ᠣᠶᠢᠷ᠎ᠠ ᠳᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ︽ᠪᠦᠭᠦ ᠨᠠᠮ ᠤᠨ ᠳᠣᠲᠣᠷ᠎ᠠ ᠪᠠᠶᠢᠴᠠᠭᠠᠨ | ᠰᠤᠳᠤᠯᠤᠯᠲᠠ ᠬᠢᠬᠦ ᠶᠢ ᠶᠡᠭᠡ ᠪᠠᠷ ᠥᠷᠨᠢᠭᠦᠯᠬᠦ ᠲᠤᠬᠠᠢ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠭᠰᠠᠨ | ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠠᠢ | ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ | ᠱᠠᠭᠠᠷᠳᠠᠪᠠ᠃ | ︽ᠪᠦᠭᠦ ᠨᠠᠮ ᠤᠨ ᠳᠣᠲᠣᠷ᠎ᠠ ᠪᠠᠶᠢᠴᠠᠭᠠᠨ ᠰᠤᠳᠤᠯᠤᠯᠲᠠ ᠬᠢᠬᠦ ᠶᠢ ᠶᠡᠭᠡ ᠪᠠᠷ ᠥᠷᠨᠢᠭᠦᠯᠬᠦ ᠲᠤᠬᠠᠢ | ᠠᠵᠢᠯ ᠤᠨ ᠲᠥᠰᠥᠯ︾ ᠤᠨ ᠪᠦᠭᠦ ᠠᠭᠤᠯᠭ᠎ᠠ ᠨᠢ ᠳᠣᠣᠷᠠᠬᠢ ᠮᠡᠲᠦ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠨᠠᠮ ᠤᠨ ᠲᠥᠪ | ᠬᠤᠷᠢᠶ᠎ᠠ ᠠᠴᠠ ᠪᠦᠭᠦ ᠨᠠᠮ ᠤᠨ ᠳᠣᠲᠣᠷ᠎ᠠ ᠪᠠᠶᠢᠴᠠᠭᠠᠨ ᠰᠤᠳᠤᠯᠤᠯᠲᠠ ᠬᠢᠬᠦ ᠶᠢ ᠶᠡᠭᠡ ᠪᠠᠷ ᠥᠷᠨᠢᠭᠦᠯᠬᠦ ᠶᠢ ᠪᠦᠭᠦ | ᠨᠠᠮ ᠤᠨ ᠬᠡᠪᠴᠢᠶᠡᠨ ᠳᠤ ᠥᠷᠨᠢᠭᠦᠯᠬᠦ ᠭᠤᠣᠯ ᠰᠡᠳᠦᠪᠲᠦ ᠬᠥᠮᠦᠵᠢᠯ ᠤᠨ ᠴᠢᠬᠤᠯᠠ ᠠᠭᠤᠯᠭ᠎ᠠ ᠪᠤᠯᠭᠠᠵᠤ᠂ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠠᠶᠢᠨ ᠡᠭᠢᠯᠡᠯᠲᠡ ᠶᠢ | ᠠᠬᠢᠭᠤᠯᠬᠤ ᠪᠠᠷ ᠲᠣᠭᠲᠠᠪᠠ᠃ ᠡᠳᠦᠭᠡ ᠳᠣᠣᠷᠠᠬᠢ ᠮᠡᠲᠦ ᠠᠵᠢᠯ ᠤᠨ ᠲᠥᠰᠥᠯ ᠢ ᠲᠣᠭᠲᠠᠭᠠᠪᠠ᠃ | ᠨᠢᠭᠡ᠂ ᠴᠢᠬᠤᠯᠠ ᠠᠴᠢ ᠬᠤᠯᠪᠣᠭᠳᠠᠯ | ᠪᠠᠶᠢᠴᠠᠭᠠᠨ ᠰᠤᠳᠤᠯᠤᠯᠲᠠ ᠬᠢᠬᠦ ᠪᠣᠯ ᠮᠠᠨ ᠤ ᠨᠠᠮ ᠤᠨ ᠤᠯᠠᠮᠵᠢᠯᠠᠯᠲᠤ ᠥᠪ ᠡᠷᠳᠡᠨᠢ ᠶᠤᠮ᠃ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ | ᠲᠥᠪ ᠬᠤᠷᠢᠶ᠎ᠠ ᠪᠠᠶᠢᠴᠠᠭᠠᠨ ᠰᠤᠳᠤᠯᠤᠯᠲᠠ ᠬᠢᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠶᠡᠷᠦᠩᠬᠡᠢ ᠱᠦᠵᠢ ᠰᠢ ᠶᠢᠨ ᠫᠢᠩ ᠪᠠᠶᠢᠴᠠᠭᠠᠨ ᠰᠤᠳᠤᠯᠤᠯᠲᠠ ᠬᠢᠬᠦ ᠪᠣᠯ ᠠᠵᠢᠯ ᠶᠠᠪᠤᠳᠠᠯ ᠲᠥᠯᠥᠪᠯᠡᠬᠦ ᠰᠠᠭᠤᠷᠢ᠂ | ᠠᠵᠢᠯ ᠶᠠᠪᠤᠳᠠᠯ ᠪᠦᠲᠦᠭᠡᠬᠦ ᠠᠷᠭ᠎ᠠ ᠵᠠᠮ ᠮᠥᠨ᠂ ᠪᠠᠶᠢᠴᠠᠭᠠᠯᠲᠠ ᠬᠢᠭᠰᠡᠨ ᠦᠭᠡᠢ ᠪᠣᠯ ᠦᠭᠡ ᠭᠡᠯᠡᠭᠦ ᠡᠷᠬᠡ ᠦᠭᠡᠢ᠂ | ᠪᠠᠶᠢᠴᠠᠭᠠᠯᠲᠠ ᠬᠢᠭᠰᠡᠨ ᠦᠭᠡᠢ ᠪᠣᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠷᠬᠡ ᠦᠭᠡᠢ ; ᠵᠥᠪ ᠤᠨᠤᠪᠴᠢᠳᠠᠢ | ᠰᠢᠢᠳᠪᠦᠷᠢᠲᠦ ᠪᠣᠳᠣᠯᠭ᠎ᠠ ᠨᠢ ᠪᠠᠶᠢᠴᠠᠭᠠᠨ ᠰᠤᠳᠤᠯᠤᠯᠲᠠ ᠠᠴᠠ ᠰᠠᠯᠵᠤ ᠴᠢᠳᠠᠬᠤ ᠦᠭᠡᠢ᠂ ᠵᠥᠪ ᠤᠨᠤᠪᠴᠢᠳᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠨᠢ ᠴᠦ ᠪᠠᠶᠢᠴᠠᠭᠠᠨ ᠰᠤᠳᠤᠯᠤᠯᠲᠠ ᠠᠴᠠ ᠰᠠᠯᠵᠤ ᠴᠢᠳᠠᠬᠤ ᠦᠭᠡᠢ ᠶᠤᠮ ; | ᠪᠠᠶᠢᠴᠠᠭᠠᠨ ᠰᠤᠳᠤᠯᠤᠯᠲᠠ ᠬᠢᠬᠦ ᠪᠣᠯ ᠦᠨᠡᠨ ᠮᠡᠳᠡᠯᠭᠡ ᠵᠥᠪ ᠦᠵᠡᠯᠲᠡ ᠶᠢ ᠣᠯᠬᠤ ᠡᠬᠢ ᠪᠤᠯᠠᠭ ᠮᠥᠨ᠂ | ᠠᠵᠢᠯ ᠢᠶᠠᠨ ᠰᠠᠶᠢᠲᠤᠷ ᠬᠢᠬᠦ ᠶᠢᠨ ᠦᠨᠳᠦᠰᠦᠨ ᠴᠢᠳᠠᠪᠤᠷᠢ ᠮᠥᠨ ; ᠪᠦᠭᠦ ᠨᠠᠮ ᠤᠨ ᠳᠣᠲᠣᠷ᠎ᠠ ᠪᠠᠶᠢᠴᠠᠭᠠᠨ | ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠨ ᠵᠢᠭᠠᠵᠤ ᠭᠠᠷᠭᠠᠪᠠ᠃ | ᠶᠡᠷᠦᠩᠬᠡᠢ ᠱᠦᠵᠢ ᠰᠢ ᠶᠢᠨ ᠫᠢᠩ ᠤᠨ ᠡᠳᠡᠭᠡᠷ ᠴᠢᠬᠤᠯᠠ ᠵᠢᠭᠠᠪᠤᠷᠢ ᠨᠢ ᠪᠠᠶᠢᠴᠠᠭᠠᠨ ᠰᠤᠳᠤᠯᠤᠯᠲᠠ ᠬᠢᠬᠦ ᠶᠢᠨ | ᠲᠤᠶᠢᠯ ᠤᠨ ᠴᠢᠬᠤᠯᠠ ᠴᠢᠨᠠᠷ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠦᠭᠦ ᠨᠠᠮ ᠤᠨ ᠳᠣᠲᠣᠷ᠎ᠠ ᠶᠡᠭᠡ ᠪᠠᠷ | ᠪᠠᠶᠢᠴᠠᠭᠠᠨ ᠰᠤᠳᠤᠯᠤᠯᠲᠠ ᠬᠢᠬᠦ᠂ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ | ᠃ | ᠣᠳᠣᠬᠠᠨ ᠳᠤ ᠮᠠᠨ ᠤ ᠤᠯᠤᠰ ᠤᠨ ᠬᠥᠭᠵᠢᠯᠲᠡ ᠳᠤ ᠪᠠᠶᠢᠯᠳᠤᠬᠤ ᠪᠣᠳᠣᠯᠭ᠎ᠠ ᠶᠢᠨ ᠰᠢᠨ᠎ᠡ ᠠᠵᠠ ᠲᠣᠭᠢᠶᠠᠯ᠂ | ᠪᠠᠶᠢᠯᠳᠤᠬᠤ ᠪᠣᠳᠣᠯᠭ᠎ᠠ ᠶᠢᠨ ᠰᠢᠨ᠎ᠡ ᠡᠭᠦᠷᠭᠡ᠂ ᠪᠠᠶᠢᠯᠳᠤᠬᠤ ᠪᠣᠳᠣᠯᠭ᠎ᠠ ᠶᠢᠨ ᠰᠢᠨ᠎ᠡ ᠱᠠᠲᠤ ᠦᠶ᠎ᠡ᠂ ᠪᠠᠶᠢᠯᠳᠤᠬᠤ | ᠪᠣᠳᠣᠯᠭ᠎ᠠ ᠶᠢᠨ ᠰᠢᠨ᠎ᠡ ᠱᠠᠭᠠᠷᠳᠠᠯᠭ᠎ᠠ᠂ ᠪᠠᠶᠢᠯᠳᠤᠬᠤ ᠪᠣᠳᠣᠯᠭ᠎ᠠ ᠶᠢᠨ ᠰᠢᠨ᠎ᠡ ᠣᠷᠴᠢᠨ ᠨᠥᠬᠦᠴᠡᠯ ᠲᠤᠯᠭᠠᠷᠠᠵᠤ | ᠪᠠᠶᠢᠭ᠎ᠠ ᠶᠤᠮ᠃ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠦᠯᠦ ᠲᠣᠬᠢᠶᠠᠯᠳᠤᠬᠤ ᠶᠡᠭᠡ ᠬᠤᠪᠢᠰᠤᠯᠲᠠ | ᠲᠦᠷᠭᠡᠳᠦᠨ ᠬᠤᠪᠢᠷᠠᠵᠤ᠂ ᠲᠣᠭᠲᠠᠪᠤᠷᠢ ᠦᠭᠡᠢ᠂ ᠲᠥᠰᠥᠭᠡᠯᠡᠬᠦᠶ᠎ᠡ ᠪᠡᠷᠬᠡ ᠬᠦᠴᠦᠨ ᠵᠦᠢᠯ ᠨᠡᠮᠡᠭᠳᠡᠵᠦ᠂ | ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠳᠠᠯ ᠵᠠᠶᠢᠯᠠᠭᠤᠯᠵᠤ ᠴᠢᠳᠠᠰᠢ ᠦᠭᠡᠢ᠂ | ᠲᠣᠭᠤᠷᠢᠵᠤ ᠭᠠᠷᠴᠤ ᠪᠣᠯᠣᠰᠢ ᠦᠭᠡᠢ ᠴᠥᠭᠡᠨ ᠪᠤᠰᠤ ᠭᠦᠨ ᠳᠠᠪᠬᠤᠷᠭ᠎ᠠ ᠶᠢᠨ ᠵᠥᠷᠢᠴᠡᠯ ᠳᠤ ᠲᠤᠯᠭᠠᠷᠠᠵᠤ᠂ ᠡᠯ᠎ᠡ | ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ᠂ ᠬᠦᠴᠢᠷ ᠠᠰᠠᠭᠤᠳᠠᠯ ᠥᠩᠭᠡᠷᠡᠭᠰᠡᠨ ᠤ ᠬᠢ ᠠᠴᠠ ᠨᠡᠩ ᠬᠦᠨᠳᠦ | ᠬᠡᠴᠡᠭᠦᠦ ᠨᠠᠷᠢᠨ ᠪᠤᠳᠤᠯᠢᠶᠠᠨᠲᠠᠢ ᠪᠣᠯᠵᠤ᠂ ᠪᠠᠶᠢᠴᠠᠭᠠᠨ ᠰᠤᠳᠤᠯᠤᠯᠲᠠ ᠬᠢᠬᠦ ᠪᠠᠷ ᠲᠠᠮᠵᠢᠨ ᠬᠡᠷᠡᠭ ᠪᠣᠳᠠᠰ ᠤᠨ ᠮᠥᠨ | ᠴᠢᠨᠠᠷ ᠪᠠ ᠵᠢᠮ᠎ᠡ ᠶᠣᠰᠣ ᠶᠢ ᠡᠵᠡᠮᠳᠡᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠠᠷᠭ᠎ᠠ ᠵᠠᠮ ᠢ ᠡᠷᠢᠵᠦ ᠣᠯᠬᠤ ᠶᠢ | ᠲᠤᠯᠭᠠᠮ ᠱᠠᠭᠠᠷᠳᠠᠵᠤ ᠪᠤᠢ᠃ ᠪᠦᠭᠦ ᠨᠠᠮ ᠤᠨ ᠳᠣᠲᠣᠷ᠎ᠠ ᠶᠡᠭᠡ ᠪᠠᠷ ᠪᠠᠶᠢᠴᠠᠭᠠᠨ ᠰᠤᠳᠤᠯᠤᠯᠲᠠ ᠬᠢᠬᠦ ᠪᠣᠯ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠠᠪᠤᠳᠠᠯ ᠮᠥᠨ᠂ ᠡᠨᠡ ᠬᠦ ᠴᠢᠬᠤᠯᠠ ᠦᠵᠡᠯ ᠰᠠᠨᠠᠭᠠᠨ ᠤ | ᠦᠨᠡᠨ ᠶᠣᠰᠣᠨ ᠤ ᠬᠦᠴᠦᠨ ᠪᠠ ᠦᠢᠯᠡᠳᠦᠯᠭᠡ ᠶᠢᠨ ᠠᠭᠤᠤ ᠬᠦᠴᠦᠨ ᠢ ᠣᠶᠢᠯᠠᠭᠠᠬᠤ ᠶᠢᠨ ᠵᠠᠶᠢᠯᠠᠰᠢ ᠦᠭᠡᠢ | ᠱᠠᠭᠠᠷᠳᠠᠯᠭ᠎ᠠ ᠮᠥᠨ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ | ᠭᠦᠨᠵᠡᠭᠡᠢ ᠣᠶᠢᠯᠠᠭᠠᠬᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠪᠣᠳᠠᠲᠤ ᠦᠢᠯᠡᠳᠦᠯᠭᠡ ᠮᠥᠨ᠂ | ᠰᠢᠨ᠎ᠡ ᠴᠠᠭ ᠦᠶ᠎ᠡ ᠰᠢᠨ᠎ᠡ ᠠᠶᠠᠨ ᠤ ᠤᠷᠤᠭᠰᠢᠯᠠᠯᠲᠠ ᠶᠢᠨ ᠵᠠᠮ ᠳᠡᠭᠡᠷᠡᠬᠢ ᠰᠠᠯᠬᠢ ᠳᠠᠪᠠᠯᠭᠠᠨ ᠢ ᠠᠷᠭᠠᠴᠠᠭᠠᠬᠤ | ᠰᠢᠯᠭᠠᠯᠲᠠ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠲᠡᠢ ᠠᠷᠭ᠎ᠠ | ᠬᠡᠮᠵᠢᠶ᠎ᠡ ᠪᠣᠯᠣᠨ᠎ᠠ᠂ ᠲᠣᠮᠣ ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠬᠤᠷᠴᠠ ᠰᠡᠷᠭᠡᠭ᠂ ᠡᠷᠡᠰ | ᠪᠠᠲᠤ ᠴᠢᠨᠠᠷ ᠢᠶᠠᠨ ᠴᠠᠭ ᠢᠮᠠᠭᠲᠠ ᠪᠠᠲᠤᠯᠠᠵᠤ᠂ ︽ᠵᠢᠷᠭᠤᠭ᠎ᠠ ᠶᠢ ᠬᠡᠷᠬᠢᠨ ᠢᠮᠠᠭᠲᠠ ᠪᠠᠷᠢᠮᠲᠠᠯᠠᠬᠤ︾ ᠳᠤ | ᠬᠠᠷᠢᠭᠤᠯᠲᠠ ᠦᠭᠭᠦ ᠪᠣᠳᠠᠲᠤ ᠬᠡᠷᠡᠭᠴᠡᠭᠡ ᠮᠥᠨ᠂ ᠠᠵᠢᠯ ᠤᠨ ᠰᠤᠷᠲᠠᠯ ᠢᠶᠠᠨ ᠬᠤᠪᠢᠷᠠᠭᠤᠯᠬᠤ᠂ ᠣᠯᠠᠨ | ᠲᠦᠮᠡᠨ ᠲᠠᠢ ᠨᠢᠭᠲᠠ ᠬᠠᠷᠢᠯᠴᠠᠬᠤ᠂ ᠲᠤᠰᠢᠶᠠᠯ ᠢᠶᠠᠨ ᠭᠦᠢᠴᠡᠳᠬᠡᠵᠦ ᠴᠢᠳᠠᠪᠤᠷᠢ ᠪᠠᠨ ᠳᠡᠭᠡᠭᠰᠢᠯᠡᠭᠦᠯᠭᠦ᠂ | ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ ᠪᠦᠲᠦᠮᠵᠢᠲᠡᠶ ᠠᠷᠭ᠎ᠠ ᠵᠠᠮ ᠮᠥᠨ᠃ | ᠬᠤᠶᠠᠷ᠂ ᠶᠡᠷᠦᠩᠬᠡᠢ ᠱᠠᠭᠠᠷᠳᠠᠯᠭ᠎ᠠ | ᠪᠦᠭᠦ ᠨᠠᠮ ᠤᠨ ᠳᠣᠲᠣᠷ᠎ᠠ ᠪᠠᠶᠢᠴᠠᠭᠠᠨ ᠰᠤᠳᠤᠯᠤᠯᠲᠠ ᠬᠢᠬᠦ ᠶᠢ ᠶᠡᠭᠡ ᠪᠠᠷ ᠥᠷᠨᠢᠭᠦᠯᠬᠦ ᠪᠣᠯ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠣᠨᠣᠯ ᠪᠣᠯᠣᠨ ᠱᠤᠭᠤᠮ ᠴᠢᠭᠯᠡᠯᠲᠡ ᠲᠥᠷᠥ ᠶᠢᠨ | ᠪᠣᠳᠣᠯᠭ᠎ᠠ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠣᠭᠤᠷᠢᠨ ᠳᠤ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ | ᠰᠢᠯᠢᠳᠡᠭ ᠰᠤᠷᠲᠠᠯ ᠢ ᠶᠡᠭᠡ ᠪᠠᠷ ᠪᠠᠳᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠪᠠ ᠬᠠᠷᠠᠯᠲᠠ ᠪᠠᠷ | ᠤᠳᠤᠷᠢᠳᠤᠮᠵᠢ ᠪᠤᠯᠭᠠᠬᠤ ᠶᠢ ᠳᠣᠪᠤᠶᠢᠯᠭᠠᠵᠤ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷᠴᠤᠳ ᠢᠯᠠᠩᠭᠤᠶ᠎ᠠ | ᠤᠳᠤᠷᠢᠳᠬᠤ ᠺᠠᠳ᠋ᠷᠴᠤᠳ ᠲᠦᠷᠦᠭᠦᠯᠡᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠬᠦ ᠶᠢ ᠠᠬᠢᠭᠤᠯᠵᠤ᠂ ᠨᠠᠮ ᠤᠨ | ᠰᠢᠨ᠎ᠡ ᠶᠢ ᠡᠭᠦᠳᠭᠦ ᠣᠨᠣᠯ ᠤᠨ ᠲᠤᠬᠠᠢ ᠲᠠᠨᠢᠯᠲᠠ ᠪᠠ ᠡᠵᠡᠮᠳᠡᠯ ᠢᠶᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ | ᠨᠠᠮ ᠤᠨ ᠰᠢᠨ᠎ᠡ ᠶᠢ ᠡᠭᠦᠳᠭᠦ ᠣᠨᠣᠯ ᠢ ᠴᠢᠳᠠᠮᠠᠭᠠᠢ ᠬᠡᠷᠡᠭᠯᠡᠨ ᠰᠢᠨ᠎ᠡ ᠪᠠᠶᠢᠳᠠᠯ ᠢ ᠰᠤᠳᠤᠯᠵᠤ᠂ ᠰᠢᠨ᠎ᠡ ᠠᠰᠠᠭᠤᠳᠠᠯ ᠢ | ᠰᠢᠢᠳᠪᠦᠷᠢᠯᠡᠵᠦ᠂ ᠰᠢᠨ᠎ᠡ ᠲᠤᠷᠰᠢᠯᠭ᠎ᠠ ᠪᠠᠨ ᠳ᠋ᠦᠩᠨᠡᠵᠦ᠂ ᠰᠢᠨ᠎ᠡ ᠵᠢᠮ᠎ᠡ ᠶᠣᠰᠣ ᠶᠢ ᠰᠦᠪᠡᠭᠴᠢᠯᠡᠵᠦ᠂ ᠪᠣᠳᠠᠲᠠᠢ | ᠠᠵᠢᠯ ᠬᠢᠵᠦ᠂ ᠪᠣᠳᠠᠲᠠᠢ ᠠᠷᠭ᠎ᠠ ᠪᠤᠳᠦᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠪᠠᠶᠢᠴᠠᠭᠠᠨ ᠰᠤᠳᠤᠯᠬᠤ | ᠠᠵᠢᠯ ᠢ ᠭᠤᠣᠯ ᠠᠵᠢᠯ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠡᠷᠡᠭᠴᠡᠭᠡ ᠲᠠᠢ ᠨᠢᠭᠲᠠ ᠤᠶᠠᠯᠳᠤᠭᠤᠯᠵᠤ᠂ | ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠨᠠᠩ ᠰᠠᠶᠢᠨ ᠦᠢᠯᠡᠴᠢᠯᠡᠨ᠎ᠡ᠂ ᠨᠠᠮ ᠤᠨ | ᠲᠥᠷᠥ ᠪᠠᠷᠢᠬᠤ ᠴᠢᠳᠠᠪᠤᠷᠢ ᠪᠠ ᠤᠳᠤᠷᠢᠳᠬᠤ ᠲᠦᠪᠰᠢᠨ ᠢ ᠳᠡᠭᠡᠭᠰᠢᠯᠡᠭᠦᠯᠭᠦ ᠳᠤ ᠦᠢᠯᠡᠴᠢᠯᠡᠵᠦ᠂ ᠰᠢᠨ᠎ᠡ ᠴᠠᠭ | ᠦᠶ᠎ᠡ ᠰᠢᠨ᠎ᠡ ᠠᠶᠠᠨ ᠤ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠳᠤ ᠦᠢᠯᠡᠴᠢᠯᠡᠨ᠎ᠡ᠃ | ᠪᠦᠭᠦ ᠨᠠᠮ ᠤᠨ ᠳᠣᠲᠣᠷ᠎ᠠ ᠪᠠᠶᠢᠴᠠᠭᠠᠨ ᠰᠤᠳᠤᠯᠤᠯᠲᠠ ᠬᠢᠬᠦ ᠶᠢ ᠶᠡᠭᠡ ᠪᠠᠷ ᠥᠷᠨᠢᠭᠦᠯᠬᠦ ᠳᠤ᠂ ᠡᠷᠬᠡᠪᠰᠢ | ᠨᠠᠮ ᠤᠨ ᠤᠯᠠᠨ ᠲᠦᠮᠡᠨᠴᠢ ᠱᠤᠭᠤᠮ ᠢ ᠪᠠᠷᠢᠮᠲᠠᠯᠠᠵᠤ᠂ ᠤᠯᠠᠨ ᠲᠦᠮᠡᠨ ᠤ ᠳᠤᠮᠳᠠ ᠠᠴᠠ ᠢᠷᠡᠵᠤ᠂ ᠤᠯᠠᠨ | ᠲᠦᠮᠡᠨ ᠤ ᠳᠤᠮᠳᠠ ᠣᠴᠢᠵᠤ᠂ ᠠᠷᠠᠳ ᠲᠦᠮᠡᠨ ᠯᠦᠭᠡ ᠶᠢᠨ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠤᠯᠠᠨ | ᠲᠦᠮᠡᠨ ᠤ ᠬᠦᠰᠡᠯ ᠱᠠᠭᠠᠷᠳᠠᠯᠭ᠎ᠠ ᠶᠢ ᠦᠨᠡᠨ ᠰᠡᠳᠬᠢᠯ ᠠᠴᠠ ᠪᠠᠨ ᠰᠣᠨᠣᠰᠴᠤ᠂ ᠤᠯᠠᠨ ᠲᠦᠮᠡᠨ ᠤ ᠬᠦᠰᠡᠯ | ᠡᠷᠡᠮᠡᠯᠵᠡᠯ ᠢ ᠦᠨᠡᠨ ᠪᠣᠳᠠᠲᠠᠢ ᠪᠠᠷ ᠲᠤᠰᠬᠠᠵᠤ᠂ ᠤᠯᠠᠨ ᠲᠦᠮᠡᠨ ᠤ ᠵᠣᠪᠠᠭᠤᠷᠢ ᠵᠦᠳᠡᠭᠦᠷᠢ ᠶᠢ ᠦᠨᠡᠨ | ᠰᠡᠳᠬᠢᠯ ᠠᠴᠠ ᠪᠠᠨ ᠬᠠᠯᠠᠮᠵᠢᠯᠠᠵᠤ᠂ ᠤᠬᠠᠮᠰᠠᠷ ᠠᠴᠠ ᠪᠠᠨ ᠤᠯᠠᠨ ᠲᠦᠮᠡᠨ ᠠᠴᠠ ᠰᠤᠷᠤᠯᠴᠠᠵᠤ᠂ | ᠦᠢᠯᠡᠳᠦᠯᠭᠡ ᠠᠴᠠ ᠰᠤᠷᠤᠯᠴᠠᠵᠤ᠂ ᠠᠷᠠᠳ ᠲᠦᠮᠡᠨ ᠤ ᠪᠦᠲᠦᠭᠡᠯᠴᠢ ᠴᠢᠨᠠᠷᠲᠠᠢ ᠦᠢᠯᠡᠳᠦᠯᠭᠡ ᠶᠢᠨ ᠳᠤᠮᠳᠠ ᠠᠴᠠ | ᠵᠥᠪ ᠲᠠᠨᠢᠯᠲᠠ ᠲᠠᠢ ᠪᠣᠯᠵᠤ᠂ ᠨᠠᠮ ᠤᠨ ᠵᠥᠪ ᠵᠣᠷᠢᠯᠲᠠ ᠶᠢ ᠤᠯᠠᠨ ᠲᠦᠮᠡᠨ ᠤ ᠤᠬᠠᠮᠰᠠᠷᠲᠤ ᠠᠵᠢᠯᠯᠠᠭ᠎ᠠ ᠪᠤᠯᠭᠠᠬᠤ | ᠬᠡᠷᠡᠭᠲᠡᠢ᠃ ᠡᠷᠬᠡᠪᠰᠢ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠨᠠᠮᠴᠢ ᠴᠢᠨᠠᠷ ᠤᠨ ᠵᠠᠷᠴᠢᠮ ᠢ ᠪᠠᠲᠤ ᠰᠠᠬᠢᠵᠤ | ᠂ ᠠᠯᠢᠪᠠ ᠪᠦᠭᠦᠨ ᠳᠤ ᠪᠣᠳᠠᠲᠠᠢ ᠠᠴᠠ ᠡᠭᠦᠰᠴᠦ᠂ ᠤᠨᠤᠯ ᠢ ᠪᠣᠳᠠᠲᠠᠢ ᠲᠠᠢ ᠤᠶᠠᠯᠳᠤᠭᠤᠯᠤᠨ᠂ ᠦᠨᠡᠨ ᠦᠭᠡ ᠶᠢ | ᠰᠣᠨᠣᠰᠴᠤ᠂ ᠪᠣᠳᠠᠲᠤ ᠪᠠᠶᠢᠳᠠᠯ ᠢ ᠪᠠᠶᠢᠴᠠᠭᠠᠨ᠂ ᠦᠨᠡᠨ ᠶᠣᠰᠣ ᠶᠢ ᠪᠠᠷᠢᠮᠲᠠᠯᠠᠵᠤ᠂ ᠠᠯᠳᠠᠭ᠎ᠠ ᠪᠤᠷᠤᠭᠤ ᠪᠠᠨ | ᠵᠠᠯᠠᠷᠠᠭᠤᠯᠵᠤ᠂ ᠦᠨᠡᠨ ᠮᠥᠨ ᠢᠶᠠᠷ ᠨᠢ ᠲᠡᠷᠡ ᠬᠡᠪ ᠢᠶᠠᠷ ᠨᠢ᠂ ᠰᠠᠶᠢᠨ ᠢ ᠨᠢ ᠮᠡᠳᠡᠭᠦᠯᠭᠦ ᠮᠥᠷᠲᠡᠭᠡᠨ ᠮᠠᠭᠤ ᠶᠢ ᠨᠢ | ᠴᠸ ᠮᠡᠳᠡᠭᠦᠯᠵᠦ᠂ ᠨᠣᠮ ᠪᠢᠴᠢᠭ ᠲᠤ ᠬᠢᠵᠠᠭᠠᠷᠯᠠᠭᠳᠠᠬᠤ ᠦᠭᠡᠢ᠂ ᠳᠡᠭᠡᠷᠡᠬᠢ ᠳᠤ ᠬᠢᠵᠠᠭᠠᠷᠯᠠᠭᠳᠠᠬᠤ ᠦᠭᠡᠢ᠂ | ᠪᠣᠳᠠᠲᠠᠢ ᠶᠢ ᠯᠠ ᠡᠷᠭᠢᠮᠯᠡᠭᠦ ᠬᠡᠷᠡᠭᠲᠡᠢ᠃ ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ | ᠠᠰᠠᠭᠤᠳᠠᠯ ᠤᠨ ᠤᠬᠠᠮᠰᠠᠷ ᠢᠶᠠᠨ ᠴᠢᠩᠭᠠᠳᠬᠠᠵᠤ᠂ ᠠᠰᠠᠭᠤᠳᠠᠯ ᠳᠤ ᠵᠣᠷᠢᠭᠲᠠᠢ ᠪᠠᠷ ᠵᠥᠪ ᠢᠶᠠᠷ ᠬᠠᠨᠳᠤᠵᠤ᠂ | ᠠᠰᠠᠭᠤᠳᠠᠯ ᠢ ᠴᠢᠳᠠᠮᠠᠭᠠᠢ ᠪᠠᠷ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠬᠦ ᠪᠠᠷ ᠦᠨᠳᠦᠰᠦᠨ ᠵᠣᠷᠢᠯᠭ᠎ᠠ ᠪᠤᠯᠭᠠᠵᠤ᠂ | ᠪᠠᠶᠢᠳᠠᠯ ᠢ ᠦᠨᠡᠨ ᠬᠦ ᠲᠣᠳᠣᠷᠬᠠᠢ ᠣᠶᠢᠯᠠᠭᠠᠵᠤ᠂ ᠠᠰᠠᠭᠤᠳᠠᠯ ᠢ ᠣᠨᠣᠪᠴᠢᠲᠠᠢ ᠡᠷᠢᠨ ᠣᠯᠵᠤ᠂ ᠠᠷᠭ᠎ᠠ | ᠪᠣᠳᠣᠯᠭ᠎ᠠ ᠶᠢ ᠪᠣᠳᠠᠲᠠᠢ ᠳᠤᠷᠠᠳᠴᠤ᠂ ᠠᠰᠠᠭᠤᠳᠠᠯ ᠢ ᠦᠨᠡᠨ ᠬᠦ ᠰᠢᠢᠳᠪᠦᠷᠢᠯᠡᠬᠦ ᠰᠢᠨ᠎ᠡ ᠰᠡᠳᠬᠢᠴᠡ ᠰᠢᠨ᠎ᠡ | ᠠᠷᠭ᠎ᠠ ᠶᠢ ᠲᠠᠰᠤᠷᠠᠯᠳᠠ ᠦᠭᠡᠢ ᠳᠤᠷᠠᠳᠬᠤ ᠬᠡᠷᠡᠭᠲᠡᠢ᠃ ᠡᠷᠬᠡᠪᠰᠢ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠶᠢ | ᠪᠠᠷᠢᠮᠲᠠᠯᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠡᠮᠡᠴᠡᠯ ᠤᠨ ᠴᠢᠳᠠᠪᠤᠷᠢ ᠪᠠᠨ ᠨᠡᠮᠡᠭᠳᠡᠭᠦᠯᠵᠦ᠂ | ᠵᠣᠷᠢᠭᠲᠠᠢ ᠪᠠᠷ ᠠᠶᠤᠯ ᠲᠦᠭᠰᠢᠭᠦᠷᠢ ᠶᠢ ᠲᠤᠭᠤᠯᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠦᠴᠢᠷ ᠢ | ᠰᠥᠷᠦᠨ ᠤᠷᠤᠭᠰᠢᠯᠠᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠠᠵᠢᠯ ᠢᠶᠠᠨ ᠠᠬᠢᠭᠤᠯᠬᠤ᠂ ᠬᠦᠴᠢᠷ | ᠪᠡᠷᠬᠡᠰᠢᠶᠡᠯ ᠢ ᠢᠯᠠᠨ ᠳᠠᠪᠠᠭ᠋ᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠡᠷᠬᠡᠪᠰᠢ | ᠰᠢᠰᠲ᠋ᠧᠮ ᠤᠨ ᠦᠵᠡᠯᠲᠡ ᠶᠢ ᠪᠠᠷᠢᠮᠲᠠᠯᠠᠨ᠂ ᠪᠣᠳᠠᠲᠤ ᠪᠠᠶᠢᠳᠠᠯ ᠳᠤ ᠭᠦᠨᠵᠡᠭᠡᠶᠢᠷᠡᠵᠦ᠂ ᠦᠨᠳᠦᠰᠦᠨ ᠱᠠᠲᠤᠨ ᠳᠤ | ᠭᠦᠨᠵᠡᠭᠡᠶᠢᠷᠡᠵᠦ᠂ ᠤᠯᠠᠨ ᠲᠦᠮᠡᠨ ᠤ ᠳᠤᠮᠳᠠ ᠭᠦᠨᠵᠡᠭᠡᠶᠢᠷᠡᠨ ᠪᠠᠶᠢᠳᠠᠯ ᠢ ᠪᠠᠶᠢᠴᠠᠭᠠᠨ ᠣᠶᠢᠯᠠᠭᠠᠵᠤ᠂ ᠪᠦᠭᠦ ᠲᠠᠯ᠎ᠠ | ᠪᠠ ᠬᠡᠰᠡᠭ ᠲᠠᠯ᠎ᠠ᠂ ᠣᠳᠣᠬᠠᠨ ᠤ ᠪᠠ ᠠᠯᠤᠰ ᠭᠡᠳᠦ ᠶᠢᠨ᠂ ᠬᠤᠷᠸ᠎ᠠ ᠲᠠᠯ᠎ᠠ ᠪᠠ ᠬᠤᠮᠠᠬᠢ ᠲᠠᠯ᠎ᠠ᠂ ᠭᠤᠣᠯ | ᠵᠥᠷᠢᠴᠡᠯ ᠪᠠ ᠭᠤᠣᠯ ᠪᠤᠰᠤ ᠵᠥᠷᠢᠴᠡᠯ᠂ ᠣᠨᠴᠠᠭᠠᠢ ᠪᠠ ᠡᠩ ᠤᠨ ᠬᠠᠷᠢᠴᠠᠭ᠎ᠠ ᠵᠡᠷᠭᠡ ᠶᠢ ᠰᠠᠶᠢᠲᠤᠷ ᠡᠵᠡᠮᠰᠢᠵᠦ᠂ | ᠪᠠᠷᠠᠯᠠᠯᠳᠦ ᠴᠢᠨᠠᠷᠲᠠᠢ ᠪᠠᠷ ᠰᠡᠳᠬᠢᠨ ᠪᠣᠳᠣᠯᠬᠢᠯᠠᠵᠤ᠂ ᠪᠦᠭᠦ ᠲᠠᠯᠠᠲᠤ ᠴᠢᠨᠠᠷᠲᠠᠢ ᠪᠠᠷ ᠲᠥᠯᠥᠪᠵᠢᠭᠦᠯᠵᠦ᠂ ᠨᠠᠮ ᠪᠠ | ᠤᠯᠤᠰ ᠤᠨ ᠡᠯ᠎ᠡ ᠵᠦᠢᠯ ᠤᠨ ᠠᠵᠢᠯ ᠦᠢᠯᠡᠰ ᠢ ᠪᠦᠬᠦᠯᠢ ᠴᠣᠭᠴᠠ ᠶᠢᠨ ᠴᠢᠨᠠᠷᠲᠠᠢ ᠠᠬᠢᠭᠤᠯᠬᠤ ᠬᠡᠷᠡᠭᠲᠡᠢ᠃ | ᠭᠤᠷᠪᠠ᠂ ᠪᠠᠶᠢᠴᠠᠭᠠᠨ ᠰᠤᠳᠤᠯᠤᠯᠲᠠ ᠶᠢᠨ ᠠᠭᠤᠯᠭ᠎ᠠ | ᠪᠦᠭᠦ ᠨᠠᠮ ᠤᠨ ᠳᠣᠲᠣᠷ᠎ᠠ ᠪᠠᠶᠢᠴᠠᠭᠠᠨ ᠰᠤᠳᠤᠯᠤᠯᠲᠠ ᠬᠢᠬᠦ ᠶᠢ ᠶᠡᠭᠡ ᠪᠠᠷ ᠥᠷᠨᠢᠭᠦᠯᠬᠦ ᠳᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ᠂ ᠠᠰᠠᠭᠤᠳᠠᠯ ᠳᠤ ᠰᠢᠭᠤᠳ | ᠬᠠᠨᠳᠤᠵᠤ᠂ ᠠᠰᠠᠭᠤᠳᠠᠯ ᠢ ᠶᠡᠭᠡ ᠪᠠᠷ ᠡᠮᠬᠢᠯᠡᠬᠦ᠂ ᠬᠦᠴᠢᠷ ᠠᠰᠠᠭᠤᠳᠠᠯ ᠢ ᠶᠡᠭᠡ ᠪᠠᠷ ᠵᠢᠭᠰᠠᠭᠠᠨ ᠪᠠᠶᠢᠴᠠᠭᠠᠬᠤ ᠶᠢ | ᠬᠡᠷᠡᠭᠵᠢᠭᠦᠯᠵᠦ᠂ ᠲᠤᠭᠤᠰᠢᠯᠠᠭᠤᠯᠤᠨ ᠬᠡᠷᠡᠭᠵᠢᠭᠦᠯᠬᠦ ᠳᠤᠮᠳᠠᠬᠢ ᠲᠦᠭᠵᠢᠷᠡᠯ ᠠᠰᠠᠭᠤᠳᠠᠯ ᠬᠦᠴᠢᠷ ᠠᠰᠠᠭᠤᠳᠠᠯ ᠢ | ᠬᠦᠴᠦᠯᠡᠨ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠪᠦᠭᠦ ᠲᠠᠯ᠎ᠠ ᠳᠤ | ᠬᠤᠯᠪᠣᠭᠳᠠᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠠᠶᠢᠴᠠᠭᠠᠨ ᠰᠤᠳᠤᠯᠤᠯᠲᠠ᠂ ᠨᠠᠷᠢᠨ ᠪᠤᠳᠤᠯᠢᠶᠠᠨᠲᠠᠢ ᠬᠦᠴᠢᠷ | ᠠᠰᠠᠭᠤᠳᠠᠯ ᠢ ᠰᠢᠢᠳᠪᠦᠷᠢᠯᠡᠬᠦ ᠠᠷᠭ᠎ᠠ ᠪᠣᠳᠣᠯᠭ᠎ᠠ ᠶᠢᠨ ᠴᠢᠨᠠᠷᠲᠠᠢ ᠪᠠᠶᠢᠴᠠᠭᠠᠨ ᠰᠤᠳᠤᠯᠤᠯᠲᠠ᠂ ᠰᠢᠨ᠎ᠡ ᠴᠠᠭ ᠦᠶ᠎ᠡ | ᠰᠢᠨ᠎ᠡ ᠪᠠᠶᠢᠳᠠᠯ ᠳᠣᠣᠷᠠᠬᠢ ᠤᠷᠢᠳᠠᠴᠢ ᠴᠢᠨᠠᠷᠲᠠᠢ ᠪᠠᠶᠢᠴᠠᠭᠠᠨ ᠰᠤᠳᠤᠯᠤᠯᠲᠠ᠂ ᠴᠢᠬᠤᠯᠠ ᠶᠡᠭᠡ ᠠᠵᠢᠯ ᠤᠨ ᠲᠦᠷᠦᠯ | ᠵᠦᠢᠯ ᠤᠨ ᠮᠥᠷᠳᠡᠯᠲᠡ ᠶᠢᠨ ᠴᠢᠨᠠᠷᠲᠠᠢ ᠪᠠᠶᠢᠴᠠᠭᠠᠨ ᠰᠤᠳᠤᠯᠤᠯᠲᠠ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠬᠤ | ᠴᠢᠨᠠᠷᠲᠠᠢ ᠪᠠᠶᠢᠴᠠᠭᠠᠨ ᠰᠤᠳᠤᠯᠤᠯᠲᠠ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠱᠠᠯᠠᠪᠳᠠᠭᠤᠯᠤᠨ ᠪᠠᠶᠢᠴᠠᠭᠠᠬᠤ | ᠭᠡᠯᠪᠡᠷᠢ ᠶᠢᠨ ᠪᠠᠶᠢᠴᠠᠭᠠᠨ ᠰᠤᠳᠤᠯᠤᠯᠲᠠ ᠶᠢᠨ ᠲᠣᠭᠤᠷᠢᠨ ᠳᠤ᠂ ᠭᠤᠣᠯᠳᠠᠯᠭ᠎ᠠ ᠶᠢ ᠲᠣᠪᠤᠶᠢᠯᠭᠠᠨ ᠠᠳᠬᠤᠵᠤ᠂ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠠᠶᠢᠴᠠᠭᠠᠨ ᠰᠤᠳᠤᠯᠤᠯᠲᠠ ᠶᠢᠨ ᠠᠭᠤᠯᠭ᠎ᠠ ᠶᠢ ᠲᠣᠭᠲᠠᠭᠠᠬᠤ ᠬᠡᠷᠡᠭᠲᠡᠢ | ᠃ ᠡᠭᠦᠨ ᠳᠤ ᠭᠤᠣᠯᠳᠠᠭᠤ 12 ᠲᠠᠯ᠎ᠠ ᠪᠤᠢ᠃ | 1. ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠶᠡᠷᠦᠩᠬᠡᠢ | ᠱᠦᠵᠢ ᠰᠢ ᠶᠢᠨ ᠫᠢᠩ ᠤᠨ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠬᠦᠷᠢᠶ᠎ᠡ ᠴᠠᠷᠠᠭᠠᠨ ᠤ ᠠᠵᠢᠯ ᠤᠨ | ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ | ᠭᠤᠣᠯ ᠪᠠᠶᠢᠳᠠᠯ ᠪᠣᠯᠣᠨ ᠭᠤᠣᠯᠳᠠᠯᠭ᠎ᠠ ᠲᠠᠢ ᠠᠰᠠᠭᠤᠳᠠᠯ ᠤᠳ᠃ | 2. ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠᠬᠢ ᠴᠢᠬᠤᠯᠠ ᠶᠡᠭᠡ ᠠᠰᠠᠭᠤᠳᠠᠯ᠂ | ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠶᠢ ᠠᠬᠢᠭᠤᠯᠬᠤ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠬᠦ᠂ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠢ ᠪᠠᠶᠢᠭᠤᠯᠬᠤ᠂ ︽ᠬᠤᠶᠠᠷ ᠭᠤᠶᠢᠪᠢᠰᠢ ᠦᠭᠡᠢ︾ ᠶᠢ ᠨᠠᠶᠢᠳᠠᠪᠤᠷᠢᠵᠢᠭᠤᠯᠵᠤ᠂ ᠭᠠᠳᠠᠭᠠᠳᠤ | ᠪᠡᠯᠡ ᠶᠢ ᠲᠠᠲᠠᠬᠤ ᠪᠠ ᠠᠰᠢᠭᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ | ᠠᠬᠢᠭᠤᠯᠬᠤ ᠳᠤᠮᠳᠠᠬᠢ ᠭᠤᠣᠯ ᠪᠠᠶᠢᠳᠠᠯ ᠪᠠ ᠭᠤᠣᠯᠳᠠᠯᠭ᠎ᠠ ᠲᠠᠢ ᠠᠰᠠᠭᠤᠳᠠᠯ ᠤᠳ᠃ | 3. ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠮᠤ ᠪᠤᠳᠠᠭ᠎ᠠ᠂ ᠡᠨᠧᠷᠭᠢ᠂ | ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ᠂ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯᠡᠰ᠂ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠠᠵᠤ ᠠᠬᠤᠢ | ᠮᠥᠩᠭᠦᠨ ᠭᠦᠢᠯᠭᠡᠭᠡᠨ ᠤ ᠬᠦᠨᠳᠦ ᠶᠡᠭᠡ ᠲᠦᠭᠰᠢᠭᠦᠷᠢ ᠳᠠᠬᠢ ᠭᠤᠣᠯ ᠪᠠᠶᠢᠳᠠᠯ ᠪᠠ ᠭᠤᠣᠯᠳᠠᠯᠭ᠎ᠠ ᠲᠠᠢ ᠰᠡᠷᠭᠡᠶᠢᠯᠡᠨ | ᠠᠷᠢᠯᠭᠠᠬᠤ ᠠᠰᠠᠭᠤᠳᠠᠯ ᠤᠳ᠃ | 4. ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠᠬᠢ ᠴᠢᠬᠤᠯᠠ ᠶᠡᠭᠡ | ᠠᠰᠠᠭᠤᠳᠠᠯ᠂ ᠴᠢᠬᠤᠯᠠ ᠬᠦᠷᠢᠶ᠎ᠡ ᠴᠠᠷᠠᠭ᠎ᠠ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ᠂ ᠥᠨᠳᠥᠷ | ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠳᠤᠮᠳᠠᠬᠢ ᠭᠤᠣᠯ ᠪᠠᠶᠢᠳᠠᠯ ᠪᠣᠯᠣᠨ ᠭᠤᠣᠯᠳᠠᠯᠭ᠎ᠠ ᠲᠠᠢ | ᠠᠰᠠᠭᠤᠳᠠᠯ ᠤᠳ᠃ | 5. ᠪᠦᠭᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠳᠤᠮᠳᠠᠬᠢ ᠴᠢᠬᠤᠯᠠ ᠶᠡᠭᠡ ᠠᠰᠠᠭᠤᠳᠠᠯ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠬᠦ | ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ᠂ ᠲᠥᠪ ᠭᠤᠤᠯᠴᠢ ᠪᠠᠷ ᠬᠠᠤᠯᠢ ᠪᠠᠷᠢᠬᠤ ᠶᠢ ᠴᠢᠩᠳᠠᠯᠠᠬᠤ | ᠂ ᠬᠠᠤᠯᠢᠵᠢᠯ ᠤᠨ ᠨᠡᠶᠢᠭᠡᠮ ᠢ ᠪᠠᠶᠢᠭᠤᠯᠬᠤ ᠵᠡᠷᠭᠡ ᠭᠤᠣᠯ ᠪᠠᠶᠢᠳᠠᠯ ᠪᠠ ᠭᠤᠣᠯᠳᠠᠯᠭ᠎ᠠ ᠲᠠᠢ ᠠᠰᠠᠭᠤᠳᠠᠯ ᠤᠳ᠃ | 6. ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠤ ᠣᠷᠣᠰᠢᠵᠤ ᠪᠠᠶᠢᠭ᠎ᠠ ᠥᠷᠢᠰᠦᠯᠳᠦᠭᠡᠨ᠂ ᠰᠣᠶᠣᠯ | ᠤᠨ ᠢᠲᠡᠭᠡᠯ ᠪᠠ ᠪᠡᠶ᠎ᠡ ᠪᠠᠨ ᠳᠠᠭᠠᠭᠠᠭᠰᠠᠨ ᠬᠦᠴᠦᠷᠬᠡᠭᠵᠢᠯ ᠢ ᠠᠬᠢᠭᠤᠯᠬᠤ᠂ ᠨᠡᠶᠢᠭᠡᠮ ᠵᠢᠷᠤᠮ ᠤᠨ ᠰᠣᠶᠣᠯ ᠤᠨ | ᠬᠦᠴᠦᠷᠬᠡᠭ ᠤᠯᠤᠰ ᠢ ᠪᠠᠶᠢᠭᠤᠯᠬᠤ ᠪᠠ ᠰᠣᠨᠢᠨ ᠮᠡᠳᠡᠭᠡ ᠶᠠᠷᠢᠶ᠎ᠠ ᠬᠡᠯᠡᠯᠴᠡᠭᠡ ᠶᠢ ᠬᠥᠲᠥᠯᠥᠨ ᠳᠠᠭᠠᠭᠤᠯᠬᠤ᠂ | ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠬᠢᠬᠦ ᠶᠠᠪᠤᠴᠠ ᠳᠠᠬᠢ ᠭᠤᠣᠯ ᠪᠠᠶᠢᠳᠠᠯ ᠪᠣᠯᠣᠨ ᠭᠤᠣᠯᠳᠠᠯᠭ᠎ᠠ ᠲᠠᠢ | ᠠᠰᠠᠭᠤᠳᠠᠯ ᠤᠳ᠃ | 7. ᠬᠠᠮᠲᠤ ᠪᠠᠷ ᠪᠠᠶᠠᠵᠢᠬᠤ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ | ᠶᠠᠪᠤᠴᠠ ᠳᠠᠬᠢ ᠴᠢᠬᠤᠯᠠ ᠶᠡᠭᠡ ᠠᠰᠠᠭᠤᠳᠠᠯ᠂ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠤᠭᠰᠠᠨ ᠦᠷ᠎ᠡ | ᠪᠦᠲᠦᠭᠡᠯ ᠢ ᠪᠠᠲᠤᠳᠬᠠᠨ ᠥᠷᠭᠡᠳᠬᠡᠬᠦ᠂ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠵᠥᠷᠢᠶ᠎ᠡ ᠪᠣᠯᠣᠨ | ᠤᠷᠤᠯᠭ᠎ᠠ ᠶᠢᠨ ᠬᠤᠪᠢᠶᠠᠷᠢᠯᠠᠯᠲᠠ ᠶᠢᠨ ᠵᠥᠷᠢᠶ᠎ᠡ ᠶᠢ ᠪᠠᠭᠠᠰᠬᠠᠬᠤ ᠶᠠᠪᠤᠴᠠ ᠳᠠᠬᠢ ᠭᠤᠣᠯ ᠪᠠᠶᠢᠳᠠᠯ ᠪᠣᠯᠣᠨ | ᠭᠤᠣᠯᠳᠠᠯᠭ᠎ᠠ ᠲᠠᠢ ᠠᠰᠠᠭᠤᠳᠠᠯ ᠤᠳ᠃ | 8. ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ | ᠠᠰᠢᠭ ᠲᠤᠰᠠ ᠶᠢᠨ ᠠᠰᠠᠭᠤᠳᠠᠯ᠂ ᠣᠨᠴᠠᠭᠠᠶᠢᠯᠠᠨ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ | ᠬᠡᠦᠬᠡᠳ ᠰᠠᠭᠠᠲᠠᠭᠤᠯᠬᠤ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ ᠵᠡᠷᠭᠡ ᠤᠯᠠᠨ ᠲᠦᠮᠡᠨ ᠤ ᠪᠠᠴᠢᠮᠳᠠᠵᠤ | ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠪᠣᠳᠠᠲᠠᠢ ᠠᠰᠠᠭᠤᠳᠠᠯ ᠤᠳ᠃ | 9. ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠮᠥᠨ ᠭᠡᠬᠦ | ᠣᠶᠢᠯᠠᠭᠠᠭᠳᠠᠬᠤᠨ ᠢ ᠪᠠᠲᠤ ᠪᠤᠢ ᠪᠤᠯᠭᠠᠬᠤ ᠪᠠ ᠦᠢᠯᠡᠳᠦᠯᠭᠡᠵᠢᠭᠦᠯᠬᠦ ᠲᠠᠯ᠎ᠠ ᠪᠠᠷ ᠣᠷᠣᠰᠢᠵᠤ ᠪᠠᠶᠢᠭ᠎ᠠ ᠵᠥᠷᠢᠶ᠎ᠡ | ᠪᠣᠯᠣᠨ ᠳᠤᠲᠠᠭᠤᠳᠠᠯ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠪᠠ ᠠᠮᠢ ᠠᠬᠤᠢ ᠶᠢᠨ ᠠᠮᠤᠷ ᠲᠦᠪᠰᠢᠨ ᠢ | ᠬᠠᠮᠠᠭᠠᠯᠠᠬᠤ ᠶᠠᠪᠤᠴᠠ ᠳᠠᠬᠢ ᠭᠤᠣᠯ ᠪᠠᠶᠢᠳᠠᠯ ᠪᠣᠯᠣᠨ ᠭᠤᠣᠯᠳᠠᠯᠭ᠎ᠠ ᠲᠠᠢ ᠠᠰᠠᠭᠤᠳᠠᠯ ᠤᠳ᠃ | 10. ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ ᠶᠠᠪᠤᠴᠠ ᠳᠠᠬᠢ ᠴᠢᠬᠤᠯᠠ ᠶᠡᠭᠡ ᠠᠰᠠᠭᠤᠳᠠᠯ᠂ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠴᠢᠬᠤᠯᠠ ᠶᠡᠭᠡ ᠭᠡᠨᠡᠳᠲᠡ ᠶᠢᠨ | ᠤᠯᠠᠨ ᠨᠡᠶᠢᠳᠡ ᠶᠢᠨ ᠬᠡᠷᠡᠭ ᠶᠠᠪᠤᠳᠠᠯ ᠢ ᠰᠢᠢᠳᠪᠦᠷᠢᠯᠡᠬᠦ ᠶᠠᠪᠤᠴᠠ ᠳᠠᠬᠢ ᠪᠠᠲᠤᠯᠠᠭ᠎ᠠ ᠶᠢᠨ ᠳᠤᠲᠠᠭᠤᠳᠠᠯ᠂ ᠰᠢᠨ᠎ᠡ | ᠪᠠᠶᠢᠳᠠᠯ ᠳᠣᠣᠷᠠᠬᠢ ᠠᠷᠠᠳ ᠲᠦᠮᠡᠨ ᠤ ᠳᠣᠲᠣᠭᠠᠳᠤ ᠶᠢᠨ ᠵᠥᠷᠢᠴᠡᠯ ᠢ ᠰᠢᠢᠳᠪᠦᠷᠢᠯᠡᠬᠦ ᠪᠣᠯᠣᠨ ᠨᠡᠶᠢᠭᠡᠮ ᠤᠨ ᠠᠮᠤᠷ | ᠢ ᠬᠠᠮᠠᠭᠠᠯᠠᠬᠤ ᠪᠦᠬᠦᠯᠢ ᠴᠣᠭᠴᠠ ᠶᠢᠨ ᠰᠡᠷᠭᠡᠶᠢᠯᠡᠯᠲᠡ ᠶᠢ ᠴᠢᠩᠭᠠᠳᠬᠠᠬᠤ ᠶᠠᠪᠤᠴᠠ ᠳᠠᠬᠢ ᠭᠤᠣᠯ ᠪᠠᠶᠢᠳᠠᠯ ᠪᠣᠯᠣᠨ | ᠭᠤᠣᠯᠳᠠᠯᠭ᠎ᠠ ᠲᠠᠢ ᠠᠰᠠᠭᠤᠳᠠᠯ ᠤᠳ᠃ | 11. ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠠᠪᠤᠴᠠ ᠳᠠᠬᠢ ᠴᠢᠬᠤᠯᠠ ᠶᠡᠭᠡ ᠠᠰᠠᠭᠤᠳᠠᠯ᠂ ᠨᠠᠮ ᠤᠨ | ᠤᠳᠤᠷᠢᠳᠤᠯᠭ᠎ᠠ ᠶᠢ ᠨᠠᠶᠢᠳᠠᠪᠤᠷᠢᠵᠢᠭᠤᠯᠬᠤ ᠨᠢ ᠰᠤᠯᠠᠷᠠᠬᠤ ᠬᠡᠶᠢᠰᠪᠦᠷᠢᠵᠢᠬᠦ ᠶᠡᠷᠦᠮᠳᠡᠭᠵᠢᠭᠦ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠬᠤ ᠴᠢᠳᠠᠮᠵᠢ ᠴᠢᠩᠭ᠎ᠠ ᠪᠤᠰᠤ᠂ ᠠᠵᠢᠯ | ᠬᠢᠵᠦ ᠦᠢᠯᠡᠰ ᠪᠦᠲᠦᠭᠡᠬᠦ ᠴᠤᠭ ᠰᠦᠯᠳᠡ ᠪᠠᠳᠠᠷᠠᠩᠭᠤᠢ ᠪᠤᠰᠤ᠂ ᠬᠠᠷᠢᠭᠤᠴᠠᠯᠭ᠎ᠠ ᠡᠭᠦᠷᠭᠡᠯᠡᠬᠦ ᠦᠭᠡᠢ ᠵᠢᠳᠬᠦᠯ | ᠴᠢᠷᠮᠠᠶᠢᠯᠭ᠎ᠠ ᠦᠭᠡᠢ᠂ ᠭᠡᠨᠡᠳᠲᠡ ᠶᠢᠨ ᠲᠣᠬᠢᠶᠠᠯᠳᠤᠯ ᠤᠨ ᠬᠡᠷᠡᠭ ᠶᠠᠪᠤᠳᠠᠯ ᠢ ᠠᠷᠭᠠᠴᠠᠭᠠᠬᠤ ᠪᠠ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠬᠦᠷᠦᠯᠴᠡᠬᠦ ᠦᠭᠡᠢ᠂ ᠬᠡᠯᠪᠡᠷᠢᠴᠢ ᠦᠵᠡᠯ᠂ ᠨᠣᠶᠠᠨᠴᠢ | ᠰᠤᠷᠲᠠᠯ᠂ ᠣᠨᠴᠠ ᠡᠷᠬᠡ ᠶᠢᠨ ᠦᠵᠡᠯ ᠰᠠᠨᠠᠭ᠎ᠠ ᠪᠣᠯᠣᠨ ᠣᠨᠴᠠ ᠡᠷᠬᠡ ᠶᠢᠨ ᠠᠵᠢᠯᠯᠠᠭ᠎ᠠ ᠵᠡᠷᠭᠡ ᠭᠤᠣᠯᠳᠠᠯᠭ᠎ᠠ ᠲᠠᠢ | ᠠᠰᠠᠭᠤᠳᠠᠯ ᠤᠳ᠃ | 12. ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠪᠠᠶᠢᠭᠤᠯᠭ᠎ᠠ ᠨᠢᠭᠡᠴᠢ ᠶᠢᠨ ᠤᠷᠳᠤ | ᠬᠤᠭᠤᠴᠠᠭ᠎ᠠ ᠪᠠᠷ ᠰᠢᠢᠳᠪᠦᠷᠢᠯᠡᠵᠦ ᠳᠡᠶᠢᠯᠦᠭᠡ ᠦᠭᠡᠢ ᠬᠦᠴᠢᠷ ᠲᠦᠪᠡᠭ ᠲᠠᠢ ᠠᠰᠠᠭᠤᠳᠠᠯ ᠤᠳ᠃ | ᠳᠥᠷᠪᠡ᠂ ᠠᠷᠭ᠎ᠠ ᠬᠡᠮᠵᠢᠶ᠎ᠡ ᠠᠯᠬᠤᠮ ᠳᠠᠷᠠᠭ᠎ᠠ | 6 ᠠᠯᠬᠤᠮ ᠬᠤᠪᠢᠶᠠᠵᠤ᠂ ᠪᠦᠭᠦ ᠨᠠᠮ ᠤᠨ ᠳᠣᠲᠣᠷ᠎ᠠ ᠪᠠᠶᠢᠴᠠᠭᠠᠨ ᠰᠤᠳᠤᠯᠤᠯᠲᠠ ᠶᠢ ᠶᠡᠭᠡ ᠪᠠᠷ | ᠥᠷᠨᠢᠭᠦᠯᠦᠨ᠎ᠡ᠃ | ︵ᠨᠢᠭᠡ︶ ᠲᠠᠨᠢᠯᠲᠠ ᠶᠢ ᠳᠡᠭᠡᠭᠰᠢᠯᠡᠭᠦᠯᠦᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠬᠢᠨ ︵ᠨᠠᠮ ᠤᠨ | ᠤᠳᠤᠷᠢᠳᠬᠤ ᠳᠤᠭᠤᠶᠢᠯᠠᠩ︶ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ᠂ ᠨᠣᠮ ᠤᠩᠰᠢᠬᠤ | ᠠᠩᠭᠢ ᠵᠡᠷᠭᠡ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠤᠨ ᠶᠡᠷᠦᠩᠬᠡᠢ ᠱᠦᠵᠢ ᠰᠢ ᠶᠢᠨ | ᠫᠢᠩ ᠤᠨ ᠪᠠᠶᠢᠴᠠᠭᠠᠨ ᠰᠤᠳᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ | ᠶᠡᠷᠦᠩᠬᠡᠢ ᠱᠦᠵᠢ ᠰᠢ ᠶᠢᠨ ᠫᠢᠩ ᠤᠨ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠪᠣᠯᠣᠨ ᠲᠤᠰ ᠬᠦᠷᠢᠶ᠎ᠡ | ᠴᠠᠷᠠᠭ᠎ᠠ ᠶᠢᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠰᠤᠷᠤᠯᠴᠠᠨ᠂ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠦᠨᠳᠦᠰᠦᠨ ᠱᠠᠲᠤᠨ ᠳᠤ ᠭᠦᠨᠵᠡᠭᠡᠶᠢᠷᠡᠨ | ᠪᠠᠶᠢᠴᠠᠭᠠᠨ ᠰᠤᠳᠤᠯᠤᠯᠲᠠ ᠬᠢᠬᠦ ᠰᠢᠯᠢᠳᠡᠭ ᠰᠠᠶᠢᠨ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠪᠠᠶᠢᠴᠠᠭᠠᠨ | ᠰᠤᠳᠤᠯᠤᠯᠲᠠ ᠶᠢ ᠰᠠᠶᠢᠲᠤᠷ ᠬᠢᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠠ ᠠᠵᠢᠯᠯᠠᠭ᠎ᠠ | ᠶᠢᠨ ᠤᠬᠠᠮᠰᠠᠷ ᠢ ᠴᠢᠩᠭᠠᠳᠬᠠᠬᠤ ᠬᠡᠷᠡᠭᠲᠡᠢ᠃ | ︵ᠬᠤᠶᠠᠷ︶ ᠲᠥᠰᠥᠯ ᠲᠣᠭᠲᠠᠭᠠᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠪᠠᠶᠢᠴᠠᠭᠠᠨ ᠰᠤᠳᠤᠯᠤᠯᠲᠠ ᠶᠢᠨ ᠠᠭᠤᠯᠭ᠎ᠠ ᠶᠢᠨ ᠲᠣᠭᠤᠷᠢᠨ ᠳᠤ᠂ ᠲᠤᠰ ᠭᠠᠵᠠᠷ ᠣᠷᠣᠨ ᠲᠤᠰ | ᠰᠠᠯᠠᠭ᠎ᠠ ᠮᠥᠴᠢᠷ ᠲᠤᠰ ᠪᠠᠶᠢᠭᠤᠯᠭ᠎ᠠ ᠨᠢᠭᠡᠴᠢ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠯ᠎ᠡ ᠲᠠᠯ᠎ᠠ | ᠶᠢᠨ ᠰᠠᠨᠠᠯ ᠢ ᠥᠷᠭᠡᠨ ᠢᠶᠠᠷ ᠰᠣᠨᠣᠰᠴᠤ᠂ ᠪᠠᠶᠢᠴᠠᠭᠠᠨ ᠰᠤᠳᠤᠯᠤᠯᠲᠠ ᠬᠢᠬᠦ ᠪᠣᠳᠠᠲᠠᠢ ᠲᠥᠰᠥᠯ ᠢᠶᠠᠨ ᠰᠤᠳᠤᠯᠤᠨ | ᠲᠣᠭᠲᠠᠭᠠᠵᠤ᠂ ᠪᠠᠶᠢᠴᠠᠭᠠᠨ ᠰᠤᠳᠤᠯᠤᠯᠲᠠ ᠬᠢᠬᠦ ᠲᠦᠷᠦᠯ ᠵᠦᠢᠯ ᠰᠡᠳᠦᠪ᠂ ᠠᠷᠭ᠎ᠠ ᠭᠡᠯᠪᠡᠷᠢ ᠠᠷᠭ᠎ᠠ ᠬᠡᠮᠵᠢᠶ᠎ᠡ ᠪᠠ | ᠠᠵᠢᠯ ᠤᠨ ᠱᠠᠭᠠᠷᠳᠠᠯᠭ᠎ᠠ ᠵᠡᠷᠭᠡ ᠶᠢ ᠲᠣᠳᠣᠷᠬᠠᠶᠢᠯᠠᠨ᠂ ᠪᠠᠶᠢᠴᠠᠭᠠᠨ ᠰᠤᠳᠤᠯᠤᠯᠲᠠ ᠬᠢᠬᠦ ᠴᠠᠭ᠂ ᠭᠠᠵᠠᠷ ᠣᠷᠣᠨ᠂ | ᠬᠥᠮᠥᠨ ᠢᠶᠠᠨ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ ᠵᠣᠬᠢᠰᠲᠠᠢ ᠲᠣᠭᠲᠠᠭᠠᠵᠤ ᠬᠡᠷᠡᠭᠲᠡᠢ᠃ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ ᠬᠠᠷᠢᠭᠤᠴᠠᠯᠭᠠᠲᠠᠨ ᠲᠥᠰᠥᠯ ᠲᠣᠭᠲᠠᠭᠠᠬᠤ | ᠠᠵᠢᠯ ᠢ ᠪᠡᠶ᠎ᠡ ᠪᠠᠷ ᠢᠶᠠᠨ ᠤᠳᠤᠷᠢᠳᠤᠨ ᠬᠢᠬᠦ ᠬᠡᠷᠡᠭᠲᠡᠢ᠃ | ︵ᠭᠤᠷᠪᠠ︶ ᠪᠠᠶᠢᠴᠠᠭᠠᠨ ᠰᠤᠳᠤᠯᠤᠯᠲᠠ ᠬᠢᠨ᠎ᠡ᠃ ᠰᠢᠶᠠᠨ ᠤ ᠱᠠᠲᠤᠨ ᠠᠴᠠ ᠳᠡᠭᠡᠭᠰᠢᠬᠢ ᠤᠳᠤᠷᠢᠳᠬᠤ | ᠪᠠᠭ ᠤᠨ ᠪᠦᠷᠢᠯᠳᠦᠭᠦᠨ ᠬᠥᠮᠥᠨ ᠪᠣᠯᠭᠠᠨ ᠨᠢᠭᠡ ᠰᠡᠳᠦᠪ ᠢ ᠳᠠᠭᠠᠭᠠᠴᠢᠯᠠᠨ ᠪᠠᠶᠢᠴᠠᠭᠠᠨ ᠰᠤᠳᠤᠯᠤᠯᠲᠠ ᠬᠢᠬᠦ ᠶᠢᠨ | ᠬᠠᠮᠲᠤ ᠬᠠᠮᠢᠶ᠎ᠠ ᠪᠦᠬᠦᠢ ᠬᠦᠷᠢᠶ᠎ᠡ ᠪᠤᠶᠤ ᠠᠵᠢᠯ ᠤᠨ ᠳᠤᠮᠳᠠ ᠣᠷᠣᠰᠢᠵᠤ ᠪᠠᠶᠢᠭ᠎ᠠ ᠬᠠᠮᠤᠭ ᠤᠨ ᠲᠣᠪᠣᠶᠢᠮ᠎ᠠ | ᠬᠦᠴᠢᠷ ᠠᠰᠠᠭᠤᠳᠠᠯ ᠳᠤ ᠴᠢᠭᠯᠡᠭᠦᠯᠦᠨ ᠲᠤᠰᠬᠠᠢ ᠪᠠᠶᠢᠴᠠᠭᠠᠨ ᠰᠤᠳᠤᠯᠤᠯᠲᠠ ᠬᠢᠨ᠎ᠡ᠃ ᠭᠠᠵᠠᠷ ᠣᠷᠣᠨ ᠤ ᠪᠠᠶᠢᠳᠠᠯ | ᠳᠠᠭᠠᠨ ᠲᠣᠬᠢᠷᠠᠭᠤᠯᠬᠤ ᠶᠢ ᠪᠠᠷᠢᠮᠲᠠᠯᠠᠨ᠂ ᠶᠠᠷᠢᠯᠴᠠᠬᠤ ᠬᠤᠷᠠᠯ ᠬᠢᠬᠦ ᠲᠤᠰᠬᠠᠢ ᠰᠤᠷᠪᠤᠯᠵᠢᠯᠠᠯ ᠬᠢᠬᠦ᠂ ᠲᠠᠰᠢᠷᠠᠮ ᠤᠨ | ᠰᠣᠷᠪᠤᠯᠵᠢᠯᠠᠭ᠎ᠠ ᠬᠢᠬᠦ᠂ ᠠᠰᠠᠭᠤᠯᠳᠠ ᠶᠢᠨ ᠬᠠᠭᠤᠳᠠᠰᠤ ᠲᠠᠷᠬᠠᠭᠠᠨ ᠪᠠᠶᠢᠴᠠᠭᠠᠬᠤ᠂ ᠲᠤᠰᠬᠠᠢ ᠮᠡᠷᠭᠡᠵᠢᠯᠲᠡᠨ ᠤ | ᠪᠠᠶᠢᠴᠠᠭᠠᠯᠲᠠ ᠬᠢᠬᠦ᠂ ᠰᠤᠭᠤᠴᠢᠨ ᠪᠠᠶᠢᠴᠠᠭᠠᠯᠲᠠ ᠬᠢᠬᠦ᠂ ᠲᠤᠭ᠎ᠠ ᠪᠦᠷᠢᠳᠬᠡᠯ ᠤᠨ ᠵᠠᠳᠠᠯᠤᠯᠲᠠ ᠬᠢᠬᠦ ᠵᠡᠷᠭᠡ ᠠᠷᠭ᠎ᠠ | ᠭᠡᠯᠪᠡᠷᠢ ᠶᠢ ᠶᠡᠷᠦᠩᠬᠡᠶᠢᠯᠡᠨ ᠠᠰᠢᠭᠯᠠᠵᠤ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ ᠵᠡᠷᠭᠡ ᠤᠳᠤ ᠦᠶ᠎ᠡ ᠶᠢᠨ ᠮᠡᠳᠡᠭᠡ | ᠵᠠᠩᠭᠢ ᠶᠢᠨ ᠮᠡᠷᠭᠡᠵᠢᠯ ᠢ ᠭᠦᠢᠴᠡᠳ ᠠᠰᠢᠭᠯᠠᠨ ᠪᠠᠶᠢᠴᠠᠭᠠᠨ ᠰᠤᠳᠤᠯᠤᠯᠲᠠ ᠬᠢᠵᠦ᠂ ᠰᠢᠨᠵᠢᠯᠡᠬᠦ ᠤᠬᠠᠭᠠᠨᠴᠢ ᠴᠢᠨᠠᠷ | ᠪᠠ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠬᠥᠳᠡᠭᠡ ᠲᠤᠰᠬᠤᠨ᠂ ᠨᠡᠶᠢᠭᠡᠮ ᠲᠣᠭᠤᠷᠢᠭ᠂ ᠠᠵᠤ | ᠠᠬᠤᠶᠢᠯᠠᠯ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ | ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠦᠨᠳᠦᠰᠦᠨ ᠱᠠᠲᠤᠨ ᠤ ᠨᠢᠭᠡᠴᠢ ᠳᠤ ᠭᠦᠨᠵᠡᠭᠡᠶᠢᠷᠡᠨ᠂ | ᠪᠣᠳᠠᠲᠤ ᠪᠠᠶᠢᠳᠠᠯ ᠢ ᠡᠵᠡᠮᠰᠢᠵᠦ᠂ ᠤᠴᠢᠷ ᠶᠠᠪᠤᠳᠠᠯ ᠢ ᠰᠠᠶᠢᠲᠤᠷ ᠣᠶᠢᠯᠠᠭᠠᠨ᠂ ᠤᠯᠠᠨ ᠲᠦᠮᠡᠨ ᠠᠴᠠ | ᠰᠢᠢᠳᠪᠦᠷᠢᠯᠡᠬᠦ ᠠᠷᠭ᠎ᠠ ᠶᠢ ᠠᠰᠠᠭᠤᠵᠤ᠂ ᠦᠢᠯᠡᠳᠦᠯᠭᠡ ᠠᠴᠠ ᠰᠢᠢᠳᠪᠦᠷᠢᠯᠡᠬᠦ ᠠᠷᠭ᠎ᠠ ᠶᠢ ᠣᠯᠬᠤ ᠬᠡᠷᠡᠭᠲᠡᠢ᠃ | ᠵᠣᠭᠰᠣᠴᠠ ᠬᠠᠷᠠᠭᠠᠰᠤ ᠪᠠᠨ ᠥᠭᠡᠷᠡᠴᠢᠯᠡᠵᠦ᠂ ᠤᠯᠠᠨ ᠲᠦᠮᠡᠨ ᠤ ᠳᠤᠮᠳᠠ ᠣᠴᠢᠵᠤ᠂ ᠤᠯᠠᠨ ᠲᠦᠮᠡᠨ ᠤ | ᠲᠦᠪᠡᠭᠰᠢᠶᠡᠨ ᠰᠠᠨᠠᠭᠠᠰᠢᠷᠠᠵᠤ ᠪᠠᠶᠢᠭ᠎ᠠ ᠰᠡᠳᠬᠢᠯ ᠵᠣᠪᠠᠵᠤ ᠪᠠᠶᠢᠭ᠎ᠠ ᠠᠰᠠᠭᠤᠳᠠᠯ ᠤᠳ ᠢ ᠣᠶᠢᠯᠠᠭᠠᠨ᠂ ᠠᠵᠢᠯ ᠤᠨ | ᠳᠤᠮᠳᠠ ᠣᠷᠣᠰᠢᠵᠤ ᠪᠠᠶᠢᠭ᠎ᠠ ᠵᠥᠷᠢᠶ᠎ᠡ ᠪᠠ ᠳᠤᠲᠠᠭᠤᠳᠠᠯ ᠢᠶᠠᠨ ᠣᠯᠬᠤ ᠬᠡᠷᠡᠭᠲᠡᠢ᠃ ᠨᠡᠶᠢᠲᠡᠯᠢᠭ ᠬᠡᠷᠡᠭ ᠤᠨ ᠵᠢᠱᠢᠶ᠎ᠡ | ᠲᠠᠢ ᠤᠶᠠᠯᠳᠤᠭᠤᠯᠤᠨ᠂ ᠠᠰᠠᠭᠤᠳᠠᠯ ᠢ ᠵᠠᠳᠠᠯᠵᠤ᠂ ᠰᠢᠯᠲᠠᠭᠠᠨ ᠢ ᠨᠢ ᠵᠠᠳᠠᠯᠤᠨ᠂ ᠨᠢᠭᠡ ᠠᠴᠠ ᠨᠦᠭᠦᠭᠡ ᠶᠢ | ᠵᠦᠢᠴᠢᠯᠡᠵᠦ ᠮᠡᠳᠡᠭᠦ ᠠᠷᠭ᠎ᠠ ᠪᠠᠷ ᠰᠠᠶᠢᠵᠢᠷᠠᠭᠤᠯᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ ᠪᠠᠶᠢᠴᠠᠭᠠᠨ ᠰᠤᠳᠤᠯᠤᠯᠲᠠ | ᠶᠢ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠨ᠂ ᠠᠵᠢᠯ ᠢᠶᠠᠨ ᠦᠨᠡᠨ ᠬᠦ ᠨᠠᠶᠢᠳᠠᠪᠤᠷᠢᠵᠢᠭᠤᠯᠤᠭᠰᠠᠨ ᠡᠰᠡᠬᠦ᠂ | ᠠᠰᠠᠭᠤᠳᠠᠯ ᠢ ᠦᠨᠡᠨ ᠬᠦ ᠰᠢᠢᠳᠪᠦᠷᠢᠯᠡᠭᠰᠡᠨ ᠡᠰᠡᠬᠦ ᠶᠢ ᠪᠠᠶᠢᠴᠠᠭᠠᠬᠤ ᠬᠡᠷᠡᠭᠲᠡᠢ᠃ | ︵ᠳᠥᠷᠪᠡ︶ ᠰᠤᠳᠤᠯᠭᠠᠨ ᠢ ᠭᠦᠨᠵᠡᠭᠡᠶᠢᠷᠡᠭᠦᠯᠦᠨ᠎ᠡ᠃ ᠪᠠᠶᠢᠴᠠᠭᠠᠨ ᠰᠤᠳᠤᠯᠤᠭᠰᠠᠨ ᠪᠠᠶᠢᠳᠠᠯ ᠢᠶᠠᠨ ᠪᠦᠭᠦ | ᠲᠠᠯ᠎ᠠ ᠪᠠᠷ ᠡᠮᠬᠢᠯᠡᠨ ᠬᠤᠷᠢᠶᠠᠩᠭᠤᠶᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ ᠠᠷᠭ᠎ᠠ ᠶᠢᠨ ᠤᠨᠤᠯ | ᠪᠣᠯᠣᠨ ᠲᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠬᠡᠷᠡᠭᠯᠡᠨ᠂ ᠭᠦᠨᠵᠡᠭᠡᠢ | ᠵᠠᠳᠠᠯᠵᠤ ᠭᠦᠢᠴᠡᠳ ᠨᠤᠲᠠᠯᠠᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠡᠷᠡᠭᠲᠡᠢ᠃ | ᠣᠨᠴᠠᠭᠠᠶᠢᠯᠠᠨ ᠲᠡᠳᠡᠭᠡᠷ ᠲᠦᠭᠡᠮᠡᠯ ᠴᠢᠨᠠᠷᠲᠠᠢ ᠪᠠ ᠳᠦᠷᠢᠮ ᠤᠨ ᠴᠢᠨᠠᠷᠲᠠᠢ ᠠᠰᠠᠭᠤᠳᠠᠯ᠂ ᠥᠭᠡᠷᠡᠴᠢᠯᠡᠯᠲᠡ | ᠬᠥᠭᠵᠢᠯᠲᠡ ᠲᠣᠭᠲᠠᠭᠤᠨ ᠳᠤ ᠬᠤᠯᠪᠣᠭᠳᠠᠬᠤ ᠭᠦᠨ ᠳᠠᠪᠬᠤᠷᠭ᠎ᠠ ᠶᠢᠨ ᠵᠠᠩᠭᠢᠯᠠᠭ᠎ᠠ ᠶᠢᠨ ᠴᠢᠨᠠᠷᠲᠠᠢ ᠠᠰᠠᠭᠤᠳᠠᠯ | ᠵᠢᠴᠢ ᠬᠦᠴᠢᠷ ᠠᠰᠠᠭᠤᠳᠠᠯ ᠳᠠᠷᠤᠭᠳᠠᠮᠠᠯ ᠬᠡᠷᠡᠭ ᠪᠣᠯᠣᠨ ᠬᠠᠭᠤᠴᠢᠨ ᠠᠷᠬᠠᠭ ᠵᠡᠷᠭᠡ ᠶᠢ ᠲᠤᠭᠤᠷᠠᠲᠠᠯ᠎ᠠ ᠰᠤᠳᠤᠯᠵᠤ᠂ | ᠦᠨᠳᠦᠰᠦ ᠰᠢᠯᠲᠠᠭᠠᠨ ᠪᠠ ᠠᠷᠬᠠᠭ ᠭᠡᠮ ᠢ ᠨᠢ ᠤᠨᠤᠪᠴᠢᠳᠠᠢ ᠣᠯᠬᠤ ᠬᠡᠷᠡᠭᠲᠡᠢ᠃ ᠡᠨᠡ ᠬᠦ ᠰᠠᠭᠤᠷᠢᠨ ᠳᠡᠭᠡᠷ᠎ᠡ᠂ | ᠤᠳᠤᠷᠢᠳᠬᠤ ᠪᠠᠭ ᠤᠨ ᠬᠢᠨ ᠪᠠᠶᠢᠴᠠᠭᠠᠨ ᠰᠤᠳᠤᠯᠤᠭᠰᠠᠨ ᠪᠠᠶᠢᠳᠠᠯ ᠢᠶᠠᠨ ᠬᠠᠷᠢᠯᠴᠠᠨ ᠰᠣᠯᠢᠯᠴᠠᠵᠤ᠂ ᠠᠷᠭᠠᠴᠠᠭᠠᠬᠤ | ᠠᠷᠭ᠎ᠠ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠵᠤ᠂ ᠠᠰᠠᠭᠤᠳᠠᠯ ᠢ ᠰᠢᠢᠳᠪᠦᠷᠢᠯᠡᠨ ᠠᠵᠢᠯ ᠢ ᠠᠬᠢᠭᠤᠯᠬᠤ | ᠰᠡᠳᠬᠢᠴᠡ ᠠᠷᠭ᠎ᠠ ᠪᠠ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠤᠢ ᠪᠣᠯᠭᠠᠨ᠂ ᠠᠰᠠᠭᠤᠳᠠᠯ ᠪᠣᠯᠭᠠᠨ ᠳᠤ | ᠪᠣᠳᠠᠲᠠᠢ ᠶᠢ ᠡᠷᠬᠢᠮᠯᠡᠭᠰᠡᠨ ᠦᠨᠡᠨ ᠲᠤᠰᠠᠲᠠᠢ ᠰᠢᠢᠳᠪᠦᠷᠢᠯᠡᠬᠦ ᠠᠷᠭ᠎ᠠ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︵ᠲᠠᠪᠤ︶ ᠠᠰᠠᠭᠤᠳᠠᠯ ᠢ ᠰᠢᠢᠳᠪᠦᠷᠢᠯᠡᠨ᠎ᠡ᠃ ᠪᠠᠶᠢᠴᠠᠭᠠᠨ ᠰᠤᠳᠤᠯᠤᠯᠲᠠ ᠶᠢᠨ ᠳᠤᠮᠳᠠ ᠲᠤᠰᠬᠠᠭᠰᠠᠨ ᠪᠠ | ᠢᠯᠡᠷᠡᠭᠦᠯᠦᠭᠰᠡᠨ ᠠᠰᠠᠭᠤᠳᠠᠯ ᠳᠤ ᠠᠰᠠᠭᠤᠳᠠᠯ ᠤᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ᠂ | ᠡᠭᠦᠷᠭᠡ ᠶᠢᠨ ᠨᠠᠷᠢᠨ ᠳᠠᠩᠰᠠ ᠶᠢ ᠨᠢᠭᠡᠳ ᠨᠢᠭᠡ ᠪᠠᠷ ᠡᠮᠬᠢᠯᠡᠨ ᠪᠦᠷᠢᠯᠳᠦᠭᠦᠯᠵᠦ᠂ ᠰᠢᠢᠳᠪᠦᠷᠢᠯᠡᠬᠦ ᠠᠷᠭ᠎ᠠ ᠬᠡᠮᠵᠢᠶ᠎ᠡ᠂ | ᠬᠠᠷᠢᠭᠤᠴᠠᠬᠤ ᠨᠢᠭᠡᠴᠢ᠂ ᠬᠠᠷᠢᠭᠤᠴᠠᠬᠤ ᠬᠥᠮᠥᠨ ᠪᠠ ᠪᠡᠶᠡᠯᠡᠭᠦᠯᠬᠦ ᠴᠠᠭ ᠤᠨ ᠬᠢᠵᠠᠭᠠᠷ ᠢ ᠨᠢᠭᠡᠳ ᠨᠢᠭᠡ ᠪᠠᠷ | ᠵᠢᠭᠰᠠᠭᠠᠨ᠎ᠠ᠃ ᠣᠬᠤᠷᠬᠠᠨ ᠬᠤᠭᠤᠴᠠᠭᠠᠨ ᠳᠤ ᠰᠢᠢᠳᠪᠦᠷᠢᠯᠡᠵᠦ ᠳᠡᠶᠢᠯᠭᠦ ᠶᠢ ᠨᠢ ᠪᠠᠷᠢᠨ ᠬᠡᠷᠡᠭᠵᠢᠭᠦᠯᠵᠦ ᠪᠠᠷᠢᠨ | ᠥᠭᠡᠷᠡᠴᠢᠯᠡᠵᠦ᠂ ᠪᠠᠷᠢᠨ ᠰᠢᠢᠳᠪᠦᠷᠢᠯᠡᠨ᠎ᠡ᠃ ᠠᠪᠤᠨ ᠳᠣᠣᠷ᠎ᠠ ᠪᠠᠨ ᠰᠢᠢᠳᠪᠦᠷᠢᠯᠡᠬᠦ ᠳᠤ ᠬᠦᠴᠢᠷᠲᠡᠢ᠂ | ᠦᠷᠭᠦᠯᠵᠢᠯᠡᠨ ᠠᠬᠢᠭᠤᠯᠬᠤ ᠴᠢᠬᠤᠯᠠᠲᠠᠢ ᠪᠠᠶᠢᠪᠠᠯ᠂ ᠬᠠᠷᠠᠯᠲᠠ ᠪᠠᠨ ᠲᠣᠳᠣᠷᠬᠠᠢ ᠪᠣᠯᠭᠠᠨ᠂ ᠴᠢᠩᠭ᠎ᠠ ᠠᠳᠬᠤᠵᠤ᠂ | ᠲᠤᠶᠢᠯᠪᠤᠷᠢᠲᠠᠢ ᠠᠳᠬᠤᠵᠤ᠂ ᠠᠰᠠᠭᠤᠳᠠᠯ ᠢ ᠰᠢᠢᠳᠪᠦᠷᠢᠯᠡᠬᠦ ᠦᠭᠡᠢ ᠪᠣᠯ ᠶᠠᠭᠠᠬᠢᠭᠰᠠᠨ ᠴᠦ ᠰᠤᠯᠠᠷᠠᠭᠤᠯᠬᠤ ᠦᠭᠡᠢ᠂ | ᠲᠤᠶᠢᠯᠪᠤᠷᠢᠲᠠᠢ ᠰᠢᠢᠳᠪᠦᠷᠢᠯᠡᠬᠦ ᠦᠭᠡᠢ ᠪᠣᠯ ᠶᠠᠭᠠᠬᠢᠭᠰᠠᠨ ᠴᠦ ᠲᠠᠯᠪᠢᠬᠤ ᠦᠭᠡᠢ ᠪᠠᠶᠢᠬᠤ ᠶᠢ ᠪᠡᠶᠡᠯᠡᠭᠦᠯᠦᠨ᠎ᠡ᠃ | ︵ᠵᠢᠷᠭᠤᠭ᠎ᠠ︶ ᠱᠠᠯᠠᠪᠳᠠᠭᠤᠯᠤᠨ ᠪᠠᠶᠢᠴᠠᠭᠠᠵᠤ ᠬᠠᠷᠢᠭᠤ ᠰᠤᠷᠪᠤᠯᠵᠢᠯᠠᠨ᠎ᠠ᠃ ᠡᠯ᠎ᠡ ᠱᠠᠲᠤᠨ ᠤ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ | ᠣᠨᠳᠣᠣᠰᠢᠭᠤᠯᠤᠨ ᠬᠡᠷᠡᠭᠯᠡᠬᠦ ᠨᠠᠷᠢᠨ ᠳᠠᠩᠰᠠ ᠶᠢ ᠪᠠᠶᠢᠭᠤᠯᠵᠤ᠂ ᠪᠠᠶᠢᠴᠠᠭᠠᠨ ᠰᠤᠳᠤᠯᠤᠯᠲᠠ ᠶᠢᠨ ᠰᠡᠳᠦᠪ ᠢ | ᠪᠡᠶᠡᠯᠡᠭᠦᠯᠦᠭᠰᠡᠨ ᠪᠠᠶᠢᠳᠠᠯ᠂ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠵᠤ | ᠱᠠᠯᠠᠪᠳᠠᠭᠤᠯᠤᠨ ᠰᠢᠢᠳᠪᠦᠷᠢᠯᠡᠬᠦ ᠪᠠ ᠮᠥᠷᠳᠡᠨ ᠦᠷ᠎ᠡ ᠪᠦᠲᠦᠮᠵᠢ ᠶᠢ ᠲᠤᠯᠭᠠᠨ ᠠᠰᠠᠭᠤᠬᠤ ᠶᠢ ᠴᠢᠩᠭᠠᠳᠬᠠᠬᠤ | ᠭᠡᠷᠡᠭᠲᠡᠢ ; ᠤᠳᠤᠷᠢᠳᠬᠤ ᠺᠠᠳ᠋ᠷᠴᠤᠳ ᠪᠠᠶᠢᠴᠠᠭᠠᠨ ᠰᠤᠳᠤᠯᠤᠯᠲᠠ ᠶᠢᠨ ᠡᠲᠡᠭᠡᠳ ᠪᠠ ᠠᠰᠠᠭᠤᠳᠠᠯ ᠢ | ᠰᠢᠢᠳᠪᠦᠷᠢᠯᠡᠬᠦ ᠵᠡᠷᠭᠡ ᠤᠴᠢᠷ ᠶᠠᠪᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠰᠤᠷᠪᠤᠯᠵᠢᠯᠠᠵᠤ᠂ ᠰᠢᠨ᠎ᠡ | ᠠᠰᠠᠭᠤᠳᠠᠯ ᠢ ᠢᠯᠡᠷᠡᠭᠦᠯᠦᠨ ᠰᠢᠢᠳᠪᠦᠷᠢᠯᠡᠬᠦ ᠶᠢ ᠠᠩᠬᠠᠷᠬᠤ ᠬᠡᠷᠡᠭᠲᠡᠢ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠱᠠᠲᠤᠨ ᠤ ᠨᠠᠮ | ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠠᠶᠢᠴᠠᠭᠠᠨ ᠰᠤᠳᠤᠯᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠲᠤᠰᠬᠠᠢ ᠪᠠᠶᠢᠷᠢᠯᠠᠭᠤᠯᠵᠤ᠂ ᠲᠥᠰᠥᠯ ᠢ ᠲᠥᠯᠥᠪᠯᠡᠬᠦ᠂ ᠶᠠᠪᠤᠴᠠ ᠶᠢ ᠬᠡᠷᠡᠭᠵᠢᠭᠦᠯᠬᠦ᠂ ᠬᠢᠨᠠᠯᠲᠠ | ᠲᠠᠯᠪᠢᠵᠤ ᠦᠷ᠎ᠡ ᠪᠦᠲᠦᠮᠵᠢ ᠶᠢ ᠲᠤᠯᠭᠠᠨ ᠠᠰᠠᠭᠤᠬᠤ ᠵᠡᠷᠭᠡ ᠡᠯ᠎ᠡ ᠭᠤᠭᠴᠤᠭ᠎ᠠ ᠶᠢᠨ ᠠᠵᠢᠯ ᠢ ᠰᠢᠨᠵᠢᠯᠡᠬᠦ | ᠤᠬᠠᠭᠠᠨᠴᠢ ᠪᠠᠷ ᠣᠨᠢᠨ ᠳᠡᠭᠡᠷ᠎ᠡ ᠨᠢ ᠰᠠᠶᠢᠲᠤᠷ ᠬᠢᠬᠦ ᠬᠡᠷᠡᠭᠲᠡᠢ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠶᠢᠨ ᠭᠤᠣᠯ ᠬᠠᠷᠢᠭᠤᠴᠠᠯᠭᠠᠲᠠᠨ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ᠂ ᠲᠤᠰ ᠭᠠᠵᠠᠷ | ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠪᠠᠶᠢᠴᠠᠭᠠᠨ ᠰᠤᠳᠤᠯᠤᠯᠲᠠ ᠶᠢ ᠠᠬᠢᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ ; ᠪᠠᠭ ᠤᠨ ᠪᠤᠰᠤᠳ ᠪᠦᠷᠢᠯᠳᠦᠭᠦᠨ ᠲᠤᠰ ᠲᠤᠰ ᠤᠨ | ᠬᠠᠷᠢᠭᠤᠴᠠᠯᠭ᠎ᠠ ᠪᠠᠨ ᠭᠦᠢᠴᠡᠳᠬᠡᠵᠦ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠪᠠ ᠬᠤᠪᠢᠳᠠᠨ | ᠬᠠᠮᠢᠶᠠᠷᠴᠤ ᠪᠠᠶᠢᠭ᠎ᠠ ᠨᠢᠭᠡᠴᠢ ᠶᠢᠨ ᠪᠠᠶᠢᠴᠠᠭᠠᠨ ᠰᠤᠳᠤᠯᠬᠤ ᠠᠵᠢᠯ ᠢ ᠰᠠᠶᠢᠲᠤᠷ ᠠᠳᠬᠤᠨ᠎ᠠ᠃ ᠤᠳᠤᠷᠢᠳᠬᠤ | ᠺᠠᠳ᠋ᠷᠴᠤᠳ ᠳᠠᠶᠢᠴᠢᠯᠠᠨ ᠪᠠᠶᠢᠴᠠᠭᠠᠨ ᠰᠤᠳᠤᠯᠤᠯᠲᠠ ᠬᠢᠵᠦ᠂ ᠪᠠᠶᠢᠴᠠᠭᠠᠨ ᠰᠤᠳᠤᠯᠬᠤ ᠠᠷᠭ᠎ᠠ ᠪᠠᠨ ᠬᠠᠯᠠᠨ | ᠰᠠᠶᠢᠵᠢᠷᠠᠭᠤᠯᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠨ᠂ ᠦᠯᠢᠭᠡᠷ ᠵᠢᠱᠢᠶ᠎ᠡ ᠦᠵᠡᠭᠦᠯᠭᠦ | ᠬᠡᠷᠡᠭᠲᠡᠢ᠃ | ︵ᠬᠤᠶᠠᠷ︶ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠨ᠎ᠠ᠃ ᠪᠠᠶᠢᠴᠠᠭᠠᠨ ᠰᠤᠳᠤᠯᠤᠯᠲᠠ ᠬᠢᠬᠦ ᠳᠡᠭᠡᠨ | ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ | ᠬᠡᠷᠡᠭᠵᠢᠭᠦᠯᠵᠦ᠂ ᠬᠥᠮᠥᠨ ᠢ ᠴᠥᠭᠡᠳᠬᠡᠨ ᠳᠠᠷᠤᠭᠠᠰᠤ ᠶᠢ ᠬᠥᠩᠭᠡᠯᠡᠵᠦ᠂ ᠠᠷᠪᠢᠯᠠᠨ ᠭᠠᠮᠨᠠᠬᠤ ᠶᠢ ᠴᠢᠩᠭ᠎ᠠ | ᠬᠡᠷᠡᠭᠵᠢᠭᠦᠯᠵᠦ᠂ ᠱᠠᠲᠤ ᠳᠠᠷᠠᠭᠠᠯᠠᠨ ᠪᠠᠷ᠎ᠠ ᠪᠣᠯᠵᠤ ᠪᠤᠯᠬᠤ ᠦᠭᠡᠢ᠃ ︽ᠳᠥᠷᠪᠡ ᠦᠭᠡᠢ ᠬᠤᠶᠠᠷ ᠰᠢᠭᠤᠳ︾ ᠤᠨ | ᠠᠷᠭ᠎ᠠ ᠭᠡᠯᠪᠡᠷᠢ ᠶᠢ ᠬᠡᠷᠡᠭᠵᠢᠭᠦᠯᠵᠦ᠂ ᠬᠦᠴᠢᠷᠳᠡᠯ ᠣᠯᠠᠨ᠂ ᠣᠯᠠᠨ ᠲᠦᠮᠡᠨ ᠤ ᠰᠠᠨᠠᠯ ᠲᠥᠪᠯᠡᠷᠡᠭᠰᠡᠨ᠂ ᠠᠵᠢᠯ ᠤᠨ | ᠪᠠᠶᠢᠳᠠᠯ ᠢ ᠬᠤᠪᠢᠷᠠᠭᠤᠯᠵᠤ ᠳᠡᠶᠢᠯᠭᠦ ᠦᠭᠡᠢ ᠭᠠᠵᠠᠷ ᠣᠷᠣᠨ ᠪᠣᠯᠣᠨ ᠨᠢᠭᠡᠴᠢ ᠳᠤ ᠬᠦᠷᠴᠦ ᠪᠠᠶᠢᠴᠠᠭᠠᠨ ᠰᠤᠳᠤᠯᠵᠤ᠂ | ᠶᠠᠳᠠᠭᠤ ᠶᠢ ᠵᠢᠭᠰᠢᠨ ᠪᠠᠶᠠᠨ ᠢ ᠡᠷᠭᠢᠮᠯᠡᠭᠦ ᠭᠡᠯᠪᠡᠷᠢ ᠶᠢᠨ ᠪᠠᠶᠢᠴᠠᠭᠠᠨ ᠰᠤᠳᠤᠯᠤᠯᠲᠠ ᠬᠢᠬᠦ ᠶᠢ ᠰᠡᠷᠭᠡᠶᠢᠯᠡᠬᠦ ᠬᠡᠷᠡᠭᠲᠡᠢ᠃ | ᠪᠠᠶᠢᠴᠠᠭᠠᠨ ᠰᠤᠳᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠪᠥᠭᠡᠮᠨᠡᠷᠡᠨ ᠪᠠᠶᠢᠴᠠᠭᠠᠨ | ᠰᠤᠳᠤᠯᠬᠤ᠂ ᠣᠯᠠᠨ ᠲᠠᠯ᠎ᠠ ᠠᠴᠠ ᠪᠠᠶᠢᠴᠠᠭᠠᠨ ᠰᠤᠳᠤᠯᠬᠤ᠂ ᠳᠠᠪᠬᠤᠷᠳᠠᠭᠤᠯᠤᠨ ᠪᠠᠶᠢᠴᠠᠭᠠᠨ ᠰᠤᠳᠤᠯᠤᠯᠲᠠ | ᠬᠢᠬᠦ ᠠᠴᠠ ᠵᠠᠶᠢᠯᠠᠰᠬᠢᠵᠦ᠂ ᠦᠨᠳᠦᠰᠦᠨ ᠱᠠᠲᠤᠨ ᠤ ᠳᠠᠷᠤᠭᠠᠰᠤ ᠶᠢ ᠨᠡᠮᠡᠭᠳᠡᠭᠦᠯᠬᠦ ᠦᠭᠡᠢ ᠪᠠᠶᠢᠬᠤ ᠬᠡᠷᠡᠭᠲᠡᠢ᠃ | ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠰᠣᠷᠲᠣᠭᠤᠯᠠᠬᠤ ᠮᠠᠶ᠋ᠢᠭ ᠤᠨ᠂ ᠫᠧᠩᠰᠡᠨ ᠤ | ᠦᠵᠡᠮᠵᠢ ᠮᠠᠶ᠋ᠢᠭ ᠤᠨ ᠪᠠ ᠬᠠᠯᠲᠤ ᠮᠥᠯᠲᠥ ᠮᠠᠶ᠋ᠢᠭ ᠤᠨ ᠪᠠᠶᠢᠴᠠᠭᠠᠨ ᠰᠤᠳᠤᠯᠤᠯᠲᠠ ᠬᠢᠵᠦ ᠪᠤᠯᠬᠤ ᠦᠭᠡᠢ᠂ ᠬᠠᠰᠢ | ᠶᠠᠰᠢ ᠪᠠᠷ ᠥᠩᠭᠡᠷᠡᠭᠦᠯᠬᠦ ᠪᠠ ᠭᠦᠨᠵᠡᠭᠡᠶᠢᠷᠡᠬᠦ ᠦᠭᠡᠢ ᠪᠠᠶᠢᠬᠤ ᠶᠢ ᠰᠡᠷᠭᠡᠶᠢᠯᠡᠬᠦ ᠬᠡᠷᠡᠭᠲᠡᠢ᠃ ᠪᠠᠶᠢᠴᠠᠭᠠᠯᠲᠠ ᠬᠢᠭᠰᠡᠨ | ᠰᠠᠭᠤᠷᠢᠨ ᠳᠡᠭᠡᠷ᠎ᠡ ᠰᠤᠳᠤᠯᠭᠠᠨ ᠢᠶᠠᠨ ᠭᠦᠨᠵᠡᠭᠡᠶᠢᠷᠡᠭᠦᠯᠵᠦ᠂ ᠪᠠᠶᠢᠴᠠᠭᠠᠯᠲᠠ ᠬᠢᠬᠦ ᠨᠢ ᠠᠷᠪᠢᠨ ᠰᠤᠳᠤᠯᠬᠤ ᠨᠢ | ᠴᠥᠭᠡᠨ᠂ ᠪᠠᠶᠢᠳᠠᠯ ᠨᠢ ᠤᠯᠠᠨ ᠵᠠᠳᠠᠯᠬᠤ ᠨᠢ ᠴᠥᠭᠡᠨ᠂ ᠳᠤᠷᠠᠳᠤᠭᠰᠠᠨ ᠠᠷᠭ᠎ᠠ ᠪᠣᠳᠣᠯᠭ᠎ᠠ ᠰᠠᠨᠠᠭᠤᠯᠭ᠎ᠠ ᠨᠢ | ᠪᠣᠳᠠᠲᠠᠢ ᠠᠰᠠᠭᠤᠳᠠᠯ ᠢ ᠰᠢᠢᠳᠪᠦᠷᠢᠯᠡᠵᠦ ᠳᠡᠶᠢᠯᠭᠦ ᠦᠭᠡᠢ ᠪᠠᠶᠢᠬᠤ ᠶᠢ ᠰᠡᠷᠭᠡᠶᠢᠯᠡᠬᠦ ᠬᠡᠷᠡᠭᠲᠡᠢ᠃ ᠰᠤᠷᠲᠠᠯ ᠤᠨ | ᠪᠠᠶᠢᠭᠤᠯᠤᠯᠲᠠ ᠶᠢᠨ ᠱᠠᠭᠠᠷᠳᠠᠯᠭ᠎ᠠ ᠪᠠ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠲᠣᠭᠲᠠᠭᠠᠯ ᠢ | ᠵᠥᠷᠢᠴᠡᠭᠰᠡᠳ ᠠᠴᠠ ᠳᠦᠷᠢᠮ ᠲᠣᠭᠲᠠᠭᠠᠯ ᠰᠠᠬᠢᠯᠭ᠎ᠠ ᠪᠠᠲᠤ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ | ᠬᠡᠷᠡᠭᠲᠡᠢ᠃ | ︵ᠭᠤᠷᠪᠠ︶ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠨ᠎ᠠ᠃ ᠦᠨᠳᠦᠰᠦᠨ ᠱᠠᠲᠤᠨ ᠳᠤ | ᠢᠯᠡᠷᠡᠨ᠂ ᠦᠨᠳᠦᠰᠦ ᠨᠢ ᠳᠡᠭᠡᠷ᠎ᠡ ᠱᠠᠲᠤᠨ ᠳᠤ ᠪᠠᠶᠢᠬᠤ ᠠᠰᠠᠭᠤᠳᠠᠯ᠂ ᠣᠯᠠᠨ ᠭᠠᠵᠠᠷ ᠣᠷᠣᠨ ᠪᠤᠶᠤ ᠰᠠᠯᠠᠭ᠎ᠠ | ᠮᠥᠴᠢᠷ ᠨᠢᠭᠡᠴᠢ ᠳᠤ ᠬᠤᠯᠪᠣᠭᠳᠠᠬᠤ ᠠᠰᠠᠭᠤᠳᠠᠯ ᠢ ᠳᠡᠭᠡᠷ᠎ᠡ ᠳᠣᠣᠷ᠎ᠠ ᠱᠠᠲᠤ ᠪᠠᠷ ᠢᠶᠠᠨ ᠬᠠᠮᠵᠢᠯᠴᠠᠨ᠂ ᠪᠦᠬᠦᠯᠢ | ᠴᠣᠭᠴᠠ ᠪᠠᠷ ᠨᠢ ᠠᠬᠢᠭᠤᠯᠤᠨ ᠰᠢᠢᠳᠪᠦᠷᠢᠯᠡᠨ᠎ᠡ᠃ ᠣᠳᠣᠬᠠᠨ ᠤ ᠪᠠ ᠠᠯᠤᠰ ᠬᠤᠯᠠ ᠶᠢ ᠨᠢᠭᠡᠳᠦᠯᠲᠡᠢ | ᠲᠥᠯᠥᠪᠵᠢᠭᠦᠯᠵᠦ᠂ ᠪᠠᠶᠢᠴᠠᠭᠠᠨ ᠰᠤᠳᠤᠯᠤᠯᠲᠠ ᠶᠢ ᠳ᠋ᠦᠩᠨᠡᠭᠰᠡᠨ ᠪᠦᠲᠦᠮᠵᠢᠲᠡᠢ ᠠᠷᠭ᠎ᠠ ᠪᠠ ᠠᠮᠵᠢᠯᠲᠠ ᠲᠠᠢ | ᠲᠤᠷᠰᠢᠯᠭ᠎ᠠ ᠶᠢ ᠢᠯᠡᠷᠡᠭᠦᠯᠵᠦ᠂ ᠪᠠᠶᠢᠴᠠᠭᠠᠨ ᠰᠤᠳᠤᠯᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠲᠡᠭᠦᠯᠳᠡᠷᠵᠢᠭᠦᠯᠵᠦ᠂ ᠪᠠᠶᠢᠴᠠᠭᠠᠨ ᠰᠤᠳᠤᠯᠤᠯᠲᠠ ᠶᠢ ᠨᠠᠮ ᠤᠨ ᠭᠡᠰᠢᠭᠦᠨ᠂ ᠺᠠᠳ᠋ᠷᠴᠤᠳ ᠤᠨ | ᠪᠠᠶᠢᠩᠭᠤ ᠶᠢᠨ ᠴᠢᠨᠠᠷᠲᠠᠢ ᠠᠵᠢᠯ ᠪᠤᠯᠭᠠᠵᠤ᠂ ᠪᠦᠭᠦ ᠨᠠᠮ ᠤᠨ ᠳᠣᠲᠣᠷ᠎ᠠ ᠬᠡᠪ ᠵᠠᠩᠰᠢᠯ ᠪᠤᠯᠭᠠᠵᠤ᠂ ᠪᠣᠳᠠᠲᠤ ᠦᠷ᠎ᠡ | ᠪᠦᠲᠦᠮᠵᠢ ᠭᠠᠷᠭᠠᠨ᠎ᠠ᠃ | ︵ᠳᠥᠷᠪᠡ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠨᠠᠮ ᠤᠨ ᠰᠣᠨᠢᠨ᠂ ᠨᠠᠮ ᠤᠨ | ᠰᠡᠳᠬᠦᠯ᠂ ᠲᠧᠯᠸᠢᠰ ᠬᠤᠷᠢᠶ᠎ᠠ᠂ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠰᠦᠯᠵᠢᠶᠡᠨ ᠤ ᠳᠠᠮᠵᠢᠭᠤᠯᠭ᠎ᠠ ᠶᠢᠨ | ᠲᠠᠪᠴᠠᠩ ᠵᠡᠷᠭᠡ ᠶᠢ ᠭᠦᠢᠴᠡᠳ ᠠᠰᠢᠭᠯᠠᠵᠤ᠂ ᠣᠯᠠᠨ ᠵᠦᠢᠯ ᠤᠨ ᠤᠬᠠᠭᠤᠯᠭ᠎ᠠ ᠶᠢᠨ ᠭᠡᠯᠪᠡᠷᠢ ᠪᠠ ᠠᠷᠭ᠎ᠠ ᠪᠠᠷᠢᠯ ᠢ | ᠬᠡᠷᠡᠭᠵᠢᠭᠦᠯᠵᠦ᠂ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠪᠠ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠪᠠᠶᠢᠴᠠᠭᠠᠨ ᠰᠤᠳᠤᠯᠤᠯᠲᠠ ᠶᠢ ᠶᠡᠭᠡ ᠪᠠᠷ | ᠥᠷᠨᠢᠭᠦᠯᠬᠦ ᠶᠢᠨ ᠪᠣᠳᠠᠲᠠᠢ ᠠᠷᠭ᠎ᠠ ᠬᠡᠮᠵᠢᠶ᠎ᠡ᠂ ᠪᠣᠳᠠᠲᠠᠢ ᠦᠷ᠎ᠡ ᠪᠦᠲᠦᠮᠵᠢ ᠶᠢ ᠶᠡᠭᠡ ᠪᠠᠷ ᠤᠬᠠᠭᠤᠯᠵᠤ᠂ | ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠬᠦ ᠬᠠᠮᠲᠤ ᠶᠢᠨ ᠲᠠᠨᠢᠯᠲᠠ ᠪᠠ ᠬᠦᠴᠦᠨ ᠢ ᠨᠢᠭᠲᠠᠷᠠᠭᠤᠯᠵᠤ᠂ | ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 19 ᠤ ᠴᠠᠭᠢᠯᠭᠠᠨ ᠮᠡᠳᠡᠭᠡ︶ | |