ᠨᠡᠷ᠎ᠡ ᠮᠡᠳᠡᠬᠦᠯᠬᠦ ᠠᠵᠢᠯ ᠤᠳᠠᠯ ᠦᠭᠡᠢ ᠡᠬᠢᠯᠡᠨ᠎ᠡ︕
ᠨᠡᠶᠢᠲᠡᠯᠡᠭᠰᠡᠨ ᠴᠠᠭ᠄
2023/3/20
     2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠠᠯᠪᠠᠨ ᠵᠠᠷ ᠵᠢᠴᠢ ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ ᠬᠤᠷᠢᠶᠠᠩᠭᠤᠢ ᠬᠦᠰᠦᠨᠦᠭᠲᠦ ︵ᠲᠦᠷᠦᠬᠦᠦ ᠪᠦᠯᠦᠭ︶      ᠠᠵᠢᠯᠲᠠᠨ ᠡᠯᠰᠡᠬᠦ ᠠᠵᠢᠯ ᠤᠨ ᠪᠠᠶᠢᠷᠢ ᠶᠢ ︽2023 ᠣᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ ᠬᠦᠰᠦᠨᠦᠭᠲᠦ︾ ︵ᠳᠣᠷᠣᠭᠰᠢ ︽ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ ᠬᠦᠰᠦᠨᠦᠭᠲᠦ︾ ᠭᠡᠵᠦ ᠲᠣᠪᠴᠢᠯᠠᠨ᠎ᠠ︶᠎ ᠳᠤ ᠦᠵᠡᠭᠡᠷᠡᠢ᠃ ᠡᠭᠦᠨ ᠳᠤ ᠡᠯᠰᠡᠭᠳᠡᠭᠰᠡᠳ ᠤᠨ ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ ᠤᠯᠬᠤ ᠡᠳᠦᠷ ᠬᠤᠭᠤᠴᠠᠭ᠎ᠠ ᠶᠢ 2023 ᠣᠨ ᠤ 12 ᠰᠠᠷ᠎ᠠ ᠶᠢᠨ 31᠎ ᠤ ᠡᠳᠦᠷ ᠪᠤᠯᠳᠠᠯᠠᠬᠢ ᠬᠤᠭᠤᠴᠠᠭ᠎ᠠ ᠪᠠᠷ ᠬᠢᠵᠠᠭᠠᠷᠯᠠᠨ᠎ᠠ᠃ ᠪᠤᠰᠤᠳ ᠨᠥᠬᠦᠴᠡᠯ ᠤᠨ ᠡᠳᠦᠷ ᠬᠤᠭᠤᠴᠠᠭ᠎ᠠ ᠶᠢ 2023 ᠣᠨ ᠤ 3 ᠰᠠᠷ᠎ᠠ ᠶᠢᠨ 21᠎ ᠤ ᠡᠳᠦᠷ ᠠᠴᠠ ᠡᠮᠦᠨᠡᠬᠢ ︵︽ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ ᠬᠦᠰᠦᠨᠦᠭᠲᠦ︾᠎ ᠳᠤ ᠱᠠᠭᠠᠷᠳᠠᠭᠰᠠᠨ ᠬᠢᠷᠢ ᠬᠡᠮ ᠤᠨ ᠨᠥᠬᠦᠴᠡᠯ ᠪᠠᠭᠲᠠᠨ᠎ᠠ︶᠎ ᠪᠠᠷ ᠱᠠᠭᠠᠷᠳᠠᠨ᠎ᠠ᠃      ᠲᠣᠰ ᠤᠳᠠᠭᠠᠨ ᠤ ᠢᠯᠡ ᠪᠠᠷ ᠠᠵᠢᠯᠲᠠᠨ ᠡᠯᠰᠡᠬᠦ ᠳᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠬᠢᠷᠢ ᠬᠡᠮ ᠢ ᠠᠩᠬ᠎ᠠ ᠬᠢᠨᠠᠬᠤ ᠵᠢᠴᠢ ᠰᠦᠢᠳᠭᠡᠯ ᠲᠤᠰᠢᠶᠠᠬᠤ᠂ ᠪᠢᠷ ᠤᠨ ᠰᠢᠯᠭᠠᠯᠲᠠ ᠬᠢᠬᠦ᠂ ᠬᠢᠷᠢ ᠬᠡᠮ ᠢ ᠳᠠᠬᠢᠨ ᠬᠢᠨᠠᠬᠤ᠂ ᠨᠢᠭᠤᠷᠲᠠᠨ ᠰᠢᠯᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ᠂ ᠬᠢᠨᠡᠨ ᠪᠠᠶᠢᠴᠠᠭᠠᠬᠤ᠂ ᠵᠠᠷᠯᠠᠨ ᠨᠡᠶᠢᠲᠡᠯᠡᠬᠦ᠂ ᠤᠷᠢᠵᠤ ᠬᠡᠷᠡᠭᠯᠡᠬᠦ ᠵᠡᠷᠭᠡ ᠵᠢᠷᠤᠮ ᠶᠣᠰᠣᠭᠠᠷ ᠶᠠᠪᠤᠭᠳᠠᠭᠤᠯᠤᠨ᠎ᠠ᠃      ᠨᠡᠷ᠎ᠡ ᠮᠡᠳᠡᠭᠦᠯᠬᠦ ᠴᠠᠭ᠄ 2023 ᠣᠨ ᠤ 3 ᠰᠠᠷ᠎ᠠ ᠶᠢᠨ 21᠎ ᠤ ᠡᠳᠦᠷ ᠤᠨ 9᠄ 00 ᠴᠠᠭ ᠠᠴᠠ 3 ᠰᠠᠷ᠎ᠠ ᠶᠢᠨ 27᠎ ᠤ ᠡᠳᠦᠷ ᠤᠨ 17᠄ 00 ᠴᠠᠭ︔ ᠬᠢᠷᠢ ᠬᠡᠮ ᠢ ᠠᠩᠬ᠎ᠠ ᠬᠢᠨᠠᠬᠤ ᠴᠠᠭ ᠨᠢ 2023 ᠣᠨ ᠤ 3 ᠰᠠᠷ᠎ᠠ ᠶᠢᠨ 28᠎ ᠤ ᠡᠳᠦᠷ ᠤᠨ 17᠄ 00 ᠴᠠᠭ︔ ᠰᠦᠢᠳᠭᠡᠯ ᠲᠤᠰᠢᠶᠠᠬᠤ ᠡᠴᠦᠰ ᠤᠨ ᠴᠠᠭ ᠨᠢ 2023 ᠣᠨ ᠤ 3 ᠰᠠᠷ᠎ᠠ ᠶᠢᠨ 28᠎ ᠤ ᠡᠳᠦᠷ ᠤᠨ 24᠄ 00 ᠴᠠᠭ ᠪᠣᠯᠤᠨ᠎ᠠ᠃      ᠨᠡᠷ᠎ᠡ ᠮᠡᠳᠡᠭᠦᠯᠬᠦ ᠠᠷᠭ᠎ᠠ ᠮᠠᠶ᠋ᠢᠭ᠄ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠨᠡᠷ᠎ᠡ ᠮᠡᠳᠡᠭᠦᠯᠬᠦ ᠰᠦᠯᠵᠢᠶ᠎ᠡ᠄ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠰᠦᠯᠵᠢᠶ᠎ᠡ ︵ᠰᠦᠯᠵᠢᠶᠡᠨ ᠤ ᠬᠠᠶ᠋ᠢᠭ http᠄ / / www . impta . com . cn︶᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号