ᠵᠠᠮ ᠬᠠᠷᠢᠯᠴᠠᠭᠠᠨ ᠤ ᠠᠳᠡᠯ ᠤᠨ ᠥᠪᠡᠰᠦᠪᠡᠨ ᠵᠥᠪᠳᠡᠯᠴᠡᠨ ᠰᠢᠢᠳᠪᠦᠷᠢᠯᠡᠬᠦ ᠬᠡᠪᠴᠢᠶ᠎ᠡ
ᠨᠡᠶᠢᠲᠡᠯᠡᠭᠰᠡᠨ ᠴᠠᠭ᠄
2023/3/20
     ᠶᠠᠮᠠᠷ ᠪᠠᠶᠢᠳᠠᠯ ᠤᠨ ᠳᠣᠣᠷ᠎ᠠ ᠬᠤᠪᠢ ᠪᠠᠷ ᠢᠶᠠᠨ ᠰᠢᠢᠳᠪᠦᠷᠢᠯᠡᠵᠦ ᠪᠣᠯᠬᠤ ᠪᠣᠢ︖      ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢᠨ ᠳᠠᠯᠠᠳᠤᠭᠠᠷ ᠵᠦᠢᠯ ᠳᠤ᠄ ᠬᠥᠮᠥᠨ ᠢ ᠦᠬᠦᠭᠦᠯᠵᠦ ᠰᠢᠷᠬᠠᠲᠤᠭᠤᠯᠤᠭᠰᠠᠨ ᠦᠭᠡᠢ᠂ ᠵᠥᠪᠬᠡᠨ ᠡᠳ᠋ ᠬᠥᠷᠥᠩᠭᠡ ᠶᠢᠨ ᠬᠥᠩᠭᠡᠪᠲᠦᠷ ᠬᠤᠬᠢᠷᠠᠯ ᠤᠴᠠᠷᠠᠭᠤᠯᠤᠭᠰᠠᠨ ᠪᠥᠭᠡᠳ ᠦᠨᠳᠦᠰᠦᠨ ᠪᠣᠳᠠᠲᠤ ᠬᠡᠷᠡᠭ ᠨᠢ ᠲᠣᠳᠣᠷᠬᠠᠢ᠂ ᠲᠤᠬᠠᠢ ᠶᠢᠨ ᠬᠥᠮᠥᠨ ᠨᠢ ᠪᠣᠳᠠᠲᠤ ᠬᠡᠷᠡᠭ ᠵᠢᠴᠢ ᠪᠤᠢ ᠪᠣᠯᠤᠭᠰᠠᠨ ᠰᠢᠯᠲᠠᠭᠠᠨ ᠤ ᠲᠤᠬᠠᠢ ᠮᠠᠷᠭᠤᠯᠳᠤᠭᠠᠨ ᠦᠭᠡᠢ ᠪᠠᠶᠢᠪᠠᠯ᠂ ᠲᠡᠷᠡ ᠳᠠᠷᠤᠢ ᠳᠤᠨᠢ ᠲᠤᠬᠠᠢ ᠶᠢᠨ ᠲᠠᠯᠠᠪᠤᠷ ᠠᠴᠠ ᠵᠠᠶᠢᠯᠠᠵᠤ᠂ ᠵᠠᠮ ᠬᠠᠷᠢᠯᠴᠠᠭ᠎ᠠ ᠶᠢ ᠰᠡᠷᠭᠦᠭᠡᠵᠦ᠂ ᠬᠤᠬᠢᠷᠠᠯ ᠢ ᠲᠦᠯᠦᠬᠦ ᠤᠴᠢᠷ ᠶᠠᠪᠤᠳᠠᠯ ᠢ ᠥᠪᠡᠰᠦᠪᠡᠨ ᠵᠥᠪᠳᠡᠯᠴᠡᠨ ᠰᠢᠢᠳᠪᠦᠷᠢᠯᠡᠵᠦ ᠪᠣᠯᠣᠨ᠎ᠠ ᠭᠡᠵᠦ ᠲᠣᠭᠲᠠᠭᠠᠵᠠᠢ᠃      ᠳᠣᠣᠷᠠᠬᠢ ᠪᠠᠶᠢᠳᠠᠯ ᠳᠤ ᠥᠪᠡᠰᠦᠪᠡᠨ ᠵᠥᠪᠳᠡᠯᠴᠡᠨ ᠰᠢᠢᠳᠪᠦᠷᠢᠯᠡᠵᠦ ᠪᠣᠯᠬᠤ ᠦᠭᠡᠢ᠂ ᠲᠤᠬᠠᠢ ᠶᠢᠨ ᠲᠠᠯᠠᠪᠤᠷ ᠢ ᠬᠠᠮᠠᠭᠠᠯᠠᠬᠤ ᠶᠢᠨ ᠬᠠᠮᠲᠤ ᠲᠡᠷᠡ ᠳᠠᠷᠤᠢ ᠳᠤᠨᠢ ᠴᠠᠭᠳᠠᠭ᠎ᠠ ᠳᠤ ᠮᠡᠳᠡᠭᠦᠯᠬᠦ ᠬᠡᠷᠡᠭᠲᠡᠢ᠄      ◇ ᠬᠥᠮᠥᠨ ᠢ ᠦᠬᠦᠭᠦᠯᠦᠭᠰᠡᠨ᠂ ᠰᠢᠷᠬᠠᠲᠤᠭᠤᠯᠤᠭᠰᠠᠨ︔      ◇ ᠡᠳ᠋ ᠬᠥᠷᠥᠩᠭᠡ ᠶᠢᠨ ᠬᠤᠬᠢᠷᠠᠯ ᠤᠨ ᠠᠳᠡᠯ ᠭᠠᠷᠴᠤ᠂ ᠲᠤᠬᠠᠢ ᠶᠢᠨ ᠬᠥᠮᠥᠨ ᠨᠢ ᠪᠣᠳᠠᠲᠤ ᠬᠡᠷᠡᠭ ᠪᠤᠶᠤ ᠪᠤᠢ ᠪᠣᠯᠤᠭᠰᠠᠨ ᠰᠢᠯᠲᠠᠭᠠᠨ ᠤ ᠲᠤᠬᠠᠢ ᠮᠠᠷᠭᠤᠯᠳᠤᠭᠠᠨ ᠲᠠᠢ ᠪᠣᠯᠤᠭᠰᠠᠨ ᠵᠢᠴᠢ ᠬᠡᠳᠦᠶᠢᠪᠡᠷ ᠪᠣᠳᠠᠲᠤ ᠬᠡᠷᠡᠭ ᠪᠤᠶᠤ ᠪᠤᠢ ᠪᠣᠯᠤᠭᠰᠠᠨ ᠰᠢᠯᠲᠠᠭᠠᠨ ᠤ ᠲᠤᠬᠠᠢ ᠮᠠᠷᠭᠤᠯᠳᠤᠭᠠᠨ ᠦᠭᠡᠢ ᠪᠣᠯᠪᠠᠴᠤ ᠵᠥᠪᠳᠡᠯᠴᠡᠭᠡᠳ ᠬᠤᠬᠢᠷᠠᠯ ᠤᠨ ᠲᠥᠯᠥᠪᠦᠷᠢ ᠶᠢᠨ ᠲᠤᠬᠠᠢ ᠬᠡᠯᠡᠯᠴᠡᠵᠦ ᠲᠣᠬᠢᠷᠠᠵᠤ ᠴᠢᠳᠠᠭᠰᠠᠨ ᠦᠭᠡᠢ︔      ◇ ᠮᠠᠰᠢᠨᠲᠤ ᠲᠡᠷᠭᠡ ᠳᠤ ᠨᠣᠮᠧᠷ ᠫᠠᠶᠢᠰᠠ ᠦᠭᠡᠢ᠂ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠢᠯᠡᠳᠬᠡᠮᠵᠢ ᠲᠡᠮᠳᠡᠭ ᠦᠭᠡᠢ᠂ ᠳᠠᠭᠠᠳᠬᠠᠯ ᠤᠨ ᠢᠯᠡᠳᠬᠡᠮᠵᠢ ᠲᠡᠮᠳᠡᠭ ᠦᠭᠡᠢ︔      ◇ ᠳᠡᠯᠪᠡᠷᠡᠬᠦ ᠪᠣᠳᠠᠰ᠂ ᠨᠣᠴᠣᠮᠠᠲᠠᠭᠠᠢ ᠳᠡᠯᠪᠡᠷᠡᠮᠡᠲᠡᠭᠡᠢ ᠬᠢᠮᠢ ᠶᠢᠨ ᠪᠣᠳᠠᠰ ᠵᠢᠴᠢ ᠬᠤᠣᠷᠳᠠᠭᠤᠯᠬᠤ ᠴᠢᠨᠠᠷᠲᠠᠢ᠂ ᠰᠠᠴᠤᠷᠠᠭ ᠢᠳᠡᠪᠬᠢ ᠴᠢᠨᠠᠷᠲᠠᠢ᠂ ᠢᠳᠡᠮᠡᠬᠡᠢ ᠴᠢᠨᠠᠷᠲᠠᠢ᠂ ᠬᠠᠯᠳᠠᠪᠤᠷᠢᠲᠤ ᠡᠪᠡᠳᠴᠢᠨ ᠤ ᠡᠪᠡᠳᠴᠢᠨ ᠡᠭᠦᠰᠬᠡᠭᠴᠢ ᠪᠡᠶ᠎ᠡ ᠵᠡᠷᠭᠡ ᠠᠶᠤᠯᠲᠠᠢ ᠪᠣᠳᠠᠰ ᠢ ᠲᠡᠭᠡᠭᠡᠪᠦᠷᠢᠯᠡᠭᠰᠡᠨ ᠲᠡᠷᠭᠡ ᠬᠥᠰᠬᠡ︔      ◇ ᠪᠠᠷᠢᠯᠭ᠎ᠠ᠂ ᠤᠯᠠᠨ ᠨᠡᠶᠢᠲᠡ ᠶᠢᠨ ᠲᠥᠬᠦᠭᠡᠷᠦᠮᠵᠢ ᠪᠤᠶᠤ ᠪᠤᠰᠤᠳ ᠲᠥᠬᠦᠭᠡᠷᠦᠮᠵᠢ ᠲᠠᠢ ᠮᠥᠷᠭᠦᠯᠳᠦᠭᠰᠡᠨ      ◇ ᠵᠢᠯᠣᠭᠤᠴᠢ ᠳᠤ ᠮᠠᠰᠢᠨᠲᠤ ᠲᠡᠷᠭᠡ ᠵᠢᠯᠤᠭᠤᠳᠬᠤ ᠬᠦᠴᠦᠨ ᠪᠦᠬᠦᠢ ᠦᠨᠡᠮᠯᠡᠯ ᠦᠭᠡᠢ︔      ◇ ᠵᠢᠯᠣᠭᠤᠴᠢ ᠠᠷᠢᠬᠢ ᠤᠤᠭᠤᠭᠰᠠᠨ᠂ ᠤᠯᠤᠰ ᠠᠴᠠ ᠵᠠᠬᠢᠷᠤᠨ ᠬᠠᠮᠢᠶᠠᠷᠴᠤ ᠪᠠᠶᠢᠭ᠎ᠠ ᠮᠡᠳᠡᠷᠡᠯ ᠤᠨ ᠡᠮ ᠪᠤᠶᠤ ᠮᠢᠨᠴᠦᠷᠡᠭᠦᠯᠬᠦ ᠡᠮ ᠢ ᠤᠤᠭᠤᠭᠰᠠᠨ ᠰᠡᠵᠢᠭᠯᠡᠯᠲᠡᠢ ᠪᠠᠶᠢᠬᠤ︔      ◇ ᠲᠤᠬᠠᠢ ᠶᠢᠨ ᠬᠥᠮᠥᠨ ᠨᠢ ᠲᠡᠷᠭᠡ ᠬᠥᠰᠬᠡ ᠪᠠᠨ ᠥᠪᠡᠰᠦᠪᠡᠨ ᠰᠢᠯᠵᠢᠭᠦᠯᠵᠦ ᠳᠡᠶᠢᠯᠬᠦ ᠦᠭᠡᠢ ᠪᠠᠶᠢᠬᠤ᠃      ᠵᠠᠮ ᠬᠠᠷᠢᠯᠴᠠᠭᠠᠨ ᠤ ᠠᠳᠡᠯ ᠳᠤ᠂ ᠬᠥᠮᠥᠨ ᠰᠢᠷᠬᠠᠲᠤᠭᠰᠠᠨ ᠯᠠ ᠶᠤᠮ ᠪᠣᠯ ᠲᠤᠬᠠᠢ ᠶᠢᠨ ᠲᠠᠯᠠᠪᠤᠷ ᠢ ᠬᠠᠮᠠᠭᠠᠯᠠᠬᠤ ᠶᠢᠨ ᠬᠠᠮᠲᠤ ᠳᠠᠷᠤᠶᠢᠬᠠᠨ ᠴᠠᠭᠳᠠᠭ᠎ᠠ ᠳᠤ ᠮᠡᠳᠡᠭᠦᠯᠬᠦ ᠬᠡᠷᠡᠭᠲᠡᠢ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号