ᠠᠷᠠᠳ ᠲᠦᠮᠡᠨ ᠢ ᠳᠡᠭᠡᠳᠦᠯᠡᠬᠦ ᠶᠢ ᠢᠮᠠᠭᠲᠠ ᠪᠠᠷᠢᠮᠲᠠᠯᠠᠰᠤᠭᠠᠢ
ᠨᠡᠶᠢᠲᠡᠯᠡᠭᠰᠡᠨ ᠴᠠᠭ᠄
2023/3/23
                 ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ      ᠲᠡᠷᠢᠭᠦᠯᠡᠭᠴᠢ ᠰᠢ ᠶᠢᠨ ᠫᠢᠩ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠭᠦ ᠨᠢ      ᠲᠡᠷᠢᠭᠦᠯᠡᠭᠴᠢ ᠰᠢ ᠶᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ︽ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠠᠷᠠᠳ ᠲᠦᠮᠡᠨ ᠪᠣᠯ ᠰᠢᠢᠳᠪᠦᠷᠢᠯᠡᠭᠴᠢ ᠴᠢᠨᠠᠷᠲᠠᠢ ᠬᠦᠴᠦᠨ ᠮᠥᠨ︾ ᠭᠡᠵᠦ ᠭᠦᠨᠵᠡᠭᠡᠢ ᠵᠢᠭᠠᠨ ᠭᠠᠷᠭᠠᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠠᠶᠠᠨ ᠳᠤ ︽ᠪᠢᠳᠡ ᠠᠷᠠᠳ ᠲᠦᠮᠡᠨ ᠢ ᠳᠡᠭᠡᠳᠦᠯᠡᠬᠦ ᠶᠢ ᠢᠮᠠᠭᠲᠠ ᠪᠠᠷᠢᠮᠲᠠᠯᠠᠬᠤ ᠬᠡᠷᠡᠭᠲᠡᠢ︾ ᠭᠡᠵᠦ ᠴᠢᠬᠤᠯᠠᠴᠢᠯᠠᠪᠠ᠃      ᠠᠷᠠᠳᠴᠢ ᠴᠢᠨᠠᠷ ᠪᠣᠯ ᠮᠠᠷᠺᠰ ᠤᠨ ᠦᠵᠡᠯ ᠤᠨ ᠮᠥᠨ ᠴᠢᠨᠠᠷ ᠤᠨ ᠰᠢᠨᠵᠢ ᠮᠥᠨ᠂ ᠠᠷᠠᠳ ᠲᠦᠮᠡᠨ ᠤ ᠵᠣᠭᠰᠣᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠨᠳᠦᠰᠦᠨ ᠤᠯᠤᠰ ᠲᠦᠷᠦ ᠶᠢᠨ ᠵᠣᠭᠰᠣᠯᠲᠠ ᠮᠥᠨ᠃ ᠠᠷᠠᠳ ᠲᠦᠮᠡᠨ ᠤ ᠲᠥᠯᠥᠭᠡ ᠮᠡᠨᠳᠤᠯᠡᠵᠥ᠂ ᠠᠷᠠᠳ ᠲᠦᠮᠡᠨ ᠳᠤ ᠲᠦᠰᠢᠭᠯᠡᠨ ᠬᠥᠭᠵᠢᠨ ᠮᠠᠨᠳᠤᠵᠤ᠂ ᠢᠮᠠᠭᠲᠠ ᠠᠷᠠᠳ ᠲᠦᠮᠡᠨ ᠲᠠᠢ ᠬᠠᠮᠲᠤ ᠪᠠᠶᠢᠵᠤ᠂ ᠠᠷᠠᠳ ᠲᠦᠮᠡᠨ ᠤ ᠠᠰᠢᠭ ᠲᠤᠰᠠ ᠶᠢᠨ ᠲᠥᠯᠥᠭᠡ ᠲᠡᠮᠡᠴᠡᠬᠦ ᠪᠣᠯ ᠮᠠᠨ ᠤ ᠨᠠᠮ ᠤᠨ ᠨᠠᠮ ᠪᠠᠶᠢᠭᠤᠯᠵᠤ ᠨᠠᠮ ᠢ ᠮᠠᠨᠳᠤᠭᠤᠯᠵᠤ ᠨᠠᠮ ᠢ ᠬᠦᠴᠦᠷᠬᠡᠭᠵᠢᠭᠦᠯᠬᠦ ᠶᠢᠨ ᠦᠨᠳᠦᠰᠦᠨ ᠵᠣᠷᠢᠯᠲᠠ ᠪᠠ ᠲᠤᠰᠤᠯᠲᠠ ᠮᠥᠨ᠃ ᠪᠠᠶᠢᠭᠤᠯᠤᠭᠳᠠᠭᠰᠠᠨ ᠠᠴᠠ ᠪᠠᠨ ᠨᠠᠭᠠᠰᠢ᠂ ᠮᠠᠨ ᠤ ᠨᠠᠮ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠬᠢᠭᠰᠡᠨ ᠤ ᠦᠨᠳᠦᠰᠦᠨ ᠵᠣᠷᠢᠯᠭ᠎ᠠ ᠨᠢ ᠳᠠᠷᠤᠢ ᠠᠷᠠᠳ ᠲᠦᠮᠡᠨ ᠢ ᠰᠠᠶᠢᠨ ᠰᠠᠶᠢᠬᠠᠨ ᠠᠮᠢᠳᠤᠷᠠᠭᠤᠯᠬᠤ ᠶᠢᠨ ᠲᠥᠯᠥᠭᠡ ᠶᠤᠮ᠂ ᠬᠡᠳᠦᠢ ᠶᠡᠭᠡ ᠥᠷᠢᠰᠦᠯᠳᠦᠭᠡᠨ ᠪᠠ ᠳᠠᠷᠤᠯᠲᠠ ᠳᠤ ᠲᠤᠯᠭᠠᠷᠠᠭᠰᠠᠨ ᠴᠤ᠂ ᠬᠡᠳᠦᠢ ᠶᠡᠭᠡ ᠦᠷᠡᠭᠳᠡᠯ ᠪᠠ ᠦᠨ᠎ᠡ ᠦᠷᠳᠡᠭ ᠭᠠᠷᠭᠠᠭᠰᠠᠨ ᠴᠤ᠂ ᠡᠨᠡ ᠪᠣᠯ ᠢᠮᠠᠭᠲᠠ ᠬᠤᠪᠢᠷᠠᠰᠢ ᠦᠭᠡᠢ᠂ ᠥᠴᠥᠬᠡᠨ ᠴᠦ ᠭᠤᠶᠢᠪᠢᠰᠢ ᠦᠭᠡᠢ ᠶᠤᠮ᠃ ᠣᠨᠴᠠᠭᠠᠶᠢᠯᠠᠨ ᠰᠢᠨ᠎ᠡ ᠴᠠᠭ ᠦᠶ᠎ᠡ ᠶᠢᠨ ᠡᠨᠡ ᠠᠷᠪᠠᠨ ᠵᠢᠯ ᠳᠤ᠂ ᠬᠥᠮᠥᠨ ᠲᠥᠷᠥᠯᠬᠢᠲᠡᠨ ᠤ ᠲᠡᠦᠬᠡᠨ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠲᠤᠶᠢᠯ ᠤᠨ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠵᠦ᠂ ᠴᠢᠨᠡᠭᠡᠯᠢᠭ ᠨᠡᠶᠢᠭᠡᠮ ᠭᠡᠬᠦ ᠡᠨᠡ ᠬᠦ ᠳᠤᠮᠳᠠᠳᠤ ᠶᠢᠨ ᠦᠨᠳᠦᠰᠦᠲᠡᠨ ᠤ ᠮᠢᠩᠭᠠᠨ ᠵᠢᠯ ᠤᠨ ᠬᠦᠰᠡᠯ ᠵᠡᠭᠦᠳᠦ ᠶᠢ ᠪᠡᠶᠡᠯᠡᠭᠦᠯᠦᠭᠰᠡᠨ ᠠᠴᠠ ᠠᠪᠤᠭᠠᠳ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠤᠭᠰᠠᠨ ᠭᠦᠷᠳᠡᠯ᠎ᠡ᠂ ᠳᠠᠭᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠨᠢᠭᠡᠳᠦᠯᠲᠡᠢ ᠲᠥᠯᠥᠪᠵᠢᠭᠦᠯᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠦᠲᠦᠮᠵᠢᠲᠡᠶ ᠬᠠᠮᠠᠭᠠᠯᠠᠨ᠂ ᠬᠥᠮᠥᠨ ᠲᠥᠷᠥᠯᠬᠢᠲᠡᠨ ᠤ ᠪᠣᠯᠪᠠᠰᠤᠨ ᠤ ᠲᠡᠦᠬᠡᠨ ᠳᠡᠭᠡᠷᠡᠬᠢ ᠬᠥᠮᠥᠨ ᠠᠮᠠ ᠣᠯᠠᠨᠲᠠᠢ ᠲᠣᠮᠣ ᠤᠯᠤᠰ ᠬᠢᠵᠢᠭ ᠤᠨ ᠪᠠᠶᠢᠳᠠᠯ ᠶᠡᠭᠡ ᠪᠠᠷ ᠳᠡᠯᠭᠡᠷᠡᠬᠦ ᠠᠴᠠ ᠠᠮᠵᠢᠯᠲᠠ ᠲᠠᠢ ᠮᠤᠯᠲᠤᠷᠠᠭᠰᠠᠨ ᠭᠠᠶᠢᠬᠠᠮᠰᠢᠭ ᠭᠦᠷᠳᠡᠯ᠎ᠡ ᠁ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ ᠤ ᠨᠠᠮ ᠢᠮᠠᠭᠲᠠ ︽ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠮᠠᠨ ᠤ ᠲᠡᠮᠡᠴᠡᠬᠦ ᠬᠠᠷᠠᠯᠲᠠ ᠮᠥᠨ︾ ᠭᠡᠳᠡᠭ ᠢ ᠪᠠᠷᠢᠮᠲᠠᠯᠠᠵᠤ᠂ ︽ᠲᠥᠷᠥ ᠭᠦᠷᠦᠨ ᠪᠣᠯ ᠳᠠᠷᠤᠢ ᠠᠷᠠᠳ ᠲᠦᠮᠡᠨ᠂ ᠠᠷᠠᠳ ᠲᠦᠮᠡᠨ ᠪᠣᠯ ᠳᠠᠷᠤᠢ ᠲᠦᠷᠦ ᠭᠦᠷᠦᠨ ᠮᠥᠨ︾ ᠭᠡᠳᠡᠭ ᠢ ᠪᠠᠲᠤ ᠴᠡᠭᠡᠵᠢᠯᠡᠵᠦ᠂ ︽ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠭᠦ ᠪᠣᠯ ︿ᠤᠯᠤᠰ ᠤᠨ ᠶᠡᠭᠡ ᠶᠠᠪᠤᠳᠠᠯ﹀ ᠮᠥᠨ︾ ᠭᠡᠳᠡᠭ ᠢ ᠪᠠᠷᠢᠮᠲᠠᠯᠠᠵᠤ᠂ ︽ᠠᠷᠠᠳ ᠤᠨ ᠲᠥᠯᠥᠭᠡ ᠠᠵᠢᠯ ᠬᠢᠵᠦ᠂ ᠠᠷᠠᠳ ᠲᠦᠮᠡᠨ ᠳᠤ ᠪᠤᠶᠠᠨ ᠦᠢᠯᠡᠳᠭᠦ ᠪᠣᠯ ᠬᠠᠮᠤᠭ ᠤᠨ ᠴᠢᠬᠤᠯᠠ ᠵᠠᠰᠠᠭ ᠤᠨ ᠠᠵᠢᠯ ᠤᠨ ᠪᠦᠲᠦᠮᠵᠢ ᠮᠥᠨ︾ ᠭᠡᠳᠡᠭ ᠢ ᠪᠠᠷᠢᠮᠲᠠᠯᠠᠵᠤ᠂ ᠤᠯᠤᠰ ᠣᠷᠣᠨ ᠪᠠᠶᠠᠨ ᠬᠦᠴᠦᠷᠬᠡᠭ᠂ ᠦᠨᠳᠦᠰᠦᠲᠡᠨ ᠬᠥᠭᠵᠢᠨ ᠮᠠᠨᠳᠤᠭᠰᠠᠨ᠂ ᠠᠷᠠᠳ ᠲᠦᠮᠡᠨ ᠵᠣᠯ ᠵᠢᠷᠭᠠᠯ ᠲᠠᠢ ᠪᠠᠶᠢᠬᠤ ᠰᠦᠷᠯᠢᠭ ᠰᠠᠶᠢᠬᠠᠨ ᠢᠷᠠᠭᠤ ᠬᠠᠭᠤᠳᠠᠰᠤ ᠶᠢ ᠪᠢᠴᠢᠭᠯᠡᠵᠦ᠂ ᠠᠷᠠᠳ ᠣᠯᠠᠨ ᠤ ᠦᠨᠡᠨ ᠰᠡᠳᠬᠢᠯ ᠤᠨ ᠬᠦᠷᠢᠶᠡᠯᠡᠯ᠂ ᠳᠡᠭᠡᠳᠦ ᠬᠡᠮᠵᠢᠶᠡᠨ ᠤ ᠢᠲᠡᠭᠡᠯ ᠪᠠ ᠬᠦᠴᠦᠲᠡᠢ ᠳᠡᠮᠵᠢᠯᠭᠡ ᠶᠢ ᠣᠯᠣᠭᠰᠠᠨ ᠪᠠᠶᠢᠨ᠎ᠠ᠃      ᠰᠢᠨ᠎ᠡ ᠠᠶᠠᠨ ᠪᠣᠯ ᠢᠷᠠᠭᠤ ᠠᠯᠳᠠᠷ ᠪᠠ ᠬᠦᠰᠡᠯ ᠵᠡᠭᠦᠳᠦ ᠪᠠᠷ ᠪᠢᠯᠬᠠᠭᠰᠠᠨ ᠠᠶᠠᠨ ᠳᠠᠶᠢᠨ ᠮᠥᠨ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠠᠤᠭ᠎ᠠ ᠲᠥᠰᠥᠪ ᠢ ᠵᠢᠷᠤᠭᠯᠠᠵᠤ᠂ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠣᠳᠣᠬᠢᠴᠢᠯᠠᠯᠲᠠ ᠮᠥᠨ︾ ᠭᠡᠳᠡᠭ ᠢ ᠲᠣᠳᠣᠷᠬᠠᠶᠢᠯᠠᠵᠤ᠂ ︽ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠬᠤ︾᠎ ᠶᠢ ᠤᠷᠤᠭᠰᠢᠯᠠᠯᠲᠠ ᠶᠢᠨ ᠵᠠᠮ ᠳᠡᠭᠡᠷ᠎ᠡ ᠡᠷᠬᠡᠪᠰᠢ ᠪᠠᠲᠤ ᠡᠵᠡᠮᠳᠡᠬᠦ ᠬᠡᠷᠡᠭᠲᠡᠢ ᠴᠢᠬᠤᠯᠠ ᠶᠡᠭᠡ ᠵᠠᠷᠴᠢᠮ ᠤᠨ ᠨᠢᠭᠡ ᠪᠣᠯᠭᠠᠪᠠ᠃ ᠨᠠᠮ ᠤᠨ ᠤᠨᠤᠯ ᠪᠣᠯ ᠠᠷᠠᠳ ᠲᠦᠮᠡᠨ ᠠᠴᠠ ᠢᠷᠡᠯᠲᠡ ᠲᠠᠢ᠂ ᠠᠷᠠᠳ ᠲᠦᠮᠡᠨ ᠤ ᠲᠥᠯᠥᠭᠡ᠂ ᠠᠷᠠᠳ ᠲᠦᠮᠡᠨ ᠳᠤ ᠪᠤᠶᠠᠨ ᠦᠢᠯᠡᠳᠭᠦ ᠤᠨᠤᠯ ᠮᠥᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠶᠢᠷᠲᠢᠨᠴᠦ ᠶᠢᠨ ᠦᠵᠡᠯᠲᠡ᠂ ᠠᠷᠭ᠎ᠠ ᠶᠢᠨ ᠤᠨᠤᠯ ᠪᠠ ᠲᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ︽ᠠᠷᠠᠳ ᠲᠦᠮᠡᠨ ᠢ ᠳᠡᠭᠡᠳᠦᠯᠡᠬᠦ ᠶᠢ ᠡᠷᠬᠡᠪᠰᠢ ᠪᠠᠷᠢᠮᠲᠠᠯᠠᠬᠤ︾᠎ ᠶᠢ ︽ᠵᠢᠷᠭᠤᠭ᠎ᠠ ᠶᠢ ᠡᠷᠬᠡᠪᠰᠢ ᠪᠠᠷᠢᠮᠲᠠᠯᠠᠬᠤ︾᠎ ᠶᠢᠨ ᠲᠡᠷᠢᠭᠦᠨ ᠳᠤ ᠲᠠᠯᠪᠢᠪᠠ᠃ ᠠᠷᠠᠳ ᠲᠦᠮᠡᠨ ᠤ ᠲᠥᠯᠥᠭᠡ ᠬᠥᠭᠵᠢᠭᠦᠯᠪᠡᠯ ᠬᠥᠭᠵᠢᠯᠲᠡ ᠨᠢ ᠰᠠᠶ᠋ᠢ ᠠᠴᠢ ᠬᠤᠯᠪᠣᠭᠳᠠᠯ ᠲᠠᠢ ; ᠠᠷᠠᠳ ᠲᠦᠮᠡᠨ ᠳᠤ ᠲᠦᠰᠢᠭᠯᠡᠨ ᠬᠥᠭᠵᠢᠪᠡᠯ ᠬᠥᠭᠵᠢᠯᠲᠡ ᠰᠠᠶ᠋ᠢ ᠬᠥᠳᠡᠯᠭᠡᠭᠦ ᠬᠦᠴᠦᠨ ᠲᠠᠢ ᠪᠣᠯᠣᠨ᠎ᠠ᠃ ᠭᠠᠭᠴᠠ ᠬᠦ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠤ ᠲᠥᠯᠥᠭᠡ ᠬᠥᠭᠵᠢᠭᠦᠯᠵᠦ᠂ ᠬᠥᠭᠵᠢᠭᠦᠯᠬᠦ ᠳᠤ ᠠᠷᠠᠳ ᠲᠦᠮᠡᠨ ᠢ ᠲᠦᠰᠢᠭᠯᠡᠵᠦ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠬᠠᠮᠲᠤ ᠪᠠᠷ ᠡᠳ᠋ᠯᠡᠭᠦᠯᠭᠦ ᠶᠢ ᠪᠠᠷᠢᠮᠲᠠᠯᠠᠪᠠᠯ ᠰᠠᠶ᠋ᠢ ᠵᠥᠪ ᠬᠥᠭᠵᠢᠯᠲᠡ ᠶᠢᠨ ᠦᠵᠡᠯᠲᠡ᠂ ᠣᠳᠣᠬᠢᠴᠢᠯᠠᠯᠲᠠ ᠶᠢᠨ ᠦᠵᠡᠯᠲᠡ ᠲᠠᠢ ᠪᠣᠯᠵᠤ ᠴᠢᠳᠠᠨ᠎ᠠ ᠭᠡᠳᠡᠭ ᠢ ᠭᠦᠨᠵᠡᠭᠡᠢ ᠲᠠᠨᠢᠬᠤ ᠬᠡᠷᠡᠭᠲᠡᠢ᠃ ᠤᠷᠤᠭᠰᠢᠯᠠᠯᠲᠠ ᠶᠢᠨ ᠵᠠᠮ ᠳᠡᠭᠡᠷ᠎ᠡ᠂ ᠰᠠᠯᠬᠢ ᠶᠡᠭᠡ ᠳᠠᠪᠠᠯᠭᠠᠨ ᠰᠢᠷᠦᠭᠦᠨ ᠪᠠᠶᠢᠭᠰᠠᠨ ᠴᠤ ᠲᠡᠷᠡ᠂ ᠲᠤᠬᠰᠢᠨ ᠳᠠᠪᠠᠯᠭᠠᠨ ᠰᠢᠷᠦᠭᠦᠨ ᠳᠣᠯᠭᠢᠶᠠᠨ ᠪᠠᠶᠢᠭᠰᠠᠨ ᠴᠤ ᠲᠡᠷᠡ᠂ ᠠᠷᠠᠳ ᠲᠦᠮᠡᠨ ᠪᠣᠯ ᠬᠡᠵᠢᠶᠡᠳᠡ ᠮᠠᠨ ᠤ ᠨᠠᠮ ᠤᠨ ᠬᠠᠮᠤᠭ ᠤᠨ ᠪᠠᠲᠤ ᠴᠢᠩᠭ᠎ᠠ ᠲᠦᠰᠢᠭ ᠲᠤᠯᠭᠠᠭᠤᠷᠢ᠂ ᠬᠠᠮᠤᠭ ᠤᠨ ᠬᠦᠴᠦᠷᠬᠡᠭ ᠶᠡᠭᠡ ᠬᠦᠴᠦᠨ ᠴᠢᠳᠠᠯ ᠪᠤᠯᠬᠤ ᠶᠤᠮ᠃ ᠪᠢᠳᠡ ᠠᠯᠢᠪᠠ ᠪᠦᠭᠦᠨ ᠳᠤ ᠠᠷᠠᠳ ᠲᠦᠮᠡᠨ ᠤ ᠲᠥᠯᠥᠭᠡ ᠪᠠᠶᠢᠬᠤ᠂ ᠠᠯᠢᠪᠠ ᠪᠦᠭᠦᠨ ᠳᠤ ᠠᠷᠠᠳ ᠲᠦᠮᠡᠨ ᠢ ᠲᠦᠰᠢᠭᠯᠡᠬᠦ ᠶᠢ ᠢᠮᠠᠭᠲᠠ ᠪᠠᠷᠢᠮᠲᠠᠯᠠᠵᠤ᠂ ᠢᠮᠠᠭᠲᠠ ᠠᠷᠠᠳ ᠲᠦᠮᠡᠨ ᠲᠠᠢ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠠᠷᠠᠳ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠵᠦ᠂ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠭᠦᠢᠴᠡᠳᠬᠡᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠨᠢ ᠲᠠᠰᠤᠷᠠᠯᠳᠠ ᠦᠭᠡᠢ ᠪᠣᠳᠠᠲᠤ ᠠᠬᠤᠢ ᠪᠤᠯᠭᠠᠬᠤ ᠬᠡᠷᠡᠭᠲᠡᠢ᠃      ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ ᠮᠥᠨ᠂ ᠨᠠᠮ ᠪᠠ ᠤᠯᠤᠰ ᠤᠨ ᠢᠷᠡᠭᠡᠳᠦᠢ ᠬᠤᠪᠢ ᠵᠠᠶᠠᠭ᠎ᠠ ᠶᠢ ᠲᠣᠭᠲᠠᠭᠠᠬᠤ ᠦᠨᠳᠦᠰᠦᠨ ᠬᠦᠴᠦᠨ ᠮᠥᠨ᠃ ᠠᠷᠠᠳ ᠲᠦᠮᠡᠨ ᠤ ᠢᠲᠡᠭᠡᠯ ᠢ ᠣᠯᠵᠤ᠂ ᠠᠷᠠᠳ ᠲᠦᠮᠡᠨ ᠤ ᠳᠡᠮᠵᠢᠯᠭᠡ ᠶᠢ ᠣᠯᠪᠠᠯ᠂ ᠨᠠᠮ ᠳᠠᠷᠤᠢ ᠶᠠᠮᠠᠷᠪᠠ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠪᠤᠴᠠᠯᠲᠠ ᠦᠭᠡᠢ ᠤᠷᠤᠭᠰᠢᠯᠠᠵᠤ᠂ ᠬᠠᠨᠳᠤᠭᠰᠠᠨ ᠵᠦᠭ ᠲᠤ ᠢᠯᠠᠯᠲᠠ ᠣᠯᠵᠤ ᠴᠢᠳᠠᠨ᠎ᠠ᠃ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠠᠶᠠᠨ ᠳᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠲᠡᠢ ᠬᠥᠭᠵᠢᠭᠦᠯᠵᠦ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠵᠦ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠦ ᠪᠠᠶᠢᠭᠤᠯᠤᠯ ᠤᠨ ᠰᠢᠰᠲ᠋ᠧᠮ ᠢ ᠪᠦᠷᠢᠨᠰᠢᠭᠦᠯᠵᠦ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠶᠢ ᠨᠠᠮ ᠤᠨ ᠲᠥᠷᠥ ᠶᠢ ᠵᠠᠰᠠᠵᠤ ᠵᠠᠰᠠᠭ ᠢ ᠡᠷᠭᠢᠯᠡᠭᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠳᠡᠭᠡᠷ᠎ᠡ ᠦᠨᠡᠨ ᠪᠣᠳᠠᠲᠠᠢ᠂ ᠠᠬᠤᠶᠢᠴᠢ ᠪᠠᠷ ᠢᠯᠡᠷᠡᠭᠦᠯᠵᠦ᠂ ᠨᠠᠮ ᠪᠠ ᠲᠥᠷᠥ ᠶᠢᠨ ᠪᠠᠶᠢᠭᠤᠯᠭ᠎ᠠ ᠶᠢᠨ ᠡᠯ᠎ᠡ ᠲᠠᠯ᠎ᠠ ᠡᠯ᠎ᠡ ᠱᠠᠲᠤ ᠳᠠᠪᠬᠤᠷᠭ᠎ᠠ ᠶᠢᠨ ᠠᠵᠢᠯ ᠳᠡᠭᠡᠷ᠎ᠡ ᠦᠨᠡᠨ ᠪᠣᠳᠠᠲᠠᠢ᠂ ᠠᠬᠤᠶᠢᠴᠢ ᠪᠠᠷ ᠢᠯᠡᠷᠡᠭᠦᠯᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠠᠵᠢᠯ ᠳᠡᠭᠡᠷ᠎ᠡ ᠦᠨᠡᠨ ᠪᠣᠳᠠᠲᠠᠢ᠂ ᠠᠬᠤᠶᠢᠴᠢ ᠪᠠᠷ ᠢᠯᠡᠷᠡᠭᠦᠯᠵᠦ᠂ ᠠᠷᠠᠳ ᠲᠦᠮᠡᠨ ᠤ ᠵᠣᠷᠢᠭ ᠰᠠᠨᠠᠭ᠎ᠠ ᠶᠢ ᠪᠡᠶᠡᠯᠡᠭᠦᠯᠵᠦ᠂ ᠠᠷᠠᠳ ᠲᠦᠮᠡᠨ ᠤ ᠡᠷᠬᠡ ᠠᠰᠢᠭ ᠢ ᠪᠠᠲᠤᠯᠠᠵᠤ᠂ ᠪᠦᠭᠦ ᠠᠷᠠᠳ ᠲᠦᠮᠡᠨ ᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ ᠬᠥᠭᠵᠢᠭᠡᠬᠦ ᠬᠡᠷᠡᠭᠲᠡᠢ᠃ ᠠᠷᠠᠳ ᠲᠦᠮᠡᠨ ᠢ ᠢᠮᠠᠭᠲᠠ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠬᠤᠪᠢᠶᠠᠷᠢᠯᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠤᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠵᠦ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠵᠦ᠂ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠬᠤ ᠲᠠᠯ᠎ᠠ ᠪᠠᠷ ᠲᠠᠰᠤᠷᠠᠯᠳᠠ ᠦᠭᠡᠢ ᠨᠡᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠤᠯᠭᠠᠬᠤ ᠬᠡᠷᠡᠭᠲᠡᠢ᠃      ᠪᠦᠯᠬᠦᠮᠳᠡᠯ ᠪᠣᠯ ᠬᠦᠴᠦᠨ ᠮᠥᠨ᠂ ᠪᠦᠯᠬᠦᠮᠳᠡᠪᠡᠯ ᠰᠠᠶ᠋ᠢ ᠢᠯᠠᠯᠲᠠ ᠣᠯᠵᠤ ᠴᠢᠳᠠᠨ᠎ᠠ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠡᠷᠬᠡᠪᠰᠢ ᠲᠦᠭ ᠲᠦᠮᠡᠨ ᠠᠷᠠᠳ ᠲᠦᠮᠡᠨ ᠤ ᠡᠭᠦᠳᠦᠨ ᠪᠦᠲᠦᠭᠡᠬᠦ ᠠᠤᠭ᠎ᠠ ᠬᠦᠴᠦᠨ ᠢ ᠭᠦᠢᠴᠡᠳ ᠪᠠᠳᠠᠷᠠᠭᠤᠯᠬᠤ ᠬᠡᠷᠡᠭᠲᠡᠢ᠃ ᠥᠨᠥᠳᠥᠷ᠂ ᠪᠢᠳᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠬᠠᠷᠠᠯᠲᠠ ᠳᠤ ᠲᠡᠦᠬᠡ ᠶᠢᠨ ᠠᠯᠢ ᠴᠤ ᠦᠶ᠎ᠡ ᠠᠴᠠ ᠢᠯᠡᠭᠦᠦ ᠣᠶᠢᠷᠠᠳᠴᠤ᠂ ᠡᠨᠡ ᠬᠦ ᠬᠠᠷᠠᠯᠲᠠ ᠶᠢ ᠪᠡᠶᠡᠯᠡᠭᠦᠯᠬᠦ ᠢᠲᠡᠭᠡᠯ ᠪᠠ ᠴᠢᠳᠠᠪᠤᠷᠢ ᠲᠡᠦᠬᠡ ᠶᠢᠨ ᠠᠯᠢ ᠴᠤ ᠦᠶ᠎ᠡ ᠠᠴᠠ ᠢᠯᠡᠭᠦᠦ ᠴᠢᠩᠭᠠᠷᠠᠵᠠᠢ᠂ ᠡᠭᠦᠨ ᠤ ᠬᠠᠮᠲᠤ ᠡᠷᠬᠡᠪᠰᠢ ᠨᠡᠩ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠪᠠᠷ ᠪᠡᠯᠡᠳᠬᠡᠬᠦ ᠬᠡᠷᠡᠭᠲᠡᠢ᠃ ᠬᠠᠷᠠᠯᠲᠠ ᠳᠤ ᠣᠶᠢᠷᠠᠳᠬᠤ ᠳᠤᠳᠤᠮ᠂ ᠪᠠᠶᠢᠳᠠᠯ ᠤᠯᠠᠮ ᠪᠤᠳᠤᠯᠢᠶᠠᠨᠲᠠᠢ ᠪᠤᠯᠬᠤ ᠳᠤᠳᠤᠮ᠂ ᠡᠭᠦᠷᠭᠡ ᠤᠯᠠᠮ ᠪᠡᠷᠬᠡ ᠬᠠᠲᠠᠭᠤᠵᠢᠯᠲᠠᠢ ᠪᠤᠯᠬᠤ ᠳᠤᠳᠤᠮ᠂ ᠡᠯ᠎ᠡ ᠲᠠᠯ᠎ᠠ ᠶᠢᠨ ᠤᠶᠤᠨ ᠤᠬᠠᠭᠠᠨ ᠪᠠ ᠬᠦᠴᠦᠨ ᠴᠢᠳᠠᠯ ᠢ ᠤᠯᠠᠮ ᠢᠯᠡᠭᠦᠦ ᠨᠢᠭᠲᠠᠷᠠᠭᠤᠯᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠵᠤ ᠂ ᠤᠯᠠᠨ ᠲᠦᠮᠡᠨ ᠤ ᠳᠤᠮᠳᠠ ᠠᠴᠠ ᠢᠷᠡᠵᠦ᠂ ᠤᠯᠠᠨ ᠲᠦᠮᠡᠨ ᠤ ᠳᠤᠮᠳᠠ ᠣᠴᠢᠵᠤ᠂ ᠨᠠᠮ ᠪᠣᠯᠣᠨ ᠠᠷᠠᠳ ᠤᠯᠠᠨ ᠤ ᠴᠢᠰᠤ ᠮᠢᠬᠠᠨ ᠤ ᠪᠠᠷᠢᠯᠳᠤᠯᠭ᠎ᠠ ᠶᠢ ᠢᠮᠠᠭᠲᠠ ᠪᠠᠲᠤᠯᠠᠵᠤ᠂ ᠢᠮᠠᠭᠲᠠ ᠠᠷᠠᠳ ᠲᠦᠮᠡᠨ ᠤ ᠰᠢᠭᠦᠮᠵᠢᠯᠡᠯ ᠪᠠ ᠬᠢᠨᠠᠯᠲᠠ ᠶᠢ ᠬᠦᠯᠢᠶᠡᠵᠦ᠂ ᠢᠮᠠᠭᠲᠠ ᠠᠷᠠᠳ ᠲᠦᠮᠡᠨ ᠲᠠᠢ ᠰᠡᠳᠬᠢᠯ ᠰᠠᠨᠠᠭ᠎ᠠ ᠪᠠᠨ ᠨᠢᠭᠡᠳᠬᠡᠨ᠂ ᠬᠤᠪᠢ ᠵᠠᠶᠠᠭ᠎ᠠ ᠪᠠᠨ ᠬᠠᠮᠲᠤᠳᠬᠠᠨ᠂ ᠰᠡᠳᠬᠢᠯ ᠵᠢᠷᠦᠬᠡ ᠪᠠᠨ ᠬᠤᠯᠪᠣᠬᠤ ᠬᠡᠷᠡᠭᠲᠡᠢ᠃ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠪᠦᠯᠬᠦᠮᠳᠡᠯ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠵᠦ᠂ ᠢᠳᠡᠪᠬᠢ ᠬᠦᠴᠦᠨ ᠵᠦᠢᠯ ᠪᠦᠭᠦᠨ ᠢ ᠭᠦᠢᠴᠡᠳ ᠳᠠᠶᠢᠴᠢᠯᠠᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠤᠭ᠎ᠠ ᠬᠦᠴᠦᠨ ᠢ ᠨᠢᠭᠲᠠᠷᠠᠭᠤᠯᠬᠤ ᠬᠡᠷᠡᠭᠲᠡᠢ᠃      ︽ᠳᠤᠮᠳᠠᠳᠤ ᠤᠯᠤᠰ ᠤᠨ ᠡᠪ ᠬᠠᠮᠲᠤ ᠨᠠᠮ ᠪᠣᠯ ᠠᠷᠠᠳ ᠲᠦᠮᠡᠨ ᠤ ᠨᠠᠮ ᠮᠥᠨ᠂ ᠠᠷᠠᠳ ᠲᠦᠮᠡᠨ ᠳᠤ ᠦᠢᠯᠡᠴᠢᠯᠡᠳᠡᠭ ᠨᠠᠮ ᠮᠥᠨ᠂ ᠡᠪ ᠬᠠᠮᠲᠤ ᠨᠠᠮ ᠡᠵᠡᠨ ᠰᠠᠭᠤᠬᠤ ᠨᠢ ᠠᠷᠠᠳ ᠲᠦᠮᠡᠨ ᠳᠤ ᠤᠴᠢᠷ ᠶᠠᠪᠤᠳᠠᠯ ᠪᠦᠲᠦᠭᠡᠨ ᠥᠭᠴᠦ᠂ ᠠᠷᠠᠳ ᠲᠦᠮᠡᠨ ᠤ ᠤᠴᠢᠷ ᠶᠠᠪᠤᠳᠠᠯ ᠢ ᠰᠠᠶᠢᠲᠤᠷ ᠪᠦᠲᠦᠭᠡᠬᠦ ᠶᠢᠨ ᠲᠥᠯᠥᠭᠡ ᠶᠤᠮ︾᠃ ᠨᠢᠭᠡ ᠵᠠᠮ ᠲᠤᠷᠰᠢ᠂ ᠮᠠᠨ ᠤ ᠨᠠᠮ ᠠᠷᠠᠳ ᠲᠦᠮᠡᠨ ᠢ ᠴᠢᠩᠭ᠎ᠠ ᠲᠦᠰᠢᠭᠯᠡᠨ ᠲᠡᠦᠬᠡᠨ ᠬᠠᠭᠤᠳᠠᠰᠤᠨ ᠳᠤ ᠲᠡᠮᠳᠡᠭᠯᠡᠭᠳᠡᠭᠰᠡᠨ ᠬᠠᠷᠢᠭᠤᠯᠲᠠ ᠶᠢᠨ ᠬᠠᠭᠤᠳᠠᠰᠤ ᠶᠢ ᠠᠯᠢ ᠤᠯᠠᠨ ᠲᠤᠰᠢᠶᠠᠵᠠᠢ᠃ ᠢᠷᠡᠭᠡᠳᠦᠢ ᠳᠤ ᠬᠠᠨᠳᠤᠵᠤ᠂ ᠠᠷᠠᠳ ᠲᠦᠮᠡᠨ ᠢ ᠳᠡᠭᠡᠳᠦᠯᠡᠬᠦ᠂ ᠠᠷᠠᠳ ᠲᠦᠮᠡᠨ ᠳᠤ ᠨᠢᠭᠲᠠ ᠲᠦᠰᠢᠭᠯᠡᠬᠦ᠂ ᠠᠷᠠᠳ ᠲᠦᠮᠡᠨ ᠳᠤ ᠲᠠᠰᠤᠷᠠᠯᠲᠠ ᠦᠭᠡᠢ ᠪᠤᠶᠠᠨ ᠦᠶᠯᠡᠳᠭᠦ᠂ ᠠᠷᠠᠳ ᠲᠦᠮᠡᠨ ᠤ ᠳᠤᠮᠳᠠ ᠪᠠᠲᠤ ᠦᠨᠳᠦᠰᠦᠯᠡᠬᠦ ᠶᠢ ᠪᠠᠷᠢᠮᠲᠠᠯᠠᠵᠤ᠂ ᠢᠮᠠᠭᠲᠠ ᠠᠷᠠᠳ ᠲᠦᠮᠡᠨ ᠲᠠᠢ ᠬᠠᠮᠲᠤ ᠵᠣᠭᠰᠣᠵᠤ᠂ ᠬᠠᠮᠲᠤ ᠪᠤᠳᠤᠵᠤ᠂ ᠬᠠᠮᠲᠤ ᠠᠵᠢᠯᠯᠠᠪᠠᠯ᠂ ᠯᠠᠪᠲᠠᠢ ᠡᠷᠡᠯᠬᠡᠭᠯᠡᠨ ᠤᠷᠤᠭᠰᠢᠯᠠᠬᠤ᠂ ᠪᠦᠭᠦᠨ ᠢ ᠢᠯᠠᠬᠤ ᠬᠦᠴᠦᠷᠬᠡᠭ ᠶᠡᠭᠡ ᠬᠦᠴᠦᠨ ᠢ ᠪᠦᠷᠢᠯᠳᠦᠭᠦᠯᠵᠦ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠠᠶᠠᠨ ᠳᠤ ᠲᠡᠦᠬᠡ ᠶᠢᠨ ᠰᠢᠨ᠎ᠡ ᠠᠭᠤᠤ ᠦᠢᠯᠡᠰ ᠢ ᠡᠭᠦᠳᠦᠨ ᠪᠦᠲᠦᠭᠡᠵᠦ ᠴᠢᠳᠠᠨ᠎ᠠ᠃      ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 16᠎ ᠤ ᠴᠠᠭᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠮᠣᠩᠭᠣᠯ ᠬᠡᠯᠡᠨ ᠦ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号