴᠦ᠂ | 7 ᠰᠠᠷ᠎ᠠ ᠳᠤ 5 ᠲᠦᠮᠡᠨ ᠲᠥᠭᠦᠷᠢᠭ ᠤᠨ ᠨᠥᠬᠦᠪᠦᠷᠢ ᠥᠭᠬᠦ ᠪᠠᠷᠢᠮᠵᠢᠶ᠎ᠠ ᠪᠠᠷ ᠰᠠᠷ᠎ᠠ ᠪᠦᠷᠢ ᠲᠠᠷᠬᠠᠭᠠᠵᠤ᠂ ᠲᠥᠪᠯᠡᠷᠡᠭᠦᠯᠦᠨ | ᠳᠤᠯᠠᠭᠠᠯᠠᠭ᠎ᠠ ᠬᠠᠩᠭᠠᠬᠤ ᠰᠠᠭᠤᠭᠠᠯᠢ ᠠᠷᠠᠳ ᠤᠨ ᠳᠤᠯᠠᠭᠠᠯᠭ᠎ᠠ ᠶᠢᠨ ᠬᠤᠭᠤᠴᠠᠭᠠᠨ ᠳᠠᠬᠢ ᠭᠡᠷ ᠤᠨ ᠳᠤᠯᠠᠭᠠᠨ ᠢ | ᠪᠠᠷᠢᠮᠵᠢᠶ᠎ᠠ ᠳᠤ ᠬᠦᠷᠦᠭᠦᠯᠬᠦ ᠶᠢ ᠦᠨᠡᠨ ᠬᠦ ᠪᠠᠲᠤᠯᠠᠪᠠ᠃ | ︵ᠭᠤᠷᠪᠠ︶ ᠠᠮᠢᠳᠤᠷᠠᠯ ᠤᠨ ᠬᠤᠭ ᠨᠣᠪᠰᠢ ᠶᠢ ᠲᠣᠬᠢᠲᠠᠢ ᠰᠢᠢᠳᠪᠦᠷᠢᠯᠡᠵᠦ᠂ ᠬᠥᠮᠥᠰ ᠤᠨ ᠣᠷᠣᠰᠢᠨ ᠰᠠᠭᠤᠬᠤ | ᠣᠷᠴᠢᠨ ᠨᠥᠬᠦᠴᠡᠯ ᠢ ᠰᠠᠶᠢᠵᠢᠷᠠᠭᠤᠯᠬᠤ ᠲᠤᠬᠠᠢ ᠰᠠᠨᠠᠭᠤᠯᠭ᠎ᠠ ︵10 ᠳ᠋ᠤᠭᠠᠷ ᠲᠣᠭᠠᠲᠤ ᠰᠠᠨᠠᠭᠤᠯᠭ᠎ᠠ︶᠃ ᠳᠠᠯᠠᠶᠢᠨᠠᠭᠤᠷ | ᠪᠠᠯᠭᠠᠰᠤᠨ ᠤ ᠲᠥᠯᠥᠭᠡᠯᠡᠭᠴᠢ ᠭᠠᠯᠪᠠ ᠠᠴᠠ ᠬᠤᠭ ᠨᠣᠪᠰᠢ ᠶᠢ ᠬᠤᠷᠢᠶᠠᠨ ᠠᠪᠬᠤ ᠥᠷᠲᠡᠭᠡ ᠪᠤᠶᠤ ᠪᠠᠭ᠎ᠠ ᠬᠡᠯᠪᠡᠷᠢ ᠶᠢᠨ | ᠰᠢᠢᠳᠪᠦᠷᠢᠯᠡᠬᠦ ᠦᠢᠯᠡᠳᠪᠦᠷᠢ ᠪᠠᠶᠢᠭᠤᠯᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠡᠩᠨᠡᠭᠡ ᠶᠢ | ᠲᠡᠭᠦᠯᠳᠡᠷᠵᠢᠭᠦᠯᠬᠦ᠂ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠥᠮᠥᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠤ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠬᠤ ᠶᠢ ᠲᠦᠯᠬᠢᠨ ᠠᠬᠢᠭᠤᠯᠬᠤ ᠶᠢ ᠰᠠᠨᠠᠭᠤᠯᠪᠠ᠃ | | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠣᠷᠣᠨ ᠰᠠᠭᠤᠴᠠ ᠬᠢᠭᠡᠳ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠤᠬᠠᠢ ᠶᠢᠨ ᠭᠠᠵᠠᠷ ᠲᠤ ᠪᠠᠶᠢᠴᠠᠭᠠᠯᠲᠠ ᠬᠢᠵᠦ᠂ | ᠳᠠᠯᠠᠶᠢᠨᠠᠭᠤᠷ ᠪᠠᠯᠭᠠᠰᠤᠨ ᠤ 8 ᠵᠠᠰᠠᠭ ᠵᠠᠬᠢᠷᠭᠠᠨ ᠤ ᠭᠠᠴᠠᠭ᠎ᠠ᠂ 23 ᠠᠶᠢᠯ ᠳᠤᠭᠤᠶᠢᠯᠠᠩ ᠤᠨ ᠭᠠᠷᠭᠠᠭᠰᠠᠨ ᠰᠦᠯᠢᠶᠤᠤ | ᠬᠤᠭ ᠨᠣᠪᠰᠢ ᠶᠢ 8 ᠲᠣᠨ ᠤ ᠬᠤᠭ ᠠᠪᠴᠢᠭᠤᠯᠬᠤ ᠲᠡᠷᠭᠡ ᠪᠠᠷ ᠪᠢᠷᠠᠭᠤ ᠪᠠᠯᠭᠠᠰᠤᠨ ᠤ ᠬᠤᠭ ᠨᠣᠪᠰᠢ ᠪᠤᠯᠠᠬᠤ | ᠭᠠᠵᠠᠷ ᠲᠤ ᠴᠡᠪᠡᠷᠯᠡᠨ ᠲᠡᠭᠡᠭᠡᠪᠦᠷᠢᠯᠡᠬᠦ ᠶᠢ ᠬᠠᠷᠢᠭᠤᠴᠠᠵᠤ᠂ ᠵᠢᠯ ᠳᠤ ᠪᠠᠷᠤᠭ 5760 ᠲᠣᠨ ᠬᠤᠭ ᠨᠣᠪᠰᠢ ᠶᠢ ᠴᠡᠪᠡᠷᠯᠡᠵᠦ | ᠂ ᠪᠣᠶ ᠪᠦᠬᠦᠢ ᠬᠤᠭ ᠨᠣᠪᠰᠢ ᠶᠢ ᠡᠳᠦᠷ ᠲᠤ ᠨᠢ ᠴᠡᠪᠡᠷᠯᠡᠵᠦ ᠪᠤᠢ᠃ ᠠᠷᠭᠠᠯ ᠬᠤᠷᠭᠤᠯ ᠢ ᠡᠪᠦᠯ ᠤᠨ ᠤᠯᠠᠷᠢᠯ ᠳᠤ ᠰᠠᠷ᠎ᠠ | ᠪᠦᠷᠢ 25 ᠲᠡᠷᠭᠡ ᠴᠡᠪᠡᠷᠯᠡᠨ ᠲᠡᠭᠡᠭᠡᠪᠦᠷᠢᠯᠡᠵᠦ᠂ ᠵᠤᠨ ᠤ ᠤᠯᠠᠷᠢᠯ ᠳᠤ ᠰᠠᠷ᠎ᠠ ᠪᠦᠷᠢ 15 ᠲᠡᠷᠭᠡ ᠴᠡᠪᠡᠷᠯᠡᠨ | ᠳᠡᠭᠡᠭᠡᠪᠦᠷᠢᠯᠡᠪᠡ᠃ ᠲᠡᠷᠡᠴᠢᠯᠡᠨ ᠵᠢᠯ ᠪᠦᠷᠢ ᠶᠢᠨ ᠬᠠᠪᠤᠷ ᠤᠨ ᠲᠠᠷᠢᠶᠠᠯᠠᠭ᠎ᠠ ᠠᠴᠠ ᠡᠮᠦᠨᠡᠬᠢ᠂ ᠨᠠᠮᠤᠷ ᠤᠨ ᠬᠤᠷᠢᠶᠠᠯᠲᠠ ᠶᠢᠨ | ᠳᠠᠷᠠᠭᠠᠬᠢ 2 ᠤᠳᠠᠭ᠎ᠠ ᠶᠢᠨ ᠲᠥᠪᠯᠡᠷᠡᠭᠦᠯᠦᠨ ᠴᠡᠪᠡᠷᠯᠡᠨ ᠳᠡᠭᠡᠭᠡᠪᠦᠷᠢᠯᠡᠬᠦ ᠠᠵᠢᠯ ᠨᠢ ᠪᠤᠢ ᠪᠦᠬᠦᠢ ᠵᠠᠰᠠᠭ ᠵᠠᠬᠢᠷᠭᠠᠨ ᠤ | ᠭᠠᠴᠠᠭ᠎ᠠ ᠲᠣᠰᠬᠤᠨ ᠵᠢᠴᠢ ᠠᠶᠢᠯ ᠳᠤᠭᠤᠶᠢᠯᠠᠩ ᠢ ᠬᠠᠮᠦᠷᠴᠦ ᠪᠤᠢ᠃ ᠳᠠᠯᠠᠶᠢᠨᠠᠭᠤᠷ ᠪᠠᠯᠭᠠᠰᠤ ᠨᠢ ᠠᠮᠢ ᠠᠬᠤᠢ ᠶᠢᠨ | ᠤᠯᠠᠭᠠᠨ ᠱᠤᠭᠤᠮ ᠤᠨ ᠳᠣᠲᠣᠷ᠎ᠠ ᠪᠠᠶᠢᠷᠢᠯᠠᠵᠤ᠂ ᠡᠭᠦᠷᠢᠳᠡ ᠶᠢᠨ ᠴᠢᠨᠠᠷᠲᠠᠢ ᠪᠠᠷᠢᠯᠭ᠎ᠠ ᠪᠠᠷᠢᠬᠤ ᠶᠢ ᠵᠥᠪᠰᠢᠶᠡᠷᠡᠬᠦ ᠦᠭᠡᠢ | ᠤᠴᠢᠷ ᠠᠴᠠ ᠬᠤᠭ ᠨᠣᠪᠰᠢ ᠶᠢ ᠬᠤᠷᠢᠶᠠᠨ ᠠᠪᠬᠤ ᠦᠷᠲᠡᠭᠡ ᠪᠤᠶᠤ ᠪᠠᠭ᠎ᠠ ᠬᠡᠯᠪᠡᠷᠢ ᠶᠢᠨ ᠰᠢᠢᠳᠪᠦᠷᠢᠯᠡᠬᠦ ᠦᠢᠯᠡᠳᠪᠦᠷᠢ | ᠪᠠᠶᠢᠭᠤᠯᠬᠤ ᠵᠡᠷᠭᠡ ᠰᠠᠨᠠᠭᠤᠯᠭ᠎ᠠ ᠶᠢ ᠬᠡᠷᠡᠭᠵᠢᠭᠦᠯᠬᠦ ᠳᠤ ᠬᠦᠴᠢᠷᠲᠡᠢ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ | ᠬᠤᠰᠢᠭᠤᠨ ᠤ ᠣᠷᠣᠨ ᠰᠠᠭᠤᠴᠠ ᠬᠢᠭᠡᠳ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠤᠬᠠᠭᠤᠯᠵᠤ | ᠬᠥᠲᠥᠯᠥᠨ ᠵᠢᠯᠤᠭᠤᠳᠬᠤ ᠶᠢ ᠦᠷᠭᠦᠯᠵᠢᠯᠡᠨ ᠴᠢᠩᠭᠠᠷᠠᠭᠤᠯᠬᠤ ᠶᠢᠨ ᠬᠠᠮᠲᠤ᠂ ᠬᠢᠷᠢ ᠬᠡᠮ ᠲᠠᠢ ᠭᠤᠷᠪᠠᠳᠤᠭᠠᠷ ᠺᠣᠮᠫᠠᠨᠢ ᠶᠢ | ᠤᠷᠢᠵᠤ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠳᠤ ᠬᠤᠶᠠᠳᠠᠭᠢ ᠤᠳᠠᠭᠠᠨ ᠤ ᠲᠤᠰᠬᠠᠢ ᠲᠥᠯᠦᠪᠵᠢᠭᠦᠯᠭᠡ ᠬᠢᠯᠭᠡᠨ᠎ᠡ᠃ ᠣᠲᠣ | 131 ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠨᠢᠭᠡᠨᠲᠡ ᠴᠤᠭᠯᠠᠭᠤᠯᠤᠨ | ᠳᠠᠭᠤᠰᠬᠠᠵᠤ᠂ ᠲᠥᠯᠦᠪᠵᠢᠭᠦᠯᠭᠡ ᠶᠢ ᠭᠡᠷᠡᠭᠵᠢᠭᠦᠯᠦᠭᠰᠡᠨ ᠤ ᠳᠠᠷᠠᠭ᠎ᠠ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ | ᠬᠤᠭ ᠨᠣᠪᠰᠢ ᠶᠢ ᠵᠠᠰᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠲᠦᠯᠬᠢᠨ ᠠᠬᠢᠭᠤᠯᠬᠤ ᠪᠣᠯᠣᠨ᠎ᠠ᠃ | ︵ᠳᠥᠷᠪᠡ︶ ᠬᠡᠭᠡᠷ᠎ᠡ ᠶᠢᠨ ᠡᠪᠡᠰᠦᠨ ᠡᠮ ᠢ ᠬᠠᠤᠯᠢ ᠪᠤᠰᠤ ᠪᠠᠷ ᠮᠠᠯᠲᠠᠬᠤ ᠪᠠ ᠨᠤᠲᠤᠭ ᠪᠡᠯᠴᠢᠭᠡᠷ ᠢ ᠡᠪᠳᠡᠬᠦ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠢ ᠰᠠᠨᠠᠭᠤᠯᠭ᠎ᠠ ︵11 ᠳ᠋ᠤᠭᠡᠷ ᠲᠣᠭᠠᠲᠤ ᠰᠠᠨᠠᠭᠤᠯᠭ᠎ᠠ︶᠃ ᠳᠠᠯᠠᠶᠢᠨᠠᠭᠤᠷ | ᠪᠠᠯᠭᠠᠰᠤᠨ ᠤ ᠭᠠᠯᠪᠠ ᠵᠡᠷᠭᠡ 5 ᠲᠥᠯᠥᠭᠡᠯᠡᠭᠴᠢ ᠠᠴᠠ ᠬᠠᠤᠯᠢ ᠪᠤᠰᠤ ᠪᠠᠷ ᠬᠡᠭᠡᠷ᠎ᠡ ᠶᠢᠨ ᠡᠪᠡᠰᠦᠨ ᠡᠮ ᠮᠠᠯᠲᠠᠬᠤ ᠪᠠ | ᠨᠤᠲᠤᠭ ᠪᠡᠯᠴᠢᠭᠡᠷ ᠢ ᠡᠪᠳᠡᠬᠦ ᠦᠶᠯᠡ ᠠᠵᠢᠯᠯᠠᠭ᠎ᠠ ᠳᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ | ᠴᠣᠬᠢᠯᠲᠠ ᠥᠭᠴᠦ᠂ ᠠᠮᠢ ᠠᠬᠤᠢ ᠶᠢᠨ ᠣᠷᠴᠢᠨ ᠨᠥᠬᠦᠴᠡᠯ ᠤᠨ ᠡᠬᠢ ᠪᠠᠶᠠᠯᠢᠭ ᠢ ᠬᠠᠮᠠᠭᠠᠯᠠᠬᠤ ᠡᠷᠴᠢᠮ ᠢᠶᠠᠨ | ᠴᠢᠩᠭᠠᠷᠠᠭᠤᠯᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠣᠶ ᠰᠢᠭᠤᠢ ᠨᠤᠲᠤᠭ | ᠪᠡᠯᠴᠢᠭᠡᠷ ᠤᠨ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠮᠠᠯ ᠠᠵᠤ ᠠᠬᠤᠢ ᠲᠠᠷᠢᠶᠠᠯᠠᠩ ᠬᠢᠭᠡᠳ ᠬᠦᠳᠡᠭᠡ ᠲᠤᠰᠬᠤᠨ ᠮᠠᠯᠵᠢᠬᠤ ᠤᠷᠤᠨ ᠤ | ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠷᠴᠢᠨ ᠲᠤᠭᠤᠷᠢᠨ ᠢᠳᠡᠭᠡᠨ ᠤ ᠵᠤᠶᠢᠯ ᠡᠮ ᠤᠨ ᠵᠤᠶᠢᠯ ᠤᠨ | ᠮᠦᠷᠳᠡᠨ ᠪᠠᠶᠢᠴᠠᠭᠠᠬᠤ ᠶᠡᠭᠡ ᠠᠩᠭᠢ᠂ ᠣᠶ ᠰᠢᠭᠤᠢ ᠶᠢᠨ ᠲᠣᠮᠢᠯᠠᠭᠰᠠᠨ ᠰᠠᠯᠪᠤᠷᠢ ᠵᠡᠷᠭᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ︽ᠱᠦᠭᠦᠷᠳᠡᠯᠳᠡ ᠶᠢᠨ ᠠᠵᠢᠯᠯᠠᠭᠠᠨ︾ ᠤ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ | ᠪᠠᠶᠢᠭᠤᠯᠵᠤ᠂ ᠬᠡᠬᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠳᠤᠰᠬᠠᠢ ᠲᠦᠷᠦᠯ ᠤᠨ ᠬᠠᠤᠯᠢ ᠬᠡᠷᠡᠭᠵᠢᠭᠦᠯᠦᠯᠳᠡ ᠶᠢᠨ | ᠪᠠᠶᠢᠴᠠᠭᠠᠯᠳᠠ ᠦᠷᠨᠢᠭᠦᠯᠵᠦ᠂ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠠ ᠴᠡᠭᠴᠡᠯᠡᠨ ᠵᠠᠰᠠᠪᠠ᠃ ᠡᠭᠦᠨ ᠤ ᠬᠠᠮᠲᠤ᠂ | ᠤᠬᠠᠭᠤᠯᠵᠤ ᠬᠥᠲᠥᠯᠥᠨ ᠵᠢᠯᠤᠭᠤᠳᠬᠤ ᠶᠢ ᠦᠷᠭᠦᠯᠵᠢᠯᠡᠨ ᠴᠢᠩᠭᠠᠳᠬᠠᠵᠤ᠂ ᠤᠬᠠᠭᠤᠯᠭ᠎ᠠ ᠶᠢᠨ ᠬᠠᠭᠤᠳᠠᠰᠤ ᠵᠣᠬᠢᠶᠠᠬᠤ᠂ | ᠮᠡᠳᠡᠭᠳᠡᠬᠦ ᠪᠢᠴᠢᠭ ᠵᠣᠬᠢᠶᠠᠬᠤ᠂ ᠲᠠᠭᠤ ᠰᠢᠩᠭᠡᠭᠡᠯᠲᠡ ᠪᠠᠷ ᠤᠬᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠬᠡᠭᠡᠷ᠎ᠡ ᠶᠢᠨ ᠤᠷᠭᠤᠮᠠᠯ ᠢ ᠳᠤᠷ᠎ᠠ ᠪᠠᠷ ᠢᠶᠠᠨ ᠮᠠᠯᠲᠠᠵᠤ ᠬᠤᠯᠠᠭᠠᠶᠢᠯᠠᠨ ᠮᠠᠯᠲᠠᠬᠤ ᠶᠢᠨ ᠬᠤᠣᠷ ᠬᠥᠨᠥᠭᠡᠯ ᠵᠢᠴᠢ ᠬᠠᠮᠢᠶ᠎ᠠ | ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠤᠬᠠᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠣᠯᠠᠨ ᠲᠦᠮᠡᠨ ᠢ ᠱᠠᠩᠨᠠᠨ ᠬᠥᠬᠢᠭᠦᠯᠵᠦ᠂ ᠣᠯᠠᠨ ᠲᠦᠮᠡᠨ ᠢ ᠳᠠᠶᠢᠴᠢᠯᠠᠨ | ᠬᠡᠭᠡᠷ᠎ᠡ ᠶᠢᠨ ᠤᠷᠭᠤᠮᠠᠯ ᠢ ᠳᠤᠷ᠎ᠠ ᠪᠠᠷ ᠢᠶᠠᠨ ᠮᠠᠯᠲᠠᠬᠤ ᠪᠠ ᠬᠡᠭᠡᠷ᠎ᠡ ᠶᠢᠨ ᠤᠷᠭᠤᠮᠠᠯ ᠢ ᠬᠠᠤᠯᠢ ᠪᠤᠰᠤ ᠪᠠᠷ ᠬᠤᠳᠠᠯᠳᠤᠨ | ᠠᠪᠬᠤ ᠳᠤ ᠴᠣᠬᠢᠯᠲᠠ ᠥᠭᠬᠦ ᠠᠵᠢᠯᠯᠠᠭ᠎ᠠ ᠳᠤ ᠢᠳᠡᠪᠬᠢᠲᠡᠢ ᠤᠷᠤᠯᠴᠠᠭᠤᠯᠪᠠ᠃ | ︵ᠲᠠᠪᠤ︶ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠶᠠᠪᠤᠴᠠ ᠳᠤ ᠮᠠᠯᠵᠢᠬᠤ ᠣᠷᠣᠨ ᠤ ᠭᠤᠷᠪᠠᠨ | ᠹᠠᠰ ᠤᠨ ᠴᠠᠬᠢᠯᠭᠠᠨ ᠤ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠬᠦ ᠲᠤᠬᠠᠢ ᠰᠠᠨᠠᠭᠤᠯᠭ᠎ᠠ ︵12 ᠳ᠋ᠤᠭᠠᠷ ᠲᠣᠭᠠᠲᠤ | ᠰᠠᠨᠠᠭᠤᠯᠭ᠎ᠠ︶᠃ ᠳᠠᠯᠠᠶᠢᠨᠠᠭᠤᠷ ᠪᠠᠯᠭᠠᠰᠤ ᠶᠢᠨ ᠠᠯᠳᠠᠷᠲᠦ ᠵᠡᠷᠭᠡ 5 ᠲᠥᠯᠥᠭᠡᠯᠡᠭᠴᠢ ᠠᠴᠠ ᠳᠠᠯᠠᠶᠢᠨᠠᠭᠤᠷ ᠪᠠᠯᠭᠠᠰᠤ ᠶᠢᠨ | ᠲᠤᠯᠢ ᠭᠠᠴᠠᠭ᠎ᠠ᠂ ᠭᠠᠩᠭᠠᠨ ᠭᠠᠴᠠᠭ᠎ᠠ ᠶᠢᠨ ᠭᠤᠷᠪᠠᠨ ᠹᠠᠰ ᠤᠨ ᠴᠠᠬᠢᠯᠭᠠᠨ ᠤ ᠠᠰᠠᠭᠤᠳᠠᠯ ᠢ ᠦᠨᠡᠨᠬᠦ ᠰᠢᠢᠳᠪᠦᠷᠢᠯᠡᠵᠦ᠂ | ᠮᠠᠯ ᠠᠵᠤ ᠠᠬᠤᠢ ᠶᠢᠨ ᠬᠥᠭᠵᠢᠯᠲᠡ ᠶᠢᠨ ᠮᠠᠰᠢᠨᠴᠢᠯᠠᠯᠲᠠ ᠪᠠ ᠣᠳᠣᠬᠢᠴᠢᠯᠠᠯᠲᠠ ᠶᠢ ᠪᠡᠶᠡᠯᠡᠭᠦᠯᠬᠦ ᠳᠤ ᠬᠦᠴᠦ ᠨᠡᠮᠡᠷᠢᠯᠡᠬᠦ ᠶᠢ | ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠬᠥᠭᠵᠢᠭᠦᠯᠦᠯᠲᠡ ᠬᠢᠭᠡᠳ | ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠴᠠᠬᠢᠯᠭᠠᠨ ᠲᠤᠤᠷᠵᠢᠯ ᠤᠨ ᠬᠡᠰᠢᠭᠲᠡᠨ ᠬᠤᠰᠢᠭᠤᠨ ᠳᠠᠬᠢ ᠴᠠᠬᠢᠯᠭᠠᠨ | ᠬᠠᠩᠭᠠᠬᠤ ᠺᠤᠮᠫᠠᠨᠢ ᠲᠤᠰᠬᠠᠢ ᠰᠡᠳᠦᠪᠲᠦ ᠬᠤᠷᠠᠯ ᠬᠤᠷᠠᠯᠲᠤᠭᠤᠯᠤᠨ ᠰᠤᠳᠤᠯᠤᠨ ᠪᠠᠶᠢᠷᠢᠯᠠᠭᠤᠯᠵᠦ᠂ ᠶᠠᠷᠢᠯᠴᠠᠨ ᠰᠤᠲᠤᠯᠬᠤ | ᠪᠠᠷ ᠳᠠᠮᠵᠢᠨ᠂ ᠲᠣᠰ ᠭᠠᠵᠠᠷ ᠣᠷᠣᠨ ᠤ ᠴᠠᠬᠢᠯᠭᠠᠨ ᠬᠡᠷᠡᠭᠯᠡᠬᠦ ᠲᠤᠭᠤᠷᠢᠭ ᠤᠨ ᠣᠯᠠᠩᠬᠢ ᠨᠢ ᠡᠷᠳᠡ ᠦᠶ᠎ᠡ ᠶᠢᠨ ᠬᠥᠳᠡᠭᠡ | ᠲᠣᠰᠬᠤᠨ ᠤ ᠴᠠᠬᠢᠯᠭᠠᠨ ᠲᠣᠣᠷ ᠤᠨ ᠢᠨᠵᠧᠨᠧᠷᠢᠩ ᠪᠠᠶᠢᠵᠤ᠂ ᠮᠠᠯᠵᠢᠬᠤ ᠡᠷᠦᠬᠡ ᠲᠠᠷᠠᠬᠠᠢ ᠪᠤᠲᠠᠷᠬᠠᠢ ᠰᠠᠭᠤᠷᠢᠰᠢᠵᠤ ᠪᠠᠶᠢᠬᠤ | ᠪᠥᠭᠡᠳ ᠲᠤᠬᠠᠢ ᠶᠢᠨ ᠦᠶ᠎ᠡ ᠶᠢᠨ ᠪᠡᠯᠡ ᠣᠷᠣᠭᠤᠯᠤᠯᠲᠠ ᠶᠢᠨ ᠬᠢᠵᠠᠭᠠᠷᠯᠠᠯ ᠠᠴᠠ ᠪᠣᠯᠵᠤ᠂ ᠲᠤᠤᠷ᠎ᠠ ᠭᠦᠴᠦᠳᠡᠯ ᠤᠨ | ᠣᠯᠠᠩᠬᠢ ᠨᠢ ᠬᠤᠶᠠᠷ ᠱᠤᠭᠤᠮ ᠤᠨ ᠬᠡᠯᠬᠢᠶ᠎ᠡ ᠪᠠᠷ ᠴᠠᠬᠢᠯᠭᠠᠨ ᠬᠠᠩᠭᠠᠵᠤ ᠪᠠᠶᠢᠬᠤ ᠠᠴᠠ ᠪᠤᠯᠪᠠ᠃ ᠲᠤᠯᠢ ᠭᠠᠴᠠᠭ᠎ᠠ ᠶᠢᠨ | 212 ᠡᠷᠦᠬᠡ ᠠᠴᠠ 4 ᠡᠷᠦᠬᠡ ᠳᠤ ᠨᠢᠭᠡᠨᠲᠡ ᠬᠦᠳᠡᠯᠭᠡᠬᠦ ᠬᠦᠴᠦᠨ ᠤ ᠴᠠᠬᠢᠯᠭᠠᠨ ᠨᠡᠪᠲᠡᠷᠡᠵᠦ᠂ 96 ᠡᠷᠦᠬᠡ ᠨᠢ | ᠬᠦᠳᠡᠯᠭᠡᠬᠦ ᠬᠦᠴᠦᠨ ᠤ ᠴᠠᠬᠢᠯᠭᠠᠨ ᠨᠡᠪᠲᠡᠷᠡᠭᠦᠯᠬᠦ ᠨᠥᠬᠦᠴᠡᠯ ᠢ ᠪᠦᠷᠢᠳᠦᠭᠦᠯᠵᠦ᠂ 112 ᠡᠷᠦᠬᠡ ᠶᠢᠨ ᠳᠣᠣᠷ᠎ᠠ | ᠭᠦᠴᠦᠳᠡᠯᠲᠦ ᠬᠡᠯᠬᠢᠶ᠎ᠡ ᠨᠢ ᠬᠤᠶᠠᠷ ᠱᠤᠭᠤᠮ ᠤᠨ ᠭᠡᠯᠭᠢᠶ᠎ᠡ ᠪᠤᠯᠬᠤᠷ ᠬᠦᠳᠡᠯᠭᠡᠬᠦ ᠬᠦᠴᠦᠨ ᠤ ᠴᠠᠬᠢᠯᠭᠠᠨ ᠨᠡᠪᠲᠡᠷᠡᠭᠦᠯᠬᠦ | ᠨᠥᠬᠦᠴᠡᠯ ᠢ ᠲᠦᠷ ᠪᠦᠷᠢᠲᠦᠭᠦᠯᠦᠭᠡᠲᠦᠢ︔ ᠭᠠᠩᠭᠠᠨ ᠭᠠᠴᠠᠭ᠎ᠠ ᠶᠢᠨ 109 ᠡᠷᠦᠬᠡ ᠠᠴᠠ 4 ᠡᠷᠦᠬᠡ ᠳᠤ ᠨᠢᠭᠡᠨᠲᠡ | ᠬᠦᠳᠡᠯᠭᠡᠬᠦ ᠬᠦᠴᠦᠨ ᠤ ᠴᠠᠬᠢᠯᠭᠠᠨ ᠨᠡᠪᠲᠡᠷᠡᠵᠦ᠂ 11 ᠡᠷᠦᠬᠡ ᠨᠢ ᠬᠦᠳᠡᠯᠭᠡᠬᠦ ᠬᠦᠴᠦᠨ ᠤ ᠴᠠᠬᠢᠯᠭᠠᠨ ᠨᠡᠪᠲᠡᠷᠡᠭᠦᠯᠬᠦ | ᠨᠥᠬᠦᠴᠡᠯ ᠢ ᠪᠦᠷᠢᠳᠦᠭᠦᠯᠵᠦ᠂ 94 ᠡᠷᠦᠬᠡ ᠶᠢᠨ ᠳᠣᠣᠷ᠎ᠠ ᠭᠦᠴᠦᠳᠡᠯᠲᠦ ᠬᠡᠯᠬᠢᠶ᠎ᠡ ᠨᠢ ᠬᠤᠶᠠᠷ ᠱᠤᠭᠤᠮ ᠤᠨ ᠬᠡᠯᠬᠢᠶ᠎ᠡ | ᠪᠤᠯᠬᠤᠷ ᠬᠦᠳᠡᠯᠭᠡᠬᠦ ᠬᠦᠴᠦᠨ ᠤ ᠴᠠᠬᠢᠯᠭᠠᠨ ᠨᠡᠪᠲᠡᠷᠡᠭᠦᠯᠬᠦ ᠨᠥᠬᠦᠴᠡᠯ ᠢ ᠲᠦᠷ ᠪᠦᠷᠢᠲᠦᠭᠦᠯᠦᠭᠡᠲᠦᠢ᠃ ᠬᠦᠳᠡᠯᠭᠡᠬᠦ | ᠬᠦᠴᠦᠨ ᠤ ᠴᠠᠬᠢᠯᠭᠠᠨ ᠨᠡᠪᠲᠡᠷᠡᠭᠦᠯᠬᠦ ᠨᠥᠬᠦᠴᠡᠯ ᠢ ᠪᠦᠷᠢᠯᠲᠦᠭᠦᠯᠦᠭᠰᠡᠨ ᠬᠤᠶᠠᠷ ᠭᠠᠴᠠᠭᠠᠨ ᠤ 107 ᠡᠷᠦᠬᠡ ᠨᠢ | ᠴᠠᠬᠢᠯᠭᠠᠨ ᠬᠠᠩᠭᠠᠬᠤ ᠺᠣᠮᠫᠠᠨᠢ ᠳᠤ ᠬᠦᠷᠴᠦ ᠮᠡᠳᠡᠭᠦᠯᠦᠨ ᠤᠭᠰᠠᠷᠠᠭᠤᠯᠬᠤ ᠠᠵᠢᠯ ᠢ ᠭᠦᠢᠴᠡᠳᠬᠡᠭᠰᠡᠨ ᠤ ᠳᠠᠷᠠᠭ᠎ᠠ ᠳᠠᠷᠤᠢ | ᠬᠦᠳᠡᠯᠭᠡᠬᠦ ᠬᠦᠴᠦᠨ ᠤ ᠴᠠᠬᠢᠯᠭᠠᠨ ᠨᠠᠪᠲᠠᠷᠡᠭᠦᠯᠵᠦ ᠪᠣᠯᠣᠨ᠎ᠠ᠃ ᠬᠦᠳᠡᠯᠭᠡᠬᠦ ᠬᠦᠴᠦᠨ ᠤ ᠴᠠᠬᠢᠯᠭᠠᠨ ᠨᠡᠪᠲᠡᠷᠡᠭᠦᠯᠬᠦ | ᠨᠥᠬᠦᠴᠡᠯ ᠦᠭᠡᠢ ᠪᠤᠰᠤᠳ 206 ᠡᠷᠦᠬᠡ ᠶᠢ ᠴᠠᠬᠢᠯᠭᠠᠨ ᠬᠠᠩᠭᠠᠬᠤ ᠺᠣᠮᠫᠠᠨᠢ ᠠᠴᠠ ᠨᠦᠭᠡᠴᠡ ᠲᠥᠯᠦᠪᠵᠢᠭᠦᠯᠭᠡ ᠶᠢᠨ | ᠬᠥᠮᠥᠷᠭᠡ ᠳᠤ ᠢᠳᠡᠪᠬᠢᠲᠡᠢ ᠪᠠᠷ ᠮᠡᠳᠡᠭᠦᠯᠵᠦ ᠠᠯᠬᠤᠮ ᠠᠯᠬᠤᠮ ᠢᠶᠠᠷ ᠰᠢᠢᠳᠪᠦᠷᠢᠯᠡᠨ᠎ᠡ᠃ ᠡᠭᠦᠨ ᠤ ᠬᠠᠮᠲᠤ᠂ ᠪᠥᠬᠦ | ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠳᠤ ᠬᠦᠳᠡᠯᠭᠡᠬᠦ ᠬᠦᠴᠦᠨ ᠤ ᠴᠠᠬᠢᠯᠭᠠᠨ ᠨᠡᠪᠲᠡᠷᠡᠭᠦᠯᠬᠦ ᠠᠰᠠᠭᠤᠳᠠᠯ ᠳᠤ | ᠴᠢᠭᠯᠡᠭᠦᠯᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ᠂ | ᠪᠡᠯᠡ ᠮᠥᠩᠭᠦ᠂ ᠲᠥᠷᠥᠯ ᠵᠦᠢᠯ ᠢ ᠣᠯᠬᠤ ᠪᠠᠷ ᠢᠳᠡᠪᠬᠢᠲᠡᠢ ᠵᠣᠬᠢᠴᠠᠭᠤᠯᠵᠤ᠂ ᠮᠠᠯᠵᠢᠬᠤ ᠲᠠᠷᠢᠶᠠᠯᠠᠬᠤ ᠡᠷᠦᠬᠡ ᠳᠤ | ᠬᠦᠳᠡᠯᠭᠡᠬᠦ ᠬᠦᠴᠦᠨ ᠤ ᠴᠠᠬᠢᠯᠭᠠᠨ ᠨᠡᠪᠲᠡᠷᠡᠭᠦᠯᠬᠦ ᠬᠡᠷᠡᠭᠴᠡᠭᠡ ᠶᠢ ᠵᠢᠯ ᠳᠠᠷᠠᠭᠠᠯᠠᠨ ᠰᠢᠢᠳᠪᠦᠷᠢᠯᠡᠨ᠎ᠡ᠃ | ︵ᠵᠢᠷᠭᠤᠭ᠎ᠠ︶ ᠭᠠᠩᠭᠠᠨ ᠨᠠᠭᠤᠷ ᠤᠨ ᠬᠠᠳᠤᠯᠠᠩ ᠪᠡᠯᠴᠢᠭᠡᠷ ᠢ ᠵᠢᠪᠪᠦᠭᠦᠯᠦᠭᠰᠡᠨ ᠪᠠ ᠨᠤᠭᠤ ᠭᠠᠵᠠᠷ ᠢ ᠬᠠᠮᠠᠭᠠᠯᠠᠬᠤ | ᠠᠷᠭ᠎ᠠ ᠬᠡᠮᠵᠢᠶ᠎ᠡ ᠨᠢ ᠵᠣᠬᠢᠰ ᠦᠭᠡᠢ ᠪᠠᠶᠢᠬᠤ ᠲᠤᠬᠠᠢ ᠰᠠᠨᠠᠭᠤᠯᠭ᠎ᠠ ︵14 ᠳ᠋ᠦ᠋ᠭᠡᠷ ᠲᠣᠭᠠᠲᠤ ᠰᠠᠨᠠᠭᠤᠯᠭ᠎ᠠ︶᠃ | ᠳᠠᠯᠠᠶᠢᠨᠠᠭᠤᠷ ᠪᠠᠯᠭᠠᠰᠤᠨ ᠤ ᠪᠠᠭᠠᠲᠤᠷ ᠵᠡᠷᠭᠡ 8 ᠲᠥᠯᠥᠭᠡᠯᠡᠭᠴᠢ ᠠᠴᠠ ᠵᠢᠭᠠᠰᠤᠨ ᠲᠠᠯᠠᠪᠠᠢ ᠶᠢᠨ ᠬᠠᠰᠢᠯᠲᠠ ᠶᠢ | ᠵᠣᠭᠰᠣᠭᠠᠵᠤ ᠤᠰᠤ ᠲᠠᠯᠪᠢᠨ ᠬᠠᠳᠤᠯᠠᠩ ᠪᠡᠯᠴᠢᠭᠡᠷ ᠤᠨ ᠤᠰᠤᠨ ᠳᠤ ᠠᠪᠲᠠᠭᠰᠠᠨ ᠠᠰᠠᠭᠤᠳᠠᠯ ᠢ ᠰᠢᠢᠳᠪᠦᠷᠢᠯᠡᠵᠦ᠂ | ᠮᠠᠯᠴᠢᠳ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠢ ᠪᠠᠲᠤᠯᠠᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠤᠰᠤᠨ ᠠᠰᠢᠭᠯᠠᠯᠲᠠ ᠶᠢᠨ | ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠳᠠᠯᠠᠶᠢᠨᠠᠭᠤᠷ ᠤᠨ ᠵᠢᠭᠠᠰᠤᠨ ᠤ ᠠᠵᠤ ᠠᠬᠤᠢ ᠶᠢᠨ | ᠬᠢᠵᠠᠭᠠᠷᠲᠤ ᠺᠣᠮᠫᠠᠨᠢ ᠵᠡᠷᠭᠡ ᠬᠤᠯᠪᠣᠭᠳᠠᠯ ᠪᠦᠬᠦᠢ ᠨᠢᠭᠡᠴᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠠᠶᠢᠴᠠᠭᠠᠨ | ᠰᠤᠳᠤᠯᠤᠯᠲᠠ ᠪᠠ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠪᠡ᠃ ᠬᠡᠮᠵᠢᠯᠲᠡ ᠪᠠᠷ ᠳᠠᠮᠵᠢᠭᠠᠳ᠂ ᠭᠠᠩᠭᠠᠨ ᠨᠠᠭᠤᠷ ᠤᠨ | ᠣᠲᠣ ᠶᠢᠨ ᠪᠠᠶᠢᠭ᠎ᠠ ᠤᠰᠤᠨ ᠤ ᠭᠠᠳᠠᠷᠭᠤ ᠶᠢᠨ ᠲᠠᠯᠠᠪᠠᠶ 26253.185 ᠮᠦ ᠪᠠᠶᠢᠵᠤ᠂ ᠤᠯᠤᠰ ᠤᠨ ᠥᠮᠴᠢᠯᠡᠯ ᠤᠨ | ᠭᠠᠵᠠᠷ ᠰᠢᠷᠣᠢ ᠶᠢᠨ ᠬᠡᠷᠡᠭᠯᠡᠬᠦ ᠦᠨᠡᠮᠯᠡᠯ ᠤᠨ ᠲᠠᠯᠠᠪᠠᠶ ᠠᠴᠠ ᠳᠠᠪᠠᠭᠰᠠᠨ ᠦᠭᠡᠢ᠃ ᠵᠥᠪᠳᠡᠯᠴᠡᠬᠦ ᠪᠠᠷ ᠳᠡᠮᠵᠢᠨ᠂ | ᠳᠠᠯᠠᠶᠢᠨᠠᠭᠤᠷ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠴᠠᠭ ᠲᠤᠬᠠᠢ ᠳᠤᠨᠢ ᠭᠠᠩᠭᠠᠨ ᠨᠠᠭᠤᠷ ᠤᠨ ᠡᠷᠬᠢᠨ | ᠲᠣᠭᠤᠷᠢᠨ ᠤ ᠮᠠᠯᠴᠢᠳ ᠤᠨ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠤᠰᠢᠭᠤᠨ ᠤ ᠤᠰᠤᠨ ᠠᠰᠢᠭᠯᠠᠯᠲᠠ ᠶᠢᠨ | ᠲᠣᠪᠴᠢᠶ᠎ᠠ ᠳᠤ ᠬᠠᠷᠢᠭᠤ ᠳᠤᠰᠬᠠᠵᠦ᠂ ᠳᠠᠯᠠᠶᠢᠨᠠᠭᠤᠷ ᠤᠨ ᠵᠢᠭᠠᠰᠤᠨ ᠤ ᠠᠵᠤ ᠠᠬᠤᠢ ᠶᠢᠨ ᠺᠣᠮᠫᠠᠨᠢ ᠬᠤᠷ᠎ᠠ ᠪᠣᠷᠣᠭᠠᠨ | ᠴᠦᠭᠡᠨ ᠤᠯᠠᠷᠢᠯ ᠳᠤ ᠳᠣᠷᠣᠭᠰᠢ ᠤᠷᠤᠰᠬᠤ ᠤᠷᠤᠰᠬᠠᠯ ᠤᠨ ᠬᠡᠮᠵᠢᠶ᠎ᠡ ᠶᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠵᠦ᠂ ᠱᠠᠷ ᠤᠨ | ᠭᠤᠣᠯ ᠤᠨ ᠲᠠᠰᠤᠷᠠᠯᠲᠠ ᠦᠭᠡᠢ ᠤᠷᠤᠰᠬᠤ ᠶᠢ ᠪᠠᠲᠤᠯᠠᠵᠤ᠂ ᠳᠣᠣᠷᠠᠳᠤ ᠤᠷᠤᠰᠬᠠᠯ ᠤᠨ ᠦᠢᠯᠡᠳᠪᠦᠷᠢᠯᠡᠯ᠂ ᠠᠮᠢᠳᠤᠷᠠᠯ ᠤᠨ | ᠬᠡᠷᠡᠭᠯᠡᠭᠡᠨ ᠤ ᠤᠰᠤ ᠶᠢ ᠪᠠᠲᠤᠯᠠᠬᠤ ᠶᠢ ᠱᠠᠭᠠᠷᠳᠠᠪᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠤᠰᠤᠨ | ᠠᠰᠢᠭᠯᠠᠯᠲᠠ ᠶᠢᠨ ᠲᠣᠪᠴᠢᠶ᠎ᠠ ᠨᠢ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ | ᠰᠠᠶᠢᠲᠤᠷ ᠬᠢᠵᠦ᠂ ᠡᠯ᠎ᠡ ᠱᠠᠲᠤᠨ ᠤ ᠭᠤᠣᠯ ᠨᠠᠭᠤᠷ ᠤᠨ ᠳᠠᠷᠤᠭ᠎ᠠ ᠶᠢ ᠱᠠᠭᠠᠷᠳᠠᠨ ᠦᠢᠯᠡᠳᠦᠯ ᠢ ᠨᠢ ᠦᠨᠡᠨᠬᠦ ᠪᠠᠳᠠᠷᠠᠭᠤᠯᠵᠤ᠂ | ᠭᠤᠣᠯ ᠨᠠᠭᠤᠷ ᠤᠨ ᠬᠠᠮᠢᠶᠠᠷᠤᠯᠲᠠ ᠪᠠ ᠬᠠᠮᠠᠭᠠᠯᠠᠯᠲᠠ ᠶᠢ ᠯᠠᠪᠳᠠᠭᠤᠨ ᠪᠠᠲᠤᠲᠠᠢ ᠰᠠᠶᠢᠲᠤᠷ ᠬᠢᠯᠭᠡᠨ᠎ᠡ᠃ | ︵ᠳᠣᠯᠤᠭ᠎ᠠ︶ ︽ᠬᠡᠰᠢᠭᠲᠡᠨ ᠬᠤᠰᠢᠭᠤᠨ ᠤ ᠣᠶᠢᠯᠠᠯᠭ᠎ᠠ︾ ᠵᠡᠷᠭᠡ ᠲᠡᠦᠬᠡ ᠰᠣᠶᠣᠯ ᠤᠨ ᠨᠣᠮ ᠪᠢᠴᠢᠭ ᠢ | ᠬᠠᠷᠢᠯᠴᠠᠨ ᠣᠷᠴᠢᠭᠤᠯᠤᠨ ᠬᠡᠪᠯᠡᠭᠦᠯᠬᠦ ᠠᠵᠢᠯ ᠢ ᠰᠠᠶᠢᠲᠤᠷ ᠬᠢᠬᠦ ᠲᠤᠬᠠᠢ ᠰᠠᠨᠠᠭᠤᠯᠭ᠎ᠠ ︵15 ᠳ᠋ᠤᠭᠠᠷ ᠲᠣᠭᠠᠲᠤ | ᠰᠠᠨᠠᠭᠤᠯᠭ᠎ᠠ︶᠃ ᠳᠠᠯᠠᠶᠢᠨᠠᠭᠤᠷ ᠪᠠᠯᠭᠠᠰᠤᠨ ᠤ ᠲᠥᠯᠥᠭᠡᠯᠡᠭᠴᠢ ᠬᠠᠰᠡᠷᠳᠡᠨᠢ ᠠᠴᠠ ᠡᠯ᠎ᠡ ᠦᠨᠳᠦᠰᠦᠲᠡᠨ ᠤ ᠰᠣᠩᠭᠤᠳᠠᠭ | ᠲᠡᠦᠬᠡ ᠰᠣᠶᠣᠯ ᠤᠨ ᠨᠣᠮ ᠪᠢᠴᠢᠭ ᠢ ᠬᠠᠮᠠᠭᠠᠯᠠᠬᠤ᠂ ᠰᠤᠳᠤᠯᠬᠤ ᠵᠢᠴᠢ ᠣᠷᠣᠨ ᠨᠤᠲᠤᠭ ᠤᠨ ᠣᠶᠢᠯᠠᠯᠭ᠎ᠠ ᠶᠢᠨ ᠪᠢᠴᠢᠭ ᠢ | ᠬᠠᠷᠢᠯᠴᠠᠨ ᠣᠷᠴᠢᠭᠤᠯᠤᠨ ᠬᠡᠪᠯᠡᠭᠦᠯᠬᠦ ᠠᠵᠢᠯ ᠢ ᠴᠢᠩᠭᠠᠳᠬᠠᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠦᠨᠳᠦᠰᠦᠲᠡᠨ ᠤ ᠬᠡᠷᠡᠭ | ᠡᠷᠭᠢᠯᠡᠬᠦ ᠵᠦᠪᠯᠡᠯ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠰᠤᠳᠤᠯᠤᠨ ᠪᠠᠶᠢᠷᠢᠯᠠᠭᠤᠯᠵᠤ᠂ ᠦᠨᠳᠦᠰᠦᠲᠡᠨ ᠤ | ᠲᠤᠯᠭᠤᠷ ᠪᠢᠴᠢᠭ ᠢ ᠴᠤᠭᠯᠠᠭᠤᠯᠬᠤ᠂ ᠡᠮᠬᠢᠳᠬᠡᠬᠦ ᠠᠵᠢᠯ ᠤᠨ ᠡᠷᠴᠢᠮ ᠢ ᠴᠢᠩᠭᠠᠷᠠᠭᠤᠯᠤᠨ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠲᠠᠢ ᠤᠶᠠᠯᠳᠤᠭᠤᠯᠤᠨ ᠪᠥᠬᠦ ᠲᠠᠯ᠎ᠠ ᠪᠠᠷ ᠠᠬᠢᠭᠤᠯᠤᠨ ᠨᠠᠶᠢᠳᠠᠪᠤᠷᠢᠵᠢᠭᠤᠯᠤᠨ᠎ᠠ | ᠃ ᠲᠡᠦᠬᠡ ᠰᠣᠶᠣᠯ ᠤᠨ ᠨᠣᠮ ᠪᠢᠴᠢᠭ ᠢ ᠬᠠᠷᠢᠯᠴᠠᠨ ᠣᠷᠴᠢᠭᠤᠯᠤᠨ ᠬᠡᠪᠯᠡᠭᠦᠯᠬᠦ ᠠᠵᠢᠯ ᠤᠨ ᠴᠢᠩᠭ᠎ᠠ ᠨᠢᠮᠪᠠᠢ ᠴᠢᠨᠠᠷ ᠪᠠ | ᠨᠠᠷᠢᠨ ᠪᠤᠳᠤᠯᠢᠶᠠᠨᠲᠤ ᠴᠢᠨᠠᠷ ᠢ ᠦᠨᠳᠦᠰᠦᠯᠡᠨ᠂ ᠲᠠᠷᠠᠭᠠᠴᠢ ᠶᠢᠨ ᠠᠯᠬᠤᠮ ᠳᠤ ᠬᠤᠰᠢᠭᠤᠨ ᠤ ᠦᠨᠳᠦᠰᠦᠲᠡᠨ ᠤ ᠬᠡᠷᠡᠭ | ᠡᠷᠭᠢᠯᠡᠬᠦ ᠵᠥᠪᠯᠡᠯ ᠠᠴᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ︽ᠬᠡᠰᠢᠭᠲᠡᠨ ᠬᠤᠰᠢᠭᠤᠨ ᠤ ᠣᠶᠢᠯᠠᠯᠭ᠎ᠠ︾ | ᠶᠢᠨ ᠣᠷᠴᠢᠭᠤᠯᠬᠤ ᠠᠵᠢᠯ ᠤᠨ ᠳᠤᠭᠤᠶᠢᠯᠠᠩ ᠪᠠᠶᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠤᠰᠬᠠᠢ | ᠮᠡᠷᠭᠡᠵᠢᠯ ᠤᠨ ᠣᠷᠴᠢᠭᠤᠯᠤᠭᠴᠢ ᠶᠢ ᠰᠣᠩᠭᠤᠨ ᠭᠠᠷᠭᠠᠵᠤ᠂ ︽ᠬᠡᠰᠢᠭᠲᠡᠨ ᠬᠤᠰᠢᠭᠤᠨ ᠤ ᠣᠶᠢᠯᠠᠯᠭ᠎ᠠ︾ ᠶᠢ | ᠣᠷᠴᠢᠭᠤᠯᠤᠨ ᠬᠡᠪᠯᠡᠭᠦᠯᠬᠦ ᠠᠵᠢᠯ ᠢ ᠬᠠᠷᠢᠭᠤᠴᠠᠭᠤᠯᠬᠤ ᠪᠠᠷ ᠳᠡᠪᠰᠢᠭᠦᠯᠦᠨ᠎ᠡ᠃ | ︵ᠨᠠᠢᠮᠠ︶ 2016 ︱ 2017 ᠣᠨ ᠳᠤ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠭᠰᠡᠨ | ᠨᠥᠬᠦᠪᠦᠷᠢ ᠶᠢ ᠥᠯᠥ ᠲᠠᠷᠬᠠᠭᠠᠭᠰᠠᠨ ᠲᠤᠬᠠᠢ ᠰᠠᠨᠠᠭᠤᠯᠭ᠎ᠠ ︵18 ᠳ᠋ᠤᠭᠠᠷ ᠲᠣᠭᠠᠲᠤ ᠰᠠᠨᠠᠭᠤᠯᠭ᠎ᠠ︶᠃ ᠸᠠᠨ ᠾᠧ ᠶᠦᠩ | ᠪᠠᠯᠭᠠᠰᠤᠨ ᠤ ᠲᠥᠯᠥᠭᠡᠯᠡᠭᠴᠢ ᠸᠠᠩ ᠸᠧᠨ ᠴᠧᠨ ᠠᠴᠠ ᠸᠠᠨ ᠾᠧ ᠶᠦᠩ ᠪᠠᠯᠭᠠᠰᠤᠨ ᠤ ᠵᠦᠩ ᠰᠢᠨ ᠲᠣᠰᠬᠤᠨ ᠤ | ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠲᠦᠷᠦᠯ ᠵᠦᠢᠯ ᠤᠨ ᠨᠥᠬᠦᠪᠦᠷᠢ ᠶᠢᠨ ᠵᠣᠭᠤᠰ ᠢ ᠲᠦᠷᠭᠡᠨ | ᠲᠠᠷᠬᠠᠭᠠᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠮᠠᠯ ᠠᠵᠤ ᠠᠬᠤᠢ | ᠲᠠᠷᠢᠶᠠᠯᠠᠩ ᠬᠢᠭᠡᠳ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠬᠢᠨᠠᠨ ᠬᠠᠷᠭᠤᠭᠤᠯᠤᠭᠠᠳ᠂ ᠸᠠᠨ ᠾᠧ ᠶᠦᠩ ᠪᠠᠯᠭᠠᠰᠤᠨ ᠤ ᠵᠦᠩ ᠰᠢᠨ ᠲᠣᠰᠬᠤᠨ ᠳᠤ | 2016 ︱ 2017 ᠣᠨ ᠳᠤ ᠨᠡᠶᠢᠲᠡ 4661.4 ᠮᠦ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ | ᠲᠥᠷᠥᠯ ᠵᠦᠢᠯ ᠢ ᠬᠡᠷᠡᠭᠵᠢᠭᠦᠯᠵᠦ᠂ 586 ᠲᠠᠷᠢᠶᠠᠴᠢᠨ ᠡᠷᠦᠬᠡ ᠳᠤ ᠬᠤᠯᠪᠤᠭᠳᠠᠪᠠ᠂ ᠡᠭᠦᠨ ᠳᠤ᠄ 2016 ᠣᠨ ᠳᠤ | 2000 ᠮᠦ᠂ 265 ᠲᠠᠷᠢᠶᠠᠴᠢᠨ ᠡᠷᠦᠬᠡ ᠳᠤ ᠬᠤᠯᠪᠤᠭᠳᠠᠪᠠ︔ 2017 ᠣᠨ ᠳᠤ 2661.4 ᠮᠦ᠂ 321 | ᠲᠠᠷᠢᠶᠠᠴᠢᠨ ᠡᠷᠦᠬᠡ ᠳᠤ ᠬᠤᠯᠪᠤᠭᠳᠠᠪᠠ᠃ ᠲᠠᠷᠬᠠᠭᠠᠬᠤ ᠴᠢᠬᠤᠯᠠᠲᠠᠢ ᠨᠥᠬᠦᠪᠦᠷᠢ ᠶᠢᠨ ᠪᠡᠯᠡ ᠮᠥᠩᠭᠦ 466.14 ᠲᠦᠮᠡᠨ | ᠲᠥᠭᠦᠷᠢᠭ ᠪᠠᠶᠢᠵᠦ᠂ 2022 ᠣᠨ ᠤ 5 ᠰᠠᠷ᠎ᠠ ᠳᠤ ᠪᠦᠬᠦᠨ ᠢ ᠡᠷᠦᠬᠡ ᠳᠤ ᠲᠠᠷᠬᠠᠭᠠᠪᠠ᠃ ᠡᠭᠦᠨ ᠤ ᠵᠡᠷᠭᠡ ᠳᠤ | ᠬᠤᠰᠢᠭᠤᠨ ᠤ ᠮᠠᠯ ᠠᠵᠤ ᠠᠬᠤᠢ ᠲᠠᠷᠢᠶᠠᠯᠠᠩ ᠬᠢᠭᠡᠳ ᠭᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠨᠢ ᠪᠥᠬᠦ | ᠬᠤᠰᠢᠭᠤᠨ ᠤ 2016 ︱ 2017 ᠣᠨ ᠤ ᠨᠥᠬᠦᠪᠦᠷᠢ ᠶᠢᠨ ᠪᠡᠯᠡ ᠮᠥᠩᠭᠦ ᠲᠠᠷᠬᠠᠭᠠᠭᠰᠠᠨ ᠪᠠᠶᠢᠳᠠᠯ ᠢ ᠪᠥᠬᠦ ᠲᠠᠯ᠎ᠠ ᠪᠠᠷ | ᠡᠮᠬᠢᠯᠡᠨ ᠳᠢᠭᠯᠡᠵᠦ᠂ ᠪᠥᠬᠦ ᠬᠤᠰᠢᠭᠤᠨ ᠤ ᠲᠠᠷᠢᠶᠠᠯᠠᠬᠤ ᠣᠷᠣᠨ ᠤ 8 ᠰᠢᠶᠠᠩ ᠪᠠᠯᠭᠠᠰᠤᠨ ᠳᠤ ᠬᠤᠯᠪᠣᠭᠳᠠᠵᠤ᠂ 2016 | ᠣᠨ ᠳᠤ 3.5 ᠲᠦᠮᠡᠨ ᠮᠦ ᠶᠢ ᠬᠡᠷᠡᠭᠵᠢᠭᠦᠯᠵᠦ᠂ 2017 ᠣᠨ ᠳᠤ 1.8341 ᠲᠦᠮᠡᠨ ᠮᠦ ᠶᠢ ᠬᠡᠷᠡᠭᠵᠢᠭᠦᠯᠵᠦ᠂ | 5334.1 ᠲᠦᠮᠡᠨ ᠲᠥᠭᠦᠷᠢᠭ ᠤᠨ ᠨᠥᠬᠦᠪᠦᠷᠢ ᠶᠢᠨ ᠪᠡᠯᠡ ᠮᠥᠩᠭᠦ ᠶᠢ 2022 ᠣᠨ ᠤ 5 ᠰᠠᠷ᠎ᠠ ᠳᠤ ᠨᠢᠭᠡᠨᠲᠡ | ᠪᠦᠬᠦᠨ ᠢ ᠡᠷᠦᠬᠡ ᠳᠤ ᠲᠠᠷᠬᠠᠭᠠᠭᠰᠠᠨ ᠪᠠᠶᠢᠨ᠎ᠠ᠃ | ︵ᠶᠢᠰᠦ︶ ᠢᠳᠡᠰᠢᠨ ᠮᠥᠭᠦ ᠶᠢᠨ ᠠᠵᠤ ᠦᠢᠯᠡᠰ ᠢ ᠲᠡᠳᠬᠦᠨ ᠳᠡᠮᠵᠢᠬᠦ ᠡᠷᠴᠢᠮ ᠢ ᠴᠢᠩᠭᠠᠷᠠᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠢ ᠰᠠᠨᠠᠭᠤᠯᠭ᠎ᠠ ︵21 ᠳ᠋ᠦ᠋ᠭᠡᠷ ᠲᠣᠭᠠᠲᠤ ᠰᠠᠨᠠᠭᠤᠯᠭ᠎ᠠ︶᠃ | ᠰᠢᠨ ᠺᠠᠢ ᠳ᠋ᠢ ᠰᠢᠶᠠᠩ ᠤᠨ ᠸᠠᠩ ᠶᠦᠨ ᠵᠡᠷᠭᠡ 6 ᠲᠥᠯᠥᠭᠡᠯᠡᠭᠴᠢ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠢᠨ ᠪᠣᠯᠪᠠᠰᠤᠷᠠᠭᠤᠯᠤᠯ ᠢ ᠴᠢᠩᠭᠠᠳᠬᠠᠬᠤ᠂ ᠮᠦᠬᠦ ᠶᠢᠨ ᠬᠠᠪᠳᠠᠰᠦ ᠶᠢᠨ ᠨᠥᠬᠦᠪᠦᠷᠢ ᠶᠢᠨ ᠡᠷᠴᠢᠮ ᠢ ᠴᠢᠩᠭᠠᠷᠠᠭᠤᠯᠬᠤ᠂ | ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠨ ᠺᠠᠢ ᠳ᠋ᠢ ᠰᠢᠶᠠᠩ ᠤᠨ | ᠢᠳᠡᠰᠢᠨ ᠮᠦᠬᠦ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠮᠠᠯ ᠠᠵᠤ ᠠᠬᠤᠢ | ᠲᠠᠷᠢᠶᠠᠯᠠᠩ ᠬᠢᠭᠡᠳ ᠭᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠲᠤᠬᠠᠢ ᠶᠢᠨ ᠭᠠᠵᠠᠷ ᠲᠤᠨᠢ ᠪᠠᠶᠢᠴᠠᠭᠠᠨ | ᠰᠤᠳᠤᠯᠤᠯᠲᠠ ᠬᠢᠵᠦ᠂ ᠰᠢᠨ ᠺᠠᠢ ᠳ᠋ᠢ ᠰᠢᠶᠠᠩ ᠤᠨ ᠣᠳᠣᠬᠠᠨ ᠤ ᠪᠠᠶᠢᠭᠤᠯᠵᠤ ᠪᠠᠶᠢᠭ᠎ᠠ ᠲᠥᠷᠥᠯ ᠵᠦᠢᠯ ᠳᠤ ᠪᠥᠬᠦ | ᠬᠤᠰᠢᠭᠤᠨ ᠤ ᠬᠠᠮᠤᠭ ᠤᠨ ᠲᠡᠷᠢᠭᠦᠨ ᠤ ᠮᠦᠬᠦ ᠶᠢᠨ ᠬᠠᠪᠳᠠᠰᠦ ᠶᠢᠨ ᠦᠢᠯᠡᠳᠪᠦᠷᠢᠯᠡᠯ ᠤᠨ ᠲᠥᠬᠦᠭᠡᠷᠦᠮᠵᠢ ᠵᠢᠴᠢ | ᠦᠢᠯᠡᠳᠪᠦᠷᠢ ᠶᠢᠨ ᠲᠠᠰᠤᠭ ᠤᠨ ᠲᠦᠷᠦᠯ ᠵᠤᠶᠢᠯ ᠢ ᠬᠡᠷᠡᠭᠯᠡᠵᠦ᠂ ᠵᠢᠯ ᠤᠨ ᠡᠴᠦᠰ ᠠᠴᠠ ᠡᠮᠦᠨ᠎ᠡ ᠪᠠᠶᠢᠭᠤᠯᠵᠦ | ᠳᠠᠭᠤᠰᠬᠠᠬᠤ ᠪᠠᠷ ᠵᠢᠱᠢᠵᠦ ᠪᠠᠶᠢᠨ᠎ᠠ᠂ ᠠᠰᠢᠭᠯᠠᠯᠲᠠ ᠳᠤ ᠣᠷᠣᠭᠰᠠᠨ ᠤ ᠳᠠᠷᠠᠭ᠎ᠠ ᠭᠠᠳᠠᠨ᠎ᠠ ᠠᠴᠠ ᠬᠤᠳᠠᠯᠳᠤᠨ ᠠᠪᠤᠭᠰᠠᠨ | ᠮᠦᠬᠦ ᠶᠢᠨ ᠬᠠᠪᠳᠠᠰᠦ ᠶᠢᠨ ᠲᠡᠭᠡᠭᠡᠪᠦᠷᠢᠯᠡᠬᠦ ᠶᠠᠪᠤᠴᠠ ᠳᠤ ᠢᠯᠡᠷᠡᠭᠰᠡᠨ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠬᠦ | ᠪᠤᠯᠤᠨ᠎ᠠ᠃ ᠬᠤᠰᠢᠭᠤᠨ ᠤ ᠮᠠᠯ ᠠᠵᠤ ᠠᠬᠤᠢ ᠲᠠᠷᠢᠶᠠᠯᠠᠩ ᠬᠢᠭᠡᠳ ᠭᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ | ᠢᠳᠡᠰᠢᠨ ᠮᠦᠬᠦ ᠶᠢᠨ ᠠᠵᠤ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 2022 ᠣᠨ ᠳᠤ | ᠪᠥᠬᠦ ᠬᠤᠰᠢᠭᠤᠨ ᠳᠤ 844.766 ᠲᠦᠮᠡᠨ ᠮᠦᠬᠦ ᠶᠢᠨ ᠬᠠᠪᠳᠠᠰᠦ ᠳᠠᠷᠢᠵᠤ᠂ 253.4298 ᠲᠦᠮᠡᠨ ᠲᠥᠭᠦᠷᠢᠭ ᠤᠨ | ᠨᠥᠬᠦᠪᠦᠷᠢ ᠥᠭᠬᠦ ᠶᠢ ᠨᠠᠶᠢᠳᠠᠪᠤᠷᠢᠵᠢᠭᠤᠯᠪᠠ᠃ ᠬᠤᠲᠠ ᠶᠢᠨ ᠱᠠᠲᠤᠨ ᠤ ᠲᠦᠭᠦᠭᠡᠷᠦᠮᠵᠢᠲᠦ ᠲᠠᠷᠢᠶᠠᠯᠠᠩ ᠤᠨ ᠲᠤᠰᠬᠠᠢ | ᠪᠡᠯᠡ ᠮᠥᠩᠭᠦ ᠶᠢᠨ ᠨᠦᠬᠦᠪᠦᠷᠢ ᠶᠢ 100 ᠲᠦᠮᠡᠨ ᠲᠥᠭᠦᠷᠢᠭ ᠥᠭᠬᠦ ᠪᠠᠷ ᠳᠠᠮᠵᠢᠭᠤᠯᠤᠨ᠂ ᠮᠦᠬᠦ ᠶᠢᠨ ᠦᠷ᠎ᠡ ᠶᠢᠨ | ᠦᠢᠯᠡᠳᠪᠦᠷᠢ ᠶᠢ 1 ᠶᠢ ᠰᠢᠨ᠎ᠡ ᠪᠠᠷ ᠪᠠᠶᠢᠭᠤᠯᠵᠤ᠂ ᠢᠳᠡᠰᠢᠨ ᠮᠦᠬᠦ ᠶᠢᠨ ᠦᠷ᠎ᠡ ᠶᠢᠨ ᠵᠥᠷᠢᠶ᠎ᠡ ᠶᠢ ᠪᠦᠲᠦᠮᠵᠢᠲᠡᠶ | ᠪᠠᠭᠠᠰᠬᠠᠪᠠ᠃ ᠤᠯᠠᠭᠠᠨᠬᠠᠳᠠ ᠬᠤᠲᠠ ᠶᠢᠨ ᠠᠩᠬᠠᠳᠠᠭᠴᠢ ᠭᠤᠯᠭᠤᠮᠠᠲᠠᠭᠠᠢ ᠮᠦᠭᠦ᠂ ᠦᠨᠦᠷᠲᠦ ᠮᠥᠭᠦ ᠵᠡᠷᠭᠡ ᠣᠯᠠᠨ | ᠲᠦᠷᠦᠯ ᠤᠨ ᠮᠦᠬᠦ ᠶᠢᠨ ᠦᠷ᠎ᠡ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠣᠲᠣ | ᠨᠢᠭᠡᠨᠲᠡ ᠠᠰᠢᠭᠯᠠᠯᠲᠠ ᠳᠤ ᠣᠷᠣᠭᠤᠯᠪᠠ᠃ ᠣᠳᠣᠬᠠᠨ ᠳᠤ ᠮᠦᠬᠦ ᠶᠢᠨ ᠦᠷ᠎ᠡ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠲᠤ ᠬᠤᠶᠠᠳᠤᠭᠠᠷ ᠳᠡᠰ ᠤᠨ ᠮᠦᠬᠦ ᠶᠢᠨ ᠦᠷ᠎ᠡ ᠶᠢ ᠪᠣᠶᠢᠵᠢᠭᠤᠯᠬᠤ ᠪᠠ ᠭᠤᠷᠪᠠᠳᠤᠭᠠᠷ ᠳᠡᠰ ᠤᠨ | ᠮᠦᠬᠦ ᠶᠢᠨ ᠦᠷ᠎ᠡ ᠶᠢ ᠦᠢᠯᠡᠳᠪᠦᠷᠢᠯᠡᠵᠦ᠂ ᠭᠤᠣᠯ ᠪᠣᠯᠬᠤ ᠲᠦᠷᠦᠯ ᠵᠦᠢᠯ ᠨᠢ ᠴᠡᠴᠡᠭᠲᠦ ᠮᠦᠬᠦ᠂ ᠦᠨᠦᠷᠲᠦ ᠮᠦᠬᠦ᠂ | ᠭᠤᠯᠭᠤᠮᠠᠲᠠᠭᠠᠢ ᠮᠦᠬᠦ ᠵᠡᠷᠭᠡ ᠢᠳᠡᠰᠢᠨ ᠮᠦᠬᠦ ᠶᠢᠨ ᠦᠷ᠎ᠡ ᠪᠣᠯᠣᠨ᠎ᠠ᠃ 2023 ᠣᠨ ᠳᠤ᠂ ᠤᠤᠯ ᠤᠨ ᠰᠠᠭᠤᠷᠢᠨ | ᠳᠡᠭᠡᠷ᠎ᠡ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ᠂ ᠪᠣᠶᠢᠵᠢᠭᠤᠯᠬᠤ ᠡᠭᠦᠯᠳᠡᠷ ᠤᠨ ᠲᠥᠷᠥᠯ ᠵᠦᠢᠯ ᠪᠠ ᠶᠠᠰᠤ ᠴᠢᠨᠠᠷ ᠢ | ᠳᠡᠭᠡᠭᠰᠢᠯᠡᠭᠦᠯᠦᠨ᠂ T2᠂ 808᠂ 9 ᠨᠤᠮᠧᠷᠲᠦ ᠵᠡᠷᠭᠡ ᠢᠳᠡᠰᠢᠨ ᠮᠦᠬᠦ ᠶᠢᠨ ᠦᠷ᠎ᠡ ᠶᠢ ᠭᠤᠣᠯᠳᠠᠯᠭ᠎ᠠ ᠲᠠᠢ | ᠪᠣᠶᠢᠵᠢᠭᠤᠯᠵᠤ᠂ ᠬᠤᠰᠢᠭᠤᠨ ᠤ ᠢᠳᠡᠰᠢᠨ ᠮᠦᠬᠦ ᠶᠢᠨ ᠡᠭᠦᠯᠳᠡᠷ ᠤᠨ ᠪᠦᠲᠦᠴᠡ ᠵᠦᠢ ᠵᠣᠬᠢᠰ ᠦᠭᠡᠢ᠂ ᠶᠠᠰᠤ ᠴᠢᠨᠠᠷ ᠢᠶᠠᠷ | ᠠᠨᠠᠢ᠂ ᠭᠠᠳᠠᠭᠰᠢ ᠪᠣᠷᠣᠯᠠᠭᠤᠯᠬᠤ ᠳᠤ ᠬᠦᠴᠢᠷᠲᠡᠢ ᠵᠡᠷᠭᠡ ᠠᠰᠠᠭᠤᠳᠠᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠮᠦᠬᠦ | ᠳᠠᠷᠢᠬᠤ ᠡᠷᠦᠬᠡ ᠶᠢᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠪᠠ ᠨᠡᠮᠡᠯᠲᠡ ᠥᠷᠲᠡᠭ ᠳᠣᠣᠷ᠎ᠠ ᠵᠡᠷᠭᠡ ᠬᠦᠴᠦᠨ ᠵᠦᠢᠯ ᠢ | ᠳᠡᠭᠡᠭᠰᠢᠯᠡᠭᠦᠯᠬᠦ ᠪᠠᠷ ᠲᠥᠯᠥᠪᠯᠡᠵᠦ ᠪᠣᠶ᠃ | ︵ᠠᠷᠪᠠ︶ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠳᠡᠭᠡᠭᠰᠢᠯᠡᠭᠦᠯᠬᠦ ᠲᠠᠯ᠎ᠠ ᠪᠠᠷ ᠬᠢ ᠰᠠᠨᠠᠭᠤᠯᠭ᠎ᠠ ︵ | 23 ᠳ᠋ᠤᠭᠠᠷ ᠲᠣᠭᠠᠲᠤ ᠰᠠᠨᠠᠭᠤᠯᠭ᠎ᠠ︶᠃ ᠰᠢᠨ ᠺᠠᠢ ᠳ᠋ᠢ ᠰᠢᠶᠠᠩ ᠤᠨ ᠲᠥᠯᠥᠭᠡᠯᠡᠭᠴᠢ ᠿᠧᠨ ᠵᠢᠩ ᠠᠴᠠ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠤᠬᠠᠭᠤᠯᠭ᠎ᠠ | ᠳᠡᠯᠭᠡᠷᠡᠭᠦᠯᠦᠯᠲᠡ ᠶᠢ ᠴᠢᠩᠭᠠᠳᠬᠠᠬᠤ᠂ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠪᠣᠯᠪᠠᠰᠤᠷᠠᠭᠤᠯᠤᠯ ᠤᠨ ᠡᠷᠴᠢᠮ ᠢ | ᠴᠢᠩᠭᠠᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠯᠠᠨ ᠡᠰᠢᠵᠢᠭᠰᠡᠨ᠂ ᠣᠯᠠᠨ ᠲᠠᠰ ᠳᠠᠪᠬᠤᠷᠭ᠎ᠠ ᠶᠢᠨ᠂ ᠣᠯᠠᠨ | ᠲᠥᠷᠥᠯ ᠬᠡᠯᠪᠡᠷᠢ ᠶᠢᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠳᠡᠭᠡᠭᠰᠢᠯᠡᠭᠦᠯᠬᠦ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠮᠠᠯ ᠠᠵᠤ ᠠᠬᠤᠢ | ᠲᠠᠷᠢᠶᠠᠯᠠᠩ ᠬᠢᠭᠡᠳ ᠭᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠳᠣᠣᠷᠠᠬᠢ ᠬᠡᠳᠦᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠥᠷᠨᠢᠭᠦᠯᠪᠡ᠂ ᠨᠢᠭᠡ ᠳᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠤᠷᠢᠳ | ᠬᠤᠵᠢᠳ 610 ᠲᠦᠮᠡᠨ ᠲᠥᠭᠦᠷᠢᠭ ᠣᠷᠣᠭᠤᠯᠤᠨ 23 ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ ᠶᠢᠨ | ᠬᠥᠭᠵᠢᠯᠲᠡ ᠶᠢ ᠳᠡᠮᠵᠢᠪᠡ᠂ ᠡᠭᠦᠨ ᠳᠤ 480 ᠲᠦᠮᠡᠨ ᠲᠥᠭᠦᠷᠢᠭ ᠤᠨ ᠪᠡᠯᠡ ᠣᠷᠣᠭᠤᠯᠵᠤ᠂ 9995 m² ᠤᠨ | ᠰᠠᠷᠠᠪᠴᠢ ᠬᠠᠰᠢᠶ᠎ᠠ᠂ 3098 m³ ᠤᠨ ᠨᠣᠭᠤᠭᠠᠨ ᠳᠠᠷᠤᠰᠢ ᠶᠢᠨ ᠵᠣᠭᠤᠷᠢ᠂ 3000 m² ᠤᠨ ᠡᠯ᠎ᠡ | ᠲᠥᠷᠥᠯ ᠤᠨ ᠮᠠᠰᠢᠨ ᠤ ᠬᠥᠮᠥᠷᠭᠡ ᠶᠢᠨ ᠦᠢᠯᠡᠳᠪᠦᠷᠢ ᠶᠢᠨ ᠭᠡᠷ ᠵᠢᠴᠢ ᠢᠵᠢ ᠪᠦᠷᠢᠨ ᠲᠥᠬᠦᠭᠡᠷᠦᠮᠵᠢ ᠶᠢ ᠪᠠᠶᠢᠭᠤᠯᠪᠠ᠃ | ᠬᠤᠶᠠᠷ ᠲᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠬᠤᠯᠠᠴᠢᠯᠠᠵᠤ᠂ ᠲᠤᠰᠬᠠᠢ ᠲᠦᠷᠦᠯ ᠤᠨ ᠴᠡᠪᠡᠷᠯᠡᠭᠡ ᠶᠢ | ᠥᠷᠨᠢᠭᠦᠯᠵᠦ᠂ ᠨᠡᠶᠢᠲᠡ 600 ᠭᠠᠷᠤᠢ ︽ᠬᠤᠭᠤᠰᠤᠨ ᠬᠤᠷᠰᠢᠶ᠎ᠠ︾ ︽ᠤᠷᠤᠨᠴᠤᠭ ᠬᠤᠷᠰᠢᠶ᠎ᠠ︾ ᠶᠢ ᠴᠡᠪᠡᠷᠯᠡᠵᠦ᠂ | ᠭᠤᠷᠪᠠᠨ ᠱᠠᠲᠤᠨ ᠤ ᠵᠢᠱᠢᠶ᠎ᠡ ᠦᠵᠡᠭᠦᠯᠬᠦ ᠬᠤᠷᠰᠢᠶ᠎ᠠ ᠶᠢᠨ ᠪᠦᠲᠦᠭᠡᠨ ᠪᠠᠶᠢᠭᠤᠯᠤᠯᠲᠠ ᠶᠢ ᠵᠡᠷᠭᠡ ᠪᠠᠷ ᠰᠠᠶᠢᠲᠤᠷ ᠠᠳᠬᠤᠵᠤ᠂ | ᠵᠢᠱᠢᠶ᠎ᠡ ᠦᠵᠡᠭᠦᠯᠬᠦ ᠬᠤᠷᠰᠢᠶ᠎ᠠ ᠶᠢᠨ ᠨᠡᠶᠢᠲᠡᠯᠢᠭ ᠵᠢᠱᠢᠶᠡᠴᠢ ᠪᠠᠷ ᠬᠥᠲᠥᠯᠥᠨ ᠳᠠᠭᠠᠭᠤᠯᠬᠤ ᠪᠠ ᠨᠥᠯᠥᠭᠡᠯᠡᠨ ᠳᠠᠶᠢᠴᠢᠯᠠᠬᠤ | ᠦᠢᠯᠡᠳᠦᠯ ᠢ ᠪᠠᠳᠠᠷᠠᠭᠤᠯᠤᠨ᠂ ᠬᠤᠲᠠ ᠶᠢᠨ ᠳᠡᠰ ᠤᠨ ᠮᠠᠯᠴᠢᠨ ᠲᠠᠷᠢᠶᠠᠴᠢᠨ ᠤ ᠨᠡᠶᠢᠲᠡᠯᠢᠭ ᠲᠤᠰᠬᠠᠢ ᠬᠤᠷᠰᠢᠶ᠎ᠠ 2 ᠢ | ᠪᠠᠶᠢᠭᠤᠯᠪᠠ᠃ ᠭᠤᠷᠪᠠ ᠳᠤ᠂ ᠢᠳᠡᠪᠬᠢᠲᠠᠢ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠶᠢ ᠪᠠᠷᠢᠮᠲᠠᠯᠠᠨ᠂ ᠮᠠᠯ ᠠᠵᠤ ᠠᠬᠤᠢ | ᠲᠠᠷᠢᠶᠠᠯᠠᠩ ᠤᠨ ᠲᠤᠰᠬᠠᠢ ᠬᠤᠷᠰᠢᠶ᠎ᠠ ᠶᠢ ᠬᠠᠪᠰᠤᠷᠤᠨ ᠠᠵᠢᠯᠯᠠᠵᠤ ᠪᠠᠶᠢᠭ᠎ᠠ ᠬᠥᠮᠥᠰ ᠤᠨ ᠲᠤᠬᠠᠶᠢᠯᠠᠭᠰᠠᠨ ᠠᠵᠢᠯ ᠤᠨ ᠬᠢᠷᠢ | ᠲᠦᠪᠰᠢᠨ ᠢ ᠳᠡᠭᠡᠭᠰᠢᠯᠡᠭᠦᠯᠵᠦ᠂ ᠵᠢᠯ ᠪᠦᠷᠢ 2 ︱ 3 ᠤᠳᠠᠭ᠎ᠠ ᠲᠥᠪᠯᠡᠷᠡᠭᠦᠯᠦᠨ ᠪᠣᠯᠪᠠᠰᠤᠷᠠᠭᠤᠯᠬᠤ ᠶᠢ ᠪᠠᠷᠢᠮᠲᠠᠯᠠᠨ᠂ | ᠨᠡᠶᠢᠲᠡ 300 ᠬᠥᠮᠥᠨ ᠤᠳᠠᠭ᠎ᠠ ᠪᠣᠯᠪᠠᠰᠤᠷᠠᠭᠤᠯᠵᠤ᠂ ᠬᠤᠰᠢᠭᠤᠨ ᠤ ᠮᠠᠯ ᠠᠵᠤ ᠠᠬᠤᠢ ᠲᠠᠷᠢᠶᠠᠯᠠᠩ ᠬᠢᠭᠡᠳ ᠭᠦᠳᠡᠭᠡ | ᠲᠤᠰᠬᠤᠨ ᠮᠠᠯᠵᠢᠬᠤ ᠤᠷᠤᠨ ᠤ ᠲᠣᠪᠴᠢᠶ᠎ᠠ ᠶᠢᠨ ᠮᠡᠷᠭᠡᠵᠢᠯ ᠤᠨ ᠠᠵᠢᠯᠲᠠᠳ ᠵᠢᠯ ᠳᠤ 30 ᠭᠠᠷᠤᠢ ᠤᠳᠠᠭ᠎ᠠ ᠲᠤᠬᠠᠢ ᠶᠢᠨ | ᠲᠠᠯᠠᠪᠤᠷ ᠲᠤ ᠵᠢᠭᠠᠨ ᠵᠢᠯᠤᠭᠤᠳᠴᠤ᠂ ᠦᠢᠯᠡᠳᠪᠦᠷᠢᠯᠡᠯ ᠤᠨ ᠶᠠᠪᠤᠴᠠ ᠳᠤ ᠲᠤᠯᠭᠠᠷᠠᠭᠰᠠᠨ ᠮᠡᠷᠭᠡᠵᠢᠯ ᠤᠨ ᠬᠦᠴᠢᠷ | ᠠᠰᠠᠭᠤᠳᠠᠯ ᠢ ᠬᠠᠪᠰᠤᠷᠤᠨ ᠰᠢᠢᠳᠪᠦᠷᠢᠯᠡᠪᠡ᠃ | ︵ᠠᠷᠪᠠᠨ ᠨᠢᠭᠡ︶ ᠬᠡᠰᠢᠭᠲᠡᠨ ᠬᠤᠰᠢᠭᠤᠨ ᠤ ᠠᠵᠤ ᠦᠢᠯᠡᠰ ᠢ ᠨᠠᠷᠠᠲᠤ ᠲᠡᠮᠳᠡᠭᠵᠢᠭᠦᠯᠬᠦ᠂ ᠬᠡᠪᠴᠢᠶᠡᠵᠢᠭᠦᠯᠬᠦ᠂ | ᠪᠠᠷᠢᠮᠵᠢᠶᠠᠵᠢᠭᠤᠯᠬᠤ ᠲᠤᠬᠠᠢ ᠰᠠᠨᠠᠭᠤᠯᠭ᠎ᠠ ︵24 ᠳ᠋ᠦ᠋ᠭᠡᠷ ᠲᠣᠭᠠᠲᠤ ᠰᠠᠨᠠᠭᠤᠯᠭ᠎ᠠ︶᠃ᠰᠢᠨ ᠺᠠᠢ ᠳ᠋ᠢ ᠰᠢᠶᠠᠩ ᠤᠨ | ᠲᠥᠯᠥᠭᠡᠯᠡᠭᠴᠢ ᠵᠣᠣ ᠰᠢᠤᠸᠠᠢ ᠠᠴᠠ ᠬᠡᠪ ᠳᠠᠭᠤᠷᠢᠶᠠᠯ ᠪᠣᠯᠬᠤ ᠦᠢᠯᠡᠳᠬᠦᠨ ᠢ ᠪᠣᠶ ᠪᠣᠯᠭᠠᠬᠤ᠂ ᠠᠵᠢᠯᠯᠠᠭᠠᠨ ᠤ | ᠬᠡᠪᠴᠢᠶ᠎ᠡ ᠶᠢ ᠥᠷᠭᠡᠳᠬᠡᠬᠦ᠂ ᠠᠵᠤ ᠠᠬᠤᠶᠢᠯᠠᠯ ᠤᠨ ᠪᠠᠷᠢᠮᠵᠢᠶᠠᠵᠢᠭᠤᠯᠤᠨ ᠪᠦᠲᠦᠭᠡᠨ ᠪᠠᠶᠢᠭᠤᠯᠬᠤ ᠶᠢ ᠵᠣᠷᠢᠭᠵᠢᠭᠤᠯᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ | ᠳᠤ ᠳᠡᠮᠵᠢᠯᠭᠡ ᠪᠤᠯᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠮᠠᠯ ᠠᠵᠤ ᠠᠬᠤᠢ | ᠲᠠᠷᠢᠶᠠᠯᠠᠩ ᠬᠢᠭᠡᠳ ᠭᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠳᠣᠣᠷᠠᠬᠢ ᠬᠡᠳᠦᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠦᠷᠨᠢᠭᠦᠯᠪᠡ᠃ ᠨᠢᠭᠡ ᠳᠤ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠢᠰᠲ᠋ᠧᠮ ᠤᠨ | ᠪᠠᠶᠢᠭᠤᠯᠤᠯᠲᠠ ᠶᠢᠨ ᠲᠠᠯ᠎ᠠ ᠪᠠᠷ᠂ ᠪᠥᠬᠦ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠠᠵᠤ | ᠠᠬᠤᠶᠢᠯᠠᠯ ᠪᠠ ᠲᠠᠷᠢᠶᠠᠴᠢᠳ ᠤᠨ ᠲᠤᠰᠬᠠᠢ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠳᠤ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠲᠡᠮᠳᠡᠭᠯᠡᠯ ᠪᠠᠶᠢᠭᠤᠯᠬᠤ ᠶᠢ ᠳᠡᠯᠭᠡᠷᠡᠭᠦᠯᠵᠦ᠂ ᠮᠠᠯ ᠠᠵᠤ ᠠᠬᠤᠢ | ᠲᠠᠷᠢᠶᠠᠯᠠᠩ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠳᠦᠷᠢᠮ ᠢ ᠴᠢᠩᠭ᠎ᠠ ᠬᠡᠷᠡᠭᠵᠢᠭᠦᠯᠦᠨ᠂ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠨᠡᠷᠡᠰ ᠤᠨ ᠵᠢᠭᠰᠠᠭᠠᠯᠲᠠ ᠶᠢ | ᠲᠡᠭᠦᠯᠳᠡᠷᠵᠢᠭᠦᠯᠵᠦ᠂ ᠮᠢᠬᠠᠨ ᠤ ᠦᠬᠡᠷ ᠮᠢᠬᠠᠨ ᠤ ᠬᠤᠨᠢᠨ ᠤ ᠦᠢᠯᠡᠳᠪᠦᠷᠢᠯᠡᠯ ᠤᠨ 270 ᠰᠠᠭᠤᠷᠢᠨ᠂ ᠢᠳᠡᠰᠢᠨ | ᠨᠣᠭᠤᠭ᠎ᠠ ᠵᠢᠮᠢᠰ ᠦᠢᠯᠡᠳᠪᠦᠷᠢᠯᠡᠬᠦ 20 ᠠᠵᠤ ᠠᠬᠤᠶᠢᠯᠠᠯ᠂ ᠢᠳᠡᠰᠢᠨ ᠮᠥᠭᠦ ᠶᠢᠨ ᠦᠢᠯᠡᠳᠪᠦᠷᠢᠯᠡᠯ ᠤᠨ 20 ᠠᠵᠤ | ᠠᠬᠤᠶᠢᠯᠠᠯ ᠢ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠨᠡᠷᠡᠰ ᠤᠨ | ᠵᠢᠭᠰᠠᠭᠠᠯᠲᠠ ᠳᠤ ᠤᠷᠤᠭᠤᠯᠪᠠ᠃ ᠬᠤᠶᠠᠷ ᠲᠤ ᠨᠠᠷᠠᠲᠤ ᠲᠡᠮᠳᠡᠭᠲᠦ ᠶᠢᠨ ᠪᠦᠲᠦᠭᠡᠭᠳᠡᠬᠦᠨ ᠤ ᠶᠠᠰᠤ ᠴᠢᠨᠠᠷ ᠢ ᠡᠵᠡᠮᠳᠡᠬᠦ | ᠲᠠᠯ᠎ᠠ ᠪᠠᠷ᠂ ᠡᠯ᠎ᠡ ᠲᠥᠷᠥᠯ ᠤᠨ ᠪᠡᠯᠡ ᠮᠥᠩᠭᠦ ᠶᠢ 2.6 ᠳ᠋ᠦᠩᠰᠢᠭᠤᠷ ᠲᠥᠭᠦᠷᠢᠭ ᠡᠮᠬᠢᠯᠡᠨ ᠨᠡᠶᠢᠯᠡᠭᠦᠯᠵᠦ ᠶᠠᠳᠠᠭᠤ ᠶᠢ | ᠲᠡᠳᠬᠦᠬᠦ ᠠᠵᠤ ᠦᠢᠯᠡᠰ ᠤᠨ ᠰᠠᠭᠤᠷᠢᠨ ᠭᠠᠵᠠᠷ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠲᠥᠷᠥᠯ ᠵᠦᠢᠯ | ᠪᠠ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠲᠥᠷᠥᠯ ᠵᠦᠢᠯ ᠢ ᠬᠡᠷᠡᠭᠵᠢᠭᠦᠯᠵᠦ᠂ | ᠬᠡᠰᠢᠭᠲᠡᠨ ᠬᠤᠰᠢᠭᠤᠨ ᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠬᠦᠷᠢᠶᠡᠯᠡᠩ | ᠲᠣᠭᠤᠷᠢᠭ ᠢ ᠪᠠᠶᠢᠭᠤᠯᠪᠠ᠃ ︽ᠵᠣᠣ ᠤᠳᠠ ᠮᠢᠬᠠᠨ ᠤ ᠬᠤᠨᠢ︾ ᠶᠢ ᠤᠷᠤᠨ ᠨᠤᠲᠤᠭ ᠤᠨ ᠪᠡᠯᠭᠡ ᠲᠡᠮᠳᠡᠭᠲᠦ | ᠲᠠᠷᠢᠶᠠᠯᠠᠩ ᠤᠨ ᠪᠦᠲᠦᠭᠡᠭᠳᠡᠬᠦᠨ ᠳᠡᠮᠳᠡᠭ ᠢ ᠭᠡᠷᠡᠭᠯᠡᠭᠦ ᠡᠷᠬᠡ ᠣᠯᠭᠤᠬᠤ ᠠᠵᠢᠯ ᠢ ᠢᠳᠡᠪᠬᠢᠲᠡᠢ ᠥᠷᠨᠢᠭᠦᠯᠵᠦ᠂ ᠪᠥᠬᠦ | ᠬᠤᠰᠢᠭᠤᠨ ᠤ ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ ᠤ ᠪᠠᠷᠢᠮᠵᠢᠶᠠᠨ ᠳᠤ ᠭᠦᠷᠭᠦ ᠪᠠᠷ ᠠᠮᠠᠯᠠᠭᠰᠠᠨ ᠬᠢᠷᠢ | ᠲᠡᠩᠴᠡᠭᠰᠡᠨ ᠦᠨᠡᠮᠯᠡᠯ ᠤᠨ ᠳᠦᠷᠢᠮ ᠤᠨ ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ 16 ᠪᠤᠯᠪᠠ᠃ ᠭᠤᠷᠪᠠ ᠳᠤ ᠮᠠᠯ | ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠢ ᠪᠠᠶᠢᠴᠠᠭᠠᠨ ᠰᠢᠯᠭᠠᠬᠤ ᠲᠠᠯ᠎ᠠ ᠪᠠᠷ᠂ ᠠᠵᠤ | ᠠᠬᠤᠶᠢᠯᠠᠯ ᠤᠨ ᠥᠪᠡᠰᠦᠪᠡᠨ ᠪᠠᠶᠢᠴᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠮᠠᠯ ᠤᠨ ᠡᠮ ᠤᠨ ᠦᠯᠡᠳᠡᠭᠳᠡᠯ ᠢ ᠲᠦᠷᠭᠡᠨ | ᠪᠠᠶᠢᠴᠠᠭᠠᠨ ᠰᠢᠯᠭᠠᠬᠤ 2 ᠪᠠᠭᠠᠵᠢ᠂ ︽ᠬᠠᠷ᠎ᠠ ᠮᠢᠬᠠᠵᠢᠭᠤᠯᠬᠤ ᠬᠠᠨᠳᠠ︾ ᠶᠢ ᠲᠦᠷᠭᠡᠨ ᠪᠠᠶᠢᠴᠠᠭᠠᠵᠦ ᠰᠢᠯᠭᠠᠬᠤ ᠺᠠᠷᠲ ᠢ | 800 ᠲᠠᠷᠬᠠᠭᠠᠵᠤ᠂ ᠮᠠᠯ ᠲᠠᠷᠢᠶᠠᠯᠠᠩ ᠤᠨ ᠡᠮ ᠤᠨ ᠦᠯᠡᠳᠡᠭᠳᠡᠯ ᠤᠨ ᠬᠡᠮᠵᠢᠶ᠎ᠡ ᠶᠢ ᠪᠠᠶᠢᠴᠠᠭᠠᠨ ᠰᠢᠯᠭᠠᠬᠤ ᠶᠢ 114 | ᠪᠦᠯᠦᠭ ᠤᠳᠠᠭ᠎ᠠ᠂ ᠴᠢᠨᠠᠷ ᠢ ᠪᠠᠶᠢᠴᠠᠭᠠᠨ ᠰᠢᠯᠭᠠᠬᠤ ᠶᠢ 3000 ᠪᠦᠯᠦᠭ ᠤᠳᠠᠭ᠎ᠠ ᠥᠷᠨᠢᠭᠦᠯᠪᠡ︔ ᠤᠷᠤᠨ ᠨᠤᠲᠤᠭ ᠤᠨ | ᠲᠦᠷᠦᠯ ᠳᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠳᠤ ᠶᠠᠰᠤ ᠴᠢᠨᠠᠷ ᠢ ᠰᠢᠯᠭᠠᠨ ᠦᠨᠡᠯᠡᠬᠦ ᠰᠢᠯᠭᠠᠨ ᠪᠠᠶᠢᠴᠠᠭᠠᠯᠲᠠ ᠬᠢᠵᠦ | ᠂ ︽ᠵᠣᠣ ᠤᠳᠠ ᠮᠢᠬᠠᠨ ᠤ ᠬᠤᠨᠢ︾ ︽ᠲᠡᠯᠡᠶ ᠨᠠᠭᠤᠷ ᠤᠨ ᠴᠠᠭᠠᠯᠵᠢ ᠵᠢᠭᠠᠰᠤ︾ ᠶᠢᠨ ᠶᠠᠰᠤ ᠴᠢᠨᠠᠷ ᠢ ᠰᠢᠯᠭᠠᠨ ᠦᠨᠡᠯᠡᠬᠦ | ᠰᠢᠯᠭᠠᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠪᠣᠶ ᠪᠣᠯᠭᠠᠵᠤ᠂ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢ | ᠵᠢᠯᠤᠭᠤᠳᠪᠠ᠃ | ︵ᠠᠷᠪᠠᠨ ᠬᠤᠶᠠᠷ︶ ᠬᠡᠰᠢᠭᠲᠡᠨ ᠬᠤᠰᠢᠭᠤᠨ ᠤ ᠭᠠᠵᠠᠷ ᠣᠷᠣᠨ ᠤ ᠬᠢᠨᠠᠨ ᠬᠠᠮᠢᠶᠠᠷᠬᠤ ᠠᠵᠢᠯᠲᠠᠳ ᠤᠨ ᠠᠵᠢᠯ | ᠡᠷᠭᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠰᠠᠨᠠᠭᠤᠯᠭ᠎ᠠ ︵26 ᠳ᠋ᠤᠭᠠᠷ ᠲᠣᠭᠠᠲᠤ ᠰᠠᠨᠠᠭᠤᠯᠭ᠎ᠠ︶᠃ ᠶᠢᠩᠴᠠᠩ | ᠵᠡᠭᠡᠯᠢ ᠭᠤᠳᠤᠮᠵᠢ ᠶᠢᠨ ᠲᠥᠯᠥᠭᠡᠯᠡᠭᠴᠢ ᠬᠤ᠋ ᠴᠢᠩ ᠮᠢᠨ ᠠᠴᠠ ᠬᠤᠰᠢᠭᠤᠨ ᠤ ᠪᠠᠷᠢᠯᠭ᠎ᠠ ᠶᠢᠨ ᠦᠢᠯᠡᠰ ᠤᠨ ᠨᠡᠶᠢᠭᠡᠮᠯᠢᠭ | ᠪᠠᠶᠢᠭᠤᠯᠬᠤ᠂ ᠠᠵᠢᠯ ᠡᠷᠭᠢᠯᠡᠬᠦ ᠬᠥᠮᠥᠰ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠬᠤ ᠵᠢᠴᠢ ᠪᠣᠯᠪᠠᠰᠤᠷᠠᠭᠤᠯᠤᠯ | ᠥᠷᠨᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠢᠨᠠᠨ ᠬᠠᠮᠢᠶᠠᠷᠤᠭᠴᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢ | ᠳᠡᠭᠡᠭᠰᠢᠯᠡᠭᠦᠯᠵᠦ᠂ ᠪᠠᠷᠢᠯᠭ᠎ᠠ ᠶᠢᠨ ᠠᠵᠢᠯ ᠲᠥᠷᠥᠯ ᠤᠨ ᠵᠢᠷᠤᠮᠵᠢᠭᠤᠨ ᠬᠥᠭᠵᠢᠯᠲᠡ ᠶᠢ ᠠᠬᠢᠭᠤᠯᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠣᠷᠣᠨ ᠰᠠᠭᠤᠴᠠ ᠬᠢᠭᠡᠳ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢᠭᠡ ᠲᠠᠯ᠎ᠠ ᠪᠠᠷ ᠪᠠᠶᠢᠭᠤᠯᠵᠤ ᠪᠠᠶᠢᠭ᠎ᠠ ᠲᠥᠷᠥᠯ | ᠵᠦᠢᠯ ᠤᠨ ᠠᠵᠢᠯᠲᠠᠳ ᠤᠨ ᠠᠵᠢᠯ ᠡᠷᠭᠢᠯᠡᠬᠦ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠦᠨᠡᠨ ᠪᠠᠶᠢᠳᠠᠯ ᠢ ᠨᠢᠭᠤᠨ ᠳᠠᠯᠳᠠᠯᠠᠵᠤ᠂ ᠬᠤᠳᠠᠯ ᠬᠠᠭᠤᠷᠮᠠᠭ ᠢᠶᠠᠷ ᠤᠶᠢᠯᠡᠲᠦᠭᠰᠡᠨ︔ ᠬᠢᠨᠠᠨ ᠲᠣᠭᠲᠠᠭᠠᠭᠰᠠᠨ ᠬᠢᠨᠠᠨ | ᠬᠠᠮᠢᠶᠠᠷᠬᠤ ᠲᠤᠬᠠᠶᠢᠯᠠᠭᠰᠠᠨ ᠠᠵᠢᠯ ᠤᠨ ᠬᠡᠪᠴᠢᠶ᠎ᠡ ᠠᠴᠠ ᠳᠠᠪᠠᠭᠰᠠᠨ ᠪᠤᠶᠤ ᠵᠥᠪᠰᠢᠶᠡᠷᠡᠭᠦᠯᠦᠭᠰᠡᠨ ᠦᠭᠡᠢ ᠪᠠᠷ | ᠳᠤᠷ᠎ᠠ ᠪᠠᠷ ᠢᠶᠠᠨ ᠬᠢᠨᠠᠨ ᠬᠠᠮᠢᠶᠠᠷᠬᠤ ᠠᠵᠢᠯᠯᠠᠭ᠎ᠠ ᠬᠢᠭᠰᠡᠨ︔ ︽ᠬᠢᠷᠢ ᠬᠡᠮ ᠤᠨ ᠳᠠᠩᠰᠠᠯᠠᠯᠲᠠ ᠶᠢᠨ ᠦᠨᠡᠮᠯᠡᠯ︾ ᠢ | ᠬᠠᠭᠤᠷᠮᠠᠭᠯᠠᠨ ᠵᠣᠬᠢᠶᠠᠬᠤ᠂ ᠪᠠᠯᠠᠯᠤᠨ ᠵᠠᠰᠠᠬᠤ᠂ ᠲᠦᠷᠢᠶᠡᠰᠦᠯᠡᠭᠦᠯᠬᠦ᠂ ᠵᠢᠭᠡᠯᠡᠭᠦᠯᠬᠦ᠂ ᠰᠢᠯᠵᠢᠭᠦᠯᠦᠨ ᠥᠭᠬᠦ᠂ ᠬᠤᠳᠠᠯᠳᠤᠬᠤ | ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠴᠢᠩᠭ᠎ᠠ ᠰᠢᠢᠳᠪᠦᠷᠢᠯᠡᠵᠦ᠂ | ᠬᠢᠷᠢ ᠲᠡᠩᠴᠡᠭᠦ ᠦᠭᠡᠢ ᠬᠢᠨᠠᠨ ᠬᠠᠮᠢᠶᠠᠷᠤᠭᠴᠢ ᠶᠢ ᠠᠵᠢᠯ ᠡᠷᠭᠢᠯᠡᠬᠦ ︽ᠨᠡᠷ᠎ᠡ ᠶᠢᠨ ᠬᠠᠷ᠎ᠠ ᠲᠠᠩᠰᠠ︾ ᠳᠤ ᠤᠷᠤᠭᠤᠯᠪᠠ᠃ | ᠨᠥᠭᠦᠭᠡ ᠲᠠᠯ᠎ᠠ ᠪᠠᠷ᠂ ᠪᠦᠲᠦᠭᠡᠨ ᠪᠠᠶᠢᠭᠤᠯᠬᠤ ᠨᠢᠭᠡᠴᠡ ᠶᠢᠨ ᠬᠢᠨᠠᠨ ᠬᠠᠮᠢᠶᠠᠷᠬᠤ ᠵᠠᠷᠤᠳᠠᠯ ᠢ ᠤᠯᠭᠤᠬᠤ ᠶᠢ ᠬᠢᠨᠠᠨ | ᠬᠠᠮᠢᠶᠠᠷᠴᠤ᠂ ᠬᠢᠨᠠᠨ ᠬᠠᠮᠢᠶᠠᠷᠬᠤ ᠵᠠᠷᠤᠳᠠᠯ ᠢ ᠴᠠᠭ ᠲᠤᠬᠠᠢ ᠳᠤᠨᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠠᠵᠤ | ᠠᠬᠤᠶᠢᠯᠠᠯ ᠤᠨ ᠬᠠᠩᠭᠠᠮᠵᠢᠲᠠᠢ ᠪᠡᠯᠡ ᠮᠥᠩᠭᠦ ᠪᠠᠷ ᠠᠵᠢᠯᠲᠠᠳ ᠤᠨ ᠬᠡᠪ ᠴᠢᠨᠠᠷ ᠢ ᠳᠡᠭᠡᠭᠰᠢᠯᠡᠭᠦᠯᠬᠦ ᠶᠢ ᠪᠠᠲᠤᠯᠠᠪᠠ᠃ | ᠲᠠᠷᠠᠭᠠᠴᠢ ᠶᠢᠨ ᠠᠯᠬᠤᠮ ᠳᠤ᠂ ᠡᠯ᠎ᠡ ᠪᠠᠷᠢᠯᠭ᠎ᠠ ᠶᠢᠨ ᠠᠵᠤ ᠠᠬᠤᠶᠢᠯᠠᠯ ᠢ ᠢᠳᠡᠪᠬᠢᠲᠡᠢ ᠵᠣᠬᠢᠴᠠᠭᠤᠯᠵᠤ ᠪᠠᠶᠢᠭᠠᠳ | ᠤᠯᠠᠭᠠᠨᠬᠠᠳᠠ ᠶᠢᠨ ᠪᠠᠷᠢᠯᠭ᠎ᠠ ᠶᠢᠨ ᠦᠢᠯᠡᠰ ᠤᠨ ᠨᠡᠶᠢᠭᠡᠮᠯᠢᠭ ᠤᠨ ᠬᠡᠰᠢᠭᠲᠡᠨ ᠬᠤᠰᠢᠭᠤᠨ ᠳᠠᠬᠢ ᠬᠤᠪᠢᠶᠠᠷᠢ ᠨᠡᠶᠢᠭᠡᠮᠯᠢᠭ ᠢ | ᠪᠠᠶᠢᠭᠤᠯᠵᠤ᠂ ᠪᠠᠷᠢᠯᠭ᠎ᠠ ᠶᠢᠨ ᠦᠢᠯᠡᠰ ᠤᠨ ᠵᠠᠬ᠎ᠠ ᠳᠡᠯᠭᠡᠭᠦᠷ ᠤᠨ ᠵᠢᠷᠤᠮᠵᠢᠭᠤᠨ ᠪᠥᠭᠡᠳ ᠡᠮᠬᠢ ᠵᠢᠷᠤᠮ ᠲᠠᠢ ᠭᠦᠭᠵᠢᠬᠦ ᠶᠢ | ᠠᠬᠢᠭᠤᠯᠬᠤ ᠪᠤᠯᠤᠨ᠎ᠠ᠃ | ︵ᠠᠷᠪᠠᠨ ᠭᠤᠷᠪᠠ︶ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠤᠬᠠᠢ | ᠰᠠᠨᠠᠭᠤᠯᠭ᠎ᠠ ︵27 ᠳ᠋ᠤᠭᠠᠷ ᠲᠣᠭᠠᠲᠤ ᠰᠠᠨᠠᠭᠤᠯᠭ᠎ᠠ︶᠃ ᠶᠢᠩᠴᠠᠩ ᠵᠡᠭᠡᠯᠢ ᠭᠤᠳᠤᠮᠵᠢ ᠶᠢᠨ ᠲᠥᠯᠥᠭᠡᠯᠡᠭᠴᠢ ᠸᠧᠢ ᠶᠦᠩ | ᠴᠢᠶᠠᠩ ᠠᠴᠠ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠪᠦᠯᠬᠦᠮ ᠢ ᠪᠠᠶᠢᠭᠤᠯᠬᠤ᠂ | ᠬᠢᠨᠠᠯᠲᠠ ᠲᠠᠯᠪᠢᠵᠤ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠬᠦ᠂ ᠨᠡᠶᠢᠭᠡᠮ ᠲᠣᠭᠤᠷᠢᠭ ᠤᠨ ᠡᠮᠴᠢᠯᠡᠭᠡᠨ ᠤ | ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠭᠡᠷ ᠲᠡᠭᠡᠨ ᠰᠠᠭᠤᠵᠤ ᠪᠠᠶᠢᠭ᠎ᠠ | ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ ᠶᠢ | ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠠᠷᠠᠳ ᠤᠨ ᠶᠠᠪᠤᠳᠠᠯ ᠤᠨ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠳᠣᠣᠷᠠᠬᠢ | ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠥᠷᠨᠢᠭᠦᠯᠪᠡ᠃ ᠨᠢᠭᠡ ᠳᠤ ᠵᠠᠰᠠᠭ ᠤᠨ ᠣᠷᠳᠣᠨ ᠦᠢᠯᠡᠴᠢᠯᠡᠭᠡ | ᠬᠤᠳᠠᠯᠳᠤᠨ ᠠᠪᠬᠤ᠂ ᠵᠠᠬ᠎ᠠ ᠳᠡᠯᠭᠡᠭᠦᠷᠴᠢᠯᠡᠭᠰᠡᠨ ᠲᠥᠯᠥᠪᠦᠷᠢᠲᠦ ᠦᠢᠯᠡᠴᠢᠯᠡᠭᠡ ᠪᠠ ᠰᠠᠶᠢᠨ ᠳᠤᠷ᠎ᠠ ᠶᠢᠨ ᠠᠵᠢᠯᠯᠠᠭᠴᠢ ᠶᠢᠨ | ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠶᠢ ᠬᠠᠷᠢᠯᠴᠠᠨ ᠤᠶᠠᠯᠳᠤᠭᠤᠯᠤᠭᠰᠠᠨ ᠭᠡᠷ ᠲᠡᠭᠡᠨ ᠰᠠᠭᠤᠵᠤ ᠪᠠᠶᠢᠭ᠎ᠠ | ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠤᠭᠲᠠᠯᠴᠠᠭ᠎ᠠ ᠶᠢ ᠪᠠᠶᠢᠭᠤᠯᠤᠨ ᠳᠡᠭᠦᠯᠳᠡᠷᠵᠢᠭᠦᠯᠪᠡ᠃ ᠪᠡᠯᠡ | ᠤᠷᠤᠭᠤᠯᠤᠯᠳᠠ ᠪᠠᠨ ᠨᠡᠮᠡᠭᠳᠡᠭᠦᠯᠦᠨ ᠲᠤᠰᠬᠠᠢ ᠮᠡᠷᠭᠡᠵᠢᠯ ᠤᠨ ᠪᠦᠯᠬᠦᠮ ᠢ ᠬᠤᠳᠠᠯᠲᠤᠨ ᠠᠪᠴᠦ 80 ᠨᠠᠰᠤ ᠵᠢᠴᠢ 80 | ᠨᠠᠰᠤᠨ ᠠᠴᠠ ᠳᠡᠭᠡᠭᠰᠢᠬᠢ ᠥᠨᠳᠥᠷ ᠨᠠᠰᠤᠲᠠᠢ ᠵᠡᠷᠭᠡ 6 ᠲᠦᠷᠦᠯ ᠤᠨ ᠨᠡᠶᠢᠳᠡ 774 ᠨᠠᠰᠤᠲᠠᠨ ᠳᠤ ᠬᠤᠭᠤᠯᠠ ᠤᠮᠳᠠ | ᠶᠢᠨ ᠳᠤᠰᠠᠯᠠᠮᠵᠢ᠂ ᠠᠷᠢᠭᠤᠨ ᠴᠡᠪᠡᠷ ᠤᠨ ᠳᠤᠰᠠᠯᠠᠮᠵᠢ᠂ ᠤᠶᠤᠨ ᠰᠠᠨᠠᠭᠠᠨ ᠤ ᠲᠠᠶᠢᠳᠬᠤᠷᠠᠭᠤᠯᠤᠯ ᠵᠡᠷᠭᠡ ᠦᠢᠯᠡᠴᠢᠯᠡᠭᠡ | ᠬᠠᠩᠭᠠᠪᠠ᠃ ᠬᠤᠳᠠ ᠪᠠᠯᠭᠠᠰᠦ ᠶᠢᠨ ᠣᠲᠣ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ 1᠂ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ 2᠂ ᠡᠳᠦᠷ ᠢᠶᠠᠷ ᠠᠰᠠᠷᠠᠨ ᠬᠠᠷᠠᠭᠠᠯᠵᠠᠬᠤ ᠲᠥᠪ 9 ᠪᠠᠶᠢᠵᠤ᠂ | ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠭᠦᠭᠡᠷᠦᠮᠵᠢ ᠶᠢᠨ ᠪᠦᠷᠬᠦᠴᠡ ᠶᠢᠨ ᠨᠣᠷᠮ᠎ᠠ | 100% ᠳᠤ ᠬᠦᠷᠴᠦ᠂ ︽ᠨᠢᠭᠡᠯᠭᠡᠨ ᠮᠦᠴᠡ ᠵᠠᠮᠨᠠᠭᠤᠯᠬᠤ︾ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠲᠣᠭᠤᠷᠢᠭ ᠢ ᠨᠢᠭᠡᠨᠲᠡ ᠪᠠᠶᠢᠭᠤᠯᠵᠤ ᠳᠠᠭᠤᠰᠬᠠᠪᠠ᠃ ᠬᠤᠶᠠᠷ ᠲᠤ ᠡᠮᠴᠢᠯᠡᠭᠡᠨ ᠤ ᠪᠠᠶᠢᠭᠤᠯᠤᠮᠵᠢ ᠬᠢᠭᠡᠳ ᠭᠡᠷ ᠲᠡᠭᠡᠨ | ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠶᠢ ᠪᠦᠲᠦᠮᠵᠢᠲᠡᠶ ᠵᠣᠯᠭᠠᠭᠤᠯᠬᠤ ᠶᠢ ᠴᠢᠩᠭᠠᠳᠬᠠᠵᠤ᠂ ᠡᠯ᠎ᠡ ᠱᠠᠲᠤᠨ ᠤ | ᠭᠡᠷ᠎ᠡ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠵᠢᠴᠢ ᠭᠡᠷ᠎ᠡ ᠲᠣᠭᠲᠠᠭᠰᠠᠨ ᠡᠮᠴᠢ ᠠᠴᠠ ᠪᠡᠶ᠎ᠡ ᠪᠠᠨ ᠳᠠᠭᠠᠭᠠᠬᠤ | ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠲᠤ ᠭᠡᠷ ᠲᠤᠨᠢ ᠬᠦᠷᠴᠦ ᠣᠨᠣᠰᠢᠯᠠᠨ ᠡᠮᠨᠡᠬᠦ᠂ ᠪᠡᠶ᠎ᠡ ᠶᠢᠨ ᠪᠠᠶᠢᠴᠠᠭᠠᠯᠲᠠ᠂ | ᠡᠷᠡᠭᠦᠯᠵᠢᠯ ᠵᠡᠷᠭᠡ ᠦᠢᠯᠡᠴᠢᠯᠡᠭᠡ ᠬᠠᠩᠭᠠᠪᠠ᠃ ᠬᠠᠷᠢᠶᠠᠲᠤ ᠣᠷᠣᠨ ᠤ 65 ᠨᠠᠰᠤ ᠵᠢᠴᠢ ᠲᠡᠭᠦᠨ ᠠᠴᠠ ᠦᠨᠲᠦᠷ | ᠨᠠᠰᠤᠯᠠᠭᠰᠠᠨ ᠪᠠᠶᠢᠩᠭᠤ ᠰᠠᠭᠤᠭ᠎ᠠ ᠰᠠᠭᠤᠭᠠᠯᠢ ᠠᠷᠠᠳ ᠲᠤ ᠴᠢᠭᠯᠡᠭᠦᠯᠦᠨ ᠨᠠᠰᠤᠲᠠᠶᠢᠴᠤᠳ ᠤᠨ ᠡᠷᠡᠭᠦᠯ ᠮᠡᠨᠳᠦ ᠶᠢᠨ | ᠬᠠᠮᠢᠶᠠᠷᠤᠯᠲᠠ ᠶᠢᠨ ᠦᠢᠯᠡᠴᠢᠯᠡᠭᠡ ᠶᠢ ᠵᠢᠯ ᠪᠦᠷᠢ ᠨᠢᠭᠡ ᠤᠳᠠᠭ᠎ᠠ ᠬᠠᠩᠭᠠᠬᠤ ᠶᠢᠨ ᠬᠠᠮᠲᠤ᠂ ᠡᠷᠡᠭᠦᠯ ᠮᠡᠨᠳᠦ ᠶᠢᠨ ᠲᠠᠩᠰᠠ | ᠡᠪᠬᠡᠮᠡᠯ ᠢ ᠳ᠋ᠠᠶᠢᠲ᠋ᠠ ᠬᠥᠮᠥᠷᠭᠡ ᠳᠤ ᠣᠷᠣᠭᠤᠯᠵᠤ᠂ ᠡᠷᠡᠭᠦᠯ ᠪᠤᠰᠤ ᠠᠮᠢᠳᠤᠷᠠᠯ ᠤᠨ ᠠᠷᠭ᠎ᠠ ᠮᠠᠶ᠋ᠢᠭ ᠪᠠ ᠡᠮ ᠬᠡᠷᠡᠭᠯᠡᠬᠦ | ᠠᠳᠡᠭᠦᠷᠡᠯ ᠳᠤ ᠵᠢᠯᠣᠭᠤᠳᠤᠯᠭ᠎ᠠ ᠪᠠ ᠬᠠᠮᠢᠶᠠᠷᠦᠯᠳᠠ ᠬᠢᠪᠡ᠃ ᠣᠳᠣᠬᠠᠨ ᠳᠤ᠂ ᠪᠥᠬᠦ ᠬᠤᠰᠢᠭᠤᠨ ᠤ 65 ᠨᠠᠰᠤᠨ ᠠᠴᠠ | ᠳᠡᠭᠡᠭᠰᠢᠬᠢ ᠨᠠᠰᠤᠲᠠᠶᠢᠴᠤᠳ ᠢ 26260 ᠬᠦᠮᠦᠨ ᠢ ᠬᠠᠮᠢᠶᠠᠷᠤᠯᠲᠠ ᠳᠤ ᠣᠷᠣᠭᠤᠯᠵᠤ᠂ 9368 ᠬᠥᠮᠥᠨ ᠳᠤ | ᠰᠦᠢᠳᠬᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠵᠦ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠨᠣᠷᠮ᠎ᠠ | 35.6% ᠳᠤ ᠭᠦᠷᠴᠦ᠂ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠤᠨ ᠭᠡᠷ ᠪᠦᠯᠢ ᠶᠢᠨ ᠡᠮᠴᠢ ᠶᠢᠨ ᠭᠡᠷ᠎ᠡ | ᠲᠣᠭᠲᠠᠭᠰᠠᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ 89.5% ᠳᠤ ᠬᠦᠷᠪᠡ᠃ | ︵ᠠᠷᠪᠠᠨ ᠳᠥᠷᠪᠡ︶ ︽ᠬᠤᠶᠠᠷ ᠢ ᠬᠦᠩᠭᠡᠷᠡᠭᠦᠯᠬᠦ︾ ᠪᠠᠶᠢᠳᠠᠯ ᠳᠣᠣᠷ᠎ᠠ ᠪᠠᠭᠰᠢ ᠰᠤᠷᠤᠭᠴᠢᠳ ᠤᠨ ᠳᠠᠷᠤᠭᠠᠰᠤ ᠶᠢ | ᠬᠦᠩᠭᠡᠷᠡᠭᠦᠯᠬᠦ ᠶᠠᠪᠤᠳᠠᠯ ᠢ ᠦᠨᠡᠨ ᠬᠦ ᠨᠠᠶᠢᠳᠠᠪᠤᠷᠢᠵᠢᠭᠤᠯᠬᠤ ᠲᠤᠬᠠᠢ ᠰᠠᠨᠠᠭᠤᠯᠭ᠎ᠠ ︵28 ᠳ᠋ᠤᠭᠠᠷ ᠰᠠᠨᠠᠭᠤᠯᠭ᠎ᠠ︶᠃ | ᠶᠢᠩᠴᠠᠩ ᠵᠡᠭᠡᠯᠢ ᠭᠤᠳᠤᠮᠵᠢ ᠶᠢᠨ ᠲᠥᠯᠥᠭᠡᠯᠡᠭᠴᠢ ᠪᠦᠦ ᠰᠢ ᠮᠢᠨ ᠠᠴᠠ ᠬᠠᠷᠢᠮᠠᠬᠠᠢ ᠴᠢᠨᠠᠷᠲᠠᠢ᠂ ᠢᠳᠡᠭ ᠢᠳᠡᠭ ᠢᠶᠠᠷ | ᠠᠬᠢᠭᠤᠯᠤᠭᠰᠠᠨ ᠬᠢᠴᠢᠶᠡᠯ ᠤᠨ ᠳᠠᠷᠠᠭᠠᠬᠢ ᠴᠠᠭ ᠤᠷᠲᠤᠳᠬᠠᠬᠤ ᠦᠢᠯᠡᠴᠢᠯᠡᠭᠡ ᠶᠢ ᠬᠡᠷᠡᠭᠵᠢᠭᠦᠯᠵᠦ᠂ ᠪᠠᠭᠰᠢ ᠶᠢᠨ | ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠳᠡᠭᠡᠭᠰᠢᠯᠡᠭᠦᠯᠬᠦ ᠲᠠᠢ ᠬᠤᠯᠪᠣᠭᠳᠠᠯ ᠦᠭᠡᠢ ᠠᠵᠢᠯ ᠤᠨ ᠡᠭᠦᠷᠭᠡ ᠶᠢ ᠪᠠᠭᠠᠰᠬᠠᠨ᠂ | ᠪᠠᠭᠰᠢ ᠶᠢᠨ ᠳᠠᠷᠤᠭᠠᠰᠤ ᠶᠢ ᠬᠥᠩᠭᠡᠷᠡᠭᠦᠯᠬᠦ᠂ ᠰᠤᠷᠤᠭᠴᠢᠳ ᠤᠨ ᠳᠠᠷᠤᠭᠠᠰᠤ ᠶᠢ ᠬᠥᠩᠭᠡᠷᠡᠭᠦᠯᠬᠦ ᠶᠢ ᠦᠨᠡᠨ ᠬᠦ ᠪᠡᠶᠡᠯᠡᠭᠦᠯᠬᠦ | ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠰᠤᠷᠭᠠᠨ ᠬᠥᠮᠦᠵᠢᠯ ᠤᠨ | ᠲᠣᠪᠴᠢᠶ᠎ᠠ ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠥᠷᠨᠢᠭᠦᠯᠪᠡ᠃ ᠨᠢᠭᠡ ᠳᠤ᠂ ᠭᠡᠷ ᠤᠨ ᠠᠬᠠᠮᠠᠳ | ᠰᠠᠶᠢᠨ ᠳᠤᠷ᠎ᠠ ᠠᠴᠠ ᠪᠠᠨ ᠪᠠᠶᠢᠬᠤ᠂ ᠰᠤᠷᠤᠬᠴᠢ ᠪᠡᠶ᠎ᠡ ᠪᠠᠨ ᠳᠠᠭᠠᠭᠠᠵᠤ ᠰᠣᠩᠭᠤᠬᠤ ᠵᠠᠷᠴᠢᠮ ᠤᠨ ᠶᠤᠰᠤᠭᠠᠷ ᠬᠢᠴᠢᠶᠡᠯ ᠤᠨ | ᠳᠠᠷᠠᠭᠠᠬᠢ ᠴᠠᠭ ᠤᠷᠲᠤᠳᠬᠠᠬᠤ ᠤᠶᠢᠯᠡᠴᠢᠯᠡᠭᠡ ᠶᠢ ᠦᠷᠨᠢᠭᠦᠯᠵᠦ᠂ ᠰᠤᠷᠤᠬᠴᠢ ᠶᠢᠨ ᠥᠪᠡᠷᠮᠢᠴᠡ ᠬᠥᠭᠵᠢᠯᠲᠡ ᠶᠢᠨ | ᠬᠡᠷᠡᠭᠴᠡᠭᠡ ᠶᠢ ᠨᠡᠩ ᠰᠠᠶᠢᠨ ᠬᠠᠩᠭᠠᠵᠤ᠂ ᠰᠤᠷᠤᠬᠴᠢ ᠶᠢᠨ ᠪᠦᠬᠦ ᠲᠠᠯ᠎ᠠ ᠪᠠᠷ ᠡᠷᠡᠭᠦᠯ ᠢᠶᠠᠷ ᠦᠰᠦᠨ ᠪᠣᠶᠢᠵᠢᠬᠤ ᠶᠢ | ᠠᠬᠢᠭᠤᠯᠪᠠ᠃ ᠬᠤᠶᠠᠷ ᠲᠤ᠂ ᠪᠠᠭᠰᠢ ᠶᠢᠨ ᠪᠠᠲᠤᠯᠠᠭ᠎ᠠ ᠶᠢᠨ ᠭᠦᠴᠦᠯᠡᠴᠡ ᠶᠢ ᠨᠡᠮᠡᠭᠳᠡᠭᠦᠯᠵᠦ᠂ 2022 ᠣᠨ ᠳᠤ ᠪᠥᠬᠦ | ᠬᠤᠰᠢᠭᠤᠨ ᠳᠤ 98 ᠪᠠᠭᠰᠢ ᠶᠢ ᠨᠥᠬᠦᠪᠦᠷᠢᠯᠡᠬᠦ ᠶᠢᠨ ᠬᠠᠮᠲᠤ᠂ ᠪᠠᠭᠰᠢ ᠶᠢᠨ ᠬᠢᠴᠢᠶᠡᠯ ᠲᠥᠷᠥᠯ ᠤᠨ ᠣᠨᠴᠠ ᠴᠢᠳᠠᠪᠤᠷᠢ᠂ | ᠬᠤᠪᠢ ᠬᠥᠮᠥᠨ ᠤ ᠣᠨᠴᠠ ᠴᠢᠳᠠᠪᠤᠷᠢ ᠶᠢ ᠭᠦᠢᠴᠡᠳ ᠠᠭᠤᠳᠠᠯᠵᠤ᠂ ᠪᠠᠭᠰᠢ ᠶᠢᠨ ᠬᠢᠴᠢᠶᠡᠯ ᠤᠨ ᠳᠠᠷᠠᠭᠠᠬᠢ | ᠦᠢᠯᠡᠴᠢᠯᠡᠭᠡ ᠳᠤ ᠣᠷᠤᠯᠴᠠᠬᠤ ᠰᠠᠨᠠᠭᠠᠴᠢᠯᠠᠭᠠᠲᠤ ᠴᠢᠨᠠᠷ ᠢ ᠭᠦᠭᠵᠢᠭᠡᠪᠡ᠃ ᠭᠤᠷᠪᠠ ᠳᠤ᠂ ᠰᠤᠷᠤᠯᠴᠠᠯᠭ᠎ᠠ ᠲᠠᠢ ᠬᠠᠮᠢᠶ᠎ᠠ | ᠦᠭᠡᠢ ᠡᠭᠦᠷᠭᠡ ᠦᠭᠬᠦ ᠶᠢ ᠴᠢᠩᠭ᠎ᠠ ᠬᠢᠵᠠᠭᠠᠷᠯᠠᠵᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠵᠠᠷᠤᠳᠠᠯ ᠤᠨ | ᠨᠥᠬᠦᠪᠦᠷᠢ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠭᠰᠢ ᠶᠢᠨ ᠠᠵᠢᠯ ᠤᠨ ᠳᠠᠷᠤᠭᠠᠰᠤ ᠶᠢ ᠬᠥᠩᠭᠡᠷᠡᠭᠦᠯᠵᠦ᠂ ᠪᠠᠭᠰᠢ ᠶᠢᠨ | ᠨᠡᠩ ᠤᠯᠠᠨ ᠴᠠᠭ ᠢ ᠵᠢᠭᠠᠨ ᠰᠤᠳᠤᠯᠬᠤ ᠠᠵᠢᠯ ᠳᠤ ᠬᠡᠷᠡᠭᠯᠡᠬᠦ ᠶᠢ ᠪᠠᠲᠤᠯᠠᠵᠤ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠢ | ᠳᠡᠭᠡᠭᠰᠢᠯᠡᠭᠦᠯᠪᠡ᠃ | ︵ᠠᠷᠪᠠᠨ ᠲᠠᠪᠤ︶ ᠨᠡᠶᠢᠭᠡᠮ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠵᠦ | ᠠᠮᠤᠷ ᠲᠠᠶᠢᠪᠤᠩ ᠨᠡᠶᠢᠭᠡᠮ ᠲᠣᠭᠤᠷᠢᠭ ᠢ ᠪᠦᠲᠦᠭᠡᠨ ᠪᠠᠶᠢᠭᠤᠯᠬᠤ ᠲᠤᠬᠠᠢ ᠰᠠᠨᠠᠭᠤᠯᠭ᠎ᠠ ︵29 ᠳ᠋ᠤᠭᠡᠷ ᠲᠣᠭᠠᠲᠤ | ᠰᠠᠨᠠᠭᠤᠯᠭ᠎ᠠ︶᠃ ᠶᠢᠩᠴᠠᠩ ᠵᠡᠭᠡᠯᠢ ᠭᠤᠳᠤᠮᠵᠢ ᠶᠢᠨ ᠲᠥᠯᠥᠭᠡᠯᠡᠭᠴᠢ ᠯᠢᠦ ᠢᠦᠢ ᠴᠢ ᠠᠴᠠ ᠪᠠᠴᠢᠮ ᠪᠠᠶᠢᠳᠠᠯ ᠢ | ᠠᠷᠭᠠᠴᠠᠭᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠡᠪ ᠤᠨ ᠪᠠᠶᠢᠳᠠᠯ ᠪᠣᠯᠣᠨ ᠪᠠᠴᠢᠮ ᠪᠠᠶᠢᠳᠠᠯ ᠢ | ᠠᠷᠭᠠᠴᠠᠭᠠᠬᠤ ᠶᠢ ᠤᠶᠠᠯᠳᠤᠭᠤᠯᠤᠭᠰᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠣᠣᠷᠵᠢᠯᠲᠠ ᠶᠢᠨ ᠰᠢᠰᠲ᠋ᠧᠮ ᠢ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠬᠤ ᠮᠡᠳᠡᠯᠭᠡ ᠶᠢᠨ | ᠲᠦᠭᠡᠮᠡᠯᠵᠢᠯᠲᠡ ᠶᠢᠨ ᠨᠤᠷᠮ᠎ᠠ ᠶᠢ ᠳᠡᠭᠡᠭᠰᠢᠯᠡᠭᠦᠯᠵᠦ᠂ ᠭᠡᠨᠡᠳᠲᠡ ᠶᠢᠨ ᠬᠡᠷᠡᠭ ᠤᠨ ᠲᠦᠭᠰᠢᠭᠦᠷᠢ ᠶᠢᠨ ᠲᠣᠣᠷᠵᠢᠯᠲᠠ ᠶᠢᠨ | ᠬᠠᠮᠢᠶᠠᠷᠤᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠬᠦ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠥᠷᠨᠢᠭᠦᠯᠪᠡ᠃ | ᠨᠢᠭᠡ ᠳᠤ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠪᠡᠯᠡᠳᠬᠡᠯ ᠲᠥᠰᠥᠯ ᠤᠨ ᠲᠤᠭᠲᠠᠯᠴᠠᠭ᠎ᠠ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ︽ᠬᠡᠰᠢᠭᠲᠡᠨ ᠬᠤᠰᠢᠭᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠢ | ᠲᠥᠰᠥᠯ︾ ᠳᠤ ᠵᠠᠰᠠᠪᠤᠷᠢ ᠣᠷᠣᠭᠤᠯᠬᠤ ᠠᠵᠢᠯ ᠢ ᠡᠬᠢᠯᠡᠭᠦᠯᠵᠦ᠂ ᠶᠡᠷᠦᠩᠬᠡᠢ ᠲᠥᠰᠥᠯ᠂ ᠲᠤᠰᠬᠠᠢ ᠲᠥᠰᠥᠯ᠂ ᠰᠠᠯᠠᠭ᠎ᠠ | ᠮᠥᠴᠢᠷ ᠤᠨ ᠲᠥᠰᠥᠯ ᠪᠠ ᠰᠢᠢᠳᠪᠦᠷᠢᠯᠡᠬᠦ ᠲᠥᠰᠥᠯ ᠤᠨ ᠲᠠᠰ ᠳᠠᠪᠬᠤᠷᠭ᠎ᠠ ᠶᠣᠰᠣᠭᠠᠷ ᠪᠡᠯᠡᠳᠬᠡᠯ ᠲᠥᠰᠥᠯ ᠤᠨ | ᠲᠤᠭᠲᠠᠯᠴᠠᠭ᠎ᠠ ᠶᠢ ᠳᠡᠭᠦᠯᠳᠡᠷᠵᠢᠭᠦᠯᠪᠡ᠃ ᠬᠤᠶᠠᠷ ᠲᠤ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ | ᠴᠢᠳᠠᠪᠤᠷᠢ ᠶᠢᠨ ᠳᠡᠭᠡᠭᠰᠢᠯᠡᠯᠲᠡ ᠶᠢ ᠴᠢᠩᠭᠠᠳᠬᠠᠵᠤ᠂ ︽ᠬᠡᠰᠢᠭᠲᠡᠨ ᠬᠤᠰᠢᠭᠤᠨ ᠤ ᠦᠨᠳᠦᠰᠦᠨ ᠱᠠᠲᠤᠨ ᠤ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢᠨ ᠲᠥᠰᠥᠯ︾ ᠢ | ᠲᠤᠭᠤᠷᠪᠢᠨ ᠲᠣᠭᠲᠠᠭᠠᠵᠤ᠂ ᠳᠠᠪᠠᠭᠤᠯᠢᠭ ᠡᠬᠢ ᠪᠠᠶᠠᠯᠢᠭ ᠤᠨ ᠡᠯᠧᠮᠧᠨ᠋ᠲ ᠢ ᠡᠮᠬᠢᠯᠡᠨ ᠨᠡᠶᠢᠯᠡᠭᠦᠯᠵᠦ᠂ ᠦᠨᠳᠦᠰᠦᠨ | ᠱᠠᠲᠤᠨ ᠤ ᠠᠶᠤᠯᠭᠦᠢ ᠦᠢᠯᠡᠳᠪᠦᠷᠢᠯᠡᠯ᠂ ᠭᠠᠯ ᠤᠨᠲᠠᠷᠠᠭᠠᠬᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ | ᠭᠠᠮᠰᠢᠭ ᠠᠴᠠ ᠠᠪᠤᠷᠠᠬᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠲᠦᠪᠰᠢᠨ ᠢ | ᠳᠡᠭᠡᠭᠰᠢᠯᠡᠭᠦᠯᠪᠡ᠃ ᠭᠤᠷᠪᠠ ᠳᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠭᠤᠷᠢ ᠲᠣᠣᠷᠵᠢᠯ ᠢ | ᠲᠡᠭᠦᠯᠳᠡᠷᠵᠢᠭᠦᠯᠵᠦ᠂ ︽ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠣᠷᠵᠢᠯ ᠤᠨ ᠪᠠᠶᠢᠭᠤᠯᠤᠯᠲᠠ ᠪᠠ | ᠲᠣᠣᠷᠵᠢᠯ ᠤᠨ ᠠᠵᠢᠯᠲᠠᠨ ᠤ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠵᠦ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠰᠡᠷᠡᠵᠦ ᠮᠡᠳᠡᠬᠦ ᠲᠣᠣᠷᠵᠢᠯ ᠢ ᠪᠦᠬᠦ ᠲᠠᠯ᠎ᠠ ᠪᠠᠷ ᠪᠠᠶᠢᠭᠤᠯᠵᠤ᠂ ᠠᠶᠤᠯ ᠲᠦᠭᠰᠢᠭᠦᠷᠢ ᠶᠢᠨ ᠳᠠᠯᠳᠠ ᠭᠡᠮ ᠢ | ᠡᠷᠲᠡ ᠰᠡᠷᠡᠵᠦ ᠮᠡᠳᠡᠬᠦ᠂ ᠡᠷᠲᠡ ᠢᠯᠭᠠᠨ ᠲᠠᠨᠢᠬᠤ᠂ ᠡᠷᠲᠡ ᠤᠷᠢᠳᠴᠢᠯᠠᠨ ᠰᠡᠷᠡᠮᠵᠢᠯᠡᠭᠦᠯᠬᠦ᠂ ᠡᠷᠲᠡ ᠨᠡᠶᠢᠲᠡᠯᠡᠬᠦ | ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ | ︵ᠠᠷᠪᠠᠨ ᠵᠢᠷᠭᠤᠭ᠎ᠠ︶ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢ | ᠴᠢᠩᠭᠠᠳᠬᠠᠵᠤ᠂ ᠠᠮᠤᠷ ᠲᠠᠶᠢᠪᠤᠩ ᠡᠷᠡᠭᠦᠯ ᠡᠩᠭᠡ ᠬᠡᠰᠢᠭᠲᠡᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ | ᠲᠤᠬᠠᠢ ᠰᠠᠨᠠᠭᠤᠯᠭ᠎ᠠ ︵31 ᠳ᠋ᠤᠭᠡᠷ ᠲᠣᠭᠠᠲᠤ ᠰᠠᠨᠠᠭᠤᠯᠭ᠎ᠠ︶᠃ ᠶᠢᠩᠴᠠᠩ ᠵᠡᠭᠡᠯᠢ ᠭᠤᠳᠤᠮᠵᠢ ᠶᠢᠨ ᠲᠥᠯᠥᠭᠡᠯᠡᠭᠴᠢ ᠦ᠋ | ᠿᠦᠢ ᠰᠥᠩ ᠠᠴᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠣᠶᠤᠨ ᠮᠡᠳᠡᠷᠡᠯ ᠤᠨ | ᠡᠮᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠤᠶᠤᠨ ᠮᠡᠳᠡᠷᠡᠯ ᠤᠨ ᠬᠦᠨᠲᠦ ᠡᠪᠡᠳᠴᠢᠲᠡᠨ ᠤ ᠬᠠᠮᠢᠶᠠᠷᠤᠯᠲᠠ ᠶᠢ | ᠵᠢᠷᠤᠮᠵᠢᠭᠤᠯᠵᠤ᠂ ᠣᠶᠤᠨ ᠮᠡᠳᠡᠷᠡᠯ ᠤᠨ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠦᠨ᠂ ᠣᠶᠤᠨ ᠮᠡᠳᠡᠷᠡᠯ ᠤᠨ | ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠤᠨ ᠲᠦᠷᠭᠡᠨ ᠬᠥᠭᠵᠢᠯᠲᠡ ᠶᠢ ᠲᠦᠯᠬᠢᠨ ᠠᠬᠢᠭᠤᠯᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠥᠷᠨᠢᠭᠦᠯᠪᠡ᠂ ᠨᠢᠭᠡ ᠳᠤ᠂ | ᠰᠡᠳᠬᠢᠴᠡ ᠶᠢᠨ ᠡᠷᠡᠭᠦᠯ ᠮᠡᠨᠳᠦ ᠶᠢᠨ ᠠᠵᠢᠯ ᠢ ᠡᠷᠡᠭᠦᠯ ᠡᠩᠭᠡ ᠬᠡᠰᠢᠭᠲᠡᠨ ᠬᠤᠰᠢᠭᠤᠨ ᠤ ᠠᠵᠢᠯᠯᠠᠭᠠᠨ ᠳᠤ ᠤᠷᠤᠭᠤᠯᠤᠨ | ᠲᠤᠰᠬᠠᠢ ᠲᠥᠷᠥᠯ ᠢᠶᠠᠷ ᠠᠬᠢᠭᠤᠯᠵᠤ᠂ ᠬᠦᠨᠳᠦ ᠨᠣᠴᠢᠲᠠᠢ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠡᠳᠦᠷ | ᠲᠤᠲᠤᠮ ᠤᠨ ᠢᠯᠡᠷᠡᠭᠦᠯᠦᠯᠲᠡ᠂ ᠳᠠᠩᠰᠠᠯᠠᠨ ᠮᠡᠳᠡᠭᠦᠯᠬᠦ᠂ ᠳᠠᠭᠠᠵᠤ ᠰᠤᠷᠪᠤᠯᠵᠢᠯᠠᠬᠤ ᠬᠠᠮᠢᠶᠠᠷᠤᠯᠲᠠ᠂ ᠠᠶᠤᠯᠲᠤ ᠴᠢᠨᠠᠷ ᠢ | ᠦᠨᠡᠯᠡᠨ ᠵᠢᠱᠢᠬᠦ᠂ ᠡᠮ ᠤᠤᠭᠤᠬᠤ ᠵᠢᠯᠣᠭᠤᠳᠤᠯᠭ᠎ᠠ᠂ ᠰᠡᠳᠬᠢᠴᠡ ᠶᠢᠨ ᠳᠡᠮᠵᠢᠯᠭᠡ ᠵᠡᠷᠭᠡ ᠦᠢᠯᠡᠴᠢᠯᠡᠭᠡ ᠶᠢ ᠣᠯᠠᠨ ᠠᠷᠭ᠎ᠠ | ᠵᠠᠮ ᠢᠶᠠᠷ ᠦᠷᠨᠢᠭᠦᠯᠪᠡ᠃ ᠬᠤᠶᠠᠷ ᠲᠤ᠂ ᠣᠶᠣᠨ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠣᠶᠢᠷ᠎ᠠ ᠬᠠᠪᠢ ᠶᠢᠨ ᠡᠮ | ᠡᠮᠨᠡᠯᠭᠡ ᠶᠢᠨ ᠬᠡᠷᠡᠭᠴᠡᠭᠡ ᠶᠢ ᠰᠢᠢᠳᠪᠦᠷᠢᠯᠡᠵᠦ᠂ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠦᠷᠦᠯ ᠵᠦᠢᠯ ᠤᠨ | ᠰᠡᠳᠬᠢᠴᠡ ᠶᠢᠨ ᠡᠭᠦᠳᠡᠨ ᠡᠮᠨᠡᠯᠭᠡ᠂ ᠤᠨᠲᠠᠯᠭ᠎ᠠ ᠶᠢᠨ ᠡᠭᠦᠳᠡᠨ ᠡᠮᠨᠡᠯᠭᠡ᠂ ᠡᠮᠨᠡᠯᠭᠡ ᠳᠤ ᠰᠠᠭᠤᠬᠤ ᠡᠪᠡᠳᠴᠢᠲᠡᠨ ᠤ | ᠲᠣᠭᠤᠷᠢᠭ ᠢ ᠵᠠᠯᠭᠠᠭ᠎ᠠ ᠪᠠᠷ ᠨᠡᠭᠡᠭᠡᠵᠦ᠂ ᠠᠪᠤᠷᠠᠨ ᠲᠤᠰᠠᠯᠠᠬᠤ ᠪᠠ ᠡᠮ ᠡᠮᠨᠡᠯᠭᠡ ᠶᠢᠨ ᠳᠠᠭᠠᠳᠬᠠᠯ ᠢ ᠵᠣᠯᠭᠠᠭᠤᠯᠬᠤ ᠶᠢ | ᠵᠡᠷᠭᠡᠪᠡᠷ ᠰᠠᠶᠢᠲᠤᠷ ᠬᠢᠵᠦ᠂ ᠶᠠᠳᠠᠭᠤ ᠬᠦᠴᠢᠷᠳᠡᠯᠲᠡᠢ ᠡᠪᠡᠳᠴᠢᠲᠡᠨ ᠤ ᠠᠵᠤ ᠠᠬᠤᠢ ᠶᠢᠨ ᠳᠠᠷᠤᠭᠠᠰᠤ ᠶᠢ ᠬᠦᠩᠭᠡᠷᠡᠭᠦᠯᠪᠡ︔ | ᠭᠤᠷᠪᠠ ᠳᠤ ᠬᠤᠰᠢᠭᠤ᠂ ᠰᠢᠶᠠᠩ᠂ ᠲᠣᠰᠬᠤᠨ ᠭᠤᠷᠪᠠᠨ ᠱᠠᠲᠤᠨ ᠤ ᠤᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠣᠲᠣ ᠪᠥᠬᠦ ᠬᠤᠰᠢᠭᠤᠨ ᠳᠤ ᠬᠤᠶᠠᠳᠤᠭᠠᠷ ᠳᠡᠰ ᠤᠨ ᠡᠮᠴᠢᠯᠡᠭᠡᠨ ᠤ | ᠪᠠᠶᠢᠭᠤᠯᠤᠮᠵᠢ 2᠂ ᠤᠶᠤᠨ ᠮᠡᠳᠡᠷᠡᠯ ᠤᠨ ᠰᠠᠯᠠᠭ᠎ᠠ ᠪᠤᠶᠤ ᠰᠡᠳᠬᠢᠴᠡ ᠶᠢᠨ ᠯᠠᠪᠯᠠᠯᠲᠠ ᠶᠢᠨ ᠡᠭᠦᠳᠡᠨ ᠡᠮᠨᠡᠯᠭᠡ ᠶᠢᠨ | ᠡᠮᠴᠢᠯᠡᠭᠡᠨ ᠤ ᠪᠠᠶᠢᠭᠤᠯᠤᠮᠵᠢ 1᠂ ᠰᠢᠶᠠᠩ ᠤᠨ ᠱᠠᠲᠤᠨ ᠤ ᠲᠤᠰᠬᠠᠢ ᠪᠠ ᠲᠤᠰᠢᠶᠠᠯ ᠬᠠᠪᠰᠤᠷᠭᠠᠭᠰᠠᠨ ᠰᠢᠯᠢᠳᠡᠭ ᠡᠷᠡᠭᠦᠯ | ᠬᠠᠮᠠᠭᠠᠯᠠᠯ ᠤᠨ ᠬᠠᠮᠢᠶᠠᠷᠤᠯᠲᠠ ᠶᠢᠨ ᠠᠵᠢᠯᠲᠠᠨ 22᠂ ᠲᠣᠰᠬᠤᠨ ᠤ ᠱᠠᠲᠤᠨ ᠤ ᠲᠤᠰᠬᠠᠢ ᠪᠠ ᠲᠤᠰᠢᠶᠠᠯ ᠬᠠᠪᠰᠤᠷᠭᠠᠭᠰᠠᠨ | ᠰᠢᠯᠢᠳᠡᠭ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠵᠢᠯᠲᠠᠨ 167 ᠪᠠᠶᠢᠵᠤ᠂ ᠪᠥᠬᠦ ᠬᠤᠰᠢᠭᠤᠨ ᠤ ᠬᠦᠨᠳᠦ | ᠨᠣᠴᠢᠲᠠᠢ ᠤᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠵᠢᠯ ᠢ ᠡᠮᠬᠢ | ᠵᠢᠷᠤᠮ ᠲᠠᠢ ᠦᠷᠨᠢᠭᠦᠯᠵᠦ ᠪᠤᠢ᠃ | ︵ᠠᠷᠪᠠᠨ ᠳᠣᠯᠤᠭ᠎ᠠ︶ ᠨᠤᠸᠠᠨ ᠶᠢ ᠶᠠᠩ ᠨᠠᠰᠤᠲᠠᠶᠢᠴᠤᠳ ᠤᠨ ᠨᠡᠶᠢᠲᠡ ᠶᠢᠨ ᠤᠷᠤᠨ ᠰᠠᠭᠤᠴᠠ ᠶᠢᠨ ᠬᠤᠶᠠᠳᠤᠭᠠᠷ | ᠬᠤᠭᠤᠴᠠᠭᠠᠨ ᠤ ᠭᠦᠭᠵᠢᠭᠦᠯᠦᠯᠳᠡ ᠶᠢᠨ ᠲᠤᠬᠠᠢ ᠰᠠᠨᠠᠭᠤᠯᠭ᠎ᠠ ︵32 ᠳ᠋ᠤᠭᠠᠷ ᠲᠣᠭᠠᠲᠤ ᠰᠠᠨᠠᠭᠤᠯᠭ᠎ᠠ︶᠃ ᠶᠢᠩᠴᠠᠩ | ᠵᠡᠭᠡᠯᠢ ᠭᠤᠳᠤᠮᠵᠢ ᠶᠢᠨ ᠲᠥᠯᠥᠭᠡᠯᠡᠭᠴᠢ ᠯᠢ ᠧᠨ ᠯᠢᠶᠠᠨ ᠠᠴᠠ ᠬᠡᠰᠢᠭᠲᠡᠨ ᠬᠤᠰᠢᠭᠤᠨ ᠤ ᠨᠤᠸᠠᠨ ᠶᠢ ᠶᠠᠩ | ᠨᠠᠰᠤᠲᠠᠶᠢᠴᠤᠳ ᠤᠨ ᠨᠡᠶᠢᠲᠡ ᠶᠢᠨ ᠤᠷᠤᠨ ᠰᠠᠭᠤᠴᠠ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠳᠡᠮᠵᠢᠵᠦ᠂ ᠮᠠᠨ ᠤ ᠬᠤᠰᠢᠭᠤᠨ ᠤ ᠡᠮᠴᠢᠯᠡᠭᠡ ᠰᠤᠪᠢᠯᠠᠯᠲᠠ᠂ ᠡᠷᠡᠭᠦᠯᠵᠢᠯ ᠰᠤᠪᠢᠯᠠᠯᠲᠠ ᠶᠢ | ᠠᠭᠤᠰᠤᠯᠴᠠᠭᠤᠯᠤᠨ ᠬᠥᠭᠵᠢᠭᠦᠯᠬᠦ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠭᠲᠠᠯᠴᠠᠭ᠎ᠠ ᠶᠢ | ᠪᠦᠷᠢᠨᠰᠢᠭᠦᠯᠬᠦ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠢᠨ ᠨᠤᠸᠠᠨ ᠶᠢ ᠶᠠᠩ ᠨᠠᠰᠤᠲᠠᠶᠢᠴᠤᠳ ᠤᠨ ᠨᠡᠶᠢᠲᠡ ᠶᠢᠨ ᠤᠷᠤᠨ ᠰᠠᠭᠤᠴᠠ ᠶᠢᠨ ᠬᠤᠶᠠᠳᠤᠭᠠᠷ | ᠬᠤᠭᠤᠴᠠᠭᠠᠨ ᠤ ︵ᠨᠤᠸᠠᠨ ᠶᠢ ᠶᠠᠩ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ︶ | ᠢᠨᠵᠧᠨᠧᠷᠢᠩ ᠤᠨ ᠡᠮᠬᠢ ᠵᠢᠷᠤᠮ ᠲᠠᠢ ᠶᠠᠪᠤᠭᠳᠠᠬᠤ ᠶᠢ ᠶᠡᠬᠡᠪᠡᠷ ᠳᠡᠮᠵᠢᠵᠦ᠂ ᠲᠥᠷᠥᠯ ᠵᠦᠢᠯ ᠨᠢ ᠴᠢᠯᠦᠭᠡᠯᠡᠯᠲᠡ ᠵᠠᠮ ᠤᠨ | ᠡᠮᠦᠨ᠎ᠡ ᠬᠡᠰᠡᠭ ᠲᠤ ᠪᠠᠶᠢᠵᠤ᠂ 3300 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠂ ᠬᠡᠷᠡᠭᠯᠡᠬᠦ | ᠭᠠᠵᠠᠷ ᠤᠨ ᠭᠡᠮᠵᠢᠶ᠎ᠡ ᠨᠢ 15 ᠮᠦ᠂ 20319.8 ᠲᠡᠭᠰᠢ ᠳᠥᠷᠪᠡᠯᠵᠢᠨ ᠮᠧᠲᠷ ᠤᠨ ᠪᠠᠷᠢᠯᠭ᠎ᠠ ᠶᠢᠨ ᠲᠠᠯᠠᠪᠠᠶ᠂ 666 | ᠡᠪᠡᠳᠴᠢᠲᠡᠨ ᠤ ᠣᠷᠣ ᠶᠢ ᠵᠢᠷᠤᠵᠤ ᠲᠥᠯᠥᠪᠯᠡᠨ᠂ ︽ᠬᠤᠶᠠᠷ ᠬᠦᠷᠢᠶᠡᠯᠡᠩ ᠶᠢᠰᠦᠨ ᠲᠥᠪ︾ ᠢᠶᠠᠷ ᠭᠤᠣᠯ ᠴᠣᠭᠴᠠ | ᠪᠣᠯᠭᠠᠵᠤ᠂ ᠣᠯᠠᠨ ᠵᠦᠢᠯ ᠤᠨ ᠣᠨᠴᠠᠯᠢᠭᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠨᠠᠰᠤᠲᠠᠶᠢᠴᠤᠳ ᠢ | ᠲᠤᠰᠠᠯᠠᠬᠤ᠂ ᠨᠠᠰᠤᠲᠠᠶᠢᠴᠤᠳ ᠢ ᠠᠰᠠᠷᠠᠬᠤ ᠦᠢᠯᠡᠴᠢᠯᠡᠭᠡ ᠶᠢ ᠪᠠᠭᠲᠠᠭᠠᠨ᠎ᠠ᠃ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠦᠨ᠎ᠡ | ᠲᠥᠯᠥᠪᠦᠷᠢ ᠦᠭᠡᠢ ᠪᠠᠷ ᠬᠤᠪᠢᠶᠠᠷᠢᠯᠠᠨ ᠦᠭᠴᠦ᠂ ᠤᠲᠤᠬᠠᠨ ᠪᠣᠯᠲᠠᠯ᠎ᠠ ᠲᠥᠷᠥᠯ ᠵᠦᠢᠯ ᠤᠨ ᠪᠠᠷᠢᠯᠭ᠎ᠠ ᠶᠢᠨ ᠵᠢᠷᠤᠭ ᠢ | ᠨᠢᠭᠡᠨᠲᠡ ᠪᠡᠶᠡᠯᠡᠭᠦᠯᠦᠭᠰᠡᠨ ᠪᠥᠭᠡᠳ ᠨᠢᠭᠡᠨᠲᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠳᠤ ᠮᠡᠳᠡᠭᠦᠯᠪᠡ᠃ ᠲᠠᠷᠠᠭᠠᠴᠢ ᠶᠢᠨ ᠠᠯᠬᠤᠮ ᠳᠤ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ | ᠭᠦᠢᠴᠡᠳᠬᠡᠬᠦ ᠶᠢ ᠲᠦᠷᠭᠡᠳᠬᠡᠨ ᠠᠬᠢᠭᠤᠯᠵᠤ᠂ ᠲᠥᠷᠥᠯ ᠵᠦᠢᠯ ᠤᠨ ᠡᠷᠲᠡᠬᠡᠨ ᠠᠵᠢᠯ ᠡᠬᠢᠯᠡᠭᠦᠯᠦᠨ ᠪᠦᠲᠦᠭᠡᠨ | ᠪᠠᠶᠢᠭᠤᠯᠬᠤ ᠶᠢ ᠠᠬᠢᠭᠤᠯᠤᠨ᠎ᠠ᠃ | ︵ᠠᠷᠪᠠᠨ ᠨᠠᠢᠮᠠ︶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠠᠶ ᠣᠷᠳᠣᠨ ᠢ ᠪᠦᠲᠦᠭᠡᠨ ᠪᠠᠶᠢᠭᠤᠯᠬᠤ | ᠲᠤᠬᠠᠢ ᠰᠠᠨᠠᠭᠤᠯᠭ᠎ᠠ ︵33 ᠳ᠋ᠤᠭᠠᠷ ᠲᠣᠭᠠᠲᠤ ᠰᠠᠨᠠᠭᠤᠯᠭ᠎ᠠ︶᠃ ᠰᠢᠷᠠᠮᠦ᠋ᠷᠡᠨ ᠵᠡᠭᠡᠯᠢ ᠭᠤᠳᠤᠮᠵᠢ ᠶᠢᠨ ᠲᠥᠯᠥᠭᠡᠯᠡᠭᠴᠢ | ᠰᠢᠩ ᠢᠦᠢ ᠯᠢᠶᠠᠩ ᠠᠴᠠ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠶᠡᠷᠦᠩᠬᠡᠶᠢᠯᠡᠭᠰᠡᠨ | ᠬᠡᠯᠪᠡᠷᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠲᠥᠯᠥᠪᠵᠢᠭᠦᠯᠦᠨ ᠪᠠᠶᠢᠭᠤᠯᠵᠤ᠂ ᠪᠢᠷᠠᠭᠤ ᠪᠠᠯᠭᠠᠰᠤᠨ ᠤ | ᠰᠠᠭᠤᠭᠠᠯᠢ ᠠᠷᠠᠳ ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠬᠠᠩᠭᠠᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠰᠣᠶᠣᠯ ᠪᠡᠶ᠎ᠡ ᠶᠢᠨ | ᠲᠠᠮᠢᠷ ᠤᠨ ᠲᠣᠪᠴᠢᠶ᠎ᠠ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ 2022 ᠣᠨ ᠳᠤ ᠳᠡᠭᠡᠳᠦ ᠱᠠᠲᠤᠨ ᠤ ᠲᠤᠰᠬᠠᠢ ᠪᠡᠯᠡ ᠮᠥᠩᠭᠦ ᠶᠢ | ᠢᠳᠡᠪᠬᠢᠲᠡᠢ ᠪᠠᠷ ᠲᠡᠮᠡᠴᠡᠨ ᠣᠯᠵᠤ᠂ ᠤᠯᠠᠭᠠᠨᠬᠠᠳᠠ ᠬᠤᠲᠠ ᠶᠢᠨ ᠶᠢᠩᠴᠠᠩ ᠪᠡᠶ᠎ᠡ ᠶᠢᠨ ᠲᠠᠮᠢᠷ ᠤᠨ ᠴᠡᠴᠡᠷᠯᠢᠭ ᠤᠨ ᠲᠥᠷᠥᠯ | ᠵᠦᠢᠯ ᠢ ᠪᠦᠲᠦᠭᠡᠨ ᠪᠠᠶᠢᠭᠤᠯᠵᠤ᠂ ᠲᠥᠷᠥᠯ ᠵᠦᠢᠯ ᠳᠤ ᠨᠡᠶᠢᠲᠡ 3000 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ | ᠲᠥᠯᠥᠪᠯᠡᠵᠦ᠂ ᠭᠤᠣᠯᠳᠠᠭᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠠᠶ᠂ ᠬᠥᠯ ᠪᠥᠮᠪᠦᠭᠡ᠂ ᠰᠠᠭᠰᠤᠨ | ᠪᠥᠮᠪᠦᠭᠡ ᠶᠢᠨ ᠲᠠᠯᠠᠪᠤᠷ᠂ ᠲᠡᠰᠢᠯᠲᠡ ᠶᠢᠨ ᠲᠠᠯᠠᠪᠤᠷ᠂ ᠨᠠᠰᠤᠲᠠᠶᠢᠴᠤᠳ ᠤᠨ ᠬᠥᠳᠡᠯᠭᠡᠭᠡᠨ ᠤ ᠲᠠᠯᠠᠪᠤᠷ᠂ ᠬᠡᠦᠬᠡᠳ ᠤᠨ | ᠵᠤᠭ᠎ᠠ ᠴᠡᠩᠭᠡᠯ ᠤᠨ ᠲᠣᠭᠤᠷᠢᠭ ᠵᠡᠷᠭᠡ ᠶᠢ ᠪᠦᠲᠦᠭᠡᠨ ᠪᠠᠶᠢᠭᠤᠯᠤᠨ᠎ᠠ᠃ ᠤᠲᠤᠬᠠᠨ ᠪᠣᠯᠲᠠᠯ᠎ᠠ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠶᠢ ᠨᠢᠭᠡᠨᠲᠡ ᠪᠡᠶᠡᠯᠡᠭᠦᠯᠵᠦ᠂ ᠣᠳᠣ ᠶᠠᠭ ᠠᠵᠢᠯ ᠡᠬᠢᠯᠡᠬᠦ ᠵᠥᠪᠰᠢᠶᠡᠷᠡᠯ ᠢ ᠭᠦᠢᠴᠡᠳᠬᠡᠵᠦ | ᠪᠠᠶᠢᠨ᠎ᠠ᠃ ᠡᠭᠦᠨ ᠤ ᠬᠠᠮᠲᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ︵ᠴᠢᠩᠭᠡᠯᠢᠭ ᠡᠮᠨᠡᠯᠭᠡ ᠶᠢᠨ ᠬᠤᠷᠢᠶ᠎ᠠ︶ | ᠤᠨ ᠲᠥᠷᠥᠯ ᠵᠦᠢᠯ ᠢ ᠰᠦᠪᠡᠭᠴᠢᠯᠡᠨ ᠲᠥᠯᠥᠪᠯᠡᠵᠦ ᠨᠥᠭᠡᠴᠡᠯᠡᠪᠡ᠃ ᠲᠠᠷᠠᠭᠠᠴᠢ ᠶᠢᠨ ᠠᠯᠬᠤᠮ ᠳᠤ᠂ ᠲᠦᠷᠦᠯ ᠵᠦᠢᠯ ᠤᠨ | ᠲᠥᠯᠥᠪᠯᠡᠭᠡ ᠶᠣᠰᠣᠭᠠᠷ ᠪᠠᠷᠢᠯᠭ᠎ᠠ ᠪᠠᠷᠢᠬᠤ ᠶᠢ ᠠᠬᠢᠭᠤᠯᠵᠤ᠂ ᠮᠠᠨ ᠤ ᠬᠤᠰᠢᠭᠤᠨ ᠤ ᠪᠦᠭᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠠᠯᠠᠪᠤᠷ ᠵᠢᠴᠢ ᠲᠥᠬᠦᠭᠡᠷᠦᠮᠵᠢ ᠶᠢ ᠦᠷᠭᠦᠯᠵᠢᠯᠡᠨ ᠰᠠᠶᠢᠵᠢᠷᠠᠭᠤᠯᠤᠨ᠎ᠠ᠃ | ᠤᠲᠤᠬᠠᠨ ᠪᠣᠯᠲᠠᠯ᠎ᠠ᠂ ᠡᠮᠦᠨᠡᠬᠢ ᠬᠤᠭᠤᠴᠠᠭᠠᠨ ᠤ ᠭᠠᠷᠳᠠᠮ ᠢ ᠨᠢᠭᠡᠨᠲᠡ ᠭᠦᠢᠴᠡᠳᠬᠡᠵᠦ ᠳᠠᠭᠤᠰᠬᠠᠭᠠᠳ᠂ ᠶᠠᠭ | ᠢᠯᠡ ᠪᠠᠷ ᠳᠠᠭᠠᠭᠠᠴᠢᠯᠠᠯᠲᠠ ᠵᠠᠷᠯᠠᠵᠤ ᠪᠠᠶᠢᠨ᠎ᠠ᠃ ᠡᠭᠦᠨ ᠤ ᠬᠠᠮᠲᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ | ᠪᠠ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠣᠷᠳᠣᠨ ᠵᠡᠷᠭᠡ ᠲᠥᠷᠥᠯ ᠵᠦᠢᠯ ᠢ ᠰᠦᠪᠡᠭᠴᠢᠯᠡᠨ ᠲᠥᠯᠥᠪᠯᠡᠵᠦ ᠨᠥᠭᠡᠴᠡᠯᠡᠪᠡ | ᠃ ᠲᠠᠷᠠᠭᠠᠴᠢ ᠶᠢᠨ ᠠᠯᠬᠤᠮ ᠳᠤ᠂ ᠲᠥᠷᠥᠯ ᠵᠦᠢᠯ ᠢ ᠲᠦᠯᠦᠪᠯᠡᠭᠡ ᠶᠤᠰᠤᠭᠠᠷ ᠪᠠᠷᠢᠯᠭ᠎ᠠ ᠡᠭᠢᠯᠡᠭᠦᠯᠬᠦ ᠶᠢ ᠠᠭᠢᠭᠤᠯᠵᠦ᠂ | ᠮᠠᠨ ᠤ ᠬᠤᠰᠢᠭᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠵᠢᠴᠢ ᠲᠥᠬᠦᠭᠡᠷᠦᠮᠵᠢ ᠶᠢ ᠦᠷᠭᠦᠯᠵᠢᠯᠡᠨ | ᠰᠠᠶᠢᠵᠢᠷᠠᠭᠤᠯᠤᠨ᠎ᠠ᠃ | ︵ᠠᠷᠪᠠ ᠶᠢᠰᠦ︶ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠳᠤ ᠬᠡᠷᠡᠭᠯᠡᠬᠦ ᠭᠡᠷ | ᠪᠠᠶᠢᠰᠢᠩ ᠢ ᠲᠣᠬᠢᠷᠠᠭᠤᠯᠤᠨ ᠪᠠᠶᠢᠭᠤᠯᠬᠤ ᠲᠤᠬᠠᠢ ᠰᠠᠨᠠᠭᠤᠯᠭ᠎ᠠ ︵34 ᠳ᠋ᠤᠭᠡᠷ ᠲᠣᠭᠠᠲᠤ ᠰᠠᠨᠠᠭᠤᠯᠭ᠎ᠠ︶᠃ ᠰᠢᠷᠠᠮᠦ᠋ᠷᠡᠨ | ᠵᠡᠭᠡᠯᠢ ᠭᠤᠳᠤᠮᠵᠢ ᠶᠢᠨ ᠲᠥᠯᠥᠭᠡᠯᠡᠭᠴᠢ ᠰᠢᠩ ᠢᠦᠢ ᠯᠢᠶᠠᠩ ᠠᠴᠠ ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢᠨ ᠵᠤᠭᠰᠤᠴᠠ ᠠᠴᠠ ᠡᠭᠦᠰᠴᠦ᠂ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠳᠤ | ᠬᠡᠷᠡᠭᠯᠡᠬᠦ ᠭᠡᠷ ᠪᠠᠶᠢᠰᠢᠩ ᠢ ᠵᠢᠯ ᠬᠤᠪᠢᠶᠠᠨ ᠠᠯᠬᠤᠮ ᠠᠯᠬᠤᠮ ᠢᠶᠠᠷ ᠲᠣᠬᠢᠷᠠᠭᠤᠯᠤᠨ ᠪᠠᠶᠢᠭᠤᠯᠵᠤ᠂ ᠠᠳᠠᠯ ᠠᠬᠤᠢ ᠶᠢᠨ | ᠠᠵᠢᠯᠲᠠᠳ ᠤᠨ ᠠᠵᠢᠯᠯᠠᠬᠤ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠵᠢᠭᠦᠷᠯᠡᠨ ᠰᠠᠬᠢᠬᠤ ᠠᠰᠠᠭᠤᠳᠠᠯ ᠢ | ᠰᠢᠢᠳᠪᠦᠷᠢᠯᠡᠬᠦ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠣᠷᠣᠨ ᠰᠠᠭᠤᠴᠠ ᠬᠢᠭᠡᠳ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠥᠬᠦ ᠲᠠᠯ᠎ᠠ ᠪᠠᠷ ᠪᠠᠶᠢᠴᠠᠭᠠᠨ ᠡᠮᠭᠢᠯᠡᠵᠦ᠂ ᠣᠳᠣᠬᠠᠨ ᠤ | ᠣᠯᠠᠩᠬᠢ ᠣᠷᠣᠨ ᠰᠠᠭᠤᠴᠠ ᠶᠢᠨ ᠲᠣᠭᠤᠷᠢᠭ ᠢ ᠨᠡᠭᠡᠭᠡᠨ ᠬᠥᠭᠵᠢᠭᠦᠯᠬᠦ ᠬᠤᠳᠠᠯᠲᠤᠭᠠᠴᠢᠳ ᠪᠦᠲᠦᠭᠡᠨ ᠪᠠᠶᠢᠭᠤᠯᠵᠦ᠂ | ᠭᠠᠵᠠᠷ ᠰᠢᠷᠣᠢ ᠶᠢᠨ ᠰᠢᠨᠵᠢ ᠴᠢᠨᠠᠷ ᠨᠢ ᠰᠢᠯᠵᠢᠭᠦᠯᠦᠨ ᠬᠤᠳᠠᠯᠲᠤᠭᠰᠠᠨ ᠶᠠᠪᠤᠳᠠᠯ ᠪᠣᠯᠣᠨ᠎ᠠ᠂ ᠣᠷᠣᠨ ᠰᠠᠭᠤᠴᠠ ᠶᠢᠨ | ᠲᠣᠭᠤᠷᠢᠭ ᠲᠤ ᠪᠠᠷᠢᠯᠭ᠎ᠠ ᠨᠡᠮᠡᠵᠦ ᠪᠠᠶᠢᠭᠤᠯᠬᠤ ᠨᠢ ᠤᠤᠯ ᠤᠨ ᠪᠠᠭᠲᠠᠭᠠᠮᠵᠢ ᠶᠢᠨ ᠨᠣᠷᠮ᠎ᠠ ᠶᠢ ᠬᠤᠪᠢᠷᠠᠭᠤᠯᠵᠤ᠂ | ᠳᠤᠷ᠎ᠠ ᠪᠠᠷ ᠢᠶᠠᠨ ᠪᠠᠷᠢᠯᠭ᠎ᠠ ᠨᠡᠮᠡᠵᠦ ᠬᠠᠰᠤᠬᠤ ᠨᠢ ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠬᠠᠤᠯᠢ ᠳᠤ ᠨᠡᠶᠢᠴᠡᠬᠦ | ᠦᠭᠡᠢ᠂ ᠬᠡᠷᠪᠡ ᠦᠨᠡᠬᠡᠷ ᠰᠢᠨ᠎ᠡ ᠪᠠᠷ ᠪᠠᠶᠢᠭᠤᠯᠬᠤ ᠴᠢᠬᠤᠯᠠᠲᠠᠢ ᠪᠣᠯ᠂ ᠲᠥᠯᠦᠪᠵᠢᠭᠦᠯᠭᠡ ᠶᠢᠨ ᠰᠠᠯᠠᠭ᠎ᠠ ᠮᠥᠴᠢᠷ ᠨᠢ | ᠣᠳᠣᠬᠠᠨ ᠤ ᠪᠣᠳᠠᠲᠠᠢ ᠤᠨᠴᠠᠭᠠᠢ ᠪᠠᠶᠢᠳᠠᠯ ᠢ ᠦᠨᠳᠦᠰᠦᠯᠡᠨ ᠠᠳᠠᠯ ᠠᠬᠤᠢ ᠶᠢᠨ ᠭᠡᠷ ᠪᠠᠶᠢᠰᠢᠩ ᠲᠣᠬᠢᠷᠠᠭᠤᠯᠤᠨ | ᠪᠠᠶᠢᠭᠤᠯᠤᠭᠰᠠᠨ ᠦᠭᠡᠢ ᠬᠠᠭᠤᠴᠢᠨ ᠰᠠᠭᠤᠭᠠᠯᠢ ᠲᠣᠭᠤᠷᠢᠭ ᠢ ᠳᠠᠭᠢᠵᠤ ᠰᠢᠨ᠎ᠡ ᠪᠠᠷ ᠲᠥᠯᠥᠪᠵᠢᠭᠦᠯᠵᠦ ᠬᠢᠨᠠᠨ | ᠵᠥᠪᠰᠢᠶᠡᠷᠡᠭᠦᠯᠬᠦ ᠬᠡᠷᠡᠭᠲᠡᠢ᠃ ᠲᠠᠷᠠᠭᠠᠴᠢ ᠶᠢᠨ ᠠᠯᠬᠤᠮ ᠤᠨ ︽ᠬᠤᠲᠠ ᠶᠢᠨ ᠰᠢᠨᠡᠴᠢᠯᠡᠯᠲᠡ︾ ᠶᠢᠨ ᠲᠥᠷᠥᠯ ᠵᠦᠢᠯ ᠳᠤ᠂ | ᠬᠤᠰᠢᠭᠤᠨ ᠤ ᠣᠷᠣᠨ ᠰᠠᠭᠤᠴᠠ ᠬᠢᠭᠡᠳ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠭᠦᠢᠴᠡᠳ | ᠪᠣᠳᠣᠯᠬᠢᠯᠠᠵᠤ᠂ ᠳᠡᠭᠡᠳᠦ ᠱᠠᠲᠤᠨ ᠤ ᠪᠠ ᠲᠣᠰ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠤᠯᠬᠤ ᠪᠠᠷ ᠢᠳᠡᠪᠬᠢᠲᠠᠢ | ᠴᠢᠷᠮᠡᠶᠢᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠶᠢᠨ ᠬᠡᠷᠡᠭᠯᠡᠭᠡᠨ ᠤ ᠭᠡᠷ ᠪᠠᠶᠢᠰᠢᠩ ᠢ | ᠲᠣᠬᠢᠷᠠᠭᠤᠯᠤᠨ ᠪᠠᠶᠢᠭᠤᠯᠬᠤ ᠠᠵᠢᠯ ᠢ ᠪᠡᠶᠡᠯᠡᠭᠦᠯᠦᠨ᠎ᠡ᠃ | ︵ᠬᠤᠷᠢ︶ ᠵᠠᠰᠠᠭ ᠤᠨ ᠣᠷᠳᠣᠨ ᠤ ᠭᠠᠯ ᠤᠨᠲᠠᠷᠠᠭᠠᠬᠤ ᠲᠤᠰᠬᠠᠢ ᠠᠩᠭᠢ ᠶᠢ ᠪᠠᠶᠢᠭᠤᠯᠬᠤ ᠲᠤᠬᠠᠢ ᠰᠠᠨᠠᠭᠤᠯᠭ᠎ᠠ ︵ | 35 ᠳ᠋ᠤᠭᠠᠷ ᠰᠠᠨᠠᠭᠤᠯᠭ᠎ᠠ︶᠃ ᠰᠢᠷᠠᠮᠦ᠋ᠷᠡᠨ ᠵᠡᠭᠡᠯᠢ ᠭᠤᠳᠤᠮᠵᠢ ᠶᠢᠨ ᠲᠥᠯᠥᠭᠡᠯᠡᠭᠴᠢ ᠯᠢ ᠴᠢᠩ ᠶᠤᠸᠠᠨ ᠠᠴᠠ ᠵᠠᠰᠠᠭ ᠤᠨ | ᠣᠷᠳᠣᠨ ᠤ ᠲᠤᠰᠬᠠᠢ ᠭᠠᠯ ᠤᠨᠲᠠᠷᠠᠭᠠᠬᠤ ᠠᠩᠭᠢ ᠶᠢ ᠵᠣᠬᠢᠶᠠᠨ ᠪᠠᠶᠢᠭᠤᠯᠵᠤ᠂ ᠣᠳᠣᠬᠠᠨ ᠤ ᠭᠠᠯ ᠤᠨᠲᠠᠷᠠᠭᠠᠵᠤ ᠠᠪᠤᠷᠠᠨ | ᠲᠤᠰᠠᠯᠠᠬᠤ ᠬᠦᠴᠦᠨ ᠬᠦᠷᠦᠯᠴᠡᠬᠦ ᠦᠭᠡᠢ᠂ ᠠᠪᠤᠷᠠᠨ ᠲᠤᠰᠠᠯᠠᠬᠤ ᠬᠦᠷᠢᠶ᠎ᠡ ᠬᠡᠪᠴᠢᠶ᠎ᠡ ᠶᠢ ᠬᠠᠮᠤᠷᠬᠤ ᠳᠤ ᠬᠦᠴᠢᠷᠲᠡᠢ ᠵᠡᠷᠭᠡ | ᠠᠰᠠᠭᠤᠳᠠᠯ ᠢ ᠨᠥᠬᠦᠪᠦᠷᠢᠯᠡᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠤᠷ ᠲᠦᠪᠰᠢᠨ ᠢ | ᠦᠨᠡᠨᠬᠦ ᠬᠠᠮᠠᠭᠠᠯᠠᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯ ᠤᠨ ᠪᠡᠯᠡ | ᠣᠷᠣᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠬᠤᠰᠢᠭᠤᠨ ᠤ ᠭᠠᠯ ᠤᠨᠲᠠᠷᠠᠭᠠᠬᠤ ᠶᠡᠭᠡ | ᠠᠩᠭᠢ ᠭᠠᠯ ᠤᠨᠲᠠᠷᠠᠭᠠᠬᠤ ᠬᠠᠤᠯᠢ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ᠂ ᠭᠠᠯ ᠤᠨᠲᠠᠷᠠᠭᠠᠬᠤ | ᠬᠠᠷᠢᠭᠤᠴᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠳᠠᠯᠳᠠ ᠬᠡᠮ ᠢ ᠶᠡᠷᠦᠩᠬᠡᠶᠢᠯᠡᠨ ᠵᠠᠰᠠᠬᠤ ᠶᠢ ᠴᠢᠩᠭ᠎ᠠ ᠠᠳᠬᠤᠬᠤ᠂ | ᠣᠯᠠᠨ ᠨᠡᠶᠢᠲᠡ ᠶᠢᠨ ᠭᠠᠯ ᠤᠨᠲᠠᠷᠠᠭᠠᠬᠤ ᠰᠠᠭᠤᠷᠢ ᠶᠢ ᠪᠠᠲᠤᠳᠬᠠᠬᠤ ᠵᠡᠷᠭᠡ ᠠᠷᠭ᠎ᠠ ᠬᠡᠮᠵᠢᠶ᠎ᠡ ᠪᠠᠷ ᠪᠥᠬᠦ ᠬᠤᠰᠢᠭᠤᠨ ᠤ ᠭᠠᠯ | ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ︽ᠬᠡᠰᠢᠭᠲᠡᠨ ᠬᠤᠰᠢᠭᠤᠨ ᠤ | ᠦᠨᠳᠦᠰᠦᠨ ᠱᠠᠲᠤᠨ ᠤ ᠭᠠᠯ ᠤᠨᠲᠠᠷᠠᠭᠠᠬᠤ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ | ᠬᠡᠷᠡᠭᠵᠢᠭᠦᠯᠬᠦ ᠲᠥᠰᠥᠯ︾ ᠢ ᠨᠠᠶᠢᠷᠠᠭᠤᠯᠤᠨ ᠵᠣᠬᠢᠶᠠᠵᠤ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ︽ | ᠰᠢᠶᠠᠩ ᠪᠠᠯᠭᠠᠰᠤᠨ ᠤ ᠭᠠᠯ ᠤᠨᠲᠠᠷᠠᠭᠠᠬᠤ ᠠᠩᠭᠢ ᠶᠢᠨ GB/T 35547 ︱ 2017︾ ᠶᠢ ᠦᠨᠳᠦᠰᠦᠯᠡᠨ᠂ | ᠪᠢᠷᠠᠭᠤ ᠪᠠᠯᠭᠠᠰᠤ᠂ ᠶᠢᠩᠴᠠᠩ ᠵᠡᠭᠡᠯᠢ ᠭᠤᠳᠤᠮᠵᠢ᠂ ᠰᠢᠷᠠᠮᠥ᠋ᠷᠡᠨ ᠵᠡᠭᠡᠯᠢ ᠭᠤᠳᠤᠮᠵᠢ ᠠᠴᠠ ᠪᠤᠰᠤᠳ 12 ᠰᠤᠮᠤ ᠰᠢᠶᠠᠩ | ᠪᠠᠯᠭᠠᠰᠤ᠂ ᠵᠡᠭᠡᠯᠢ ᠭᠤᠳᠤᠮᠵᠢ ᠳᠤ ᠬᠤᠶᠠᠳᠤᠭᠠᠷ ᠳᠡᠰ ᠤᠨ ᠰᠢᠶᠠᠩ ᠪᠠᠯᠭᠠᠰᠤᠨ ᠤ ᠲᠤᠰᠬᠠᠢ ᠲᠤᠰᠢᠶᠠᠯᠲᠤ ᠭᠠᠯ | ᠤᠨᠲᠠᠷᠠᠭᠠᠬᠤ ᠠᠪᠤᠷᠠᠨ ᠲᠤᠰᠠᠯᠠᠬᠤ ᠠᠩᠭᠢ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠂ ᠣᠳᠣᠬᠠᠨ ᠳᠤ ᠲᠥᠰᠥᠯ ᠢ ᠨᠢᠭᠡᠨᠲᠡ | ᠨᠠᠶᠢᠷᠠᠭᠤᠯᠤᠨ ᠵᠣᠬᠢᠶᠠᠵᠤ ᠳᠠᠭᠤᠰᠬᠠᠪᠠ᠂ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠭᠰᠡᠨ ᠤ ᠳᠠᠷᠠᠭ᠎ᠠ᠂ ᠰᠤᠮᠤ ᠰᠢᠶᠠᠩ | ᠪᠠᠯᠭᠠᠰᠤ᠂ ᠵᠡᠭᠡᠯᠢ ᠭᠤᠳᠤᠮᠵᠢ ᠶᠢᠨ ᠭᠠᠯ ᠤᠨᠲᠠᠷᠠᠭᠠᠬᠤ ᠵᠠᠰᠠᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠳᠬᠠᠨ᠎ᠠ᠃ | ︵ᠬᠤᠷᠢᠨ ᠨᠢᠭᠡ︶ ᠮᠠᠨ ᠤ ᠬᠤᠰᠢᠭᠤᠨ ᠤ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ | ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠲᠤᠬᠠᠢ ᠰᠠᠨᠠᠭᠤᠯᠭ᠎ᠠ ︵36 ᠳ᠋ᠤᠭᠠᠷ ᠲᠣᠭᠠᠲᠤ ᠰᠠᠨᠠᠭᠤᠯᠭ᠎ᠠ︶᠃ | ᠰᠢᠷᠠᠮᠦ᠋ᠷᠡᠨ ᠵᠡᠭᠡᠯᠢ ᠭᠤᠳᠤᠮᠵᠢ ᠶᠢᠨ ᠲᠥᠯᠥᠭᠡᠯᠡᠭᠴᠢ ᠯᠢ ᠴᠢᠩ ᠶᠤᠸᠠᠨ ᠠᠴᠠ ᠰᠤᠷᠭᠠᠭᠤᠯᠢ ᠶᠢᠨ ᠬᠦᠷᠢᠶᠡᠨ ᠤ ᠭᠠᠯ | ᠤᠨᠲᠠᠷᠠᠭᠠᠬᠤ ᠠᠮᠤᠷ ᠲᠦᠪᠰᠢᠨ ᠤ ᠳᠦᠷᠢᠮ ᠢ ᠪᠦᠷᠢᠨᠰᠢᠭᠦᠯᠬᠦ᠂ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ | ᠴᠡᠭᠴᠡᠯᠡᠨ ᠵᠠᠰᠠᠬᠤ ᠡᠬᠡ ᠲᠠᠩᠰᠠ ᠪᠠᠶᠢᠭᠤᠯᠬᠤ᠂ ᠠᠵᠢᠯ ᠲᠥᠷᠥᠯ ᠤᠨ ᠭᠤᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠨ ᠤ ᠬᠤᠰᠢᠭᠤᠨ ᠤ | ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠠᠶᠤᠯᠭᠦᠢ ᠦᠢᠯᠡᠳᠪᠦᠷᠢᠯᠡᠯ ᠤᠨ ᠵᠥᠪᠯᠡᠯ | ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠰᠤᠳᠤᠯᠤᠨ ᠪᠠᠶᠢᠷᠢᠯᠠᠭᠤᠯᠵᠤ᠂ ᠰᠤᠷᠭᠠᠨ ᠬᠥᠮᠦᠵᠢᠯ ᠤᠨ ᠲᠣᠪᠴᠢᠶ᠎ᠠ ᠠᠴᠠ | ᠪᠥᠬᠦ ᠬᠤᠰᠢᠭᠤᠨ ᠤ 28 ᠰᠤᠷᠭᠠᠭᠤᠯᠢ᠂ 60 ᠰᠠᠭᠤᠷᠢ ᠠᠰᠠᠷ ᠤᠨ ᠣᠳᠣᠬᠢ ᠪᠠᠶᠢᠳᠠᠯ ᠳᠤ ᠪᠥᠬᠦ ᠲᠠᠯ᠎ᠠ ᠶᠢᠨ ᠬᠠᠶᠢᠨ | ᠰᠢᠯᠭᠠᠯᠲᠠ ᠬᠢᠵᠦ᠂ ︽ᠲᠥᠷᠥᠯ ᠬᠤᠪᠢᠶᠠᠭᠰᠠᠨ ᠠᠰᠠᠭᠤᠳᠠᠯ ᠤᠨ ᠳᠠᠯᠳᠠ ᠬᠡᠮ ᠤᠨ ᠨᠠᠷᠢᠨ ᠲᠠᠩᠰᠠ︾ ︽ᠴᠡᠭᠴᠡᠯᠡᠨ | ᠵᠠᠰᠠᠬᠤ ᠬᠠᠷᠢᠭᠤᠴᠠᠯᠭ᠎ᠠ ᠶᠢᠨ ᠨᠠᠷᠢᠨ ᠲᠠᠩᠰᠠ︾ ᠶᠢ ᠪᠠᠶᠢᠭᠤᠯᠵᠤ᠂ ᠳᠠᠷᠠᠭᠠᠯᠠᠨ ᠪᠠᠶᠢᠴᠠᠭᠠᠬᠤ ᠪᠠᠷ ᠳᠡᠮᠵᠢᠨ᠂ 31 | ᠠᠰᠠᠭᠤᠳᠠᠯ ᠢ ᠴᠡᠭᠴᠡᠯᠡᠨ ᠵᠠᠰᠠᠬᠤ ᠴᠢᠬᠤᠯᠠᠲᠠᠢ ᠪᠠᠶᠢᠵᠦ᠂ ᠡᠭᠦᠨ ᠳᠤ᠄ 9 ᠠᠰᠠᠭᠤᠳᠠᠯ ᠢ ᠨᠢᠭᠡᠨᠲᠡ ᠴᠡᠭᠴᠡᠯᠡᠨ ᠵᠠᠰᠠᠵᠤ | ᠳᠠᠭᠤᠰᠬᠠᠪᠠ︔ 19 ᠶᠢ ᠨᠢ ᠶᠠᠭ ᠴᠡᠭᠴᠡᠯᠡᠨ ᠥᠭᠡᠷᠡᠴᠢᠯᠡᠵᠦ᠂ ᠣᠲᠣ ᠲᠥᠯᠦᠪᠵᠢᠭᠦᠯᠭᠡ᠂ ᠵᠢᠷᠤᠭ ᠲᠥᠯᠥᠪᠯᠡᠭᠡ᠂ ᠬᠢᠨᠠᠨ | ᠰᠢᠯᠭᠠᠷᠠᠭᠤᠯᠤᠯᠲᠠ ᠶᠢ ᠨᠢᠭᠡᠨᠲᠡ ᠳᠠᠭᠤᠰᠬᠠᠵᠤ᠂ ᠠᠭᠤᠷ ᠠᠮᠢᠰᠬᠤᠯ ᠳᠤᠯᠠᠭᠠᠷᠠᠭᠰᠠᠨ ᠤ ᠳᠠᠷᠠᠭ᠎ᠠ ᠪᠠᠷᠢᠯᠭ᠎ᠠ ᠡᠬᠢᠯᠡᠭᠦᠯᠬᠦ ᠶᠢ | ᠦᠨᠡᠨ ᠬᠦ ᠪᠠᠲᠤᠯᠠᠨ᠎ᠠ︔ ᠦᠯᠡᠳᠡᠭᠰᠡᠨ 3 ᠨᠢ ᠲᠦᠷ ᠴᠡᠭᠴᠡᠯᠡᠨ ᠰᠠᠶᠢᠵᠢᠷᠠᠭᠤᠯᠬᠤ ᠨᠥᠬᠦᠴᠡᠯ ᠳᠤ ᠬᠦᠷᠬᠦ ᠦᠬᠡᠢ᠂ | ᠲᠠᠷᠠᠭᠠᠴᠢ ᠶᠢᠨ ᠠᠯᠬᠤᠮ ᠳᠤ ᠭᠠᠵᠠᠷ ᠰᠣᠯᠢᠵᠤ ᠰᠢᠨ᠎ᠡ ᠪᠠᠷ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠴᠡᠭᠴᠡᠯᠡᠨ | ᠰᠠᠶᠢᠵᠢᠷᠠᠭᠤᠯᠬᠤ ᠪᠠᠷ ᠪᠣᠶ᠃ ᠡᠭᠦᠨ ᠤ ᠬᠠᠮᠲᠤ᠂ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ | ᠳᠦᠷᠢᠮ ᠢ ᠦᠷᠭᠦᠯᠵᠢᠯᠡᠨ ᠪᠦᠷᠢᠨᠰᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠶᠠᠪᠤᠴᠠ ᠶᠢᠨ ᠬᠠᠮᠢᠶᠠᠷᠤᠯᠲᠠ ᠪᠠ | ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠵᠤ᠂ ᠵᠢᠯ ᠤᠨ ᠡᠬᠢᠨ ᠠᠴᠠ ᠨᠠᠰᠢ᠂ ᠡᠯ᠎ᠡ ᠲᠥᠷᠥᠯ ᠤᠨ ᠤᠬᠠᠭᠤᠯᠭ᠎ᠠ᠂ | ᠪᠣᠯᠪᠠᠰᠤᠷᠠᠭᠤᠯᠤᠯ᠂ ᠰᠣᠷᠢᠯᠲᠠ ᠶᠢ 207 ᠲᠠᠯᠠᠪᠤᠷ ᠥᠷᠨᠢᠭᠦᠯᠵᠦ᠂ ᠪᠠᠭᠰᠢ ᠰᠤᠷᠤᠭᠴᠢᠳ ᠤᠨ ᠠᠶᠤᠯ ᠠᠴᠠ ᠪᠠᠴᠢᠮ | ᠵᠠᠶᠢᠯᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ︵ᠬᠤᠷᠢᠨ ᠬᠤᠶᠠᠷ︶ ᠪᠥᠬᠦ ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠶᠢ ᠴᠢᠩᠭᠠᠳᠬᠠᠬᠤ ᠲᠤᠬᠠᠢ ᠰᠠᠨᠠᠭᠤᠯᠭ᠎ᠠ ︵37 ᠳ᠋ᠤᠭᠠᠷ ᠲᠣᠭᠠᠲᠤ ᠰᠠᠨᠠᠭᠤᠯᠭ᠎ᠠ︶᠃ ᠰᠢᠷᠠᠮᠦ᠋ᠷᠡᠨ ᠵᠡᠭᠡᠯᠢ | ᠭᠤᠳᠤᠮᠵᠢ ᠶᠢᠨ ᠲᠥᠯᠥᠭᠡᠯᠡᠭᠴᠢ ᠯᠢ ᠱᠦ ᠵᠢᠶᠦ᠋ᠨ ᠠᠴᠠ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ | ᠨᠢᠭᠡᠲᠦᠯᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠨ ᠴᠢᠩᠭᠠᠷᠠᠭᠤᠯᠵᠤ᠂ ᠪᠥᠬᠦ | ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠪᠦᠲᠦᠮᠵᠢᠲᠡᠶ ᠲᠣᠬᠢᠷᠠᠭᠤᠯᠬᠤ ᠪᠠ ᠥᠨᠳᠥᠷ ᠪᠦᠲᠦᠮᠵᠢᠲᠡᠶ | ᠠᠰᠢᠭᠯᠠᠬᠤ ᠶᠢ ᠲᠦᠯᠬᠢᠨ ᠠᠬᠢᠭᠤᠯᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠪᠠ ᠮᠡᠳᠡᠭᠡ ᠵᠠᠩᠭᠢ ᠶᠢᠨ | ᠡᠵᠡᠮᠳᠡᠯ ᠤᠨ ᠲᠥᠬᠦᠮ ᠨᠥᠬᠦᠴᠡᠯ ᠢ ᠭᠦᠢᠴᠡᠳ ᠪᠠᠳᠠᠷᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ | ᠬᠠᠮᠵᠢᠯᠴᠠᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠡᠷᠡᠭᠦᠯ ᠨᠡᠭᠡᠭᠡᠨ ᠠᠰᠢᠭᠯᠠᠯᠲᠠ ᠶᠢ ᠲᠦᠯᠬᠢᠨ ᠠᠬᠢᠭᠤᠯᠵᠤ᠂ | ᠠᠭᠤᠷᠬᠠᠢ ᠬᠠᠶᠢᠬᠤ ᠡᠷᠬᠡ᠂ ᠠᠭᠤᠷᠬᠠᠢ ᠮᠠᠯᠲᠠᠬᠤ ᠡᠷᠬᠡ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠬᠠᠮᠢᠶᠠᠷᠦᠪᠠ᠃ | ᠡᠯ᠎ᠡ ᠲᠥᠷᠥᠯ ᠤᠨ ᠠᠭᠤᠷᠬᠠᠢ ᠶᠢᠨ ᠡᠷᠬᠡ ᠶᠢᠨ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠵᠤ᠂ ᠨᠠᠷᠢᠯᠢᠭ ᠣᠨᠣᠴᠠᠲᠠᠢ ᠪᠠᠷ | ᠠᠷᠭ᠎ᠠ ᠪᠣᠳᠣᠯᠭ᠎ᠠ ᠬᠡᠷᠡᠭᠵᠢᠭᠦᠯᠵᠦ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠪᠠᠷ ᠭᠤᠣᠯ ᠪᠣᠯᠭᠠᠨ᠂ ᠵᠠᠰᠠᠭ ᠵᠠᠬᠢᠷᠭᠠᠨ ᠤ | ᠲᠣᠬᠢᠷᠠᠭᠤᠯᠤᠯ ᠡᠵᠡᠮᠳᠡᠯ ᠢᠶᠠᠷ ᠬᠠᠪᠰᠤᠷᠤᠮᠵᠢ ᠪᠣᠯᠭᠠᠬᠤ ᠠᠷᠭ᠎ᠠ ᠬᠡᠮᠵᠢᠶ᠎ᠡ ᠠᠪᠴᠤ᠂ ᠣᠯᠠᠨ ᠡᠰᠢᠲᠦ ᠪᠡᠯᠡ | ᠣᠷᠣᠭᠤᠯᠤᠯᠲᠠ ᠶᠢᠨ ᠭᠤᠣᠯ ᠰᠡᠳᠦᠪ ᠤᠨ ᠢᠳᠡᠪᠬᠢᠵᠢᠯ ᠢ ᠲᠠᠶᠢᠴᠢᠯᠠᠪᠠ᠃ ᠡᠭᠦᠨ ᠤ ᠬᠠᠮᠲᠤ᠂ ᠬᠤᠳᠠᠯᠳᠤᠭ᠎ᠠ ᠡᠵᠡᠩᠨᠡᠬᠦ | ᠰᠠᠶᠢᠨ ᠰᠠᠶᠢᠬᠠᠨ ᠣᠷᠴᠢᠨ ᠨᠦᠭᠦᠴᠡᠯ ᠢ ᠪᠣᠶ ᠪᠣᠯᠭᠠᠵᠤ᠂ ᠬᠠᠤᠯᠢ ᠶᠣᠰᠣᠭᠠᠷ ᠠᠭᠤᠷᠬᠠᠢ ᠡᠷᠭᠢᠯᠡᠬᠦ᠂ ᠵᠢᠷᠤᠮᠵᠢᠭᠤᠯᠤᠨ | ᠬᠠᠮᠢᠶᠠᠷᠬᠤ᠂ ᠶᠡᠷᠦᠩᠬᠡᠶᠢᠯᠡᠨ ᠠᠰᠢᠭᠯᠠᠬᠤ᠂ ᠮᠡᠷᠭᠡᠵᠢᠯ ᠤᠨ ᠰᠢᠨ᠎ᠡ ᠶᠢ ᠡᠭᠦᠳᠬᠦ᠂ ᠣᠷᠴᠢᠨ ᠲᠣᠭᠤᠷᠢᠨ ᠢ ᠬᠠᠮᠠᠭᠠᠯᠠᠬᠤ᠂ | ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠵᠡᠷᠭᠡ ᠲᠠᠯ᠎ᠠ ᠪᠠᠷ ᠡᠮᠬᠢ ᠵᠢᠷᠤᠮ ᠲᠠᠢ ᠭᠦᠭᠵᠢᠭᠦᠯᠬᠦ ᠶᠢ ᠠᠬᠢᠭᠤᠯᠵᠤ᠂ ᠡᠬᠢ | ᠪᠠᠶᠠᠯᠢᠭ ᠤᠨ ᠬᠦᠴᠦᠷᠭᠡᠭ ᠬᠤᠰᠢᠭᠤ ᠪᠤᠯᠭᠠᠨ᠎ᠠ᠃ | ︵ᠬᠤᠷᠢᠨ ᠭᠤᠷᠪᠠ︶ ᠰᠠᠭᠤᠭᠠᠯᠢ ᠲᠣᠭᠤᠷᠢᠭ ᠤᠨ ᠡᠩᠬᠦᠷᠡᠢ ᠠᠮᠢᠳᠠᠨ ᠢ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ | ᠲᠤᠬᠠᠢ ᠰᠠᠨᠠᠭᠤᠯᠭ᠎ᠠ ︵40 ᠳ᠋ᠤᠭᠡᠷ ᠲᠣᠭᠠᠲᠤ ᠰᠠᠨᠠᠭᠤᠯᠭ᠎ᠠ︶᠃ ᠰᠢᠷᠠᠮᠦ᠋ᠷᠡᠨ ᠵᠡᠭᠡᠯᠢ ᠭᠤᠳᠤᠮᠵᠢ ᠶᠢᠨ ᠲᠥᠯᠥᠭᠡᠯᠡᠭᠴᠢ | ᠸᠠᠩ ᠴᠦᠨ ᠢᠦᠢ ᠠᠴᠠ ᠡᠩᠬᠦᠷᠡᠢ ᠲᠡᠵᠢᠭᠡᠪᠦᠷᠢ ᠠᠮᠢᠲᠠᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ᠂ ᠡᠩᠬᠦᠷᠡᠢ | ᠲᠡᠵᠢᠭᠡᠪᠦᠷᠢ ᠠᠮᠢᠲᠠᠨ ᠢ ᠬᠢᠨᠠᠨ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠬᠦ᠂ ᠬᠤᠯᠪᠣᠭᠳᠠᠯ ᠪᠦᠬᠦᠢ ᠨᠢᠭᠡᠴᠡ ᠶᠢᠨ | ᠬᠠᠮᠲᠤᠷᠠᠭᠰᠠᠨ ᠬᠢᠨᠠᠨ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠩᠬᠦᠷᠡᠢ ᠲᠡᠵᠢᠭᠡᠪᠦᠷᠢ | ᠠᠮᠢᠲᠠᠨ ᠢ ᠲᠡᠵᠢᠭᠡᠨ ᠠᠷᠠᠴᠢᠯᠠᠬᠤ ᠶᠢ ᠠᠯᠬᠤᠮ ᠠᠯᠬᠤᠮ ᠢᠶᠠᠷ ᠵᠢᠷᠤᠮᠵᠢᠭᠤᠯᠬᠤ ᠶᠢ ᠲᠦᠯᠬᠢᠨ ᠠᠬᠢᠭᠤᠯᠬᠤ ᠶᠢ ᠰᠠᠨᠠᠭᠤᠯᠪᠠ᠃ | | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠮᠤᠷ ᠢ ᠬᠠᠮᠠᠭᠠᠯᠠᠬᠤ ᠶᠡᠭᠡ ᠠᠩᠭᠢ ᠪᠠᠷ | ᠲᠦᠷᠦᠭᠦᠯᠡᠭᠦᠯᠦᠨ᠂ ᠡᠯ᠎ᠡ ᠬᠠᠷᠢᠶᠠᠲᠤ ᠣᠷᠣᠨ ᠤ ᠲᠣᠮᠢᠯᠠᠭᠰᠠᠨ ᠰᠠᠯᠪᠤᠷᠢ ᠨᠢᠭᠲᠠ ᠬᠠᠮᠵᠢᠯᠴᠠᠵᠤ᠂ ᠪᠥᠬᠦ ᠬᠤᠰᠢᠭᠤᠨ ᠤ | ᠡᠩᠬᠦᠷᠡᠢ ᠲᠡᠵᠢᠭᠡᠪᠦᠷᠢ ᠠᠮᠢᠲᠠᠨ ᠢ ᠲᠡᠵᠢᠭᠡᠨ ᠠᠷᠠᠴᠢᠯᠠᠵᠦ ᠪᠠᠶᠢᠭ᠎ᠠ ᠪᠠᠶᠢᠳᠠᠯ ᠳᠤ ᠠᠩᠬ᠎ᠠ ᠠᠯᠬᠤᠮ ᠤᠨ ᠪᠠᠶᠢᠴᠠᠭᠠᠨ | ᠰᠤᠳᠤᠯᠤᠯᠲᠠ ᠬᠢᠪᠡ᠃ ︽ᠤᠯᠠᠭᠠᠨᠬᠠᠳᠠ ᠬᠤᠲᠠ ᠶᠢᠨ ᠭᠤᠣᠯ ᠬᠤᠲᠠ ᠶᠢᠨ ᠲᠣᠭᠤᠷᠢᠭ ᠤᠨ ᠨᠣᠬᠠᠢ ᠲᠡᠵᠢᠭᠡᠬᠦ | ᠬᠠᠮᠢᠶᠠᠷᠤᠯᠲᠠ ᠶᠢᠨ ᠠᠷᠭ᠎ᠠ︾ ᠪᠠᠷ ᠯᠠᠪᠯᠠᠯᠲᠠ ᠪᠣᠯᠭᠠᠵᠤ᠂ ᠮᠠᠨ ᠤ ᠬᠤᠰᠢᠭᠤᠨ ᠤ ᠠᠵᠢᠯ ᠤᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠠᠮᠢᠲᠠᠨ ᠤ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ᠂ ᠬᠤᠲᠠ ᠶᠢᠨ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠰᠢᠷᠠᠮᠦ᠋ᠷᠡᠨ | ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ᠂ ᠶᠢᠩᠴᠠᠩ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ | ᠭᠡᠷ ᠵᠢᠴᠢ ᠡᠯ᠎ᠡ ᠨᠡᠶᠢᠭᠡᠮ ᠲᠣᠭᠤᠷᠢᠭ ᠲᠠᠢ ᠨᠡᠪᠲᠡᠷᠡᠯᠴᠡᠨ ᠵᠣᠬᠢᠴᠠᠭᠤᠯᠵᠤ᠂ ᠡᠯ᠎ᠡ ᠨᠢᠭᠡᠴᠡ ᠶᠢᠨ ᠰᠠᠨᠠᠯ ᠰᠠᠨᠠᠭᠤᠯᠭ᠎ᠠ ᠶᠢ | ᠭᠦᠢᠴᠡᠳ ᠬᠤᠷᠢᠶᠠᠵᠤ᠂ ︽ᠬᠡᠰᠢᠭᠲᠡᠨ ᠬᠤᠰᠢᠭᠤᠨ ᠤ ᠪᠢᠷᠠᠭᠤ ᠪᠠᠯᠭᠠᠰᠤᠨ ᠲᠣᠭᠤᠷᠢᠭ ᠤᠨ ᠨᠣᠬᠠᠢ ᠲᠡᠵᠢᠭᠡᠬᠦ | ᠬᠠᠮᠢᠶᠠᠷᠤᠯᠲᠠ ᠶᠢᠨ ᠠᠷᠭ᠎ᠠ︾ ᠶᠢ ᠰᠤᠳᠤᠯᠤᠨ ᠲᠣᠭᠲᠠᠭᠠᠵᠤ᠂ ᠨᠣᠬᠠᠢ ᠲᠡᠵᠢᠭᠡᠬᠦ ᠶᠢ ᠳᠠᠩᠰᠠᠯᠠᠬᠤ᠂ ᠨᠣᠬᠠᠢ ᠲᠡᠵᠢᠭᠡᠬᠦ | ᠦᠶᠯᠡ ᠠᠵᠢᠯᠯᠠᠭ᠎ᠠ ᠶᠢ ᠵᠢᠷᠤᠮᠵᠢᠭᠤᠯᠬᠤ᠂ ᠨᠣᠬᠠᠢ ᠶᠢ ᠬᠤᠷᠢᠶᠠᠨ ᠠᠪᠬᠤ ᠪᠠ ᠲᠡᠵᠢᠭᠡᠬᠦ᠂ ᠨᠣᠬᠠᠢ ᠡᠵᠡᠩᠨᠡᠬᠦ ᠪᠠ | ᠬᠠᠤᠯᠢ ᠶᠢᠨ ᠬᠠᠷᠢᠭᠤᠴᠠᠯᠭ᠎ᠠ ᠵᠡᠷᠭᠡ ᠲᠠᠯ᠎ᠠ ᠪᠠᠷ ᠲᠣᠳᠣᠷᠬᠠᠢ ᠲᠣᠭᠲᠠᠭᠠᠯ ᠭᠠᠷᠭᠠᠪᠠ᠃ ᠲᠠᠷᠠᠭᠠᠴᠢ ᠶᠢᠨ ᠠᠯᠬᠤᠮ ᠳᠤ᠂ | ᠮᠠᠨ ᠤ ᠬᠤᠰᠢᠭᠤᠨ ᠤ ᠨᠣᠬᠠᠢ ᠶᠢ ᠵᠢᠷᠤᠮᠵᠢᠭᠤᠯᠤᠨ ᠬᠠᠮᠢᠶᠠᠷᠬᠤ ᠶᠢ ᠭᠦᠨᠵᠡᠭᠡᠢ ᠠᠬᠢᠭᠤᠯᠵᠤ᠂ ᠣᠯᠠᠨ ᠨᠡᠶᠢᠲᠡ ᠶᠢᠨ ᠡᠮᠬᠢ | ᠵᠢᠷᠤᠮ ᠪᠠ ᠪᠠᠯᠭᠠᠰᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠦᠨᠡᠨᠬᠦ ᠬᠠᠮᠠᠭᠠᠯᠠᠨ᠎ᠠ᠃ | ︵ᠬᠤᠷᠢᠨ ᠳᠥᠷᠪᠡ︶ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠪᠦᠲᠦᠭᠡᠨ | ᠪᠠᠶᠢᠭᠤᠯᠤᠯᠲᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠡᠮᠨᠡᠯᠭᠡ ᠶᠢᠨ | ᠠᠵᠢᠯᠲᠠᠨ ᠤ ᠬᠦᠯᠦᠰᠦ ᠣᠯᠭᠤᠮᠵᠢ ᠶᠢ ᠳᠡᠭᠡᠭᠰᠢᠯᠡᠭᠦᠯᠬᠦ ᠲᠤᠬᠠᠢ ᠰᠠᠨᠠᠭᠤᠯᠭ᠎ᠠ ︵46 ᠳ᠋ᠤᠭᠠᠷ ᠲᠣᠭᠠᠲᠤ ᠰᠠᠨᠠᠭᠤᠯᠭ᠎ᠠ︶᠃ | ᠰᠢᠷᠠᠮᠦ᠋ᠷᠡᠨ ᠵᠡᠭᠡᠯᠢ ᠭᠤᠳᠤᠮᠵᠢ ᠶᠢᠨ ᠲᠥᠯᠥᠭᠡᠯᠡᠭᠴᠢ ᠶᠠᠨ ᠯᠢᠩ ᠠᠴᠠ ᠨᠡᠶᠢᠭᠡᠮ ᠲᠣᠭᠤᠷᠢᠭ ᠤᠨ ᠡᠮᠴᠢ ᠰᠤᠪᠢᠯᠠᠭᠴᠢ ᠶᠢᠨ | ᠬᠠᠷᠠᠭᠠᠯᠵᠠᠯ ᠢ ᠳᠡᠭᠡᠭᠰᠢᠯᠡᠭᠦᠯᠬᠦ᠂ ᠡᠮᠴᠢᠯᠡᠭᠡᠨ ᠤ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠲᠡᠭᠦᠯᠳᠡᠷᠵᠢᠭᠦᠯᠬᠦ᠂ | ᠦᠨᠳᠦᠰᠦᠨ ᠡᠮ ᠤᠨ ᠵᠦᠢᠯ ᠤᠨ ᠲᠥᠷᠥᠯ ᠵᠦᠢᠯ ᠢ ᠨᠡᠮᠡᠭᠳᠡᠭᠦᠯᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠦᠢ | ᠵᠣᠬᠢᠰᠲᠠᠢ ᠨᠥᠬᠦᠪᠦᠷᠢ ᠥᠭᠬᠦ ᠵᠡᠷᠭᠡ ᠠᠷᠭ᠎ᠠ ᠮᠠᠶ᠋ᠢᠭ ᠢᠶᠠᠷ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢᠶᠠᠨ | ᠦᠷᠭᠦᠯᠵᠢᠯᠡᠨ ᠳᠡᠭᠡᠭᠰᠢᠯᠡᠭᠦᠯᠵᠦ᠂ ᠪᠢᠷᠠᠭᠤ ᠪᠠᠯᠭᠠᠰᠤᠨ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠤᠨ ᠬᠢᠨᠠᠨ ᠲᠤᠭᠲᠠᠭᠠᠭᠰᠠᠨ ᠣᠷᠣᠨ ᠲᠤᠭ᠎ᠠ 33 ᠬᠥᠮᠥᠨ᠂ ᠣᠲᠣ ᠶᠢᠨ ᠣᠷᠣᠨ ᠲᠤᠭ᠎ᠠ ᠳᠤ | ᠪᠠᠶᠢᠭ᠎ᠠ ᠨᠢ 30 ᠬᠥᠮᠥᠨ᠂ ᠤᠷᠢᠨ ᠬᠡᠷᠡᠭᠯᠡᠵᠦ ᠪᠠᠶᠢᠭ᠎ᠠ ᠨᠢ 33 ᠬᠥᠮᠥᠨ ᠪᠠᠶᠢᠵᠦ᠂ ᠬᠢᠨᠠᠨ ᠲᠣᠭᠲᠠᠭᠠᠭᠰᠠᠨ ᠣᠷᠣᠨ | ᠲᠤᠭ᠎ᠠ ᠠᠴᠠ ᠬᠤᠯᠠ ᠳᠠᠪᠠᠭᠰᠠᠨ ᠪᠠᠶᠢᠨ᠎ᠠ︔ ᠳᠣᠣᠷ᠎ᠠ ᠨᠢ ᠪᠠᠶᠢᠭᠤᠯᠤᠭᠰᠠᠨ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ 7︔ ᠤᠲᠤ ᠪᠠᠶᠢᠭ᠎ᠠ ︽ᠭᠤᠷᠪᠠᠨ ᠳᠤᠮᠤ ᠮᠠᠰᠢᠨ︾ 3 ᠰᠠᠭᠤᠷᠢ / ᠬᠤᠪᠢ᠂ | ︽ᠭᠤᠷᠪᠠᠨ ᠪᠠᠭ᠎ᠠ ᠮᠠᠰᠢᠨ︾ 4 ᠰᠠᠭᠤᠷᠢ / ᠬᠤᠪᠢ᠂ ᠦᠨᠳᠦᠰᠦᠨ ᠡᠮ ᠤᠨ ᠵᠦᠢᠯ ᠨᠢ 200 ᠵᠦᠢᠯ ᠠᠴᠠ ᠳᠡᠭᠡᠭᠰᠢ | ᠪᠣᠯᠤᠭᠰᠠᠨ ᠪᠥᠭᠡᠳ ᠮᠣᠩᠭᠤᠯ ᠬᠢᠲᠠᠳ ᠡᠮᠨᠡᠯᠭᠡ ᠶᠢᠨ ᠣᠷᠳᠣᠨ ᠪᠠᠶᠢᠭᠤᠯᠵᠦ᠂ ᠦᠨᠳᠦᠰᠦᠨ ᠴᠢᠳᠠᠮᠵᠢ᠂ ᠰᠠᠯᠠᠭ᠎ᠠ | ᠲᠠᠰᠤᠭ ᠤᠨ ᠪᠠᠶᠢᠷᠢᠯᠠᠭᠤᠯᠤᠯᠲᠠ᠂ ᠪᠡᠯᠡᠳᠬᠡᠮᠵᠢ ᠲᠥᠬᠦᠭᠡᠷᠦᠮᠵᠢ ᠨᠢ ᠴᠥᠮ ᠪᠠᠷᠢᠮᠵᠢᠶ᠎ᠠ ᠳᠤ ᠭᠦᠷᠦᠭᠰᠡᠨ ᠪᠠᠶᠢᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠨᠥᠬᠦᠪᠦᠷᠢ ᠶᠢᠨ ᠲᠠᠯ᠎ᠠ ᠪᠠᠷ᠂ ︽ᠡᠳ᠋ ᠤᠨ ᠵᠠᠰᠠᠭ ᠤᠨ ᠶᠠᠮᠤᠨ᠂ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠵᠠᠷᠤᠳᠠᠯ ᠤᠨ ᠪᠠᠲᠤᠯᠠᠭ᠎ᠠ ᠶᠢᠨ | ᠲᠥᠷᠥ ᠶᠢᠨ ᠪᠣᠳᠣᠯᠭ᠎ᠠ ᠶᠢᠨ ᠲᠤᠬᠠᠢ ᠮᠡᠳᠡᠭᠳᠡᠯ︾ ᠤᠨ ᠪᠠᠷᠢᠮᠵᠢᠶ᠎ᠠ ᠶᠣᠰᠣᠭᠠᠷ᠂ ᠨᠥᠬᠦᠪᠦᠷᠢ ᠶᠢᠨ ᠪᠡᠯᠡ ᠮᠥᠩᠭᠦ ᠶᠢ | ᠢᠳᠡᠪᠬᠢᠲᠡᠢ ᠭᠤᠶᠤᠴᠢᠯᠠᠪᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠨᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠥᠭᠵᠢᠯᠲᠡ ᠶᠢ ᠯᠠᠪᠳᠠᠭᠤᠨ ᠪᠠᠲᠤᠲᠠᠢ | ᠠᠬᠢᠭᠤᠯᠵᠤ᠂ ᠪᠦᠲᠦᠮᠵᠢᠲᠡᠶ᠂ ᠬᠢᠮᠳᠠ᠂ ᠲᠥᠬᠦᠮ᠂ ᠶᠡᠷᠦᠩᠬᠡᠶᠢᠯᠡᠭᠰᠡᠨ᠂ ᠦᠷᠭᠦᠯᠵᠢᠯᠡᠭᠰᠡᠨ ᠦᠨᠳᠦᠰᠦᠨ ᠱᠠᠲᠤᠨ ᠤ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠶᠢ ᠠᠬᠢᠭᠤᠯᠤᠨ᠎ᠠ᠃ | ︵ᠬᠤᠷᠢᠨ ᠲᠠᠪᠤ︶ ᠰᠤᠷᠭᠠᠨ ᠬᠥᠮᠦᠵᠢᠯ ᠤᠨ ᠪᠡᠯᠡ ᠣᠷᠣᠭᠤᠯᠤᠯᠲᠠ ᠶᠢᠨ ᠡᠷᠴᠢᠮ ᠢ ᠨᠡᠮᠡᠭᠳᠡᠭᠦᠯᠵᠦ᠂ ᠪᠢᠷᠠᠭᠤ | ᠭᠤᠷᠪᠠᠲᠤᠭᠠᠷ ᠪᠠᠭ᠎ᠠ ᠰᠤᠷᠭᠠᠭᠤᠯᠢ ᠶᠢ ᠠᠯᠢ ᠲᠦᠷᠭᠡᠨ ᠢᠶᠠᠷ ᠠᠰᠢᠭᠯᠠᠯᠲᠠ ᠳᠤ ᠣᠷᠣᠭᠤᠯᠬᠤ ᠲᠤᠬᠠᠢ ᠰᠠᠨᠠᠭᠤᠯᠭ᠎ᠠ ︵47 | ᠳ᠋ᠤᠭᠠᠷ ᠲᠣᠭᠠᠲᠤ ᠰᠠᠨᠠᠭᠤᠯᠭ᠎ᠠ︶᠃ ᠰᠢᠷᠠᠮᠦ᠋ᠷᠡᠨ ᠵᠡᠭᠡᠯᠢ ᠭᠤᠳᠤᠮᠵᠢ ᠶᠢᠨ ᠲᠥᠯᠥᠭᠡᠯᠡᠭᠴᠢ ᠶᠠᠨ ᠯᠢᠩ ᠠᠴᠠ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠢᠨ ᠬᠥᠮᠥᠨ ᠤ ᠬᠦᠴᠦᠨ᠂ ᠪᠣᠳᠠᠰ ᠤᠨ ᠬᠦᠴᠦᠨ᠂ ᠡᠳ᠋ ᠤᠨ ᠬᠦᠴᠦᠨ ᠤ ᠳᠡᠮᠵᠢᠯᠭᠡ ᠪᠠᠨ | ᠴᠢᠩᠭᠠᠳᠬᠠᠵᠤ᠂ ᠪᠢᠷᠠᠭᠤ ᠭᠤᠷᠪᠠᠲᠤᠭᠠᠷ ᠪᠠᠭ᠎ᠠ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ | ᠲᠦᠷᠭᠡᠳᠬᠡᠨ ᠠᠬᠢᠭᠤᠯᠵᠤ᠂ ᠬᠢᠴᠢᠶᠡᠯ ᠬᠥᠮᠦᠵᠢᠯ ᠤᠨ ᠠᠰᠠᠷ ᠤᠨ ᠰᠤᠷᠤᠯᠭ᠎ᠠ ᠡᠬᠢᠯᠡᠬᠦ ᠤᠯᠠᠷᠢᠯ ᠳᠤ ᠠᠰᠢᠭᠯᠠᠯᠲᠠ ᠳᠤ | ᠣᠷᠣᠬᠤ ᠶᠢ ᠦᠨᠡᠨ ᠬᠦ ᠪᠠᠲᠤᠯᠠᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠰᠤᠷᠭᠠᠨ ᠬᠥᠮᠦᠵᠢᠯ ᠤᠨ | ᠲᠣᠪᠴᠢᠶ᠎ᠠ ᠢᠳᠡᠪᠬᠢᠲᠡᠢ ᠪᠠᠷ ᠵᠣᠬᠢᠴᠠᠭᠤᠯᠤᠨ᠂ ᠲᠦᠷᠭᠡᠪᠴᠢᠯᠡᠨ ᠠᠬᠢᠭᠤᠯᠵᠤ᠂ ᠪᠢᠷᠠᠭᠤ ᠭᠤᠷᠪᠠᠲᠤᠭᠠᠷ ᠪᠠᠭ᠎ᠠ | ᠰᠤᠷᠭᠠᠭᠤᠯᠢ ᠶᠢ 2022 ᠣᠨ ᠤ ᠨᠠᠮᠤᠷ ᠠᠰᠢᠭᠯᠠᠯᠲᠠ ᠳᠤ ᠣᠷᠣᠭᠤᠯᠪᠠ᠃ ᠰᠤᠷᠭᠠᠭᠤᠯᠢ ᠶᠢᠨ ᠶᠡᠷᠦᠩᠬᠡᠢ ᠲᠠᠯᠠᠪᠠᠢ ᠨᠢ | 51587.25 m²᠂ ᠡᠭᠦᠨ ᠳᠤ᠄ A ᠵᠢᠭᠠᠨ ᠰᠤᠷᠭᠠᠯᠳᠠ ᠶᠢᠨ ᠠᠰᠠᠷ ᠤᠨ ᠪᠠᠷᠢᠯᠭ᠎ᠠ ᠶᠢᠨ ᠲᠠᠯᠠᠪᠠᠢ ᠨᠢ 4700 | m²︔ B ᠵᠢᠭᠠᠨ ᠰᠤᠷᠭᠠᠯᠳᠠ ᠶᠢᠨ ᠠᠰᠠᠷ ᠤᠨ ᠪᠠᠷᠢᠯᠭ᠎ᠠ ᠶᠢᠨ ᠲᠠᠯᠠᠪᠠᠢ 5250 m²︔ ᠲᠠᠪᠤᠨ ᠬᠥᠮᠥᠨ ᠤ | ᠳᠦᠷᠢᠮᠲᠦ ᠬᠥᠯ ᠪᠥᠮᠪᠦᠭᠡ ᠶᠢᠨ ᠣᠷᠳᠣᠨ ᠤ ᠪᠠᠷᠢᠯᠭ᠎ᠠ ᠶᠢᠨ ᠲᠠᠯᠠᠪᠠᠢ ᠨᠢ 1360.04 m²︔ ᠡᠭᠦᠳᠡᠨ ᠤ ᠬᠠᠷᠠᠭᠤᠯ | ᠤᠨ ᠭᠠᠵᠠᠷ 2 ᠪᠠᠶᠢᠵᠦ᠂ ᠪᠠᠷᠢᠯᠭ᠎ᠠ ᠶᠢᠨ ᠶᠡᠷᠦᠩᠬᠡᠢ ᠲᠠᠯᠠᠪᠠᠢ 64 m²︔ ᠬᠦᠨᠳᠦ ᠬᠥᠩᠭᠡᠨ ᠲᠠᠮᠢᠷ ᠤᠨ | ᠤᠷᠤᠯᠳᠤᠭᠠᠨ ᠤ ᠲᠠᠯᠠᠪᠠᠶ ᠶᠢᠨ ᠲᠠᠯᠠᠪᠠᠶ ᠨᠢ 5200 m² ᠪᠤᠯᠤᠨ᠎ᠠ᠃ ᠭᠡᠪᠡᠴᠦ ᠤᠯᠤᠰ ᠤᠨ ᠴᠠᠬᠢᠯᠭᠠᠨ ᠲᠤᠤᠷᠵᠢᠯ ᠤᠨ | ᠺᠣᠮᠫᠠᠨᠢ ᠶᠢᠨ ᠵᠠᠮ ᠱᠤᠭᠤᠮ ᠪᠣᠯᠣᠨ ᠰᠤᠪᠤᠷᠭ᠎ᠠ ᠶᠢᠨ ᠰᠠᠭᠤᠷᠢ ᠶᠢ ᠴᠠᠭ ᠲᠤᠬᠠᠢ ᠳᠤᠨᠢ ᠰᠢᠯᠵᠢᠭᠦᠯᠵᠦ ᠳᠡᠶᠢᠯᠬᠦ | ᠦᠭᠡᠢ ᠠᠴᠠ ᠪᠣᠯᠵᠤ᠂ ᠰᠤᠷᠭᠠᠭᠤᠯᠢ ᠶᠢᠨ ᠬᠦᠨᠳᠦ ᠬᠥᠩᠭᠡᠨ ᠲᠠᠮᠢᠷ ᠤᠨ ᠤᠷᠤᠯᠳᠤᠭᠠᠨ ᠤ ᠲᠠᠯᠠᠪᠠᠶ᠂ ᠵᠡᠭᠦᠨ ᠲᠠᠯ᠎ᠠ ᠶᠢᠨ | ᠰᠢᠷᠣᠢ ᠬᠠᠯᠬᠠᠯᠠᠬᠤ ᠬᠡᠷᠡᠮ ᠵᠢᠴᠢ ᠬᠡᠰᠡᠭ ᠨᠣᠭᠤᠭᠠᠷᠠᠭᠤᠯᠤᠯᠲᠠ ᠶᠢ ᠲᠦᠷ ᠬᠤᠶᠢᠰᠢᠯᠠᠭᠤᠯᠵᠤ᠂ ᠪᠠᠭᠰᠢ ᠰᠤᠷᠤᠭᠴᠢᠳ ᠤᠨ | ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ ᠰᠤᠷᠭᠠᠭᠤᠯᠢ ᠶᠢᠨ ᠬᠦᠷᠢᠶᠡᠨ ᠤ ᠵᠡᠭᠦᠨ ᠲᠠᠯ᠎ᠠ ᠶᠢ ᠨᠢᠭᠡᠨᠲᠡ ᠬᠦᠷᠢᠶᠡᠯᠡᠨ | ᠪᠢᠲᠡᠭᠦᠮᠵᠢᠯᠡᠵᠦ᠂ ᠴᠠᠬᠢᠯᠭᠠᠨ ᠬᠦᠴᠦᠨ ᠢ ᠥᠭᠡᠷᠡᠴᠢᠯᠡᠨ ᠨᠡᠭᠦᠯᠭᠡᠵᠦ ᠳᠠᠭᠤᠰᠤᠭᠰᠠᠨ ᠤ ᠳᠠᠷᠠᠭ᠎ᠠ ᠦᠯᠡᠳᠡᠭᠰᠡᠨ ᠵᠦᠢᠯᠡᠰ ᠢ | ᠪᠠᠷᠢᠵᠤ ᠳᠠᠭᠤᠰᠬᠠᠭᠠᠳ ᠰᠢᠯᠭᠠᠨ ᠠᠪᠬᠤ ᠪᠠ ᠠᠰᠢᠭᠯᠠᠯᠲᠠ ᠳᠤ ᠣᠷᠣᠭᠤᠯᠬᠤ ᠠᠵᠢᠯ ᠢ ᠱᠠᠯᠠᠪᠳᠠᠨ ᠬᠢᠬᠦ ᠪᠤᠯᠤᠨ᠎ᠠ᠃ | ︵ᠬᠤᠷᠢᠨ ᠵᠢᠷᠭᠤᠭ᠎ᠠ︶ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠨᠢᠭᠡᠳᠦᠯᠲᠡᠢ | ᠨᠠᠶᠢᠷᠠᠭᠤᠯᠤᠭᠰᠠᠨ ᠬᠡᠯᠡ ᠪᠢᠴᠢᠭ ᠤᠨ ᠪᠠᠭᠰᠢ ᠶᠢ ᠨᠡᠮᠡᠭᠳᠡᠭᠦᠯᠬᠦ ᠲᠤᠬᠠᠢ ᠰᠠᠨᠠᠭᠤᠯᠭ᠎ᠠ︾ ︵50 ᠳ᠋ᠤᠭᠠᠷ ᠲᠣᠭᠠᠲᠤ | ᠰᠠᠨᠠᠭᠤᠯᠭ᠎ᠠ︶᠃ ᠰᠢᠷᠠᠮᠦ᠋ᠷᠡᠨ ᠵᠡᠭᠡᠯᠢ ᠭᠤᠳᠤᠮᠵᠢ ᠶᠢᠨ ᠲᠦᠯᠦᠭᠡᠯᠡᠭᠴᠢ ᠲᠠᠨ᠎ᠠ ᠠᠴᠠ ᠨᠢᠭᠡᠳᠦᠯᠲᠡᠢ ᠨᠠᠶᠢᠷᠠᠭᠤᠯᠤᠭᠰᠠᠨ ᠬᠡᠯᠡ | ᠪᠢᠴᠢᠭ ᠤᠨ ᠪᠠᠭᠰᠢ ᠶᠢᠨ ᠬᠦᠴᠦᠨ ᠢ ᠲᠡᠭᠦᠯᠳᠡᠷᠵᠢᠭᠦᠯᠦᠨ᠂ ᠪᠠᠭᠰᠢ ᠶᠢᠨ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ | ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢ ᠲᠦᠯᠬᠢᠨ ᠠᠬᠢᠭᠤᠯᠬᠤ ᠶᠢ | ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠰᠤᠷᠭᠠᠨ ᠬᠥᠮᠦᠵᠢᠯ ᠤᠨ | ᠲᠣᠪᠴᠢᠶ᠎ᠠ ᠠᠴᠠ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠤᠨ ᠬᠡᠯᠡ ᠪᠢᠴᠢᠭ ᠤᠨ ᠪᠠᠭᠰᠢ ᠲᠤᠲᠠᠭᠳᠠᠵᠤ ᠪᠠᠶᠢᠭ᠎ᠠ ᠪᠠᠶᠢᠳᠠᠯ ᠢ ᠦᠨᠳᠦᠰᠦᠯᠡᠨ᠂ 2022 ᠣᠨ ᠤ 5 | ᠰᠠᠷ᠎ᠠ ᠳᠤ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠪᠠᠭᠰᠢ ᠶᠢ 2 ᠨᠡᠷ᠎ᠡ ᠡᠯᠰᠡᠪᠡ︔ 7 ᠰᠠᠷ᠎ᠠ ᠳᠤ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠪᠠ ᠪᠠᠭᠰᠢ ᠤᠷᠢᠬᠤ ᠬᠡᠯᠪᠡᠷᠢ ᠪᠠᠷ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠯᠡ | ᠪᠢᠴᠢᠭ ᠤᠨ ᠪᠠᠭᠰᠢ ᠶᠢ 1 ᠨᠡᠷ᠎ᠡ ᠡᠯᠰᠡᠵᠦ᠂ ᠡᠯ᠎ᠡ ᠰᠤᠷᠭᠠᠭᠤᠯᠢ ᠳᠤ ᠪᠠᠭᠰᠢᠯᠠᠭᠤᠯᠪᠠ᠃ ᠡᠭᠦᠨ ᠤ ᠬᠠᠮᠲᠤ᠂ ᠪᠠᠭᠰᠢ ᠨᠠᠷ ᠢ | ᠢᠳᠡᠪᠬᠢᠲᠡᠢ ᠪᠠᠷ ᠵᠣᠬᠢᠶᠠᠨ ᠪᠠᠶᠢᠭᠤᠯᠤᠨ ᠡᠯ᠎ᠡ ᠱᠠᠲᠤᠨ ᠤ ᠡᠯ᠎ᠡ ᠲᠥᠷᠥᠯ ᠤᠨ ᠪᠣᠯᠪᠠᠰᠤᠷᠠᠭᠤᠯᠤᠯ ᠳᠤ ᠣᠷᠣᠯᠴᠠᠭᠤᠯᠵᠤ᠂ | ᠪᠠᠭᠰᠢ ᠨᠠᠷ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠨ᠎ᠡ ᠰᠢᠯᠭᠠᠯᠲᠠ ᠳᠤ ᠵᠣᠬᠢᠴᠠᠬᠤ᠂ ᠰᠢᠨ᠎ᠡ ᠵᠢᠭᠠᠬᠤ | ᠮᠠᠲ᠋ᠧᠷᠢᠶᠠᠯ ᠢ ᠬᠡᠷᠡᠭᠯᠡᠬᠦ ᠴᠢᠳᠠᠪᠤᠷᠢ ᠪᠠ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠪᠡ᠃ ᠵᠢᠯ ᠤᠨ ᠡᠬᠢᠨ ᠠᠴᠠ ᠨᠠᠰᠢ᠂ | 8 ᠤᠳᠠᠭ᠎ᠠ ᠪᠣᠯᠪᠠᠰᠤᠷᠠᠯ ᠥᠷᠨᠢᠭᠦᠯᠵᠦ᠂ ᠪᠠᠭᠰᠢ ᠶᠢ 200 ᠭᠠᠷᠤᠢ ᠬᠥᠮᠥᠨ ᠤᠳᠠᠭ᠎ᠠ ᠪᠤᠯᠪᠠᠰᠦᠷᠠᠭᠤᠯᠪᠠ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠦᠨᠳᠦᠰᠦᠲᠡᠨ ᠤ ᠬᠡᠯᠡ ᠪᠠᠷ | ᠬᠢᠴᠢᠶᠡᠯᠯᠡᠬᠦ ᠰᠤᠷᠭᠠᠭᠤᠯᠢ ᠶᠢᠨ ᠨᠢᠭᠡᠳᠦᠯᠲᠡᠢ ᠨᠠᠶᠢᠷᠠᠭᠤᠯᠤᠭᠰᠠᠨ ᠬᠡᠯᠡ ᠪᠢᠴᠢᠭ ᠤᠨ ᠪᠠᠭᠰᠢ ᠶᠢ ᠣᠷᠣᠭᠤᠯᠤᠨ ᠠᠪᠴᠢᠷᠠᠬᠤ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠠᠭᠰᠢ ᠶᠢᠨ ᠪᠣᠯᠪᠠᠰᠤᠷᠠᠭᠤᠯᠤᠯ ᠢ ᠴᠢᠩᠭᠠᠳᠬᠠᠨ᠂ ᠪᠠᠭᠰᠢ ᠶᠢᠨ ᠲᠤᠰᠬᠠᠢ | ᠮᠡᠷᠭᠡᠵᠢᠯ ᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︵ᠬᠤᠷᠢᠨ ᠲᠤᠯᠤᠭ᠎ᠠ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠳᠤᠮᠳᠠ | ᠳᠠᠪᠬᠤᠷᠭ᠎ᠠ ᠶᠢᠨ ᠺᠠᠳ᠋ᠷ ᠤᠨ ᠠᠵᠢᠯ ᠤᠨ ᠪᠠᠶᠢᠷᠢ ᠶᠢᠨ ᠱᠠᠩᠨᠠᠯ ᠢ ᠳᠡᠭᠡᠭᠰᠢᠯᠡᠭᠦᠯᠬᠦ ᠲᠤᠬᠠᠢ ᠰᠠᠨᠠᠭᠤᠯᠭ᠎ᠠ ︵51 ᠳ᠋ᠦ᠋ᠭᠡᠷ | ᠲᠣᠭᠠᠲᠤ ᠰᠠᠨᠠᠭᠤᠯᠭ᠎ᠠ︶᠃ ᠰᠢᠷᠠᠮᠦ᠋ᠷᠡᠨ ᠵᠡᠭᠡᠯᠢ ᠭᠤᠳᠤᠮᠵᠢ ᠶᠢᠨ ᠲᠦᠯᠦᠭᠡᠯᠡᠭᠴᠢ ᠲᠠᠨ᠎ᠠ ᠠᠴᠠ ᠠᠵᠢᠯ ᠤᠨ ᠪᠠᠶᠢᠷᠢ ᠶᠢᠨ | ᠱᠠᠩᠨᠠᠯ ᠤᠨ ᠲᠣᠭᠲᠠᠴᠠ ᠶᠢ ᠪᠠᠶᠢᠭᠤᠯᠵᠤ᠂ ᠳᠤᠮᠳᠠ ᠳᠠᠪᠬᠤᠷᠭ᠎ᠠ ᠶᠢᠨ ᠺᠠᠳ᠋ᠷ ᠤᠨ ᠠᠵᠢᠯ ᠤᠨ ᠬᠠᠯᠠᠭᠤᠨ ᠰᠡᠳᠬᠢᠯᠭᠡ ᠶᠢ | ᠬᠥᠭᠵᠢᠭᠡᠵᠦ᠂ ᠰᠤᠷᠭᠠᠭᠤᠯᠢ ᠶᠢᠨ ᠳᠤᠮᠳᠠ ᠳᠠᠪᠬᠤᠷᠭ᠎ᠠ ᠶᠢᠨ ᠺᠠᠳ᠋ᠷ ᠤᠨ ᠡᠩᠨᠡᠭᠡ ᠶᠢᠨ ᠠᠮᠢᠵᠢᠷᠠᠯ ᠤᠨ ᠬᠦᠴᠦᠨ ᠢ | ᠠᠬᠢᠭᠤᠯᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠰᠤᠷᠭᠠᠨ ᠬᠥᠮᠦᠵᠢᠯ ᠤᠨ | ᠲᠣᠪᠴᠢᠶ᠎ᠠ ︽ᠬᠡᠰᠢᠭᠲᠡᠨ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠰᠤᠷᠭᠠᠭᠤᠯᠢ ︵ᠬᠡᠦᠬᠡᠳ ᠤᠨ | ᠴᠡᠴᠡᠷᠯᠢᠭ︶ ᠶᠢᠨ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠵᠢᠴᠢ ᠤᠳᠤᠷᠢᠳᠬᠤ ᠺᠠᠳ᠋ᠷ ᠤᠨ ᠲᠤᠰᠢᠶᠠᠯ ᠤᠨ ᠲᠤᠭ᠎ᠠ ᠶᠢ | ᠬᠢᠨᠠᠨ ᠲᠣᠭᠲᠠᠭᠠᠬᠤ ᠠᠷᠭ᠎ᠠ︾ ︽ᠬᠡᠰᠢᠭᠲᠡᠨ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠺᠠᠳ᠋ᠷ ᠢ ᠰᠢᠯᠢᠨ | ᠳᠡᠪᠰᠢᠭᠦᠯᠵᠦ ᠲᠣᠮᠢᠯᠠᠨ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠨ ᠲᠠᠷᠬᠠᠭᠠᠵᠤ᠂ ᠺᠠᠳ᠋ᠷ ᠤᠨ ᠠᠵᠢᠯ ᠤᠨ | ᠪᠠᠶᠢᠷᠢ ᠪᠠ ᠲᠤᠰᠢᠶᠠᠯ ᠤᠨ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ | ᠬᠡᠷᠡᠭᠯᠡᠬᠦ ᠵᠢᠷᠤᠮ ᠢ ᠲᠦᠷᠢᠮᠵᠢᠭᠦᠯᠦᠨ᠂ ᠰᠤᠷᠭᠠᠭᠤᠯᠢ ᠶᠢᠨ ᠳᠤᠮᠳᠠ ᠳᠠᠪᠬᠤᠷᠭ᠎ᠠ ᠶᠢᠨ ᠺᠠᠳ᠋ᠷ ᠤᠨ ᠠᠵᠢᠯ ᠤᠨ ᠪᠠᠶᠢᠷᠢ | ᠲᠤᠭᠢᠷᠠᠯᠴᠠᠵᠦ᠂ ᠠᠵᠢᠯᠲᠠᠨ ᠤ ᠶᠠᠪᠤᠳᠠᠯ ᠵᠣᠬᠢᠴᠠᠯᠳᠤᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠪᠡᠯᠡᠳᠬᠡᠯ | ᠺᠠᠳ᠋ᠷ ᠤᠨ ᠬᠠᠳᠠᠭᠠᠯᠠᠮᠵᠢ ᠶᠢᠨ ᠬᠥᠮᠥᠷᠭᠡ ᠶᠢ ᠪᠠᠶᠢᠭᠤᠯᠵᠤ᠂ ᠪᠡᠯᠡᠳᠬᠡᠯ ᠺᠠᠳ᠋ᠷ ᠢ ︽ᠨᠢᠭᠡ ᠵᠢᠯ ᠳᠤ ᠨᠢᠭᠡ ᠤᠳᠠᠭ᠎ᠠ | ᠲᠠᠨᠢᠯᠴᠠᠭᠤᠯᠬᠤ᠂ ᠨᠢᠭᠡ ᠵᠢᠯ ᠳᠤ ᠨᠢᠭᠡ ᠤᠳᠠᠭ᠎ᠠ ᠰᠢᠯᠭᠠᠨ ᠦᠨᠡᠯᠡᠬᠦ᠂ ᠨᠢᠭᠡ ᠵᠢᠯ ᠳᠤ ᠨᠢᠭᠡ ᠤᠳᠠᠭ᠎ᠠ ᠲᠣᠭᠲᠠᠭᠠᠬᠤ︾ | ᠰᠣᠩᠭᠤᠨ ᠲᠣᠮᠢᠯᠠᠬᠤ ᠲᠣᠭᠲᠠᠴᠠ ᠶᠢ ᠬᠡᠷᠡᠭᠵᠢᠭᠦᠯᠦᠨ᠂ ︽ᠰᠤᠷᠭᠠᠭᠤᠯᠢ ᠶᠢᠨ ᠵᠠᠬᠢᠷᠤᠯ ᠢ ᠰᠤᠷᠭᠠᠭᠤᠯᠢ ᠶᠢᠨ ᠲᠠᠰ ᠤᠨ | ᠲᠤᠬᠠᠶᠢᠯᠠᠭᠰᠠᠨ ᠠᠵᠢᠯ ᠤᠨ ᠳᠡᠳ᠋ ᠲᠤᠰᠢᠶᠠᠯᠲᠠᠨ ᠠᠴᠠ ᠰᠣᠩᠭᠤᠬᠤ᠂ ᠰᠤᠷᠭᠠᠭᠤᠯᠢ ᠶᠢᠨ ᠲᠠᠰ ᠤᠨ ᠲᠤᠬᠠᠶᠢᠯᠠᠭᠰᠠᠨ | ᠠᠵᠢᠯ ᠤᠨ ᠳᠡᠳ᠋ ᠲᠤᠰᠢᠶᠠᠯᠲᠠᠨ ᠢ ᠲᠤᠬᠠᠶᠢᠯᠠᠭᠰᠠᠨ ᠠᠵᠢᠯ ᠤᠨ ᠵᠠᠩᠭᠢᠯᠠᠭ᠎ᠠ ᠶᠢᠨ ᠺᠠᠳ᠋ᠷ ᠠᠴᠠ ᠰᠣᠩᠭᠤᠬᠤ ᠁︾ | ᠰᠣᠩᠭᠤᠨ ᠬᠡᠷᠡᠭᠯᠡᠬᠦ ᠰᠢᠰᠲ᠋ᠧᠮ ᠪᠠ ᠬᠥᠮᠦᠵᠢᠯ ᠪᠣᠯᠪᠠᠰᠤᠷᠠᠭᠤᠯᠤᠯ᠂ ᠬᠠᠮᠢᠶᠠᠷᠤᠯᠲᠠ ᠶᠢᠨ ᠰᠢᠯᠭᠠᠨ ᠲᠣᠭᠲᠠᠭᠠᠯᠲᠠ᠂ | ᠱᠠᠩᠨᠠᠵᠤ ᠲᠣᠷᠭᠠᠬᠤ ᠤᠷᠮᠠᠰᠢᠭᠤᠯᠬᠤ ᠵᠡᠷᠭᠡ ᠳᠦᠷᠢᠮ ᠤᠨ ᠰᠢᠰᠲ᠋ᠧᠮ ᠢ ᠪᠠᠷᠢᠮᠲᠠᠯᠠᠵᠤ᠂ ᠳᠤᠮᠳᠠ ᠳᠠᠪᠬᠤᠷᠭ᠎ᠠ ᠶᠢᠨ | ᠺᠠᠳ᠋ᠷ ᠤᠨ ᠠᠵᠢᠯ ᠬᠢᠬᠦ ᠠᠮᠢᠵᠢᠷᠠᠯ ᠤᠨ ᠬᠦᠴᠦᠨ ᠢ ᠦᠨᠡᠨ ᠬᠦ ᠬᠥᠭᠵᠢᠭᠡᠪᠡ᠃ | ︵ᠬᠤᠷᠢᠨ ᠨᠠᠢᠮᠠ︶ ᡁᠢ ᠿᠦᠢ ᠪᠠᠯᠭᠠᠰᠤᠨ ᠤ ᠹᠦ᠋ ᠱᠧᠩ ᠶᠦᠩ ᠲᠣᠰᠬᠤᠨ ᠤ ᠣᠨᠴᠠᠯᠢᠭᠲᠤ ᠲᠠᠷᠢᠮᠠᠯ ᠢ ᠶᠡᠬᠡᠪᠡᠷ | ᠬᠥᠭᠵᠢᠭᠦᠯᠬᠦ ᠲᠤᠬᠠᠢ ᠰᠠᠨᠠᠭᠤᠯᠭ᠎ᠠ ︵55 ᠳ᠋ᠤᠭᠠᠷ ᠲᠣᠭᠠᠲᠤ ᠰᠠᠨᠠᠭᠤᠯᠭ᠎ᠠ︶᠃ ᡁᠢ ᠿᠦᠢ ᠪᠠᠯᠭᠠᠰᠤᠨ ᠤ ᠪᠠᠢ ᠯᠢ | ᠵᠢᠤᠸᠠᠨ ᠲᠥᠯᠥᠭᠡᠯᠡᠭᠴᠢ ᠠᠴᠠ ᠠᠵᠢᠯ ᠲᠥᠷᠥᠯ ᠤᠨ ᠨᠡᠶᠢᠭᠡᠮᠯᠢᠭ ᠪᠤᠶᠤ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ | ᠪᠠᠶᠢᠭᠤᠯᠵᠤ᠂ ᠲᠠᠷᠪᠤᠰ᠂ ᠠᠮᠲᠠᠲᠤ ᠬᠡᠮᠬᠡ᠂ ᠯᠠᠩᠭᠤᠸᠠ ᠵᠡᠷᠭᠡ ᠣᠨᠴᠠᠯᠢᠭᠲᠤ ᠠᠵᠤ ᠦᠢᠯᠡᠰ ᠢ ᠬᠡᠪᠴᠢᠶᠡᠵᠢᠭᠦᠯᠦᠨ | ᠭᠦᠭᠵᠢᠭᠦᠯᠬᠦ ᠶᠢ ᠬᠥᠲᠥᠯᠥᠨ ᠵᠢᠯᠤᠭᠤᠳᠴᠤ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ | ᠥᠷᠭᠡᠳᠬᠡᠬᠦ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠮᠠᠯ ᠠᠵᠤ ᠠᠬᠤᠢ | ᠲᠠᠷᠢᠶᠠᠯᠠᠩ ᠬᠢᠭᠡᠳ ᠭᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ | ᠢᠳᠡᠪᠬᠢᠲᠡᠢ ᠵᠣᠬᠢᠴᠠᠭᠤᠯᠵᠤ᠂ ᠵᠠᠮ ᠬᠠᠷᠢᠯᠴᠠᠭ᠎ᠠ ᠲᠥᠬᠦᠮ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ ᠵᠡᠷᠭᠡ | ᠠᠰᠢᠭᠲᠠᠢ ᠨᠥᠬᠦᠴᠡᠯ ᠳᠤ ᠰᠠᠭᠤᠷᠢᠯᠠᠨ᠂ ᠹᠦ᠋ ᠱᠧᠩ ᠶᠦᠩ ᠲᠣᠰᠬᠤᠨ ᠤ ᠣᠨᠴᠠᠯᠢᠭᠲᠤ ᠠᠵᠤ ᠦᠢᠯᠡᠰ ᠤᠨ | ᠬᠥᠭᠵᠢᠯᠲᠡ ᠶᠢ ᠤᠷᠢᠳᠠᠪᠠᠷ ᠠᠭᠢᠭᠤᠯᠪᠠ᠃ ᠡᠭᠦᠨ ᠤ ᠬᠠᠮᠲᠤ᠂ ᠹᠦ᠋ ᠱᠧᠩ ᠶᠦᠩ ᠲᠣᠰᠬᠤᠨ ᠢ ᠵᠢᠯᠣᠭᠤᠳᠤᠨ | ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠠᠷᠭ᠎ᠠ ᠮᠠᠶ᠋ᠢᠭ ᠢᠶᠠᠷ ᠬᠤᠯᠪᠣᠭᠠᠲᠤ ᠬᠤᠷᠰᠢᠶ᠎ᠠ ᠪᠠᠶᠢᠭᠤᠯᠵᠤ᠂ ᠣᠨᠴᠠᠯᠢᠭᠲᠤ ᠠᠵᠤ | ᠦᠢᠯᠡᠰ ᠢ ᠳᠠᠷᠢᠵᠤ ᠪᠠᠶᠢᠭ᠎ᠠ ᠲᠠᠷᠠᠬᠠᠢ ᠪᠤᠲᠠᠷᠬᠠᠢ ᠲᠠᠷᠢᠶᠠᠴᠢᠨ ᠡᠷᠦᠬᠡ ᠶᠢ ᠨᠢᠭᠡ ᠳᠣᠣᠷ᠎ᠠ ᠲᠥᠪᠯᠡᠷᠡᠭᠦᠯᠦᠨ ᠣᠨᠴᠠᠯᠢᠭᠲᠤ | ᠠᠵᠤ ᠦᠢᠯᠡᠰ ᠤᠨ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠬᠤᠰᠢᠭᠤᠨ ᠤ ᠮᠠᠯ ᠠᠵᠤ ᠠᠬᠤᠢ ᠲᠠᠷᠢᠶᠠᠯᠠᠩ ᠬᠢᠭᠡᠳ | ᠭᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠠᠴᠠ ︽ᠭᠤᠷᠪᠠᠨ ᠪᠦᠲᠦᠭᠡᠭᠳᠡᠬᠦᠨ ᠨᠢᠭᠡ ᠳᠡᠮᠳᠡᠭᠲᠦ︾ ᠶᠢᠨ | ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠬᠠᠮᠵᠢᠯᠴᠠᠵᠤ᠂ ᠪᠦᠷᠢᠨ ᠪᠦᠲᠦᠨ ᠦᠷᠭᠦᠯᠵᠢᠯᠡᠭᠰᠡᠨ ᠠᠵᠤ ᠦᠢᠯᠡᠰ ᠤᠨ | ᠬᠡᠯᠬᠢᠶ᠎ᠡ ᠶᠢ ᠠᠯᠬᠤᠮ ᠠᠯᠬᠤᠮ ᠢᠶᠠᠷ ᠪᠣᠶ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠪᠠ᠃ | | ︵ᠬᠤᠷᠢ ᠶᠢᠰᠦ︶ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠬᠦᠴᠦ ᠪᠠᠨ ᠲᠥᠪᠯᠡᠷᠡᠭᠦᠯᠬᠦ ᠲᠤᠬᠠᠢ | ᠰᠠᠨᠠᠭᠤᠯᠭ᠎ᠠ ︵57 ᠳ᠋ᠤᠭᠠᠷ ᠲᠣᠭᠠᠲᠤ ᠰᠠᠨᠠᠭᠤᠯᠭ᠎ᠠ︶᠃ ᡁᠢ ᠿᠦᠢ ᠪᠠᠯᠭᠠᠰᠤᠨ ᠤ ᠲᠥᠯᠥᠭᠡᠯᠡᠭᠴᠢ ᠶᠤᠸᠠᠨ ᠽᠢ ᠯᠦᠩ | ᠠᠴᠠ ᠬᠥᠳᠡᠭᠡ ᠲᠣᠰᠬᠤᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠣᠯᠪᠠᠰᠤᠷᠠᠭᠤᠯᠤᠯ ᠪᠠ | ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠬᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠪᠡᠯᠡ | ᠣᠷᠣᠭᠤᠯᠤᠯᠲᠠ ᠶᠢ ᠨᠡᠮᠡᠭᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠨᠳᠦᠰᠦᠨ ᠱᠠᠲᠤᠨ ᠤ ᠡᠮᠴᠢᠯᠡᠭᠡᠨ ᠤ ᠬᠢᠷᠢ | ᠲᠦᠪᠰᠢᠨ ᠢ ᠦᠨᠡᠨ ᠬᠦ ᠳᠡᠭᠡᠭᠰᠢᠯᠡᠭᠦᠯᠬᠦ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ | ᠮᠡᠨᠲᠦ ᠶᠢᠨ ᠵᠥᠪᠯᠡᠯ ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠥᠷᠨᠢᠭᠦᠯᠪᠡ᠃ ᠨᠢᠭᠡ ᠳᠤ ᠦᠨᠳᠦᠰᠦᠨ | ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠳᠤ ᠦᠢᠯᠡᠴᠢᠯᠡᠭᠡᠨ ᠤ ᠪᠦᠯᠬᠦᠮ ᠪᠠᠶᠢᠭᠤᠯᠬᠤ᠂ ᠠᠵᠢᠯᠲᠠᠳ ᠢ ᠠᠵᠢᠯ ᠤᠨ | ᠪᠠᠶᠢᠷᠢ ᠡᠭᠡᠯᠵᠢᠯᠡᠭᠦᠯᠦᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠪᠠᠭᠤᠯᠭᠠᠬᠤ᠂ ᠬᠢᠷᠢ ᠲᠡᠩᠴᠡᠭᠰᠡᠨ ᠬᠥᠳᠡᠭᠡ | ᠲᠣᠰᠬᠤᠨ ᠤ ᠡᠮᠴᠢ ᠶᠢ ᠤᠷᠢᠨ ᠬᠡᠷᠡᠭᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠷᠡᠭᠦᠯ ᠬᠠᠮᠠᠭᠠᠯᠠᠯ ᠤᠨ ᠲᠠᠰᠤᠭ ᠤᠨ | ᠣᠨᠣᠰᠢᠯᠠᠨ ᠡᠮᠨᠡᠬᠦ ᠠᠵᠢᠯ ᠢ ᠵᠢᠯᠤᠭᠤᠳᠴᠦ᠂ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ᠂ | ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠦᠢᠯᠡᠴᠢᠯᠡᠭᠡ ᠳᠤ ᠲᠦᠰᠢᠭᠯᠡᠨ᠂ ᠵᠢᠯ ᠪᠦᠷᠢ ᠶᠢᠨ ᠣᠯᠠᠨ ᠨᠡᠶᠢᠲᠡ ᠶᠢᠨ | ᠦᠨᠳᠦᠰᠦᠨ ᠡᠷᠡᠭᠦᠯ ᠬᠠᠮᠠᠭᠠᠯᠠᠯ ᠪᠠ ᠦᠨᠳᠦᠰᠦᠨ ᠡᠮ ᠤᠨ ᠵᠦᠢᠯ ᠤᠨ ᠪᠠᠶᠢᠩᠭᠤ ᠰᠠᠭᠤᠭ᠎ᠠ ᠬᠥᠮᠥᠨ ᠠᠮᠠ ᠶᠢᠨ | ᠨᠥᠬᠦᠪᠦᠷᠢ ᠶᠢᠨ ᠪᠠᠷᠢᠮᠵᠢᠶ᠎ᠠ ᠶᠣᠰᠣᠭᠠᠷ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠨᠥᠬᠦᠪᠦᠷᠢ ᠶᠢ ᠴᠠᠭ ᠲᠤᠬᠠᠢ | ᠳᠤᠨᠢ᠂ ᠲᠤᠭ᠎ᠠ ᠶᠣᠰᠣᠭᠠᠷ ᠦᠭᠬᠦ ᠶᠢ ᠪᠠᠲᠤᠯᠠᠪᠠ︔ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ᠂ ᠭᠤᠣᠯᠯᠠᠭᠴᠢ ᠬᠦᠴᠦᠨ ᠢ | ᠲᠥᠪᠯᠡᠷᠡᠭᠦᠯᠦᠨ ᠪᠣᠯᠪᠠᠰᠤᠷᠠᠭᠤᠯᠬᠤ᠂ ᠲᠤᠬᠠᠶᠢᠯᠠᠭᠰᠠᠨ ᠠᠵᠢᠯ ᠤᠨ ᠲᠤᠰᠬᠠᠢ ᠵᠦᠢᠯ ᠤᠨ ᠪᠣᠯᠪᠠᠰᠤᠷᠠᠭᠤᠯᠤᠯ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠲᠣᠰᠬᠤᠨ ᠤ ᠡᠮᠴᠢ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠦᠷᠨᠢᠭᠦᠯᠪᠡ᠃ | ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ | ᠪᠥᠬᠦ ᠬᠤᠰᠢᠭᠤᠨ ᠳᠤ ᠣᠲᠣ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ 21᠂ ᠭᠠᠴᠠᠭ᠎ᠠ ᠲᠣᠰᠬᠤᠨ ᠤ | ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠲᠠᠰᠤᠭ 104 ᠪᠠᠶᠢᠵᠤ᠂ ᠨᠢᠭᠡᠨᠲᠡ ᠪᠦᠲᠦᠭᠡᠨ ᠪᠠᠶᠢᠭᠤᠯᠤᠯᠲᠠ ᠶᠢᠨ | ᠪᠠᠷᠢᠮᠵᠢᠶ᠎ᠠ ᠳᠤ ᠭᠦᠷᠦᠭᠰᠡᠨ ᠪᠠᠶᠢᠨ᠎ᠠ᠃ ᠡᠷᠡᠭᠦᠯ ᠬᠠᠮᠠᠭᠠᠯᠠᠯ ᠤᠨ ᠬᠤᠷᠢᠶᠠᠨ ᠳᠤ ᠤᠳᠤ ︽ᠭᠤᠷᠪᠠᠨ ᠳᠤᠮᠤ ᠮᠠᠰᠢᠨ︾ 60 | ᠰᠠᠭᠤᠷᠢ ︵ᠬᠤᠪᠢ︶᠂ ︽ᠭᠤᠷᠪᠠᠨ ᠪᠠᠭ᠎ᠠ ᠮᠠᠰᠢᠨ︾ 82 ᠰᠠᠭᠤᠷᠢ ︵ᠬᠤᠪᠢ︶ ᠪᠠᠶᠢᠨ᠎ᠠ︔ ᠡᠷᠡᠭᠦᠯ ᠬᠠᠮᠠᠭᠠᠯᠠᠯ ᠤᠨ | ᠲᠠᠰᠤᠭ ᠤᠨ ᠦᠨᠳᠦᠰᠦᠨ ᠲᠥᠬᠦᠭᠡᠷᠦᠮᠵᠢ ᠶᠢ ᠪᠦᠷᠢᠨ ᠭᠦᠢᠴᠡᠳ ᠲᠣᠬᠢᠷᠠᠭᠤᠯᠵᠤ᠂ ᠦᠨᠳᠦᠰᠦᠨ ᠡᠮ ᠤᠨ ᠵᠦᠢᠯ ᠢ ᠴᠥᠮ | 80 ᠵᠦᠢᠯ ᠠᠴᠠ ᠳᠡᠭᠡᠭᠰᠢ ᠬᠡᠮᠵᠢᠶᠡᠨ ᠳᠤ ᠬᠦᠷᠭᠡᠪᠡ᠃ | ︵ᠭᠤᠴᠢ︶ ᠲᠣᠰᠬᠤᠨ ᠤ ᠵᠠᠮ ᠢ ᠬᠠᠮᠢᠶᠠᠷᠴᠤ ᠬᠠᠮᠠᠭᠠᠯᠠᠬᠤ ᠲᠤᠬᠠᠢ ᠰᠠᠨᠠᠭᠤᠯᠭ᠎ᠠ ︵58 ᠳ᠋ᠤᠭᠠᠷ ᠲᠣᠭᠠᠲᠤ | ᠰᠠᠨᠠᠭᠤᠯᠭ᠎ᠠ︶᠃ ᡁᠢ ᠿᠦᠢ ᠪᠠᠯᠭᠠᠰᠤᠨ ᠤ ᠲᠥᠯᠥᠭᠡᠯᠡᠭᠴᠢ ᠵᠠᠩ ᠴᠤᠤ ᠡᠾᠦ᠋ᠢ ᠠᠴᠠ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ᠂ ᠬᠠᠮᠢᠶᠠᠷᠤᠨ ᠬᠠᠮᠠᠭᠠᠯᠠᠬᠤ ᠬᠦᠴᠦᠨ ᠢ ᠲᠡᠭᠦᠯᠳᠡᠷᠵᠢᠭᠦᠯᠬᠦ ᠵᠢᠴᠢ | ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠬᠤ ᠵᠡᠷᠭᠡ ᠠᠷᠭ᠎ᠠ ᠬᠡᠯᠪᠡᠷᠢ ᠪᠠᠷ ᠲᠣᠰᠬᠤᠨ ᠤ ᠵᠠᠮ ᠢ ᠬᠠᠮᠢᠶᠠᠷᠤᠨ ᠬᠠᠮᠠᠭᠠᠯᠠᠬᠤ | ᠠᠵᠢᠯ ᠢ ᠦᠨᠡᠨᠬᠦ ᠰᠠᠶᠢᠲᠤᠷ ᠬᠢᠬᠦ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᡁᠢ ᠿᠦᠢ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ 31 ᠬᠥᠮᠥᠨ ᠤ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠠᠵᠢᠯ ᠤᠨ ᠪᠠᠶᠢᠷᠢ ᠭᠠᠷᠭᠠᠵᠦ᠂ ᠲᠣᠰᠬᠤᠨ ᠤ ᠵᠠᠮ ᠢ ᠬᠠᠮᠢᠶᠠᠷᠤᠨ ᠬᠠᠮᠠᠭᠠᠯᠠᠬᠤ ᠬᠦᠴᠦᠨ ᠢ ᠪᠦᠲᠦᠮᠵᠢᠲᠡᠶ | ᠨᠡᠮᠡᠭᠳᠡᠭᠦᠯᠪᠡ᠃ ᠡᠭᠦᠨ ᠤ ᠬᠠᠮᠲᠤ᠂ ᠠᠵᠢᠯ ᠤᠨ ᠪᠠᠶᠢᠷᠢ ᠪᠠ ᠬᠠᠷᠢᠭᠤᠴᠠᠯᠭ᠎ᠠ ᠶᠢ ᠲᠣᠭᠲᠠᠭᠠᠬᠤ᠂ ᠬᠡᠰᠡᠭ ᠬᠤᠪᠢᠶᠠᠨ | ᠬᠠᠮᠠᠭᠠᠯᠠᠬᠤ ᠪᠠᠷ ᠳᠠᠮᠵᠢᠭᠤᠯᠤᠨ᠂ ᠲᠣᠰᠬᠤᠨ ᠤ ᠵᠠᠮ ᠤᠨ ᠬᠠᠮᠢᠶᠠᠷᠴᠤ ᠬᠠᠮᠠᠭᠠᠯᠠᠬᠤ ᠣᠷᠳᠣ ᠬᠤᠭᠤᠴᠠᠭᠠᠨ ᠤ | ᠲᠣᠭᠲᠠᠴᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠵᠠᠮ ᠤᠨ ᠰᠠᠭᠠᠳ ᠦᠭᠡᠢ ᠨᠡᠪᠲᠡᠷᠡᠬᠦ᠂ | ᠴᠡᠪᠡᠷ ᠲᠡᠭᠰᠢ ᠪᠠᠶᠢᠬᠤ ᠶᠢ ᠪᠠᠲᠤᠯᠠᠪᠠ᠃ ᠳᠠᠷᠠᠭᠠᠴᠢ ᠶᠢᠨ ᠠᠯᠬᠤᠮ ᠳᠤ᠂ ᡁᠢ ᠿᠦᠢ ᠪᠠᠯᠭᠠᠰᠤ ᠶᠢᠨ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠲᠣᠪᠴᠢᠶ᠎ᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠳᠠᠭᠠᠭᠠᠴᠠ ᠠᠴᠠ ᠬᠡᠲᠦᠷᠡᠭᠰᠡᠨ ᠳᠤ ᠴᠣᠬᠢᠯᠲᠠ | ᠥᠭᠴᠦ ᠰᠢᠢᠳᠭᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠵᠠᠮ ᠤᠨ ᠬᠡᠷᠡᠭᠯᠡᠬᠦ ᠬᠤᠭᠤᠴᠠᠭ᠎ᠠ ᠶᠢ ᠪᠦᠲᠦᠮᠵᠢᠲᠡᠢ | ᠤᠷᠲᠤᠳᠬᠠᠬᠤ ᠶᠢᠨ ᠬᠠᠮᠲᠤ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠦᠬᠦ ᠪᠠᠯᠭᠠᠰᠦᠨ ᠳᠤ | ᠤᠬᠠᠮᠰᠠᠷ ᠠᠴᠠ ᠪᠠᠨ ᠵᠠᠮ ᠬᠠᠮᠠᠭᠠᠯᠠᠬᠤ ᠠᠵᠢᠯ ᠳᠤ ᠣᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ | ︵ᠭᠤᠴᠢᠨ ᠨᠢᠭᠡ︶ ᠬᠤᠩ ᠱᠠᠨᠽᠢ ᠰᠢᠶᠠᠩ ᠤᠨ ᠲᠢᠶᠠᠨ ᠲᠠᠢ ᠶᠦᠩ ᠲᠤᠰᠬᠤᠨ ᠤ ᠬᠥᠳᠡᠭᠡ ᠲᠣᠰᠬᠤᠨ ᠤ | ᠬᠥᠮᠥᠰ ᠤᠨ ᠣᠷᠣᠰᠢᠨ ᠰᠠᠭᠤᠬᠤ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠲᠤᠬᠠᠢ ᠰᠠᠨᠠᠭᠤᠯᠭ᠎ᠠ ︵ | 62 ᠳ᠋ᠤᠭᠠᠷ ᠲᠣᠭᠠᠲᠤ ᠰᠠᠨᠠᠭᠤᠯᠭ᠎ᠠ︶᠃ ᠬᠤᠩ ᠱᠠᠨᠽᠢ ᠰᠢᠶᠠᠩ ᠤᠨ ᠴᠧᠨ ᠾᠦᠢ ᠳ᠋ᠦᠩ ᠵᠡᠷᠭᠡ 6 ᠲᠥᠯᠥᠭᠡᠯᠡᠭᠴᠢ | ᠠᠴᠠ ᠣᠷᠴᠢᠨ ᠠᠬᠤᠢ ᠶᠢᠨ ᠡᠷᠡᠭᠦᠯ ᠬᠠᠮᠠᠭᠠᠯᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠬᠦ᠂ ᠲᠣᠰᠬᠤᠨ ᠤ ᠲᠣᠭᠲᠠᠭᠠᠯ ᠠᠷᠠᠳ ᠤᠨ ᠭᠡᠷ᠎ᠡ ᠪᠠᠶᠢᠭᠤᠯᠬᠤ᠂ ᠤᠬᠠᠭᠤᠯᠭ᠎ᠠ ᠬᠥᠮᠦᠵᠢᠯ ᠢ ᠴᠢᠩᠭᠠᠳᠬᠠᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠩ ᠱᠠᠨᠽᠢ ᠰᠢᠶᠠᠩ ᠤᠨ ᠲᠢᠶᠠᠨ ᠲᠠᠢ ᠶᠦᠩ ᠲᠣᠰᠬᠤᠨ ᠤ ᠣᠷᠴᠢᠨ | ᠠᠬᠤᠢ ᠶᠢᠨ ᠡᠷᠡᠭᠦᠯ ᠬᠠᠮᠠᠭᠠᠯᠠᠯ ᠤᠨ ᠪᠠᠶᠢᠳᠠᠯ ᠢ ᠰᠠᠶᠢᠵᠢᠷᠠᠭᠤᠯᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠣᠷᠣᠨ ᠰᠠᠭᠤᠴᠠ ᠬᠢᠭᠡᠳ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠤᠬᠠᠢ ᠶᠢᠨ ᠭᠠᠵᠠᠷ ᠤᠨ ᠪᠠᠶᠢᠴᠠᠭᠠᠯᠲᠠ ᠬᠢᠵᠦ᠂ ᠬᠤᠩ | ᠱᠠᠨᠽᠢ ᠰᠢᠶᠠᠩ ᠤᠨ 6 ᠵᠠᠰᠠᠭ ᠵᠠᠬᠢᠷᠭᠠᠨ ᠤ ᠲᠣᠰᠬᠤᠨ᠂ 38 ᠠᠶᠢᠯ ᠳᠤᠭᠤᠶᠢᠯᠠᠩ ᠤᠨ ᠭᠠᠷᠭᠠᠭᠰᠠᠨ ᠰᠦᠯᠢᠶᠤᠤ ᠬᠤᠭ | ᠨᠣᠪᠰᠢ ᠶᠢ 8 ᠲᠣᠨ ᠤ ᠬᠤᠭ ᠠᠪᠴᠢᠭᠤᠯᠬᠤ ᠲᠡᠷᠭᠡ ᠪᠠᠷ ᠪᠢᠷᠠᠭᠤ ᠪᠠᠯᠭᠠᠰᠤᠨ ᠤ ᠬᠤᠭ ᠨᠣᠪᠰᠢ ᠪᠤᠯᠠᠬᠤ ᠭᠠᠵᠠᠷ ᠲᠤ | ᠴᠡᠪᠡᠷᠯᠡᠨ ᠲᠡᠭᠡᠭᠡᠪᠦᠷᠢᠯᠡᠬᠦ ᠶᠢ ᠬᠠᠷᠢᠭᠤᠴᠠᠪᠠ᠃ ᠵᠢᠯ ᠳᠤ 7300 ᠲᠣᠨ ᠬᠤᠭ ᠨᠣᠪᠰᠢ ᠭᠠᠷᠴᠦ᠂ ᠪᠣᠶ ᠪᠦᠬᠦᠢ ᠬᠤᠭ | ᠨᠣᠪᠰᠢ ᠶᠢ ᠡᠳᠦᠷ ᠲᠤ ᠨᠢ ᠴᠡᠪᠡᠷᠯᠡᠵᠦ ᠪᠤᠢ᠃ ᠠᠷᠭᠠᠯ ᠬᠤᠷᠭᠤᠯ ᠢ ᠡᠪᠦᠯ ᠤᠨ ᠤᠯᠠᠷᠢᠯ ᠳᠤ ᠰᠠᠷ᠎ᠠ ᠪᠦᠷᠢ 30 ᠲᠡᠷᠭᠡ | ᠴᠡᠪᠡᠷᠯᠡᠨ ᠲᠡᠭᠡᠭᠡᠪᠦᠷᠢᠯᠡᠵᠦ᠂ ᠵᠤᠨ ᠤ ᠤᠯᠠᠷᠢᠯ ᠳᠤ ᠰᠠᠷ᠎ᠠ ᠪᠦᠷᠢ 25 ᠲᠡᠷᠭᠡ ᠴᠡᠪᠡᠷᠯᠡᠨ ᠲᠡᠭᠡᠭᠡᠪᠦᠷᠢᠯᠡᠪᠡ᠃ ᠲᠡᠷᠡᠴᠢᠯᠡᠨ | ᠵᠢᠯ ᠪᠦᠷᠢ ᠶᠢᠨ ᠬᠠᠪᠤᠷ ᠤᠨ ᠲᠠᠷᠢᠶᠠᠯᠠᠭ᠎ᠠ ᠠᠴᠠ ᠡᠮᠦᠨᠡᠬᠢ᠂ ᠨᠠᠮᠤᠷ ᠤᠨ ᠬᠤᠷᠢᠶᠠᠯᠲᠠ ᠶᠢᠨ ᠳᠠᠷᠠᠭᠠᠬᠢ 2 ᠤᠳᠠᠭ᠎ᠠ ᠶᠢᠨ | ᠲᠥᠪᠯᠡᠷᠡᠭᠦᠯᠦᠨ ᠴᠡᠪᠡᠷᠯᠡᠨ ᠲᠡᠭᠡᠭᠡᠪᠦᠷᠢᠯᠡᠬᠦ ᠠᠵᠢᠯ ᠨᠢ ᠪᠤᠢ ᠪᠦᠬᠦᠢ ᠵᠠᠰᠠᠭ ᠵᠠᠬᠢᠷᠭᠠᠨ ᠤ ᠲᠣᠰᠬᠤᠨ ᠵᠢᠴᠢ ᠠᠶᠢᠯ | ᠳᠤᠭᠤᠶᠢᠯᠠᠩ ᠢ ᠬᠠᠮᠤᠷᠴᠦ ᠪᠤᠢ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠣᠷᠣᠨ ᠰᠠᠭᠤᠴᠠ ᠬᠢᠭᠡᠳ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠤᠬᠠᠭᠤᠯᠵᠤ ᠬᠥᠲᠥᠯᠥᠨ ᠵᠢᠯᠤᠭᠤᠳᠬᠤ ᠶᠢ ᠦᠷᠭᠦᠯᠵᠢᠯᠡᠨ | ᠴᠢᠩᠭᠠᠷᠠᠭᠤᠯᠬᠤ ᠶᠢᠨ ᠬᠠᠮᠲᠤ᠂ ᠬᠢᠷᠢ ᠬᠡᠮ ᠲᠠᠢ ᠭᠤᠷᠪᠠᠳᠤᠭᠠᠷ ᠺᠣᠮᠫᠠᠨᠢ ᠶᠢ ᠤᠷᠢᠵᠤ ᠪᠥᠬᠦ ᠬᠤᠰᠢᠭᠤᠨ ᠤ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠳᠤ | ᠬᠤᠶᠠᠳᠠᠭᠢ ᠤᠳᠠᠭᠠᠨ ᠤ ᠲᠤᠰᠬᠠᠢ ᠲᠥᠯᠦᠪᠵᠢᠭᠦᠯᠭᠡ ᠬᠢᠯᠭᠡᠨ᠎ᠡ᠂ ᠣᠲᠣ 131 ᠵᠠᠰᠠᠭ ᠵᠠᠬᠢᠷᠭᠠᠨ ᠤ ᠲᠣᠰᠬᠤᠨ ᠤ ᠬᠠᠮᠢᠶ᠎ᠠ | ᠪᠦᠬᠦᠢ ᠲᠤᠭ᠎ᠠ ᠪᠠᠷᠢᠮᠲᠠ ᠶᠢ ᠨᠢᠭᠡᠨᠲᠡ ᠴᠤᠭᠯᠠᠭᠤᠯᠤᠨ ᠳᠠᠭᠤᠰᠬᠠᠵᠤ᠂ ᠲᠥᠯᠦᠪᠵᠢᠭᠦᠯᠭᠡ ᠶᠢ ᠬᠡᠷᠡᠭᠵᠢᠭᠦᠯᠬᠦ ᠪᠠᠷ ᠪᠠᠶᠢᠨ᠎ᠠ᠃ | ᠡᠨᠡ ᠨᠢ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠠᠵᠢᠯ ᠤᠨ ᠡᠮᠬᠢ ᠵᠢᠷᠤᠮ ᠲᠠᠢ | ᠶᠠᠪᠤᠭᠳᠠᠬᠤ ᠶᠢ ᠲᠦᠯᠬᠢᠨ ᠠᠬᠢᠭᠤᠯᠬᠤ ᠪᠣᠯᠣᠨ᠎ᠠ᠃ | ︵ᠭᠤᠴᠢᠨ ᠬᠤᠶᠠᠷ︶ ᠲᠢᠶᠧ ᠶᠢᠩᠽᠢ ᠲᠤᠰᠬᠤᠨ ᠤ ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠠᠯᠠᠪᠠᠢ ᠶᠢᠨ | ᠭᠠᠵᠠᠷ ᠡᠵᠡᠯᠡᠬᠦ ᠳᠤ ᠬᠦᠴᠢᠷᠲᠡᠢ ᠪᠠᠶᠢᠬᠤ ᠲᠤᠬᠠᠢ ᠰᠠᠨᠠᠭᠤᠯᠭ᠎ᠠ ︵70 ᠳ᠋ᠤᠭᠠᠷ ᠰᠠᠨᠠᠭᠤᠯᠭ᠎ᠠ︶᠃ ᠲᠤ ᠴᠧᠩᠽᠢ | ᠪᠠᠯᠭᠠᠰᠤ ᠶᠢᠨ ᠲᠥᠯᠥᠭᠡᠯᠡᠭᠴᠢ ᠰᠢᠦᠢ ᠳ᠋ᠧ ᠾᠧᠩ ᠠᠴᠠ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠭᠠᠵᠠᠷ ᠢ ᠨᠢᠭᠡᠳᠦᠯᠲᠡᠢ | ᠲᠥᠯᠥᠪᠵᠢᠭᠦᠯᠬᠦ᠂ ᠬᠡᠰᠡᠭ ᠦᠨᠳᠦᠰᠦᠨ ᠪᠤᠰᠤ ᠲᠠᠷᠢᠶᠠᠨ ᠭᠠᠵᠠᠷ ᠢ ᠲᠥᠯᠥᠪᠵᠢᠭᠦᠯᠬᠦ ᠵᠡᠷᠭᠡ ᠠᠷᠭ᠎ᠠ ᠬᠡᠯᠪᠡᠷᠢ ᠪᠠᠷ ᠲᠢᠶᠧ | ᠶᠢᠩᠽᠢ ᠲᠣᠰᠬᠤᠨ ᠤ ᠲᠦᠭᠦᠭᠡᠷᠦᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠠᠰᠠᠭᠤᠳᠠᠯ ᠢ ᠰᠢᠢᠳᠪᠦᠷᠢᠯᠡᠬᠦ ᠶᠢ | ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠲᠤ ᠴᠧᠩᠽᠢ ᠪᠠᠯᠭᠠᠰᠦᠨ ᠤ ᠠᠷᠠᠳ ᠤᠨ ᠵᠠᠰᠠᠭ ᠤᠨ ᠣᠷᠳᠣᠨ᠂ ᠲᠢᠶᠧ ᠶᠢᠩᠽᠢ ᠲᠣᠰᠬᠤᠨ ᠤ | ᠠᠷᠠᠳ ᠤᠨ ᠵᠥᠪᠯᠡᠯ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠯᠲᠠ ᠬᠢᠵᠦ᠂ ᠲᠠᠷᠢᠶᠠᠨ ᠭᠠᠵᠠᠷ ᠪᠠ ᠦᠨᠳᠦᠰᠦᠨ | ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠦᠭᠡᠢ ᠪᠠᠶᠢᠳᠠᠯ ᠳᠣᠣᠷ᠎ᠠ᠂ ᠲᠤ ᠴᠧᠩᠽᠢ ᠪᠠᠯᠭᠠᠰᠤᠨ ᠤ ᠲᠢᠶᠧ ᠶᠢᠩᠽᠢ | ᠲᠣᠰᠬᠤᠨ ᠤ ᠪᠠ ᠱᠢ ᠶᠢᠩᠽᠢ ᠳᠤᠭᠤᠶᠢᠯᠠᠩ ᠳᠤ 3 ︱ 4 ᠲᠥᠬᠦᠭᠡᠷᠦᠮᠵᠢᠲᠦ ᠲᠠᠷᠢᠶᠠᠯᠠᠩ ᠤᠨ ᠭᠠᠵᠠᠷ ᠭᠠᠷᠭᠠᠵᠤ᠂ 53 | ᠮᠦ ᠲᠥᠷᠥᠯ ᠵᠦᠢᠯ ᠳᠤ ᠬᠡᠷᠡᠭᠯᠡᠬᠦ ᠭᠠᠵᠠᠷ ᠢ ᠵᠥᠪᠰᠢᠶᠡᠷᠡᠬᠦ ᠪᠠᠷ ᠲᠤᠭᠲᠠᠪᠠ᠃ ᠲᠠᠷᠠᠭᠠᠴᠢ ᠶᠢᠨ ᠠᠯᠬᠤᠮ ᠳᠤ᠂ ᠲᠤ | ᠴᠧᠩᠽᠢ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠢᠶᠠᠷ ᠲᠦᠷᠦᠭᠦᠯᠡᠭᠦᠯᠦᠨ ᠠᠯᠢ ᠴᠢᠳᠠᠬᠤ ᠪᠠᠷ ᠳᠠᠷᠤᠶᠢᠬᠠᠨ | ᠵᠥᠪᠰᠢᠶᠡᠷᠡᠭᠦᠯᠵᠦ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠳᠠᠩᠰᠠᠯᠠᠭᠤᠯᠬᠤ ᠶᠢ ᠪᠡᠶᠡᠯᠡᠭᠦᠯᠵᠦ᠂ | ᠲᠢᠶᠧ ᠶᠢᠩᠽᠢ ᠲᠣᠰᠬᠤᠨ ᠤ ᠵᠥᠪᠯᠡᠯ ᠠᠴᠠ ᠨᠢᠭᠡᠳᠦᠯᠲᠡᠢ ᠬᠠᠮᠢᠶᠠᠷᠤᠨ ᠬᠡᠷᠡᠭᠯᠡᠵᠦ᠂ ᠲᠢᠶᠧ ᠶᠢᠩᠽᠢ ᠲᠣᠰᠬᠤᠨ ᠤ | ᠲᠥᠬᠦᠭᠡᠷᠦᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠮᠢᠬᠠᠨ ᠤ ᠦᠬᠡᠷ | ᠲᠡᠵᠢᠭᠡᠨ ᠦᠷᠡᠵᠢᠭᠦᠯᠬᠦ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠳᠤ ᠬᠦᠴᠦ ᠨᠡᠮᠡᠷᠢᠯᠡᠨ᠎ᠡ᠃ | ︵ᠭᠤᠴᠢᠨ ᠭᠤᠷᠪᠠ︶ ᠬᠠᠪᠴᠢᠯ ᠲᠣᠰᠬᠤᠨ ᠤ ᠦᠶᠡᠷ ᠤᠨ ᠬᠤᠭᠤᠴᠠᠭᠠᠨ ᠳᠤ ᠬᠦᠨᠳᠦ ᠶᠡᠭᠡ ᠠᠮᠤᠷ ᠲᠦᠪᠰᠢᠨ ᠤ | ᠳᠠᠯᠳᠠ ᠬᠡᠮ ᠣᠷᠣᠰᠢᠵᠤ ᠪᠠᠶᠢᠬᠤ ᠲᠤᠬᠠᠢ ᠰᠠᠨᠠᠭᠤᠯᠭ᠎ᠠ ︵73 ᠳ᠋ᠤᠭᠠᠷ ᠲᠣᠭᠠᠲᠤ ᠰᠠᠨᠠᠭᠤᠯᠭ᠎ᠠ︶᠃ ᠲᠤ ᠴᠧᠩᠽᠢ | ᠪᠠᠯᠭᠠᠰᠤᠨ ᠤ ᠲᠥᠯᠥᠭᠡᠯᠡᠭᠴᠢ ᠵᠧᠦ ᠶᠠ ᠵᠢᠶᠧ ᠠᠴᠠ ᠬᠠᠪᠴᠢᠯ ᠲᠣᠰᠬᠤᠨ ᠤ ᠬᠡᠰᠡᠭ ᠲᠣᠰᠬᠤᠨ ᠤ ᠠᠷᠠᠳ ᠤᠨ ᠭᠡᠷ ᠤᠨ | ᠠᠷᠤ ᠳᠤ ᠦᠶᠡᠷ ᠢ ᠵᠠᠯᠠᠬᠤ ᠭᠠᠵᠠᠷ ᠦᠭᠡᠢ᠂ ᠠᠭᠤᠯᠠᠨ ᠦᠶᠡᠷ᠂ ᠰᠢᠪᠠᠷ ᠴᠢᠯᠠᠭᠤᠨ ᠤ ᠤᠷᠤᠰᠬᠠᠯ ᠤᠨ ᠳᠠᠯᠳᠠ ᠭᠡᠮ | ᠣᠷᠣᠰᠢᠵᠤ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠬᠦ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠦᠶᠡᠷ ᠢ ᠰᠡᠷᠭᠡᠶᠢᠯᠡᠨ | ᠭᠠᠩ ᠢ ᠡᠰᠡᠷᠭᠦᠴᠡᠬᠦ ᠵᠢᠯᠤᠭᠤᠳᠬᠤ ᠭᠠᠵᠠᠷ ᠠᠴᠠ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ | ᠬᠠᠪᠴᠢᠯ ᠲᠣᠰᠬᠤᠨ ᠳᠤ ᠬᠦᠷᠴᠦ ᠪᠣᠳᠠᠲᠠᠢ ᠭᠠᠵᠠᠷ ᠲᠤᠨᠢ ᠪᠠᠶᠢᠴᠠᠭᠠᠯᠲᠠ ᠬᠢᠪᠡ᠃ ᠲᠣᠰ ᠳᠤᠭᠤᠶᠢᠯᠠᠩ ᠤᠨ ᠾᠥᠸᠧ ᠶᠢᠨ | ᠹᠧᠩ ᠵᠡᠷᠭᠡ 8 ᠡᠷᠦᠬᠡ ᠲᠣᠰᠬᠤᠨ ᠤ ᠠᠷᠠᠳ ᠤᠨ ᠭᠡᠷ ᠪᠠᠶᠢᠰᠢᠩ ᠤᠨ ᠠᠷᠤ ᠳᠤ ᠨᠢᠭᠡ ᠵᠤᠷᠪᠤᠰ ᠠᠭᠤᠯᠠᠨ ᠦᠶᠡᠷ ᠤᠨ | ᠭᠤᠤ ᠲᠠᠢ ᠪᠠᠶᠢᠵᠤ᠂ ᠪᠣᠷᠣᠭᠠᠨ ᠤ ᠤᠰᠦ ᠬᠤᠷᠠᠬᠤ ᠲᠠᠯᠠᠪᠠᠶ ᠨᠢ ᠪᠠᠷᠤᠭ 1600 ᠮᠦ ᠪᠠᠶᠢᠵᠤ᠂ ᠭᠡᠷ ᠪᠠᠶᠢᠰᠢᠩ ᠨᠢ | ᠠᠭᠤᠯᠠ ᠶᠢ ᠲᠦᠰᠢᠵᠦ ᠪᠠᠷᠢᠭᠰᠠᠨ ᠪᠥᠭᠡᠳ ᠠᠭᠤᠯᠠᠨ ᠳᠡᠭᠡᠷᠡᠬᠢ ᠤᠷᠭᠤᠮᠠᠯ ᠤᠨ ᠬᠤᠴᠢᠯᠭ᠎ᠠ ᠨᠢ ᠬᠦᠨᠳᠦ ᠨᠣᠴᠢᠲᠠᠢ | ᠡᠪᠳᠡᠭᠳᠡᠵᠦ᠂ ᠬᠦᠷᠦᠰᠦ ᠰᠢᠷᠣᠢ ᠶᠢ ᠲᠤᠭᠲᠠᠭᠠᠨ ᠬᠠᠳᠠᠭᠠᠯᠠᠬᠤ ᠴᠢᠳᠠᠪᠤᠷᠢ ᠨᠢ ᠠᠨᠠᠢ ᠮᠥᠷᠲᠡᠭᠡᠨ ᠦᠶᠡᠷ ᠶᠠᠪᠤᠭᠤᠯᠬᠤ ᠵᠠᠮ | ᠦᠯᠡᠳᠡᠭᠡᠭᠰᠡᠨ ᠦᠭᠡᠢ ᠠᠴᠠ ᠪᠣᠯᠵᠤ᠂ ᠤᠨᠴᠠ ᠰᠢᠷᠦᠭᠦᠨ ᠪᠣᠷᠣᠭᠠᠨ ᠲᠤᠭᠢᠶᠠᠯᠲᠤᠪᠠᠯ ᠠᠭᠤᠯᠠᠨ ᠦᠶᠡᠷ ᠪᠠᠭᠤᠬᠤ ᠬᠦᠨᠳᠦ | ᠶᠡᠭᠡ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠃ ᠲᠤ ᠴᠧᠩᠽᠢ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠣᠶ ᠰᠢᠭᠤᠢ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠲᠠᠢ ᠨᠡᠪᠲᠡᠷᠡᠯᠴᠡᠬᠦ ᠪᠠᠷ ᠳᠡᠮᠵᠢᠨ᠂ 2023 ᠣᠨ ᠤ | ᠦᠶᠡᠷ ᠤᠨ ᠬᠤᠭᠤᠴᠠᠭ᠎ᠠ ᠠᠴᠠ ᠡᠮᠦᠨ᠎ᠡ ᠰᠠᠨᠠᠭᠤᠯᠭ᠎ᠠ ᠳᠤ ᠲᠤᠰᠬᠠᠭᠰᠠᠨ ᠭᠠᠵᠠᠷ ᠢ ᠬᠦᠷᠢᠶᠡᠯᠡᠨ ᠪᠢᠲᠡᠭᠦᠮᠵᠢᠯᠡᠵᠦ᠂ | ᠨᠥᠬᠦᠵᠦ ᠳᠠᠷᠢᠵᠤ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠪᠠᠷ ᠲᠥᠯᠥᠪᠯᠡᠵᠦ ᠪᠣᠶ᠃ | ᠳᠠᠯᠳᠠ ᠬᠡᠮ ᠢ ᠠᠷᠢᠯᠭᠠᠬᠤ ᠠᠴᠠ ᠡᠮᠦᠨ᠎ᠡ᠂ ︽ᠰᠢᠷᠦᠭᠦᠨ ᠪᠣᠷᠣᠭᠠᠨ ᠤ ᠬᠤᠭᠤᠴᠠᠭᠠᠨ ᠳᠤ ᠰᠢᠯᠵᠢᠭᠦᠯᠦᠨ ᠠᠶᠤᠯ ᠠᠴᠠ | ᠵᠠᠶᠢᠯᠠᠭᠤᠯᠬᠤ ᠶᠢ ᠠᠷᠭᠠᠴᠠᠭᠠᠬᠤ ᠲᠥᠰᠥᠯ︾ ᠢ ᠴᠢᠩᠭ᠎ᠠ ᠨᠠᠶᠢᠳᠠᠪᠤᠷᠢᠵᠢᠭᠤᠯᠵᠤ᠂ ᠬᠠᠪᠴᠢᠯ ᠲᠣᠰᠬᠤᠨ ᠢ ᠵᠢᠯᠣᠭᠤᠳᠤᠨ ︽ | ᠰᠢᠷᠦᠭᠦᠨ ᠪᠣᠷᠣᠭᠠᠨ ᠤ ᠬᠤᠭᠤᠴᠠᠭᠠᠨ ᠳᠤ ᠰᠢᠯᠵᠢᠭᠦᠯᠦᠨ ᠠᠶᠤᠯ ᠠᠴᠠ ᠵᠠᠶᠢᠯᠠᠭᠤᠯᠬᠤ ᠶᠢ ᠰᠢᠢᠳᠪᠦᠷᠢᠯᠡᠬᠦ ᠲᠥᠰᠥᠯ︾ ᠢ | ᠴᠢᠩᠭ᠎ᠠ ᠨᠠᠶᠢᠳᠠᠪᠤᠷᠢᠵᠢᠭᠤᠯᠵᠤ᠂ ᠲᠣᠰᠬᠤᠨ ᠤ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ | ᠬᠦ ᠪᠠᠲᠤᠯᠠᠨ᠎ᠠ᠃ | ︵ᠭᠤᠴᠢᠨ ᠳᠥᠷᠪᠡ︶ ᠭᠠᠳᠠᠨᠠᠬᠢ ︵ᠪᠤᠰᠤᠳ ᠬᠤᠰᠢᠭᠤ ᠰᠢᠶᠠᠨ ᠰᠤᠮᠤ︶ ᠮᠠᠯ ᠢ ᠡᠷᠡᠰ ᠬᠤᠷᠢᠭᠯᠠᠵᠤ᠂ | ᠪᠡᠯᠴᠢᠭᠡᠷ ᠤᠨ ᠳᠠᠭᠠᠭᠠᠴᠠ ᠶᠢ ᠬᠦᠩᠭᠡᠷᠡᠭᠦᠯᠬᠦ ᠲᠤᠬᠠᠢ ᠰᠠᠨᠠᠭᠤᠯᠭ᠎ᠠ ︵74 ᠳ᠋ᠣᠭᠡᠷ ᠲᠣᠭᠠᠲᠤ ᠰᠠᠨᠠᠭᠤᠯᠭ᠎ᠠ︶᠃ | ᠪᠠᠶᠠᠨᠴᠠᠭᠠᠨ ᠰᠤᠮᠤ ᠶᠢᠨ ᠬᠦᠷᠡᠯᠪᠠᠭᠠᠨᠠ ᠵᠡᠷᠭᠡ 4 ᠲᠥᠯᠥᠭᠡᠯᠡᠭᠴᠢ ᠠᠴᠠ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ | ᠳᠦᠷᠢᠮ ᠢ ᠲᠡᠭᠦᠯᠳᠡᠷᠵᠢᠭᠦᠯᠬᠦ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠬᠤ᠂ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠭᠠᠳᠠᠨᠠᠬᠢ ᠮᠠᠯ ᠢ | ᠣᠷᠤᠭᠤᠯᠵᠤ ᠪᠡᠯᠴᠢᠭᠡᠷᠯᠡᠭᠦᠯᠬᠦ ᠶᠢ ᠬᠤᠷᠢᠭᠯᠠᠨ᠂ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠰᠠᠨᠠᠭᠤᠯᠭ᠎ᠠ ᠭᠠᠷᠭᠠᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠣᠶ ᠰᠢᠭᠤᠢ ᠨᠤᠲᠤᠭ | ᠪᠡᠯᠴᠢᠭᠡᠷ ᠤᠨ ᠲᠣᠪᠴᠢᠶ᠎ᠠ ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠥᠷᠨᠢᠭᠦᠯᠪᠡ᠂ ᠨᠢᠭᠡ ᠳᠤ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠵᠢᠯ ᠢ ᠣᠶ ᠰᠢᠭᠤᠢ ᠨᠤᠲᠤᠭ | ᠪᠡᠯᠴᠢᠭᠡᠷ ᠤᠨ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠠᠵᠢᠯ ᠤᠨ ᠰᠢᠰᠲ᠋ᠧᠮ ᠳᠤ ᠣᠷᠣᠭᠤᠯᠵᠤ᠂ 449.1 | ᠲᠦᠮᠡᠨ ᠲᠥᠭᠦᠷᠢᠭ ᠤᠨ ᠪᠡᠯᠡ ᠣᠷᠣᠭᠤᠯᠵᠤ 1497 ᠬᠡᠰᠡᠭ ᠣᠶ ᠰᠢᠭᠤᠢ ᠨᠤᠲᠤᠭ ᠪᠡᠯᠴᠢᠭᠡᠷ ᠤᠨ ᠳᠠᠷᠤᠭ᠎ᠠ ᠶᠢᠨ | ᠳᠦᠷᠢᠮ ᠤᠨ ᠨᠡᠶᠢᠳᠡᠯᠡᠬᠦ ᠢᠯᠡᠷᠭᠡᠶᠢᠯᠡᠯ ᠲᠣᠬᠢᠷᠠᠭᠤᠯᠤᠨ᠂ ᠬᠤᠰᠢᠭᠤ ᠪᠠᠯᠭᠠᠰᠤ ᠬᠤᠶᠠᠷ ᠱᠠᠲᠤᠨ ᠤ ᠣᠶ ᠰᠢᠭᠤᠢ ᠨᠤᠲᠤᠭ | ᠪᠡᠯᠴᠢᠭᠡᠷ ᠤᠨ ᠳᠠᠷᠤᠭ᠎ᠠ 1800 ᠭᠠᠷᠤᠢ ᠬᠥᠮᠥᠨ ᠤᠳᠠᠭ᠎ᠠ ᠲᠣᠭᠤᠷᠢᠨ ᠪᠠᠶᠢᠴᠠᠭᠠᠵᠤ᠂ ᠪᠥᠬᠦ ᠬᠤᠰᠢᠭᠤᠨ ᠳᠤ ᠨᠡᠶᠢᠲᠡ | 2439 ᠬᠠᠮᠢᠶᠠᠷᠤᠨ ᠬᠠᠮᠠᠭᠠᠯᠠᠬᠤ ᠲᠤᠤᠷᠵᠢᠯ ᠢ ᠵᠠᠭᠠᠭᠯᠠᠨ ᠲᠣᠭᠲᠠᠭᠠᠵᠤ᠂ ᠭᠠᠴᠠᠭ᠎ᠠ ᠲᠣᠰᠬᠤᠨ ᠤ ᠲᠠᠰ ᠤᠨ ᠣᠶ ᠰᠢᠭᠤᠢ | ᠨᠤᠲᠤᠭ ᠪᠡᠯᠴᠢᠭᠡᠷ ᠤᠨ ᠳᠠᠷᠤᠭ᠎ᠠ ᠪᠠ ᠲᠤᠤᠷᠵᠢᠯ ᠤᠨ ᠬᠠᠮᠢᠶᠠᠷᠤᠭᠴᠢ ᠨᠠᠷ ᠪᠠᠶᠢᠩᠭᠤᠴᠢᠯᠠᠭᠰᠠᠨ ᠲᠤᠭᠤᠷᠢᠨ ᠪᠠᠶᠢᠴᠠᠭᠠᠬᠤ | ᠠᠵᠢᠯ ᠦᠷᠨᠢᠭᠦᠯᠪᠡ᠃ ᠬᠤᠶᠠᠷ ᠲᠤ ᠪᠡᠯᠴᠢᠭᠡᠷ ᠵᠢᠭᠡᠯᠡᠵᠦ ᠮᠠᠯ ᠬᠠᠷᠢᠭᠤᠯᠬᠤ᠂ ᠨᠢᠭᠤᠵᠤ ᠮᠠᠯᠵᠢᠬᠤ ᠳᠤᠷ᠎ᠠ ᠳᠠᠪᠠ ᠪᠠᠷ ᠢᠶᠠᠨ | ᠮᠠᠯᠵᠢᠬᠤ᠂ ᠳᠠᠭᠠᠭᠠᠴᠠ ᠠᠴᠠ ᠬᠡᠲᠦᠷᠡᠭᠦᠯᠦᠨ ᠮᠠᠯ ᠮᠠᠯᠵᠢᠬᠤ ᠵᠡᠷᠭᠡ ᠶᠢ ᠲᠤᠰᠬᠠᠢ ᠴᠡᠭᠴᠡᠯᠡᠨ ᠵᠠᠰᠠᠬᠤ ᠠᠵᠢᠯ ᠢ | ᠦᠷᠭᠦᠯᠵᠢᠯᠡᠨ ᠥᠷᠨᠢᠭᠦᠯᠵᠦ᠂ 30 ᠭᠠᠷᠤᠢ ᠲᠡᠷᠭᠡ ᠬᠥᠰᠬᠡ ᠶᠢ ᠬᠥᠳᠡᠯᠭᠡᠵᠦ᠂ ᠨᠡᠶᠢᠳᠡ 150 ᠭᠠᠷᠤᠢ ᠬᠥᠮᠥᠨ ᠤᠳᠠᠭ᠎ᠠ | ᠬᠥᠮᠥᠨ ᠤ ᠬᠦᠴᠦ ᠶᠢ ᠬᠥᠳᠡᠯᠭᠡᠵᠦ᠂ ᠪᠦᠬᠦ ᠵᠢᠯ ᠳᠤ ᠪᠡᠯᠴᠢᠭᠡᠷ ᠵᠢᠭᠡᠯᠡᠵᠦ ᠮᠠᠯ ᠬᠠᠷᠢᠭᠤᠯᠤᠭᠰᠠᠨ᠂ ᠨᠢᠭᠤᠵᠤ ᠮᠠᠯᠵᠢᠵᠤ | ᠳᠤᠷ᠎ᠠ ᠲᠠᠪᠠ ᠪᠠᠷ ᠢᠶᠠᠨ ᠮᠠᠯᠵᠢᠭᠰᠠᠨ ᠬᠡᠷᠡᠭ ᠢ 3760 ᠭᠠᠷᠤᠢ ᠪᠠᠶᠢᠴᠠᠭᠠᠨ ᠰᠢᠢᠳᠪᠦᠷᠢᠯᠡᠵᠦ᠂ 2356 ᠲᠦᠮᠡᠨ | ᠲᠥᠭᠦᠷᠢᠭ ᠤᠨ ᠲᠣᠷᠭᠠᠭᠤᠯᠢ ᠶᠢᠨ ᠵᠣᠭᠤᠰ ᠢ ᠬᠤᠷᠢᠶᠠᠨ ᠠᠪᠴᠠᠢ᠃ ᠭᠤᠷᠪᠠ ᠳᠤ ᠤᠬᠠᠭᠤᠯᠭ᠎ᠠ ᠶᠢᠨ ᠡᠷᠴᠢᠮ ᠢᠶᠠᠨ | ᠴᠢᠩᠭᠠᠷᠠᠭᠤᠯᠵᠤ᠂ ᠵᠢᠯ ᠤᠨ ᠡᠬᠢᠨ ᠠᠴᠠ ᠨᠠᠰᠢ 69 ᠤᠳᠠᠭ᠎ᠠ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ | ᠠᠵᠢᠯᠯᠠᠭ᠎ᠠ ᠳᠤ 500 ᠭᠠᠷᠤᠢ ᠤᠷᠢᠶ᠎ᠠ ᠯᠣᠽᠦ᠋ᠩ ᠪᠢᠴᠢᠵᠦ᠂ 594 ᠤᠳᠠᠭ᠎ᠠ ᠲᠡᠷᠭᠡ ᠬᠦᠰᠭᠡ ᠬᠥᠳᠡᠯᠭᠡᠵᠦ᠂ 143 | ᠵᠤᠷᠪᠤᠰ ᠪᠢᠴᠢᠭᠡᠰᠦ ᠡᠯᠭᠦᠵᠦ᠂ 4.2 ᠲᠦᠮᠡ ᠭᠠᠷᠤᠢ ᠤᠬᠠᠭᠤᠯᠭ᠎ᠠ ᠶᠢᠨ ᠬᠠᠭᠤᠳᠠᠰᠤ᠂ 5000 ᠤᠬᠠᠭᠤᠯᠭ᠎ᠠ ᠶᠢᠨ | ᠵᠢᠷᠤᠭ ᠲᠠᠷᠬᠠᠭᠠᠨ᠂ 55 ᠲᠦᠮᠡᠨ ᠵᠤᠷᠪᠤᠰ ᠣᠬᠤᠷ ᠮᠡᠳᠡᠭᠡ ᠶᠠᠪᠤᠭᠤᠯᠵᠤ᠂ ᠨᠡᠷᠡᠨ ᠤ ᠡᠨᠧᠷᠭᠢ ᠶᠢᠨ ᠠᠪᠢᠶᠠᠨ ᠤ | ᠰᠠᠨᠠᠭᠤᠯᠤᠮᠵᠢ ᠶᠢᠨ ᠰᠢᠰᠲ᠋ᠧᠮ 44 ᠲᠤᠬᠢᠷᠠᠭᠤᠯᠤᠨ᠂ ︽ᠥᠷᠭᠡᠨ ᠣᠯᠠᠨ ᠮᠠᠯᠴᠢᠨ ᠲᠠᠷᠢᠶᠠᠴᠢᠨ ᠳᠤ ᠥᠭᠭᠦᠭᠰᠡᠨ ᠨᠢᠭᠡ | ᠬᠤᠪᠢ ᠵᠠᠬᠢᠳᠠᠯ︾ ᠢ 35000 ᠭᠠᠷᠤᠢ ᠬᠤᠪᠢ ᠲᠠᠷᠬᠠᠭᠠᠨ ᠨᠠᠭᠠᠵᠠᠢ᠃ | ︵ᠭᠤᠴᠢᠨ ᠲᠠᠪᠤ︶ ᠪᠠᠶᠠᠨᠴᠠᠭᠠᠨ ᠰᠤᠮᠤ ᠶᠢᠨ ᠪᠠᠶ᠋ᠬᠠᠠᠭᠤᠯᠠ ᠭᠠᠴᠠᠭ᠎ᠠ ᠶᠢᠨ ᠨᠤᠲᠤᠭ ᠪᠡᠯᠴᠢᠭᠡᠷ ᠤᠨ | ᠡᠯᠡᠰᠦᠷᠬᠡᠭᠵᠢᠯ ᠢ ᠵᠠᠰᠠᠬᠤ ᠠᠰᠠᠭᠤᠳᠠᠯ ᠤᠨ ᠲᠤᠬᠠᠢ ᠰᠠᠨᠠᠭᠤᠯᠭ᠎ᠠ ︵75 ᠳ᠋ᠤᠭᠠᠷ ᠲᠣᠭᠠᠲᠤ ᠰᠠᠨᠠᠭᠤᠯᠭ᠎ᠠ︶᠃ ᠪᠠᠶᠠᠨᠴᠠᠭᠠᠨ | ᠰᠤᠮᠤ ᠶᠢᠨ ᠬᠦᠷᠡᠯᠪᠡᠭᠠᠨᠠ ᠵᠡᠷᠭᠡ 4 ᠲᠥᠯᠥᠭᠡᠯᠡᠭᠴᠢ ᠠᠴᠠ ᠬᠥᠲᠥᠯ ᠢ ᠵᠠᠰᠠᠬᠤ᠂ ᠭᠤᠸ ᠰᠤᠪᠠᠭ ᠢ ᠬᠠᠮᠠᠭᠠᠯᠠᠬᠤ᠂ | ᠠᠭᠤᠯᠠᠨ ᠦᠶᠡᠷ ᠢ ᠵᠠᠯᠠᠬᠤ᠂ ᠡᠷᠭᠢ ᠶᠢ ᠬᠠᠮᠠᠭᠠᠯᠠᠬᠤ᠂ ᠣᠶ ᠰᠢᠭᠤᠢ ᠡᠪᠡᠰᠦ ᠪᠡᠯᠴᠢᠭᠡᠷ ᠢ ᠬᠠᠮᠠᠭᠠᠯᠠᠬᠤ ᠵᠡᠷᠭᠡ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠᠷ ᠳᠠᠮᠵᠢᠭᠤᠯᠤᠨ᠂ ᠣᠷᠣᠨ ᠪᠦᠰᠡ ᠶᠢᠨ ᠡᠯᠡᠰᠦᠷᠬᠡᠭᠵᠢᠯ ᠤᠨ ᠠᠰᠠᠭᠤᠳᠠᠯ ᠢ | ᠡᠬᠢ ᠡᠭᠦᠰᠦᠯ ᠠᠴᠠ ᠨᠢ ᠵᠠᠰᠠᠬᠤ ᠰᠠᠨᠠᠭᠤᠯᠭ᠎ᠠ ᠭᠠᠷᠭᠠᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠣᠶ ᠰᠢᠭᠤᠢ ᠨᠤᠲᠤᠭ | ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ | ᠲᠥᠯᠥᠭᠡᠯᠡᠭᠴᠢᠳ ᠤᠨ ᠰᠠᠨᠠᠭᠤᠯᠭ᠎ᠠ ᠳᠤ ᠳᠤᠷᠠᠳᠤᠭᠰᠠᠨ ᠣᠷᠣᠨ ᠪᠦᠰᠡ᠂ ᠲᠤᠬᠠᠶᠢᠯᠠᠪᠠᠯ ᠠᠰᠬᠠᠲᠤ ᠶᠢᠨ ᠴᠢᠯᠠᠭᠤᠨ | ᠣᠶ ᠶᠢᠨ ᠪᠠᠷᠠᠭᠤᠨ ᠡᠭᠦᠳᠡᠨ ᠤ ᠣᠶᠢᠷ᠎ᠠ ᠬᠠᠪᠢ᠂ ᠦᠵᠡᠮᠵᠢ ᠶᠢᠨ ᠣᠷᠣᠨ ᠤ ᠪᠠᠷᠠᠭᠤᠨ ᠡᠭᠦᠳᠡ ᠠᠴᠠ ᠡᠮᠦᠨ᠎ᠡ ᠡᠭᠦᠳᠡ | ᠬᠦᠷᠬᠦ ᠵᠠᠰᠠᠮᠠᠯ ᠵᠠᠮ ᠤᠨ ᠬᠤᠶᠠᠷ ᠬᠠᠵᠠᠭᠤ᠂ ᠦᠵᠡᠮᠵᠢ ᠶᠢᠨ ᠣᠷᠣᠨ ᠤ ᠪᠠᠷᠠᠭᠤᠨ ᠡᠭᠦᠳᠡ ᠠᠴᠠ ᠪᠠᠶᠠᠨᠴᠠᠭᠠᠨ ᠰᠤᠮᠤ | ᠬᠦᠷᠲᠡᠯᠡᠬᠢ ᠵᠠᠰᠠᠮᠠᠯ ᠵᠠᠮ ᠤᠨ ᠬᠤᠶᠠᠷ ᠬᠠᠵᠠᠭᠤ ᠶᠢᠨ 1.5 ᠲᠦᠮᠡᠨ ᠮᠦ ᠲᠠᠯᠠᠪᠠᠢ ᠶᠢᠨ ᠬᠡᠪᠴᠢᠶ᠎ᠡ ᠪᠠᠷ ᠬᠦᠷᠴᠦ | ᠪᠠᠶᠢᠴᠠᠭᠠᠯᠲᠠ ᠬᠢᠵᠡᠢ᠃ ᠦᠵᠡᠮᠵᠢ ᠶᠢᠨ ᠣᠷᠣᠨ ᠤ ᠡᠷᠬᠢᠨ ᠲᠣᠭᠤᠷᠢᠨ ᠤ ᠬᠥᠷᠥᠰᠥ ᠰᠢᠷᠣᠢ ᠶᠢᠨ ᠢᠳᠡᠭᠳᠡᠯ ᠬᠦᠨᠳᠦ | ᠨᠣᠴᠢᠲᠠᠢ ᠪᠠᠶᠢᠭ᠎ᠠ ᠪᠣᠳᠠᠲᠤ ᠪᠠᠶᠢᠳᠠᠯ ᠢ ᠦᠨᠳᠦᠰᠦᠯᠡᠨ᠂ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ | ᠣᠶᠢᠷ᠎ᠠ ᠶᠢᠨ ᠵᠢᠯ ᠳᠤ ᠬᠦᠷᠢᠶᠡᠯᠡᠨ ᠪᠢᠲᠡᠭᠦᠮᠵᠢᠯᠡᠬᠦ ᠠᠷᠭ᠎ᠠ ᠬᠡᠮᠵᠢᠶ᠎ᠡ ᠠᠪᠴᠤ ᠵᠠᠰᠠᠨ ᠰᠡᠷᠭᠦᠭᠡᠭᠰᠡᠨ ᠪᠥᠭᠡᠳ ᠢᠯᠡᠳᠲᠡ | ᠦᠷ᠎ᠡ ᠪᠦᠲᠦᠮᠵᠢ ᠣᠯᠵᠤ᠂ ᠣᠲᠣ ᠳᠠᠷᠬᠠᠬᠠᠭᠤᠯᠠ ᠠᠴᠠ ᠳᠠᠭᠠᠭᠠᠴᠠ ᠬᠦᠷᠬᠦ ᠱᠤᠭᠤᠮ ᠠᠴᠠ ᠤᠮᠠᠷᠠᠰᠢᠬᠢ ᠣᠶ ᠰᠢᠭᠤᠢ | ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠲᠣᠭᠲᠠᠭᠤᠨ ᠢᠶᠠᠷ ᠰᠠᠶᠢᠵᠢᠷᠠᠪᠠ᠃ ᠳᠠᠷᠬᠠᠬᠠᠭᠤᠯᠠ | ᠠᠴᠠ ᠳᠠᠭᠠᠭᠠᠴᠠ ᠬᠦᠷᠬᠦ ᠱᠤᠭᠤᠮ ᠠᠴᠠ ᠡᠮᠦᠨᠡᠰᠢᠬᠢ ᠠᠭᠤᠯᠠᠨ ᠦᠶᠡᠷ ᠲᠤ ᠨᠣᠴᠢᠳᠠᠢ ᠳᠠᠭᠠᠷᠢᠭᠳᠠᠭᠰᠠᠨ ᠣᠷᠣᠨ | ᠪᠦᠰᠡ ᠶᠢᠨ ᠣᠯᠠᠩᠬᠢ ᠨᠢ ᠮᠠᠯᠴᠢᠳ ᠤᠨ ᠬᠠᠳᠤᠯᠠᠩ ᠪᠡᠯᠴᠢᠭᠡᠷ ᠪᠠᠶᠢᠵᠤ᠂ ᠡᠷᠬᠡ ᠶᠢᠨ ᠬᠠᠷᠢᠶᠠᠯᠠᠯ ᠠᠴᠠ ᠪᠣᠯᠵᠤ ᠬᠤᠪᠢ | ᠬᠥᠮᠥᠨ ᠳᠤ ᠤᠢ ᠰᠢᠭᠤᠢ ᠨᠤᠲᠤᠭ ᠪᠡᠯᠴᠢᠭᠡᠷ ᠤᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢᠨ ᠠᠷᠭ᠎ᠠ ᠦᠭᠡᠢ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠣᠶ ᠰᠢᠭᠤᠢ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠬᠢᠨ ᠤᠯᠤᠰ ᠤᠨ ᠨᠤᠲᠤᠭ | ᠳᠡᠪᠢᠰᠬᠡᠷ ᠤᠨ ᠨᠣᠭᠤᠭᠠᠷᠠᠭᠤᠯᠤᠯᠲᠠ ᠶᠢᠨ ᠣᠷᠣᠨ ᠵᠠᠢ ᠶᠢᠨ ᠲᠥᠯᠦᠪᠵᠢᠭᠦᠯᠭᠡ ᠯᠤᠭ᠎ᠠ ᠤᠶᠠᠯᠳᠤᠭᠤᠯᠤᠨ᠂ ᠬᠦᠷᠢᠶᠡᠯᠡᠨ | ᠪᠢᠲᠡᠭᠦᠮᠵᠢᠯᠡᠵᠦ ᠪᠣᠯᠬᠤ ᠣᠷᠣᠨ ᠪᠦᠰᠡ ᠶᠢ ᠬᠦᠷᠢᠶᠡᠯᠡᠨ ᠪᠢᠲᠡᠭᠦᠮᠵᠢᠯᠡᠵᠦ᠂ ᠠᠭᠤᠯᠠᠨ ᠦᠶᠡᠷ ᠲᠤ ᠨᠣᠴᠢᠲᠠᠢ | ᠳᠠᠭᠠᠷᠢᠭᠳᠠᠭᠰᠠᠨ ᠣᠷᠣᠨ ᠪᠦᠰᠡ ᠶᠢ ᠤᠰᠤᠨ ᠠᠰᠢᠭᠯᠠᠯᠲᠠ ᠶᠢᠨ ᠪᠠᠭ᠎ᠠ ᠰᠠᠪᠠ ᠭᠠᠵᠠᠷ ᠢ ᠵᠠᠰᠠᠬᠤ ᠪᠠ ᠬᠥᠷᠥᠰᠥ ᠰᠢᠷᠣᠢ ᠶᠢ | ᠬᠠᠮᠠᠭᠠᠯᠠᠬᠤ ᠲᠥᠷᠥᠯ ᠵᠦᠢᠯ ᠲᠠᠢ ᠤᠶᠠᠯᠳᠤᠭᠤᠯᠤᠨ᠂ ᠣᠶ ᠰᠢᠭᠤᠢ ᠨᠤᠲᠤᠭ ᠪᠡᠯᠴᠢᠭᠡᠷ ᠤᠨ ᠢᠨᠵᠧᠨᠧᠷᠢᠩ ᠢ | ᠬᠡᠷᠡᠭᠵᠢᠭᠦᠯᠦᠨ᠎ᠡ᠃ ᠡᠭᠦᠨ ᠤ ᠬᠠᠮᠲᠤ᠂ ᠲᠣᠰ ᠣᠷᠣᠨ ᠪᠦᠰᠡ ᠶᠢ ᠱᠠᠭᠠᠷᠳᠠᠨ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ | ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠤᠤᠯ ᠤᠨ ᠤᠷᠭᠤᠮᠠᠯ ᠤᠨ ᠬᠤᠴᠢᠯᠭ᠎ᠠ ᠶᠢ ᠪᠦᠲᠦᠮᠵᠢᠲᠡᠶ ᠰᠡᠷᠭᠦᠭᠡᠬᠦ ᠶᠢ ᠠᠬᠢᠭᠤᠯᠤᠨ᠎ᠠ᠃ | ︵ᠭᠤᠴᠢᠨ ᠵᠢᠷᠭᠤᠭ᠎ᠠ︶ ᠣᠷᠴᠢᠨ ᠠᠬᠤᠢ ᠶᠢ ᠬᠠᠮᠠᠭᠠᠯᠠᠬᠤ᠂ ᠠᠮᠢᠳᠤᠷᠠᠯ ᠤᠨ ᠬᠤᠭ ᠨᠣᠪᠰᠢ ᠶᠢ ᠲᠣᠬᠢᠲᠠᠢ | ᠰᠢᠢᠳᠪᠦᠷᠢᠯᠡᠬᠦ ᠲᠤᠬᠠᠢ ᠰᠠᠨᠠᠭᠤᠯᠭ᠎ᠠ ︵76 ᠳ᠋ᠤᠭᠠᠷ ᠲᠣᠭᠠᠲᠤ ᠰᠠᠨᠠᠭᠤᠯᠭ᠎ᠠ︶᠃ ᠪᠠᠶᠠᠨᠴᠠᠭᠠᠨ ᠰᠤᠮᠤ ᠶᠢᠨ ᠬᠦᠷᠡᠯᠪᠡᠭᠠᠨᠠ | ᠵᠡᠷᠭᠡ 4 ᠲᠥᠯᠥᠭᠡᠯᠡᠭᠴᠢ ᠠᠴᠠ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠯᠵᠢᠭᠦᠯᠦᠨ ᠲᠡᠭᠡᠭᠡᠪᠦᠷᠢᠯᠡᠬᠦ ᠵᠦᠢ | ᠵᠣᠬᠢᠰᠲᠠᠢ ᠰᠢᠰᠲ᠋ᠧᠮ ᠢ ᠪᠠᠶᠢᠭᠤᠯᠬᠤ᠂ ᠬᠤᠭ ᠨᠣᠪᠰᠢ ᠶᠢ ᠰᠢᠢᠳᠪᠦᠷᠢᠯᠡᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢᠨ ᠠᠰᠠᠭᠤᠳᠠᠯ ᠢ | ᠰᠢᠢᠳᠪᠦᠷᠢᠯᠡᠬᠦ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠥᠬᠦ ᠲᠠᠯ᠎ᠠ ᠪᠠᠷ ᠡᠮᠬᠢᠯᠡᠵᠦ᠂ ᠪᠥᠬᠦ ᠬᠤᠰᠢᠭᠤᠨ ᠤ | ᠪᠢᠷᠠᠭᠤ ᠪᠠᠯᠭᠠᠰᠤ ᠶᠢᠨ ᠲᠣᠭᠤᠷᠢᠭ᠂ ᠭᠠᠯᠳᠠᠰᠤᠳᠠᠢ ᠷᠠᠰᠢᠶᠠᠨ ᠵᠡᠭᠡᠯᠢ ᠭᠤᠳᠤᠮᠵᠢ ᠪᠣᠯᠣᠨ ᠤᠯᠠᠭᠠᠨᠪᠤᠳᠤᠩ ᠰᠤᠮᠤ ᠠᠴᠠ | ᠭᠠᠳᠠᠨ᠎ᠠ᠂ ᠪᠤᠰᠤᠳ 12 ᠰᠤᠮᠤ ᠰᠢᠶᠠᠩ ᠪᠠᠯᠭᠠᠰᠤ ᠶᠢᠨ 125 ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ 795 | ᠳᠤᠭᠤᠶᠢᠯᠠᠩ ᠤᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ | ᠰᠢᠢᠳᠪᠦᠷᠢᠯᠡᠬᠦ ᠰᠢᠰᠲ᠋ᠧᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠠᠴᠠ ᠦᠢᠯᠡᠴᠢᠯᠡᠭᠡ | ᠬᠤᠳᠠᠯᠳᠤᠨ ᠠᠪᠬᠤ ᠬᠡᠯᠪᠡᠷᠢ ᠪᠠᠷ ᠳᠠᠮᠵᠢᠭᠤᠯᠤᠨ ᠶᠤᠸᠠᠨ ᠾᠦᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠨᠠᠶᠢᠳᠠᠵᠤ ︽ᠡᠷᠦᠬᠡ ᠠᠴᠠ ᠬᠤᠷᠢᠶᠠᠨ ᠴᠤᠭᠯᠠᠭᠤᠯᠬᠤ᠂ | ᠲᠥᠪᠯᠡᠷᠡᠭᠦᠯᠦᠨ ᠰᠢᠯᠵᠢᠭᠦᠯᠦᠨ ᠲᠡᠭᠡᠭᠡᠪᠦᠷᠢᠯᠡᠬᠦ᠂ ᠪᠤᠯᠠᠵᠤ ᠰᠢᠢᠳᠪᠦᠷᠢᠯᠡᠬᠦ︾ ᠰᠢᠢᠳᠪᠦᠷᠢᠯᠡᠬᠦ ᠰᠢᠰᠲ᠋ᠧᠮ ᠢ ᠠᠵᠢᠯᠯᠠᠭᠤᠯᠪᠠ᠃ | ᠣᠳᠣᠬᠠᠨ ᠳᠤ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠨᠢᠭᠡᠪᠦᠷᠢ ᠳᠤ 1 ᠰᠠᠭᠤᠷᠢ ᠬᠤᠭ ᠨᠣᠪᠰᠢ ᠶᠢ ᠲᠥᠷᠥᠯ | ᠬᠤᠪᠢᠶᠠᠬᠤ ᠭᠡᠷ ᠲᠣᠬᠢᠷᠠᠭᠤᠯᠵᠤ᠂ ᠡᠷᠦᠬᠡ ᠪᠦᠷᠢ ᠳᠤ 20L ᠤᠨ ᠲᠦᠷᠪᠡᠨ ᠲᠥᠷᠥᠯ ᠬᠤᠪᠢᠶᠠᠬᠤ ᠰᠠᠭᠤᠯᠠᠭ᠎ᠠ | ᠲᠣᠬᠢᠷᠠᠭᠤᠯᠤᠨ᠂ 10 ᠡᠷᠦᠬᠡ ᠪᠦᠷᠢ ᠳᠤ 240L ᠲᠡᠮᠦᠷ ᠬᠤᠭ ᠨᠣᠪᠰᠢ ᠶᠢᠨ ᠰᠠᠭᠤᠯᠠᠭ᠎ᠠ ᠲᠣᠬᠢᠷᠠᠭᠤᠯᠵᠤ᠂ ᠬᠥᠮᠥᠨ ᠤ | ᠬᠦᠴᠦ ᠪᠠᠷ ᠡᠳᠦᠷ ᠲᠤᠲᠤᠮ ᠴᠡᠪᠡᠷᠯᠡᠬᠦ ᠪᠠᠷ ᠳᠠᠮᠵᠢᠭᠤᠯᠤᠨ ᠠᠮᠢᠳᠤᠷᠠᠯ ᠤᠨ ᠬᠤᠭ ᠨᠣᠪᠰᠢ ᠶᠢ ᠲᠣᠭᠲᠠᠮᠠᠯ ᠬᠤᠭ | ᠨᠣᠪᠰᠢ ᠶᠢᠨ ᠰᠠᠪᠠ ᠪᠤᠶᠤ ᠬᠤᠭ ᠨᠣᠪᠰᠢ ᠶᠢᠨ ᠲᠠᠳᠠᠭᠠᠯ ᠳᠤ ᠬᠤᠷᠢᠶᠠᠨ ᠴᠣᠭᠯᠠᠭᠤᠯᠵᠤ᠂ ᠲᠣᠭᠲᠠᠮᠠᠯ | ᠬᠤᠭᠤᠴᠠᠭ᠎ᠠ ᠲᠠᠢ ᠪᠠᠷ ᠲᠡᠭᠡᠭᠡᠪᠦᠷᠢᠯᠡᠬᠦ ᠲᠡᠷᠭᠡ ᠬᠥᠰᠬᠡ ᠪᠠᠷ ᠳᠠᠮᠵᠢᠭᠤᠯᠤᠨ ᠲᠤᠰ ᠰᠤᠮᠤ ᠰᠢᠶᠠᠩ ᠪᠠᠯᠭᠠᠰᠤ ᠠᠴᠠ ᠨᠡᠯᠢᠶᠡᠳ | ᠣᠶᠢᠷᠠᠯᠴᠠᠭ᠎ᠠ ᠪᠠᠶᠢᠭ᠎ᠠ ᠬᠤᠭ ᠨᠣᠪᠰᠢ ᠪᠤᠯᠠᠬᠤ ᠭᠠᠵᠠᠷ ᠲᠤ ᠲᠥᠪᠯᠡᠷᠡᠭᠦᠯᠦᠨ ᠴᠡᠪᠡᠷᠯᠡᠨ ᠬᠦᠷᠭᠡᠵᠦ ᠰᠢᠢᠳᠪᠦᠷᠢᠯᠡᠵᠦ ᠪᠠᠶᠢᠨ᠎ᠠ | ᠃ ᠪᠥᠬᠦ ᠬᠤᠰᠢᠭᠤᠨ ᠳᠤ ᠣᠲᠣ ᠠᠮᠢᠳᠤᠷᠠᠯ ᠤᠨ ᠬᠤᠭ ᠨᠣᠪᠰᠢ ᠪᠤᠯᠠᠬᠤ ᠲᠠᠯᠠᠪᠠᠶ 3 ᠪᠠᠶᠢᠵᠤ᠂ ᠨᠢᠭᠡᠨᠲᠡ 12 | ᠤᠳᠬᠤᠭᠤᠷ ᠲᠡᠷᠭᠡ᠂ 16 ᠬᠦᠮᠦᠷᠢᠭᠦᠯ ᠲᠠᠢ ᠲᠡᠷᠭᠡ᠂ 15 ᠲᠣᠨ ᠤ ᠬᠤᠭ ᠨᠣᠪᠰᠢ ᠳᠠᠷᠤᠵᠤ ᠠᠪᠴᠢᠭᠤᠯᠬᠤ ᠲᠡᠷᠭᠡ 2᠂ | 8 ᠲᠣᠨ ᠤ ᠬᠤᠭ ᠨᠣᠪᠰᠢ ᠠᠪᠴᠢᠭᠤᠯᠬᠤ ᠲᠡᠷᠭᠡ 4᠂ ᠬᠤᠭ ᠨᠣᠪᠰᠢ ᠶᠢ ᠬᠠᠵᠠᠭᠤ ᠲᠠᠯ᠎ᠠ ᠠᠴᠠ ᠰᠠᠪᠠᠯᠠᠬᠤ ᠲᠡᠷᠭᠡ 8᠂ | ᠬᠤᠭ ᠨᠣᠪᠰᠢ ᠵᠥᠭᠡᠭᠡᠪᠦᠷᠢᠯᠡᠬᠦ ᠲᠡᠷᠭᠡ 45᠂ ᠬᠤᠭ ᠨᠣᠪᠰᠢ ᠶᠢᠨ ᠡᠯᠭᠦᠭᠦᠷ ᠲᠦᠬᠦᠭᠡᠷᠦᠮᠵᠢᠲᠦ ᠲᠡᠷᠭᠡ 4᠂ ᠬᠤᠭ | ᠨᠣᠪᠰᠢ ᠶᠢᠨ ᠲᠠᠲᠠᠭᠠᠯ 1180 ᠭᠠᠷᠤᠢ ᠪᠣᠶ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠤᠬᠠᠭᠤᠯᠵᠤ ᠬᠥᠲᠥᠯᠥᠨ ᠵᠢᠯᠤᠭᠤᠳᠬᠤ ᠶᠢ | ᠦᠷᠭᠦᠯᠵᠢᠯᠡᠨ ᠴᠢᠩᠭᠠᠳᠬᠠᠬᠤ ᠶᠢᠨ ᠬᠠᠮᠲᠤ᠂ ᠬᠢᠷᠢ ᠬᠡᠮ ᠪᠦᠬᠦᠢ ᠭᠤᠷᠪᠠᠳᠡᠬᠢ ᠲᠠᠯ᠎ᠠ ᠶᠢᠨ ᠺᠣᠮᠫᠠᠨᠢ ᠶᠢ ᠤᠷᠢᠵᠤ ᠪᠥᠬᠦ | ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ | ᠰᠢᠢᠳᠪᠦᠷᠢᠯᠡᠬᠦ ᠰᠢᠰᠲ᠋ᠧᠮ ᠳᠤ ᠬᠤᠶᠠᠳᠠᠭᠢ ᠤᠳᠠᠭᠠᠨ ᠤ ᠲᠤᠰᠬᠠᠢ ᠲᠥᠯᠦᠪᠵᠢᠭᠦᠯᠭᠡ ᠬᠢᠬᠦ ᠪᠤᠯᠤᠨ᠎ᠠ᠂ ᠣᠲᠣ 131 ᠵᠠᠰᠠᠭ | ᠵᠠᠬᠢᠷᠭᠠᠨ ᠤ ᠭᠠᠴᠠᠭ᠎ᠠ ᠲᠣᠰᠬᠤᠨ ᠤ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠨᠢᠭᠡᠨᠲᠡ ᠴᠤᠭᠯᠠᠭᠤᠯᠤᠨ ᠳᠠᠭᠤᠰᠬᠠᠵᠤ᠂ | ᠲᠥᠯᠦᠪᠵᠢᠭᠦᠯᠭᠡ ᠶᠢ ᠬᠡᠷᠡᠭᠵᠢᠭᠦᠯᠬᠦ ᠪᠠᠷ ᠪᠠᠶᠢᠨ᠎ᠠ᠂ ᠡᠨᠡ ᠨᠢ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ | ᠨᠣᠪᠰᠢ ᠶᠢ ᠵᠠᠰᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠲᠦᠯᠬᠢᠨ ᠠᠬᠢᠭᠤᠯᠬᠤ ᠪᠣᠯᠣᠨ᠎ᠠ᠃ | ︵ᠭᠤᠴᠢᠨ ᠳᠣᠯᠤᠭ᠎ᠠ︶ ᠬᠡᠦᠬᠡᠳ ᠤᠨ ᠴᠡᠴᠡᠷᠯᠢᠭ ᠤᠨ ᠬᠤᠣᠰ ᠬᠡᠯᠡᠨ ᠤ ᠰᠤᠷᠭᠠᠨ ᠬᠥᠮᠦᠵᠢᠯ ᠤᠨ ᠲᠤᠰᠬᠠᠢ | ᠮᠡᠷᠭᠡᠵᠢᠯ ᠤᠨ ᠪᠠᠭᠰᠢ ᠬᠦᠷᠦᠯᠴᠡᠬᠦ ᠦᠭᠡᠢ ᠪᠠᠶᠢᠬᠤ ᠲᠤᠬᠠᠢ ᠰᠠᠨᠠᠭᠤᠯᠭ᠎ᠠ ︵83 ᠳ᠋ᠤᠭᠠᠷ ᠲᠣᠭᠠᠲᠤ ᠰᠠᠨᠠᠭᠤᠯᠭ᠎ᠠ︶᠃ | ᠪᠠᠶᠠᠨᠴᠠᠭᠠᠨ ᠰᠤᠮᠤ ᠶᠢᠨ ᠰᠠᠴᠤᠷᠠ ᠵᠡᠷᠭᠡ 4 ᠲᠥᠯᠥᠭᠡᠯᠡᠭᠴᠢ ᠪᠠᠭᠰᠢ ᠡᠯᠰᠡᠬᠦ᠂ ᠣᠷᠢᠵᠤ ᠬᠡᠷᠡᠭᠯᠡᠬᠦ ᠵᠢᠴᠢ | ᠪᠣᠯᠪᠠᠰᠤᠷᠠᠭᠤᠯᠤᠯ ᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ ᠬᠡᠦᠬᠡᠳ ᠤᠨ ᠴᠡᠴᠡᠷᠯᠢᠭ ᠤᠨ | ᠬᠤᠣᠰ ᠬᠡᠯᠡᠨ ᠤ ᠪᠠᠭᠰᠢ ᠲᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠶᠢ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠥᠬᠦ ᠬᠤᠰᠢᠭᠤᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ | ᠬᠡᠦᠬᠡᠳ ᠤᠨ ᠴᠡᠴᠡᠷᠯᠢᠭ ᠤᠨ ᠤᠤᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠪᠠᠭᠰᠢ ᠨᠡᠶᠢᠲᠡ 27 | ᠬᠥᠮᠥᠨ ᠪᠠᠶᠢᠵᠤ᠂ 2022 ᠣᠨ ᠳᠤ ᠪᠠᠭᠰᠢ ᠡᠯᠰᠡᠬᠦ ᠵᠡᠷᠭᠡ ᠠᠷᠭ᠎ᠠ ᠮᠠᠶ᠋ᠢᠭ ᠢᠶᠠᠷ 6 ᠪᠠᠭᠰᠢ ᠣᠷᠢᠨ ᠬᠡᠷᠡᠭᠯᠡᠵᠦ᠂ | ᠨᠢᠭᠡᠨᠲᠡ ᠬᠡᠦᠬᠡᠳ ᠤᠨ ᠴᠡᠴᠡᠷᠯᠢᠭ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠨ ᠰᠤᠷᠭᠠᠯᠲᠠ ᠶᠢᠨ ᠬᠡᠷᠡᠭᠴᠡᠭᠡ ᠶᠢ | ᠦᠨᠳᠦᠰᠦᠨ ᠳᠡᠭᠡᠨ ᠬᠠᠩᠭᠠᠭᠰᠠᠨ ᠪᠠᠶᠢᠨ᠎ᠠ᠃ ᠡᠭᠦᠨ ᠤ ᠬᠠᠮᠲᠤ᠂ ᠬᠡᠦᠬᠡᠳ ᠤᠨ ᠴᠡᠴᠡᠷᠯᠢᠭ ᠤᠨ ᠠᠵᠢᠯ ᠲᠦᠷᠦᠯ ᠢᠶᠠᠷ | ᠬᠠᠷᠢᠯᠴᠠᠨ ᠬᠠᠪᠰᠤᠷᠤᠨ ᠲᠡᠳᠬᠦᠬᠦ ᠬᠠᠮᠲᠤ ᠪᠠᠷ ᠪᠠᠶᠢᠭᠤᠯᠬᠤ ᠲᠣᠭᠲᠠᠴᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ | ᠬᠢᠲᠠᠳ ᠢᠶᠠᠷ ᠬᠢᠴᠢᠶᠡᠯᠯᠡᠵᠦ ᠪᠠᠶᠢᠭ᠎ᠠ ᠬᠤᠰᠢᠭᠤᠨ ᠤ ᠬᠡᠦᠬᠡᠳ ᠤᠨ ᠴᠡᠴᠡᠷᠯᠢᠭ᠂ ᠦᠨᠳᠦᠰᠦᠲᠡᠨ ᠤ ᠲᠤᠷᠰᠢᠯᠲᠠ ᠶᠢᠨ | ᠬᠡᠦᠬᠡᠳ ᠤᠨ ᠴᠡᠴᠡᠷᠯᠢᠭ ᠨᠢ ᠪᠢᠷᠠᠭᠤ ᠮᠣᠩᠭᠤᠯ ᠦᠨᠳᠦᠰᠦᠲᠡᠨ ᠤ ᠬᠡᠦᠭᠡᠳ ᠤᠨ ᠴᠡᠴᠡᠷᠯᠢᠭ ᠯᠤᠭ᠎ᠠ ᠠᠵᠢᠯ ᠲᠦᠷᠦᠯ ᠢᠶᠠᠷ | ᠬᠠᠷᠢᠯᠴᠠᠨ ᠬᠠᠪᠰᠤᠷᠤᠨ ᠲᠡᠳᠬᠦᠬᠦ ᠬᠠᠷᠢᠴᠠᠭ᠎ᠠ ᠪᠠᠶᠢᠭᠤᠯᠪᠠ᠃ ᠪᠢᠷᠠᠭᠤ ᠮᠣᠩᠭᠤᠯ ᠦᠨᠳᠦᠰᠦᠲᠡᠨ ᠤ ᠬᠡᠦᠬᠡᠳ ᠤᠨ | ᠴᠡᠴᠡᠷᠯᠢᠭ ᠠᠴᠠ ᠮᠠᠯᠵᠢᠬᠤ ᠣᠷᠣᠨ ᠤ 4 ᠬᠡᠦᠬᠡᠳ ᠤᠨ ᠴᠡᠴᠡᠷᠯᠢᠭ ᠢ ᠬᠠᠪᠰᠤᠷᠤᠨ ᠲᠡᠳᠬᠦᠵᠦ᠂ ᠭᠠᠷᠠᠭ ᠪᠦᠷᠢ ᠪᠠᠯᠭᠠᠰᠤᠨ | ᠳᠠᠬᠢ ᠬᠡᠦᠬᠡᠳ ᠤᠨ ᠴᠡᠴᠡᠷᠯᠢᠭ ᠠᠴᠠ ᠨᠣᠮ ᠤᠩᠰᠢᠵᠤ ᠬᠤᠪᠢᠶᠠᠯᠴᠠᠨ ᠡᠳ᠋ᠯᠡᠬᠦ᠂ ᠪᠤᠳᠠᠳᠤ ᠵᠢᠱᠢᠶ᠎ᠡ ᠶᠢ ᠰᠤᠳᠤᠯᠬᠤ᠂ | ᠬᠢᠴᠢᠶᠡᠯ ᠤᠨ ᠪᠠᠶᠢᠭᠤᠯᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ ᠰᠦᠯᠵᠢᠶᠡᠨ ᠳᠡᠭᠡᠷ᠎ᠡ ᠰᠣᠯᠢᠯᠴᠠᠨ ᠰᠤᠳᠤᠯᠤᠨ | ᠶᠠᠷᠢᠯᠴᠠᠬᠤ ᠶᠢ ᠥᠷᠨᠢᠭᠦᠯᠵᠦ᠂ ᠪᠥᠬᠦ ᠵᠢᠯ ᠳᠤ ᠡᠯ᠎ᠡ ᠲᠥᠷᠥᠯ ᠤᠨ ᠠᠵᠢᠯᠯᠠᠭ᠎ᠠ ᠶᠢ 20 ᠭᠠᠷᠤᠢ ᠤᠳᠠᠭ᠎ᠠ ᠥᠷᠨᠢᠭᠦᠯᠵᠦ᠂ | ᠪᠠᠭᠰᠢ ᠶᠢᠨ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠶᠢ ᠪᠦᠲᠦᠮᠵᠢᠲᠡᠶ ᠪᠠᠷ ᠳᠡᠭᠡᠭᠰᠢᠯᠡᠭᠦᠯᠪᠡ᠃ ᠲᠠᠷᠠᠭᠠᠴᠢ ᠶᠢᠨ | ᠠᠯᠬᠤᠮ ᠳᠤ᠂ ᠪᠠᠭᠰᠢ ᠡᠯᠰᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠢᠭᠠᠬᠤ ᠶᠢ ᠰᠤᠳᠤᠯᠤᠭᠴᠢ ᠶᠢᠨ ᠵᠢᠭᠠᠨ | ᠰᠤᠷᠭᠠᠯᠲᠠ ᠶᠢᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠪᠠᠭᠰᠢ ᠶᠢᠨ ᠲᠤᠰᠬᠠᠢ ᠮᠡᠷᠭᠡᠵᠢᠯ ᠤᠨ ᠬᠢᠷᠢ | ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︵ᠭᠤᠴᠢᠨ ᠨᠠᠢᠮᠠ︶ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠯᠡ ᠪᠢᠴᠢᠭ ᠤᠨ ᠬᠤᠣᠰ ᠬᠡᠯᠡᠨ ᠤ ᠪᠠᠭᠰᠢ ᠬᠦᠷᠦᠯᠴᠡᠬᠦ ᠦᠭᠡᠢ ᠪᠠᠶᠢᠬᠤ | ᠲᠤᠬᠠᠢ ᠰᠠᠨᠠᠭᠤᠯᠭ᠎ᠠ ︵84 ᠳ᠋ᠤᠭᠡᠷ ᠲᠣᠭᠠᠲᠤ ᠰᠠᠨᠠᠭᠤᠯᠭ᠎ᠠ︶᠃ ᠪᠠᠶᠠᠨᠴᠠᠭᠠᠨ ᠰᠤᠮᠤ ᠶᠢᠨ ᠰᠠᠴᠤᠷᠠ ᠵᠡᠷᠭᠡ 4 | ᠲᠥᠯᠥᠭᠡᠯᠡᠭᠴᠢ ᠠᠴᠠ ᠪᠣᠳᠠᠲᠠᠢ ᠬᠡᠷᠡᠭᠴᠡᠭᠡ ᠱᠠᠭᠠᠷᠳᠠᠯᠭ᠎ᠠ ᠲᠠᠢ ᠪᠠᠨ ᠤᠶᠠᠯᠳᠤᠭᠤᠯᠤᠨ ᠪᠠᠭᠰᠢ ᠡᠯᠰᠡᠬᠦ ᠠᠰᠠᠭᠤᠳᠠᠯ ᠢ | ᠰᠢᠢᠳᠪᠦᠷᠢᠯᠡᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠪᠠᠭᠰᠢ ᠬᠦᠷᠦᠯᠴᠡᠬᠦ ᠦᠭᠡᠢ ᠪᠠᠶᠢᠬᠤ | ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠰᠤᠷᠭᠠᠨ ᠬᠥᠮᠦᠵᠢᠯ ᠤᠨ | ᠲᠣᠪᠴᠢᠶ᠎ᠠ ᠠᠴᠠ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠤᠨ ᠬᠡᠯᠡ ᠪᠢᠴᠢᠭ ᠤᠨ ᠪᠠᠭᠰᠢ ᠲᠤᠲᠠᠭᠳᠠᠵᠤ ᠪᠠᠶᠢᠭ᠎ᠠ ᠪᠠᠶᠢᠳᠠᠯ ᠢ ᠦᠨᠳᠦᠰᠦᠯᠡᠨ᠂ 2022 ᠣᠨ ᠤ 5 | ᠰᠠᠷ᠎ᠠ ᠳᠤ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠪᠠᠭᠰᠢ ᠶᠢ 2 ᠨᠡᠷ᠎ᠡ ᠡᠯᠰᠡᠪᠡ︔7 ᠰᠠᠷ᠎ᠠ ᠳᠤ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠪᠠ ᠪᠠᠭᠰᠢ ᠡᠯᠰᠡᠬᠦ ᠬᠡᠯᠪᠡᠷᠢ ᠪᠠᠷ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠯᠡ | ᠪᠢᠴᠢᠭ ᠤᠨ ᠪᠠᠭᠰᠢ ᠶᠢ 1 ᠨᠡᠷ᠎ᠡ ᠡᠯᠰᠡᠵᠦ᠂ ᠡᠯ᠎ᠡ ᠰᠤᠷᠭᠠᠭᠤᠯᠢ ᠳᠤ ᠬᠤᠪᠢᠶᠠᠷᠢᠯᠠᠨ ᠪᠠᠭᠰᠢᠯᠠᠭᠤᠯᠪᠠ᠃ ᠡᠭᠦᠨ ᠤ ᠬᠠᠮᠲᠤ᠂ | ᠪᠠᠭᠰᠢ ᠨᠠᠷ ᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠡᠯ᠎ᠡ ᠱᠠᠲᠤᠨ ᠤ ᠡᠯ᠎ᠡ ᠲᠥᠷᠥᠯ ᠤᠨ ᠪᠣᠯᠪᠠᠰᠤᠷᠠᠭᠤᠯᠤᠯ ᠳᠤ | ᠣᠷᠣᠯᠴᠠᠭᠤᠯᠵᠤ᠂ ᠪᠠᠭᠰᠢ ᠨᠠᠷ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠨ᠎ᠡ ᠰᠢᠯᠭᠠᠯᠲᠠ ᠳᠤ ᠵᠣᠬᠢᠴᠠᠬᠤ᠂ | ᠰᠢᠨ᠎ᠡ ᠵᠢᠭᠠᠬᠤ ᠮᠠᠲ᠋ᠧᠷᠢᠶᠠᠯ ᠢ ᠬᠡᠷᠡᠭᠯᠡᠬᠦ ᠴᠢᠳᠠᠪᠤᠷᠢ ᠪᠠ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠭᠰᠡᠨ ᠪᠠᠶᠢᠨ᠎ᠠ᠃ | ᠵᠢᠯ ᠤᠨ ᠡᠬᠢᠨ ᠠᠴᠠ ᠨᠠᠰᠢ᠂ 8 ᠤᠳᠠᠭ᠎ᠠ ᠪᠣᠯᠪᠠᠰᠤᠷᠠᠯ ᠥᠷᠨᠢᠭᠦᠯᠵᠦ᠂ ᠪᠠᠭᠰᠢ ᠨᠠᠷ ᠢ 200 ᠭᠠᠷᠤᠢ ᠬᠥᠮᠥᠨ ᠤᠳᠠᠭ᠎ᠠ | ᠪᠣᠯᠪᠠᠰᠤᠷᠠᠭᠤᠯᠵᠠᠢ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ | ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠨᠢᠭᠡᠳᠦᠯᠲᠡᠢ ᠨᠠᠶᠢᠷᠠᠭᠤᠯᠤᠭᠰᠠᠨ ᠬᠡᠯᠡ ᠪᠢᠴᠢᠭ ᠤᠨ ᠪᠠᠭᠰᠢ ᠶᠢ | ᠡᠯᠰᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠠᠭᠰᠢ ᠶᠢᠨ ᠪᠣᠯᠪᠠᠰᠤᠷᠠᠭᠤᠯᠤᠯ ᠢ ᠴᠢᠩᠭᠠᠳᠬᠠᠨ᠂ ᠪᠠᠭᠰᠢ ᠶᠢᠨ | ᠲᠤᠰᠬᠠᠢ ᠮᠡᠷᠭᠡᠵᠢᠯ ᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︵ᠭᠤᠴᠢ ᠶᠢᠰᠦ︶ ᠮᠠᠯᠵᠢᠬᠤ ᠣᠷᠣᠨ ᠤ ᠰᠤᠷᠭᠠᠭᠤᠯᠢ ᠨᠤᠭᠤᠳ ᠲᠤ ᠬᠦᠳᠡᠯᠭᠡᠭᠡᠨ ᠤ ᠭᠡᠷ ᠪᠠᠶᠢᠭᠤᠯᠬᠤ | ᠴᠢᠬᠤᠯᠠ ᠲᠠᠢ ᠪᠠᠶᠢᠬᠤ ᠲᠤᠬᠠᠢ ᠰᠠᠨᠠᠭᠤᠯᠭ᠎ᠠ ︵85 ᠳ᠋ᠤᠭᠠᠷ ᠲᠣᠭᠠᠲᠤ ᠰᠠᠨᠠᠭᠤᠯᠭ᠎ᠠ︶᠃ᠪᠠᠶᠠᠨᠴᠠᠭᠠᠨ ᠰᠤᠮᠤ ᠶᠢᠨ ᠰᠠᠴᠤᠷᠠ | ᠵᠡᠷᠭᠡ 4 ᠲᠥᠯᠥᠭᠡᠯᠡᠭᠴᠢ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ᠂ ᠮᠠᠯᠵᠢᠬᠤ ᠣᠷᠣᠨ ᠤ ᠰᠤᠷᠭᠠᠭᠤᠯᠢ ᠳᠤ | ᠬᠦᠳᠡᠯᠭᠡᠭᠡᠨ ᠤ ᠭᠡᠷ ᠪᠠᠶᠢᠭᠤᠯᠬᠤ ᠶᠢᠨ ᠬᠠᠮᠲᠤ ᠲᠠᠮᠢᠷ ᠤᠨ ᠪᠠᠭᠠᠵᠢ ᠬᠡᠷᠡᠭᠰᠡᠯ ᠲᠣᠬᠢᠷᠠᠭᠤᠯᠵᠤ᠂ ᠲᠠᠮᠢᠷ ᠤᠨ ᠬᠢᠴᠢᠶᠡᠯ᠂ | ᠬᠢᠴᠢᠶᠡᠯ ᠤᠨ ᠭᠠᠳᠠᠨᠠᠬᠢ ᠪᠣᠯᠪᠠᠰᠤᠷᠠᠯ ᠪᠠ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠬᠤ ᠳᠤ ᠪᠣᠳᠠᠲᠠᠢ ᠨᠥᠬᠦᠴᠡᠯ | ᠬᠠᠩᠭᠠᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠰᠤᠷᠭᠠᠨ ᠬᠥᠮᠦᠵᠢᠯ ᠤᠨ | ᠲᠣᠪᠴᠢᠶ᠎ᠠ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠥᠳᠡᠯᠭᠡᠭᠡᠨ ᠤ ᠭᠡᠷ ᠤᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠴᠢᠬᠤᠯᠠᠴᠢᠯᠠᠵᠤ᠂ ᠪᠥᠬᠦ ᠬᠤᠰᠢᠭᠤᠨ ᠳᠤ ᠣᠲᠣ ᠭᠡᠷ ᠳᠣᠲᠣᠷᠠᠬᠢ ᠪᠡᠶ᠎ᠡ ᠶᠢᠨ ᠲᠠᠮᠢᠷ ᠤᠨ | ᠣᠷᠳᠣᠨ 1᠂ ᠬᠥᠳᠡᠭᠡ ᠲᠣᠰᠬᠤᠨ ᠤ ᠪᠠᠭᠠᠴᠤᠳ ᠤᠨ ᠣᠷᠳᠣᠨ 15 ᠪᠠᠶᠢᠵᠤ᠂ ᠰᠤᠷᠤᠭᠴᠢᠳ ᠲᠤ ᠭᠡᠷ ᠳᠣᠲᠣᠷᠠᠬᠢ | ᠬᠥᠳᠡᠯᠭᠡᠭᠡᠨ ᠤ ᠲᠠᠯᠠᠪᠤᠷ ᠬᠠᠩᠭᠠᠭᠰᠠᠨ ᠪᠠᠶᠢᠨ᠎ᠠ᠃ ᠮᠠᠯᠵᠢᠬᠤ ᠣᠷᠣᠨ ᠤ ᠣᠯᠠᠩᠬᠢ ᠳᠤᠮᠳᠠᠳᠤ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ ᠨᠢ ᠭᠠᠵᠠᠷ ᠣᠷᠣᠨ᠂ ᠪᠡᠯᠡ ᠮᠥᠩᠭᠦ ᠵᠡᠷᠭᠡ ᠬᠦᠴᠦᠨ ᠵᠦᠢᠯ ᠤᠨ ᠨᠥᠯᠥᠭᠡ ᠠᠴᠠ ᠪᠤᠯᠵᠤ | ᠬᠥᠳᠡᠭᠡ ᠲᠣᠰᠬᠤᠨ ᠤ ᠪᠠᠭᠠᠴᠤᠳ ᠤᠨ ᠣᠷᠳᠣᠨ ᠪᠠᠶᠢᠭᠤᠯᠤᠭᠰᠠᠨ ᠦᠭᠡᠢ᠃ ᠲᠠᠷᠠᠭᠠᠴᠢ ᠶᠢᠨ ᠠᠯᠬᠤᠮ ᠳᠤ᠂ | ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠡᠯ᠎ᠡ ᠱᠠᠲᠤᠨ ᠤ ᠡᠯ᠎ᠡ ᠲᠥᠷᠥᠯ ᠤᠨ ᠪᠡᠯᠡ ᠮᠥᠩᠭᠦ ᠶᠢ ᠣᠯᠬᠤ ᠪᠠᠷ | ᠢᠳᠡᠪᠬᠢᠲᠡᠢ ᠴᠢᠷᠮᠠᠶᠢᠵᠤ᠂ ᠰᠤᠷᠭᠠᠭᠤᠯᠢ ᠶᠢᠨ ᠭᠡᠷ ᠳᠣᠲᠣᠷᠠᠬᠢ ᠬᠦᠳᠡᠯᠭᠡᠭᠡᠨ ᠤ ᠭᠡᠷ ᠤᠨ ᠪᠦᠲᠦᠭᠡᠨ ᠪᠠᠶᠢᠭᠤᠯᠤᠯᠲᠠ ᠵᠢᠴᠢ | ᠬᠠᠮᠢᠶ᠎ᠠ ᠪᠦᠬᠦᠢ ᠬᠦᠳᠡᠯᠭᠡᠭᠡᠨ ᠤ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠴᠢᠩᠭᠠᠳᠬᠠᠨ᠂ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠭᠡᠷ ᠳᠣᠲᠣᠷᠠᠬᠢ ᠬᠦᠳᠡᠯᠭᠡᠭᠡᠨ ᠥᠷᠨᠢᠭᠦᠯᠬᠦ ᠳᠤ ᠴᠢᠬᠤᠯᠠ ᠪᠦᠬᠦᠢ ᠨᠥᠬᠦᠴᠡᠯ | ᠬᠠᠩᠭᠠᠨ᠎ᠠ᠃ ᠡᠭᠦᠨ ᠤ ᠬᠠᠮᠲᠤ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠳᠣ ᠪᠠᠶᠢᠭ᠎ᠠ ᠡᠯ᠎ᠡ | ᠲᠥᠷᠥᠯ ᠤᠨ ᠪᠡᠶ᠎ᠡ ᠶᠢᠨ ᠲᠠᠮᠢᠷ᠂ ᠰᠣᠶᠣᠯ ᠤᠨ ᠲᠠᠯᠠᠪᠤᠷ ᠭᠠᠵᠠᠷ ᠢ ᠵᠦᠢ ᠵᠣᠬᠢᠰᠲᠠᠢ ᠠᠰᠢᠭᠯᠠᠨ᠂ ᠲᠠᠯᠠᠪᠤᠷ ᠭᠠᠵᠠᠷ ᠤᠨ | ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠣᠶᠣᠯ | ᠪᠡᠶ᠎ᠡ ᠶᠢᠨ ᠲᠠᠮᠢᠷ᠂ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠣᠷᠤᠯᠴᠠᠬᠤ ᠡᠷᠬᠡ ᠶᠢ ᠦᠨᠡᠨ ᠬᠦ ᠪᠠᠲᠤᠯᠠᠨ᠎ᠠ᠃ | ︵ᠳᠥᠴᠢ︶ ᠮᠠᠯᠵᠢᠬᠤ ᠣᠷᠣᠨ ᠤ ᠰᠤᠷᠭᠠᠭᠤᠯᠢ ᠳᠤ ᠲᠠᠪᠤᠨ ᠡᠳᠦᠷ ᠠᠵᠢᠯᠯᠠᠵᠤ᠂ ᠬᠤᠶᠠᠷ ᠡᠳᠦᠷ ᠠᠮᠠᠷᠠᠬᠤ | ᠳᠦᠷᠢᠮ ᠢ ᠬᠡᠷᠡᠭᠵᠢᠭᠦᠯᠬᠦ ᠲᠤᠬᠠᠢ ᠰᠠᠨᠠᠭᠤᠯᠭ᠎ᠠ ︵86 ᠳ᠋ᠤᠭᠠᠷ ᠲᠤᠭᠠᠲᠤ ᠰᠠᠨᠠᠭᠤᠯᠭ᠎ᠠ︶᠃ᠪᠠᠶᠠᠨᠴᠠᠭᠠᠨ ᠰᠤᠮᠤ ᠶᠢᠨ | ᠰᠠᠴᠤᠷᠠ ᠵᠡᠷᠭᠡ 4 ᠲᠥᠯᠥᠭᠡᠯᠡᠭᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ᠂ ᠮᠠᠯᠵᠢᠬᠤ ᠣᠷᠣᠨ ᠤ | ᠰᠤᠷᠭᠠᠭᠤᠯᠢ ᠳᠤ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠳᠤ ᠬᠢᠴᠢᠶᠡᠯ ᠣᠷᠣᠬᠤ᠂ ᠭᠠᠷᠠᠭ ᠤᠨ ᠵᠢᠷᠭᠤᠭᠠᠨ | ᠭᠠᠷᠠᠭ ᠤᠨ ᠡᠳᠦᠷ ᠠᠮᠠᠷᠠᠬᠤ ᠳᠦᠷᠢᠮ ᠢ ᠬᠡᠷᠡᠭᠵᠢᠭᠦᠯᠬᠦ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠰᠤᠷᠭᠠᠨ ᠬᠥᠮᠦᠵᠢᠯ ᠤᠨ | ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠮᠠᠯᠵᠢᠬᠤ ᠣᠷᠣᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ ᠲᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠯᠲᠠ ᠬᠢᠬᠦ᠂ ᠰᠠᠨᠠᠯ ᠬᠤᠷᠢᠶᠠᠬᠤ | ᠂ ᠶᠠᠷᠢᠯᠴᠠᠬᠤ ᠬᠤᠷᠠᠯ ᠬᠢᠬᠦ ᠵᠡᠷᠭᠡ ᠠᠷᠭ᠎ᠠ ᠬᠡᠯᠪᠡᠷᠢ ᠪᠠᠷ ᠪᠠᠶᠢᠴᠠᠭᠠᠨ ᠰᠤᠳᠤᠯᠤᠯᠲᠠ ᠬᠢᠵᠡᠢ᠃ ᠬᠡᠰᠢᠭᠲᠡᠨ ᠬᠤᠰᠢᠭᠤᠨ ᠤ | ᠮᠠᠯᠵᠢᠬᠤ ᠣᠷᠣᠨ ᠤ ᠨᠤᠲᠤᠭ ᠳᠡᠪᠢᠰᠬᠡᠷ ᠥᠷᠭᠡᠨ ᠠᠭᠤᠳᠠᠮ᠂ ᠣᠯᠠᠩᠬᠢ ᠰᠤᠷᠤᠭᠴᠢᠳ ᠤᠨ ᠭᠡᠷ ᠪᠠ ᠰᠤᠷᠭᠠᠭᠤᠯᠢ ᠶᠢᠨ | ᠬᠤᠭᠤᠷᠣᠨᠳᠣᠬᠢ ᠵᠠᠮ ᠬᠤᠯᠠ ᠤᠴᠢᠷ ᠠᠴᠠ ︽5 ᠡᠳᠦᠷ ᠬᠢᠴᠢᠶᠡᠯᠯᠡᠵᠦ᠂ 2 ᠡᠳᠦᠷ ᠠᠮᠠᠷᠠᠬᠤ︾ ᠳᠦᠷᠢᠮ ᠨᠢ | ᠰᠤᠷᠤᠭᠴᠢᠳ ᠵᠢᠴᠢ ᠭᠡᠷ ᠤᠨ ᠠᠬᠠᠮᠠᠳ ᠤᠨ ᠪᠡᠶ᠎ᠡ ᠮᠠᠬᠠᠪᠤᠳ ᠤᠨ ᠳᠠᠷᠤᠭᠠᠰᠤ ᠪᠠ ᠠᠵᠤ ᠠᠬᠤᠢ ᠶᠢᠨ ᠳᠠᠷᠤᠭᠠᠰᠤ ᠶᠢ | ᠬᠦᠨᠳᠦᠷᠡᠭᠦᠯᠦᠨ᠎ᠡ᠃ ᠡᠮᠦᠨᠡᠬᠢ ᠬᠤᠭᠤᠴᠠᠭᠠᠨ ᠤ ᠰᠤᠷᠭᠠᠭᠤᠯᠢ ᠶᠢᠨ ᠲᠡᠷᠭᠡ ᠶᠢᠨ ᠺᠣᠮᠫᠠᠨᠢ ᠶᠢᠨ ᠵᠠᠮ ᠱᠤᠭᠤᠮ ᠤᠨ | ᠬᠡᠮᠵᠢᠯᠲᠡ ᠠᠴᠠ ᠦᠵᠡᠪᠡᠯ᠂ ︽5 ᠡᠳᠦᠷ ᠬᠢᠴᠢᠶᠡᠯ ᠣᠷᠣᠵᠤ᠂ 2 ᠡᠳᠦᠷ ᠠᠮᠠᠷᠠᠬᠤ︾ ᠳᠤ ᠡᠳ᠋ ᠤᠨ ᠵᠠᠰᠠᠭ ᠤᠨ | ᠵᠠᠷᠤᠯᠭ᠎ᠠ ᠵᠢᠯ ᠪᠦᠷᠢ 3000 ᠭᠠᠷᠤᠢ ᠲᠦᠮᠡᠨ ᠲᠥᠭᠦᠷᠢᠭ ᠨᠡᠮᠡᠭᠳᠡᠬᠦ ᠪᠣᠯᠣᠨ᠎ᠠ᠃ ᠬᠡᠰᠢᠭᠲᠡᠨ ᠬᠤᠰᠢᠭᠤᠨ ᠤ ᠮᠠᠯᠵᠢᠬᠤ | ᠣᠷᠣᠨ ᠤ ᠪᠣᠳᠠᠲᠤ ᠪᠠᠶᠢᠳᠠᠯ ᠢ ᠦᠨᠳᠦᠰᠦᠯᠡᠨ᠂ ᠭᠦᠢᠴᠡᠳ ᠪᠣᠳᠣᠯᠬᠢᠯᠠᠬᠤ ᠪᠠᠷ ᠳᠡᠮᠵᠢᠨ᠂ ︽10 ᠡᠳᠦᠷ ᠬᠢᠴᠢᠶᠡᠯ | ᠣᠷᠣᠵᠤ᠂ 4 ᠡᠳᠦᠷ ᠠᠮᠠᠷᠠᠬᠤ︾ ᠳᠦᠷᠢᠮ ᠢ ᠬᠡᠷᠡᠭᠵᠢᠭᠦᠯᠬᠦ ᠨᠢ ᠨᠠᠩ ᠵᠦᠢ ᠵᠣᠬᠢᠰᠲᠠᠢ ᠪᠠᠶᠢᠨ᠎ᠠ᠃ | ︵ᠳᠥᠴᠢᠨ ᠨᠢᠭᠡ︶ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠶᠢᠨ ᠵᠠᠯᠭᠠᠮᠵᠢ ᠠᠵᠤ ᠦᠢᠯᠡᠰ ᠤᠨ ᠮᠦᠬᠦ | ᠶᠢᠨ ᠰᠠᠷᠠᠪᠴᠢ ᠶᠢᠨ ᠬᠠᠷᠢᠶᠠᠯᠠᠯ ᠤᠨ ᠠᠰᠠᠭᠤᠳᠠᠯ ᠤᠨ ᠲᠤᠬᠠᠢ ︵87 ᠳ᠋ᠤᠭᠠᠷ ᠲᠣᠭᠠᠲᠤ ᠰᠠᠨᠠᠭᠤᠯᠭ᠎ᠠ︶᠃ ᠪᠢᠷᠠᠭᠤ | ᠪᠠᠯᠭᠠᠰᠤᠨ ᠤ ᠵᠧᠩ ᠾᠦᠩ ᠵᠡᠷᠭᠡ 2 ᠲᠥᠯᠥᠭᠡᠯᠡᠭᠴᠢ ᠠᠴᠠ ᠪᠣᠳᠠᠲᠠᠢ ᠲᠥᠷᠥ ᠶᠢᠨ ᠪᠣᠳᠣᠯᠭ᠎ᠠ ᠨᠡᠶᠢᠲᠡᠯᠡᠵᠦ᠂ ᠶᠠᠳᠠᠭᠤ | ᠬᠦᠴᠢᠷᠳᠡᠯ ᠲᠠᠢ ᠡᠷᠦᠬᠡ ᠨᠠᠰᠤ ᠪᠠᠷᠠᠭᠰᠠᠨ ᠤ ᠳᠠᠷᠠᠭ᠎ᠠ᠂ ᠪᠢᠷᠠᠭᠤ ᠪᠠᠯᠭᠠᠰᠤᠨ ᠤ ᠭᠤᠸᠠᠩ ᠮᠢᠩ ᠲᠣᠰᠬᠤᠨ ᠤ | ᠲᠥᠪᠬᠢᠨᠡᠭᠦᠯᠬᠦ ᠲᠣᠭᠤᠷᠢᠭ ᠤᠨ ᠣᠨᠳᠣᠣ ᠭᠠᠵᠠᠷ ᠲᠤ ᠶᠠᠳᠠᠭᠤ ᠶᠢ ᠲᠡᠳᠬᠦᠬᠦ ᠪᠠᠷ ᠨᠡᠭᠦᠯᠭᠡᠭᠰᠡᠨ ᠲᠦᠷᠦᠯ ᠵᠦᠢᠯ ᠤᠨ | ᠵᠠᠯᠭᠠᠮᠵᠢ ᠠᠵᠤ ᠦᠢᠯᠡᠰ ᠤᠨ ᠠᠰᠢᠭ ᠣᠷᠣᠯᠭ᠎ᠠ ᠶᠢᠨ ᠮᠥᠩᠭᠦ ᠶᠢ ᠬᠡᠷᠬᠢᠨ ᠣᠯᠭᠤᠬᠤ ᠶᠢ ᠲᠣᠳᠣᠷᠬᠠᠢ ᠪᠤᠯᠭᠠᠬᠤ ᠶᠢ | ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ ᠬᠠᠮᠢᠶ᠎ᠠ ᠪᠦᠬᠦᠢ | ᠰᠠᠯᠠᠭ᠎ᠠ ᠮᠥᠴᠢᠷ ᠪᠢᠷᠠᠭᠤ ᠪᠠᠯᠭᠠᠰᠤ ᠶᠢᠨ ᠭᠤᠸᠠᠩ ᠮᠢᠩ ᠲᠣᠰᠬᠤᠨ ᠤ ᠰᠢᠭᠤᠳ ᠬᠠᠷᠢᠶ᠎ᠠ ᠨᠡᠶᠢᠭᠡᠮ ᠲᠣᠭᠤᠷᠢᠭ ᠲᠤ | ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠰᠤᠳᠤᠯᠤᠨ ᠮᠠᠭᠠᠳᠯᠠᠬᠤ ᠪᠠᠷ ᠳᠡᠮᠵᠢᠨ ᠲᠣᠭᠲᠠᠭᠠᠭᠰᠠᠨ ᠨᠢ᠂ ᠪᠢᠷᠠᠭᠤ | ᠪᠠᠯᠭᠠᠰᠤᠨ ᠤ ᠭᠤᠸᠠᠩ ᠮᠢᠩ ᠲᠣᠰᠬᠤᠨ ᠤ ᠲᠥᠪᠬᠢᠨᠡᠭᠦᠯᠬᠦ ᠲᠣᠭᠤᠷᠢᠭ ᠤᠨ ᠵᠠᠯᠭᠠᠮᠵᠢ ᠠᠵᠤ ᠦᠢᠯᠡᠰ ᠤᠨ ᠢᠳᠡᠭᠡᠨ ᠤ | ᠮᠦᠬᠦ ᠶᠢᠨ ᠰᠠᠷᠠᠪᠴᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠣᠯ᠂ ᠲᠥᠪᠬᠢᠨᠡᠭᠦᠯᠦᠭᠰᠡᠨ ᠲᠠᠩᠰᠠ ᠡᠪᠬᠡᠮᠡᠯ | ᠪᠠᠶᠢᠭᠤᠯᠤᠨ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠪᠠᠷ ᠨᠢᠭᠡᠴᠢ ᠪᠣᠯᠭᠠᠵᠤ᠂ 2 ︱ 3 ᠬᠥᠮᠥᠨ ᠠᠮᠠ ᠲᠠᠢ | ᠡᠷᠦᠬᠡ ᠪᠦᠷᠢ ᠳᠤ 2 ᠢᠳᠡᠭᠡᠨ ᠤ ᠮᠦᠬᠦ ᠶᠢᠨ ᠰᠠᠷᠠᠪᠴᠢ ᠬᠤᠪᠢᠶᠠᠷᠢᠯᠠᠵᠤ᠂ 4 ᠬᠥᠮᠥᠨ ᠠᠴᠠ ᠳᠡᠭᠡᠭᠰᠢᠬᠢ ᠬᠦᠮᠦᠨ ᠠᠮᠠ | ᠲᠠᠢ ᠡᠷᠦᠬᠡ ᠪᠦᠷᠢ ᠳᠤ 3 ᠢᠳᠡᠭᠡᠨ ᠤ ᠮᠦᠬᠦ ᠶᠢᠨ ᠰᠠᠷᠠᠪᠴᠢ ᠬᠤᠪᠢᠶᠠᠷᠢᠯᠠᠵᠤ᠂ ᠡᠷᠦᠬᠡ ᠳᠤ ᠣᠯᠭᠤᠭᠰᠠᠨ ᠡᠳ᠋ ᠬᠥᠷᠥᠩᠭᠡ | ᠶᠢᠨ ᠲᠦᠷᠦᠯ ᠳᠤ ᠬᠠᠷᠢᠶᠠᠯᠠᠭᠳᠠᠨ᠎ᠠ᠃ ︽ᠬᠡᠰᠢᠭᠲᠡᠨ ᠬᠤᠰᠢᠭᠤᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ | ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠠᠷᠪᠠᠨ ᠨᠢᠭᠡᠳᠦᠭᠡᠷ ᠵᠦᠢᠯ ᠳᠤ | ︽ᠶᠠᠳᠠᠭᠤ ᠶᠢ ᠲᠡᠳᠬᠦᠬᠦ ᠪᠡᠯᠡ ᠮᠥᠩᠭᠦ ᠶᠢ ᠰᠢᠭᠤᠳ ᠡᠷᠦᠬᠡ ᠳᠤ ᠣᠯᠭᠤᠵᠤ ᠪᠦᠷᠢᠯᠳᠦᠭᠰᠡᠨ ᠶᠠᠳᠠᠭᠤ ᠶᠢ ᠲᠡᠳᠬᠦᠬᠦ | ᠲᠥᠷᠥᠯ ᠵᠦᠢᠯ ᠤᠨ ᠪᠡᠯᠡ ᠬᠥᠷᠥᠩᠭᠡ ᠶᠢᠨ ᠥᠮᠴᠢᠯᠡᠯ ᠤᠨ ᠡᠷᠬᠡ ᠨᠢ ᠠᠰᠢᠭ ᠬᠦᠷᠲᠡᠭᠴᠢ ᠳᠤ ᠬᠠᠷᠢᠶᠠᠯᠠᠭᠳᠠᠵᠤ᠂ ᠰᠤᠮᠤ | ᠰᠢᠶᠠᠩ ᠪᠠᠯᠭᠠᠰᠤ ᠠᠴᠠ ᠭᠠᠴᠠᠭ᠎ᠠ ᠲᠣᠰᠬᠤᠨ ᠢ ᠵᠣᠬᠢᠶᠠᠨ ᠪᠠᠶᠢᠭᠤᠯᠤᠨ ᠵᠠᠭᠠᠭᠯᠠᠨ ᠲᠣᠭᠲᠠᠭᠠᠭᠰᠠᠨ ᠲᠠᠰ ᠳᠠᠷᠠᠭᠠᠯᠠᠯ ᠢ | ᠭᠦᠢᠴᠡᠳᠬᠡᠵᠦ᠂ ᠥᠯᠥ ᠬᠥᠳᠡᠯᠬᠦ ᠬᠥᠷᠥᠩᠭᠡ ᠳᠤ ᠬᠠᠷᠢᠶᠠᠯᠠᠭᠳᠠᠪᠠᠯ᠂ ᠡᠷᠬᠡ ᠶᠢ ᠨᠤᠲᠠᠯᠠᠨ ᠳᠡᠩᠰᠡᠯᠡᠵᠦ᠂ ᠡᠷᠬᠡ ᠶᠢ | ᠨᠤᠲᠠᠯᠠᠨ ᠵᠥᠪᠰᠢᠶᠡᠷᠡᠭᠰᠡᠨ ᠪᠢᠴᠢᠭ ᠲᠠᠷᠬᠠᠭᠠᠬᠤ ᠶᠢᠨ ᠬᠠᠮᠲᠤ ᠬᠠᠮᠢᠶ᠎ᠠ ᠪᠦᠬᠦᠢ ᠡᠷᠬᠡ ᠪᠠ ᠡᠭᠦᠷᠭᠡ ᠶᠢ ᠮᠡᠳᠡᠭᠳᠡᠵᠦ᠂ | ᠬᠡᠰᠢᠭᠲᠡᠨ ᠬᠤᠰᠢᠭᠤᠨ ᠤ ᠶᠢᠨ ᠭᠦᠩ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ ᠬᠢᠵᠠᠭᠠᠷᠲᠤ | ᠺᠣᠮᠫᠠᠨᠢ ᠳᠤ ᠮᠡᠳᠡᠭᠦᠯᠦᠨ ᠳᠠᠩᠰᠠᠯᠠᠭᠤᠯᠤᠨ᠎ᠠ︾᠂ ᠵᠢᠴᠢ ᠭᠤᠴᠢᠨ ᠭᠤᠷᠪᠠᠳᠤᠭᠠᠷ ᠵᠦᠢᠯ ᠳᠤ ︽ᠡᠷᠦᠬᠡ ᠳᠤ ᠣᠯᠭᠤᠭᠰᠠᠨ | ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠠᠰᠢᠭ ᠣᠯᠵᠠᠪᠤᠷᠢ ᠨᠢ ᠮᠠᠯᠴᠢᠨ ᠲᠠᠷᠢᠶᠠᠴᠢᠨ ᠡᠷᠦᠬᠡ ᠳᠤ | ᠥᠮᠴᠢᠯᠡᠭᠳᠡᠬᠦ ᠪᠠ ᠬᠡᠷᠡᠭᠯᠡᠭᠦᠯᠦᠨ᠎ᠡ︾ ᠭᠡᠵᠦ ᠲᠣᠭᠲᠠᠭᠠᠵᠠᠢ᠃ ᠲᠣᠰ ᠲᠥᠷᠥᠯ ᠵᠦᠢᠯ ᠤᠨ ᠠᠰᠢᠭ ᠣᠷᠣᠯᠭ᠎ᠠ ᠶᠢᠨ | ᠮᠥᠩᠭᠦ ᠶᠢ ᠡᠷᠦᠬᠡ ᠪᠠᠷ ᠨᠢᠭᠡᠴᠢ ᠪᠣᠯᠭᠠᠨ ᠬᠤᠪᠢᠶᠠᠷᠢᠯᠠᠵᠤ᠂ ᠠᠰᠢᠭ ᠭᠥᠷᠳᠡᠭᠰᠡᠨ ᠡᠷᠦᠬᠡ ᠶᠢᠨ ᠭᠡᠷ ᠪᠦᠯᠢ ᠶᠢᠨ ᠬᠡᠰᠡᠭ | ᠬᠥᠮᠥᠰ ᠨᠠᠰᠤ ᠪᠠᠷᠠᠭᠰᠠᠨ ᠤ ᠳᠠᠷᠠᠭ᠎ᠠ᠂ ᠠᠰᠢᠭ ᠣᠷᠣᠯᠭ᠎ᠠ ᠶᠢᠨ ᠮᠥᠩᠭᠦ ᠶᠢ ᠤᠤᠯ ᠤᠨ ᠡᠷᠦᠬᠡ ᠳᠤ ᠪᠥᠬᠦ ᠲᠤᠭ᠎ᠠ ᠪᠠᠷ ᠨᠢ | ᠣᠯᠭᠤᠬᠤ ᠬᠡᠷᠡᠭᠲᠡᠢ︔ ᠠᠰᠢᠭ ᠭᠥᠷᠳᠡᠭᠰᠡᠨ ᠡᠷᠤᠭᠡ ᠶᠢᠨ ᠬᠢᠨ ᠪᠦᠭᠦᠳᠡᠭᠡᠷ ᠨᠠᠰᠤ ᠪᠠᠷᠠᠭᠰᠠᠨ ᠪᠠᠶᠢᠪᠠᠯ᠂ ᠠᠰᠢᠭ | ᠣᠷᠣᠯᠭ᠎ᠠ ᠶᠢᠨ ᠮᠥᠩᠭᠦ ᠶᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠥᠪ | ᠵᠠᠯᠭᠠᠮᠵᠢᠯᠠᠭᠴᠢ ᠪᠠᠷ ᠵᠠᠯᠭᠠᠮᠵᠢᠯᠠᠭᠤᠯᠬᠤ ᠬᠡᠷᠡᠭᠲᠡᠢ᠃ | ︵ᠳᠥᠴᠢᠨ ᠬᠤᠶᠠᠷ︶ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠰᠠᠨᠠᠭᠤᠯᠭ᠎ᠠ ︵2᠂ 5 | ᠂ 6᠂ 9᠂ 16᠂ 22᠂ 25᠂ 60᠂ 68᠂ 77 ᠳ᠋ᠤᠭᠠᠷ ᠲᠣᠭᠠᠲᠤ ᠰᠠᠨᠠᠭᠤᠯᠭ᠎ᠠ ᠶᠢ ᠨᠡᠶᠢᠯᠡᠭᠦᠯᠦᠭᠰᠡᠨ ᠮᠡᠳᠡᠭᠦᠯᠦᠯᠲᠡ | ︶᠃ ᠢᠦᠢ ᠵᠸᠤ ᠳ᠋ᠢ ᠪᠠᠯᠭᠠᠰᠤᠨ ᠤ ᠼᠤᠤ ᠭᠧ ᠵᠡᠷᠭᠡ 4 ᠲᠥᠯᠥᠭᠡᠯᠡᠭᠴᠢ᠂ ᠲᠦᠩ ᠰᠢᠩ ᠪᠠᠯᠭᠠᠰᠤᠨ ᠤ ᠴᠢᠦ ᠾᠦᠩ | ᠰᠢᠨ ᠵᠡᠷᠭᠡ 7 ᠲᠥᠯᠥᠭᠡᠯᠡᠭᠴᠢ᠂ ᠳᠠᠯᠠᠶᠢᠨᠠᠭᠤᠷ ᠪᠠᠯᠭᠠᠰᠤᠨ ᠤ ᠲᠦᠯᠦᠭᠡᠯᠡᠭᠴᠢ ᠪᠠᠭᠠᠲᠤᠷ᠂ ᠳᠠᠯᠠᠶᠢᠨᠠᠭᠤᠷ ᠪᠠᠯᠭᠠᠰᠤᠨ ᠤ | ᠤᠲᠤᠨᠪᠤᠯᠠᠭ ᠵᠡᠷᠭᠡ 8 ᠲᠥᠯᠥᠭᠡᠯᠡᠭᠴᠢ᠂ ᠰᠢᠨ ᠺᠠᠢ ᠳ᠋ᠢ ᠰᠢᠶᠠᠩ ᠤᠨ ᠸᠠᠩ ᠶᠦᠨ ᠵᠡᠷᠭᠡ 6 ᠲᠥᠯᠥᠭᠡᠯᠡᠭᠴᠢ᠂ ᠰᠢᠨ ᠺᠠᠢ | ᠳ᠋ᠢ ᠰᠢᠶᠠᠩ ᠤᠨ ᠲᠥᠯᠥᠭᠡᠯᠡᠭᠴᠢ ᠸᠠᠩ ᠵᠢᠶᠠᠨ ᠭᠦᠸᠧ᠂ ᡁᠢ ᠿᠦᠢ ᠪᠠᠯᠭᠠᠰᠤᠨ ᠤ ᠲᠥᠯᠥᠭᠡᠯᠡᠭᠴᠢ ᠸᠠᠩ ᠿᠦᠢ ᠰᠢᠤᠸᠠᠢ᠂ | ᠳᠠᠷᠬᠠᠬᠠᠭᠤᠯᠠ ᠰᠤᠮᠤ ᠶᠢᠨ ᠣᠶᠣᠨᠳᠤᠩᠭᠠᠯᠠᠭ ᠵᠡᠷᠭᠡ 9 ᠲᠥᠯᠥᠭᠡᠯᠡᠭᠴᠢ᠂ ᠪᠠᠶᠠᠨᠴᠠᠭᠠᠨ ᠰᠤᠮᠤ ᠶᠢᠨ ᠬᠦᠷᠡᠯᠪᠠᠭᠠᠨᠠ ᠵᠡᠷᠭᠡ | 4 ᠲᠥᠯᠥᠭᠡᠯᠡᠭᠴᠢ ᠶᠢᠨ ᠰᠠᠨᠠᠭᠤᠯᠭ᠎ᠠ ᠳᠤ᠂ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ | ᠮᠥᠩᠭᠦᠨ ᠭᠦᠢᠯᠭᠡᠭᠡᠨ ᠤ ᠲᠡᠳᠬᠦᠯᠳᠡ ᠶᠢ ᠲᠡᠭᠦᠯᠳᠡᠷᠵᠢᠭᠦᠯᠬᠦ᠂ ᠲᠤᠰᠬᠠᠢ ᠮᠡᠷᠭᠡᠵᠢᠯ ᠤᠨ ᠠᠵᠢᠯᠲᠠᠨ ᠤ | ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠮᠠᠯ ᠠᠵᠤ ᠠᠬᠤᠢ ᠶᠢᠨ | ᠬᠡᠪᠴᠢᠶᠡᠵᠢᠬᠦ᠂ ᠡᠷᠴᠢᠮᠵᠢᠬᠦ᠂ ᠣᠳᠣᠬᠢᠴᠢᠯᠠᠬᠤ ᠴᠢᠭᠯᠡᠯ ᠢᠶᠠᠷ ᠤᠷᠤᠭᠰᠢᠯᠠᠬᠤ ᠶᠢ ᠠᠬᠢᠭᠤᠯᠵᠤ᠂ ᠮᠠᠯᠴᠢᠨ ᠲᠠᠷᠢᠶᠠᠴᠢᠳ ᠤᠨ | ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠳᠤ ᠬᠦᠴᠦᠨ ᠨᠡᠮᠡᠷᠢᠯᠡᠬᠦ ᠶᠢ ᠳᠤᠷᠠᠳᠤᠭᠰᠠᠨ ᠪᠠᠶᠢᠨ᠎ᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠠᠴᠠ ᠠᠵᠤ ᠦᠢᠯᠡᠰ ᠤᠨ ᠬᠥᠭᠵᠢᠯᠲᠡ ᠶᠢᠨ ︽ᠮᠥᠩᠭᠦᠨ ᠭᠦᠢᠯᠭᠡᠭᠡᠨ ᠢᠶᠠᠷ ᠲᠡᠳᠬᠦᠬᠦ᠂ ᠡᠭᠦᠯᠳᠡᠷ | ᠰᠠᠶᠢᠵᠢᠷᠠᠭᠤᠯᠤᠨ ᠬᠢᠵᠢᠭ ᠢ ᠰᠡᠷᠭᠡᠶᠢᠯᠡᠬᠦ᠂ ᠡᠪᠡᠰᠦ ᠪᠣᠷᠳᠤᠭ᠎ᠠ ᠶᠢ ᠪᠠᠲᠤᠯᠠᠬᠤ︾ ᠭᠤᠷᠪᠠᠨ ᠶᠡᠭᠡ ᠪᠠᠲᠤᠯᠠᠭ᠎ᠠ ᠶᠢᠨ | ᠲᠤᠭᠳᠠᠯᠴᠠᠭᠠᠨ ᠤ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠪᠥᠬᠦ ᠵᠢᠯ ᠳᠤ ᠲᠤᠤᠷ᠎ᠠ ᠬᠦᠦ ᠮᠥᠩᠭᠦ᠂ ᠳᠠᠮ | ᠬᠦᠦ ᠲᠠᠢ ︽ᠦᠬᠡᠷ ᠮᠠᠯᠵᠢᠬᠤ ᠦᠢᠯᠡᠰ ᠢ ᠬᠥᠭᠵᠢᠭᠦᠯᠬᠦ ᠵᠢᠭᠡᠯᠡᠯᠭᠡ︾ ︽ᠪᠣᠷᠳᠣᠵᠤ ᠲᠠᠷᠭᠤᠯᠠᠭᠤᠯᠬᠤ ᠵᠢᠭᠡᠯᠡᠯᠭᠡ︾ ᠶᠢ | ᠨᠡᠶᠢᠳᠡ 5.3 ᠳ᠋ᠦᠩᠰᠢᠭᠤᠷ ᠲᠥᠭᠦᠷᠢᠭ ᠲᠠᠷᠬᠠᠭᠠᠵᠤ᠂ ᠴᠢᠰᠦᠨ ᠤ ᠴᠡᠪᠡᠷᠴᠡ ᠪᠠᠷ ᠦᠨᠲᠦᠷ ᠰᠢᠮᠧᠨ᠋ᠲᠷ ᠰᠠᠭᠤᠷᠢ ᠡᠬᠡ | ᠮᠠᠯ ᠢ 1.46 ᠲᠦᠮᠡ ᠬᠤᠳᠠᠯᠳᠤᠨ ᠠᠪᠴᠤ᠂ ᠰᠢᠨ᠎ᠡ ᠪᠠᠷ ᠨᠡᠮᠡᠭᠳᠡᠭᠰᠡᠨ ᠮᠢᠬᠠᠨ ᠤ ᠦᠬᠡᠷ ᠤᠨ ᠬᠤᠪᠢ ᠨᠡᠮᠡᠷᠢ ᠶᠢᠨ | ᠨᠣᠷᠮ᠎ᠠ 21.5% ᠬᠦᠷᠪᠡ᠂ 12 ᠲᠦᠮᠡᠨ ᠲᠣᠨ ᠡᠪᠡᠰᠦ ᠪᠣᠷᠳᠤᠭ᠎ᠠ ᠬᠤᠳᠠᠯᠳᠤᠨ ᠠᠪᠴᠤ᠂ 10360 ᠬᠠᠪᠳᠠᠭᠠᠢ | ᠳᠥᠷᠪᠡᠯᠵᠢᠨ ᠮᠧᠲᠷ ᠤᠨ ᠬᠠᠰᠢᠶ᠎ᠠ ᠰᠠᠷᠠᠪᠴᠢ ᠶᠢ ᠪᠦᠲᠦᠭᠡᠨ ᠪᠠᠶᠢᠭᠤᠯᠪᠠ︔ ᠪᠥᠬᠦ ᠵᠢᠯ ᠳᠤ ᠡᠭᠦᠯᠳᠡᠷ ᠠᠨᠠᠢ 1.2 ᠲᠦᠮᠡᠨ | ᠲᠣᠯᠣᠭᠠᠢ ᠦᠬᠡᠷ᠂ 1.3 ᠲᠦᠮᠡᠨ ᠬᠤᠨᠢ ᠶᠢ ᠰᠢᠭᠰᠢᠭᠳᠡᠭᠦᠯᠵᠦ᠂ ᠮᠢᠬᠠᠨ ᠤ ᠦᠬᠡᠷ ᠮᠢᠬᠠᠨ ᠤ ᠬᠤᠨᠢᠨ ᠤ ᠡᠭᠦᠯᠳᠡᠷ | ᠰᠠᠶᠢᠵᠢᠷᠠᠭᠤᠯᠤᠭᠰᠠᠨ ᠨᠣᠷᠮ᠎ᠠ ᠶᠢ 97% ᠠᠴᠠ ᠳᠡᠭᠡᠭᠰᠢ ᠳᠤ ᠬᠦᠷᠦᠭᠦᠯᠵᠦ᠂ ᠪᠥᠬᠦ ᠵᠢᠯ ᠳᠤ 1277.47 ᠲᠦᠮᠡᠨ | ᠲᠣᠯᠣᠭᠠᠢ ᠤᠳᠠᠭ᠎ᠠ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠬᠢᠵᠦ᠂ ᠬᠢᠵᠢᠭ ᠢ ᠰᠡᠷᠭᠡᠶᠢᠯᠡᠬᠦ ᠪᠦᠷᠬᠦᠴᠡ ᠶᠢᠨ ᠨᠣᠷᠮ᠎ᠠ ᠶᠢ | 100% ᠳᠤ ᠬᠦᠷᠭᠡᠪᠡ︔ ᠪᠥᠬᠦ ᠵᠢᠯ ᠳᠤ ᠲᠠᠷᠢᠶᠠᠯᠠᠩ ᠮᠠᠯ ᠠᠵᠤ ᠠᠬᠤᠢ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢ ᠨᠢᠭᠡᠳᠬᠡᠬᠦ ᠪᠠᠷ ᠳᠡᠮᠵᠢᠨ᠂ ᠲᠡᠵᠢᠭᠡᠨ ᠦᠷᠡᠵᠢᠭᠦᠯᠬᠦ ᠦᠢᠯᠡᠰ ᠤᠨ | ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠡᠪᠡᠰᠦ ᠪᠣᠷᠳᠤᠭ᠎ᠠ ᠡᠳ᠋ᠰᠢᠭᠦᠯᠬᠦ | ᠦᠢᠯᠡᠳᠪᠦᠷᠢ ᠶᠢᠨ ᠲᠠᠰᠤᠭ᠂ ᠨᠣᠭᠤᠭᠠᠨ ᠳᠠᠷᠤᠰᠢ ᠢᠰᠭᠡᠬᠦ ᠲᠠᠳᠠᠭᠠᠯ ᠵᠡᠷᠭᠡ ᠶᠢ 2.4 ᠲᠦᠮᠡᠨ ᠬᠠᠪᠳᠠᠭᠠᠢ ᠳᠥᠷᠪᠡᠯᠵᠢᠨ | ᠮᠧᠲᠷ ᠰᠢᠨ᠎ᠡ ᠪᠠᠷ ᠪᠠᠶᠢᠭᠤᠯᠵᠤ᠂ ᠣᠳᠣᠬᠠᠨ ᠳᠤ ᠨᠢᠭᠡᠨᠲᠡ ᠪᠠᠴᠢᠮ ᠪᠠᠶᠢᠳᠠᠯ ᠢ ᠠᠷᠭᠠᠴᠠᠭᠠᠬᠤ ᠡᠪᠡᠰᠦ ᠪᠣᠷᠳᠤᠭ᠎ᠠ ᠶᠢ 1.1 | ᠲᠦᠮᠡᠨ ᠲᠣᠨ ᠨᠥᠭᠡᠴᠡᠯᠡᠪᠡ᠃ ᠡᠭᠦᠨ ᠤ ᠬᠠᠮᠲᠤ᠂ ᠮᠠᠯ ᠤᠨᠤᠭ᠎ᠠ ᠶᠢ ᠡᠮᠬᠢ ᠵᠢᠷᠤᠮ ᠲᠠᠢ ᠪᠠᠷ ᠰᠢᠯᠵᠢᠭᠦᠯᠬᠦ ᠶᠢ | ᠲᠦᠷᠭᠡᠳᠬᠡᠬᠦ ᠵᠠᠩᠭᠢᠯᠠᠭ᠎ᠠ ᠶᠢᠨ ᠳᠤᠲᠠᠭᠤᠳᠠᠯ ᠢ ᠨᠦᠬᠦᠪᠦᠷᠢᠯᠡᠪᠡ᠃ 2.6 ᠳ᠋ᠦᠩᠰᠢᠭᠤᠷ ᠲᠥᠭᠦᠷᠢᠭ ᠤᠨ ᠡᠯ᠎ᠡ ᠲᠦᠷᠦᠯ ᠤᠨ | ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ ᠶᠠᠳᠠᠭᠤ ᠶᠢ ᠲᠡᠳᠬᠦᠬᠦ ᠠᠵᠤ ᠦᠢᠯᠡᠰ ᠤᠨ ᠰᠠᠭᠤᠷᠢᠨ ᠭᠠᠵᠠᠷ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠲᠦᠷᠦᠯ ᠵᠦᠢᠯ ︵ᠶᠡᠷᠦᠩᠬᠡᠢ ᠪᠡᠯᠡ ᠣᠷᠣᠭᠤᠯᠤᠯᠲᠠ ᠨᠢ 1.78 | ᠳ᠋ᠦᠩᠰᠢᠭᠤᠷ ᠲᠥᠭᠦᠷᠢᠭ᠂ ᠣᠯᠠᠨ ᠵᠢᠯ ᠰᠤᠯᠠ ᠲᠠᠯᠪᠢᠭᠰᠠᠨ ᠢᠦᠢ ᠿᠦᠨ ᠮᠢᠬᠠᠨ ᠤ ᠦᠬᠡᠷ ᠬᠤᠨᠢ ᠶᠢ ᠨᠢᠲᠤᠯᠵᠤ | ᠪᠣᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ ᠢ ᠡᠷᠬᠢᠯᠳᠡ ᠳᠤ ᠣᠷᠤᠭᠤᠯᠤᠭᠰᠠᠨ︶ ᠪᠠ ᠮᠠᠯ ᠲᠠᠷᠢᠶᠠᠯᠠᠩ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠲᠦᠷᠦᠯ ᠵᠦᠢᠯ ︵ᠶᠡᠷᠦᠩᠬᠡᠢ ᠪᠡᠯᠡ ᠣᠷᠣᠭᠤᠯᠤᠯᠲᠠ ᠨᠢ | 7806 ᠲᠦᠮᠡᠨ ᠲᠥᠭᠦᠷᠢᠭ︶ ᠢ ᠬᠡᠷᠡᠭᠵᠢᠭᠦᠯᠵᠦ᠂ ᠬᠡᠰᠢᠭᠲᠡᠨ ᠬᠤᠰᠢᠭᠤᠨ ᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠢ ᠪᠠᠶᠢᠭᠤᠯᠵᠤ᠂ ᠡᠵᠡᠩᠨᠡᠯᠲᠡ ᠳᠤ ᠣᠷᠣᠭᠰᠠᠨ | ᠠᠴᠠ ᠨᠠᠰᠢ 4000 ᠮᠢᠬᠠᠨ ᠤ ᠦᠬᠡᠷ᠂ 2000 ᠭᠠᠷᠤᠢ ᠮᠢᠬᠠᠨ ᠤ ᠬᠤᠨᠢ ᠶᠢ ᠨᠢᠳᠤᠯᠵᠤ᠂ 6300 ᠭᠠᠷᠤᠢ ᠲᠦᠮᠡᠨ | ᠲᠥᠭᠦᠷᠢᠭ ᠤᠨ ᠦᠢᠯᠡᠳᠬᠦᠨ ᠤ ᠥᠷᠲᠡᠭ ᠡᠭᠦᠳᠴᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ | ᠡᠳ᠋ᠰᠢᠭᠦᠯᠦᠨ ᠪᠣᠯᠪᠠᠰᠤᠷᠠᠭᠤᠯᠬᠤ ᠲᠠᠯ᠎ᠠ ᠶᠢᠨ ᠬᠤᠭᠤᠰᠤᠨ ᠢ ᠪᠦᠲᠦᠮᠵᠢᠲᠡᠶ ᠪᠠᠷ ᠨᠥᠬᠦᠪᠦᠷᠢᠯᠡᠵᠦ᠂ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠨᠦᠬᠦᠪᠦᠷᠢᠯᠡᠨ᠂ ᠮᠢᠬᠠᠨ ᠤ ᠦᠬᠡᠷ ᠬᠤᠨᠢᠨ ᠤ ᠭᠠᠷᠭᠠᠯᠲᠠ ᠶᠢ | ᠲᠦᠷᠭᠡᠳᠬᠡᠬᠦ ᠳᠤ ᠪᠣᠳᠠᠲᠠᠢ ᠨᠥᠬᠦᠴᠡᠯ ᠬᠠᠩᠭᠠᠭᠰᠠᠨ ᠪᠠᠶᠢᠨ᠎ᠠ᠃ | ︵ᠳᠥᠴᠢᠨ ᠭᠤᠷᠪᠠ︶ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢ ᠤᠯᠠᠮ | ᠨᠢᠭᠡ ᠠᠯᠬᠤᠮ ᠵᠢᠷᠤᠮᠵᠢᠭᠤᠯᠬᠤ ᠲᠤᠬᠠᠢ ᠰᠠᠨᠠᠭᠤᠯᠭ᠎ᠠ ︵30᠂ 42᠂ 44᠂ 48᠂ 49 ᠳ᠋ᠤᠭᠡᠷ ᠲᠣᠭᠠᠲᠤ | ᠰᠠᠨᠠᠭᠤᠯᠭ᠎ᠠ ᠶᠢ ᠨᠡᠶᠢᠯᠡᠭᠦᠯᠦᠭᠰᠡᠨ ᠮᠡᠳᠡᠭᠦᠯᠦᠯᠲᠡ︶᠃ ᠶᠢᠩᠴᠠᠩ ᠵᠡᠭᠡᠯᠢ ᠭᠤᠳᠤᠮᠵᠢ ᠶᠢᠨ ᠲᠥᠯᠥᠭᠡᠯᠡᠭᠴᠢ ᠶᠢᠨ ᠰᠢᠨ᠂ | ᠰᠢᠷᠠᠮᠦ᠋ᠷᠡᠨ ᠵᠡᠭᠡᠯᠢ ᠭᠤᠳᠤᠮᠵᠢ ᠶᠢᠨ ᠲᠦᠯᠦᠭᠡᠯᠡᠭᠴᠢ ᠯᠢ ᠴᠢᠩ ᠬᠤᠸᠠ᠂ ᠯᠢ ᠰᠢᠶᠠᠩ ᠾᠦᠢ᠂ ᠸᠠᠩ ᠸᠧᠨ ᠴᠧᠨ ᠠᠴᠠ | ᠲᠣᠰ ᠭᠠᠵᠠᠷ ᠣᠷᠣᠨ ᠤ ᠠᠳᠠᠯ ᠠᠬᠤᠢ ᠶᠢᠨ ᠦᠢᠯᠡᠴᠢᠯᠡᠭᠡᠨ ᠤ ᠲᠠᠰ ᠤᠨ ᠪᠠᠷᠢᠮᠵᠢᠶ᠎ᠠ ᠪᠠ ᠰᠦᠢᠳᠬᠡᠯ ᠬᠤᠷᠢᠶᠠᠬᠤ | ᠵᠢᠯᠤᠭᠤᠳᠤᠮᠵᠢ ᠶᠢᠨ ᠦᠨ᠎ᠡ ᠬᠠᠩᠰᠢ ᠲᠣᠭᠲᠠᠭᠠᠬᠤ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ | ᠠᠳᠠᠯ ᠠᠬᠤᠢ ᠶᠢᠨ ᠠᠵᠤ ᠠᠬᠤᠶᠢᠯᠠᠯ ᠤᠨ ᠲᠣᠰ ᠪᠡᠶ᠎ᠡ ᠶᠢᠨ ᠪᠠᠶᠢᠭᠤᠯᠤᠯᠲᠠ ᠶᠢ ᠳᠡᠭᠡᠭᠰᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠠᠳᠠᠯ ᠠᠬᠤᠢ ᠶᠢᠨ ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢᠯᠠᠬᠤ᠂ ᠵᠢᠷᠤᠮᠵᠢᠭᠤᠯᠤᠨ ᠬᠥᠭᠵᠢᠭᠦᠯᠬᠦ ᠶᠢ | ᠬᠥᠲᠥᠯᠥᠨ ᠵᠢᠯᠤᠭᠤᠳᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠬᠤᠲᠠ ᠶᠢᠨ | ᠬᠠᠮᠢᠶᠠᠷᠤᠯᠲᠠ ᠶᠢᠨ ᠲᠣᠪᠴᠢᠶ᠎ᠠ ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠥᠷᠨᠢᠭᠦᠯᠪᠡ᠂ ᠨᠢᠭᠡ ᠳᠤ ︽ | ᠡᠩ ᠤᠨ ᠣᠷᠣᠨ ᠰᠠᠭᠤᠴᠠ ᠶᠢᠨ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠲᠠᠰ ᠤᠨ | ᠵᠢᠯᠤᠭᠤᠳᠤᠮᠵᠢ ᠪᠠᠷᠢᠮᠵᠢᠶ᠎ᠠ︾ ︽ᠬᠤᠳᠠᠯᠳᠤᠭᠠᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠷᠢᠮᠵᠢᠶ᠎ᠠ︾ | ᠶᠢ ᠲᠤᠭᠤᠷᠪᠢᠵᠤ᠂ ᠠᠳᠠᠯ ᠠᠬᠤᠢ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠵᠥᠪᠳᠡᠯᠴᠡᠬᠦ ᠳᠦᠷᠢᠮ ᠢ | ᠲᠡᠭᠦᠯᠳᠡᠷᠵᠢᠭᠦᠯᠦᠨ᠂ ᠦᠨ᠎ᠡ ᠲᠣᠭᠲᠠᠭᠠᠬᠤ ᠵᠠᠷᠴᠢᠮ ᠢ ᠲᠣᠳᠣᠷᠬᠠᠶᠢᠯᠠᠵᠤ᠂ ᠦᠨ᠎ᠡ ᠲᠣᠭᠲᠠᠭᠠᠬᠤ ᠲᠠᠰ ᠳᠠᠷᠠᠭᠠᠯᠠᠯ ᠢ | ᠵᠢᠷᠤᠮᠵᠢᠭᠤᠯᠤᠨ᠂ ᠥᠮᠴᠢᠲᠡᠨ ᠤ ᠦᠨ᠎ᠡ ᠲᠣᠭᠲᠠᠭᠠᠬᠤ ᠪᠠᠶᠢᠳᠠᠯ ᠢ ᠮᠡᠳᠡᠬᠦ ᠡᠷᠬᠡ ᠪᠠ ᠣᠷᠤᠯᠴᠠᠬᠤ ᠡᠷᠬᠡ ᠶᠢ ᠪᠠᠲᠤᠯᠠᠪᠠ᠃ | ᠬᠤᠶᠠᠷ ᠲᠤ ᠪᠥᠬᠦ ᠲᠠᠯ᠎ᠠ ᠪᠠᠷ ᠪᠠᠶᠢᠳᠠᠯ ᠢ ᠣᠶᠢᠯᠠᠭᠠᠬᠤ ᠶᠢ ᠪᠡᠶᠡᠯᠡᠭᠦᠯᠵᠦ᠂ ᠡᠮᠬᠢᠯᠡᠨ ᠨᠡᠶᠢᠯᠡᠭᠦᠯᠵᠦ ᠪᠣᠯᠬᠤ ᠠᠳᠠᠯ | ᠠᠬᠤᠢ ᠶᠢᠨ ᠣᠷᠣᠨ ᠬᠡᠪᠴᠢᠶ᠎ᠡ ᠶᠢ ᠬᠤᠷᠢᠶᠠᠩᠭᠤᠶᠢᠯᠠᠬᠤ ᠪᠠ ᠵᠢᠷᠤᠭ ᠲᠥᠯᠥᠪᠯᠡᠭᠡ ᠬᠢᠭᠰᠡᠨ ᠤ ᠳ᠋ᠦᠩ ᠳᠤ ᠪᠢᠷᠠᠭᠤ | ᠪᠠᠯᠭᠠᠰᠤᠨ ᠳᠤ ᠤᠳᠤᠬᠠᠨ ᠳᠤ ᠪᠠᠨ ᠣᠷᠣᠨ ᠰᠠᠭᠤᠴᠠ ᠶᠢᠨ ᠲᠣᠭᠤᠷᠢᠭ 199᠂ ᠠᠳᠠᠯ ᠠᠬᠤᠢ ᠶᠢᠨ ᠦᠢᠯᠡᠴᠢᠯᠡᠭᠡ ᠲᠠᠢ | ᠣᠷᠣᠨ ᠰᠠᠭᠤᠴᠠ ᠶᠢᠨ ᠲᠣᠭᠤᠷᠢᠭ 175᠂ ᠠᠳᠠᠯ ᠠᠬᠤᠢ ᠶᠢᠨ ᠦᠢᠯᠡᠴᠢᠯᠡᠭᠡ ᠦᠭᠡᠢ ᠣᠷᠣᠨ ᠰᠠᠭᠤᠴᠠ ᠶᠢᠨ ᠲᠣᠭᠤᠷᠢᠭ | 23 ᠪᠠᠶᠢᠵᠤ᠂ ᠠᠳᠠᠯ ᠠᠬᠤᠢ ᠶᠢᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ 88% ᠳᠤ ᠬᠦᠷᠴᠦ ᠪᠠᠶᠢᠨ᠎ᠠ᠃ | ᠭᠤᠷᠪᠠ ᠳᠤ᠂ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ | ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠳᠠᠩᠰᠠᠯᠠᠭᠤᠯᠬᠤ ᠶᠢᠨ ᠬᠠᠮᠲᠤ 2 | ᠤᠳᠠᠭ᠎ᠠ ᠬᠤᠷᠠᠯ ᠬᠤᠷᠠᠯᠳᠤᠭᠤᠯᠪᠠ︔ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ 8 ᠤᠳᠠᠭ᠎ᠠ᠂ ᠪᠣᠯᠪᠠᠰᠤᠷᠠᠯ ᠢ 2 | ᠤᠳᠠᠭ᠎ᠠ ᠥᠷᠨᠢᠭᠦᠯᠪᠡ︔ ᠠᠳᠠᠯ ᠠᠬᠤᠢ ᠶᠢᠨ ᠠᠵᠤ ᠠᠬᠤᠶᠢᠯᠠᠯ ᠲᠠᠢ ᠬᠠᠮᠲᠤᠷᠠᠨ ᠰᠠᠭᠤᠭᠠᠯᠢ ᠠᠷᠠᠳ ᠤᠨ ᠲᠣᠭᠤᠷᠢᠭ ᠤᠨ | ᠲᠣᠭᠲᠠᠭᠠᠯ ᠠᠴᠠ ᠵᠥᠷᠢᠴᠡᠨ ᠨᠣᠭᠤᠭ᠎ᠠ ᠳᠠᠷᠢᠭᠰᠠᠨ 52 ᠴᠡᠭ ᠢ ᠴᠡᠪᠡᠷᠯᠡᠵᠦ᠂ ᠰᠠᠭᠤᠭᠠᠯᠢ ᠲᠣᠭᠤᠷᠢᠭ ᠤᠨ ᠡᠳ᠋ ᠲᠠᠸᠠᠷ | ᠳᠤᠷ᠎ᠠ ᠪᠠᠷ ᠢᠶᠠᠨ ᠣᠪᠣᠭᠠᠯᠠᠵᠤ ᠲᠠᠯᠪᠢᠭᠰᠠᠨ 134 ᠴᠡᠭ ᠢ ᠴᠡᠪᠡᠷᠯᠡᠪᠡ︔ ᠠᠳᠠᠯ ᠠᠬᠤᠢ ᠶᠢᠨ ᠠᠵᠢᠯ ᠲᠥᠷᠥᠯ ᠤᠨ ᠵᠢᠭᠠᠨ | ᠵᠢᠯᠣᠭᠤᠳᠤᠭᠴᠢ ᠶᠢ 5 ᠨᠡᠷ᠎ᠡ ᠰᠣᠩᠭᠤᠨ ᠲᠣᠮᠢᠯᠠᠵᠤ᠂ ᠠᠳᠠᠯ ᠠᠬᠤᠢ ᠶᠢᠨ ᠠᠵᠤ ᠠᠬᠤᠶᠢᠯᠠᠯ ᠢ ᠵᠢᠯᠣᠭᠤᠳᠤᠨ 23 ᠨᠡᠷᠡᠰ | ᠬᠤᠯᠪᠣᠭᠠᠴᠢᠨ ᠰᠣᠩᠭᠤᠨ ᠲᠣᠮᠢᠯᠠᠵᠤ᠂ ᠠᠳᠠᠯ ᠠᠬᠤᠢ ᠶᠢᠨ ᠠᠵᠤ ᠠᠬᠤᠶᠢᠯᠠᠯ ᠤᠨ ᠠᠵᠢᠯ ᠲᠥᠷᠥᠯ ᠤᠨ ᠬᠠᠮᠢᠶᠠᠷᠤᠯᠲᠠ ᠶᠢᠨ | ᠠᠷᠭ᠎ᠠ ᠮᠠᠶ᠋ᠢᠭ ᠢ ᠦᠢᠯᠡᠴᠢᠯᠡᠭᠡᠨ ᠤ ᠬᠡᠯᠪᠡᠷᠢ᠂ ᠨᠠᠷᠢᠯᠢᠭᠵᠢᠭᠤᠯᠬᠤ ᠳᠠᠰᠢ ᠬᠤᠪᠢᠷᠠᠭᠤᠯᠬᠤ ᠶᠢ ᠠᠬᠢᠭᠤᠯᠪᠠ᠃ ᠳᠥᠷᠪᠡ ᠳᠤ᠂ | ᠵᠢᠱᠢᠶ᠎ᠡ ᠦᠵᠡᠭᠦᠯᠦᠨ ᠳᠠᠶᠢᠴᠢᠯᠠᠬᠤ ᠶᠢ ᠪᠠᠷᠢᠮᠲᠠᠯᠠᠵᠤ᠂ ᠮᠢᠩ ᠶᠤᠸᠠᠨ ᠪᠣᠯᠣᠨ ᠽᠢ ᠮᠧᠩ ᠬᠤᠶᠠᠷ ᠰᠠᠭᠤᠭᠠᠯᠢ | ᠲᠣᠭᠤᠷᠢᠭ ᠤᠨ ︽ᠬᠤᠪᠢᠰᠬᠠᠯᠲᠤ ᠠᠳᠠᠯ ᠠᠬᠤᠢ︾ ᠶᠢᠨ ᠵᠢᠱᠢᠶ᠎ᠡ ᠦᠵᠡᠭᠦᠯᠬᠦ ᠴᠡᠭ ᠢ ᠪᠠᠶᠢᠭᠤᠯᠤᠨ᠂ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠶᠢᠯᠠᠯ ᠳᠤ ᠨᠠᠮ ᠤᠨ ᠵᠣᠬᠢᠶᠠᠨ ᠪᠠᠶᠢᠭᠤᠯᠤᠯᠲᠠ ᠶᠢ ᠪᠦᠷᠬᠦᠬᠦᠯᠬᠦ ᠶᠢ ᠠᠬᠢᠭᠤᠯᠵᠤ᠂ ᠠᠵᠤ | ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠦᠨᠳᠦᠰᠦᠨ ᠱᠠᠲᠤᠨ ᠤ ᠵᠠᠰᠠᠯᠲᠠ ᠳᠤ ᠢᠳᠡᠪᠬᠢᠲᠡᠢ ᠣᠷᠣᠯᠴᠠᠭᠤᠯᠵᠤ᠂ | ᠦᠨᠳᠦᠰᠦᠨ ᠱᠠᠲᠤᠨ ᠤ ᠤᠯᠠᠨ ᠲᠦᠮᠡᠨ ᠳᠤ ᠦᠢᠯᠡᠴᠢᠯᠡᠭᠦᠯᠦᠨ᠎ᠡ᠃ | ︵ᠳᠥᠴᠢᠨ ᠳᠥᠷᠪᠡ︶ ᠬᠠᠭᠤᠴᠢᠨ ᠰᠠᠭᠤᠭᠠᠯᠢ ᠲᠣᠭᠤᠷᠢᠭ ᠢ ᠦᠭᠡᠷᠡᠴᠢᠯᠡᠵᠦ ᠪᠠᠶᠢᠭᠤᠯᠬᠤ ᠲᠤᠬᠠᠢ ᠰᠠᠨᠠᠭᠤᠯᠭ᠎ᠠ ︵ | 39᠂ 43᠂ 45 ᠳ᠋ᠤᠭᠠᠷ ᠲᠣᠭᠠᠲᠤ ᠰᠠᠨᠠᠭᠤᠯᠭ᠎ᠠ ᠶᠢ ᠨᠡᠶᠢᠯᠡᠭᠦᠯᠦᠭᠰᠡᠨ ᠮᠡᠳᠡᠭᠦᠯᠦᠯᠲᠡ︶᠃ ᠰᠢᠷᠠᠮᠦ᠋ᠷᠡᠨ ᠵᠡᠭᠡᠯᠢ | ᠭᠤᠳᠤᠮᠵᠢ ᠶᠢᠨ ᠲᠥᠯᠥᠭᠡᠯᠡᠭᠴᠢ ᠤᠶᠤᠨᠪᠢᠯᠢᠭ᠌᠂ ᠯᠢ ᠰᠢᠶᠠᠩ ᠾᠦᠢ ᠠᠴᠠ ᠬᠠᠭᠤᠴᠢᠨ ᠰᠠᠭᠤᠭᠠᠯᠢ ᠲᠣᠭᠤᠷᠢᠭ ᠢ | ᠥᠭᠡᠷᠡᠴᠢᠯᠡᠨ ᠪᠠᠶᠢᠭᠤᠯᠬᠤ ᠠᠬᠢᠴᠠ ᠶᠢ ᠲᠦᠷᠭᠡᠳᠬᠡᠵᠦ᠂ ᠲᠡᠷᠭᠡᠨ ᠰᠠᠷᠠᠪᠴᠢ᠂ ᠲᠡᠷᠭᠡᠨ ᠵᠣᠭᠰᠣᠭᠠᠯ᠂ ᠴᠠᠬᠢᠯᠭᠠᠨ | ᠬᠥᠳᠡᠯᠭᠡᠭᠦᠷᠲᠦ ᠲᠡᠷᠭᠡᠨ ᠤ ᠴᠠᠬᠢᠯᠭᠠᠨ ᠴᠡᠨᠡᠭᠯᠡᠬᠦ ᠱᠣᠩ᠂ ᠭᠦᠳᠦᠭᠦᠷ ᠨᠢᠭᠤᠷᠲᠤ ᠮᠤᠷᠤᠶᠢᠯᠲᠠ ᠳᠤ ᠲᠤᠰᠠᠯᠠᠬᠤ ᠲᠣᠯᠢ᠂ | ᠰᠡᠷᠡᠮᠵᠢ ᠶᠢᠨ ᠢᠯᠡᠷᠭᠡᠶᠢᠯᠡᠯ ᠵᠡᠷᠭᠡ ᠰᠠᠭᠤᠷᠢ ᠲᠥᠬᠦᠭᠡᠷᠦᠮᠵᠢ ᠶᠢ ᠲᠣᠬᠢᠷᠠᠭᠤᠯᠤᠨ ᠪᠠᠶᠢᠭᠤᠯᠬᠤ ᠶᠢ ᠵᠡᠷᠭᠡᠪᠡᠷ ᠲᠡᠭᠦᠯᠳᠡᠷᠵᠢᠭᠦᠯᠬᠦ | ᠰᠠᠨᠠᠭᠤᠯᠭ᠎ᠠ ᠳᠤᠷᠠᠳᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 2022 | ᠣᠨ ᠳᠤ ᠪᠥᠬᠦ ᠬᠤᠰᠢᠭᠤᠨ ᠤ ᠬᠤᠲᠠ ᠪᠠᠯᠭᠠᠰᠤ ᠶᠢᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ 16 | ᠡᠭᠦᠷᠭᠡ ᠶᠢ ᠭᠦᠢᠴᠡᠳᠬᠡᠵᠦ᠂ ︽ᠥᠭᠡᠷᠡᠴᠢᠯᠡᠬᠦ ᠠᠴᠠ ᠡᠮᠦᠨ᠎ᠡ ᠰᠠᠨᠠᠯ ᠬᠤᠷᠢᠶᠠᠬᠤ᠂ ᠥᠭᠡᠷᠡᠴᠢᠯᠡᠬᠦ ᠶᠠᠪᠤᠴᠠ ᠳᠤ | ᠠᠬᠢᠴᠠ ᠶᠢ ᠵᠠᠷᠯᠠᠨ ᠨᠡᠶᠢᠲᠡᠯᠡᠬᠦ᠂ ᠥᠭᠡᠷᠡᠴᠢᠯᠡᠭᠰᠡᠨ ᠤ ᠳᠠᠷᠠᠭᠠᠬᠢ ᠬᠠᠨᠤᠮᠵᠢ ᠶᠢᠨ ᠬᠡᠮᠵᠢᠶ᠎ᠡ ᠶᠢ ᠰᠢᠯᠭᠠᠨ ᠲᠣᠭᠲᠠᠭᠠᠬᠤ︾ | ᠠᠷᠭ᠎ᠠ ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠠᠵᠢᠯ | ᠤᠨ ᠪᠥᠬᠦ ᠶᠠᠪᠤᠴᠠ ᠳᠤ ᠣᠷᠤᠯᠴᠠᠬᠤ ᠶᠢ ᠵᠣᠷᠢᠭᠵᠢᠭᠤᠯᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠨᠠᠷᠢᠯᠢᠭ | ᠪᠥᠭᠡᠳ ᠪᠤᠳᠠᠳᠠᠢ ᠪᠡᠶᠡᠯᠡᠭᠦᠯᠬᠦ ᠶᠢ ᠪᠠᠳᠤᠯᠠᠪᠠ᠃ ᠣᠲᠣ ᠪᠣᠯᠲᠠᠯ᠎ᠠ᠂ 16 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ | ᠨᠢᠭᠡᠨᠲᠡ ᠪᠦᠬᠦᠨ ᠢ ᠥᠭᠡᠷᠡᠴᠢᠯᠡᠨ ᠪᠠᠶᠢᠭᠤᠯᠵᠤ᠂ ᠨᠡᠶᠢᠲᠡ 2467 ᠲᠦᠮᠡᠨ ᠲᠥᠭᠦᠷᠢᠭ ᠤᠨ ᠪᠡᠯᠡ ᠤᠷᠤᠭᠤᠯᠪᠠ᠃ | ᠪᠢᠷᠠᠭᠤ ᠪᠠᠯᠭᠠᠰᠤᠨ ᠲᠤᠳᠤᠷᠠᠬᠢ ᠬᠠᠭᠤᠴᠢᠨ ᠰᠠᠭᠤᠭᠠᠯᠢ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠴᠠᠬᠢᠯᠭᠠᠨ | ᠴᠡᠨᠡᠭᠯᠡᠬᠦ ᠱᠣᠩ ᠵᠡᠷᠭᠡ ᠰᠠᠭᠤᠷᠢ ᠲᠥᠬᠦᠭᠡᠷᠦᠮᠵᠢ ᠶᠢ ᠪᠦᠬᠦ ᠲᠠᠯ᠎ᠠ ᠪᠠᠷ ᠪᠠᠶᠢᠴᠠᠭᠠᠨ ᠳᠢᠭᠯᠡᠵᠦ᠂ 2019 ᠣᠨ ᠳᠤ | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠦᠭᠰᠡᠨ ᠠᠴᠠ | ᠨᠠᠰᠢ᠂ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠲᠣᠭᠲᠠᠭᠠᠬᠤ ᠳᠠᠭᠠᠨ ᠴᠥᠮ ᠲᠥᠪᠯᠡᠷᠡᠭᠦᠯᠦᠨ ᠴᠠᠬᠢᠯᠭᠠᠨ ᠴᠡᠨᠡᠭᠯᠡᠬᠦ | ᠲᠦᠬᠦᠭᠡᠷᠦᠮᠵᠢ ᠶᠢ ᠵᠡᠷᠭᠡᠪᠡᠷ ᠪᠠᠶᠢᠷᠢᠯᠠᠭᠤᠯᠵᠤ᠂ ᠣᠷᠣᠨ ᠵᠠᠢ ᠨᠢ ᠠᠭᠤᠵᠢᠮ ᠪᠠᠶᠢᠭ᠎ᠠ ᠰᠠᠭᠤᠭᠠᠯᠢ ᠠᠷᠠᠳ ᠤᠨ | ᠲᠣᠭᠤᠷᠢᠭ ᠲᠤ ᠲᠡᠷᠭᠡᠨ ᠰᠠᠷᠠᠪᠴᠢ ᠪᠤᠰᠬᠠᠵᠤ᠂ ᠲᠡᠷᠭᠡᠨ ᠰᠠᠷᠠᠪᠴᠢ ᠶᠢᠨ ᠳᠣᠣᠷ᠎ᠠ ᠲᠥᠪᠯᠡᠷᠡᠭᠦᠯᠦᠨ ᠴᠠᠬᠢᠯᠭᠠᠨ ᠴᠡᠨᠡᠭᠯᠡᠬᠦ | ᠱᠣᠩ ᠤᠭᠰᠠᠷᠠᠨ᠂ ᠰᠠᠭᠤᠭᠠᠯᠢ ᠠᠷᠠᠳ ᠤᠨ ᠲᠣᠭᠤᠷᠢᠭ ᠤᠨ ᠡᠷᠦᠬᠡ ᠶᠢᠨ ᠲᠤᠭ᠎ᠠ ᠶᠢ ᠦᠨᠳᠦᠰᠦᠯᠡᠨ ᠬᠠᠷᠠᠭᠠᠯᠵᠠᠭᠰᠠᠨ | ᠤᠭᠯᠠᠭᠤᠷᠭ᠎ᠠ ᠭᠠᠷᠭᠠᠵᠤ᠂ ᠺᠠᠷᠲ ᠰᠢᠷᠪᠢᠬᠦ᠂ ᠲᠡᠮᠦᠷᠯᠢᠭ ᠵᠤᠭᠤᠰ ᠲᠤᠰᠢᠶᠠᠬᠤ᠂ ᠺᠣᠳ᠋ ᠰᠢᠷᠪᠢᠬᠦ ᠵᠡᠷᠭᠡ ᠠᠷᠭ᠎ᠠ ᠮᠠᠶ᠋ᠢᠭ ᠢᠶᠠᠷ | ᠴᠠᠬᠢᠯᠭᠠᠨ ᠬᠡᠷᠡᠭᠯᠡᠵᠦ᠂ ᠣᠲᠣ ᠪᠣᠯᠲᠠᠯ᠎ᠠ ᠨᠢᠭᠡᠨᠲᠡ ᠪᠠᠷᠢᠯᠭ᠎ᠠ ᠳᠠᠭᠤᠰᠤᠭᠰᠠᠨ ᠰᠠᠭᠤᠭᠠᠯᠢ ᠠᠷᠠᠳ ᠤᠨ ᠲᠣᠭᠤᠷᠢᠭ ᠲᠤ | ᠲᠥᠪᠯᠡᠷᠡᠭᠦᠯᠦᠨ ᠴᠠᠬᠢᠯᠭᠠᠨ ᠴᠡᠨᠡᠭᠯᠡᠬᠦ ᠶᠢ ᠨᠢᠭᠡᠨᠲᠡ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠠᠢ᠃ ᠲᠠᠷᠠᠭᠠᠴᠢ ᠶᠢᠨ | ᠠᠯᠬᠤᠮ ᠳᠤ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠠᠭᠤᠴᠢᠨ ᠰᠠᠭᠤᠭᠠᠯᠢ ᠲᠣᠭᠤᠷᠢᠭ ᠢ ᠨᠠᠷᠢᠯᠢᠭᠵᠢᠭᠤᠯᠤᠨ ᠡᠮᠬᠢᠯᠡᠵᠦ᠂ | ᠲᠥᠷᠥ ᠶᠢᠨ ᠪᠣᠳᠣᠯᠭ᠎ᠠ ᠠᠴᠠ ᠭᠠᠳᠠᠨᠠᠬᠢ ᠬᠠᠭᠤᠴᠢᠨ ᠰᠠᠭᠤᠭᠠᠯᠢ ᠲᠣᠭᠤᠷᠢᠭ ᠢ ᠨᠢᠭᠡᠳᠦᠯᠲᠡᠢ ᠲᠥᠯᠥᠪᠯᠡᠨ ᠰᠦᠪᠡᠭᠴᠢᠯᠡᠵᠦ᠂ | ᠥᠮᠴᠢᠲᠡᠨ ᠤ ᠰᠠᠨᠠᠯ ᠢ ᠬᠤᠷᠢᠶᠠᠵᠤ᠂ ︽ᠰᠠᠭᠤᠭᠠᠯᠢ ᠠᠷᠠᠳ ᠥᠪᠡᠷ ᠢᠶᠠᠨ ᠴᠤᠭᠯᠠᠭᠤᠯᠬᠤ + ᠶᠡᠭᠡ ᠵᠠᠰᠠᠯᠲᠠ ᠶᠢᠨ ᠰᠠᠭᠤᠷᠢ | ᠮᠥᠩᠭᠦ + ᠳᠡᠭᠡᠳᠦ ᠱᠠᠲᠤᠨ ᠤ ᠪᠡᠯᠡ ᠮᠥᠩᠭᠦ + ᠵᠠᠰᠠᠭ ᠤᠨ ᠣᠷᠳᠣᠨ ᠠᠴᠠ ᠪᠠᠳᠤᠯᠠᠭ᠎ᠠ ᠬᠠᠩᠭᠠᠬᠤ︾ ᠵᠠᠭᠪᠤᠷ ᠢᠶᠠᠷ | ᠪᠥᠬᠦ ᠬᠤᠰᠢᠭᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠵᠦ ᠳᠡᠶᠢᠯᠬᠦ ᠶᠢ ᠨᠢ ᠪᠦᠬᠦᠨ ᠢ ᠥᠭᠡᠷᠡᠴᠢᠯᠡᠵᠦ᠂ | 2025 ᠣᠨ ᠤ ᠡᠴᠦᠰ ᠪᠣᠯᠬᠤ ᠳᠤ᠂ 2005 ᠣᠨ ᠠᠴᠠ ᠡᠮᠦᠨ᠎ᠡ ᠪᠠᠶᠢᠭᠤᠯᠤᠭᠰᠠᠨ ᠬᠠᠭᠤᠴᠢᠨ ᠰᠠᠭᠤᠭᠠᠯᠢ | ᠲᠣᠭᠤᠷᠢᠭ ᠢ ᠪᠦᠬᠦᠨ ᠢ ᠥᠭᠡᠷᠡᠴᠢᠯᠡᠵᠦ ᠳᠠᠭᠤᠰᠬᠠᠬᠤ ᠪᠠᠷ ᠲᠥᠯᠥᠪᠯᠡᠵᠦ ᠪᠣᠶ᠃ | ᠬᠤᠶᠠᠷ᠂ ᠳᠤᠷᠠᠳᠤᠭᠰᠠᠨ ᠠᠰᠠᠭᠤᠳᠠᠯ ᠪᠠ ᠰᠠᠨᠠᠭᠤᠯᠭ᠎ᠠ ᠶᠢ ᠶᠠᠭ ᠰᠢᠢᠳᠪᠦᠷᠢᠯᠡᠵᠦ ᠪᠠᠶᠢᠭ᠎ᠠ ᠪᠤᠶᠤ | ᠰᠢᠢᠳᠪᠦᠷᠢᠯᠡᠬᠦ ᠪᠠᠷ ᠲᠥᠯᠥᠪᠯᠡᠵᠦ ᠪᠠᠶᠢᠭ᠎ᠠ ᠨᠢ 19 ᠵᠦᠢᠯ ᠪᠠᠶᠢᠵᠤ᠂ ᠡᠨᠡ ᠨᠢ ᠲᠥᠯᠥᠭᠡᠯᠡᠭᠴᠢᠳ ᠤᠨ ᠰᠠᠨᠠᠭᠤᠯᠭ᠎ᠠ ᠶᠢᠨ | ᠪᠦᠬᠦ ᠲᠣᠭᠠᠨ ᠤ 22.4% ︵B ᠲᠦᠷᠦᠯ︶ ᠶᠢ ᠡᠵᠡᠯᠡᠵᠦ ᠪᠠᠶᠢᠨ᠎ᠠ᠃ | ︵ᠨᠢᠭᠡ︶ ᠮᠣᠰᠬᠢᠭᠤ ᠭᠤᠣᠯ ᠤᠨ ᠤᠰᠤᠨ ᠴᠥᠭᠦᠷᠥᠮ ᠢ ᠪᠠᠶᠢᠭᠤᠯᠬᠤ ᠲᠤᠬᠠᠢ ᠰᠠᠨᠠᠭᠤᠯᠭ᠎ᠠ ︵3 ᠳ᠋ᠤᠭᠠᠷ | ᠲᠤᠭᠠᠲᠤ ᠰᠠᠨᠠᠭᠤᠯᠭ᠎ᠠ︶᠃ ᠲᠦᠩ ᠰᠢᠩ ᠪᠠᠯᠭᠠᠰᠤᠨ ᠤ ᠴᠢᠦ ᠾᠦᠩ ᠰᠢᠨ ᠵᠡᠷᠭᠡ 7 ᠲᠥᠯᠥᠭᠡᠯᠡᠭᠴᠢ ᠠᠴᠠ ᠤᠰᠤᠨ ᠤ | ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠴᠢᠩᠭ᠎ᠠ ᠬᠢᠨᠠᠮᠠᠭᠠᠢ ᠬᠡᠷᠡᠭᠵᠢᠭᠦᠯᠦᠨ᠂ | ᠮᠤᠰᠬᠢᠭᠤ ᠭᠤᠣᠯ ᠤᠨ ᠤᠰᠤᠨ ᠴᠥᠭᠦᠷᠥᠮ ᠪᠠᠶᠢᠭᠤᠯᠬᠤ ᠶᠢ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠳᠤ ᠣᠷᠣᠭᠤᠯᠵᠤ᠂ ᠤᠰᠤᠨ ᠤ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠤᠰᠤᠨ ᠤ ᠠᠮᠢ ᠠᠬᠤᠢ ᠶᠢ | ᠳᠡᠭᠡᠭᠰᠢᠯᠡᠭᠦᠯᠵᠦ᠂ ᠤᠰᠤᠨ ᠤ ᠠᠮᠤᠷ ᠲᠦᠪᠰᠢᠨ ᠢ ᠪᠠᠲᠤᠯᠠᠬᠤ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠤᠰᠤᠨ ᠠᠰᠢᠭᠯᠠᠯᠲᠠ ᠶᠢᠨ | ᠲᠣᠪᠴᠢᠶ᠎ᠠ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠯᠲᠠ ᠬᠢᠬᠦ ᠪᠠ ᠶᠠᠷᠢᠯᠴᠠᠨ ᠣᠶᠢᠯᠠᠭᠠᠭᠰᠠᠨ ᠢᠶᠠᠷ ᠤᠰᠤᠨ | ᠴᠥᠭᠦᠷᠥᠮ ᠤᠨ ᠲᠥᠷᠥᠯ ᠵᠦᠢᠯ ᠢ ᠪᠠᠶᠢᠭᠤᠯᠬᠤ ᠳᠤ ᠵᠣᠬᠢᠬᠤ ᠬᠦᠴᠢᠷᠳᠡᠯ ᠣᠷᠣᠰᠢᠵᠤ ᠪᠠᠶᠢᠨ᠎ᠠ᠂ ᠨᠢᠭᠡ ᠳᠤ ᠤᠰᠤᠨ | ᠠᠰᠢᠭᠯᠠᠯᠲᠠ ᠶᠢᠨ ᠬᠠᠰᠢᠯᠭ᠎ᠠ ᠶᠢᠨ ᠴᠣᠭᠴᠠ ᠵᠢᠴᠢ ᠬᠠᠰᠢᠯᠭ᠎ᠠ ᠶᠢᠨ ᠬᠡᠪᠴᠢᠶ᠎ᠡ ᠨᠢ ᠬᠤᠩᠭᠤ ᠶᠢᠨ ᠳᠠᠪᠠᠭ᠎ᠠ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠳᠤ ᠪᠠᠶᠢᠵᠤ᠂ ᠭᠠᠷ ᠭᠦᠢᠴᠡᠳᠬᠡᠯ ᠢ ᠪᠡᠶᠡᠯᠡᠭᠦᠯᠬᠦ ᠳᠤ ᠨᠡᠯᠢᠶᠡᠳ ᠬᠦᠴᠢᠷᠲᠡᠢ ᠪᠠᠶᠢᠨ᠎ᠠ︔ | ᠬᠤᠶᠠᠷ ᠲᠤ ᠪᠠᠶᠢᠭᠤᠯᠬᠤ ᠪᠠᠷ ᠪᠠᠶᠢᠭ᠎ᠠ ᠤᠰᠤᠨ ᠴᠥᠭᠦᠷᠥᠮ ᠤᠨ ᠡᠵᠡᠯᠡᠬᠦ ᠭᠠᠵᠠᠷ ᠤᠨ ᠣᠯᠠᠩᠬᠢ ᠨᠢ ᠣᠶᠢᠲᠤ ᠭᠠᠵᠠᠷ ᠵᠢᠴᠢ | ᠲᠠᠷᠢᠶᠠᠨ ᠭᠠᠵᠠᠷ ᠪᠠᠶᠢᠵᠤ᠂ ᠭᠠᠵᠠᠷ ᠲᠠᠲᠠᠪᠤᠷᠢᠯᠠᠨ ᠡᠵᠡᠯᠡᠬᠦ ᠵᠠᠷᠤᠳᠠᠯ ᠨᠡᠯᠢᠶᠡᠳ ᠶᠡᠭᠡ︔ ᠭᠤᠷᠪᠠ ᠳᠤ ᠪᠠᠶᠢᠭᠤᠯᠬᠤ ᠪᠠᠷ | ᠪᠠᠶᠢᠭ᠎ᠠ ᠤᠰᠤᠨ ᠴᠥᠭᠦᠷᠥᠮ ᠨᠢ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ | ᠪᠠᠶᠢᠬᠤ ᠦᠭᠡᠢ ᠮᠥᠷᠲᠡᠭᠡᠨ ᠪᠠᠭ᠎ᠠ ︵Ⅰ︶ ᠬᠡᠯᠪᠡᠷᠢ ᠶᠢᠨ ᠤᠰᠤᠨ ᠴᠥᠭᠦᠷᠥᠮ ᠪᠣᠯᠬᠤ ᠤᠴᠢᠷ ᠠᠴᠠ ᠲᠦᠷᠦᠯ ᠵᠦᠢᠯ ᠢ | ᠲᠣᠭᠲᠠᠭᠠᠬᠤ ᠳᠤ ᠨᠡᠯᠢᠶᠡᠳ ᠬᠦᠴᠢᠷᠲᠡᠢ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠤᠰᠤᠨ | ᠠᠰᠢᠭᠯᠠᠯᠲᠠ ᠶᠢᠨ ᠲᠣᠪᠴᠢᠶ᠎ᠠ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠪᠣᠯᠣᠨ ᠬᠤᠯᠪᠣᠭᠳᠠᠯ ᠪᠦᠬᠦᠢ | ᠲᠥᠯᠦᠪᠵᠢᠭᠦᠯᠭᠡ ᠳᠤ ᠵᠠᠰᠠᠪᠤᠷᠢ ᠣᠷᠣᠭᠤᠯᠤᠨ ᠨᠠᠶᠢᠷᠠᠭᠤᠯᠤᠭᠰᠠᠨ ᠪᠠᠶᠢᠳᠠᠯ ᠢ ᠨᠢᠭᠲᠠ ᠠᠩᠬᠠᠷᠴᠤ᠂ ᠲᠣᠰ ᠲᠥᠷᠥᠯ | ᠵᠦᠢᠯ ᠢ ᠢᠳᠡᠪᠬᠢᠲᠡᠢ ᠪᠠᠷ ᠳᠡᠭᠡᠭᠰᠢ ᠮᠡᠳᠡᠭᠦᠯᠵᠦ᠂ ᠤᠯᠤᠰ ᠤᠨ ᠲᠥᠷᠥᠯ ᠵᠦᠢᠯ ᠢᠶᠠᠷ ᠲᠤᠭᠳᠠᠭᠠᠯᠭᠠᠬᠤ ᠪᠠᠷ ᠴᠢᠷᠮᠠᠶᠢᠵᠤ᠂ | ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠠᠰᠢᠭᠯᠠᠬᠤ ᠶᠢ ᠠᠬᠢᠭᠤᠯᠤᠨ᠎ᠠ᠃ | ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠬᠡᠰᠡᠭ ᠭᠠᠵᠠᠷ ᠣᠷᠣᠨ ᠤ ᠴᠢᠮᠡᠭᠡ ᠬᠤᠯᠪᠣᠭᠠᠨ ᠤ ᠲᠣᠣᠷ | ᠰᠦᠯᠵᠢᠶ᠎ᠡ ᠨᠡᠪᠳᠡᠷᠡᠬᠦ ᠪᠠᠷ ᠠᠨᠠᠢ ᠪᠠᠶᠢᠬᠤ ᠠᠰᠠᠭᠤᠳᠠᠯ ᠤᠨ ᠲᠤᠬᠠᠢ ᠰᠠᠨᠠᠭᠤᠯᠭ᠎ᠠ ︵17᠂ 63᠂ 81᠂ 82᠂ 89 | ᠳ᠋ᠤᠭᠡᠷ ᠲᠣᠭᠠᠲᠤ ᠰᠠᠨᠠᠭᠤᠯᠭ᠎ᠠ ᠶᠢ ᠨᠡᠶᠢᠯᠡᠭᠦᠯᠦᠭᠰᠡᠨ ᠮᠡᠳᠡᠭᠦᠯᠦᠯᠲᠡ︶᠃ ᠳᠠᠯᠠᠶᠢᠨᠠᠭᠤᠷ ᠪᠠᠯᠭᠠᠰᠤ ᠶᠢᠨ ᠤᠳᠤᠠᠪᠤᠯᠠᠭ ᠵᠡᠷᠭᠡ | 8 ᠲᠥᠯᠥᠭᠡᠯᠡᠭᠴᠢ᠂ ᠬᠠᠭᠤᠷᠠᠢ ᠬᠦᠷᠢᠶ᠎ᠡ ᠰᠤᠮᠤ ᠶᠢᠨ ᠲᠥᠯᠥᠭᠡᠯᠡᠭᠴᠢ ᠯᠢ ᠴᠢᠶᠠᠩ᠂ ᠪᠠᠶᠠᠨᠴᠠᠭᠠᠨ ᠰᠤᠮᠤ ᠶᠢᠨ | ᠬᠦᠷᠡᠯᠪᠠᠭᠠᠨᠠ ᠵᠡᠷᠭᠡ 4 ᠲᠥᠯᠥᠭᠡᠯᠡᠭᠴᠢ᠂ ᠪᠠᠶᠠᠨᠴᠠᠭᠠᠨ ᠰᠤᠮᠤ ᠶᠢᠨ ᠮᠦᠩᠭᠡᠴᠡᠴᠡᠭ ᠵᠡᠷᠭᠡ 4 ᠲᠥᠯᠥᠭᠡᠯᠡᠭᠴᠢ᠂ ᡁᠢ | ᠿᠦᠢ ᠪᠠᠯᠭᠠᠰᠤ ᠶᠢᠨ ᠲᠥᠯᠥᠭᠡᠯᠡᠭᠴᠢ ᠬᠤ᠋ ᠭᠦᠸᠧ ᠴᠧᠨ ᠠᠴᠠ ᠴᠢᠮᠡᠭᠡ ᠬᠤᠯᠪᠣᠭᠠᠨ ᠤ ᠲᠤᠤᠷ ᠰᠦᠯᠵᠢᠶᠡᠨ ᠤ ᠲᠣᠬᠢᠶᠠᠨ | ᠤ ᠪᠦᠷᠬᠦᠴᠡ ᠶᠢ ᠨᠡᠮᠡᠭᠳᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠲᠣᠰᠬᠤᠨ ᠳᠤᠭᠤᠶᠢᠯᠠᠩ ᠤᠨ ᠴᠢᠮᠡᠭᠡ ᠬᠤᠯᠪᠣᠭᠠᠨ ᠤ | ᠲᠤᠤᠷ ᠰᠦᠯᠵᠢᠶ᠎ᠡ ᠨᠡᠪᠲᠡᠷᠡᠬᠦ ᠪᠠᠷ ᠠᠨᠠᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠰᠠᠨᠠᠭᠤᠯᠭ᠎ᠠ ᠳᠤᠷᠠᠳᠪᠠ᠃ | 2022 ᠣᠨ ᠤ 3 ᠰᠠᠷ᠎ᠠ ᠳᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ᠂ ᠬᠤᠰᠢᠭᠤᠨ | ᠤ ᠠᠵᠤ ᠦᠢᠯᠡᠳᠪᠦᠷᠢ ᠮᠡᠳᠡᠭᠡ ᠵᠠᠩᠬᠢᠵᠢᠯᠳᠠ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠢᠭᠡᠳ ᠬᠤᠰᠢᠭᠤᠨ | ᠤ ᠬᠦᠭᠵᠢᠭᠦᠯᠦᠯᠲᠡ ᠶᠢᠨ ᠰᠤᠳᠤᠯᠭᠠᠨ ᠤ ᠲᠥᠪ ᠬᠠᠮᠲᠤᠷᠠᠭᠰᠠᠨ ᠪᠠᠶᠢᠴᠠᠭᠠᠨ ᠰᠤᠳᠤᠯᠬᠤ ᠳᠤᠭᠤᠶᠢᠯᠠᠩ ᠪᠠᠶᠢᠭᠤᠯᠵᠤ᠂ ᠡᠯ᠎ᠡ | ᠰᠤᠮᠤ ᠰᠢᠶᠠᠩ ᠪᠠᠯᠭᠠᠰᠤ᠂ ᠭᠤᠷᠪᠠᠨ ᠲᠣᠮᠣ ᠡᠵᠡᠩᠨᠡᠯᠲᠡ ᠶᠢᠨ ᠺᠣᠮᠫᠠᠨᠢ ᠵᠡᠷᠭᠡ ᠬᠠᠮᠢᠶ᠎ᠠ ᠪᠦᠬᠦᠢ ᠭᠠᠵᠠᠷ ᠣᠷᠣᠨ ᠪᠠ | ᠨᠢᠭᠡᠴᠡ ᠳᠤ ᠭᠦᠨᠵᠡᠭᠡᠶᠢᠷᠡᠨ ᠭᠠᠷ ᠤᠲᠠᠰᠤᠨ ᠤ ᠳᠣᠬᠢᠶ᠎ᠠ᠂ ᠥᠷᠭᠡᠨ ᠪᠦᠰᠡᠲᠦ ᠰᠦᠯᠵᠢᠶ᠎ᠡ ᠵᠡᠷᠭᠡ ᠴᠢᠮᠡᠭᠡ ᠬᠤᠯᠪᠣᠭᠠᠨ ᠤ | ᠲᠤᠤᠷ ᠰᠦᠯᠵᠢᠶ᠎ᠡ ᠶᠢᠨ ᠪᠦᠷᠬᠦᠴᠡ ᠶᠢᠨ ᠪᠠᠶᠢᠳᠠᠯ ᠳᠤ ᠴᠢᠭᠯᠡᠭᠦᠯᠦᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠵᠡᠢ | ᠂ ᠪᠦᠷᠢᠳᠬᠡᠯ ᠢ ᠦᠨᠳᠦᠰᠦᠯᠡᠪᠡᠯ᠂ ᠪᠥᠬᠦ ᠬᠤᠰᠢᠭᠤᠨ ᠤ ᠴᠢᠮᠡᠭᠡ ᠬᠤᠯᠪᠣᠭᠠᠨ ᠤ ᠲᠤᠤᠷ ᠰᠦᠯᠵᠢᠶ᠎ᠡ ᠶᠢᠨ ᠳᠣᠬᠢᠶ᠎ᠠ ᠪᠠᠭᠤᠷᠠᠢ | ᠂ ᠳᠣᠬᠢᠶ᠎ᠠ ᠲᠣᠭᠲᠠᠭᠤᠨ ᠪᠤᠰᠤ ᠭᠠᠴᠠᠭ᠎ᠠ ᠲᠤᠰᠬᠤᠨ ᠤ ᠠᠷᠠᠳ ᠤᠨ ᠳᠤᠭᠤᠶᠢᠯᠠᠩ 395 ᠪᠠᠶᠢᠵᠤ᠂ ᠭᠠᠴᠠᠭ᠎ᠠ | ᠲᠣᠰᠬᠤᠨ ᠤ ᠠᠷᠠᠳ ᠤᠨ ᠳᠤᠭᠤᠶᠢᠯᠠᠩ ᠤᠨ ᠶᠡᠷᠦᠩᠬᠡᠢ ᠲᠣᠭᠠᠨ ᠤ 31.2% ᠢ ᠡᠵᠡᠯᠡᠵᠦ ᠪᠣᠢ︔ ᠥᠷᠭᠡᠨ ᠪᠦᠰᠡᠲᠦ | ᠰᠦᠯᠵᠢᠶ᠎ᠡ ᠲᠠᠢ ᠪᠣᠯᠪᠠᠴᠤ ᠭᠠᠷ ᠤᠲᠠᠰᠤᠨ ᠤ ᠳᠣᠬᠢᠶ᠎ᠠ ᠦᠭᠡᠢ ᠭᠠᠴᠠᠭ᠎ᠠ ᠲᠣᠰᠬᠤᠨ ᠤ ᠠᠷᠠᠳ ᠤᠨ ᠳᠤᠭᠤᠶᠢᠯᠠᠩ 230 | ᠪᠠᠶᠢᠵᠤ᠂ 18.17% ᠶᠢ ᠡᠵᠡᠯᠡᠵᠦ ᠪᠣᠢ︔ ᠭᠠᠷ ᠤᠲᠠᠰᠤᠨ ᠤ ᠳᠣᠬᠢᠶ᠎ᠠ ᠲᠠᠢ ᠪᠣᠯᠪᠠᠴᠤ ᠥᠷᠭᠡᠨ ᠪᠦᠰᠡᠲᠦ ᠰᠦᠯᠵᠢᠶ᠎ᠡ | ᠦᠭᠡᠢ ᠭᠠᠴᠠᠭ᠎ᠠ ᠲᠣᠰᠬᠤᠨ ᠤ ᠠᠷᠠᠳ ᠤᠨ ᠳᠤᠭᠤᠶᠢᠯᠠᠩ 58 ᠪᠠᠶᠢᠵᠤ᠂ 4.58% ᠶᠢ ᠡᠵᠡᠯᠡᠵᠦ ᠪᠣᠢ︔ ᠭᠠᠷ | ᠤᠲᠠᠰᠤᠨ ᠤ ᠳᠣᠬᠢᠶ᠎ᠠ ᠪᠠᠶᠢᠬᠤ ᠦᠭᠡᠢ ᠮᠥᠷᠲᠡᠭᠡᠨ ᠥᠷᠭᠡᠨ ᠪᠦᠰᠡᠲᠦ ᠰᠦᠯᠵᠢᠶ᠎ᠡ ᠴᠦ ᠪᠠᠶᠢᠬᠤ ᠦᠭᠡᠢ ᠭᠠᠴᠠᠭ᠎ᠠ | ᠲᠣᠰᠬᠤᠨ ᠤ ᠠᠷᠠᠳ ᠤᠨ ᠳᠤᠭᠤᠶᠢᠯᠠᠩ 70 ᠪᠠᠶᠢᠵᠤ᠂ 5.53% ᠶᠢ ᠡᠵᠡᠯᠡᠵᠦ ᠪᠣᠢ᠃ ᠬᠤᠰᠢᠭᠤᠨ ᠤ ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠡᠵᠡᠩᠨᠡᠯᠲᠡ ᠶᠢᠨ ᠠᠵᠤ | ᠠᠬᠤᠶᠢᠯᠠᠯ ᠲᠠᠢ ᠨᠡᠪᠲᠡᠷᠡᠯᠴᠡᠨ ᠵᠣᠬᠢᠴᠠᠭᠤᠯᠬᠤ ᠪᠠᠷ ᠳᠠᠮᠵᠢᠨ᠂ ᠰᠠᠭᠤᠷᠢ ᠥᠷᠲᠡᠭᠡ ᠶᠢ ᠰᠢᠨ᠎ᠡ ᠪᠠᠷ ᠪᠠᠶᠢᠭᠤᠯᠬᠤ ᠪᠤᠶᠤ | ᠳᠣᠬᠢᠶᠠᠨ ᠤ ᠲᠣᠮᠣᠳᠬᠠᠭᠤᠷ ᠲᠣᠬᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠠᠯᠬᠤᠮ ᠠᠯᠬᠤᠮ ᠢᠶᠠᠷ ᠰᠢᠢᠳᠪᠦᠷᠢᠯᠡᠨ᠎ᠡ᠃ | ᠣᠳᠣᠬᠠᠨ ᠳᠤ ᠡᠵᠡᠩᠨᠡᠯᠲᠡ ᠶᠢᠨ ᠠᠵᠤ ᠠᠬᠤᠶᠢᠯᠠᠯ ᠨᠢ ᠨᠢᠭᠡᠨᠲᠡ ᠳᠣᠲᠣᠭᠠᠳᠤ ᠶᠢᠨ ᠬᠢᠨᠠᠨ ᠵᠥᠪᠰᠢᠶᠡᠷᠡᠬᠦ ᠶᠠᠪᠤᠴᠠ ᠶᠢᠨ | ᠶᠣᠰᠣᠭᠠᠷ ᠪᠠᠶᠢᠭᠤᠯᠬᠤ ᠴᠢᠬᠤᠯᠠᠲᠠᠢ ᠰᠠᠭᠤᠷᠢ ᠥᠷᠲᠡᠭᠡᠨ ᠤ ᠴᠡᠭ ᠢᠶᠠᠨ ᠠᠵᠤ ᠠᠬᠤᠶᠢᠯᠠᠯ ᠤᠨ ᠦᠷᠭᠦᠯᠵᠢᠯᠡᠭᠰᠡᠨ | ᠲᠥᠯᠦᠪᠵᠢᠭᠦᠯᠭᠡ ᠪᠠᠷ ᠳᠡᠭᠡᠭᠰᠢ ᠮᠡᠳᠡᠭᠦᠯᠵᠦ᠂ ᠬᠤᠲᠠ ᠶᠢᠨ ᠺᠣᠮᠫᠠᠨᠢ ᠶᠢᠨ ᠬᠢᠨᠠᠨ ᠵᠥᠪᠰᠢᠶᠡᠷᠡᠬᠦ ᠶᠢ ᠬᠦᠯᠢᠶᠡᠵᠦ ᠪᠠᠶᠢᠨ᠎ᠠ᠃ | ᠡᠭᠦᠨ ᠤ ᠬᠠᠮᠲᠤ᠂ ︽ᠴᠠᠬᠢᠯᠭᠠᠨ ᠬᠤᠯᠪᠣᠭ᠎ᠠ ᠶᠢᠨ ᠲᠦᠭᠡᠮᠡᠯ ᠦᠢᠯᠡᠴᠢᠯᠡᠭᠡ︾ ᠶᠢᠨ ᠲᠤᠷᠰᠢᠯᠲᠠ ᠶᠢᠨ ᠴᠡᠭ ᠤᠨ ᠲᠥᠷᠥᠯ | ᠵᠦᠢᠯ ᠢ ᠣᠯᠬᠤ ᠪᠠᠷ ᠢᠳᠡᠪᠬᠢᠲᠡᠢ ᠴᠢᠷᠮᠠᠶᠢᠵᠤ᠂ 2023 ᠣᠨ ᠤ ᠤᠯᠤᠰ ᠤᠨ ᠴᠠᠬᠢᠯᠭᠠᠨ ᠬᠤᠯᠪᠣᠭ᠎ᠠ ᠶᠢᠨ ᠲᠦᠭᠡᠮᠡᠯ | ᠲᠤᠷᠰᠢᠯᠲᠠ ᠶᠢᠨ ᠴᠢᠭ᠋ ᠤᠨ 39 ᠰᠠᠭᠤᠷᠢ ᠥᠷᠲᠡᠭᠡ ᠶᠢ ᠭᠤᠶᠤᠴᠢᠯᠠᠵᠤ᠂ ᠪᠥᠬᠦ ᠬᠤᠰᠢᠭᠤᠨ ᠤ 13 ᠰᠤᠮᠤ ᠰᠢᠶᠠᠩ | ᠪᠠᠯᠭᠠᠰᠤ ᠶᠢᠨ 37 ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠬᠤᠯᠪᠣᠭᠳᠠᠵᠤ᠂ ᠣᠲᠣ ᠨᠢᠭᠡᠨᠲᠡ ᠳᠡᠭᠡᠳᠦ ᠱᠠᠲᠤᠨ ᠤ | ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ᠂ ᠴᠣᠬᠤᠯᠠᠪᠤᠷᠢᠯᠠᠨ ᠬᠠᠷᠢᠭᠤᠯᠬᠤ ᠭᠦᠢᠴᠡᠳᠬᠡᠯ ᠲᠤᠭ᠎ᠠ ᠶᠢ ᠬᠦᠯᠢᠶᠡᠵᠦ | ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠴᠢᠮᠡᠭᠡ ᠬᠤᠯᠪᠣᠭᠠᠨ ᠤ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢ | ᠤᠯᠠᠮ ᠨᠢᠭᠡ ᠠᠯᠬᠤᠮ ᠨᠡᠮᠡᠭᠳᠡᠭᠦᠯᠵᠦ᠂ ᠰᠦᠯᠵᠢᠶᠡᠨ ᠤ ᠲᠥᠬᠦᠭᠡᠷᠦᠮᠵᠢ ᠶᠢᠨ ᠲᠠᠰ ᠳᠡᠪᠰᠢᠬᠦ ᠶᠢ ᠲᠦᠷᠭᠡᠳᠬᠡᠨ᠂ ᠴᠢᠮᠡᠭᠡ | ᠬᠤᠯᠪᠣᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠨᠢᠭᠡ ᠦᠶ᠎ᠡ ᠶᠢᠨ | ᠳᠡᠭᠡᠳᠦ ᠬᠤᠷᠳᠤᠴᠠᠲᠤ ᠭᠡᠷᠡᠯᠯᠢᠭ ᠰᠢᠷᠬᠡᠭ ᠤᠨ ᠥᠷᠭᠡᠨ ᠪᠦᠰᠡᠲᠦ ᠰᠦᠯᠵᠢᠶ᠎ᠡ ᠶᠢ ᠲᠡᠭᠦᠯᠳᠡᠷᠵᠢᠭᠦᠯᠦᠨ᠂ 4G | ᠰᠦᠯᠵᠢᠶ᠎ᠡ ᠶᠢᠨ ᠬᠠᠮᠤᠷᠬᠤ ᠬᠡᠪᠴᠢᠶ᠎ᠡ ᠪᠠ ᠭᠦᠨᠴᠡ ᠶᠢ ᠳᠡᠭᠡᠭᠰᠢᠯᠡᠭᠦᠯᠵᠦ᠂ 5G ᠶᠢᠨ ᠰᠠᠭᠤᠷᠢ ᠥᠷᠲᠡᠭᠡ ᠶᠢᠨ ᠬᠠᠶ᠋ᠢᠭ ᠤᠨ | ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠴᠢᠮᠡᠭᠡ ᠬᠤᠯᠪᠣᠭᠠᠨ ᠤ ᠰᠦᠯᠵᠢᠶ᠎ᠡ ᠶᠢᠨ ᠪᠦᠷᠬᠦᠴᠡ ᠶᠢ | ᠲᠠᠰᠤᠷᠠᠯᠲᠠ ᠦᠭᠡᠢ ᠰᠢᠯᠢᠳᠡᠭᠵᠢᠭᠦᠯᠦᠨ᠂ ᠪᠥᠬᠦ ᠬᠤᠰᠢᠭᠤᠨ ᠤ ᠴᠢᠮᠡᠭᠡ ᠬᠤᠯᠪᠣᠭᠠᠨ ᠤ ᠲᠤᠤᠷ ᠰᠦᠯᠵᠢᠶ᠎ᠡ ᠶᠢᠨ ᠶᠠᠰᠤ | ᠴᠢᠨᠠᠷ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃ | ᠲᠥᠯᠥᠭᠡᠯᠡᠭᠴᠢᠳ ᠤᠨ ᠰᠠᠨᠠᠭᠤᠯᠭ᠎ᠠ ᠳᠤ ᠬᠤᠯᠪᠣᠭᠳᠠᠭᠰᠠᠨ ᠭᠠᠵᠠᠷ ᠣᠷᠣᠨ ᠤ ᠠᠵᠢᠯ ᠤᠨ ᠠᠬᠢᠴᠠ ᠶᠢᠨ ᠪᠠᠶᠢᠳᠠᠯ | ᠳᠣᠣᠷᠠᠬᠢ ᠮᠡᠲᠦ᠄ ᠸᠠᠨ ᠾᠧ ᠶᠦᠩ ᠪᠠᠯᠭᠠᠰᠤᠨ ᠤ ᠾᠧ ᠶᠠᠨ ᠲᠣᠰᠬᠤᠨ ᠤ 8 ᠳᠣᠬᠢᠶ᠎ᠠ ᠨᠡᠪᠲᠡᠷᠡᠬᠦ ᠦᠭᠡᠢ ᠲᠣᠰᠬᠤᠨ ᠤ | ᠠᠷᠠᠳ ᠤᠨ ᠳᠤᠭᠤᠶᠢᠯᠠᠩ ᠢ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠬᠢᠭᠡᠳ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠠᠴᠠ ᠨᠢᠭᠡᠨᠲᠡ ᠥᠷᠭᠡᠨ ᠪᠦᠰᠡᠳᠦ ᠰᠦᠯᠵᠢᠶ᠎ᠡ ᠶᠢ ᠤᠷᠢᠳᠴᠢᠯᠠᠨ ᠪᠦᠷᠬᠦᠭᠦᠯᠬᠦ ᠣᠷᠣᠨ | ᠪᠦᠰᠡ ᠳᠤ ᠣᠷᠤᠭᠤᠯᠵᠤ᠂ ᠣᠲᠣ ᠶᠠᠭ ᠲᠣᠨᠤᠭ ᠲᠥᠬᠦᠭᠡᠷᠦᠮᠵᠢ ᠬᠤᠳᠠᠯᠳᠤᠨ ᠣᠷᠣᠭᠤᠯᠬᠤ ᠪᠡᠯᠡᠳᠬᠡᠯ ᠱᠠᠲᠤᠨ ᠳᠤ | ᠪᠠᠶᠢᠨ᠎ᠠ︔ ᠬᠠᠭᠤᠷᠠᠢ ᠬᠦᠷᠢᠶ᠎ᠡ ᠰᠤᠮᠤ ᠶᠢᠨ ᠶᠡᠬᠡᠨᠠᠭᠤᠷ ᠭᠠᠴᠠᠭ᠎ᠠ ᠵᠡᠷᠭᠡ ᠳᠣᠬᠢᠶ᠎ᠠ ᠮᠠᠭᠤᠲᠠᠢ 3 ᠭᠠᠴᠠᠭ᠎ᠠ ᠶᠢᠨ ᠬᠥᠮᠥᠨ | ᠠᠮᠠ ᠨᠡᠯᠢᠶᠡᠳ ᠴᠥᠭᠡᠨ ᠤᠴᠢᠷ ᠠᠴᠠ ᠬᠤᠶᠠᠷ ᠡᠵᠡᠩᠨᠡᠯᠲᠡ ᠶᠢᠨ ᠠᠵᠤ ᠠᠬᠤᠶᠢᠯᠠᠯ ᠠᠴᠠ ᠰᠠᠭᠤᠷᠢ ᠦᠷᠳᠡᠭᠡ ᠪᠠᠶᠢᠭᠤᠯᠬᠤ | ᠲᠥᠯᠥᠪᠯᠡᠭᠡ ᠬᠠᠷᠠᠬᠠᠨ ᠪᠠᠶᠢᠬᠤ ᠦᠭᠡᠢ᠂ ᠨᠢᠭᠡᠳᠦᠮᠡᠯ ᠬᠤᠯᠪᠣᠭᠠᠨ ᠤ ᠬᠡᠰᠢᠭᠲᠡᠨ ᠬᠤᠰᠢᠭᠤᠨ ᠤ ᠬᠤᠪᠢᠶᠠᠷᠢ ᠺᠣᠮᠫᠠᠨᠢ ᠠᠴᠠ | ᠯᠢᠦ ᠵᠸᠤ ᠸᠠᠨ ᠭᠠᠴᠠᠭᠠᠨ ᠳᠤ ᠴᠢᠮᠡᠭᠡ ᠬᠤᠯᠪᠣᠭᠠᠨ ᠤ ᠰᠠᠭᠤᠷᠢ ᠦᠷᠳᠡᠭᠡ ᠪᠠᠶᠢᠭᠤᠯᠤᠭᠰᠠᠨ ᠤ ᠳᠠᠷᠠᠭ᠎ᠠ᠂ ᠥᠷᠭᠡᠨ | ᠪᠦᠰᠡᠳᠦ ᠰᠦᠯᠵᠢᠶ᠎ᠡ ᠵᠢᠴᠢ ᠰᠢᠯᠵᠢᠮᠡᠯ ᠴᠢᠮᠡᠭᠡ ᠬᠤᠯᠪᠣᠭᠠᠨ ᠤ ᠲᠤᠤᠷ ᠰᠦᠯᠵᠢᠶᠡᠨ ᠤ ᠪᠦᠷᠬᠦᠴᠡ ᠶᠢᠨ ᠬᠡᠪᠴᠢᠶ᠎ᠡ ᠶᠢ | ᠥᠷᠭᠡᠳᠬᠡᠬᠦ ᠵᠡᠷᠭᠡ ᠠᠷᠭ᠎ᠠ ᠬᠡᠯᠪᠡᠷᠢ ᠪᠠᠷ ᠲᠣᠬᠢᠶᠠᠨ ᠤ ᠪᠦᠷᠬᠦᠴᠡ ᠶᠢᠨ ᠠᠰᠠᠭᠤᠳᠠᠯ ᠢ ᠰᠢᠢᠳᠪᠦᠷᠢᠯᠡᠬᠦ ᠪᠠᠷ ᠲᠥᠯᠥᠪᠯᠡᠵᠦ | ᠪᠤᠢ︔ ᠪᠠᠶᠠᠨᠴᠠᠭᠠᠨ ᠰᠤᠮᠤ ᠶᠢᠨ ᠪᠠᠶ᠋ᠬᠠᠠᠭᠤᠯᠠ ᠭᠠᠴᠠᠭ᠎ᠠ ᠶᠢᠨ ᠳᠥᠷᠪᠡᠳᠦᠭᠡᠷ ᠳᠤᠭᠤᠶᠢᠯᠠᠩ ᠪᠠ ᠲᠠᠪᠤᠳᠤᠭᠠᠷ ᠳᠤᠭᠤᠶᠢᠯᠠᠩ᠂ | ᠪᠠᠶᠠᠨᠴᠠᠭᠠᠨ ᠰᠤᠮᠤ ᠶᠢᠨ ᠪᠠᠶᠠᠩᠭᠤᠤᠯ ᠭᠠᠴᠠᠭ᠎ᠠ ᠶᠢᠨ ᠰᠠᠷᠠᠨᠲᠤ ᠳᠤᠭᠤᠶᠢᠯᠠᠩ ᠨᠢ ᠬᠥᠮᠥᠨ ᠠᠮᠠ ᠪᠠᠷ ᠨᠡᠯᠢᠶᠡᠳ ᠴᠦᠬᠡᠨ | ᠲᠤᠯᠠ ᠬᠤᠶᠠᠷ ᠡᠵᠡᠩᠨᠡᠯᠲᠡ ᠶᠢᠨ ᠠᠵᠤ ᠠᠬᠤᠶᠢᠯᠠᠯ ᠠᠴᠠ ᠰᠠᠭᠤᠷᠢ ᠥᠷᠲᠡᠭᠡ ᠪᠠᠶᠢᠭᠤᠯᠬᠤ ᠲᠥᠯᠥᠪᠯᠡᠭᠡ ᠬᠠᠷᠠᠬᠠᠨ ᠪᠠᠶᠢᠬᠤ | ᠦᠭᠡᠢ᠂ ᠨᠡᠶᠢᠭᠡᠮ ᠤᠨ ᠬᠠᠷᠢᠭᠤᠴᠠᠯᠭ᠎ᠠ ᠶᠢᠨ ᠬᠠᠷᠠᠭᠠᠰᠤᠨ ᠠᠴᠠ ᠪᠤᠳᠤᠯᠬᠢᠯᠠᠨ᠂ ᠬᠤᠶᠠᠷ ᠡᠵᠡᠩᠨᠡᠯᠲᠡ ᠶᠢᠨ ᠠᠵᠤ | ᠠᠬᠤᠶᠢᠯᠠᠯ ᠨᠢ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠪᠠᠨ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠴᠢᠮᠡᠭᠡ | ᠬᠤᠯᠪᠣᠭᠠᠨ ᠤ ᠲᠣᠬᠢᠶ᠎ᠠ ᠨᠡᠪᠳᠡᠷᠡᠬᠦ ᠦᠭᠡᠢ ᠣᠷᠣᠨ ᠤ ᠠᠰᠠᠭᠤᠳᠠᠯ ᠢ ᠰᠢᠢᠳᠪᠦᠷᠢᠯᠡᠬᠦ ᠪᠤᠯᠤᠨ᠎ᠠ᠂ ᠨᠡᠭᠦᠳᠡᠯ ᠬᠤᠯᠪᠣᠭᠠᠨ ᠤ | ᠬᠡᠰᠢᠭᠲᠡᠨ ᠬᠤᠰᠢᠭᠤᠨ ᠤ ᠬᠤᠪᠢᠶᠠᠷᠢ ᠺᠣᠮᠫᠠᠨᠢ ᠨᠢᠭᠡᠨᠲᠡ ᠡᠯ᠎ᠡ ᠰᠤᠮᠤ ᠰᠢᠶᠠᠩ ᠪᠠᠯᠭᠠᠰᠤᠨ ᠳᠤ ᠦᠢᠯᠡᠴᠢᠯᠡᠭᠡᠨ ᠤ | ᠲᠦᠬᠦᠭᠡᠷᠦᠮᠵᠢᠲᠦ ᠭᠡᠷ ᠢ ᠠᠯᠬᠤᠮ ᠠᠯᠬᠤᠮ ᠢᠶᠠᠷ ᠪᠠᠶᠢᠭᠤᠯᠵᠤ᠂ ᠭᠡᠷᠡᠯᠯᠢᠭ ᠤᠲᠠᠰᠤ ᠵᠢᠴᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠪᠠᠨ ᠲᠡᠭᠦᠯᠳᠡᠷᠵᠢᠭᠦᠯᠵᠦ᠂ ᠳᠣᠬᠢᠶᠠᠨ ᠤ ᠪᠦᠷᠬᠦᠴᠡ ᠶᠢ ᠨᠡᠮᠡᠭᠳᠡᠭᠦᠯᠬᠦ ᠶᠢᠨ ᠰᠠᠭᠤᠷᠢ ᠠᠵᠢᠯ ᠢ ᠰᠠᠶᠢᠲᠤᠷ | ᠬᠢᠵᠦ ᠪᠤᠢ︔ ᡁᠢ ᠿᠦᠢ ᠪᠠᠯᠭᠠᠰᠤᠨ ᠤ ᠴᠠᠩ ᠱᠧᠩ ᠲᠣᠰᠬᠤᠨ ᠤ ᠠᠰᠠᠭᠤᠳᠠᠯ ᠳᠤ ᠴᠢᠭᠯᠡᠭᠦᠯᠦᠨ᠂ ᠣᠳᠣᠬᠠᠨ ᠳᠤ | ᠨᠢᠭᠡᠳᠦᠮᠡᠯ ᠬᠤᠯᠪᠣᠭᠠᠨ ᠤ ᠬᠡᠰᠢᠭᠲᠡᠨ ᠬᠤᠰᠢᠭᠤᠨ ᠤ ᠬᠤᠪᠢᠶᠠᠷᠢ ᠺᠣᠮᠫᠠᠨᠢ ᠨᠢ ᡁᠢ ᠿᠦᠢ ᠪᠠᠯᠭᠠᠰᠤᠨ ᠤ ᠱᠠᠩ ᠬᠦᠶ | ᠲᠣᠰᠬᠤᠨ᠂ ᠰᠠᠷᠠᠨ ᠭᠤᠤ ᠲᠣᠰᠬᠤᠨ᠂ ᠳ᠋ᠠ ᠶᠤᠸᠠᠨ ᠲᠣᠰᠬᠤᠨ᠂ ᠭᠤᠸᠠᠩ ᠰᠢᠩ ᠶᠤᠸᠠᠨ ᠲᠣᠰᠬᠤᠨ ᠳᠤ ᠴᠢᠮᠡᠭᠡ | ᠬᠤᠯᠪᠣᠭᠠᠨ ᠤ ᠰᠠᠭᠤᠷᠢ ᠥᠷᠲᠡᠭᠡ ᠪᠠᠶᠢᠭᠤᠯᠵᠤ᠂ ᠥᠷᠭᠡᠨ ᠪᠦᠰᠡᠲᠦ ᠰᠦᠯᠵᠢᠶ᠎ᠡ ᠵᠢᠴᠢ ᠰᠢᠯᠵᠢᠮᠡᠯ ᠴᠢᠮᠡᠭᠡ ᠬᠤᠯᠪᠣᠭᠠᠨ ᠤ | ᠲᠤᠤᠷ ᠰᠦᠯᠵᠢᠶ᠎ᠡ ᠶᠢ ᠣᠯᠠᠨ ᠠᠶᠢᠯ ︵ᠳᠤᠭᠤᠶᠢᠯᠠᠩ︶ ᠢ ᠪᠦᠷᠬᠦᠭᠦᠯᠬᠦ ᠪᠠᠷ ᠲᠥᠯᠥᠪᠯᠡᠵᠦ ᠪᠠᠶᠢᠨ᠎ᠠ᠂ ᠪᠠᠶᠢᠭᠤᠯᠵᠤ | ᠳᠠᠭᠤᠰᠤᠭᠰᠠᠨ ᠤ ᠳᠠᠷᠠᠭ᠎ᠠ ᠪᠣᠳᠠᠲᠠᠢ ᠪᠠᠶᠢᠳᠠᠯ ᠢᠶᠠᠨ ᠦᠨᠳᠦᠰᠦᠯᠡᠨ᠂ ᠪᠦᠷᠬᠦᠴᠡ ᠶᠢᠨ ᠬᠡᠪᠴᠢᠶ᠎ᠡ ᠪᠠᠨ ᠥᠷᠭᠡᠳᠬᠡᠵᠦ᠂ | ᠡᠷᠬᠢᠨ ᠲᠣᠭᠤᠷᠢᠨ ᠤ ᠠᠶᠢᠯ ︵ᠳᠤᠭᠤᠶᠢᠯᠠᠩ︶ ᠤᠨ ᠲᠤᠤᠷ ᠰᠦᠯᠵᠢᠶ᠎ᠡ ᠵᠢᠴᠢ ᠳᠣᠬᠢᠶᠠᠨ ᠤ ᠪᠦᠷᠬᠦᠴᠡ ᠶᠢᠨ ᠠᠰᠠᠭᠤᠳᠠᠯ ᠢ | ᠰᠢᠢᠳᠪᠦᠷᠢᠯᠡᠨ᠎ᠡ᠃ | ︵ᠭᠤᠷᠪᠠ︶ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠲᠤᠬᠠᠢ ᠰᠠᠨᠠᠭᠤᠯᠭ᠎ᠠ ︵4᠂ | 20᠂ 52᠂ 53᠂ 54᠂ 56᠂ 61᠂ 64᠂ 66᠂ 67᠂ 69᠂ 78᠂ 79 ᠳ᠋ᠤᠭᠡᠷ ᠲᠣᠭᠠᠲᠤ ᠰᠠᠨᠠᠭᠤᠯᠭ᠎ᠠ ᠶᠢ | ᠨᠡᠶᠢᠯᠡᠭᠦᠯᠦᠭᠰᠡᠨ ᠮᠡᠳᠡᠭᠦᠯᠦᠯᠲᠡ︶᠃ ᠲᠦᠩ ᠰᠢᠩ ᠪᠠᠯᠭᠠᠰᠤᠨ ᠤ ᠴᠢᠦ ᠾᠦᠩ ᠰᠢᠨ ᠵᠡᠷᠭᠡ 7 ᠲᠥᠯᠥᠭᠡᠯᠡᠭᠴᠢ᠂ ᠰᠢᠨ | ᠺᠠᠢ ᠳ᠋ᠢ ᠰᠢᠶᠠᠩ ᠤᠨ ᠸᠠᠩ ᠶᠦᠨ ᠵᠡᠷᠭᠡ 6 ᠲᠥᠯᠥᠭᠡᠯᠡᠭᠴᠢ᠂ ᡁᠢ ᠿᠦᠢ ᠪᠠᠯᠭᠠᠰᠤᠨ ᠤ ᠲᠥᠯᠥᠭᠡᠯᠡᠭᠴᠢ ᠯᠢ ᠵᠢᠩ ᠰᠢᠶᠠ᠂ | ᠭᠦᠸᠧ ᠮᠢᠩ᠂ ᠬᠤ᠋ ᠭᠦᠸᠧ ᠴᠧᠨ᠂ ᠵᠤᠸᠠᠩ ᠰᠢᠸ ᠱᠠᠨ᠂ ᠬᠤᠩ ᠱᠠᠨᠽᠢ ᠰᠢᠶᠠᠩ ᠤᠨ ᠴᠧᠨ ᠾᠦᠢ ᠳ᠋ᠦᠩ ᠵᠡᠷᠭᠡ 6 | ᠲᠥᠯᠥᠭᠡᠯᠡᠭᠴᠢ᠂ ᠬᠠᠭᠤᠷᠠᠢ ᠬᠦᠷᠢᠶ᠎ᠡ ᠰᠤᠮᠤ ᠶᠢᠨ ᠲᠥᠯᠥᠭᠡᠯᠡᠭᠴᠢ ᠯᠢ ᠴᠢᠶᠠᠩ᠂ ᠽᠧᠦ ᡁᠢ ᠶᠢᠩ᠂ ᠳᠠᠷᠬᠠᠬᠠᠭᠤᠯᠠ | ᠰᠤᠮᠤ ᠶᠢᠨ ᠲᠤᠶᠠᠭᠠᠲᠤ ᠵᠡᠷᠭᠡ 9 ᠲᠥᠯᠥᠭᠡᠯᠡᠭᠴᠢ᠂ ᠲᠤ ᠴᠧᠩᠽᠢ ᠪᠠᠯᠭᠠᠰᠤᠨ ᠤ ᠲᠥᠯᠥᠭᠡᠯᠡᠭᠴᠢ ᠳ᠋ᠦᠩ ᠯᠢᠶᠠᠨ ᠾᠦᠢ᠂ | ᠪᠠᠶᠠᠨᠴᠠᠭᠠᠨ ᠰᠤᠮᠤ ᠶᠢᠨ ᠬᠦᠷᠡᠯᠪᠠᠭᠠᠨᠠ ᠵᠡᠷᠭᠡ 4 ᠲᠥᠯᠥᠭᠡᠯᠡᠭᠴᠢ᠂ ᠮᠥᠩᠬᠡᠴᠡᠴᠡᠭ ᠵᠡᠷᠭᠡ 4 ᠲᠥᠯᠥᠭᠡᠯᠡᠭᠴᠢ ᠠᠴᠠ ᠵᠠᠮ | ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠯᠠᠨ ᠲᠦᠮᠡᠨ | ᠬᠠᠨᠤᠮᠵᠢᠲᠠᠶ᠂ ᠪᠠᠲᠤᠯᠠᠭ᠎ᠠ ᠬᠦᠴᠦᠲᠡᠢ ᠵᠠᠮ ᠬᠠᠷᠢᠯᠴᠠᠭᠠᠨ ᠤ ᠲᠣᠭᠳᠠᠯᠴᠠᠭ᠎ᠠ ᠶᠢ ᠪᠠᠶᠢᠭᠤᠯᠬᠤ ᠰᠠᠨᠠᠭᠤᠯᠭ᠎ᠠ ᠳᠤᠷᠠᠳᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ᠡᠨᠡ ᠵᠢᠯ ᠬᠥᠳᠡᠭᠡ ᠲᠣᠰᠬᠤᠨ ᠤ ᠵᠠᠰᠠᠮᠠᠯ ᠵᠠᠮ ᠢ ᠨᠡᠶᠢᠲᠡ 41.83 ᠺᠢᠯᠣᠮᠧᠲᠷ ᠳᠡᠪᠢᠰᠴᠦ᠂ | ᠡᠭᠦᠨ ᠳᠤ᠄ ᠠᠶᠢᠯ ᠲᠣᠰᠬᠤᠨ ᠳᠤ 3 ᠵᠤᠷᠪᠤᠰ ᠬᠠᠲᠠᠭᠤᠷᠠᠭᠤᠯᠤᠭᠰᠠᠨ ᠵᠠᠮ ᠨᠡᠪᠳᠡᠷᠡᠭᠦᠯᠦᠨ ᠶᠡᠷᠦᠩᠬᠡᠢ ᠤᠷᠲᠤ ᠶᠢᠨ | ᠬᠡᠮᠵᠢᠶ᠎ᠡ ᠨᠢ 22.493 ᠺᠢᠯᠣᠮᠧᠲᠷ ᠪᠤᠯᠤᠨ᠎ᠠ︔ ᠲᠠᠷᠢᠶᠠᠯᠠᠩ ᠮᠠᠯᠵᠢᠯ ᠤᠨ ᠲᠠᠯᠠᠪᠠᠶ ᠳᠤ ᠬᠠᠲᠠᠭᠤᠷᠠᠭᠤᠯᠤᠭᠰᠠᠨ ᠵᠠᠮ 1 | ᠵᠤᠷᠪᠤᠰ ᠨᠡᠪᠳᠡᠷᠡᠭᠦᠯᠦᠨ ᠶᠡᠷᠦᠩᠬᠡᠢ ᠤᠷᠲᠤ ᠶᠢᠨ ᠬᠡᠮᠵᠢᠶ᠎ᠡ ᠨᠢ 19.337 ᠺᠢᠯᠣᠮᠧᠲᠷ ᠪᠠᠶᠢᠵᠦ᠂ 1462 ᠲᠦᠮᠡᠨ | ᠲᠥᠭᠦᠷᠢᠭ ᠤᠨ ᠪᠡᠯᠡ ᠤᠷᠤᠭᠤᠯᠵᠤ᠂ ᠦᠪᠡᠷᠲᠡᠭᠡᠨ ᠵᠠᠰᠠᠬᠤ ᠤᠷᠤᠨ ᠤ ᠲᠠᠰ ᠤᠨ ︽ᠳᠦᠷᠪᠡ ᠶᠢ ᠪᠦᠷᠢᠳᠦᠭᠦᠯᠦᠭᠰᠡᠨ | ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ ᠲᠠᠢ ᠡᠭᠦᠲᠦᠨ ᠪᠠᠶᠢᠭᠤᠯᠪᠠ᠃ | ᠲᠥᠯᠥᠭᠡᠯᠡᠭᠴᠢᠳ ᠤᠨ ᠰᠠᠨᠠᠭᠤᠯᠭ᠎ᠠ ᠳᠤ ᠬᠤᠯᠪᠣᠭᠳᠠᠭᠰᠠᠨ ᠭᠠᠵᠠᠷ ᠣᠷᠣᠨ ᠤ ᠠᠵᠢᠯ ᠤᠨ ᠠᠬᠢᠴᠠ ᠶᠢᠨ ᠪᠠᠶᠢᠳᠠᠯ ᠳᠣᠣᠷᠠᠬᠢ | ᠮᠡᠲᠦ᠄ | ︽ᠢᠦᠢ ᠵᠸᠤ ᠳ᠋ᠢ ᠪᠠᠯᠭᠠᠰᠤ ︱ ᠲᠦᠩ ᠰᠢᠩ ᠪᠠᠯᠭᠠᠰᠤ︾ ᠶᠢᠨ ᠪᠠᠯᠭᠠᠰᠤ ᠬᠤᠭᠤᠷᠤᠨᠳᠤ ᠨᠡᠪᠳᠡᠷᠡᠬᠦ ᠵᠠᠰᠠᠮᠠᠯ | ᠵᠠᠮ ᠤᠨ ᠪᠦᠲᠦᠭᠡᠨ ᠪᠠᠶᠢᠭᠤᠯᠤᠯᠲᠠ ᠳᠤ ᠴᠢᠭᠯᠡᠭᠦᠯᠦᠨ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ | ᠳᠡᠭᠡᠳᠦ ᠱᠠᠲᠤᠨ ᠠᠴᠠ ᠢᠳᠡᠪᠬᠢᠲᠡᠢ ᠪᠠᠷ ᠪᠡᠯᠡ ᠮᠥᠩᠭᠦ ᠭᠤᠶᠤᠴᠢᠯᠠᠵᠤ᠂ ᠪᠡᠯᠡ ᠮᠥᠩᠭᠦ ᠶᠢ ᠪᠠᠭᠤᠯᠭᠠᠭᠰᠠᠨ ᠤ ᠳᠠᠷᠠᠭ᠎ᠠ ᠵᠢᠯ | ᠳᠠᠷᠠᠭᠠᠯᠠᠨ ᠪᠦᠯᠦᠭ ᠬᠤᠪᠢᠶᠠᠨ ᠬᠡᠷᠡᠭᠵᠢᠭᠦᠯᠦᠨ᠎ᠡ᠃ | ᠰᠢᠨ ᠺᠠᠢ ᠳ᠋ᠢ ᠰᠢᠶᠠᠩ ᠤᠨ ᠱᠢ ᠵᠢᠶᠠᠩ ᠭᠧᠦ ᠯᠢᠶᠠᠩ ᠤᠨ ᠵᠠᠮ ᠤᠨ ᠬᠡᠰᠡᠭ ᠲᠤ ᠴᠢᠭᠯᠡᠭᠦᠯᠦᠨ᠂ ᠬᠤᠰᠢᠭᠤᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢᠭᠡᠨᠲᠡ ᠲᠣᠰ ᠬᠡᠰᠡᠭ ᠵᠠᠰᠠᠮᠠᠯ ᠵᠠᠮ ᠢ ᠮᠠᠨ ᠤ ᠬᠤᠰᠢᠭᠤᠨ ᠤ 2022 ︱ | 2023 ᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠣᠷᠣᠭᠤᠯᠵᠤ᠂ ᠵᠢᠱᠢᠯᠲᠡ ᠪᠠᠷ | 2023 ᠣᠨ ᠤ 4 ᠰᠠᠷ᠎ᠠ ᠳᠤ ᠠᠵᠢᠯ ᠡᠬᠢᠯᠡᠭᠦᠯᠵᠦ᠂ 10 ᠰᠠᠷ᠎ᠠ ᠳᠤ ᠠᠵᠢᠯ ᠳᠠᠭᠤᠰᠬᠠᠨ᠎ᠠ᠃ | ᡁᠢ ᠿᠦᠢ ᠪᠠᠯᠭᠠᠰᠤᠨ ᠤ ᠳ᠋ᠠ ᠶᠤᠸᠠᠨ ᠲᠣᠰᠬᠤᠨ ᠤ ᠳᠤᠭᠤᠶᠢᠯᠠᠩ ᠬᠤᠭᠤᠷᠤᠨᠳᠤ ᠨᠡᠪᠳᠡᠷᠡᠬᠦ ᠵᠠᠰᠠᠮᠠᠯ ᠵᠠᠮ ᠤᠨ | ᠪᠦᠲᠦᠭᠡᠨ ᠪᠠᠶᠢᠭᠤᠯᠤᠯᠳᠠ ᠳᠤ ᠴᠢᠭᠯᠡᠭᠦᠯᠦᠨ᠂ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠠᠴᠠ ᠨᠢᠭᠡᠨᠲᠡ ᠨᠡᠯᠢᠶᠡᠳ | ᠶᠡᠭᠡ ᠬᠥᠮᠥᠨ ᠠᠮᠠ ᠶᠢᠨ ᠬᠡᠪᠴᠢᠶ᠎ᠡ ᠲᠠᠢ ᠠᠶᠢᠯ ᠲᠣᠰᠬᠤᠨ ᠳᠤ ᠬᠠᠳᠠᠭᠤᠷᠠᠭᠤᠯᠤᠭᠰᠠᠨ ᠵᠠᠮ ᠨᠡᠪᠳᠡᠷᠡᠭᠦᠯᠬᠦ ᠲᠥᠷᠥᠯ | ᠵᠦᠢᠯ ᠤᠨ ᠬᠥᠮᠥᠷᠭᠡ ᠳᠤ ᠤᠷᠤᠭᠤᠯᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠲᠥᠯᠥᠪᠯᠡᠭᠡ ᠪᠠᠭᠤᠯᠭᠠᠭᠰᠠᠨ ᠤ | ᠳᠠᠷᠠᠭ᠎ᠠ᠂ ᠵᠢᠯ ᠳᠠᠷᠠᠭᠠᠯᠠᠨ ᠪᠦᠯᠦᠭ ᠤᠳᠠᠭ᠎ᠠ ᠬᠤᠪᠢᠶᠠᠨ ᠪᠠᠷᠢᠯᠭ᠎ᠠ ᠶᠢᠨ ᠠᠵᠢᠯ ᠢᠶᠠᠨ ᠡᠬᠢᠯᠡᠭᠦᠯᠦᠨ᠎ᠡ᠃ | ᡁᠢ ᠿᠦᠢ ᠪᠠᠯᠭᠠᠰᠤᠨ ᠤ ᠾᠧ ᠱᠧᠩ ᠲᠣᠰᠬᠤᠨ ᠤ ᠴᠠᠩ ᠲᠠᠢ ᠬᠤᠤ ᠳᠤᠭᠤᠶᠢᠯᠠᠩ᠂ ᠴᠧᠨ ᠶᠢᠩᠽᠢ | ᠳᠤᠭᠤᠶᠢᠯᠠᠩ ᠤᠨ ᠲᠤᠭᠤᠶᠢᠯᠠᠩ ᠳᠤ ᠨᠡᠪᠳᠡᠷᠬᠦ ᠬᠦᠬᠦᠷᠭᠡ ᠶᠢᠨ ᠪᠦᠲᠦᠭᠡᠨ ᠪᠠᠶᠢᠭᠤᠯᠤᠯᠳᠠ ᠳᠤ ᠴᠢᠭᠯᠡᠭᠦᠯᠦᠨ ᠪᠠᠶᠢᠴᠠᠭᠠᠨ | ᠰᠤᠳᠤᠯᠤᠯᠲᠠ ᠬᠢᠬᠦ ᠪᠠᠷ ᠳᠠᠮᠵᠢᠵᠤ᠂ ᠲᠥᠯᠥᠭᠡᠯᠡᠭᠴᠢᠳ ᠤᠨ ᠰᠠᠨᠠᠭᠤᠯᠭ᠎ᠠ ᠳᠤ ᠳᠤᠷᠠᠳᠤᠭᠰᠠᠨ ᠣᠷᠣᠨ ᠪᠠᠶᠢᠷᠢ ᠨᠢ 208 | ᠰᠢᠶᠠᠨ ᠤ ᠵᠠᠮ ᠤᠨ K66+687 ᠱᠣᠩ ᠤᠨ ᠨᠣᠮᠧᠷ ᠤᠨ ᠡᠮᠦᠨ᠎ᠡ ᠬᠤᠶᠢᠨ᠎ᠠ ᠪᠠᠶᠢᠵᠤ᠂ ᠲᠤᠭ᠎ᠠ ᠪᠠᠷᠢᠮᠲᠠ ᠶᠢᠨ ᠬᠥᠮᠥᠷᠭᠡ | ᠲᠤᠳᠤᠷ᠎ᠠ ᠠᠳᠡ ᠬᠥᠭᠦᠷᠭᠡ ᠶᠢᠨ ᠴᠡᠭ ᠤᠨ ᠪᠠᠶᠢᠷᠢ ᠶᠢᠨ ᠮᠡᠳᠡᠭᠡ ᠵᠠᠩᠭᠢ ᠪᠠᠶᠢᠬᠤ ᠦᠭᠡᠢ᠃ ᠲᠠᠷᠠᠭᠠᠴᠢ ᠶᠢᠨ ᠠᠯᠬᠤᠮ ᠳᠤ᠂ | ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠲᠥᠷᠥᠯ ᠵᠦᠢᠯ ᠤᠨ ᠳᠡᠮᠵᠢᠯᠭᠡ ᠶᠢ ᠣᠯᠬᠤ ᠪᠠᠷ ᠢᠳᠡᠪᠬᠢᠲᠡᠢ | ᠴᠢᠷᠮᠠᠶᠢᠵᠤ᠂ ᠰᠢᠨ᠎ᠡ ᠪᠠᠷ ᠪᠠᠶᠢᠭᠤᠯᠬᠤ ᠬᠥᠭᠦᠷᠭᠡ ᠶᠢᠨ ᠲᠥᠷᠥᠯ ᠵᠦᠢᠯ ᠢ ᠴᠣᠬᠤᠯᠠᠪᠤᠷᠢᠯᠠᠭᠰᠠᠨ ᠤ ᠳᠠᠷᠠᠭ᠎ᠠ᠂ ᠠᠯᠬᠤᠮ | ᠠᠯᠬᠤᠮ ᠢᠶᠠᠷ ᠪᠠᠷᠢᠯᠭ᠎ᠠ ᠡᠬᠢᠯᠡᠭᠦᠯᠦᠨ᠎ᠡ᠃ | ᡁᠢ ᠿᠦᠢ ᠪᠠᠯᠭᠠᠰᠤᠨ ᠤ ᠴᠠᠩ ᠱᠧᠩ ᠲᠣᠰᠬᠤᠨ ᠤ ᠳᠤᠭᠤᠶᠢᠯᠠᠩ ᠳᠤ ᠨᠡᠪᠳᠡᠷᠡᠬᠦ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠳᠠ ᠳᠤ ᠴᠢᠭᠯᠡᠭᠦᠯᠦᠨ᠂ ᠡᠭᠦᠨ ᠳᠤ᠂ ᠹᠧᠩ ᠶᠢᠩᠽᠢ ᠠᠴᠠ ᠮᠦ ᠰᠢᠶᠠᠨ ᠴᠠᠩ ᠽᠢ ᠳᠤᠭᠤᠶᠢᠯᠠᠩ ᠬᠦᠷᠬᠦ ᠵᠠᠮ | ᠨᠢ Y212 ᠰᠢᠶᠠᠩ ᠤᠨ ᠵᠠᠮ ᠤᠨ ᠨᠠᠨ ᠳ᠋ᠢᠶᠠᠨ — ᠴᠠᠩ ᠱᠧᠩ — ᡁᠢ ᠿᠦᠢ ᠬᠦᠷᠬᠦ ᠵᠠᠰᠠᠮᠠᠯ ᠵᠠᠮ ᠤᠨ ᠨᠢᠭᠡ | ᠬᠡᠰᠡᠭ ᠲᠤ ᠬᠠᠷᠢᠶᠠᠯᠠᠭᠳᠠᠵᠤ᠂ ᠨᠢᠭᠡᠨᠲᠡ ᠬᠤᠰᠢᠭᠤᠨ ᠤ ᠪᠠᠶᠢᠭᠤᠯᠤᠮᠵᠢ ᠶᠢᠨ ᠲᠦᠷᠢᠮᠳᠦ ᠲᠣᠰᠬᠤᠨ ᠳᠤ ᠬᠤᠣᠰ ᠲᠡᠷᠭᠡᠨ | ᠵᠠᠮ ᠲᠠᠢ ᠵᠠᠰᠠᠮᠠᠯ ᠵᠠᠮ ᠨᠡᠪᠳᠡᠷᠡᠭᠦᠯᠬᠦ ᠥᠭᠡᠷᠡᠴᠢᠯᠡᠯᠲᠡ ᠶᠢᠨ ᠲᠥᠷᠥᠯ ᠵᠦᠢᠯ ᠳᠤ ᠣᠷᠣᠭᠤᠯᠪᠠ︔ ᠴᠠᠩ ᠱᠧᠩ ᠤᠨ ᠭᠤᠤ | ᠶᠢᠨ ᠠᠮᠠᠨ ᠠᠴᠠ ᠣᠪᠣᠭᠠᠨ ᠭᠤᠤ ᠬᠦᠷᠬᠦ ᠳᠤᠭᠤᠶᠢᠯᠠᠩ ᠳᠤ ᠨᠡᠪᠳᠡᠷᠡᠬᠦ ᠵᠠᠰᠠᠮᠠᠯ ᠵᠠᠮ ᠤᠨ ᠲᠦᠷᠦᠯ ᠵᠦᠢᠯ ᠢ ᠨᠢᠭᠡᠨᠲᠡ | ᠮᠠᠨ ᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠮᠥᠨ ᠠᠮᠠ ᠶᠢᠨ ᠬᠡᠪᠴᠢᠶ᠎ᠡ ᠨᠡᠯᠢᠶᠡᠳ ᠶᠡᠭᠡ ᠠᠶᠢᠯ | ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠲᠦᠷᠦᠯ ᠵᠦᠢᠯ ᠤᠨ ᠬᠥᠮᠥᠷᠭᠡ ᠳᠤ ᠣᠷᠣᠭᠤᠯᠵᠤ᠂ ᠳᠡᠭᠡᠳᠦ | ᠱᠠᠲᠤᠨ ᠤ ᠰᠠᠯᠠᠭ᠎ᠠ ᠮᠥᠴᠢᠷ ᠠᠴᠠ ᠲᠥᠯᠥᠪᠯᠡᠭᠡ ᠪᠠᠭᠤᠯᠭᠠᠭᠰᠠᠨ ᠤ ᠳᠠᠷᠠᠭ᠎ᠠ ᠠᠯᠬᠤᠮ ᠠᠯᠬᠤᠮ ᠢᠶᠠᠷ ᠪᠠᠷᠢᠯᠭ᠎ᠠ | ᠡᠬᠢᠯᠡᠭᠦᠯᠦᠨ᠎ᠡ︔ ᠦᠯᠡᠳᠡᠭᠰᠡᠨ ᠠᠶᠢᠯ ᠲᠣᠰᠬᠤᠨ ᠳᠤ ᠨᠡᠪᠳᠡᠷᠡᠬᠦ ᠵᠠᠮ ᠢ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ | ᠢᠳᠡᠪᠬᠢᠲᠡᠢ ᠪᠠᠷ ᠪᠡᠯᠡ ᠮᠥᠩᠭᠦ ᠡᠷᠡᠮᠡᠯᠵᠡᠨ ᠣᠯᠵᠤ᠂ ᠲᠥᠯᠥᠪᠯᠡᠭᠡ ᠪᠠᠭᠤᠯᠭᠠᠭᠰᠠᠨ ᠤ ᠲᠠᠷᠠᠭ᠎ᠠ ᠠᠯᠬᠤᠮ ᠠᠯᠬᠤᠮ ᠢᠶᠠᠷ | ᠪᠠᠷᠢᠯᠭ᠎ᠠ ᠶᠢᠨ ᠠᠵᠢᠯ ᠢᠶᠠᠨ ᠡᠬᠢᠯᠡᠭᠦᠯᠦᠨ᠎ᠡ᠃ | ᠰᠢᠩ ᠬᠤᠸᠠ ᠲᠣᠰᠬᠤᠨ ᠤ ᠬᠠᠲᠠᠭᠤᠷᠠᠭᠤᠯᠤᠭᠰᠠᠨ ᠵᠠᠮ ᠨᠡᠪᠲᠡᠷᠡᠭᠡᠳᠦᠢ 1 ᠲᠣᠰᠬᠤᠨ ᠤ ᠠᠷᠠᠳ ᠤᠨ | ᠳᠤᠭᠤᠶᠢᠯᠠᠩ ᠳᠤ ᠴᠢᠭᠯᠡᠭᠦᠯᠦᠨ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢᠭᠡᠨᠲᠡ ᠮᠠᠨ ᠤ | ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠮᠥᠨ ᠠᠮᠠ ᠶᠢᠨ ᠬᠡᠪᠴᠢᠶ᠎ᠡ ᠨᠡᠯᠢᠶᠡᠳ ᠶᠡᠭᠡ ᠠᠶᠢᠯ | ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠲᠥᠷᠥᠯ ᠵᠦᠢᠯ ᠤᠨ ᠬᠥᠮᠥᠷᠭᠡ ᠳᠤ ᠣᠷᠤᠭᠤᠯᠵᠤ᠂ ᠳᠡᠭᠡᠳᠦ | ᠱᠠᠲᠤᠨ ᠠᠴᠠ ᠲᠥᠯᠥᠪᠯᠡᠭᠡ ᠪᠠᠭᠤᠯᠭᠠᠭᠰᠠᠨ ᠤ ᠳᠠᠷᠠᠭ᠎ᠠ᠂ ᠠᠯᠬᠤᠮ ᠠᠯᠬᠤᠮ ᠢᠶᠠᠷ ᠪᠠᠷᠢᠯᠭ᠎ᠠ ᠡᠬᠢᠯᠡᠭᠦᠯᠦᠨ᠎ᠡ᠃ | ᠬᠤᠩ ᠱᠠᠨᠽᠢ ᠰᠢᠶᠠᠩ ᠤᠨ ᠲᠢᠶᠠᠨ ᠲᠠᠢ ᠶᠦᠩ ᠲᠣᠰᠬᠤᠨ ᠤ ᠲᠢᠶᠠᠨ ᠱᠧᠩ ᠳ᠋ᠢᠶᠠᠨ ᠳᠤᠭᠤᠶᠢᠯᠠᠩ᠂ ᠶᠢᠨ ᠳ᠋ᠢᠩ | ᠺᠧᠦ ᠳᠤᠭᠤᠶᠢᠯᠠᠩ ᠤᠨ ᠳᠤᠭᠤᠶᠢᠯᠠᠩ ᠳᠤ ᠨᠡᠪᠳᠡᠷᠡᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠳᠠ ᠳᠤ ᠴᠢᠭᠯᠡᠭᠦᠯᠦᠨ᠂ | ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠠᠴᠠ ᠨᠢᠭᠡᠨᠲᠡ ᠬᠤᠰᠢᠭᠤᠨ ᠤ ᠶᠡᠭᠡ ᠬᠦᠳᠦᠯ ᠳᠠᠪᠠᠭᠠᠨ ᠤ ᠲᠥᠷᠥᠯ | ᠵᠦᠢᠯ ᠤᠨ ᠬᠥᠮᠥᠷᠭᠡ ᠵᠢᠴᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠮᠥᠨ ᠠᠮᠠ ᠶᠢᠨ ᠬᠡᠪᠴᠢᠶ᠎ᠡ ᠨᠡᠯᠢᠶᠡᠳ ᠶᠡᠭᠡ | ᠠᠶᠢᠯ ᠲᠣᠰᠬᠤᠨ ᠳᠤ ᠬᠠᠳᠠᠭᠤᠷᠠᠭᠤᠯᠤᠭᠰᠠᠨ ᠵᠠᠮ ᠨᠡᠪᠲᠡᠷᠡᠭᠦᠯᠬᠦ ᠲᠥᠷᠥᠯ ᠵᠦᠢᠯ ᠤᠨ ᠬᠥᠮᠥᠷᠭᠡ ᠳᠤ ᠲᠣᠰ ᠲᠣᠰ | ᠵᠢᠭᠰᠠᠭᠠᠨ ᠣᠷᠣᠭᠤᠯᠵᠤ᠂ ᠳᠡᠭᠡᠳᠦ ᠱᠠᠲᠤᠨ ᠠᠴᠠ ᠲᠥᠯᠥᠪᠯᠡᠭᠡ ᠪᠠᠭᠤᠯᠭᠠᠭᠰᠠᠨ ᠤ ᠳᠠᠷᠠᠭ᠎ᠠ᠂ ᠠᠯᠬᠤᠮ ᠠᠯᠬᠤᠮ ᠢᠶᠠᠷ | ᠪᠠᠷᠢᠯᠭ᠎ᠠ ᠶᠢᠨ ᠠᠵᠢᠯ ᠢᠶᠠᠨ ᠡᠬᠢᠯᠡᠭᠦᠯᠦᠨ᠎ᠡ᠃ | ᠬᠠᠭᠤᠷᠠᠢ ᠬᠦᠷᠢᠶ᠎ᠡ ᠰᠤᠮᠤ ᠶᠢᠨ ᠶᠡᠬᠡᠨᠠᠭᠤᠷ ᠭᠠᠴᠠᠭ᠎ᠠ ᠶᠢᠨ ᠪᠠᠷᠠᠭᠤᠨ ᠳ᠋ᠠ ᠳ᠋ᠢ ᠳᠤᠭᠤᠶᠢᠯᠠᠩ᠂ ᠴᠠ ᠳ᠋ᠤᠤ ᠽᠢ | ᠳᠤᠭᠤᠶᠢᠯᠠᠩ᠂ ᠲᠡᠮᠡᠭᠡ ᠠᠭᠤᠯᠠ ᠳᠤᠭᠤᠶᠢᠯᠠᠩ ᠤᠨ ᠲᠤᠭᠤᠶᠢᠯᠠᠩ ᠳᠤ ᠨᠡᠪᠳᠡᠷᠡᠬᠦ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠳᠠ ᠳᠤ ᠴᠢᠭᠯᠡᠭᠦᠯᠦᠨ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢᠭᠡᠨᠲᠡ ᠮᠠᠨ ᠤ | ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠮᠥᠨ ᠠᠮᠠ ᠶᠢᠨ ᠬᠡᠪᠴᠢᠶ᠎ᠡ ᠨᠡᠯᠢᠶᠡᠳ ᠶᠡᠭᠡ ᠠᠶᠢᠯ | ᠲᠣᠰᠬᠤᠨ ᠳᠤ ᠬᠠᠳᠠᠭᠤᠷᠠᠭᠤᠯᠤᠭᠰᠠᠨ ᠵᠠᠮ ᠨᠡᠪᠲᠡᠷᠡᠭᠦᠯᠬᠦ ᠲᠥᠷᠥᠯ ᠵᠦᠢᠯ ᠤᠨ ᠬᠥᠮᠥᠷᠭᠡ ᠳᠤ ᠣᠷᠣᠭᠤᠯᠵᠤ᠂ ᠳᠡᠭᠡᠳᠦ | ᠱᠠᠲᠤᠨ ᠠᠴᠠ ᠲᠥᠯᠥᠪᠯᠡᠭᠡ ᠪᠠᠭᠤᠯᠭᠠᠭᠰᠠᠨ ᠤ ᠳᠠᠷᠠᠭ᠎ᠠ᠂ ᠠᠯᠬᠤᠮ ᠠᠯᠬᠤᠮ ᠢᠶᠠᠷ ᠪᠠᠷᠢᠯᠭ᠎ᠠ ᠡᠬᠢᠯᠡᠭᠦᠯᠦᠨ᠎ᠡ᠃ | ᠬᠠᠭᠤᠷᠠᠢ ᠬᠦᠷᠢᠶ᠎ᠡ ᠰᠤᠮᠤ ᠶᠢᠨ ᠬᠠᠭᠤᠷᠠᠢ ᠬᠦᠷᠢᠶ᠎ᠡ ᠭᠠᠴᠠᠭ᠎ᠠ ᠶᠢᠨ ᠸᠧᠢ ᠲᠠᠩ ᠳ᠋ᠢ ᠳᠤᠭᠤᠶᠢᠯᠠᠩ ᠤᠨ ᠳᠤᠭᠤᠶᠢᠯᠠᠩ | ᠳᠤ ᠨᠡᠪᠳᠡᠷᠡᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠳᠠ ᠳᠤ ᠴᠢᠭᠯᠡᠭᠦᠯᠦᠨ᠂ ᠮᠠᠨ ᠤ ᠬᠤᠰᠢᠭᠤᠨ ᠤ ᠬᠥᠮᠥᠨ ᠠᠮᠠ ᠶᠢᠨ | ᠬᠡᠪᠴᠢᠶ᠎ᠡ ᠨᠡᠯᠢᠶᠡᠳ ᠶᠡᠭᠡ ᠠᠶᠢᠯ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠲᠥᠷᠥᠯ ᠵᠦᠢᠯ ᠤᠨ | ᠬᠥᠮᠥᠷᠭᠡ ᠳᠤ ᠣᠷᠣᠭᠤᠯᠵᠤ᠂ ᠳᠡᠭᠡᠳᠦ ᠱᠠᠲᠤᠨ ᠠᠴᠠ ᠲᠥᠯᠥᠪᠯᠡᠭᠡ ᠪᠠᠭᠤᠯᠭᠠᠭᠰᠠᠨ ᠤ ᠳᠠᠷᠠᠭ᠎ᠠ᠂ ᠠᠯᠬᠤᠮ ᠠᠯᠬᠤᠮ ᠢᠶᠠᠷ | ᠪᠠᠷᠢᠯᠭ᠎ᠠ ᠡᠬᠢᠯᠡᠭᠦᠯᠦᠨ᠎ᠡ᠃ | ᠳᠠᠷᠬᠠᠬᠠᠭᠤᠯᠠ ᠰᠤᠮᠤᠨ ᠤ ᠳᠤᠭᠤᠶᠢᠯᠠᠩ ᠳᠤ ᠨᠡᠪᠳᠡᠷᠡᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠳᠠ ᠳᠤ | ᠴᠢᠭᠯᠡᠭᠦᠯᠦᠨ᠂ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠡᠮᠬᠢᠯᠡᠭᠰᠡᠨ ᠢᠶᠠᠷ᠂ ᠳᠠᠷᠬᠠᠬᠠᠭᠤᠯᠠ ᠰᠤᠮᠤᠨ ᠤ ᠵᠠᠮ | ᠨᠡᠪᠲᠡᠷᠡᠭᠡ ᠦᠭᠡᠢ ᠣᠯᠠᠩᠬᠢ ᠳᠤᠭᠤᠶᠢᠯᠠᠩ ᠢ ᠨᠢᠭᠡᠨᠲᠡ ᠮᠠᠨ ᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠬᠥᠮᠥᠨ ᠠᠮᠠ ᠶᠢᠨ ᠬᠡᠪᠴᠢᠶ᠎ᠡ ᠨᠡᠯᠢᠶᠡᠳ ᠶᠡᠭᠡ ᠠᠶᠢᠯ ᠲᠣᠰᠬᠤᠨ ᠳᠤ ᠬᠠᠳᠠᠭᠤᠷᠠᠭᠤᠯᠤᠭᠰᠠᠨ ᠵᠠᠮ ᠨᠡᠪᠲᠡᠷᠡᠭᠦᠯᠬᠦ | ᠲᠥᠷᠥᠯ ᠵᠦᠢᠯ ᠤᠨ ᠬᠥᠮᠥᠷᠭᠡ ᠳᠤ ᠤᠷᠤᠭᠤᠯᠵᠤ᠂ ᠳᠡᠭᠡᠳᠦ ᠱᠠᠲᠤᠨ ᠠᠴᠠ ᠲᠥᠯᠥᠪᠯᠡᠭᠡ ᠪᠠᠭᠤᠯᠭᠠᠭᠰᠠᠨ ᠤ ᠳᠠᠷᠠᠭ᠎ᠠ᠂ | ᠠᠯᠬᠤᠮ ᠠᠯᠬᠤᠮ ᠢᠶᠠᠷ ᠪᠠᠷᠢᠯᠭ᠎ᠠ ᠡᠬᠢᠯᠡᠭᠦᠯᠦᠨ᠎ᠡ᠃ ᠰᠠᠨᠠᠭᠤᠯᠭ᠎ᠠ ᠳᠤ ᠬᠤᠯᠪᠣᠭᠳᠠᠭᠰᠠᠨ ᠨᠠᠷᠠᠰᠤ ᠭᠠᠴᠠᠭᠠᠨ ᠤ ᠠᠶᠢᠯ | ᠳᠤᠭᠤᠶᠢᠯᠠᠩ ᠨᠢ ᠴᠥᠮ 20 ᠡᠷᠦᠬᠡ ᠬᠦᠷᠬᠦ ᠦᠭᠡᠢ᠂ ᠲᠠᠷᠠᠭᠠᠴᠢ ᠶᠢᠨ ᠠᠯᠬᠤᠮ ᠳᠤ ᠳᠡᠭᠡᠳᠦ ᠱᠠᠲᠤᠨ ᠤ ᠰᠠᠯᠠᠭ᠎ᠠ | ᠮᠥᠴᠢᠷ ᠠᠴᠠ ᠢᠳᠡᠪᠬᠢᠲᠡᠢ ᠪᠠᠷ ᠪᠡᠯᠡ ᠮᠥᠩᠭᠦ ᠣᠯᠵᠤ᠂ ᠲᠥᠯᠥᠪᠯᠡᠭᠡ ᠪᠠᠭᠤᠯᠭᠠᠭᠰᠠᠨ ᠤ ᠳᠠᠷᠠᠭ᠎ᠠ ᠠᠯᠬᠤᠮ ᠠᠯᠬᠤᠮ ᠢᠶᠠᠷ | ᠪᠠᠷᠢᠯᠭ᠎ᠠ ᠡᠬᠢᠯᠡᠭᠦᠯᠦᠨ᠎ᠡ᠃ | ᠲᠤ ᠴᠧᠩᠽᠢ ᠪᠠᠯᠭᠠᠰᠤᠨ ᠤ ᠦ᠋ ᠹᠧᠨ ᠳ᠋ᠢ ᠲᠣᠰᠬᠤᠨ᠂ ᠰᠢ ᠭᠧᠦ ᠳᠤᠭᠤᠶᠢᠯᠠᠩ ᠤᠨ ᠲᠤᠰᠬᠤᠨ ᠳᠤᠭᠤᠶᠢᠯᠠᠩ ᠳᠤ | ᠨᠡᠪᠲᠡᠷᠡᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠳᠠ ᠳᠤ ᠴᠢᠭᠯᠡᠭᠦᠯᠦᠨ᠂ ᠦ᠋ ᠹᠧᠨ ᠳ᠋ᠢ ᠲᠣᠰᠬᠤᠨ ᠤ ᠬᠠᠮᠤᠭ ᠰᠠᠶᠢᠨ | ᠰᠠᠭᠠᠳ ᠦᠭᠡᠢ ᠨᠡᠪᠲᠡᠷᠡᠬᠦ ᠵᠠᠮ ᠪᠣᠯ ᠲᠤ ᠴᠧᠩᠽᠢ ᠠᠴᠠ ᠰᠢ ᠭᠧᠦ ᠬᠦᠷᠬᠦ ᠲᠣᠰᠬᠤᠨ ᠤ ᠵᠠᠮ ᠪᠣᠯᠣᠨ᠎ᠠ᠂ ᠤᠳᠤ ᠨᠢᠭᠡᠨᠲᠡ | ᠪᠠᠶᠢᠭᠤᠯᠤᠮᠵᠢ ᠶᠢᠨ ᠲᠦᠷᠢᠮᠲᠦ ᠲᠣᠰᠬᠤᠨ ᠤ ᠬᠤᠣᠰ ᠲᠡᠷᠭᠡᠨ ᠵᠠᠮ ᠲᠠᠢ ᠵᠠᠰᠠᠮᠠᠯ ᠵᠠᠮ ᠢ ᠥᠭᠡᠷᠡᠴᠢᠯᠡᠬᠦ ᠲᠦᠷᠦᠯ ᠵᠦᠢᠯ ᠤᠨ | ᠬᠥᠮᠥᠷᠭᠡ ᠳᠤ ᠣᠷᠣᠭᠤᠯᠵᠤ᠂ ᠳᠡᠭᠡᠳᠦ ᠱᠠᠲᠤᠨ ᠠᠴᠠ ᠲᠥᠯᠥᠪᠯᠡᠭᠡ ᠪᠠᠭᠤᠯᠭᠠᠭᠰᠠᠨ ᠤ ᠲᠠᠷᠠᠭ᠎ᠠ ᠠᠯᠬᠤᠮ ᠠᠯᠬᠤᠮ ᠢᠶᠠᠷ | ᠪᠠᠷᠢᠯᠭ᠎ᠠ ᠡᠬᠢᠯᠡᠭᠦᠯᠦᠨ᠎ᠡ︔ ᠦ᠋ ᠹᠧᠨ ᠳ᠋ᠢ ᠲᠣᠰᠬᠤᠨ ᠤ ᠣᠯᠠᠩᠬᠢ ᠳᠤᠭᠤᠶᠢᠯᠠᠩ ᠳᠤ ᠨᠢᠭᠡᠨᠲᠡ ᠬᠠᠲᠠᠭᠤᠷᠠᠭᠤᠯᠤᠭᠰᠠᠨ ᠵᠠᠮ | ᠨᠡᠪᠳᠡᠷᠡᠵᠦ᠂ ᠲᠤᠰ ᠲᠤᠰᠬᠤᠨ ᠤ ᠬᠠᠮᠤᠭ ᠰᠠᠶᠢᠨ ᠰᠠᠭᠠᠳ ᠦᠭᠡᠢ ᠨᠡᠪᠲᠡᠷᠡᠬᠦ ᠵᠠᠮ ᠪᠣᠯ C081ᠲᠣᠰᠬᠤᠨ ᠤ ᠵᠠᠮ ᠤᠨ | ᠦ᠋ ᠹᠧᠨ ᠳ᠋ᠢ ᠠᠴᠠ ᠢᠦᠢ ᠱᠦ ᠯᠢᠨ ᠬᠦᠷᠬᠦ ᠳᠥᠷᠪᠡᠳᠦᠭᠡᠷ ᠳᠡᠰ ᠤᠨ ᠼᠧᠮᠧᠨ᠋ᠲ ᠪᠧᠲ᠋ᠣᠨ ᠭᠠᠳᠠᠷᠭᠤ ᠲᠠᠢ ᠵᠠᠰᠠᠮᠠᠯ ᠵᠠᠮ | ᠪᠤᠯᠤᠨ᠎ᠠ᠂ ᠬᠠᠲᠠᠭᠤᠷᠠᠭᠤᠯᠤᠭᠰᠠᠨ ᠵᠠᠮ ᠨᠡᠪᠲᠡᠷᠡᠭᠦᠯᠦᠭᠰᠡᠨ ᠦᠭᠡᠢ ᠰᠢ ᠭᠧᠦ ᠳᠤᠭᠤᠶᠢᠯᠠᠩ ᠳᠤ ᠡᠯ᠎ᠡ ᠲᠠᠯ᠎ᠠ ᠶᠢᠨ ᠪᠡᠯᠡ | ᠮᠥᠩᠭᠦ ᠶᠢ ᠵᠣᠬᠢᠴᠠᠭᠤᠯᠵᠤ᠂ ᠠᠯᠢ ᠲᠦᠷᠭᠡᠨ ᠢᠶᠠᠷ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ | ᠪᠠᠶᠠᠨᠴᠠᠭᠠᠨ ᠰᠤᠮᠤ ᠶᠢᠨ ᠪᠠᠶᠠᠨᠴᠠᠭᠠᠨ ᠭᠠᠴᠠᠭ᠎ᠠ ᠶᠢᠨ ᠵᠤᠰᠠᠯᠠᠩ ᠤᠨ ᠵᠠᠮ ᠳᠤ ᠴᠢᠭᠯᠡᠭᠦᠯᠦᠨ᠂ ᠠᠶᠢᠯ ᠲᠤᠭᠤᠶᠢᠯᠠᠩ | ᠪᠢᠰᠢ ᠪᠣᠯᠬᠤᠷ ᠳᠡᠭᠡᠳᠦ ᠱᠠᠲᠤᠨ ᠤ ᠲᠤᠰᠬᠠᠢ ᠪᠡᠯᠡ ᠮᠥᠩᠭᠦ ᠭᠤᠶᠤᠴᠢᠯᠠᠬᠤ ᠨᠥᠬᠦᠴᠡᠯ ᠳᠤ ᠨᠡᠶᠢᠴᠡᠬᠦ ᠦᠭᠡᠢ᠂ | ᠲᠠᠷᠠᠭᠠᠴᠢ ᠶᠢᠨ ᠠᠯᠬᠤᠮ ᠳᠤ ᠪᠠᠶᠠᠨᠴᠠᠭᠠᠨ ᠰᠤᠮᠤ ᠶᠢᠨ ᠬᠢᠨ ᠢᠳᠡᠪᠬᠢᠲᠡᠢ ᠪᠠᠷ ᠵᠣᠬᠢᠴᠠᠭᠤᠯᠵᠤ᠂ ᠠᠳᠡ ᠰᠠᠭᠤᠷᠢᠰᠢᠵᠤ | ᠪᠠᠶᠢᠭ᠎ᠠ ᠮᠠᠯᠴᠢᠨ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠤᠨ ᠬᠦᠴᠢᠷᠳᠡᠯ ᠢ ᠨᠢ ᠰᠢᠢᠳᠪᠦᠷᠢᠯᠡᠵᠦ ᠥᠭᠭᠦᠨ᠎ᠡ᠃ | ᠪᠠᠶᠠᠩᠭᠤᠣᠯ ᠭᠠᠴᠠᠭ᠎ᠠ ᠶᠢᠨ ᠨᠢᠭᠡᠳᠦᠭᠡᠷ ᠳᠤᠭᠤᠶᠢᠯᠠᠩ ᠠᠴᠠ ᠵᠡᠭᠦᠨ ᠳᠠᠭᠠᠭᠠᠴᠠ ᠳᠤᠭᠤᠶᠢᠯᠠᠩ ᠬᠦᠷᠬᠦ ᠳᠤᠭᠤᠶᠢᠯᠠᠩ | ᠳᠤ ᠨᠡᠪᠳᠡᠷᠡᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠳᠠ ᠳᠤ ᠴᠢᠭᠯᠡᠭᠦᠯᠦᠨ᠂ ᠡᠳᠦᠭᠡ ᠨᠢᠭᠡᠨᠲᠡ ᠬᠥᠮᠥᠨ ᠠᠮᠠ ᠶᠢᠨ | ᠬᠡᠪᠴᠢᠶ᠎ᠡ ᠨᠡᠯᠢᠶᠡᠳ ᠶᠡᠭᠡ ᠠᠶᠢᠯ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠲᠥᠷᠥᠯ ᠵᠦᠢᠯ ᠤᠨ | ᠬᠥᠮᠥᠷᠭᠡ ᠳᠤ ᠵᠢᠭᠰᠠᠭᠠᠨ ᠣᠷᠣᠭᠤᠯᠵᠤ᠂ ᠳᠡᠭᠡᠳᠦ ᠱᠠᠲᠤᠨ ᠠᠴᠠ ᠲᠥᠯᠥᠪᠯᠡᠭᠡ ᠪᠠᠭᠤᠯᠭᠠᠭᠰᠠᠨ ᠤ ᠳᠠᠷᠠᠭ᠎ᠠ᠂ ᠠᠯᠬᠤᠮ | ᠠᠯᠬᠤᠮ ᠢᠶᠠᠷ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ | ᠭᠤᠷᠪᠠ᠂ ᠳᠤᠷᠠᠳᠤᠭᠰᠠᠨ ᠠᠰᠠᠭᠤᠳᠠᠯ ᠪᠠ ᠰᠠᠨᠠᠭᠤᠯᠭ᠎ᠠ ᠨᠢ ᠬᠤᠯᠪᠣᠭᠳᠠᠯ ᠪᠦᠬᠦᠢ ᠲᠦᠷᠤ ᠶᠢᠨ ᠪᠣᠳᠣᠯᠭ᠎ᠠ ᠳᠤ | ᠨᠡᠶᠢᠴᠡᠬᠦ ᠦᠭᠡᠢ ᠪᠤᠶᠤ ᠮᠠᠨ ᠤ ᠬᠤᠰᠢᠭᠤᠨ ᠤ ᠪᠣᠳᠠᠲᠤ ᠪᠠᠶᠢᠳᠠᠯ ᠢ ᠦᠨᠳᠦᠰᠦᠯᠡᠪᠡᠯ ᠲᠦᠷ ᠴᠠᠭ ᠰᠢᠢᠳᠪᠦᠷᠢᠯᠡᠬᠦᠶᠡ ᠪᠡᠷᠬᠡ᠂ | ᠬᠤᠵᠢᠮ ᠠᠯᠬᠤᠮ ᠠᠯᠬᠤᠮ ᠢᠶᠠᠷ ᠰᠢᠢᠳᠪᠦᠷᠢᠯᠡᠬᠦ ᠪᠤᠶᠤ ᠲᠥᠯᠥᠭᠡᠯᠡᠭᠴᠢᠳ ᠲᠤ ᠲᠠᠶᠢᠯᠪᠤᠷᠢᠯᠠᠨ ᠲᠣᠳᠣᠷᠬᠠᠶᠢᠯᠠᠬᠤ | ᠴᠢᠬᠤᠯᠠ ᠲᠠᠢ ᠨᠢ 7 ᠵᠦᠢᠯ ᠪᠠᠶᠢᠵᠤ᠂ ᠲᠥᠯᠥᠭᠡᠯᠡᠭᠴᠢᠳ ᠤᠨ ᠰᠠᠨᠠᠭᠤᠯᠭ᠎ᠠ ᠶᠢᠨ ᠪᠦᠭᠦ ᠲᠣᠭᠠᠨ ᠤ 8.2% ︵C | ᠲᠦᠷᠦᠯ︶ ᠢ ᠡᠵᠡᠯᠡᠨ᠎ᠡ᠃ | ︵ᠨᠢᠭᠡ︶ ᠳᠠᠯᠠᠶᠢᠨᠠᠭᠤᠷ ᠪᠠᠯᠭᠠᠰᠤ ᠶᠢᠨ ᠭᠠᠩᠭᠠᠨ ᠭᠠᠴᠠᠭ᠎ᠠ ᠬᠢᠭᠡᠳ ᠪᠢᠷᠠᠭᠤ ᠪᠠᠯᠭᠠᠰᠤ ᠶᠢᠨ ᠴᠠᠭᠠᠨ ᠰᠢᠷᠤᠶᠢᠲᠤ | ᠲᠣᠰᠬᠤᠨ ᠤ ᠬᠢᠯᠢ ᠶᠢᠨ ᠵᠠᠭᠠᠭ ᠤᠨ ᠵᠢᠭᠤᠷᠠᠭᠠᠨ ᠢ ᠰᠢᠢᠳᠪᠦᠷᠢᠯᠡᠬᠦ ᠲᠤᠬᠠᠢ ᠰᠠᠨᠠᠭᠤᠯᠭ᠎ᠠ ︵13 ᠳ᠋ᠤᠭᠠᠷ ᠲᠣᠭᠠᠲᠤ | ᠰᠠᠨᠠᠭᠤᠯᠭ᠎ᠠ︶᠃ ᠳᠠᠯᠠᠶᠢᠨᠠᠭᠤᠷ ᠪᠠᠯᠭᠠᠰᠤᠨ ᠤ ᠪᠠᠭᠠᠲᠤᠷ ᠵᠡᠷᠭᠡ 5 ᠲᠥᠯᠥᠭᠡᠯᠡᠭᠴᠢ ᠬᠤᠶᠠᠷ ᠭᠠᠴᠠᠭ᠎ᠠ ᠲᠣᠰᠬᠤᠨ ᠤ | ᠬᠤᠭᠤᠷᠣᠨᠳᠣᠬᠢ ᠬᠢᠯᠢ ᠶᠢᠨ ᠵᠠᠭᠠᠭ ᠤᠨ ᠵᠢᠭᠤᠷᠠᠭᠠᠨ ᠢ ᠲᠣᠬᠢᠲᠠᠢ ᠰᠢᠢᠳᠪᠦᠷᠢᠯᠡᠵᠦ᠂ ᠣᠯᠠᠨ ᠲᠦᠮᠡᠨ ᠤ ᠦᠨᠳᠦᠰᠦᠨ | ᠠᠰᠢᠭ ᠲᠤᠰᠠ ᠶᠢ ᠬᠠᠮᠠᠭᠠᠯᠠᠬᠤ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠯᠠᠨ ᠵᠢᠯ ᠤᠨ ᠲᠤᠷᠰᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠪᠠ ᠵᠠᠭᠠᠭ ᠬᠢᠵᠠᠭᠠᠷ ᠨᠡᠶᠢᠯᠡᠵᠦ ᠪᠠᠶᠢᠭ᠎ᠠ ᠬᠤᠶᠠᠷ ᠲᠠᠯ᠎ᠠ ᠶᠢᠨ ᠬᠢᠨ ᠢ ᠣᠯᠠᠨ ᠤᠳᠠᠭ᠎ᠠ ᠵᠣᠬᠢᠶᠠᠨ ᠪᠠᠶᠢᠭᠤᠯᠵᠤ | ᠲᠤᠬᠠᠢ ᠶᠢᠨ ᠭᠠᠵᠠᠷ ᠲᠤᠨᠢ ᠣᠴᠢᠭᠤᠯᠤᠨ ᠪᠠᠶᠢᠴᠠᠭᠠᠨ ᠵᠥᠪᠳᠡᠯᠴᠡᠵᠦ᠂ ᠰᠢᠢᠳᠪᠦᠷᠢᠯᠡᠬᠦ ᠠᠷᠭ᠎ᠠ ᠶᠢ ᠰᠤᠳᠤᠯᠤᠭᠰᠠᠨ | ᠪᠣᠯᠪᠠᠴᠤ ᠮᠠᠷᠭᠤᠯᠳᠤᠭᠠᠨ ᠲᠠᠢ ᠬᠤᠶᠠᠷ ᠲᠠᠯ᠎ᠠ ᠪᠠᠷ ᠢᠶᠠᠨ ᠶᠡᠷᠦ ᠠᠴᠠ ᠰᠠᠨᠠᠯ ᠨᠢᠭᠡᠳᠴᠦ ᠴᠢᠳᠠᠭᠰᠠᠨ ᠦᠭᠡᠢ᠃ ᠲᠡᠦᠬᠡ ᠶᠢ | ᠬᠦᠨᠳᠦᠳᠬᠡᠵᠦ᠂ ᠪᠣᠳᠠᠲᠤ ᠪᠠᠶᠢᠳᠠᠯ ᠢ ᠬᠠᠷᠠᠭᠠᠯᠵᠠᠬᠤ ᠵᠠᠷᠴᠢᠮ ᠢ ᠪᠠᠷᠢᠮᠲᠠᠯᠠᠵᠤ᠂ ᠬᠤᠰᠢᠭᠤᠨ ᠤ ᠠᠷᠠᠳ ᠤᠨ ᠶᠠᠪᠤᠳᠠᠯ ᠤᠨ | ᠲᠣᠪᠴᠢᠶ᠎ᠠ ᠠᠴᠠ ᠮᠠᠷᠭᠤᠯᠳᠤᠭᠠᠨ ᠤ ᠬᠤᠶᠠᠷ ᠲᠠᠯ᠎ᠠ ᠪᠠᠷ ᠢᠶᠠᠨ ︽ᠬᠤᠶᠠᠷ ᠡᠷᠬᠡ ᠶᠢ ᠰᠠᠯᠭᠠᠬᠤ︾ ᠶᠢ ᠬᠡᠷᠡᠭᠵᠢᠭᠦᠯᠬᠦ ᠶᠢ | ᠰᠠᠨᠠᠭᠤᠯᠵᠤ᠂ ᠳᠠᠷᠤᠢ ︽ᠬᠡᠰᠡᠭ ᠰᠤᠮᠤ᠂ ᠰᠢᠶᠠᠩ ᠪᠠᠯᠭᠠᠰᠤᠨ ᠤ ᠵᠠᠰᠠᠭ ᠵᠠᠬᠢᠷᠭᠠᠨ ᠤ ᠣᠷᠣᠨ ᠤ ᠬᠢᠯᠢ ᠶᠢᠨ ᠵᠠᠭᠠᠭ | ᠱᠤᠭᠤᠮ ᠢ ᠲᠣᠭᠲᠠᠭᠠᠬᠤ ᠲᠤᠬᠠᠢ ᠮᠡᠳᠡᠭᠳᠡᠯ︾ ︵ᠬᠡᠰᠢᠭᠲᠡᠨ ᠵᠠᠰᠠᠭ ᠲᠠᠷᠬᠠᠭᠠᠭᠰᠠᠨ ﹇1989﹈ 99 ᠳ᠋ᠤᠭᠡᠷ ᠲᠣᠭᠠᠲᠤ︶ | ᠳᠤ ᠲᠣᠭᠲᠠᠭᠠᠭᠰᠠᠨ ᠬᠢᠯᠢ ᠶᠢᠨ ᠵᠠᠭᠠᠭ ᠤᠨ ᠴᠢᠭᠯᠡᠯ ᠠᠴᠠ ᠭᠠᠳᠠᠨᠠᠬᠢ ᠳᠠᠯᠠᠶᠢᠨᠠᠭᠤᠷ ᠪᠠᠯᠭᠠᠰᠤᠨ ᠤ ᠬᠢᠯᠢ ᠳᠣᠲᠣᠷᠠᠬᠢ | ᠪᠢᠷᠠᠭᠤ ᠪᠠᠯᠭᠠᠰᠤᠨ ᠤ ᠴᠠᠭᠠᠨ ᠰᠢᠷᠤᠶᠢᠲᠤ ᠲᠤᠰᠬᠤᠨ ᠤ ᠬᠠᠤᠯᠢ ᠶᠣᠰᠣᠨ ᠤ ᠬᠦᠴᠦᠨ ᠲᠠᠢ ᠲᠠᠷᠢᠶᠠᠨ ᠭᠠᠵᠠᠷ ᠤᠨ | ᠥᠮᠴᠢᠯᠡᠯ ᠤᠨ ᠡᠷᠬᠡ ᠨᠢ ᠳᠠᠯᠠᠶᠢᠨᠠᠭᠤᠷ ᠪᠠᠯᠭᠠᠰᠤᠨ ᠳᠤ ᠬᠠᠷᠢᠶᠠᠯᠠᠭᠳᠠᠵᠤ᠂ ᠬᠡᠷᠡᠭᠯᠡᠬᠦ ᠡᠷᠬᠡ ᠨᠢ ᠴᠠᠭᠠᠨ ᠰᠢᠷᠤᠶᠢᠲᠤ | ᠲᠤᠰᠬᠤᠨ ᠤ ᠲᠠᠷᠢᠶᠠᠴᠢᠳ ᠲᠤ ᠬᠠᠷᠢᠶᠠᠯᠠᠭᠳᠠᠵᠤ᠂ ᠮᠦ ᠶᠢᠨ ᠲᠤᠭ᠎ᠠ ᠶᠢ ᠲᠣᠭᠲᠠᠭᠠᠨ᠂ ᠭᠠᠵᠠᠷ ᠢ ᠲᠣᠭᠳᠠᠪᠤᠷᠢᠵᠢᠭᠤᠯᠵᠤ᠂ | ᠳᠡᠩᠰᠡᠯᠡᠨ ᠲᠡᠮᠳᠡᠭᠯᠡᠨ᠎ᠡ︔ ᠳᠡᠭᠡᠷ᠎ᠡ ᠳᠤᠷᠠᠳᠤᠭᠰᠠᠨ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠬᠢᠯᠢ ᠶᠢᠨ ᠵᠠᠭᠠᠭ ᠤᠨ | ᠴᠢᠭᠯᠡᠯ ᠠᠴᠠ ᠭᠠᠳᠠᠨ᠎ᠠ ᠲᠤᠬᠠᠶᠢᠯᠠᠪᠠᠯ ᠪᠢᠷᠠᠭᠤ ᠪᠠᠯᠭᠠᠰᠤ ︵ᠤᠤᠯ ᠤᠨ ᠰᠠᠨ ᠶᠢ ᠰᠢᠶᠠᠩ︶ ᠶᠢᠨ ᠬᠢᠯᠢ ᠲᠤᠳᠤᠷᠠᠬᠢ | ᠳᠠᠯᠠᠶᠢᠨᠠᠭᠤᠷ ᠪᠠᠯᠭᠠᠰᠤ ᠶᠢᠨ ᠮᠠᠯᠴᠢᠨ ᠡᠷᠦᠬᠡ ᠶᠢᠨ ᠪᠣᠳᠠᠲᠠᠢ ᠠᠰᠢᠭᠯᠠᠵᠤ ᠪᠠᠶᠢᠭ᠎ᠠ ᠮᠠᠯ ᠤᠨ ᠪᠡᠯᠴᠢᠭᠡᠷ ᠤᠨ ᠦᠮᠴᠢᠯᠡᠯ ᠤᠨ | ᠡᠷᠬᠡ ᠨᠢ ᠪᠢᠷᠠᠭᠤ ᠪᠠᠯᠭᠠᠰᠤᠨ ᠳᠤ ᠬᠠᠷᠢᠶᠠᠯᠠᠭᠳᠠᠵᠤ᠂ ᠬᠡᠷᠡᠭᠯᠡᠬᠦ ᠡᠷᠬᠡ ᠨᠢ ᠳᠠᠯᠠᠶᠢᠨᠠᠭᠤᠷ ᠪᠠᠯᠭᠠᠰᠤ ᠶᠢᠨ ᠮᠠᠯᠴᠢᠳ ᠲᠤ | ᠬᠠᠷᠢᠶᠠᠯᠠᠭᠳᠠᠨ᠎ᠠ᠃ | ︵ᠬᠤᠶᠠᠷ︶ ᠤᠯᠤᠰ ᠤᠨ ᠥᠮᠴᠢᠯᠡᠯᠲᠦ ᠲᠣᠰᠣ ᠨᠡᠮᠡᠬᠦ ᠦᠷᠳᠡᠭᠡ ᠶᠢ ᠣᠷᠤᠭᠤᠯᠬᠤ ᠲᠤᠬᠠᠢ ᠰᠠᠨᠠᠭᠤᠯᠭ᠎ᠠ ︵19 | ᠳ᠋ᠤᠭᠡᠷ ᠲᠣᠭᠠᠲᠤ ᠰᠠᠨᠠᠭᠤᠯᠭ᠎ᠠ︶᠃ ᠰᠢᠨ ᠺᠠᠢ ᠳ᠋ᠢ ᠰᠢᠶᠠᠩ ᠤᠨ ᠸᠠᠩ ᠶᠦᠨ ᠵᠡᠷᠭᠡ 6 ᠲᠥᠯᠥᠭᠡᠯᠡᠭᠴᠢ ᠰᠢᠨ ᠺᠠᠢ ᠳ᠋ᠢ | ᠰᠢᠶᠠᠩ ᠳᠤ ᠬᠠᠮᠵᠢᠨ ᠳᠤᠮᠳᠠᠳᠤ ᠤᠯᠤᠰ ᠤᠨ ᠴᠢᠯᠠᠭᠤᠨ ᠲᠣᠰᠣᠨ ᠤ ᠠᠵᠤ ᠦᠢᠯᠡᠳᠪᠦᠷᠢ ᠪᠤᠶᠤ ᠳᠤᠮᠳᠠᠳᠤ ᠤᠯᠤᠰ ᠤᠨ | ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠵᠡᠷᠭᠡ ᠤᠯᠤᠰ ᠤᠨ ᠦᠮᠴᠢᠯᠡᠯᠲᠦ ᠲᠣᠰᠣ ᠨᠡᠮᠡᠬᠦ ᠥᠷᠲᠡᠭᠡ ᠶᠢ | ᠣᠷᠣᠭᠤᠯᠤᠨ ᠠᠪᠴᠢᠷᠠᠵᠤ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠲᠥᠬᠦᠮ ᠦᠵᠡᠭᠦᠯᠬᠦ ᠰᠠᠨᠠᠭᠤᠯᠭ᠎ᠠ | ᠳᠤᠷᠠᠳᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠳᠤᠮᠳᠠᠳᠤ ᠤᠯᠤᠰ ᠤᠨ ᠴᠢᠯᠠᠭᠤᠨ ᠲᠣᠰᠣᠨ ᠤ ᠠᠵᠤ ᠦᠢᠯᠡᠳᠪᠦᠷᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ | ᠬᠢᠮᠢ ᠶᠢᠨ ᠠᠵᠤ ᠦᠢᠯᠡᠳᠪᠦᠷᠢ ᠶᠢᠨ ᠤᠯᠤᠰ ᠤᠨ ᠥᠮᠴᠢᠯᠡᠯᠲᠦ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠺᠣᠮᠫᠠᠨᠢ ᠶᠢᠨ | ᠬᠡᠰᠢᠭᠲᠡᠨ ᠬᠤᠰᠢᠭᠤᠨ ᠤ ᠡᠵᠡᠩᠨᠡᠯᠲᠡ ᠶᠢᠨ ᠬᠡᠯᠲᠡᠰ ᠲᠠᠢ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠪᠠ᠂ ᠳᠤᠮᠳᠠᠳᠤ | ᠤᠯᠤᠰ ᠤᠨ ᠴᠢᠯᠠᠭᠤᠨ ᠲᠣᠰᠣᠨ ᠤ ᠠᠵᠤ ᠦᠢᠯᠡᠳᠪᠦᠷᠢ ᠶᠢᠨ ᠺᠣᠮᠫᠠᠨᠢ ᠨᠢ ᠴᠢᠶ᠋ᠢᠦ ᠲᠣᠰᠣ ᠶᠢ ᠡᠳᠦᠷ ᠲᠤ 10 ᠲᠣᠨ ᠠᠴᠠ | ᠳᠡᠭᠡᠭᠰᠢ ᠪᠣᠷᠣᠯᠠᠭᠤᠯᠬᠤ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ ᠨᠢ | ᠴᠢᠶ᠋ᠢᠦ ᠲᠣᠰᠣ᠂ ᠴᠠᠶᠢᠶ᠋ᠢᠦ ᠲᠣᠰᠣ ᠶᠢ ᠵᠢᠯ ᠳᠤ 4000 ᠲᠣᠨ ᠠᠴᠠ ᠳᠡᠭᠡᠭᠰᠢ ᠪᠣᠷᠣᠯᠠᠭᠤᠯᠪᠠᠯ ᠰᠠᠶ᠋ᠢ ᠪᠡᠯᠡ ᠣᠷᠣᠭᠤᠯᠤᠨ | ᠥᠷᠲᠡᠭᠡ ᠪᠠᠶᠢᠭᠤᠯᠵᠤ ᠪᠣᠯᠣᠨ᠎ᠠ᠃ ᠰᠢᠨ ᠺᠠᠢ ᠳ᠋ᠢ ᠰᠢᠶᠠᠩ ᠤᠨ ᠬᠡᠷᠡᠭᠯᠡᠬᠦ ᠲᠤᠰᠤᠨ ᠤ ᠬᠡᠮᠵᠢᠶ᠎ᠡ ᠨᠢ ᠴᠥᠮ ᠪᠡᠯᠡ | ᠣᠷᠣᠭᠤᠯᠤᠯᠲᠠ ᠶᠢᠨ ᠪᠠᠷᠢᠮᠵᠢᠶ᠎ᠠ ᠳᠤ ᠬᠦᠷᠴᠦ ᠴᠢᠳᠠᠬᠤ ᠦᠭᠡᠢ ᠪᠣᠯᠬᠤᠷ ᠲᠦᠷ ᠦᠷᠳᠡᠭᠡ ᠪᠠᠶᠢᠭᠤᠯᠬᠤ ᠰᠠᠨᠠᠭ᠎ᠠ ᠦᠭᠡᠢ | ᠪᠠᠶᠢᠨ᠎ᠠ᠃ | ︵ᠭᠤᠷᠪᠠ︶ ᠪᠢᠷᠠᠭᠤ ᠪᠠᠯᠭᠠᠰᠤᠨ ᠲᠤᠭᠤᠷᠢᠭ ᠤᠨ ᠬᠡᠰᠡᠭ ᠪᠠᠶᠢᠰᠢᠩ ᠭᠡᠷ ᠤᠨ ᠲᠣᠭᠤᠷᠢᠭ ᠢ ᠨᠤᠷᠠᠭᠠᠵᠤ ᠨᠡᠭᠦᠯᠭᠡᠬᠦ | ᠲᠤᠬᠠᠢ ᠰᠠᠨᠠᠭᠤᠯᠭ᠎ᠠ ︵38᠂ 41 ᠳ᠋ᠤᠭᠡᠷ ᠲᠣᠭᠠᠲᠤ ᠰᠠᠨᠠᠭᠤᠯᠭ᠎ᠠ ᠶᠢ ᠨᠡᠶᠢᠯᠡᠭᠦᠯᠦᠭᠰᠡᠨ ᠮᠡᠳᠡᠭᠦᠯᠦᠯᠲᠡ︶᠃ ᠰᠢᠷᠠᠮᠦ᠋ᠷᠡᠨ | ᠵᠡᠭᠡᠯᠢ ᠭᠤᠳᠤᠮᠵᠢ ᠶᠢᠨ ᠲᠥᠯᠥᠭᠡᠯᠡᠭᠴᠢ ᠯᠢ ᠴᠢᠩ ᠬᠤᠸᠠ᠂ ᠸᠠᠩ ᠴᠦᠨ ᠢᠦᠢ ᠠᠴᠠ ᠪᠡᠶ᠎ᠡ ᠶᠢᠨ ᠲᠠᠮᠢᠷ ᠤᠨ ᠲᠠᠯᠠᠪᠠᠶ | ᠶᠢᠨ ᠵᠡᠭᠦᠨ ᠲᠠᠯ᠎ᠠ᠂ ᠰᠢᠷᠠᠮᠦ᠋ᠷᠡᠨ ᠬᠤᠳᠠᠯᠳᠤᠭᠠᠨ ᠤ ᠲᠠᠯᠠᠪᠠᠶ᠂ ᠬᠠᠭᠤᠴᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠠᠩᠭᠢ᠂ | ᠵᠡᠪᠰᠡᠭᠲᠦ ᠬᠦᠴᠦᠨ ᠤ ᠬᠡᠯᠲᠡᠰ ᠤᠨ ᠬᠤᠶᠢᠲᠤ ᠲᠠᠯ᠎ᠠ᠂ ᠵᠠᠰᠠᠭ ᠤᠨ ᠣᠷᠳᠣᠨ ᠤ ᠠᠰᠠᠷ ᠤᠨ ᠪᠠᠷᠠᠭᠤᠨ ᠲᠠᠯ᠎ᠠ᠂ ᠮᠠᠰᠢᠨ | ᠲᠡᠷᠭᠡᠨ ᠤ ᠥᠷᠲᠡᠭᠡᠨ ᠤ ᠡᠮᠦᠨ᠎ᠡ ᠲᠠᠯ᠎ᠠ ᠵᠡᠷᠭᠡ ᠪᠠᠶᠢᠰᠢᠩ ᠭᠡᠷ ᠤᠨ ᠲᠣᠭᠤᠷᠢᠭ ᠢ ᠨᠤᠷᠠᠭᠠᠨ ᠨᠡᠭᠦᠯᠭᠡᠵᠦ᠂ ᠰᠠᠭᠤᠭᠠᠯᠢ | ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ ᠰᠠᠨᠠᠭᠤᠯᠭ᠎ᠠ ᠭᠠᠷᠭᠠᠵᠠᠢ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠥᠬᠦ ᠲᠠᠯ᠎ᠠ ᠶᠢᠨ ᠬᠢᠨᠠᠨ ᠬᠠᠷᠭᠤᠭᠤᠯᠤᠯᠲᠠ ᠬᠢᠵᠦ᠂ | ᠪᠡᠶ᠎ᠡ ᠶᠢᠨ ᠲᠠᠮᠢᠷ ᠤᠨ ᠲᠠᠯᠠᠪᠠᠶ ᠶᠢᠨ ᠵᠡᠭᠦᠨ ᠲᠠᠯ᠎ᠠ ᠶᠢᠨ ᠬᠡᠰᠡᠭ ᠲᠣᠭᠤᠷᠢᠭ ᠲᠤ 2011 ᠣᠨ ᠳᠤ ᠨᠢᠭᠡᠨᠲᠡ ᠲᠠᠲᠠᠪᠤᠷᠢᠯᠠᠬᠤ | ᠲᠣᠭᠲᠠᠭᠠᠯ ᠭᠠᠷᠭᠠᠪᠠ᠂ ᠲᠣᠰ ᠬᠡᠰᠡᠭ ᠲᠣᠭᠤᠷᠢᠭ ᠲᠤ ᠭᠡᠷ᠎ᠡ ᠲᠣᠭᠲᠠᠭᠰᠠᠨ ᠭᠠᠵᠠᠷ ᠢᠶᠠᠨ ᠲᠠᠳᠠᠪᠤᠷᠢᠯᠠᠭᠤᠯᠤᠭᠰᠠᠨ ᠬᠦᠮᠦᠰ | ᠨᠢᠭᠡᠨᠲᠡ ᠰᠢᠩᠴᠧᠩ ᠬᠤᠲᠠ ᠶᠢᠨ ᠾᠧᠩ ᠲᠠᠢ ᠰᠠᠭᠤᠭᠠᠯᠢ ᠲᠣᠭᠤᠷᠢᠭ ᠲᠤ ᠣᠷᠣᠵᠤ ᠰᠠᠭᠤᠵᠠᠢ᠂ ᠦᠯᠡᠳᠡᠭᠰᠡᠨ ᠡᠷᠬᠡ ᠶᠢᠨ | ᠬᠠᠷᠢᠶᠠᠯᠠᠯᠲᠤ ᠬᠥᠮᠥᠨ ᠤ ᠠᠪᠬᠤ ᠪᠠᠷ ᠪᠠᠷᠢᠮᠳᠠᠯᠠᠵᠤ ᠪᠠᠶᠢᠭ᠎ᠠ ᠨᠥᠬᠦᠪᠦᠷᠢ ᠶᠢᠨ ᠲᠤᠭ᠎ᠠ ᠨᠢ ᠬᠡᠲᠦ ᠥᠨᠳᠥᠷ ᠪᠠᠶᠢᠵᠤ᠂ | ᠲᠠᠲᠠᠪᠤᠷᠢᠯᠠᠯᠲᠠ ᠶᠢᠨ ᠨᠥᠬᠦᠪᠦᠷᠢ ᠶᠢᠨ ᠬᠡᠷᠡᠭᠵᠢᠭᠦᠯᠬᠦ ᠲᠥᠰᠥᠯ ᠲᠠᠢ ᠨᠡᠶᠢᠴᠡᠬᠦ ᠦᠭᠡᠢ ᠠᠴᠠ ᠪᠣᠯᠵᠤ ᠭᠡᠷ᠎ᠡ ᠲᠣᠭᠲᠠᠵᠤ | ᠳᠡᠶᠢᠯᠦᠭᠰᠡᠨ ᠦᠭᠡᠢ︔ ᠰᠢᠷᠠᠮᠦ᠋ᠷᠡᠨ ᠬᠤᠳᠠᠯᠳᠤᠭᠠᠨ ᠤ ᠲᠠᠯᠠᠪᠠᠶ᠂ ᠬᠠᠭᠤᠴᠢᠨ ᠵᠠᠮ ᠬᠠᠷᠢᠯᠴᠠᠭᠠᠨ ᠤ ᠴᠠᠭᠳᠠᠭ᠎ᠠ ᠶᠢᠨ | ᠠᠩᠭᠢ ᠶᠢᠨ ᠪᠠᠶᠢᠰᠢᠩ ᠭᠡᠷ ᠤᠨ ᠲᠣᠭᠤᠷᠢᠭ ᠲᠤ ᠲᠠᠲᠠᠪᠤᠷᠢᠯᠠᠬᠤ ᠰᠠᠯᠠᠭ᠎ᠠ ᠮᠥᠴᠢᠷ ᠵᠢᠴᠢ ᠰᠢᠷᠠᠮᠦ᠋ᠷᠡᠨ ᠵᠡᠭᠡᠯᠢ ᠭᠤᠳᠤᠮᠵᠢ | ᠶᠢᠨ ᠬᠠᠮᠢᠶᠠᠷᠤᠯᠳᠠ ᠶᠢᠨ ᠠᠯᠪᠠᠨ ᠭᠡᠷ ᠤᠨ ᠬᠢᠨ ᠣᠯᠠᠨ ᠤᠳᠠᠭ᠎ᠠ ᠰᠠᠨᠠᠯ ᠬᠤᠷᠢᠶᠠᠭᠰᠠᠨ ᠪᠣᠯᠪᠠᠴᠤ ᠵᠥᠪᠰᠢᠶᠡᠷᠡᠭᠰᠡᠨ ᠨᠣᠷᠮ᠎ᠠ | ᠨᠢ ᠴᠥᠮ ᠲᠠᠲᠠᠪᠤᠷᠢᠯᠠᠬᠤ ᠨᠥᠬᠦᠴᠡᠯ ᠳᠤ ᠭᠦᠷᠦᠭᠰᠡᠨ ᠦᠭᠡᠢ ᠤᠴᠢᠷ ᠠᠴᠠ ᠲᠠᠲᠠᠪᠤᠷᠢᠯᠠᠬᠤ ᠠᠵᠢᠯ ᠢ ᠡᠬᠢᠯᠡᠭᠦᠯᠵᠦ | ᠴᠢᠳᠠᠭᠰᠠᠨ ᠦᠭᠡᠢ︔ ᠵᠡᠪᠰᠡᠭᠲᠦ ᠬᠦᠴᠦᠨ ᠤ ᠬᠡᠯᠲᠡᠰ ᠤᠨ ᠬᠤᠶᠢᠲᠤ ᠲᠠᠯ᠎ᠠ᠂ ᠵᠠᠰᠠᠭ ᠤᠨ ᠣᠷᠳᠣᠨ ᠤ ᠠᠰᠠᠷ ᠤᠨ | ᠪᠠᠷᠠᠭᠤᠨ ᠲᠠᠯ᠎ᠠ᠂ ᠮᠠᠰᠢᠨ ᠲᠡᠷᠭᠡᠨ ᠤ ᠥᠷᠲᠡᠭᠡᠨ ᠤ ᠡᠮᠦᠨ᠎ᠡ ᠲᠠᠯ᠎ᠠ ᠵᠡᠷᠭᠡ ᠪᠠᠶᠢᠰᠢᠩ ᠭᠡᠷ ᠤᠨ ᠲᠣᠭᠤᠷᠢᠭ ᠲᠤ᠂ ᠪᠢᠷᠠᠭᠤ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ 2017 ᠣᠨ᠂ 2019 ᠣᠨ ᠳᠤ ᠨᠢᠭᠡᠨᠲᠡ ᠣᠯᠠᠨ ᠤᠳᠠᠭ᠎ᠠ | ᠡᠷᠦᠬᠡ ᠳᠤ ᠬᠦᠷᠴᠦ ᠪᠠᠶᠢᠴᠠᠭᠠᠯᠲᠠ ᠬᠢᠭᠰᠡᠨ ᠪᠥᠭᠡᠳ ᠰᠠᠨᠠᠯ ᠬᠤᠷᠢᠶᠠᠵᠠᠢ᠂ ᠲᠣᠰ ᠬᠡᠰᠡᠭ ᠲᠣᠭᠤᠷᠢᠭ ᠤᠨ ᠰᠠᠭᠤᠭᠠᠯᠢ | ᠠᠷᠠᠳ ᠤᠨ ᠵᠥᠪᠰᠢᠶᠡᠷᠡᠭᠰᠡᠨ ᠨᠣᠷᠮ᠎ᠠ ᠨᠢ ᠲᠠᠲᠠᠪᠤᠷᠢᠯᠠᠬᠤ ᠨᠥᠬᠦᠴᠡᠯ ᠳᠤ ᠬᠦᠷᠴᠦ ᠳᠡᠶᠢᠯᠦᠭᠰᠡᠨ ᠦᠭᠡᠢ ᠪᠣᠯᠬᠤᠷ ᠪᠠᠶᠢᠰᠢᠩ | ᠭᠡᠷ ᠤᠨ ᠲᠣᠭᠤᠷᠢᠭ ᠢ ᠥᠭᠡᠷᠡᠴᠢᠯᠡᠬᠦ ᠲᠦᠷᠦᠯ ᠵᠦᠢᠯ ᠳᠤ ᠣᠷᠣᠭᠤᠯᠤᠭᠰᠠᠨ ᠦᠭᠡᠢ᠃ | ︵ᠳᠥᠷᠪᠡ︶ ᠮᠠᠯᠵᠢᠬᠤ ᠣᠷᠣᠨ ᠤ ᠴᠠᠬᠢᠯᠭᠠᠨ ᠦᠭᠡᠢ ᠬᠡᠰᠡᠭ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠳᠤ | ᠬᠡᠷᠡᠭᠯᠡᠬᠦ ᠴᠠᠬᠢᠯᠭᠠᠨ ᠢ ᠰᠢᠢᠳᠪᠦᠷᠢᠯᠡᠬᠦ ᠲᠤᠬᠠᠢ ᠰᠠᠨᠠᠭᠤᠯᠭ᠎ᠠ ︵65᠂ 80 ᠳ᠋ᠤᠭᠠᠷ ᠲᠣᠭᠠᠲᠤ ᠰᠠᠨᠠᠭᠤᠯᠭ᠎ᠠ ᠶᠢ ᠨᠡᠶᠢᠯᠡᠭᠦᠯᠬᠦ | ᠮᠡᠳᠡᠭᠦᠯᠦᠯᠲᠡ︶᠃ ᠬᠠᠭᠤᠷᠠᠢ ᠬᠦᠷᠢᠶ᠎ᠡ ᠰᠤᠮᠤ ᠶᠢᠨ ᠲᠥᠯᠥᠭᠡᠯᠡᠭᠴᠢ ᠽᠧᠦ ᡁᠢ ᠶᠢᠩ᠂ ᠪᠠᠶᠠᠨᠴᠠᠭᠠᠨ ᠰᠤᠮᠤ ᠶᠢᠨ | ᠬᠦᠷᠡᠯᠪᠠᠭᠠᠨᠠ ᠵᠡᠷᠭᠡ 4 ᠲᠥᠯᠥᠭᠡᠯᠡᠭᠴᠢ ᠠᠴᠠ ᠬᠠᠭᠤᠷᠠᠢ ᠬᠦᠷᠢᠶ᠎ᠡ ᠰᠤᠮᠤ ᠶᠢᠨ ᠬᠠᠭᠤᠷᠠᠢ ᠬᠦᠷᠢᠶ᠎ᠡ ᠨᠡᠶᠢᠭᠡᠮ | ᠲᠣᠭᠤᠷᠢᠭ ᠤᠨ 38 ᠡᠷᠦᠬᠡ᠂ ᠪᠠᠶᠠᠨᠴᠠᠭᠠᠨ ᠰᠤᠮᠤ ᠶᠢᠨ ᠪᠠᠶ᠋ᠬᠠᠠᠭᠤᠯᠠ ᠭᠠᠴᠠᠭ᠎ᠠ ᠶᠢᠨ ᠵᠤᠰᠠᠯᠠᠩ ᠳᠠᠬᠢ ᠴᠠᠬᠢᠯᠭᠠᠨ ᠦᠭᠡᠢ | 5 ᠡᠷᠦᠬᠡ ᠳᠤ ᠴᠠᠬᠢᠯᠭᠠᠨ ᠨᠡᠪᠳᠡᠷᠡᠭᠦᠯᠬᠦ ᠠᠰᠠᠭᠤᠳᠠᠯ ᠢ ᠰᠢᠢᠳᠪᠦᠷᠢᠯᠡᠬᠦ ᠰᠠᠨᠠᠭᠤᠯᠭ᠎ᠠ ᠳᠤᠷᠠᠳᠪᠠ᠃ ᠲᠥᠯᠥᠭᠡᠯᠡᠭᠴᠢᠳ ᠤᠨ | ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠬᠥᠭᠵᠢᠭᠦᠯᠦᠯᠲᠡ ᠬᠢᠭᠡᠳ ᠥᠭᠡᠷᠡᠴᠢᠯᠡᠯᠲᠡ ᠶᠢᠨ ᠵᠥᠪᠯᠡᠯ᠂ | ᠤᠯᠤᠰ ᠤᠨ ᠴᠠᠬᠢᠯᠭᠠᠨ ᠲᠤᠤᠷᠵᠢᠯ ᠤᠨ ᠬᠡᠰᠢᠭᠲᠡᠨ ᠬᠤᠰᠢᠭᠤᠨ ᠳᠠᠬᠢ ᠴᠠᠬᠢᠯᠭᠠᠨ ᠬᠠᠩᠭᠠᠬᠤ ᠺᠣᠮᠫᠠᠨᠢ ᠠᠴᠠ ᠬᠠᠷᠢᠶ᠎ᠠ | ᠣᠷᠤᠨ ᠤ ᠪᠠᠨ ᠴᠠᠬᠢᠯᠭᠠᠨ ᠬᠠᠩᠭᠠᠬᠤ ᠭᠠᠵᠠᠷ ᠢ ᠵᠣᠬᠢᠶᠠᠨ ᠪᠠᠶᠢᠭᠤᠯᠵᠤ ᠴᠠᠬᠢᠯᠭᠠᠨ ᠬᠡᠷᠡᠭᠯᠡᠬᠦ ᠠᠰᠠᠭᠤᠳᠠᠯ ᠤᠨ ᠲᠤᠰᠬᠠᠢ | ᠰᠡᠳᠦᠪᠲᠦ ᠬᠤᠷᠠᠯ ᠬᠢᠵᠦ ᠰᠤᠳᠤᠯᠵᠠᠢ᠃ ᠬᠢᠨᠠᠨ ᠬᠠᠷᠭᠤᠭᠤᠯᠤᠭᠰᠠᠨ ᠢᠶᠠᠷ᠂ ᠬᠠᠭᠤᠷᠠᠢ ᠬᠦᠷᠢᠶ᠎ᠡ ᠰᠤᠮᠤ ᠶᠢᠨ ᠬᠠᠭᠤᠷᠠᠢ | ᠬᠦᠷᠢᠶ᠎ᠡ ᠨᠡᠶᠢᠭᠡᠮ ᠲᠣᠭᠤᠷᠢᠭ ᠤᠨ 38 ᠡᠷᠦᠬᠡ ᠮᠠᠯᠴᠢᠳ ᠤᠨ ᠰᠠᠭᠤᠷᠢᠰᠢᠵᠤ ᠪᠠᠶᠢᠭ᠎ᠠ ᠭᠠᠵᠠᠷ ᠨᠢ ᠮᠠᠯᠵᠢᠯ ᠤᠨ ᠴᠡᠭ | ᠪᠠᠶᠢᠵᠤ᠂ ᠰᠠᠭᠤᠷᠢᠰᠢᠵᠤ ᠪᠠᠶᠢᠭ᠎ᠠ ᠭᠠᠵᠠᠷ ᠨᠢ ᠲᠠᠷᠠᠬᠠᠢ ᠪᠤᠲᠠᠷᠬᠠᠢ ᠪᠤᠶᠤ ᠪᠦᠰᠡᠯᠢᠭ ᠬᠡᠯᠪᠡᠷᠢ ᠲᠠᠢ ᠪᠠᠶᠢᠵᠤ᠂ ᠠᠷᠪᠠᠭᠠᠳ | ᠺᠢᠯᠣᠮᠧᠲᠷ ᠦᠷᠭᠦᠯᠵᠢᠯᠡᠭᠰᠡᠨ ᠮᠥᠷᠲᠡᠭᠡᠨ ᠴᠠᠬᠢᠯᠭᠠᠨ ᠤ ᠲᠣᠣᠷ ᠤᠨ ᠪᠦᠷᠬᠦᠴᠡ ᠶᠢᠨ ᠣᠷᠣᠨ ᠳᠤ ᠪᠠᠶᠢᠬᠤ ᠦᠭᠡᠢ︔ | ᠪᠠᠶᠠᠨᠴᠠᠭᠠᠨ ᠰᠤᠮᠤ ᠶᠢᠨ ᠪᠠᠶ᠋ᠬᠠᠠᠭᠤᠯᠠ ᠭᠠᠴᠠᠭ᠎ᠠ ᠶᠢᠨ 5 ᠡᠷᠦᠬᠡ ᠮᠠᠯᠴᠢᠳ ᠤᠨ ᠴᠠᠬᠢᠯᠭᠠᠨ ᠦᠭᠡᠢ ᠣᠷᠣᠨ ᠪᠦᠰᠡ ᠨᠢ | ᠵᠣᠨ ᠤ ᠤᠯᠠᠷᠢᠯ ᠤᠨ ᠮᠠᠯᠵᠢᠯ ᠤᠨ ᠴᠡᠭ ᠪᠠᠶᠢᠵᠤ᠂ ᠣᠷᠣᠨ ᠪᠦᠰᠡ ᠨᠢ ᠲᠠᠷᠠᠬᠠᠢ ᠪᠤᠲᠠᠷᠬᠠᠢ ᠪᠥᠭᠡᠳ ᠴᠠᠬᠢᠯᠭᠠᠨ ᠤ | ᠲᠣᠣᠷ ᠤᠨ ᠪᠦᠷᠬᠦᠴᠡ ᠶᠢᠨ ᠬᠡᠪᠴᠢᠶᠡᠨ ᠳᠤ ᠪᠠᠶᠢᠬᠤ ᠦᠭᠡᠢ᠃ ︽ᠪᠤᠶᠢᠳᠠ ᠪᠥᠭᠯᠡᠭᠦᠦ ᠮᠠᠯᠵᠢᠬᠤ ᠲᠠᠷᠢᠶᠠᠯᠠᠬᠤ ᠣᠷᠣᠨ ᠤ | ᠬᠡᠷᠡᠭᠯᠡᠬᠦ ᠴᠠᠬᠢᠯᠭᠠᠨ ᠢ ᠲᠠᠰ ᠳᠡᠪᠰᠢᠭᠦᠯᠬᠦ ᠢᠨᠵᠧᠨᠧᠷᠢᠩ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ﹇2017﹈ | 66 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠴᠠᠬᠢᠯᠭᠠᠨ ᠬᠠᠩᠭᠠᠬᠤ ᠶᠠᠰᠤ ᠴᠢᠨᠠᠷ ᠪᠠ ᠪᠡᠯᠡ | ᠣᠷᠣᠭᠤᠯᠤᠯᠲᠠ ᠶᠢᠨ ᠵᠦᠢ ᠵᠣᠬᠢᠰᠲᠠᠢ ᠴᠢᠨᠠᠷ ᠢ ᠪᠠᠲᠤᠯᠠᠬᠤ ᠬᠤᠶᠠᠷ ᠲᠠᠯ᠎ᠠ ᠠᠴᠠ ᠪᠤᠳᠤᠯᠬᠢᠯᠠᠪᠠᠯ ᠲᠣᠰ 43 ᠡᠷᠦᠬᠡ ᠳᠤ | ᠴᠠᠬᠢᠯᠭᠠᠨ ᠲᠣᠣᠷ ᠢ ᠤᠷᠲᠤᠳᠬᠠᠨ ᠴᠠᠬᠢᠯᠭᠠᠨ ᠬᠠᠩᠭᠠᠬᠤ ᠨᠥᠬᠦᠴᠡᠯ ᠢ ᠬᠠᠷᠠᠬᠠᠨ ᠪᠦᠷᠢᠯᠳᠦᠭᠦᠯᠦᠭᠡᠳᠦᠢ᠃ ᠳᠠᠷᠠᠭᠠᠴᠢ ᠶᠢᠨ | ᠠᠯᠬᠤᠮ ᠳᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ ᠴᠠᠬᠢᠯᠭᠠᠨ ᠦᠭᠡᠢ ᠡᠷᠦᠬᠡ ᠳᠤ | ᠴᠠᠬᠢᠯᠭᠠᠨ ᠨᠡᠪᠲᠡᠷᠡᠭᠦᠯᠬᠦ ᠠᠰᠠᠭᠤᠳᠠᠯ ᠢ ᠰᠢᠢᠳᠪᠦᠷᠢᠯᠡᠬᠦ ᠶᠢ ᠰᠤᠳᠤᠯᠵᠤ᠂ ᠴᠠᠬᠢᠯᠭᠠᠨ ᠬᠠᠩᠭᠠᠬᠤ ᠺᠣᠮᠫᠠᠨᠢ ᠠᠴᠠ ᠲᠥᠷᠥᠯ | ᠵᠦᠢᠯ ᠤᠨ ᠨᠥᠭᠡᠴᠡᠯᠡᠬᠦ ᠲᠥᠯᠦᠪᠵᠢᠭᠦᠯᠭᠡ ᠶᠢᠨ ᠬᠥᠮᠥᠷᠭᠡ ᠳᠤ ᠲᠦᠷᠭᠡᠨ ᠮᠡᠳᠡᠭᠦᠯᠵᠦ᠂ ᠪᠡᠯᠡ ᠮᠥᠩᠭᠦ ᠣᠯᠬᠤ ᠪᠠᠷ | ᠢᠳᠡᠪᠬᠢᠲᠡᠢ ᠴᠢᠷᠮᠠᠶᠢᠵᠤ ᠪᠠᠶᠢᠭᠠᠳ ᠠᠯᠬᠤᠮ ᠠᠯᠬᠤᠮ ᠢᠶᠠᠷ ᠰᠢᠢᠳᠪᠦᠷᠢᠯᠡᠨ᠎ᠡ᠃ | ︵ᠲᠠᠪᠤ︶ ᠤᠯᠠᠭᠠᠨᠪᠤᠳᠤᠩ ᠰᠤᠮᠤ ᠶᠢᠨ ᠲᠡᠯ ᠬᠠᠳᠠ ᠭᠠᠴᠠᠭ᠎ᠠ ᠶᠢᠨ ᠬᠠᠳᠤᠯᠠᠩ ᠪᠡᠯᠴᠢᠭᠡᠷ ᠤᠨ ᠡᠷᠬᠡ ᠶᠢ ᠨᠤᠲᠠᠯᠠᠨ | ᠲᠣᠭᠲᠠᠭᠠᠬᠤ ᠲᠤᠬᠠᠢ ᠰᠠᠨᠠᠭᠤᠯᠭ᠎ᠠ ︵72 ᠳ᠋ᠤᠭᠠᠷ ᠲᠣᠭᠠᠲᠤ ᠰᠠᠨᠠᠭᠤᠯᠭ᠎ᠠ︶᠃ᠤᠯᠠᠭᠠᠨᠪᠤᠳᠤᠩ ᠰᠤᠮᠤ ᠶᠢᠨ | ᠲᠥᠯᠥᠭᠡᠯᠡᠭᠴᠢ ᠭᠤᠤ ᠰᠢᠶᠣᠣ ᠯᠢ ᠠᠴᠠ ᠤᠯᠠᠭᠠᠨᠪᠤᠳᠤᠩ ᠰᠤᠮᠤ ᠶᠢᠨ ᠬᠡᠰᠡᠭ ᠭᠠᠵᠠᠷ ᠣᠷᠣᠨ ᠤ ᠬᠠᠳᠤᠯᠠᠩ ᠪᠡᠯᠴᠢᠭᠡᠷ ᠤᠨ | ᠡᠷᠬᠡ ᠶᠢ ᠬᠤᠪᠢ ᠬᠥᠮᠥᠨ ᠳᠤ ᠨᠤᠲᠠᠯᠠᠨ ᠥᠭᠬᠦ ᠶᠢ ᠰᠠᠨᠠᠭᠤᠯᠪᠠ᠃ | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠣᠶ ᠰᠢᠭᠤᠢ ᠨᠤᠲᠤᠭ | ᠪᠡᠯᠴᠢᠭᠡᠷ ᠤᠨ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠂ ᠭᠡᠪᠡᠴᠦ ᠲᠡᠯ ᠬᠠᠳᠠ ᠭᠠᠴᠠᠭᠠᠨ ᠤ ᠬᠠᠳᠤᠯᠠᠩ | ᠪᠡᠯᠴᠢᠭᠡᠷ ᠤᠨ ᠰᠢᠨᠵᠢ ᠴᠢᠨᠠᠷ ᠨᠢ ᠴᠡᠷᠢᠭ ᠤᠨ ᠶᠠᠪᠤᠳᠠᠯ ᠳᠤ ᠬᠡᠷᠡᠭᠯᠡᠬᠦ ᠭᠠᠵᠠᠷ ᠪᠣᠯᠬᠤᠷ ᠡᠷᠬᠡ ᠶᠢᠨ ᠬᠠᠷᠢᠶ᠎ᠠ ᠨᠢ ᠿᠦᠩ | ᠲᠦᠩ ᠲᠠᠷᠢᠶᠠᠯᠠᠩ ᠤᠨ ᠬᠥᠭᠵᠢᠯᠲᠡ ᠶᠢᠨ ᠬᠤᠩᠱᠠᠨ ᠴᠡᠷᠢᠭ ᠤᠨ ᠠᠭᠳᠠ ᠶᠢᠨ ᠲᠠᠯᠠᠪᠠᠢ ᠶᠢᠨ ᠥᠪᠥᠷ ᠮᠣᠩᠭᠤᠯ ᠤᠨ | ᠬᠢᠵᠠᠭᠠᠷᠲᠤ ᠺᠣᠮᠫᠠᠨᠢ ︵ᠤᠤᠯ ᠤᠨ ᠪᠡᠭᠡᠵᠢᠩ ᠤᠨ ᠴᠡᠷᠢᠭ ᠤᠨ ᠲᠣᠭᠤᠷᠢᠭ ᠤᠨ ᠬᠤᠩᠱᠠᠨ ᠴᠡᠷᠢᠭ ᠤᠨ ᠠᠭᠳᠠ ᠶᠢᠨ | ᠲᠠᠯᠠᠪᠠᠢ︶ ᠳᠤ ᠬᠠᠷᠢᠶᠠᠯᠠᠭᠳᠠᠵᠤ᠂ ᠣᠯᠠᠨ ᠵᠢᠯ ᠤᠨ ᠲᠤᠷᠰᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ | ᠤᠯᠠᠭᠠᠨᠪᠤᠳᠤᠩ ᠰᠤᠮᠤ ᠶᠢᠨ ᠲᠡᠯ ᠬᠠᠳᠠ ᠭᠠᠴᠠᠭ᠎ᠠ ᠶᠢᠨ ᠬᠠᠳᠤᠯᠠᠩ ᠪᠡᠯᠴᠢᠭᠡᠷ ᠵᠢᠴᠢ ᠨᠡᠶᠢᠭᠡᠮ ᠤᠨ ᠬᠡᠷᠡᠭ ᠶᠠᠪᠤᠳᠠᠯ ᠤᠨ | ᠡᠷᠬᠡ ᠶᠢᠨ ᠬᠠᠷᠢᠶᠠᠯᠠᠯ ᠤᠨ ᠬᠠᠮᠢᠶ᠎ᠠ ᠪᠦᠬᠦᠢ ᠶᠠᠪᠤᠳᠠᠯ ᠤᠨ ᠲᠤᠬᠠᠢ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ | ᠵᠢᠴᠢ ᠥᠪᠡᠷᠲᠡᠭᠡᠨ ᠵᠠᠰᠠᠬᠤ ᠣᠷᠣᠨ ᠤ ᠴᠡᠷᠢᠭ ᠠᠷᠠᠳ ᠢ ᠠᠭᠤᠰᠤᠯᠴᠠᠭᠤᠯᠤᠨ ᠬᠦᠭᠵᠢᠭᠦᠯᠬᠦ ᠠᠯᠪᠠᠨ ᠭᠡᠷ ᠵᠡᠷᠭᠡ ᠬᠠᠮᠢᠶ᠎ᠠ | ᠪᠦᠬᠦᠢ ᠰᠠᠯᠠᠭ᠎ᠠ ᠮᠥᠴᠢᠷ ᠲᠤ ᠢᠳᠡᠪᠬᠢᠲᠡᠢ ᠪᠠᠷ ᠮᠡᠳᠡᠭᠦᠯᠵᠦ᠂ ᠬᠠᠮᠢᠶ᠎ᠠ ᠪᠦᠬᠦᠢ ᠪᠠᠶᠢᠳᠠᠯ ᠤᠨ ᠲᠣᠳᠣᠷᠬᠠᠶᠢᠯᠠᠯᠲᠠ᠂ ᠭᠡᠷᠡᠴᠢ | ᠮᠠᠲ᠋ᠧᠷᠢᠶᠠᠯ᠂ ᠰᠠᠨᠠᠯ ᠰᠠᠨᠠᠭᠤᠯᠭ᠎ᠠ ᠶᠢ ᠬᠠᠩᠭᠠᠭᠰᠠᠨ ᠪᠣᠯᠪᠠᠴᠤ ᠣᠲᠣ ᠪᠣᠯᠲᠠᠯ᠎ᠠ ᠲᠣᠳᠣᠷᠬᠠᠢ ᠬᠠᠷᠢᠭᠤᠯᠲᠠ ᠥᠭᠭᠦᠭᠡ ᠦᠭᠡᠢ᠃ | ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠰᠢᠢᠳᠪᠦᠷᠢᠯᠡᠬᠦ ᠲᠥᠰᠥᠯ ᠳᠤᠷᠠᠳᠤᠭᠰᠠᠨ ᠤ ᠳᠠᠷᠠᠭ᠎ᠠ᠂ ᠬᠠᠳᠤᠯᠠᠩ | ᠪᠡᠯᠴᠢᠭᠡᠷ ᠤᠨ ᠡᠷᠬᠡ ᠶᠢ ᠠᠯᠬᠤᠮ ᠠᠯᠬᠤᠮ ᠢᠶᠠᠷ ᠨᠤᠲᠠᠯᠠᠨ ᠲᠣᠭᠲᠠᠭᠠᠨ᠎ᠠ᠃ | ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠳᠤᠷᠠᠳᠤᠭᠰᠠᠨ ᠶᠠᠪᠤᠳᠠᠯ ᠪᠣᠯ ᠵᠠᠰᠠᠭ ᠤᠨ | ᠣᠷᠳᠣᠨ ᠤ ᠠᠵᠢᠯ ᠢ ᠢᠲᠡᠭᠡᠵᠦ ᠳᠡᠮᠵᠢᠭᠰᠡᠨ ᠤ ᠢᠯᠡᠷᠡᠯ ᠮᠥᠨ᠃ ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ᠂ | ᠰᠢᠭᠦᠮᠵᠢᠯᠡᠯ ᠪᠠ ᠰᠠᠨᠠᠯ ᠢ ᠰᠠᠶᠢᠲᠤᠷ ᠰᠢᠢᠳᠪᠦᠷᠢᠯᠡᠬᠦ ᠪᠣᠯ ᠵᠠᠰᠠᠭ ᠤᠨ ᠣᠷᠳᠣᠨ ᠤ ᠤᠯᠠᠨ ᠤ ᠤᠶᠤᠨ ᠤᠬᠠᠭᠠᠨ ᠢ | ᠨᠢᠭᠲᠠᠷᠠᠭᠤᠯᠵᠤ᠂ ᠠᠷᠠᠳ ᠤᠨ ᠠᠮᠢᠳᠤᠷᠠᠯ ᠤᠨ ᠠᠩᠬᠠᠷᠤᠯ ᠳᠤ ᠬᠠᠷᠢᠭᠤ ᠥᠭᠴᠦ᠂ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠠᠬᠢᠭᠤᠯᠬᠤ ᠶᠢᠨ ᠢᠯᠡᠷᠡᠯ ᠮᠥᠨ᠃ ᠰᠢᠢᠳᠪᠦᠷᠢᠯᠡᠬᠦ ᠶᠠᠪᠤᠴᠠ ᠳᠤ ᠪᠢᠳᠡ ᠭᠤᠣᠯᠳᠠᠭᠤ ᠳᠣᠣᠷᠠᠬᠢ ᠮᠡᠲᠦ | ᠪᠣᠳᠠᠲᠠᠢ ᠠᠷᠭ᠎ᠠ ᠬᠡᠮᠵᠢᠶ᠎ᠡ ᠶᠢ ᠠᠪᠴᠠᠢ᠄ ᠨᠢᠭᠡ ᠳᠤ ᠰᠢᠢᠳᠪᠦᠷᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠡᠭᠦᠰᠦᠭᠰᠡᠨ ᠤ ᠳᠠᠷᠠᠭ᠎ᠠ᠂ ᠵᠥᠪᠯᠡᠯᠭᠡ ᠶᠢ ᠬᠢᠨᠠᠨ ᠪᠠᠶᠢᠴᠠᠭᠠᠬᠤ | ᠺᠣᠮᠢᠰ ᠠᠴᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠰᠢᠢᠳᠪᠦᠷᠢᠯᠡᠭᠦᠯᠬᠦ ᠰᠠᠨᠠᠭᠤᠯᠭ᠎ᠠ᠂ ᠰᠢᠭᠦᠮᠵᠢᠯᠡᠯ ᠪᠠ | ᠰᠠᠨᠠᠯ ᠢ ᠲᠤᠭᠳᠠᠭᠠᠪᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠨᠢ ᠨᠠᠷᠢᠨ ᠬᠢᠨᠠᠮᠠᠭᠠᠢ ᠡᠮᠬᠢᠯᠡᠨ | ᠳᠢᠭᠯᠡᠵᠦ᠂ ᠲᠣᠰ ᠲᠣᠰ ᠲᠤᠨᠢ ᠬᠤᠯᠪᠣᠭᠳᠠᠯ ᠪᠦᠬᠦᠢ ᠨᠢᠭᠡᠴᠡ ᠳᠤ ᠰᠢᠯᠵᠢᠭᠦᠯᠵᠦ ᠲᠤᠰᠢᠶᠠᠨ ᠭᠦᠢᠴᠡᠳᠬᠡᠭᠦᠯᠵᠦ᠂ ᠡᠯ᠎ᠡ | ᠳᠡᠳ᠋ ᠬᠤᠰᠢᠭᠤᠨ ᠳᠠᠷᠤᠭ᠎ᠠ ᠨᠢ ᠬᠤᠪᠢᠳᠠᠨ ᠬᠠᠮᠢᠶᠠᠷᠴᠤ ᠪᠦᠬᠦᠢ ᠬᠦᠷᠢᠶ᠎ᠡ ᠬᠡᠪᠴᠢᠶᠡᠨ ᠳᠠᠬᠢ ᠳᠠᠭᠠᠭᠠᠨ ᠭᠦᠢᠴᠡᠳᠬᠡᠬᠦ | ᠡᠭᠦᠷᠭᠡ ᠶᠢ ᠵᠣᠬᠢᠴᠠᠭᠤᠯᠤᠨ ᠶᠡᠷᠦᠩᠬᠡᠶᠢᠯᠡᠨ ᠠᠳᠬᠤᠵᠤ᠂ ᠵᠠᠰᠠᠭ ᠤᠨ ᠣᠷᠳᠣᠨ ᠤ ᠠᠯᠪᠠᠨ ᠭᠡᠷ ᠨᠢ ᠬᠢᠨᠠᠨ ᠵᠢᠯᠤᠭᠤᠳᠴᠤ | ᠵᠣᠬᠢᠴᠠᠭᠤᠯᠬᠤ ᠶᠢ ᠬᠠᠷᠢᠭᠤᠴᠠᠵᠤ᠂ ᠡᠯ᠎ᠡ ᠳᠠᠭᠠᠭᠠᠨ ᠭᠦᠢᠴᠡᠳᠬᠡᠬᠦ ᠨᠢᠭᠡᠴᠡ ᠨᠢ ᠳᠠᠭᠠᠭᠠᠨ ᠭᠦᠢᠴᠡᠳᠬᠡᠬᠦ ᠡᠭᠦᠷᠭᠡ ᠶᠢ | ᠪᠣᠳᠠᠲᠠᠢ ᠭᠦᠢᠴᠡᠳᠬᠡᠬᠦ ᠶᠢ ᠬᠠᠷᠢᠭᠤᠴᠠᠪᠠ᠃ ᠡᠯ᠎ᠡ ᠳᠠᠭᠠᠭᠠᠨ ᠭᠦᠢᠴᠡᠳᠬᠡᠬᠦ ᠨᠢᠭᠡᠴᠡ ᠨᠢ ᠭᠤᠣᠯ ᠤᠳᠤᠷᠢᠳᠤᠯᠭ᠎ᠠ | ᠶᠡᠷᠦᠩᠬᠡᠢ ᠬᠠᠷᠢᠭᠤᠴᠠᠯᠭ᠎ᠠ ᠶᠢ ᠬᠠᠷᠢᠭᠤᠴᠠᠬᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠰᠢᠭᠤᠳ ᠠᠳᠬᠤᠬᠤ᠂ ᠳᠠᠭᠠᠭᠠᠨ | ᠭᠦᠢᠴᠡᠳᠬᠡᠬᠦ ᠠᠵᠢᠯᠲᠠᠨ ᠪᠣᠳᠠᠲᠠᠢ ᠭᠦᠢᠴᠡᠳᠬᠡᠬᠦ᠂ ᠠᠯᠪᠠᠨ ᠭᠡᠷ ᠶᠡᠷᠦᠩᠬᠡᠶᠢᠯᠡᠨ ᠵᠣᠬᠢᠴᠠᠭᠤᠯᠬᠤ ︽3+1︾ ᠶᠢᠨ | ᠭᠦᠢᠴᠡᠳᠬᠡᠬᠦ ᠬᠠᠷᠢᠭᠤᠴᠠᠯᠭ᠎ᠠ ᠶᠢᠨ ᠳᠦᠷᠢᠮ ᠢ ᠪᠠᠷᠢᠮᠲᠠᠯᠠᠵᠤ᠂ ᠪᠥᠬᠦ ᠬᠤᠰᠢᠭᠤᠨ ᠳᠤ ᠣᠯᠠᠨ ᠲᠠᠰ ᠳᠠᠪᠬᠤᠷᠭ᠎ᠠ ᠶᠢᠨ ᠪᠥᠬᠦ | ᠲᠠᠯ᠎ᠠ ᠶᠢᠨ ᠲᠥᠯᠥᠭᠡᠯᠡᠭᠴᠢ ᠶᠢᠨ ᠰᠠᠨᠠᠭᠤᠯᠭ᠎ᠠ ᠶᠢ ᠭᠦᠢᠴᠡᠳᠬᠡᠬᠦ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠯᠳᠦᠭᠦᠯᠪᠡ᠃ | ᠬᠤᠶᠠᠷ ᠲᠤ ᠰᠢᠢᠳᠪᠦᠷᠢᠯᠡᠬᠦ ᠲᠠᠰ ᠳᠠᠷᠠᠭᠠᠯᠠᠯ ᠢ ᠴᠢᠩᠭᠠᠳᠬᠠᠪᠠ᠃ ᠡᠯ᠎ᠡ ᠳᠠᠭᠠᠭᠠᠨ ᠰᠢᠢᠳᠪᠦᠷᠢᠯᠡᠬᠦ ᠨᠢᠭᠡᠴᠡ | ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠢᠳᠪᠦᠷᠢᠯᠡᠬᠦ ᠶᠠᠪᠤᠴᠠ ᠳᠤ᠂ ᠤᠲᠠᠰᠤ ᠪᠠᠷ ᠶᠠᠷᠢᠯᠴᠠᠬᠤ᠂ | ᠰᠤᠷᠪᠤᠯᠵᠢᠯᠠᠬᠤ᠂ ᠶᠠᠷᠢᠯᠴᠠᠬᠤ ᠬᠤᠷᠠᠯ ᠡᠷᠬᠢᠯᠡᠬᠦ ᠵᠡᠷᠭᠡ ᠬᠡᠯᠪᠡᠷᠢ ᠪᠠᠷ ᠰᠠᠨᠠᠭᠠᠴᠢᠯᠠᠭ᠎ᠠ ᠠᠴᠠ ᠪᠠᠨ ᠲᠥᠯᠥᠭᠡᠯᠡᠭᠴᠢᠳ ᠲᠠᠢ | ᠬᠠᠷᠢᠯᠴᠠᠵᠤ᠂ ᠲᠥᠯᠥᠭᠡᠯᠡᠭᠴᠢᠳ ᠤᠨ ᠰᠠᠨᠠᠯ ᠢ ᠭᠦᠢᠴᠡᠳ ᠬᠤᠷᠢᠶᠠᠭᠰᠠᠨ ᠪᠥᠭᠡᠳ ᠲᠥᠯᠥᠭᠡᠯᠡᠭᠴᠢ ᠥᠪᠡᠷ ᠢᠶᠠᠨ ︽ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠳᠤ ᠬᠠᠷᠢᠭᠤᠯᠲᠠ ᠦᠭᠴᠦ | ᠰᠢᠢᠳᠪᠦᠷᠢᠯᠡᠭᠰᠡᠨ ᠰᠠᠨᠠᠯ ᠬᠤᠷᠢᠶᠠᠬᠤ ᠬᠦᠰᠦᠨᠦᠭᠲᠦ︾ ᠶᠢ ᠲᠠᠭᠯᠠᠵᠤ᠂ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ | ᠴᠥᠮ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠤ ᠳᠠᠷᠠᠭᠠᠬᠢ 3 ᠰᠠᠷ᠎ᠠ ᠶᠢᠨ ᠳᠣᠲᠣᠷ᠎ᠠ ᠰᠢᠢᠳᠪᠦᠷᠢᠯᠡᠵᠦ ᠳᠠᠭᠤᠰᠬᠠᠪᠠ᠃ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠡᠯ᠎ᠡ ᠳᠠᠭᠠᠭᠠᠨ ᠭᠦᠢᠴᠡᠳᠬᠡᠬᠦ ᠨᠢᠭᠡᠴᠡ ᠶᠢᠨ | ᠬᠠᠷᠢᠭᠤ ᠥᠭᠭᠦᠭᠰᠡᠨ ᠰᠠᠨᠠᠯ ᠢ ᠬᠤᠷᠢᠶᠠᠩᠭᠤᠶᠢᠯᠠᠵᠤ᠂ ᠡᠯ᠎ᠡ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠶᠢᠨ ᠰᠠᠨᠠᠯ ᠢ | ᠲᠣᠰ ᠲᠣᠰ ᠬᠤᠷᠢᠶᠠᠭᠰᠠᠨ ᠤ ᠳᠠᠷᠠᠭ᠎ᠠ᠂ ︽ᠬᠡᠰᠢᠭᠲᠡᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯᠳᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ | ᠰᠢᠭᠦᠮᠵᠢᠯᠡᠯ ᠪᠠ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︾ ᠶᠢ ᠪᠣᠶ ᠪᠣᠯᠭᠠᠵᠤ᠂ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠪᠠ᠃ ᠭᠤᠷᠪᠠ ᠳᠤ ᠱᠠᠭᠠᠷᠳᠠᠨ | ᠪᠠᠶᠢᠴᠠᠭᠠᠵᠤ ᠱᠠᠭᠠᠷᠳᠠᠨ ᠭᠦᠢᠴᠡᠳᠬᠡᠬᠦ ᠶᠢ ᠴᠢᠩᠭᠠᠳᠬᠠᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠭᠡᠷ ᠠᠴᠠ ᠱᠠᠭᠠᠷᠳᠠᠨ ᠪᠠᠶᠢᠴᠠᠭᠠᠬᠤ ᠲᠠᠰᠤᠭ᠂ ᠨᠠᠷᠢᠨ ᠪᠢᠴᠢᠭᠡᠴᠢ ᠶᠢᠨ ᠭᠡᠷ ᠢ ᠡᠯ᠎ᠡ ᠳᠠᠭᠠᠭᠠᠨ ᠭᠦᠢᠴᠡᠳᠬᠡᠬᠦ ᠨᠢᠭᠡᠴᠡ ᠶᠢᠨ | ᠰᠢᠢᠳᠪᠦᠷᠢᠯᠡᠭᠰᠡᠨ ᠪᠠᠶᠢᠳᠠᠯ ᠢ ᠮᠥᠷᠳᠡᠨ ᠱᠠᠭᠠᠷᠳᠠᠨ ᠰᠢᠢᠳᠪᠦᠷᠢᠯᠡᠭᠦᠯᠬᠦ ᠪᠠᠷ ᠲᠠᠭᠠᠭᠠᠯᠭᠠᠬᠤ ᠶᠢᠨ ᠬᠠᠮᠲᠤ ᠳᠠᠭᠠᠭᠠᠨ | ᠰᠢᠢᠳᠪᠦᠷᠢᠯᠡᠬᠦ ᠨᠢᠭᠡᠴᠡ ᠶᠢᠨ ᠬᠠᠷᠢᠭᠤᠯᠲᠠ ᠶᠢ ᠬᠢᠨᠠᠨ ᠬᠠᠷᠭᠤᠭᠤᠯᠵᠤ᠂ ᠱᠠᠭᠠᠷᠳᠠᠯᠭ᠎ᠠ ᠳᠤ ᠨᠡᠶᠢᠴᠡᠬᠦ ᠦᠭᠡᠢ | ᠬᠠᠷᠢᠭᠤᠯᠲᠠ ᠶᠢ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠳᠤ ᠪᠤᠴᠠᠭᠠᠨ ᠥᠭᠴᠦ ᠳᠠᠬᠢᠨ ᠰᠢᠨ᠎ᠡ ᠪᠠᠷ | ᠰᠢᠢᠳᠪᠦᠷᠢᠯᠡᠭᠦᠯᠬᠦ ᠶᠢᠨ ᠬᠠᠮᠲᠤ ᠠᠷᠠᠳ ᠤᠨ ᠲᠥᠯᠥᠭᠡᠯᠡᠭᠴᠢ ᠶᠢᠨ ᠰᠠᠨᠠᠭᠤᠯᠭ᠎ᠠ ᠶᠢ ᠭᠦᠢᠴᠡᠳᠬᠡᠭᠰᠡᠨ ᠪᠠᠶᠢᠳᠠᠯ ᠢ ᠡᠯ᠎ᠡ ᠰᠤᠮᠤ | ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠤᠳᠤᠷᠢᠳᠬᠤ ᠪᠠᠭ | ᠪᠣᠯᠣᠨ ᠤᠳᠤᠷᠢᠳᠬᠤ ᠺᠠᠳ᠋ᠷ ᠤᠨ ᠪᠣᠳᠠᠲᠤ ᠠᠮᠵᠢᠯᠲᠠ ᠶᠢᠨ ᠬᠢᠨᠠᠨ ᠰᠢᠯᠭᠠᠯᠲᠠ ᠳᠤ ᠣᠷᠣᠭᠤᠯᠪᠠ᠃ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠡᠯ᠎ᠡ ᠳᠠᠭᠠᠭᠠᠨ ᠭᠦᠢᠴᠡᠳᠬᠡᠬᠦ ᠨᠢᠭᠡᠴᠡ ᠲᠠᠢ | ᠬᠠᠮᠲᠤᠷᠠᠨ ᠨᠠᠷᠢᠨ ᠬᠢᠨᠠᠮᠠᠭᠠᠢ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠡᠷᠬᠡ ᠲᠤᠰᠢᠶᠠᠯ ᠤᠨ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ | ᠪᠦᠬᠦᠨ ᠢ ᠠᠯᠢ ᠴᠢᠳᠠᠬᠤ ᠪᠠᠷ ᠨᠠᠶᠢᠳᠠᠪᠤᠷᠢᠵᠢᠭᠤᠯᠪᠠ᠃ ᠭᠡᠪᠡᠴᠦ ᠨᠥᠬᠦᠴᠡᠯ ᠤᠨ ᠬᠢᠵᠠᠭᠠᠷᠯᠠᠯ ᠠᠴᠠ ᠪᠣᠯᠵᠤ᠂ | ᠲᠥᠯᠥᠭᠡᠯᠡᠭᠴᠢᠳ ᠤᠨ ᠳᠤᠷᠠᠳᠤᠭᠰᠠᠨ ᠵᠠᠷᠢᠮ ᠠᠰᠠᠭᠤᠳᠠᠯ ᠢ ᠠᠪᠤᠨ ᠳᠣᠣᠷ᠎ᠠ ᠪᠠᠨ ᠰᠢᠢᠳᠪᠦᠷᠢᠯᠡᠵᠦ ᠳᠡᠶᠢᠯᠬᠦ ᠦᠭᠡᠢ | ᠪᠠᠶᠢᠨ᠎ᠠ᠂ ᠪᠢᠳᠡ ᠲᠥᠯᠥᠭᠡᠯᠡᠭᠴᠢᠳ ᠯᠦᠭᠡ ᠶᠢᠨ ᠨᠡᠪᠲᠡᠷᠡᠯᠴᠡᠭᠡ ᠪᠠᠨ ᠦᠷᠭᠦᠯᠵᠢᠯᠡᠨ ᠴᠢᠩᠭᠠᠳᠬᠠᠵᠤ᠂ | ᠲᠥᠯᠥᠭᠡᠯᠡᠭᠴᠢᠳ ᠤᠨ ᠣᠶᠢᠯᠠᠭᠠᠯᠲᠠ ᠪᠠ ᠳᠡᠮᠵᠢᠯᠭᠡ ᠶᠢ ᠣᠯᠬᠤ ᠶᠢ ᠦᠨᠡᠨ ᠬᠦ ᠪᠠᠲᠤᠯᠠᠬᠤ ᠪᠤᠯᠤᠨ᠎ᠠ᠃ | ᠬᠤᠶᠢᠰᠢᠳᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠳᠤᠷᠠᠳᠤᠭᠰᠠᠨ | ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠭᠦᠢᠴᠡᠳᠬᠡᠬᠦ ᠪᠠ ᠨᠠᠶᠢᠳᠠᠪᠤᠷᠢᠵᠢᠭᠤᠯᠬᠤ ᠶᠢ ᠠᠷᠠᠳᠴᠢᠯᠠᠯ ᠢ ᠴᠢᠩᠭᠠᠳᠬᠠᠬᠤ᠂ | ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠦᠪᠰᠢᠨ ᠳᠤ ᠬᠦᠷᠲᠡᠯ᠎ᠡ ᠳᠡᠭᠡᠭᠰᠢᠯᠡᠭᠦᠯᠵᠦ᠂ | ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠤᠨ᠂ ᠱᠠᠭᠠᠷᠳᠠᠨ ᠪᠠᠶᠢᠴᠠᠭᠠᠵᠤ ᠱᠠᠭᠠᠷᠳᠠᠨ | ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠲᠤ ᠬᠠᠨᠤᠮᠵᠢᠲᠠᠶ ᠬᠠᠷᠢᠭᠤᠯᠲᠠ ᠥᠭᠬᠦ ᠶᠢ ᠪᠠᠲᠤᠯᠠᠨ᠎ᠠ᠃ ᠡᠭᠦᠨ ᠤ ᠬᠠᠮᠲᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢᠯᠡᠭᠦᠬᠡᠨ | ᠳᠤᠷᠠᠳᠴᠤ᠂ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠲᠣᠭᠲᠠᠭᠤᠨ ᠡᠷᠡᠭᠦᠯ ᠬᠥᠭᠵᠢᠯᠲᠡ ᠶᠢ ᠠᠬᠢᠭᠤᠯᠬᠤ ᠳᠤ | ᠠᠷᠭ᠎ᠠ ᠪᠤᠳᠤᠯᠭ᠎ᠠ ᠳᠡᠪᠰᠢᠭᠦᠯᠬᠦ ᠶᠢ ᠬᠦᠰᠡᠵᠦ ᠪᠠᠶᠢᠨ᠎ᠠ᠃ |