2023 ᠭᠠᠯ ᠴᠠᠭᠠᠵᠠᠯᠠᠬᠤ ᠵᠠᠷᠯᠢᠭ
ᠨᠡᠶᠢᠲᠡᠯᠡᠭᠰᠡᠨ ᠴᠠᠭ᠄
2023/3/14
     ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠬᠢᠯᠪᠠᠷ ᠪᠤᠰᠤ ᠪᠠᠷ ᠣᠯᠣᠭᠰᠠᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ ᠰᠠᠶᠢᠲᠤᠷ ᠬᠠᠮᠠᠭᠠᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ︽ᠣᠶ ᠰᠢᠭᠤᠢ ᠶᠢᠨ ᠭᠠᠯ ᠢ ᠰᠡᠷᠭᠡᠶᠢᠯᠡᠬᠦ ᠳᠦᠷᠢᠮ︾ ︽ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠳᠦᠷᠢᠮ︾᠎ ᠤᠨ ᠲᠣᠭᠲᠠᠭᠠᠯ ᠢ ᠦᠨᠳᠦᠰᠦᠯᠡᠨ᠂ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠰᠤᠳᠤᠯᠬᠤ ᠪᠠᠷ ᠳᠠᠮᠵᠢᠨ᠂ ᠲᠣᠰ ᠵᠠᠷᠯᠢᠭ ᠢ ᠨᠡᠶᠢᠲᠡᠯᠡᠬᠦ ᠪᠠᠷ ᠲᠣᠭᠲᠠᠪᠠ᠄      ᠨᠢᠭᠡ᠂ ᠭᠠᠯ ᠴᠠᠭᠠᠵᠠᠯᠠᠬᠤ ᠴᠠᠭ᠄ 2023 ᠣᠨ ᠤ 3 ᠰᠠᠷ᠎ᠠ ᠶᠢᠨ 15᠎ ᠤ ᠡᠳᠦᠷ ᠠᠴᠠ 2023 ᠣᠨ ᠤ 6 ᠰᠠᠷ᠎ᠠ ᠶᠢᠨ 15᠎ ᠤ ᠡᠳᠦᠷ ᠪᠣᠯᠲᠠᠯ᠎ᠠ᠃      ᠬᠤᠶᠠᠷ᠂ ᠭᠠᠯ ᠴᠠᠭᠠᠵᠠᠯᠠᠬᠤ ᠬᠡᠪᠴᠢᠶ᠎ᠡ᠄ ᠪᠥᠬᠦ ᠬᠤᠰᠢᠭᠤᠨ ᠤ ᠬᠢᠯᠢ ᠳᠣᠲᠣᠷᠠᠬᠢ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠣᠷᠣᠨ᠃      ᠭᠤᠷᠪᠠ᠂ ᠭᠠᠯ ᠴᠠᠭᠠᠵᠠᠯᠠᠬᠤ ᠦᠢᠯᠡ ᠠᠵᠢᠯᠯᠠᠭ᠎ᠠ᠄      ︵ᠨᠢᠭᠡ︶ ᠤᠢ ᠰᠢᠭᠤᠢ ᠶᠢᠨ ᠣᠷᠣᠨ ᠳᠤ ᠵᠥᠪᠰᠢᠶᠡᠷᠡᠯ ᠦᠭᠡᠢ ᠪᠠᠷ ᠭᠠᠯ ᠤᠨ ᠴᠤᠭ ᠠᠪᠴᠤ ᠣᠷᠣᠬᠤ ᠶᠢ ᠴᠢᠩᠭ᠎ᠠ ᠴᠠᠭᠠᠵᠠᠯᠠᠨ᠎ᠠ︔      ︵ᠬᠤᠶᠠᠷ︶ ᠲᠠᠬᠢᠯᠭ᠎ᠠ ᠶᠢᠨ ᠠᠵᠢᠯᠯᠠᠭᠠᠨ ᠳᠤ ᠯᠠ ᠠᠰᠠᠭᠠᠬᠤ᠂ ᠬᠦᠵᠢ ᠠᠰᠠᠭᠠᠬᠤ᠂ ᠴᠠᠭᠠᠰᠤ ᠰᠢᠲᠠᠭᠠᠬᠤ ᠶᠢ ᠴᠢᠩᠭ᠎ᠠ ᠴᠠᠭᠠᠵᠠᠯᠠᠨ᠎ᠠ︔      ︵ᠭᠤᠷᠪᠠ︶ ᠲᠠᠷᠢᠶᠠᠨ ᠠᠵᠢᠯ ᠬᠢᠬᠦ ᠦᠶᠡᠰ ᠦᠨᠡᠰᠦ ᠰᠢᠲᠠᠭᠠᠵᠤ ᠪᠣᠷᠳᠣᠭᠤᠷ ᠴᠤᠭᠯᠠᠭᠤᠯᠬᠤ᠂ ᠴᠤᠷᠮᠠᠳᠠᠬᠤ ᠂ ᠲᠠᠷᠢᠶᠠᠨ ᠭᠤᠤᠷᠰᠤ ᠰᠢᠲᠠᠭᠠᠬᠤ᠂ ᠲᠠᠷᠢᠶᠠᠨ ᠤ ᠲᠠᠲᠠᠭᠠᠯ ᠬᠠᠰᠢᠯᠭ᠎ᠠ ᠰᠢᠲᠠᠭᠠᠬᠤ ᠶᠢ ᠴᠢᠩᠭ᠎ᠠ ᠴᠠᠭᠠᠵᠠᠯᠠᠨ᠎ᠠ︔      ︵ᠳᠥᠷᠪᠡ︶ ᠬᠡᠭᠡᠷ᠎ᠡ ᠬᠤᠭᠤᠯᠠᠯᠠᠬᠤ᠂ ᠬᠤᠸᠠᠷ ᠫᠤᠤᠵᠢᠩ᠂ ᠺᠥᠩ ᠮᠢᠩ ᠳ᠋ᠧᠩ ᠠᠰᠠᠭᠠᠬᠤ ᠶᠢ ᠴᠢᠩᠭ᠎ᠠ ᠴᠠᠭᠠᠵᠠᠯᠠᠨ᠎ᠠ︔      ︵ᠲᠠᠪᠤ︶ ᠬᠡᠭᠡᠷ᠎ᠡ ᠭᠠᠳᠠᠨ᠎ᠠ ᠲᠠᠮᠠᠬᠢ ᠲᠠᠲᠠᠬᠤ ᠶᠢ ᠴᠢᠩᠭ᠎ᠠ ᠴᠠᠭᠠᠵᠠᠯᠠᠨ᠎ᠠ᠂ ᠵᠠᠮ ᠢᠶᠠᠷ ᠠᠶᠠᠯᠠᠵᠤ ᠪᠠᠶᠢᠭ᠎ᠠ ᠲᠡᠷᠭᠡ ᠤᠨᠤᠭᠠᠨ ᠤ ᠵᠢᠯᠣᠭᠤᠴᠢ ᠪᠠ ᠲᠡᠷᠭᠡᠨ ᠳᠤ ᠰᠠᠭᠤᠭᠰᠠᠳ ᠲᠡᠷᠭᠡᠨ ᠭᠠᠳᠠᠨ᠎ᠠ ᠳᠤᠷ᠎ᠠ ᠪᠠᠷ ᠢᠶᠠᠨ ᠲᠠᠮᠠᠬᠢᠨ ᠶᠣᠵᠣᠭᠤᠷ ᠬᠠᠶᠠᠬᠤ ᠶᠢ ᠴᠢᠩᠭ᠎ᠠ ᠴᠠᠭᠠᠵᠠᠯᠠᠨ᠎ᠠ︔      ︵ᠵᠢᠷᠭᠤᠭ᠎ᠠ︶ ᠬᠡᠭᠡᠷ᠎ᠡ ᠭᠠᠳᠠᠨ᠎ᠠ ᠭᠠᠯ ᠬᠡᠷᠡᠭᠯᠡᠬᠦ ᠵᠢᠴᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠠᠮᠠᠷᠬᠠᠨ ᠡᠭᠦᠰᠬᠡᠬᠦ ᠪᠤᠰᠤᠳ ᠦᠶᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃      ᠳᠥᠷᠪᠡ᠂ ᠰᠢᠢᠳᠬᠡᠬᠦ ᠠᠷᠭ᠎ᠠ ᠬᠡᠮᠵᠢᠶ᠎ᠡ᠄      ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠣᠷᠣᠨ ᠳᠤ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾᠎ ᠶᠢᠨ ᠲᠠᠪᠢᠳᠤᠭᠠᠷ ᠵᠦᠢᠯ ᠤᠨ ᠨᠢᠭᠡᠳᠦᠭᠡᠷ ᠵᠣᠷᠪᠣᠰ ᠤᠨ ︽ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠤᠨ ᠳᠣᠣᠷ᠎ᠠ ᠬᠠᠤᠯᠢ ᠶᠣᠰᠣᠭᠠᠷ ᠨᠡᠶᠢᠲᠡᠯᠡᠭᠰᠡᠨ ᠲᠣᠭᠲᠠᠭᠠᠯ ᠤᠨ ᠵᠠᠷᠯᠢᠭ ᠢ ᠬᠡᠷᠡᠭᠵᠢᠭᠦᠯᠬᠦ ᠶᠢ ᠳᠡᠪᠴᠢᠪᠡᠯ᠂ ᠳᠣᠩᠭᠤᠳᠬᠤ ᠪᠤᠶᠤ ᠬᠤᠶᠠᠷ ᠵᠠᠭᠤᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ︔ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠲᠠᠪᠤᠨ ᠡᠳᠦᠷ ᠠᠴᠠ ᠳᠡᠭᠡᠭᠰᠢ ᠠᠷᠪᠠᠨ ᠡᠳᠦᠷ ᠠᠴᠠ ᠳᠣᠭᠤᠭᠰᠢ ᠲᠦᠷ ᠬᠤᠷᠢᠬᠤ ᠪᠠᠷ ᠰᠢᠢᠳᠬᠡᠵᠣ᠂ ᠲᠠᠪᠤᠨ ᠵᠠᠭᠤᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠵᠣ ᠪᠣᠯᠣᠨ᠎ᠠ︾ ᠭᠡᠰᠡᠨ ᠢ ᠦᠨᠳᠦᠰᠦᠯᠡᠨ ᠰᠢᠢᠳᠬᠡᠯ ᠥᠭᠭᠦᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠲᠠᠪᠤ᠂ ᠬᠤᠰᠢᠭᠤᠨ ᠤ ᠣᠶ ᠰᠢᠭᠤᠢ ᠶᠢᠨ ᠭᠠᠯ ᠢ ᠰᠡᠷᠭᠡᠶᠢᠯᠡᠬᠦ ᠠᠵᠢᠯ ᠤᠨ ᠵᠢᠯᠣᠭᠤᠳᠬᠤ ᠭᠡᠰᠢᠭᠦᠨ ᠨᠢᠭᠡᠴᠡ᠂ ᠡᠯ᠎ᠡ ᠰᠤᠮᠤ ᠰᠢᠶᠠᠩ ᠪᠠᠯᠭᠠᠰᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠬᠠᠷᠢᠶᠠᠯᠠᠭᠳᠠᠬᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠬᠠᠷᠢᠶ᠎ᠠ ᠲᠣᠭᠤᠷᠢᠭ ᠤᠨ ᠭᠠᠯ ᠤᠨ ᠢᠷᠡᠯᠲᠡ ᠶᠢ ᠴᠢᠩᠭ᠎ᠠ ᠬᠠᠮᠢᠶᠠᠷᠴᠤ᠂ ᠣᠶ ᠰᠢᠭᠤᠢ ᠡᠵᠡᠩᠨᠡᠭᠴᠢ᠂ ᠪᠡᠯᠴᠢᠭᠡᠷ ᠬᠠᠮᠠᠭᠠᠯᠠᠭᠴᠢ᠂ ᠲᠣᠣᠷᠴᠢᠯᠭᠰᠠᠨ ᠬᠠᠮᠢᠶᠠᠷᠤᠯᠲᠠ ᠶᠢᠨ ᠠᠵᠢᠯᠲᠠᠨ ᠬᠡᠭᠡᠷ᠎ᠡ ᠭᠠᠳᠠᠨ᠎ᠠ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠠᠭᠠᠵᠠᠯᠠᠵᠤ᠂ ᠢᠯᠠᠩᠭᠤᠶ᠎ᠠ ᠭᠤᠣᠯᠳᠠᠯᠭ᠎ᠠ ᠲᠠᠢ ᠣᠢ ᠰᠢᠭᠤᠢ ᠶᠢᠨ ᠣᠷᠣᠨ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠨ᠎ᠡ︔ ᠣᠢ ᠰᠢᠭᠤᠢ ᠶᠢᠨ ᠣᠷᠣᠨ ᠳᠤ ᠣᠷᠣᠭᠰᠠᠨ ᠲᠡᠷᠭᠡ ᠬᠥᠰᠬᠡ ᠪᠣᠯᠣᠨ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠤᠨ ᠠᠵᠢᠯᠲᠠᠨ ᠤ ᠳᠠᠩᠰᠠᠯᠠᠯᠲᠠ ᠪᠠᠶᠢᠴᠠᠭᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠪᠠᠶᠢᠴᠠᠭᠠᠬᠤ ᠠᠵᠢᠯ ᠢ ᠬᠠᠷᠰᠢᠯᠠᠨ ᠰᠠᠭᠠᠲᠠᠭᠠᠭᠰᠠᠨ ᠨᠢᠭᠡᠴᠡ ᠪᠣᠯᠣᠨ ᠬᠤᠪᠢ ᠬᠥᠮᠥᠨ ᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠃      ᠵᠢᠷᠭᠤᠭ᠎ᠠ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠨᠢ ᠲᠧᠯᠸᠢᠰ᠂ ᠷᠠᠳᠢᠣ᠋ ᠨᠡᠪᠲᠡᠷᠡᠭᠦᠯᠭᠡ ᠂ ᠰᠦᠯᠵᠢᠶ᠎ᠡ᠂ ᠸᠢᠴᠠᠲ ᠤᠨ ᠲᠠᠪᠴᠠᠩ ᠢ ᠭᠦᠢᠴᠡᠳ ᠠᠰᠢᠭᠯᠠᠨ᠂ ᠤᠬᠠᠭᠤᠯᠭ᠎ᠠ ᠶᠢᠨ ᠤᠷᠢᠶ᠎ᠠ ᠨᠠᠭᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠬᠡᠯᠪᠡᠷᠢ ᠪᠠᠷ ᠥᠷᠭᠡᠨ ᠢᠶᠠᠷ ᠤᠬᠠᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ ᠴᠠᠭᠠᠵᠠᠯᠠᠬᠤ ᠠᠵᠢᠯᠯᠠᠭ᠎ᠠ ᠶᠢ ᠬᠥᠮᠥᠨ ᠪᠦᠬᠦᠨ ᠳᠤ ᠮᠡᠳᠡᠭᠦᠯᠬᠦ ᠬᠡᠷᠡᠭᠲᠡᠢ᠃      ᠳᠣᠯᠤᠭ᠎ᠠ᠂ ᠶᠠᠮᠠᠷᠪᠠ ᠨᠢᠭᠡᠴᠡ ᠪᠠ ᠬᠤᠪᠢ ᠬᠥᠮᠥᠨ ᠬᠡᠭᠡᠷ᠎ᠡ ᠭᠠᠳᠠᠨ᠎ᠠ ᠬᠠᠤᠯᠢ ᠠᠴᠠ ᠵᠥᠷᠢᠴᠡᠨ ᠭᠠᠯ ᠬᠡᠷᠡᠭᠯᠡᠭᠰᠡᠨ ᠦᠶᠯᠡ ᠠᠵᠢᠯᠯᠠᠭ᠎ᠠ ᠶᠢ ᠣᠯᠵᠤ ᠮᠡᠳᠡᠪᠡᠯ᠂ ᠴᠠᠭ ᠲᠤᠬᠠᠢ ᠳᠤᠨᠢ ᠢᠯᠡᠴᠢᠯᠡᠨ ᠮᠡᠳᠡᠭᠦᠯᠬᠦ ᠬᠡᠷᠡᠭᠲᠡᠢ ︵ᠤᠲᠠᠰᠤ᠄ 110︶︔ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠣᠯᠵᠤ ᠮᠡᠳᠡᠪᠡᠯ ᠳᠠᠷᠤᠢ ᠲᠦᠷᠭᠡᠨ ᠮᠡᠳᠡᠭᠦᠯᠬᠦ ᠬᠡᠷᠡᠭᠲᠡᠢ ︵ᠤᠲᠠᠰᠤ᠄ 12119︶᠃                  ᠬᠡᠰᠢᠭᠲᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                  2023 ᠣᠨ ᠤ 3 ᠰᠠᠷ᠎ᠠ ᠶᠢᠨ 15᠎ ᠤ ᠡᠳᠦᠷ
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号