ᠬᠤᠲᠠ ᠪᠠᠯᠭᠠᠰᠤᠨ ᠤ 20 ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠵᠤ ᠮᠠᠨ ᠤ ᠣᠷᠣᠨ 7 ᠵᠦᠢᠯ ᠤᠨ ᠢᠨᠴᠧᠨᠧᠷᠢᠩ ᠢ ᠬᠡᠷᠡᠭᠵᠢᠭᠦᠯᠵᠦ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠠᠵᠢᠯ ᠤᠨ ᠶᠠᠰᠤ ᠴᠢᠨᠠᠷ ᠢ ᠲᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2023/3/10
     3 ᠰᠠᠷ᠎ᠠ ᠶᠢᠨ 7᠎ ᠤ ᠡᠳᠦᠷ᠂ ᠰᠣᠷᠪᠣᠯᠵᠢᠯᠠᠭᠴᠢ ᠪᠥᠬᠦ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠠᠵᠢᠯ ᠤᠨ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ 7 ᠵᠦᠢᠯ ᠤᠨ ᠢᠨᠴᠧᠨᠧᠷᠢᠩ ᠢ ᠭᠦᠨᠵᠡᠭᠡᠢ ᠬᠡᠷᠡᠭᠵᠢᠭᠦᠯᠵᠦ᠂ ᠪᠥᠭᠦ ᠣᠷᠣᠨ ᠳᠤ ᠬᠤᠲᠠ ᠪᠠᠯᠭᠠᠰᠤᠨ ᠤ 20 ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠨ᠎ᠠ᠃ ᠣᠶᠢᠯᠠᠭᠠᠭᠰᠠᠨ ᠢᠶᠠᠷ᠂ ᠡᠨᠡ ᠵᠢᠯ᠂ ᠮᠠᠨ ᠤ ᠣᠷᠣᠨ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢᠨ ᠭᠡᠪᠴᠢᠶ᠎ᠡ ᠶᠢ 19.6 ᠲᠦᠮᠡ ᠠᠴᠠ ᠲᠡᠭᠡᠭᠰᠢ ᠬᠥᠮᠥᠨ ᠳᠤ ᠲᠣᠭᠲᠠᠪᠤᠷᠢᠵᠢᠭᠤᠯᠵᠤ᠂ ᠵᠠᠰᠠᠭ ᠤᠨ ᠣᠷᠳᠣᠨ ᠤ ᠨᠥᠬᠦᠪᠦᠷᠢ ᠶᠢᠨ ᠴᠢᠨᠠᠷᠲᠠᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ 25 ᠲᠦᠮᠡᠨ ᠬᠥᠮᠥᠨ ᠤᠳᠠᠭ᠎ᠠ ᠪᠡᠶᠡᠯᠡᠭᠦᠯᠵᠦ᠂ ᠬᠤᠲᠠ ᠪᠠᠯᠭᠠᠰᠤᠨ ᠤ ᠪᠠᠶᠢᠴᠠᠭᠠᠯᠲᠠ ᠶᠢᠨ ᠠᠵᠢᠯ ᠠᠯᠳᠠᠯᠲᠠ ᠶᠢᠨ ᠨᠣᠷᠮ᠎ᠠ ᠶᠢ 6% ᠣᠷᠴᠢᠮ ᠢᠶᠠᠷ ᠬᠢᠵᠠᠭᠠᠷᠯᠠᠵᠤ᠂ ᠪᠥᠬᠦ ᠣᠷᠣᠨ ᠳᠤ ᠬᠤᠲᠠ ᠪᠠᠯᠭᠠᠰᠤᠨ ᠤ ᠠᠵᠢᠯ ᠣᠯᠭᠤᠯᠳᠠ ᠶᠢ 20 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠨᠡᠶᠢᠭᠡᠮ ᠤᠨ ᠪᠠᠳᠤᠯᠠᠭ᠎ᠠ ᠶᠢᠨ ᠥᠭᠡᠷᠡᠴᠢᠯᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠲᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠶᠢ 50 ᠲᠦᠮᠡ ᠰᠢᠨ᠎ᠡ ᠪᠠᠷ ᠨᠡᠮᠡᠭᠳᠡᠭᠦᠯᠵᠦ᠂ ᠨᠡᠶᠢᠭᠡᠮ ᠤᠨ ᠪᠠᠳᠤᠯᠠᠭ᠎ᠠ ᠶᠢᠨ ︽ᠠᠶᠤᠯᠭᠦᠢ ᠶᠢᠨ ᠳᠤᠣᠷ︾᠎ ᠢ ᠨᠢᠭᠲᠠ ᠰᠦᠯᠵᠢᠵᠦ ᠪᠠᠬᠢᠵᠢᠭᠦᠯᠦᠨ᠎ᠡ᠃ ᠮᠡᠷᠭᠡᠵᠢᠯ ᠤᠨ ᠣᠷ᠎ᠠ ᠮᠡᠷᠭᠡᠰᠢᠯᠲᠦ ᠴᠢᠳᠠᠪᠤᠷᠢᠲᠠᠨ ᠢ ᠬᠥᠮᠥᠵᠢᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠴᠠᠯᠢᠩ ᠣᠷᠣᠯᠭ᠎ᠠ ᠎ ᠶᠢᠨ ᠬᠤᠪᠢᠶᠠᠷᠢᠯᠠᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠲᠥᠪ ᠭᠤᠣᠯᠴᠢ ᠵᠦᠢ ᠵᠣᠬᠢᠰᠲᠠᠢ ᠡᠮᠬᠢ ᠵᠢᠷᠤᠮ ᠲᠠᠢ ᠴᠠᠯᠢᠩ ᠤᠨ ᠬᠤᠪᠢᠶᠠᠷᠢᠯᠠᠯᠲᠠ ᠶᠢᠨ ᠪᠠᠶᠢᠷᠢᠰᠢᠯ ᠢ ᠪᠤᠢ ᠪᠣᠯᠭᠠᠬᠤ ᠶᠢ ᠠᠬᠢᠭᠤᠯᠤᠨ᠎ᠠ᠃ ᠬᠥᠳᠡᠯᠮᠦᠷᠢ ᠶᠢᠨ ᠬᠠᠷᠢᠴᠠᠭ᠎ᠠ ᠎ ᠶᠢ ᠵᠠᠰᠠᠵᠤ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠬᠥᠳᠡᠯᠮᠦᠷᠢ ᠶᠢᠨ ᠬᠠᠷᠢᠴᠠᠭ᠎ᠠ ᠶᠢ ᠵᠠᠰᠠᠬᠤ ᠴᠢᠳᠠᠪᠤᠷᠢ ᠪᠠ ᠬᠢᠷᠢ ᠲᠥᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠯᠢᠳᠡᠭ ᠢ ᠡᠭᠦᠳᠦᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠦᠢᠯᠡᠴᠢᠯᠡᠭᠡ ᠶᠢ ᠣᠯᠠᠨ ᠳᠥᠭᠦᠮ ᠪᠣᠯᠭᠠᠵᠤ ᠦᠷ᠎ᠡ ᠪᠥᠲᠥᠮᠵᠢ ᠶᠢ ᠳᠡᠭᠡᠭᠰᠢᠯᠡᠭᠦᠯᠦᠨ᠎ᠡ᠃ ᠬᠥᠮᠥᠨ ᠎ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠎ ᠶᠢᠨ ᠦᠢᠯᠡᠰ ᠤᠨ ᠡᠷᠡᠭᠦᠯ ᠪᠥᠭᠡᠳ ᠲᠣᠭᠲᠠᠭᠤᠨ ᠬᠥᠭᠵᠢᠯᠲᠡ ᠶᠢ ᠪᠠᠳᠣᠯᠠᠨ᠎ᠠ᠃      2022 ᠣᠨ ᠳᠤ᠂ ᠮᠠᠨ ᠤ ᠣᠷᠣᠨ ᠤ ᠬᠤᠲᠠ ᠪᠠᠯᠭᠠᠰᠤᠨ ᠤ 20.5 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠨᠠᠰᠤᠵᠢᠯ ᠤᠨ ᠠᠰᠠᠷᠠᠮᠵᠢ᠂ ᠠᠵᠢᠯ ᠠᠴᠠ ᠪᠣᠯᠣᠭᠰᠠᠨ ᠬᠡᠮᠲᠦᠯ᠂ ᠠᠵᠢᠯ ᠠᠯᠳᠠᠯᠲᠠ ᠶᠢᠨ ᠲᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠲᠤᠰ ᠲᠤᠰ 1693.8 ᠲᠦᠮᠡ᠂ 349.9 ᠲᠦᠮᠡ᠂ 308.4 ᠲᠦᠮᠡ ᠳᠤ ᠬᠦᠷᠴᠦ᠂ 2021 ᠣᠨ ᠤ ᠰᠡᠭᠦᠯᠴᠢ ᠶᠢᠨ ᠬᠢ ᠠᠴᠠ ᠲᠤᠰ ᠲᠤᠰ 79.0 ᠲᠦᠮᠡ᠂ 117 ᠲᠦᠮᠡ᠂ 11.7 ᠲᠦᠮᠡ ᠨᠡᠮᠡᠭᠳᠡᠵᠦ᠂ ᠬᠠᠷᠠᠯᠲᠠ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠴᠢᠳᠠᠪᠤᠷᠢᠲᠠᠨ ᠤ ᠰᠢᠨ᠎ᠡ ᠶᠢ ᠡᠭᠦᠳᠦᠨ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠬᠥᠳᠡᠯᠮᠦᠷᠢ ᠶᠢᠨ ᠬᠠᠷᠢᠴᠠᠭ᠎ᠠ ᠶᠢ ᠶᠡᠷᠦᠩᠬᠡᠢ ᠳᠡᠭᠡᠨ ᠡᠶ᠎ᠡ ᠵᠣᠬᠢᠴᠠᠯ ᠲᠠᠢ ᠲᠣᠭᠲᠠᠭᠤᠨ ᠪᠠᠶᠢᠯᠭᠠᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠥᠲᠥᠮᠴᠢ ᠢᠯᠡᠳᠲᠡ ᠳᠡᠭᠡᠭᠰᠢᠯᠡᠵᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠣᠯ ᠬᠡᠯᠡᠨ ᠦ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号