ᠲᠢᠶᠠᠨ ᠠᠨ ᠮᠧᠨ ᠤ ᠤᠯᠤᠰ ᠤᠨ ᠲᠤᠭ ᠤᠨ ᠲᠤᠬᠠᠢ ᠬᠡᠰᠡᠭ ᠮᠡᠳᠡᠯᠭᠡ
ᠨᠡᠶᠢᠲᠡᠯᠡᠭᠰᠡᠨ ᠴᠠᠭ᠄
2023/3/22
     ᠲᠡᠭᠷᠢ ᠭᠡᠭᠡᠷᠡᠬᠦ ᠲᠠᠢ ᠵᠡᠷᠭᠡ᠂ ᠤᠯᠤᠰ ᠤᠨ ᠲᠤᠭ ᠬᠠᠮᠠᠭᠠᠯᠠᠬᠤ ᠠᠩᠭᠢ ᠲᠢᠶᠠᠨ ᠠᠨ ᠮᠧᠨ ᠤ ᠡᠮᠦᠨ᠎ᠡ ᠴᠠᠭ ᠲᠠᠭᠠᠨ ᠬᠦᠷᠴᠦ ᠢᠷᠡᠪᠡ᠃      ᠎ ᠶᠢᠨ ᠱᠦᠢ ᠴᠢᠶᠣᠤ ᠬᠥᠭᠦᠷᠭᠡ ᠶᠢᠨ ᠦᠵᠦᠭᠦᠷ ᠠᠴᠠ ᠤᠯᠤᠰ ᠤᠨ ᠲᠤᠭ ᠤᠨ ᠰᠢᠷᠤᠭ ᠬᠦᠷᠲᠡᠯ᠎ᠡ᠂ ᠲᠡᠳᠡᠨ ᠤ ᠶᠠᠪ ᠴᠠᠪ 96 ᠲᠥᠪ ᠠᠯᠬᠤᠮ ᠨᠢ᠂ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ 960 ᠲᠦᠮᠡᠨ ᠲᠡᠭᠰᠢ ᠳᠥᠷᠪᠡᠯᠵᠢᠨ ᠺᠢᠯᠣᠮᠧᠲᠷ ᠢ ᠲᠥᠯᠥᠭᠡᠯᠡᠵᠦ ᠪᠣᠢ᠃      ᠲᠤᠭ ᠮᠠᠨᠳᠤᠭᠤᠯᠤᠭᠴᠢ ᠤᠯᠤᠰ ᠤᠨ ᠲᠤᠭ ᠢ ᠰᠢᠷᠤᠭ ᠤᠨ ᠢᠷᠤᠭᠠᠷ ᠠᠴᠠ ᠣᠷᠣᠢ ᠳᠤ ᠬᠦᠷᠲᠡᠯ᠎ᠡ ᠮᠠᠨᠳᠤᠭᠤᠯᠬᠤ ᠳᠤ ᠶᠠᠪ ᠴᠠᠪ 2 ᠮᠢᠨᠦ᠋ᠲ 07 ᠰᠧᠺᠦ᠋ᠨ᠋ᠳ᠋ ᠬᠡᠷᠡᠭᠰᠡᠨ᠎ᠡ᠂ ᠡᠨᠡ ᠪᠣᠯ ᠨᠠᠷᠠ ᠭᠠᠵᠠᠷ ᠤᠨ ᠲᠦᠪᠰᠢᠨ ᠠᠴᠠ ᠮᠠᠨᠳᠤᠨ ᠭᠠᠷᠬᠤ ᠴᠠᠭ ᠪᠣᠯᠣᠨ᠎ᠠ᠃      ᠠᠩᠬᠠᠨ ᠤ ᠦᠷ ᠤᠨ ᠲᠤᠶᠠᠭ᠎ᠠ ᠳᠣᠷᠣᠨ᠎ᠠ ᠵᠦᠭ ᠠᠴᠠ ᠳᠤᠮᠳᠠᠳᠤ ᠶᠢᠨ ᠡᠬᠡ ᠭᠠᠵᠠᠷ ᠢ ᠭᠡᠶᠢᠭᠦᠯᠬᠦ ᠦᠶ᠎ᠡ ᠳᠤ ᠂ ᠲᠠᠪᠤᠨ ᠣᠳᠣᠲᠤ ᠤᠯᠠᠭᠠᠨ ᠲᠤᠭ ᠲᠢᠶᠠᠨ ᠠᠨ ᠮᠧᠨ ᠲᠠᠯᠠᠪᠠᠢ ᠶᠢᠨ ᠣᠭᠲᠠᠷᠭᠤᠢ ᠳᠤ ᠰᠠᠯᠬᠢᠨ ᠤ ᠠᠶ᠎ᠠ ᠪᠠᠷ ᠨᠠᠮᠢᠷᠠᠵᠤ᠂ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠳᠠᠭᠤᠤ︾᠎ ᠶᠢᠨ ᠢᠳᠡᠷᠡᠭᠦᠨ ᠵᠢᠪᠬᠤᠭᠠᠲᠤ ᠡᠬᠡᠰᠢᠭ ᠤᠨ ᠳᠤᠮᠳᠠ᠂ ᠡᠨᠡ ᠬᠦ ᠨᠤᠲᠤᠭ ᠳᠡᠪᠢᠰᠬᠡᠷ ᠳᠡᠭᠡᠷᠡᠬᠢ ᠬᠥᠮᠥᠰ ᠢ ᠳᠠᠭᠤᠳᠠᠨ ᠰᠡᠷᠢᠭᠡᠬᠦ ᠪᠣᠯᠣᠨ᠎ᠠ᠃      365 ᠡᠳᠦᠷ ᠲᠤ᠂ ᠤᠯᠤᠰ ᠤᠨ ᠲᠤᠭ ᠤᠨ ᠬᠠᠮᠠᠭᠠᠯᠠᠯᠲᠠ ᠶᠢᠨ ᠠᠩᠭᠢ ᠨᠢ ᠶᠡᠷᠦ ᠠᠴᠠ ᠡᠶᠢᠮᠦ ᠪᠠᠶᠢᠳᠠᠭ᠃ ᠡᠷᠡᠰ ᠪᠠᠲᠤ ᠠᠯᠬᠤᠭ᠎ᠠ ᠨᠢ ᠬᠤᠪᠢᠷᠠᠬᠤ ᠦᠭᠡᠢ᠂ ᠲᠥᠪ ᠠᠰᠬᠠᠨ ᠪᠡᠶ᠎ᠡ ᠪᠠᠶᠢᠳᠠᠯ ᠨᠢ ᠬᠤᠪᠢᠷᠠᠬᠤ ᠦᠭᠡᠢ … ᠴᠤᠷ ᠤᠨ ᠭᠠᠭᠴᠠ ᠬᠤᠪᠢᠷᠠᠯᠲᠠ ᠭᠡᠪᠡᠯ᠂ ᠭᠠᠷ ᠲᠠᠬᠢ ᠲᠠᠪᠤᠨ ᠣᠳᠣᠲᠤ ᠤᠯᠠᠭᠠᠨ ᠲᠤᠭ ᠨᠢ ᠬᠤᠪᠢᠷᠠᠳᠠᠭ᠃      ᠲᠢᠶᠠᠨ ᠠᠨ ᠮᠧᠨ ᠤ ᠤᠯᠤᠰ ᠤᠨ ᠲᠤᠬ ᠮᠠᠨᠳᠤᠭᠤᠯᠬᠤ ᠶᠣᠰᠣᠯᠠᠯ ᠳᠤ ᠬᠡᠷᠡᠭᠯᠡᠳᠡᠭ ᠤᠯᠤᠰ ᠤᠨ ᠲᠤᠬ ᠢ ᠡᠳᠦᠷ ᠪᠦᠷᠢ ᠰᠣᠯᠢᠳᠠᠭ᠃      1 ᠵᠢᠯ ᠤᠨ 365 ᠡᠳᠦᠷ᠂ 73 ᠵᠢᠯ ᠤᠨ 26645 ᠡᠳᠦᠷ᠂ ᠲᠢᠶᠠᠨ ᠠᠨ ᠮᠧᠨ ᠤ ᠤᠯᠤᠰ ᠤᠨ ᠲᠤᠬ ᠢ ᠥᠴᠥᠬᠡᠨ ᠴᠤ ᠴᠤᠴᠠᠷᠠᠯ ᠦᠭᠡᠢ ᠪᠠᠶᠢᠯᠭᠠᠵᠤ᠂ ᠡᠷᠬᠡᠪᠰᠢ ᠴᠡᠪᠡᠷᠬᠡᠨ ᠮᠠᠨᠳᠤᠭᠤᠯᠵᠤ᠂ ᠴᠡᠪᠡᠷᠬᠡᠨ ᠪᠠᠭᠤᠯᠭᠠᠬᠤ ᠬᠡᠷᠡᠭᠲᠡᠢ ᠶᠤᠮ᠃ ᠡᠶᠢᠮᠦ ᠠᠴᠠ ᠲᠢᠶᠠᠨ ᠠᠨ ᠮᠧᠨ ᠤ ᠤᠯᠤᠰ ᠤᠨ ᠲᠤᠭ ᠤᠨ ︽ᠠᠯᠪᠠ ᠬᠠᠭᠠᠬᠤ ᠴᠠᠭ︾᠎ ᠨᠢ ᠲᠤᠶᠢᠯ ᠤᠨ ᠣᠬᠤᠷ ᠪᠠᠶᠢᠵᠤ᠂ ᠥᠷᠯᠥᠭᠡ ᠡᠷᠲᠡ ᠠᠵᠢᠯ ᠤᠨ ᠪᠠᠶᠢᠷᠢᠨ ᠳᠤ ᠭᠠᠷᠴᠤ᠂ ᠣᠷᠣᠢ ᠪᠣᠯᠬᠤ ᠳᠤ ᠢᠷᠠᠭᠤ ᠠᠯᠳᠠᠷᠲᠠᠢ ᠪᠠᠷ ᠠᠵᠢᠯ ᠤᠨ ᠪᠠᠶᠢᠷᠢ ᠠᠴᠠ ᠪᠠᠨ ᠪᠠᠭᠤᠳᠠᠭ᠃      ᠤᠯᠤᠰ ᠤᠨ ᠲᠤᠭ ᠬᠠᠮᠠᠭᠠᠯᠠᠬᠤ ᠠᠩᠭᠢ ᠨᠢ ᠤᠯᠤᠰ ᠤᠨ ᠲᠤᠭ ᠢ ᠵᠠᠬᠢᠶᠠᠯᠠᠨ ᠦᠢᠯᠡᠳᠦᠭᠰᠡᠨ ᠬᠠᠶᠢᠷᠴᠠᠭ ᠲᠤ ᠨᠢᠮᠪᠠᠢ ᠡᠪᠬᠡᠨ ᠬᠢᠵᠦ᠂ ᠡᠳᠦᠷ ᠬᠤᠭᠤᠴᠠᠭ᠎ᠠ ᠪᠠ ᠳ᠋ᠤᠭᠠᠷᠯᠠᠯ ᠢ ᠨᠢ ᠲᠡᠮᠳᠡᠭᠯᠡᠵᠦ᠂ ᠲᠢᠶᠠᠨ ᠠᠨ ᠮᠧᠨ ᠤ ᠭᠠᠵᠠᠷ ᠣᠷᠣᠨ ᠤ ᠬᠠᠮᠢᠶᠠᠷᠤᠯᠲᠠ ᠶᠢᠨ ᠵᠥᠪᠯᠡᠯ ᠳᠤ ᠲᠤᠰᠢᠶᠠᠵᠤ ᠨᠢᠭᠡᠳᠦᠯᠲᠡᠢ ᠬᠠᠳᠠᠭᠠᠯᠠᠨ ᠬᠠᠮᠢᠶᠠᠷᠤᠭᠤᠯᠳᠠᠭ᠃      1949 ᠣᠨ ᠤ 10 ᠰᠠᠷ᠎ᠠ ᠶᠢᠨ 1᠎ ᠤ ᠡᠳᠦᠷ ᠤᠨ ᠦᠳᠡ ᠶᠢᠨ ᠬᠤᠶᠢᠨᠠᠬᠢ 3 ᠴᠠᠭ ᠲᠤ ᠲᠢᠶᠠᠨ ᠠᠨ ᠮᠧᠨ ᠳᠤ ᠮᠠᠨᠳᠤᠭᠤᠯᠤᠭᠰᠠᠨ ᠠᠩᠬᠠᠨ ᠤ ᠲᠠᠪᠤᠨ ᠣᠳᠣᠲᠤ ᠤᠯᠠᠭᠠᠨ ᠲᠤᠭ ᠨᠢ ᠤᠯᠤᠰ ᠤᠨ ᠨᠢᠭᠡᠳᠦᠭᠡᠷ ᠳᠡᠰ ᠤᠨ ᠲᠡᠦᠬᠡ ᠶᠢᠨ ᠳᠤᠷᠠᠰᠬᠠᠯᠲᠤ ᠵᠦᠢᠯ ᠳᠤ ᠲᠣᠭᠠᠴᠠᠭᠳᠠᠵᠤ᠂ ᠲᠤᠶᠢᠯ ᠤᠨ ᠴᠢᠬᠤᠯᠠ ᠲᠡᠦᠬᠡᠨ ᠪᠠᠶᠢᠷᠢ ᠰᠠᠭᠤᠷᠢ ᠲᠠᠢ ᠪᠠᠶᠢᠵᠤ᠂ ᠡᠳᠦᠭᠡ ᠳᠤᠮᠳᠠᠳᠤ ᠤᠯᠤᠰ ᠤᠨ ᠤᠯᠤᠰ ᠤᠨ ᠮᠦᠽᠧᠢ ᠳᠤ ᠨᠠᠨᠳᠢᠩᠨᠠᠨ ᠬᠠᠳᠠᠭᠠᠯᠠᠭᠳᠠᠵᠤ ᠪᠤᠶ᠃ ᠡᠨᠡᠬᠦ ᠶᠡᠷᠦ ᠪᠤᠰᠤ ᠶᠢᠨ ᠲᠠᠪᠤᠨ ᠣᠳᠣᠲᠤ ᠤᠯᠠᠭᠠᠨ ᠲᠤᠭ ᠨᠢ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠢ ᠲᠤᠩᠬᠠᠭᠯᠠᠭᠰᠠᠨ ᠰᠦᠷ ᠵᠢᠪᠬᠤᠭᠠᠲᠤ ᠡᠭᠡᠰᠢᠭ ᠢ ᠰᠣᠨᠣᠷᠳᠠᠵᠤ᠂ ᠤᠯᠤᠰ ᠭᠥᠷᠥᠨ ᠤ ᠬᠤᠪᠢ ᠵᠠᠶᠠᠭ᠎ᠠ ᠶᠢ ᠥᠭᠡᠷᠡᠴᠢᠯᠡᠭᠰᠡᠨ ᠠᠭᠤᠷ ᠠᠮᠢᠰᠬᠤᠯ ᠢ ᠢᠯᠪᠢᠵᠦ ᠥᠩᠭᠡᠷᠡᠭᠰᠡᠨ ᠶᠤᠮ᠃      1999 ᠣᠨ ᠤ 11 ᠰᠠᠷ᠎ᠠ ᠶᠢᠨ 20᠎ ᠤ ᠡᠳᠦᠷ᠂ ᠲᠠᠪᠤᠨ ᠣᠳᠣᠲᠤ ᠤᠯᠠᠭᠠᠨ ᠲᠤᠭ ︽ᠬᠤᠪᠢᠯᠭᠠᠨ ᠵᠠᠪᠢ ᠨᠢᠭᠡᠳᠦᠭᠡᠷ ᠨᠣᠮᠧᠷᠲᠤ︾᠎ ᠶᠢ ᠲᠠᠭᠠᠨ ᠰᠠᠨᠰᠠᠷ ᠲᠤ ᠭᠠᠷᠴᠤ᠂ ᠣᠷᠴᠢᠯᠠᠩ ᠤᠨ ᠨᠢᠭᠤᠴᠠ ᠶᠢ ᠬᠠᠶᠢᠨ ᠰᠦᠪᠡᠭᠴᠢᠯᠡᠵᠦ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨ᠎ᠡ ᠴᠠᠭ ᠦᠶ᠎ᠡ ᠶᠢ ᠬᠠᠮᠲᠤ ᠪᠠᠷ ᠨᠡᠭᠡᠭᠡᠭᠰᠡᠨ ᠶᠤᠮ᠃ 2000 ᠣᠨ ᠤ 1 ᠰᠠᠷ᠎ᠠ ᠶᠢᠨ 1᠎ ᠤ ᠡᠳᠦᠷ᠂ 21 ᠳ᠋ᠦ᠋ᠭᠡᠷ ᠵᠠᠭᠤᠨ ᠤ ᠨᠢᠭᠡᠳᠦᠭᠡᠷ ᠡᠳᠦᠷ᠂ ᠲᠦᠭ ᠲᠦᠮᠡᠨ ᠬᠥᠮᠥᠨ ᠤ ᠠᠩᠬᠠᠷᠤᠯ ᠳᠣᠣᠷ᠎ᠠ᠂ ᠰᠠᠨᠰᠠᠷ ᠠᠴᠠ ᠢᠯᠠᠯᠲᠠ ᠲᠠᠢ ᠪᠠᠷ ᠪᠤᠴᠠᠵᠤ ᠢᠷᠡᠭᠰᠡᠨ ᠡᠨᠡᠬᠦ ᠲᠠᠪᠤᠨ ᠣᠳᠣᠲᠤ ᠤᠯᠠᠭᠠᠨ ᠲᠤᠭ ᠨᠢ ᠲᠢᠶᠠᠨ ᠠᠨ ᠮᠧᠨ ᠤ ᠡᠮᠦᠨ᠎ᠡ ᠠᠯᠭᠤᠷᠬᠠᠨ ᠮᠠᠨᠳᠤᠵᠤ᠂ ᠳᠣᠷᠣᠨ᠎ᠠ ᠶᠢᠨ ᠤᠯᠠᠭᠠᠨ ᠨᠠᠷᠠᠨ ᠲᠠᠢ ᠬᠠᠮᠲᠤ᠂ ᠳᠤᠮᠳᠠᠳᠤ ᠶᠢᠨ ᠡᠬᠡ ᠭᠠᠵᠠᠷ ᠢ ᠭᠡᠶᠢᠭᠦᠯᠦᠭᠰᠡᠨ ᠶᠤᠮ᠃      2021 ᠣᠨ ᠤ 3 ᠰᠠᠷ᠎ᠠ ᠶᠢᠨ 10᠎ ᠤ ᠡᠳᠦᠷ᠂ ︽2012 ᠣᠨ ᠤ 10 ᠰᠠᠷ᠎ᠠ ᠶᠢᠨ 11᠎ ᠤ ᠡᠳᠦᠷ︾ ᠳ᠋ᠤᠭᠠᠷᠲᠤ ᠲᠢᠶᠠᠨ ᠠᠨ ᠮᠧᠨ ᠤ ᠤᠯᠤᠰ ᠤᠨ ᠲᠤᠭ ᠢ ᠮᠥᠸᠧ ᠶᠠᠨ ᠤ ᠤᠳᠬ᠎ᠠ ᠵᠣᠬᠢᠶᠠᠯ ᠤᠨ ᠣᠷᠳᠣᠨ ᠳᠤ ᠪᠡᠯᠡᠭᠯᠡᠪᠡ᠂ 2012 ᠣᠨ ᠤ 10 ᠰᠠᠷ᠎ᠠ ᠶᠢᠨ 11᠎ ᠤ ᠡᠳᠦᠷ ᠪᠣᠯ ᠮᠥᠸᠧ ᠶᠠᠨ ᠨᠣᠪᠧᠯ ᠤᠨ ᠤᠳᠬ᠎ᠠ ᠵᠣᠬᠢᠶᠠᠯ ᠤᠨ ᠱᠠᠩᠨᠠᠯ ᠭᠥᠷᠳᠡᠭᠰᠡᠨ ᠡᠳᠦᠷ ᠪᠣᠯᠣᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号