︵2022 ᠣᠨ ᠤ 12 ᠰᠠᠷ᠎ᠠ ᠶᠢᠨ 19 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠠᠴᠠ ᠬᠢᠨᠠᠨ | ᠵᠥᠪᠯᠡᠵᠦ ᠵᠥᠪᠰᠢᠶᠡᠷᠡᠪᠡ | 2022 ᠣᠨ ᠤ 12 ᠰᠠᠷ᠎ᠠ ᠶᠢᠨ 23 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠠᠯᠪᠠᠨ ᠲᠢᠩᠬᠢᠮ ᠠᠴᠠ ᠨᠡᠶᠢᠲᠡᠯᠡᠪᠡ︶ | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠳᠠᠪᠰᠢᠵᠤ ᠪᠠᠭᠤᠵᠤ ᠪᠦᠷ ᠪᠤᠯᠬᠤ ᠬᠥᠮᠥᠨ ᠰᠣᠩᠭᠤᠵᠤ ᠬᠥᠮᠥᠨ ᠬᠡᠷᠡᠭᠯᠡᠬᠦ ᠲᠣᠭᠲᠠᠴᠠ ᠶᠢ | ᠪᠦᠷᠢᠨᠰᠢᠭᠦᠯᠵᠦ᠂ ᠺᠠᠳ᠋ᠷ ᠤᠨ ᠡᠩᠨᠡᠭᠡ ᠶᠢ ᠴᠢᠩᠭ᠎ᠠ ᠬᠠᠮᠢᠶᠠᠷᠴᠤ ᠴᠢᠩᠭ᠎ᠠ ᠬᠢᠨᠠᠬᠤ ᠳᠦᠷᠢᠮ ᠤᠨ ᠰᠢᠰᠲ᠋ᠧᠮ ᠢ | ᠲᠡᠭᠦᠯᠳᠡᠷᠵᠢᠭᠦᠯᠵᠦ᠂ ᠬᠠᠷᠢᠭᠤᠴᠠᠯᠭ᠎ᠠ ᠡᠭᠦᠷᠭᠡᠯᠡᠭᠰᠡᠨ ᠪᠠᠶᠢᠳᠠᠯ ᠢ ᠤᠳᠤᠷᠢᠳᠬᠤ ᠺᠠᠳ᠋ᠷ ᠢ ᠰᠢᠯᠭᠠᠨ ᠪᠠᠶᠢᠴᠠᠭᠠᠵᠤ | ᠢᠯᠭᠠᠨ ᠲᠠᠨᠢᠬᠤ ᠴᠢᠬᠤᠯᠠ ᠪᠠᠷᠢᠮᠵᠢᠶ᠎ᠠ ᠪᠤᠯᠭᠠᠵᠥ᠂ ᠬᠠᠷᠢᠭᠤᠴᠠᠯᠭ᠎ᠠ ᠡᠭᠦᠷᠭᠡᠯᠡᠬᠦ ᠦᠭᠡᠢ᠂ ᠵᠢᠳᠬᠦᠯ ᠴᠢᠷᠮᠠᠶᠢᠯᠭ᠎ᠠ | ᠭᠠᠷᠭᠠᠬᠤ ᠦᠭᠡᠢ᠂ ᠳᠤᠷ᠎ᠠ ᠪᠠᠷ ᠢᠶᠠᠨ ᠦᠢᠯᠡᠳᠭᠦ ᠵᠢᠴᠢ ᠦᠬᠡᠨᠴᠡ ᠬᠤᠶᠢᠷᠭᠤ ᠰᠠᠯᠠᠩ ᠵᠠᠳᠠᠭᠠᠢ᠂ ᠰᠢᠯᠲᠠᠭᠯᠠᠵᠤ | ᠲᠦᠯᠬᠢᠯᠴᠡᠬᠦ ᠨᠢᠭᠤᠵᠤ ᠵᠠᠶᠢᠯᠠᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠺᠠᠳ᠋ᠷ ᠤᠨ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠬᠦ᠂ ᠵᠢᠳᠬᠦᠯ ᠴᠢᠷᠮᠠᠶᠢᠯᠭ᠎ᠠ ᠭᠠᠷᠭᠠᠬᠤ ᠶᠢ ᠭᠡᠳᠡᠷᠭᠦ ᠰᠢᠬᠠᠮᠳᠠᠭᠤᠯᠵᠤ᠂ ᠰᠠᠶᠢᠨ ᠨᠢ ᠳᠡᠪᠰᠢᠭᠦ | ᠂ ᠰᠢᠯᠢᠳᠡᠭ ᠢ ᠱᠠᠩᠨᠠᠬᠤ᠂ ᠶᠡᠷᠦᠮᠳᠡᠭ ᠨᠢ ᠪᠠᠭᠤᠬᠤ᠂ ᠠᠳᠠᠭ ᠨᠢ ᠰᠢᠭᠰᠢᠭᠳᠡᠬᠦ ᠬᠥᠮᠥᠨ ᠬᠡᠷᠡᠭᠯᠡᠬᠦ ᠢᠯᠡ ᠲᠣᠳᠣ | ᠤᠳᠤᠷᠢᠳᠤᠮᠵᠢ ᠶᠢ ᠠᠬᠢᠭᠤᠯᠵᠤ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠴᠢᠳᠠᠪᠤᠷᠢ ᠶᠢᠨ ᠲᠠᠯ᠎ᠠ ᠪᠠᠷ | ᠴᠠᠭᠠᠷᠠᠭᠰᠠᠨ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠭᠦ ᠥᠨᠳᠥᠷ | ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠪᠠᠶᠢᠭᠤᠯᠬᠤ ᠶᠢᠨ ᠲᠥᠯᠥᠭᠡ᠂ ︽ᠨᠠᠮ ᠵᠠᠰᠠᠭ ᠤᠨ ᠤᠳᠤᠷᠢᠳᠬᠤ | ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ ᠤᠨ ᠳᠦᠷᠢᠮ︾᠂ ︽ᠤᠳᠤᠷᠢᠳᠬᠤ ᠺᠠᠳ᠋ᠷ ᠤᠨ ᠳᠠᠪᠰᠢᠵᠤ | ᠪᠠᠭᠤᠵᠤ ᠪᠦᠷ ᠪᠤᠯᠬᠤ ᠶᠢ ᠠᠬᠢᠭᠤᠯᠬᠤ ᠲᠣᠭᠲᠠᠭᠠᠯ︾ ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾ ᠵᠡᠷᠭᠡ ᠬᠠᠤᠯᠢ ᠴᠠᠭᠠᠵᠠ ᠶᠢ | ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠤᠰ ᠨᠠᠷᠢᠨ ᠳᠦᠷᠢᠮ ᠢ | ᠲᠣᠭᠲᠠᠭᠠᠪᠠ᠃ | ᠬᠤᠶᠠᠳᠤᠭᠠᠷ ᠵᠦᠢᠯ ᠲᠤᠰ ᠨᠠᠷᠢᠨ ᠳᠦᠷᠢᠮ ᠨᠢ ᠪᠦᠭᠦ ᠣᠷᠣᠨ ᠤ ᠡᠯ᠎ᠡ ᠱᠠᠲᠤᠨ ᠤ ᠨᠠᠮ ᠤᠨ ᠪᠠᠶᠢᠭᠤᠯᠭ᠎ᠠ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ᠂ ᠤᠯᠤᠰ | ᠲᠥᠷᠥ ᠶᠢᠨ ᠵᠥᠪᠯᠡᠯᠭᠡᠨ ᠤ ᠪᠠᠶᠢᠭᠤᠯᠭ᠎ᠠ᠂ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ | ᠪᠠᠶᠢᠴᠠᠭᠠᠬᠤ ᠪᠠᠶᠢᠭᠤᠯᠭ᠎ᠠ ᠵᠢᠴᠢ ᠠᠯᠪᠠᠲᠠᠨ ᠤ ᠬᠠᠤᠯᠢ ᠶᠢᠨ ᠬᠠᠮᠢᠶᠠᠷᠤᠯᠲᠠ ᠳᠤ ᠣᠷᠣᠭᠤᠯᠤᠭᠰᠠᠨ ᠪᠤᠰᠤᠳ | ᠪᠠᠶᠢᠭᠤᠯᠭ᠎ᠠ ᠪᠣᠯᠣᠨ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠪᠠᠶᠢᠭᠤᠯᠭ᠎ᠠ ︵ᠨᠢᠭᠡᠴᠢ︶ | ᠳᠤ ᠤᠳᠤᠷᠢᠳᠬᠤ ᠲᠤᠰᠢᠶᠠᠯ ᠡᠭᠦᠷᠭᠡᠯᠡᠵᠦ ᠪᠠᠶᠢᠭ᠎ᠠ ᠺᠠᠳ᠋ᠷ ᠲᠤ ᠲᠣᠬᠢᠷᠠᠨ᠎ᠠ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ᠂ ᠠᠵᠢᠯ ᠦᠢᠯᠡᠰ ᠤᠨ ᠨᠢᠭᠡᠴᠢ ᠳᠠᠬᠢ ᠤᠳᠤᠷᠢᠳᠬᠤ ᠲᠤᠰᠢᠶᠠᠯ ᠡᠭᠦᠷᠭᠡᠯᠡᠵᠦ ᠪᠦᠬᠦᠢ ᠬᠥᠮᠥᠰ ᠲᠤ᠂ | ᠲᠤᠰ ᠨᠠᠷᠢᠨ ᠳᠦᠷᠢᠮ ᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠭᠤᠷᠪᠠᠳᠤᠭᠠᠷ ᠵᠦᠢᠯ ᠤᠳᠤᠷᠢᠳᠬᠤ ᠺᠠᠳ᠋ᠷᠴᠤᠳ ᠤᠨ ᠳᠠᠪᠰᠢᠵᠤ ᠪᠠᠭᠤᠵᠤ ᠪᠦᠷ ᠪᠤᠯᠬᠤ ᠶᠢ ᠠᠬᠢᠭᠤᠯᠬᠤ ᠳᠤ | ᠂ ᠭᠤᠣᠯᠳᠠᠯᠭ᠎ᠠ ᠨᠢ ᠲᠤᠰᠢᠶᠠᠯ ᠠᠴᠠ ᠪᠠᠨ ᠪᠠᠭᠤᠵᠤ ᠪᠤᠯᠬᠤ ᠠᠰᠠᠭᠤᠳᠠᠯ ᠢ ᠰᠢᠢᠳᠪᠦᠷᠢᠯᠡᠬᠦ ᠶᠠᠪᠤᠳᠠᠯ ᠪᠣᠯᠣᠨ᠎ᠠ᠃ | ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠵᠢᠴᠢ ᠲᠡᠭᠦᠨ ᠤ ᠵᠣᠬᠢᠶᠠᠨ ᠪᠠᠶᠢᠭᠤᠯᠬᠤ ︵ | ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠥᠷᠥᠯ ᠬᠤᠪᠢᠶᠠᠨ | ᠠᠷᠭ᠎ᠠ ᠪᠣᠳᠣᠯᠭ᠎ᠠ ᠬᠡᠷᠡᠭᠵᠢᠭᠦᠯᠵᠦ᠂ ᠬᠠᠷᠢᠭᠤᠴᠠᠯᠭ᠎ᠠ ᠨᠡᠬᠡᠮᠵᠢᠯᠡᠬᠦ᠂ ᠨᠠᠮ ᠤᠨ ᠰᠠᠬᠢᠯᠭ᠎ᠠ ᠪᠠᠲᠤ ᠵᠠᠰᠠᠭ ᠤᠨ | ᠶᠠᠪᠤᠳᠠᠯ ᠤᠨ ᠰᠢᠢᠳᠬᠡᠯ ᠥᠭᠭᠦ᠂ ᠵᠣᠬᠢᠶᠠᠨ ᠪᠠᠶᠢᠭᠤᠯᠤᠯᠲᠠ ᠠᠴᠠ ᠰᠢᠢᠳᠪᠦᠷᠢᠯᠡᠬᠦ᠂ ᠲᠤᠰᠢᠶᠠᠯ ᠠᠴᠠ ᠪᠠᠨ ᠪᠠᠭᠤᠬᠤ᠂ | ᠲᠤᠰᠢᠶᠠᠯ ᠤᠨ ᠬᠤᠭᠤᠴᠠᠭ᠎ᠠ᠂ ᠠᠵᠢᠯ ᠠᠴᠠ ᠪᠠᠨ ᠠᠮᠠᠷᠠᠬᠤ ᠵᠡᠷᠭᠡ ᠬᠤᠯᠪᠣᠭᠳᠠᠯ ᠪᠦᠬᠦᠢ ᠳᠦᠷᠢᠮ ᠲᠣᠭᠲᠠᠭᠠᠯ ᠢ | ᠴᠢᠩᠭ᠎ᠠ ᠬᠡᠷᠡᠭᠵᠢᠭᠦᠯᠵᠦ᠂ ᠺᠠᠳ᠋ᠷ ᠤᠨ ᠲᠤᠰᠢᠶᠠᠯ ᠠᠴᠠ ᠪᠠᠨ ᠪᠠᠭᠤᠬᠤ ᠠᠷᠭ᠎ᠠ ᠵᠠᠮ ᠢ ᠰᠢᠯᠤᠭᠤᠳᠬᠠᠬᠤ ᠬᠡᠷᠡᠭᠲᠡᠢ᠃ | ᠲᠤᠰ ᠨᠠᠷᠢᠨ ᠳᠦᠷᠢᠮ ᠳᠤ ᠭᠤᠣᠯᠳᠠᠭᠤ ᠤᠳᠦ ᠶᠢᠨ ᠲᠤᠰᠢᠶᠠᠯ ᠢ ᠡᠭᠦᠷᠭᠡᠯᠡᠬᠦ ᠳᠤ ᠲᠣᠬᠢᠷᠠᠬᠤ ᠦᠭᠡᠢ | ᠺᠠᠳ᠋ᠷ ᠤᠨ ᠤᠳᠤᠷᠢᠳᠬᠤ ᠲᠤᠰᠢᠶᠠᠯ ᠳᠤ ᠬᠢᠭᠰᠡᠨ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢ | ᠵᠢᠷᠤᠮᠵᠢᠭᠤᠯᠪᠠ᠃ | ᠳᠥᠷᠪᠡᠳᠦᠭᠡᠷ ᠵᠦᠢᠯ ᠤᠳᠤ ᠶᠢᠨ ᠲᠤᠰᠢᠶᠠᠯ ᠢ ᠡᠭᠦᠷᠭᠡᠯᠡᠬᠦ ᠳᠤ ᠲᠣᠬᠢᠷᠠᠬᠤ ᠦᠭᠡᠢ ᠺᠠᠳ᠋ᠷ ᠢ | ᠲᠣᠬᠢᠷᠠᠭᠤᠯᠬᠤ ᠳᠠᠭᠠᠨ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ᠂ ᠤᠷᠮᠠᠰᠢᠭᠤᠯᠬᠤ | ᠪᠠ ᠬᠦᠯᠢᠶᠡᠰᠦᠯᠡᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ︽ᠭᠤᠷᠪᠠ ᠳᠤ ᠢᠯᠭᠠᠭ᠎ᠠ ᠲᠠᠢ ᠬᠠᠨᠳᠤᠬᠤ︾ | ᠴᠢᠬᠤᠯᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠺᠠᠳ᠋ᠷ ᠤᠨ ᠠᠵᠢᠯ ᠬᠢᠵᠦ ᠦᠢᠯᠡᠰ ᠪᠣᠰᠬᠠᠬᠤ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠭᠦ ᠢᠳᠡᠪᠬᠢᠵᠢᠯ ᠢ ᠬᠠᠮᠠᠭᠠᠯᠠᠬᠤ ᠶᠢ ᠠᠩᠬᠠᠷᠴᠤ᠂ ᠥᠭᠡᠷᠡᠴᠢᠯᠡᠯᠲᠡ ᠰᠦᠪᠡᠭᠴᠢᠯᠡᠯᠲᠡ ᠬᠢᠬᠦ᠂ | ᠤᠷᠢᠳ ᠢᠶᠠᠷ ᠬᠢᠵᠦ ᠤᠷᠢᠳ ᠢᠶᠠᠷ ᠲᠤᠷᠰᠢᠬᠤ ᠵᠡᠷᠭᠡ ᠠᠵᠢᠯ ᠤᠨ ᠳᠤᠮᠳᠠᠬᠢ ᠠᠯᠳᠠᠰᠢ ᠶᠢ ᠠᠭᠤᠴᠢᠯᠠᠬᠤ ᠬᠡᠷᠡᠭᠲᠡᠢ᠃ | ᠬᠤᠶᠠᠳᠤᠭᠠᠷ ᠪᠦᠯᠦᠭ ᠭᠤᠣᠯ ᠪᠤᠯᠬᠤ ᠪᠠᠶᠢᠳᠠᠯ | ᠲᠠᠪᠤᠳᠤᠭᠠᠷ ᠵᠦᠢᠯ ᠤᠳᠤ ᠶᠢᠨ ᠲᠤᠰᠢᠶᠠᠯ ᠢ ᠡᠭᠦᠷᠭᠡᠯᠡᠬᠦ ᠳᠤ ᠲᠣᠬᠢᠷᠠᠬᠤ ᠦᠭᠡᠢ ᠭᠡᠳᠡᠭ ᠨᠢ ᠭᠤᠣᠯᠳᠠᠭᠤ | ᠺᠠᠳ᠋ᠷ ᠤᠨ ᠮᠣᠷᠠᠯ᠂ ᠴᠢᠳᠠᠪᠤᠷᠢ᠂ ᠠᠵᠢᠯ᠂ ᠬᠢᠷᠢ ᠪᠦᠲᠦᠮᠵᠢ᠂ ᠠᠷᠢᠭᠤᠨ ᠴᠢᠬᠡᠴᠢ ᠨᠢ ᠡᠭᠦᠷᠭᠡᠯᠡᠵᠦ ᠪᠠᠶᠢᠭ᠎ᠠ | ᠲᠤᠰᠢᠶᠠᠯ ᠤᠨ ᠬᠢᠨᠢ ᠱᠠᠭᠠᠷᠳᠠᠯᠭ᠎ᠠ ᠲᠠᠢ ᠨᠡᠶᠢᠴᠡᠭᠦ ᠦᠭᠡᠢ᠂ ᠤᠳᠤ ᠶᠢᠨ ᠠᠵᠢᠯ ᠤᠨ ᠪᠠᠶᠢᠷᠢ ᠳᠤ ᠦᠷᠭᠦᠯᠵᠢᠯᠡᠨ | ᠲᠤᠰᠢᠶᠠᠯ ᠬᠠᠷᠢᠭᠤᠴᠠᠬᠤ ᠳᠤ ᠲᠣᠬᠢᠷᠠᠬᠤ ᠦᠭᠡᠢ ᠪᠠᠶᠢᠬᠤ ᠶᠢ ᠵᠢᠭᠠᠵᠤ ᠪᠠᠶᠢᠨ᠎ᠠ᠃ | ᠵᠢᠷᠭᠤᠳᠤᠭᠠᠷ ᠵᠦᠢᠯ ᠺᠠᠳ᠋ᠷ ᠤᠨ ᠪᠡᠶ᠎ᠡ ᠳᠡᠭᠡᠷ᠎ᠡ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠣᠷᠣᠰᠢᠵᠤ᠂ | ᠤᠳᠤ ᠶᠢᠨ ᠲᠤᠰᠢᠶᠠᠯ ᠢ ᠡᠭᠦᠷᠭᠡᠯᠡᠬᠦ ᠳᠤ ᠲᠣᠬᠢᠷᠠᠬᠤ ᠦᠭᠡᠢ ᠭᠡᠵᠦ ᠬᠢᠨᠠᠨ ᠲᠣᠭᠲᠠᠭᠠᠭᠳᠠᠭᠰᠠᠨ ᠪᠠᠶᠢᠪᠠᠯ᠂ ᠴᠠᠭ | ᠲᠤᠬᠠᠢ ᠳᠤᠨᠢ ᠲᠣᠬᠢᠷᠠᠭᠤᠯᠤᠯᠲᠠ ᠬᠢᠬᠦ ᠬᠡᠷᠡᠭᠲᠡᠢ᠄ | ︵ᠨᠢᠭᠡ︶ ᠤᠯᠤᠰ ᠲᠥᠷᠥ ᠶᠢᠨ ᠴᠢᠳᠠᠪᠤᠷᠢ ᠪᠠᠷ ᠴᠢᠩᠭ᠎ᠠ ᠪᠤᠰᠤ᠂ ᠪᠠᠶᠢᠪᠠᠰᠤ ᠵᠣᠬᠢᠬᠤ ᠤᠯᠤᠰ ᠲᠥᠷᠥ ᠶᠢᠨ | ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠭᠦᠢᠴᠡᠳᠬᠡᠬᠦ | ᠴᠢᠳᠠᠪᠤᠷᠢ ᠪᠠᠷ ᠳᠤᠲᠠᠮᠠᠭ ᠪᠠᠶᠢᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ | ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ | ᠪᠠ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠲᠡᠷᠡ ᠶᠣᠰᠣᠭᠠᠷ ᠨᠢ ᠲᠤᠭᠤᠰᠢᠯᠠᠭᠤᠯᠬᠤ | ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ | ᠲᠠᠯ᠎ᠠ ᠪᠠᠷ ᠢᠯᠡᠳᠲᠡ ᠵᠥᠷᠢᠶ᠎ᠡ ᠣᠷᠣᠰᠢᠵᠤ ᠪᠠᠶᠢᠬᠤ ; | ᠤᠳᠤᠷᠢᠳᠬᠤ ᠺᠠᠳ᠋ᠷ ᠤᠨ ᠳᠠᠪᠰᠢᠵᠤ ᠪᠠᠭᠤᠵᠤ ᠪᠦᠷ ᠪᠤᠯᠬᠤ ᠶᠢ ᠠᠬᠢᠭᠤᠯᠬᠤ ᠬᠡᠷᠡᠭᠵᠢᠭᠦᠯᠬᠦ ᠨᠠᠷᠢᠨ ᠳᠦᠷᠢᠮ | ︵2022 ᠣᠨ ᠤ 12 ᠰᠠᠷ᠎ᠠ ᠶᠢᠨ 19 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠠᠴᠠ ᠬᠢᠨᠠᠨ | ᠵᠥᠪᠯᠡᠵᠦ ᠵᠥᠪᠰᠢᠶᠡᠷᠡᠪᠡ | 2022 ᠣᠨ ᠤ 12 ᠰᠠᠷ᠎ᠠ ᠶᠢᠨ 23 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠠᠯᠪᠠᠨ ᠲᠢᠩᠬᠢᠮ ᠠᠴᠠ ᠨᠡᠶᠢᠲᠡᠯᠡᠪᠡ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠳᠠᠪᠰᠢᠵᠤ ᠪᠠᠭᠤᠵᠤ ᠪᠦᠷ ᠪᠤᠯᠬᠤ ᠬᠥᠮᠥᠨ ᠰᠣᠩᠭᠤᠵᠤ ᠬᠥᠮᠥᠨ ᠬᠡᠷᠡᠭᠯᠡᠬᠦ ᠲᠣᠭᠲᠠᠴᠠ ᠶᠢ | ᠪᠦᠷᠢᠨᠰᠢᠭᠦᠯᠵᠦ᠂ ᠺᠠᠳ᠋ᠷ ᠤᠨ ᠡᠩᠨᠡᠭᠡ ᠶᠢ ᠴᠢᠩᠭ᠎ᠠ ᠬᠠᠮᠢᠶᠠᠷᠴᠤ ᠴᠢᠩᠭ᠎ᠠ ᠬᠢᠨᠠᠬᠤ ᠳᠦᠷᠢᠮ ᠤᠨ ᠰᠢᠰᠲ᠋ᠧᠮ ᠢ | ᠲᠡᠭᠦᠯᠳᠡᠷᠵᠢᠭᠦᠯᠵᠦ᠂ ᠬᠠᠷᠢᠭᠤᠴᠠᠯᠭ᠎ᠠ ᠡᠭᠦᠷᠭᠡᠯᠡᠭᠰᠡᠨ ᠪᠠᠶᠢᠳᠠᠯ ᠢ ᠤᠳᠤᠷᠢᠳᠬᠤ ᠺᠠᠳ᠋ᠷ ᠢ ᠰᠢᠯᠭᠠᠨ ᠪᠠᠶᠢᠴᠠᠭᠠᠵᠤ | ᠢᠯᠭᠠᠨ ᠲᠠᠨᠢᠬᠤ ᠴᠢᠬᠤᠯᠠ ᠪᠠᠷᠢᠮᠵᠢᠶ᠎ᠠ ᠪᠤᠯᠭᠠᠵᠥ᠂ ᠬᠠᠷᠢᠭᠤᠴᠠᠯᠭ᠎ᠠ ᠡᠭᠦᠷᠭᠡᠯᠡᠬᠦ ᠦᠭᠡᠢ᠂ ᠵᠢᠳᠬᠦᠯ ᠴᠢᠷᠮᠠᠶᠢᠯᠭ᠎ᠠ | ᠭᠠᠷᠭᠠᠬᠤ ᠦᠭᠡᠢ᠂ ᠳᠤᠷ᠎ᠠ ᠪᠠᠷ ᠢᠶᠠᠨ ᠦᠢᠯᠡᠳᠭᠦ ᠵᠢᠴᠢ ᠦᠬᠡᠨᠴᠡ ᠬᠤᠶᠢᠷᠭᠤ ᠰᠠᠯᠠᠩ ᠵᠠᠳᠠᠭᠠᠢ᠂ ᠰᠢᠯᠲᠠᠭᠯᠠᠵᠤ | ᠲᠦᠯᠬᠢᠯᠴᠡᠬᠦ ᠨᠢᠭᠤᠵᠤ ᠵᠠᠶᠢᠯᠠᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠺᠠᠳ᠋ᠷ ᠤᠨ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠬᠦ᠂ ᠵᠢᠳᠬᠦᠯ ᠴᠢᠷᠮᠠᠶᠢᠯᠭ᠎ᠠ ᠭᠠᠷᠭᠠᠬᠤ ᠶᠢ ᠭᠡᠳᠡᠷᠭᠦ ᠰᠢᠬᠠᠮᠳᠠᠭᠤᠯᠵᠤ᠂ ᠰᠠᠶᠢᠨ ᠨᠢ ᠳᠡᠪᠰᠢᠭᠦ | ᠂ ᠰᠢᠯᠢᠳᠡᠭ ᠢ ᠱᠠᠩᠨᠠᠬᠤ᠂ ᠶᠡᠷᠦᠮᠳᠡᠭ ᠨᠢ ᠪᠠᠭᠤᠬᠤ᠂ ᠠᠳᠠᠭ ᠨᠢ ᠰᠢᠭᠰᠢᠭᠳᠡᠬᠦ ᠬᠥᠮᠥᠨ ᠬᠡᠷᠡᠭᠯᠡᠬᠦ ᠢᠯᠡ ᠲᠣᠳᠣ | ᠤᠳᠤᠷᠢᠳᠤᠮᠵᠢ ᠶᠢ ᠠᠬᠢᠭᠤᠯᠵᠤ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠴᠢᠳᠠᠪᠤᠷᠢ ᠶᠢᠨ ᠲᠠᠯ᠎ᠠ ᠪᠠᠷ | ᠴᠠᠭᠠᠷᠠᠭᠰᠠᠨ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠭᠦ ᠥᠨᠳᠥᠷ | ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠪᠠᠶᠢᠭᠤᠯᠬᠤ ᠶᠢᠨ ᠲᠥᠯᠥᠭᠡ᠂ ︽ᠨᠠᠮ ᠵᠠᠰᠠᠭ ᠤᠨ ᠤᠳᠤᠷᠢᠳᠬᠤ | ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ ᠤᠨ ᠳᠦᠷᠢᠮ︾᠂ ︽ᠤᠳᠤᠷᠢᠳᠬᠤ ᠺᠠᠳ᠋ᠷ ᠤᠨ ᠳᠠᠪᠰᠢᠵᠤ | ᠪᠠᠭᠤᠵᠤ ᠪᠦᠷ ᠪᠤᠯᠬᠤ ᠶᠢ ᠠᠬᠢᠭᠤᠯᠬᠤ ᠲᠣᠭᠲᠠᠭᠠᠯ︾ ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾ ᠵᠡᠷᠭᠡ ᠬᠠᠤᠯᠢ ᠴᠠᠭᠠᠵᠠ ᠶᠢ | ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠤᠰ ᠨᠠᠷᠢᠨ ᠳᠦᠷᠢᠮ ᠢ | ᠲᠣᠭᠲᠠᠭᠠᠪᠠ᠃ | ᠬᠤᠶᠠᠳᠤᠭᠠᠷ ᠵᠦᠢᠯ ᠲᠤᠰ ᠨᠠᠷᠢᠨ ᠳᠦᠷᠢᠮ ᠨᠢ ᠪᠦᠭᠦ ᠣᠷᠣᠨ ᠤ ᠡᠯ᠎ᠡ ᠱᠠᠲᠤᠨ ᠤ ᠨᠠᠮ ᠤᠨ ᠪᠠᠶᠢᠭᠤᠯᠭ᠎ᠠ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ᠂ ᠤᠯᠤᠰ | ᠲᠥᠷᠥ ᠶᠢᠨ ᠵᠥᠪᠯᠡᠯᠭᠡᠨ ᠤ ᠪᠠᠶᠢᠭᠤᠯᠭ᠎ᠠ᠂ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ | ᠪᠠᠶᠢᠴᠠᠭᠠᠬᠤ ᠪᠠᠶᠢᠭᠤᠯᠭ᠎ᠠ ᠵᠢᠴᠢ ᠠᠯᠪᠠᠲᠠᠨ ᠤ ᠬᠠᠤᠯᠢ ᠶᠢᠨ ᠬᠠᠮᠢᠶᠠᠷᠤᠯᠲᠠ ᠳᠤ ᠣᠷᠣᠭᠤᠯᠤᠭᠰᠠᠨ ᠪᠤᠰᠤᠳ | ᠪᠠᠶᠢᠭᠤᠯᠭ᠎ᠠ ᠪᠣᠯᠣᠨ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠪᠠᠶᠢᠭᠤᠯᠭ᠎ᠠ ︵ᠨᠢᠭᠡᠴᠢ︶ | ᠳᠤ ᠤᠳᠤᠷᠢᠳᠬᠤ ᠲᠤᠰᠢᠶᠠᠯ ᠡᠭᠦᠷᠭᠡᠯᠡᠵᠦ ᠪᠠᠶᠢᠭ᠎ᠠ ᠺᠠᠳ᠋ᠷ ᠲᠤ ᠲᠣᠬᠢᠷᠠᠨ᠎ᠠ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ᠂ ᠠᠵᠢᠯ ᠦᠢᠯᠡᠰ ᠤᠨ ᠨᠢᠭᠡᠴᠢ ᠳᠠᠬᠢ ᠤᠳᠤᠷᠢᠳᠬᠤ ᠲᠤᠰᠢᠶᠠᠯ ᠡᠭᠦᠷᠭᠡᠯᠡᠵᠦ ᠪᠦᠬᠦᠢ ᠬᠥᠮᠥᠰ ᠲᠤ᠂ | ᠲᠤᠰ ᠨᠠᠷᠢᠨ ᠳᠦᠷᠢᠮ ᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠭᠤᠷᠪᠠᠳᠤᠭᠠᠷ ᠵᠦᠢᠯ ᠤᠳᠤᠷᠢᠳᠬᠤ ᠺᠠᠳ᠋ᠷᠴᠤᠳ ᠤᠨ ᠳᠠᠪᠰᠢᠵᠤ ᠪᠠᠭᠤᠵᠤ ᠪᠦᠷ ᠪᠤᠯᠬᠤ ᠶᠢ ᠠᠬᠢᠭᠤᠯᠬᠤ ᠳᠤ | ᠂ ᠭᠤᠣᠯᠳᠠᠯᠭ᠎ᠠ ᠨᠢ ᠲᠤᠰᠢᠶᠠᠯ ᠠᠴᠠ ᠪᠠᠨ ᠪᠠᠭᠤᠵᠤ ᠪᠤᠯᠬᠤ ᠠᠰᠠᠭᠤᠳᠠᠯ ᠢ ᠰᠢᠢᠳᠪᠦᠷᠢᠯᠡᠬᠦ ᠶᠠᠪᠤᠳᠠᠯ ᠪᠣᠯᠣᠨ᠎ᠠ᠃ | ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠵᠢᠴᠢ ᠲᠡᠭᠦᠨ ᠤ ᠵᠣᠬᠢᠶᠠᠨ ᠪᠠᠶᠢᠭᠤᠯᠬᠤ ︵ | ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠥᠷᠥᠯ ᠬᠤᠪᠢᠶᠠᠨ | ᠠᠷᠭ᠎ᠠ ᠪᠣᠳᠣᠯᠭ᠎ᠠ ᠬᠡᠷᠡᠭᠵᠢᠭᠦᠯᠵᠦ᠂ ᠬᠠᠷᠢᠭᠤᠴᠠᠯᠭ᠎ᠠ ᠨᠡᠬᠡᠮᠵᠢᠯᠡᠬᠦ᠂ ᠨᠠᠮ ᠤᠨ ᠰᠠᠬᠢᠯᠭ᠎ᠠ ᠪᠠᠲᠤ ᠵᠠᠰᠠᠭ ᠤᠨ | ᠶᠠᠪᠤᠳᠠᠯ ᠤᠨ ᠰᠢᠢᠳᠬᠡᠯ ᠥᠭᠭᠦ᠂ ᠵᠣᠬᠢᠶᠠᠨ ᠪᠠᠶᠢᠭᠤᠯᠤᠯᠲᠠ ᠠᠴᠠ ᠰᠢᠢᠳᠪᠦᠷᠢᠯᠡᠬᠦ᠂ ᠲᠤᠰᠢᠶᠠᠯ ᠠᠴᠠ ᠪᠠᠨ ᠪᠠᠭᠤᠬᠤ᠂ | ᠲᠤᠰᠢᠶᠠᠯ ᠤᠨ ᠬᠤᠭᠤᠴᠠᠭ᠎ᠠ᠂ ᠠᠵᠢᠯ ᠠᠴᠠ ᠪᠠᠨ ᠠᠮᠠᠷᠠᠬᠤ ᠵᠡᠷᠭᠡ ᠬᠤᠯᠪᠣᠭᠳᠠᠯ ᠪᠦᠬᠦᠢ ᠳᠦᠷᠢᠮ ᠲᠣᠭᠲᠠᠭᠠᠯ ᠢ | ᠴᠢᠩᠭ᠎ᠠ ᠬᠡᠷᠡᠭᠵᠢᠭᠦᠯᠵᠦ᠂ ᠺᠠᠳ᠋ᠷ ᠤᠨ ᠲᠤᠰᠢᠶᠠᠯ ᠠᠴᠠ ᠪᠠᠨ ᠪᠠᠭᠤᠬᠤ ᠠᠷᠭ᠎ᠠ ᠵᠠᠮ ᠢ ᠰᠢᠯᠤᠭᠤᠳᠬᠠᠬᠤ ᠬᠡᠷᠡᠭᠲᠡᠢ᠃ | ᠲᠤᠰ ᠨᠠᠷᠢᠨ ᠳᠦᠷᠢᠮ ᠳᠤ ᠭᠤᠣᠯᠳᠠᠭᠤ ᠤᠳᠦ ᠶᠢᠨ ᠲᠤᠰᠢᠶᠠᠯ ᠢ ᠡᠭᠦᠷᠭᠡᠯᠡᠬᠦ ᠳᠤ ᠲᠣᠬᠢᠷᠠᠬᠤ ᠦᠭᠡᠢ | ᠺᠠᠳ᠋ᠷ ᠤᠨ ᠤᠳᠤᠷᠢᠳᠬᠤ ᠲᠤᠰᠢᠶᠠᠯ ᠳᠤ ᠬᠢᠭᠰᠡᠨ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢ | ᠵᠢᠷᠤᠮᠵᠢᠭᠤᠯᠪᠠ᠃ | ᠳᠥᠷᠪᠡᠳᠦᠭᠡᠷ ᠵᠦᠢᠯ ᠤᠳᠤ ᠶᠢᠨ ᠲᠤᠰᠢᠶᠠᠯ ᠢ ᠡᠭᠦᠷᠭᠡᠯᠡᠬᠦ ᠳᠤ ᠲᠣᠬᠢᠷᠠᠬᠤ ᠦᠭᠡᠢ ᠺᠠᠳ᠋ᠷ ᠢ | ᠲᠣᠬᠢᠷᠠᠭᠤᠯᠬᠤ ᠳᠠᠭᠠᠨ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ᠂ ᠤᠷᠮᠠᠰᠢᠭᠤᠯᠬᠤ | ᠪᠠ ᠬᠦᠯᠢᠶᠡᠰᠦᠯᠡᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ︽ᠭᠤᠷᠪᠠ ᠳᠤ ᠢᠯᠭᠠᠭ᠎ᠠ ᠲᠠᠢ ᠬᠠᠨᠳᠤᠬᠤ︾ | ᠴᠢᠬᠤᠯᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠺᠠᠳ᠋ᠷ ᠤᠨ ᠠᠵᠢᠯ ᠬᠢᠵᠦ ᠦᠢᠯᠡᠰ ᠪᠣᠰᠬᠠᠬᠤ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠭᠦ ᠢᠳᠡᠪᠬᠢᠵᠢᠯ ᠢ ᠬᠠᠮᠠᠭᠠᠯᠠᠬᠤ ᠶᠢ ᠠᠩᠬᠠᠷᠴᠤ᠂ ᠥᠭᠡᠷᠡᠴᠢᠯᠡᠯᠲᠡ ᠰᠦᠪᠡᠭᠴᠢᠯᠡᠯᠲᠡ ᠬᠢᠬᠦ᠂ | ᠤᠷᠢᠳ ᠢᠶᠠᠷ ᠬᠢᠵᠦ ᠤᠷᠢᠳ ᠢᠶᠠᠷ ᠲᠤᠷᠰᠢᠬᠤ ᠵᠡᠷᠭᠡ ᠠᠵᠢᠯ ᠤᠨ ᠳᠤᠮᠳᠠᠬᠢ ᠠᠯᠳᠠᠰᠢ ᠶᠢ ᠠᠭᠤᠴᠢᠯᠠᠬᠤ ᠬᠡᠷᠡᠭᠲᠡᠢ᠃ | ᠬᠤᠶᠠᠳᠤᠭᠠᠷ ᠪᠦᠯᠦᠭ ᠭᠤᠣᠯ ᠪᠤᠯᠬᠤ ᠪᠠᠶᠢᠳᠠᠯ | ᠲᠠᠪᠤᠳᠤᠭᠠᠷ ᠵᠦᠢᠯ ᠤᠳᠤ ᠶᠢᠨ ᠲᠤᠰᠢᠶᠠᠯ ᠢ ᠡᠭᠦᠷᠭᠡᠯᠡᠬᠦ ᠳᠤ ᠲᠣᠬᠢᠷᠠᠬᠤ ᠦᠭᠡᠢ ᠭᠡᠳᠡᠭ ᠨᠢ ᠭᠤᠣᠯᠳᠠᠭᠤ | ᠺᠠᠳ᠋ᠷ ᠤᠨ ᠮᠣᠷᠠᠯ᠂ ᠴᠢᠳᠠᠪᠤᠷᠢ᠂ ᠠᠵᠢᠯ᠂ ᠬᠢᠷᠢ ᠪᠦᠲᠦᠮᠵᠢ᠂ ᠠᠷᠢᠭᠤᠨ ᠴᠢᠬᠡᠴᠢ ᠨᠢ ᠡᠭᠦᠷᠭᠡᠯᠡᠵᠦ ᠪᠠᠶᠢᠭ᠎ᠠ | ᠲᠤᠰᠢᠶᠠᠯ ᠤᠨ ᠬᠢᠨᠢ ᠱᠠᠭᠠᠷᠳᠠᠯᠭ᠎ᠠ ᠲᠠᠢ ᠨᠡᠶᠢᠴᠡᠭᠦ ᠦᠭᠡᠢ᠂ ᠤᠳᠤ ᠶᠢᠨ ᠠᠵᠢᠯ ᠤᠨ ᠪᠠᠶᠢᠷᠢ ᠳᠤ ᠦᠷᠭᠦᠯᠵᠢᠯᠡᠨ | ᠲᠤᠰᠢᠶᠠᠯ ᠬᠠᠷᠢᠭᠤᠴᠠᠬᠤ ᠳᠤ ᠲᠣᠬᠢᠷᠠᠬᠤ ᠦᠭᠡᠢ ᠪᠠᠶᠢᠬᠤ ᠶᠢ ᠵᠢᠭᠠᠵᠤ ᠪᠠᠶᠢᠨ᠎ᠠ᠃ | ᠵᠢᠷᠭᠤᠳᠤᠭᠠᠷ ᠵᠦᠢᠯ ᠺᠠᠳ᠋ᠷ ᠤᠨ ᠪᠡᠶ᠎ᠡ ᠳᠡᠭᠡᠷ᠎ᠡ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠣᠷᠣᠰᠢᠵᠤ᠂ | ᠤᠳᠤ ᠶᠢᠨ ᠲᠤᠰᠢᠶᠠᠯ ᠢ ᠡᠭᠦᠷᠭᠡᠯᠡᠬᠦ ᠳᠤ ᠲᠣᠬᠢᠷᠠᠬᠤ ᠦᠭᠡᠢ ᠭᠡᠵᠦ ᠬᠢᠨᠠᠨ ᠲᠣᠭᠲᠠᠭᠠᠭᠳᠠᠭᠰᠠᠨ ᠪᠠᠶᠢᠪᠠᠯ᠂ ᠴᠠᠭ | ᠲᠤᠬᠠᠢ ᠳᠤᠨᠢ ᠲᠣᠬᠢᠷᠠᠭᠤᠯᠤᠯᠲᠠ ᠬᠢᠬᠦ ᠬᠡᠷᠡᠭᠲᠡᠢ᠄ | ︵ᠨᠢᠭᠡ︶ ᠤᠯᠤᠰ ᠲᠥᠷᠥ ᠶᠢᠨ ᠴᠢᠳᠠᠪᠤᠷᠢ ᠪᠠᠷ ᠴᠢᠩᠭ᠎ᠠ ᠪᠤᠰᠤ᠂ ᠪᠠᠶᠢᠪᠠᠰᠤ ᠵᠣᠬᠢᠬᠤ ᠤᠯᠤᠰ ᠲᠥᠷᠥ ᠶᠢᠨ | ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠭᠦᠢᠴᠡᠳᠬᠡᠬᠦ | ᠴᠢᠳᠠᠪᠤᠷᠢ ᠪᠠᠷ ᠳᠤᠲᠠᠮᠠᠭ ᠪᠠᠶᠢᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ | ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ | ᠪᠠ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠲᠡᠷᠡ ᠶᠣᠰᠣᠭᠠᠷ ᠨᠢ ᠲᠤᠭᠤᠰᠢᠯᠠᠭᠤᠯᠬᠤ | ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ | ᠲᠠᠯ᠎ᠠ ᠪᠠᠷ ᠢᠯᠡᠳᠲᠡ ᠵᠥᠷᠢᠶ᠎ᠡ ᠣᠷᠣᠰᠢᠵᠤ ᠪᠠᠶᠢᠬᠤ ; | ︵ᠬᠤᠶᠠᠷ︶ ᠬᠦᠰᠡᠯᠡᠩ ᠢᠲᠡᠭᠡᠯ ᠪᠢᠰᠢᠷᠡᠯ ᠨᠢ ᠭᠤᠶᠢᠪᠢᠯᠵᠠᠵᠤ᠂ ᠶᠢᠷᠲᠢᠨᠴᠦ ᠶᠢᠨ ᠦᠵᠡᠯᠲᠡ᠂ | ᠠᠮᠢᠳᠤᠷᠠᠬᠤᠢ ᠶᠢᠨ ᠦᠵᠡᠯᠲᠡ᠂ ᠦᠷᠲᠡᠭ ᠤᠨ ᠦᠵᠡᠯᠲᠡ ᠳᠤ ᠨᠢ ᠬᠡᠯᠪᠡᠷᠢᠯ ᠭᠠᠷᠴᠤ᠂ ︽ᠭᠤᠷᠪᠠᠨ ᠡᠷᠬᠡᠪᠰᠢ︾ ᠶᠢ | ᠦᠢᠯᠡᠳᠦᠯᠭᠡᠵᠢᠭᠦᠯᠬᠦ᠂ ︽ᠵᠢᠷᠭᠤᠭ᠎ᠠ ᠶᠢ ᠡᠷᠬᠡᠪᠰᠢ ᠪᠠᠷᠢᠮᠲᠠᠯᠠᠬᠤ︾ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ | ᠦᠭᠡᠢ᠂ ᠨᠠᠮ ᠤᠨ ᠤᠳᠤᠷᠢᠳᠤᠯᠭ᠎ᠠ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ | ᠵᠡᠷᠭᠡ ᠴᠢᠬᠤᠯᠠ ᠶᠡᠭᠡ ᠵᠠᠷᠴᠢᠮ ᠤᠨ ᠠᠰᠠᠭᠤᠳᠠᠯ ᠳᠡᠭᠡᠷ᠎ᠡ ᠵᠣᠭᠰᠣᠯᠲᠠ ᠪᠠᠲᠤ ᠪᠢᠰᠢ᠂ ᠣᠪᠣᠷ ᠪᠠᠯᠠᠷᠬᠠᠢ ᠪᠠᠶᠢᠵᠤ᠂ | ᠵᠠᠩᠭᠢᠯᠠᠭ᠎ᠠ ᠶᠢᠨ ᠦᠶ᠎ᠡ ᠳᠤ ᠰᠢᠯᠭᠠᠯᠲᠠ ᠶᠢ ᠳᠠᠭᠠᠭᠠᠵᠤ ᠴᠢᠳᠠᠬᠤ ᠦᠭᠡᠢ ᠪᠠᠶᠢᠬᠤ ; | ︵ᠭᠤᠷᠪᠠ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠤᠯᠭᠠᠬᠤ | ᠲᠠᠯ᠎ᠠ ᠪᠠᠷ ᠪᠠᠲᠤ ᠪᠠᠬᠢ ᠪᠢᠰᠢ᠂ ᠨᠠᠮ ᠤᠨ ᠦᠨᠳᠦᠰᠦᠲᠡᠨ ᠤ ᠤᠨᠤᠯ ᠪᠠ ᠦᠨᠳᠦᠰᠦᠲᠡᠨ ᠤ ᠲᠦᠷᠦ ᠶᠢᠨ | ᠪᠣᠳᠣᠯᠭ᠎ᠠ ᠶᠢ ᠪᠦᠷᠢᠨ ᠪᠦᠲᠦᠨ ᠵᠥᠪ ᠣᠨᠣᠪᠴᠢᠲᠠᠢ ᠲᠤᠭᠤᠰᠢᠯᠠᠭᠤᠯᠵᠤ ᠲᠡᠶᠢᠯᠭᠦ ᠦᠭᠡᠢ᠂ ︽ᠭᠤᠷᠪᠠᠨ ᠰᠠᠯᠵᠤ | ᠴᠢᠳᠠᠬᠤ ᠦᠭᠡᠢ︾᠂ ︽ᠲᠠᠪᠤᠨ ᠬᠠᠮᠲᠤ ᠶᠢᠨ ᠲᠠᠨᠢᠯᠲᠠ︾᠂ ︽ᠳᠥᠷᠪᠡ ᠶᠢ ᠬᠠᠮᠲᠤᠳᠬᠠᠬᠤ︾ ᠵᠢᠴᠢ | ᠦᠨᠳᠦᠰᠦᠲᠡᠨ ᠤ ᠭᠠᠵᠠᠷ ᠣᠷᠣᠨ ᠤ ᠰᠠᠶᠢᠨ ᠺᠠᠳ᠋ᠷ ᠤᠨ ︽ᠲᠦᠷᠪᠡᠨ ᠣᠨᠴᠠᠭᠠᠢ ᠪᠠᠶᠢᠬᠤ︾ ᠶᠢᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠲᠠᠯ᠎ᠠ ᠪᠠᠷ ᠲᠤᠭᠤᠰᠢᠲᠠᠢ ᠪᠢᠰᠢ᠂ ᠦᠨᠳᠦᠰᠦᠲᠡᠨ ᠤ ᠠᠵᠢᠯ ᠤᠨ ᠳᠤᠮᠳᠠ ᠲᠤᠰᠢᠶᠠᠯ ᠢᠶᠠᠨ | ᠭᠦᠢᠴᠡᠳᠬᠡᠬᠦ ᠦᠭᠡᠢ ᠲᠤᠲᠠᠭᠳᠠᠵᠤ᠂ ᠲᠤᠰᠢᠶᠠᠯ ᠢᠶᠠᠨ ᠭᠦᠢᠴᠡᠳᠬᠡᠬᠦ ᠨᠢ ᠪᠤᠷᠤᠭᠤᠳᠠᠵᠤ᠂ ᠬᠠᠷᠢᠭᠤᠴᠠᠯᠭ᠎ᠠ | ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠦᠭᠡᠢ᠂ ᠮᠠᠭᠤ ᠨᠥᠯᠥᠭᠡ ᠭᠠᠷᠭᠠᠭᠰᠠᠨ ᠪᠠᠶᠢᠬᠤ ; | ︵ᠳᠥᠷᠪᠡ︶ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠪᠠ ᠲᠡᠮᠡᠴᠡᠯ ᠤᠨ ᠵᠣᠷᠢᠭ ᠰᠠᠨᠠᠭ᠎ᠠ ᠴᠢᠩᠭ᠎ᠠ ᠪᠢᠰᠢ᠂ | ᠨᠣᠶᠠᠨ ᠰᠠᠭᠤᠭᠠᠳ ᠠᠵᠢᠯ ᠬᠢᠬᠦ ᠦᠭᠡᠢ᠂ ᠬᠠᠷᠢᠭᠤᠴᠠᠬᠤ ᠵᠣᠷᠢᠭ ᠦᠭᠡᠢ᠂ ᠠᠵᠢᠯ ᠬᠢᠬᠦ ᠳᠤᠷ᠎ᠠ ᠦᠭᠡᠢ᠂ | ᠵᠥᠷᠢᠴᠡᠯ ᠳᠤ ᠰᠢᠭᠤᠳ ᠬᠠᠨᠳᠤᠬᠤ ᠵᠣᠷᠢᠭ ᠦᠭᠡᠢ᠂ ᠬᠠᠲᠠᠭᠤ ᠲᠠᠢ ᠨᠢ ᠬᠠᠯᠳᠠᠵᠤ ᠴᠢᠳᠠᠬᠤ ᠦᠭᠡᠢ᠂ ᠡᠩ ᠤᠨ | ᠦᠶ᠎ᠡ ᠳᠤ ᠦᠵᠡᠵᠦ ᠭᠠᠷᠬᠤ ᠦᠭᠡᠢ᠂ ᠴᠢᠬᠤᠯᠠ ᠶᠡᠭᠡ ᠲᠡᠮᠡᠴᠡᠯ ᠤᠨ ᠳᠤᠮᠳᠠ ᠡᠮᠦᠨ᠎ᠡ ᠨᠢ ᠲᠡᠮᠡᠴᠡᠵᠦ ᠠᠮᠢ ᠴᠦᠯᠡᠭᠦ | ᠦᠭᠡᠢ᠂ ᠨᠠᠮ ᠪᠠ ᠤᠯᠤᠰ ᠤᠨ ᠠᠰᠢᠭ ᠲᠤᠰᠠ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠳᠤ ᠬᠤᠯᠪᠣᠭᠳᠠᠬᠤ ᠵᠡᠷᠭᠡ ᠵᠠᠩᠭᠢᠯᠠᠭ᠎ᠠ ᠶᠢᠨ ᠴᠠᠭ ᠮᠥᠴᠡ ᠳᠤ ᠪᠠᠶᠢᠯᠳᠤᠭᠠᠨ ᠤ ᠲᠠᠯᠠᠪᠤᠷ ᠠᠴᠠ | ᠳᠤᠲᠠᠭᠠᠵᠤ᠂ ᠪᠠᠴᠢᠮ ᠪᠡᠷᠬᠡ ᠠᠶᠤᠯᠲᠠᠢ ᠬᠦᠨᠳᠦ ᠡᠭᠦᠷᠭᠡ ᠵᠢᠴᠢ ᠬᠦᠨᠳᠦ ᠶᠡᠭᠡ ᠠᠶᠤᠯ ᠲᠦᠭᠰᠢᠭᠦᠷᠢ ᠶᠢᠨ | ᠰᠢᠯᠭᠠᠯᠲᠠ ᠲᠤᠯᠭᠠᠷᠠᠬᠤ ᠵᠡᠷᠭᠡ ᠠᠶᠤᠯ ᠲᠦᠭᠰᠢᠭᠦᠷᠢ ᠲᠠᠢ ᠵᠠᠩᠭᠢᠯᠠᠭ᠎ᠠ ᠶᠢᠨ ᠦᠶ᠎ᠡ ᠳᠤ ᠨᠠᠵᠠᠭᠠᠢ ᠪᠠᠷ ᠬᠠᠨᠳᠤᠵᠤ | ᠵᠠᠶᠢᠯᠠᠨ ᠳᠤᠲᠠᠭᠠᠭᠰᠠᠨ ᠪᠤᠶᠤ ᠠᠷᠭᠠᠴᠠᠭᠠᠨ ᠰᠢᠢᠳᠪᠦᠷᠢᠯᠡᠭᠰᠡᠨ ᠨᠢ ᠬᠦᠴᠦᠨ ᠦᠭᠡᠢ ᠪᠠᠶᠢᠬᠤ ; | ︵ᠲᠠᠪᠤ︶ ᠵᠠᠰᠠᠭ ᠤᠨ ᠠᠵᠢᠯ ᠤᠨ ᠪᠦᠳᠦᠮᠵᠢ ᠶᠢᠨ ᠦᠵᠡᠯᠲᠡ ᠳᠤ ᠬᠡᠯᠪᠡᠷᠢᠯ ᠵᠥᠷᠢᠶ᠎ᠡ ᠣᠷᠣᠰᠢᠵᠤ᠂ ᠠᠷᠠᠳ | ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ ᠲᠡᠶᠢᠯᠭᠦ ᠦᠭᠡᠢ᠂ ᠰᠢᠨ᠎ᠡ | ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ ᠡᠵᠡᠮᠳᠡᠵᠦ ᠴᠢᠳᠠᠬᠤ ᠦᠭᠡᠢ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ ᠴᠢᠳᠠᠬᠤ ᠦᠭᠡᠢ᠂ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ᠂ ᠥᠪᠡᠷᠲᠡᠭᠡᠨ ᠵᠠᠰᠠᠬᠤ ᠣᠷᠣᠨ ᠤ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ | ᠭᠠᠷᠭᠠᠬᠤ ᠦᠭᠡᠢ᠂ ︽ᠳᠦᠷᠢ ᠲᠥᠷᠬᠦ ᠶᠢᠨ ᠢᠨᠵᠧᠨᠧᠷᠢᠩ︾᠂ ︽ᠵᠠᠰᠠᠭ ᠤᠨ ᠠᠵᠢᠯ ᠤᠨ ᠪᠦᠳᠦᠮᠵᠢ ᠶᠢᠨ | ᠢᠨᠵᠧᠨᠧᠷᠢᠩ︾ ᠢ ᠦᠶᠯᠡᠳᠭᠦ ; | ︵ᠵᠢᠷᠭᠤᠭ᠎ᠠ︶ ᠨᠠᠮ ᠤᠨ ᠠᠷᠠᠳᠴᠢᠯᠠᠯ ᠲᠥᠪᠯᠡᠷᠡᠯ ᠤᠨ ᠶᠣᠰᠣᠨ ᠤ ᠵᠠᠷᠴᠢᠮ ᠢ ᠵᠥᠷᠢᠴᠡᠵᠦ᠂ ᠭᠠᠭᠴᠠᠭᠠᠷ | ᠡᠵᠡᠨ ᠮᠡᠳᠡᠭᠦ ᠡᠰᠡᠬᠦᠯ᠎ᠡ ᠲᠤᠷᠦᠢ ᠪᠠᠭᠤᠷᠠᠢ ᠰᠤᠯᠠ ᠵᠠᠳᠠᠭᠠᠢ ᠪᠠᠶᠢᠵᠤ᠂ ᠰᠠᠨᠠᠭ᠎ᠠ ᠪᠠᠷ ᠢᠶᠠᠨ ᠦᠢᠯᠡᠳᠴᠦ᠂ ᠵᠣᠬᠢᠶᠠᠨ | ᠪᠠᠶᠢᠭᠤᠯᠤᠯᠲᠠ ᠶᠢᠨ ᠭᠠᠷᠭᠠᠭᠰᠠᠨ ᠲᠣᠭᠲᠠᠭᠠᠯ ᠢ ᠬᠡᠷᠡᠭᠵᠢᠭᠦᠯᠬᠦ ᠦᠭᠡᠢ ᠪᠤᠶᠤ ᠳᠤᠷ᠎ᠠ ᠪᠠᠷ ᠢᠶᠠᠨ ᠬᠤᠪᠢᠷᠠᠭᠤᠯᠵᠤ᠂ | ᠡᠪᠰᠡᠯ ᠪᠦᠯᠦᠭ᠂ ᠠᠶᠢᠮᠠᠭ ᠪᠦᠯᠦᠭ ᠪᠤᠯᠬᠤ ᠵᠡᠷᠭᠡ ᠵᠣᠬᠢᠶᠠᠨ ᠪᠠᠶᠢᠭᠤᠯᠤᠯᠲᠠ ᠶᠢᠨ ᠪᠤᠰᠤ ᠠᠵᠢᠯᠯᠠᠭ᠎ᠠ ᠬᠢᠵᠦ᠂ | ᠤᠳᠤᠷᠢᠳᠬᠤ ᠪᠠᠭ ᠤᠨ ᠳᠣᠲᠣᠷ᠎ᠠ ᠵᠠᠷᠴᠢᠮ ᠦᠭᠡᠢ ᠵᠠᠭᠤᠷᠠᠯᠳᠤᠭᠠᠨ ᠢ ᠡᠭᠦᠰᠬᠡᠵᠦ᠂ ᠪᠠᠶᠢᠭ᠎ᠠ ᠭᠠᠵᠠᠷ ᠣᠷᠣᠨ᠂ | ᠨᠢᠭᠡᠴᠢ ᠶᠢᠨ ᠢᠶᠠᠨ ᠤᠯᠤᠰ ᠲᠦᠷᠦ ᠶᠢᠨ ᠠᠮᠢ ᠠᠬᠤᠢ ᠶᠢ ᠡᠪᠳᠡᠭᠰᠡᠨ ; | ︵ᠳᠣᠯᠤᠭ᠎ᠠ︶ ᠵᠣᠬᠢᠶᠠᠨ ᠪᠠᠶᠢᠭᠤᠯᠤᠯᠲᠠ ᠶᠢᠨ ᠦᠵᠡᠯᠲᠡ ᠪᠠᠷ ᠳᠤᠲᠠᠮᠠᠭ᠂ ᠴᠢᠬᠤᠯᠠ ᠶᠡᠭᠡ ᠤᠴᠢᠷ | ᠶᠠᠪᠤᠳᠠᠯ ᠢ ᠵᠢᠭᠠᠪᠤᠷᠢ ᠠᠪᠴᠤ ᠮᠡᠳᠡᠭᠦᠯᠭᠦ᠂ ᠬᠤᠪᠢ ᠬᠥᠮᠥᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ | ᠮᠡᠳᠡᠭᠦᠯᠭᠦ᠂ ᠺᠠᠳ᠋ᠷ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠤᠨ ᠬᠠᠮᠢᠶᠠᠷᠤᠯᠲᠠ᠂ ᠤᠳᠤᠷᠢᠳᠬᠤ ᠺᠠᠳ᠋ᠷ ᠤᠨ | ᠭᠠᠳᠠᠭᠠᠳᠤ ᠳᠤ ︵ᠬᠢᠯᠢ︶ ᠭᠠᠷᠬᠤ ᠬᠠᠮᠢᠶᠠᠷᠤᠯᠲᠠ᠂ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ | ᠪᠠᠶᠢᠭᠤᠯᠤᠯᠲᠠ ᠳᠤ ᠲᠤᠰᠢᠶᠠᠯ ᠬᠠᠪᠰᠤᠷᠭᠠᠬᠤ ︵ᠲᠤᠰᠢᠶᠠᠯ ᠡᠭᠦᠷᠭᠡᠯᠡᠬᠦ︶ ᠵᠡᠷᠭᠡ ᠳᠦᠷᠢᠮ ᠢ ᠴᠢᠩᠭ᠎ᠠ ᠬᠡᠷᠡᠭᠵᠢᠭᠦᠯᠬᠦ | ᠦᠭᠡᠢ᠂ ᠵᠣᠬᠢᠶᠠᠨ ᠪᠠᠶᠢᠭᠤᠯᠤᠯᠲᠠ ᠠᠴᠠ ᠬᠤᠪᠢᠶᠠᠷᠢᠯᠠᠬᠤ᠂ ᠰᠢᠯᠵᠢᠭᠦᠯᠭᠦ᠂ ᠲᠣᠬᠢᠷᠠᠭᠤᠯᠬᠤ᠂ ᠰᠣᠯᠢᠯᠴᠠᠬᠤ᠂ | ᠵᠠᠶᠢᠯᠠᠭᠤᠯᠬᠤ ᠵᠡᠷᠭᠡ ᠲᠣᠭᠲᠠᠭᠠᠯ ᠢ ᠵᠦᠢ ᠶᠣᠰᠣᠨ ᠤ ᠰᠢᠯᠲᠠᠭᠠᠨ ᠦᠭᠡᠢ ᠪᠠᠷ ᠬᠡᠷᠡᠭᠵᠢᠭᠦᠯᠬᠦ ᠶᠢ ᠲᠡᠪᠴᠢᠵᠦ᠂ | ᠵᠣᠬᠢᠶᠠᠨ ᠪᠠᠶᠢᠭᠤᠯᠤᠯᠲᠠ ᠳᠤ ᠨᠥᠬᠦᠴᠡᠯ ᠳᠤᠷᠠᠳᠴᠤ ᠶᠠᠷᠰᠢᠬᠯᠠᠬᠰᠠᠨ ; | ︵ᠨᠠᠢᠮᠠ︶ ᠦᠢᠯᠡᠰᠴᠢ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ ᠪᠢᠰᠢ᠂ ᠤᠶᠤᠨ | ᠰᠠᠨᠠᠭᠠᠨ ᠤ ᠪᠠᠶᠢᠳᠠᠯ ᠠᠨᠠᠢ᠂ ᠤᠷᠤᠭᠰᠢᠯᠠᠨ ᠲᠠᠪᠰᠢᠬᠤ ᠶᠢ ᠪᠤᠳᠤᠬᠤ ᠦᠭᠡᠢ᠂ ᠣᠳᠣᠬᠢ ᠪᠠᠶᠢᠳᠠᠯ ᠳᠠᠭᠠᠨ ᠰᠡᠳᠬᠢᠯ | ᠬᠠᠨᠤᠵᠤ᠂ ᠳᠦᠷᠢ ᠦᠵᠡᠭᠦᠯᠦᠨ ᠡᠳᠦᠷ ᠬᠤᠨᠤᠭ ᠢ ᠠᠷᠭᠠᠴᠠᠭᠠᠵᠤ᠂ ᠠᠯᠪᠠ ᠬᠠᠰᠢᠵᠤ ᠡᠳᠦᠷ ᠥᠩᠭᠡᠷᠡᠭᠦᠯᠦᠨ᠂ | ᠰᠢᠯᠭᠠᠯᠲᠠ ᠲᠤᠰᠢᠶᠠᠬᠤ ᠤᠬᠠᠮᠰᠠᠷ᠂ ᠳᠠᠩᠰᠠ ᠮᠡᠳᠡᠭᠦᠯᠭᠦ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠷ | ᠳᠤᠲᠠᠮᠠᠭ ᠪᠠᠶᠢᠵᠤ᠂ ᠲᠤᠰᠢᠶᠠᠯ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠠᠬᠢ ᠤᠴᠢᠷ ᠶᠠᠪᠤᠳᠠᠯ ᠳᠤ ᠬᠠᠰᠢ ᠶᠠᠰᠢ ᠪᠠᠷ | ᠬᠠᠨᠳᠤᠬᠤ᠂ ᠰᠢᠯᠲᠠᠭᠯᠠᠨ ᠲᠦᠯᠬᠢᠯᠴᠡᠬᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠴᠢᠷᠳᠡᠵᠦ | ᠪᠠᠶᠢᠭ᠎ᠠ ᠠᠰᠠᠭᠤᠳᠠᠯ ᠳᠤ ᠰᠡᠳᠬᠢᠯ ᠲᠠᠯᠪᠢᠬᠤ ᠦᠭᠡᠢ᠂ ᠬᠦᠴᠦ ᠲᠠᠯᠪᠢᠬᠤ ᠦᠭᠡᠢ᠂ ᠠᠵᠢᠯ ᠦᠢᠯᠡᠰ ᠤᠨ | ᠬᠥᠭᠵᠢᠯᠲᠡ ᠶᠢ ᠰᠠᠭᠠᠲᠠᠭᠠᠬᠤ ᠪᠤᠶᠤ ᠨᠡᠯᠢᠶᠡᠳ ᠶᠡᠭᠡ ᠬᠤᠬᠢᠷᠠᠯ ᠤᠴᠠᠷᠠᠭᠤᠯᠤᠬᠰᠠᠨ ; | ︵ᠶᠢᠰᠦ︶ ᠤᠳᠤᠷᠢᠳᠬᠤ ᠴᠢᠳᠠᠪᠤᠷᠢ ᠪᠠᠷ ᠬᠦᠷᠦᠯᠴᠡᠬᠦ ᠦᠭᠡᠢ᠂ ᠲᠤᠬᠠᠶᠢᠯᠠᠭᠰᠠᠨ ᠠᠵᠢᠯ ᠤᠨ ᠬᠡᠪ | ᠪᠣᠯᠪᠠᠰᠤᠷᠠᠯ ᠥᠨᠳᠥᠷ ᠪᠢᠰᠢ᠂ ᠲᠡᠮᠡᠴᠡᠯ ᠤᠨ ᠡᠷᠳᠡᠮ ᠴᠢᠳᠠᠪᠤᠷᠢ ᠪᠠᠷ ᠴᠢᠩᠭ᠎ᠠ ᠪᠢᠰᠢ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠴᠢᠳᠠᠪᠤᠷᠢ᠂ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ᠂ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠴᠢᠳᠠᠪᠤᠷᠢ ᠪᠠ ᠠᠶᠤᠯ ᠲᠦᠭᠰᠢᠭᠦᠷᠢ ᠶᠢ ᠰᠡᠷᠭᠡᠶᠢᠯᠡᠬᠦ᠂ ᠥᠷᠢᠰᠦᠯᠳᠦᠭᠡᠨ ᠢ ᠠᠷᠭᠠᠴᠠᠭᠠᠬᠤ᠂ | ᠴᠣᠬᠢᠯᠲᠠ ᠥᠭᠴᠦ ᠳᠠᠷᠤᠯᠲᠠ ᠦᠭᠭᠦ ᠶᠢ ᠡᠰᠡᠷᠭᠦᠴᠡᠬᠦ ᠴᠢᠳᠠᠪᠤᠷᠢ ᠪᠠᠷ ᠳᠤᠲᠠᠮᠠᠭ᠂ ᠡᠭᠦᠷᠭᠡ ᠬᠠᠷᠢᠭᠤᠴᠠᠯᠭ᠎ᠠ ᠪᠠᠨ | ᠪᠦᠲᠦᠮᠵᠢᠲᠡᠶ ᠭᠦᠢᠴᠡᠳᠬᠡᠵᠦ ᠳᠡᠶᠢᠯᠭᠦ ᠦᠭᠡᠢ᠂ ᠱᠠᠭᠠᠷᠳᠠᠯᠭ᠎ᠠ ᠶᠣᠰᠣᠭᠠᠷ ᠬᠠᠷᠠᠯᠲᠠ ᠡᠭᠦᠷᠭᠡ ᠪᠠᠨ ᠪᠡᠶᠡᠯᠡᠭᠦᠯᠵᠦ | ᠴᠢᠳᠠᠬᠤ ᠦᠭᠡᠢ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠴᠢᠬᠤᠯᠠ ᠶᠡᠭᠡ ᠥᠭᠡᠷᠡᠴᠢᠯᠡᠯᠲᠡ᠂ ᠭᠤᠣᠯᠳᠠᠯᠭ᠎ᠠ ᠲᠠᠢ | ᠠᠵᠢᠯ ᠢ ᠠᠬᠢᠭᠤᠯᠤᠭᠰᠠᠨ ᠢᠶᠠᠷ ᠬᠦᠴᠦᠨ ᠦᠭᠡᠢ᠂ ᠬᠠᠷᠢᠭᠤᠴᠠᠵᠤ ᠪᠠᠶᠢᠭ᠎ᠠ ᠠᠵᠢᠯ ᠨᠢ ᠨᠡᠯᠢᠶᠡᠳ ᠣᠷᠳᠣ | ᠬᠤᠭᠤᠴᠠᠭ᠎ᠠ ᠪᠠᠷ ᠬᠤᠴᠤᠷᠤᠩᠭᠤᠢ ᠪᠠᠶᠢᠳᠠᠯ ᠳᠤ ᠪᠠᠶᠢᠬᠤ ᠪᠤᠶᠤ ᠨᠡᠯᠢᠶᠡᠳ ᠶᠡᠭᠡ ᠠᠯᠳᠠᠭᠳᠠᠯ ᠭᠠᠷᠤᠬᠰᠠᠨ ; | ︵ᠠᠷᠪᠠ︶ ᠲᠣᠭᠲᠠᠭᠠᠯ ᠠᠴᠠ ᠵᠥᠷᠢᠴᠡᠨ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠪᠤᠶᠤ ᠰᠢᠢᠳᠪᠦᠷᠢᠲᠦ | ᠪᠣᠳᠣᠯᠭ᠎ᠠ ᠶᠢᠨ ᠨᠤᠲᠠᠯᠠᠯᠲᠠ ᠨᠢ ᠭᠦᠢᠴᠡᠳ ᠪᠤᠰᠤ᠂ ᠪᠣᠯᠭᠤᠮᠵᠢᠲᠠᠢ ᠪᠤᠰᠤ᠂ ᠰᠢᠨᠵᠢᠯᠡᠬᠦ ᠤᠬᠠᠭᠠᠨᠴᠢ ᠪᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ | ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠲᠣᠭᠲᠠᠭᠠᠯ ᠢ ᠪᠣᠳᠠᠲᠠᠶᠢᠵᠢᠭᠤᠯᠤᠭᠰᠠᠨ ᠦᠭᠡᠢ᠂ | ᠬᠤᠪᠢ ᠬᠥᠮᠥᠨ ᠲᠣᠭᠲᠠᠭᠠᠯ ᠠᠴᠠ ᠵᠥᠷᠢᠴᠡᠨ ︽ᠭᠤᠷᠪᠠᠨ ᠴᠢᠬᠤᠯᠠ ᠨᠢᠭᠡ ᠶᠡᠭᠡ︾ ᠵᠦᠢᠯ ᠢ ᠲᠣᠭᠲᠠᠭᠠᠵᠤ᠂ | ᠣᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ᠂ ᠤᠯᠤᠰ ᠤᠨ ᠥᠮᠴᠢᠯᠡᠯ ᠤᠨ | ᠡᠬᠢ ᠪᠠᠶᠠᠯᠢᠭ ᠢ ᠬᠤᠬᠢᠷᠠᠭᠤᠯᠤᠨ ᠪᠦᠷᠢᠯᠭᠡᠬᠦ ᠵᠢᠴᠢ ᠠᠮᠢ ᠠᠬᠤᠢ ᠣᠷᠴᠢᠨ ᠲᠣᠭᠤᠷᠢᠨ ᠢ ᠡᠪᠳᠡᠭᠦ᠂ ᠣᠯᠠᠨ | ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠬᠤ ᠵᠡᠷᠭᠡ ᠤᠷᠰᠢᠭ ᠨᠥᠯᠥᠭᠡ ᠭᠠᠷᠭᠠᠬᠰᠠᠨ ; | ︵ᠠᠷᠪᠠᠨ ᠨᠢᠭᠡ︶ ᠰᠤᠷᠲᠠᠯ ᠴᠢᠩᠭ᠎ᠠ ᠪᠤᠰᠤ ᠪᠣᠳᠠᠲᠠᠢ ᠪᠤᠰᠤ᠂ ᠲᠥᠪ ᠤᠨ ᠨᠠᠢᠮᠠᠨ ᠲᠣᠭᠲᠠᠭᠠᠯ ᠵᠢᠴᠢ | ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠬᠡᠷᠡᠭᠵᠢᠭᠦᠯᠦᠭᠰᠡᠨ ᠪᠠ ᠥᠪᠡᠷᠲᠡᠭᠡᠨ ᠵᠠᠰᠠᠬᠤ | ᠣᠷᠣᠨ ᠤ ᠬᠡᠷᠡᠭᠵᠢᠭᠦᠯᠬᠦ ᠠᠷᠭ᠎ᠠ ᠶᠢ ᠭᠦᠢᠴᠡᠳᠬᠡᠭᠰᠡᠨ ᠢᠶᠠᠷ ᠴᠢᠩᠭ᠎ᠠ ᠪᠤᠰᠤ᠂ ᠬᠡᠯᠪᠡᠷᠢᠴᠢ ᠦᠵᠡᠯ᠂ ᠨᠣᠶᠠᠨᠴᠢ | ᠰᠤᠷᠲᠠᠯ ᠤᠨ ᠠᠰᠠᠭᠤᠳᠠᠯ ᠲᠣᠪᠣᠶᠢᠮ᠎ᠠ᠂ ᠢᠯᠠᠩᠭᠤᠶ᠎ᠠ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ | ᠤ ᠠᠰᠠᠭᠤᠳᠠᠯ ᠲᠣᠪᠣᠶᠢᠮ᠎ᠠ᠂ ᠴᠡᠭᠴᠡᠯᠡᠨ ᠵᠠᠰᠠᠭᠰᠠᠨ ᠨᠢ ᠬᠦᠴᠦᠨ ᠦᠭᠡᠢ᠂ ᠪᠠᠶᠢᠭ᠎ᠠ ᠭᠠᠵᠠᠷ ᠣᠷᠣᠨ᠂ | ᠨᠢᠭᠡᠴᠢ ᠶᠢᠨ ᠢᠶᠠᠨ ᠺᠠᠳ᠋ᠷ ᠣᠯᠠᠨ ᠲᠦᠮᠡᠨ ᠤ ᠲᠤᠰᠬᠠᠯ ᠨᠡᠯᠢᠶᠡᠳ ᠴᠢᠩᠭ᠎ᠠ ᠪᠤᠶᠤ ᠮᠠᠭᠤ ᠨᠥᠯᠥᠭᠡ ᠭᠠᠷᠭᠠᠬᠰᠠᠨ ; | ︵ᠠᠷᠪᠠᠨ ᠬᠤᠶᠠᠷ︶ ᠮᠣᠷᠠᠯ ᠰᠤᠷᠲᠠᠯ ᠨᠢ ᠲᠥᠪ ᠪᠤᠰᠤ᠂ ᠦᠢᠯᠡ ᠠᠵᠢᠯᠯᠠᠭ᠎ᠠ ᠨᠢ ᠵᠢᠷᠤᠮᠵᠢᠯ ᠢᠶᠠᠨ | ᠠᠯᠳᠠᠵᠤ᠂ ᠦᠨᠡᠨᠴᠢ ᠢᠲᠡᠭᠡᠮᠵᠢ ᠪᠠᠷ ᠳᠤᠲᠠᠮᠠᠭ᠂ ᠨᠡᠶᠢᠭᠡᠮ ᠨᠡᠶᠢᠲᠡ ᠶᠢᠨ ᠶᠣᠰᠣ ᠮᠣᠷᠠᠯ᠂ ᠡᠷᠭᠢᠯᠡᠭᠰᠡᠨ ᠠᠵᠢᠯ ᠤᠨ | ᠶᠣᠰᠣ ᠮᠣᠷᠠᠯ᠂ ᠭᠡᠷ ᠪᠦᠯᠢ ᠶᠢᠨ ᠰᠠᠶᠢᠨ ᠰᠠᠶᠢᠬᠠᠨ ᠶᠣᠰᠣ ᠮᠣᠷᠠᠯ ᠠᠴᠠ ᠵᠥᠷᠢᠴᠡᠨ᠂ ᠮᠠᠭᠤ ᠨᠥᠯᠥᠭᠡ ᠭᠠᠷᠭᠠᠬᠰᠠᠨ | ; | ︵ᠠᠷᠪᠠᠨ ᠭᠤᠷᠪᠠ︶ ᠬᠠᠨᠢ ᠨᠥᠬᠦᠷ᠂ ᠦᠷ᠎ᠡ ᠬᠡᠦᠬᠡᠳ ᠨᠢ ᠤᠯᠤᠰ ︵ᠬᠢᠯᠢ︶ ᠤᠨ ᠭᠠᠳᠠᠨ᠎ᠠ ᠨᠡᠭᠦᠵᠦ | ᠰᠠᠭᠤᠷᠢᠰᠢᠭᠰᠠᠨ᠂ ᠬᠠᠨᠢ ᠨᠥᠬᠦᠷ᠂ ᠦᠷ᠎ᠡ ᠬᠡᠦᠬᠡᠳ ᠵᠢᠴᠢ ᠦᠷ᠎ᠡ ᠬᠡᠦᠬᠡᠳ ᠤᠨ ᠬᠢᠨᠢ ᠬᠠᠨᠢ ᠨᠥᠬᠦᠷ ᠨᠢ | ᠠᠷᠠᠯᠵᠢᠶ᠎ᠠ ᠬᠤᠳᠠᠯᠳᠤᠭ᠎ᠠ ᠬᠢᠵᠦ ᠠᠵᠤ ᠠᠬᠤᠶᠢᠯᠠᠯ ᠡᠷᠭᠢᠯᠡᠭᠰᠡᠨ ᠵᠡᠷᠭᠡ ᠪᠠᠶᠢᠳᠠᠯ ᠣᠷᠣᠰᠢᠵᠤ ᠪᠠᠶᠢᠬᠤ ᠠᠴᠠ ᠪᠣᠯᠵᠤ᠂ | ︽ᠭᠠᠭᠴᠠᠭᠠᠷ ᠠᠯᠪᠠᠨ ᠲᠤᠰᠢᠶᠠᠯᠲᠠᠨ︾ ᠤ ᠬᠠᠮᠢᠶᠠᠷᠤᠯᠲᠠ᠂ ᠠᠵᠢᠯ ᠲᠥᠷᠥᠯ ᠢ ᠴᠠᠭᠠᠵᠠᠯᠠᠬᠤ ᠱᠠᠭᠠᠷᠳᠠᠯᠭ᠎ᠠ ᠵᠡᠷᠭᠡ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠬᠢᠬᠦ ᠴᠢᠬᠤᠯᠠᠲᠠᠢ | ᠪᠤᠯᠤᠬᠰᠠᠨ ; | ︵ᠠᠷᠪᠠᠨ ᠳᠥᠷᠪᠡ︶ ᠣᠨ ᠤ ᠬᠢᠨᠠᠨ ᠰᠢᠯᠭᠠᠯᠲᠠ ᠳᠤ ᠲᠤᠰᠢᠶᠠᠯ ᠳᠠᠭᠠᠨ ᠥᠯᠥ ᠲᠡᠩᠴᠡᠭᠰᠡᠨ ᠢᠶᠠᠷ | ᠲᠣᠭᠲᠠᠭᠠᠭᠳᠠᠭᠰᠠᠨ᠂ ᠡᠰᠡᠬᠦᠯ᠎ᠡ ᠬᠤᠶᠠᠷ ᠵᠢᠯ ᠳᠠᠷᠠᠭᠠᠯᠠᠨ ᠲᠤᠰᠢᠶᠠᠯ ᠳᠠᠭᠠᠨ ᠦᠨᠳᠦᠰᠦᠨ ᠳᠡᠭᠡᠨ ᠲᠡᠩᠴᠡᠭᠰᠡᠨ ᠢᠶᠠᠷ | ᠲᠣᠭᠲᠠᠭᠠᠭᠳᠠᠭᠰᠠᠨ᠂ ᠵᠢᠴᠢ ᠠᠷᠠᠳᠴᠢᠯᠠᠯ ᠢᠶᠠᠷ ᠰᠢᠯᠭᠠᠨ ᠲᠣᠭᠲᠠᠭᠠᠭᠰᠠᠨ ᠰᠢᠯᠢᠳᠡᠭ ᠪᠠ ᠲᠤᠰᠢᠶᠠᠯ ᠳᠠᠭᠠᠨ | ᠲᠡᠩᠴᠡᠭᠰᠡᠨ ᠪᠢᠯᠧᠲ ᠣᠯᠣᠭᠰᠠᠨ ᠨᠣᠷᠮ᠎ᠠ ᠨᠢ ᠭᠤᠷᠪᠠᠨ ᠤ ᠬᠤᠶᠠᠷ ᠬᠤᠪᠢ ᠳᠤ ᠬᠦᠷᠬᠦ ᠦᠭᠡᠢ ᠪᠠᠶᠢᠵᠤ᠂ ᠬᠢᠨᠠᠨ | ᠲᠣᠭᠲᠠᠭᠠᠬᠤ ᠪᠠᠷ ᠳᠠᠮᠵᠢᠭᠠᠳ ᠣᠳᠣ ᠶᠢᠨ ᠲᠤᠰᠢᠶᠠᠯ ᠢ ᠡᠭᠦᠷᠭᠡᠯᠡᠬᠦ ᠳᠤ ᠦᠨᠡᠨ ᠬᠦ ᠲᠣᠬᠢᠷᠠᠬᠤ ᠦᠭᠡᠢ ᠪᠤᠯᠤᠬᠰᠠᠨ ; | | ︵ᠠᠷᠪᠠᠨ ᠲᠠᠪᠤ︶ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠶᠢᠨ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ | ᠦᠨᠡᠯᠡᠨ ᠰᠢᠯᠭᠠᠬᠤ ᠶᠡᠷᠦᠩᠬᠡᠶᠢᠯᠡᠭᠰᠡᠨ ᠦᠨᠡᠯᠡᠯᠲᠡ ᠶᠢᠨ ᠦᠷ᠎ᠡ ᠳ᠋ᠦᠩ ᠤᠨ ᠵᠡᠷᠭᠡ ᠳᠡᠰ ᠨᠢ ᠠᠨᠠᠢ᠂ ᠺᠠᠳ᠋ᠷ ᠢ | ᠰᠣᠩᠭᠤᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ ᠤᠨ ︽ᠨᠢᠭᠡ ᠮᠡᠳᠡᠭᠦᠯᠦᠯᠲᠡ ᠬᠤᠶᠠᠷ ᠦᠨᠡᠯᠡᠯᠲᠡ︾ ᠶᠢ | ᠮᠡᠳᠡᠷᠡᠨ ᠵᠥᠪᠰᠢᠶᠡᠷᠡᠭᠰᠡᠨ ᠬᠡᠮᠵᠢᠶ᠎ᠡ ᠨᠢ ᠢᠯᠡᠳᠲᠡ ᠳᠣᠣᠷ᠎ᠠ᠂ ᠵᠢᠴᠢ ᠪᠤᠰᠤᠳ ᠠᠷᠠᠳᠴᠢᠯᠠᠯ ᠢᠶᠠᠷ ᠦᠨᠡᠯᠡᠨ | ᠰᠢᠯᠭᠠᠬᠤ ᠳᠤᠮᠳᠠ ᠦᠨᠡᠯᠡᠨ ᠰᠢᠯᠭᠠᠭᠰᠠᠨ ᠦᠷ᠎ᠡ ᠳ᠋ᠦᠩ ᠪᠤᠶᠤ ᠵᠡᠷᠭᠡ ᠳᠡᠰ ᠤᠨ ᠨᠡᠷᠡᠰ ᠤᠨ ᠵᠢᠭᠰᠠᠭᠠᠯᠲᠠ ᠨᠢ | ᠵᠠᠯᠭᠠᠭ᠎ᠠ ᠪᠠᠷ ᠰᠡᠭᠦᠯ ᠳᠤ ᠪᠠᠶᠢᠵᠤ᠂ ᠬᠢᠨᠠᠨ ᠲᠣᠭᠲᠠᠭᠠᠯᠲᠠ ᠬᠢᠬᠦ ᠪᠠᠷ ᠳᠡᠮᠵᠢᠨ ᠣᠲᠣ ᠶᠢᠨ ᠲᠤᠰᠢᠶᠠᠯ ᠢ | ᠡᠭᠦᠷᠭᠡᠯᠡᠬᠦ ᠳᠤ ᠦᠨᠡᠨ ᠬᠦ ᠲᠣᠬᠢᠷᠠᠮᠵᠢ ᠦᠭᠡᠢ ᠪᠤᠯᠤᠬᠰᠠᠨ ; | ︵ᠠᠷᠪᠠᠨ ᠵᠢᠷᠭᠤᠭ᠎ᠠ︶ ᠤᠳᠤᠷᠢᠳᠬᠤ ᠪᠠᠭ ᠤᠨ ᠪᠦᠷᠢᠯᠳᠦᠭᠦᠨ ᠢᠯᠠᠩᠭᠤᠶ᠎ᠠ ᠭᠤᠣᠯ ᠤᠳᠤᠷᠢᠳᠬᠤ ᠺᠠᠳ᠋ᠷ | ᠬᠥᠮᠥᠨ ᠰᠣᠩᠭᠤᠵᠤ ᠬᠥᠮᠥᠨ ᠬᠡᠷᠡᠭᠯᠡᠬᠦ ᠠᠵᠢᠯ ᠤᠨ ᠳᠤᠮᠳᠠ ᠮᠡᠳᠡᠭᠡ ᠴᠢᠮᠡᠭᠡ ᠶᠢ ᠵᠠᠳᠠᠷᠠᠭᠤᠯᠬᠤ᠂ ᠨᠠᠶᠢᠷ ᠲᠠᠯ᠎ᠠ | ᠬᠡᠯᠡᠵᠦ ᠭᠠᠷ ᠲᠦᠷᠦᠭᠦ᠂ ᠣᠶᠢᠷ᠎ᠠ ᠳᠣᠲᠣᠨᠣᠴᠤᠳ ᠢᠶᠠᠨ ᠯᠠ ᠬᠡᠷᠡᠭᠯᠡᠬᠦ᠂ ᠱᠠᠯᠠᠪᠳᠠᠨ ᠰᠢᠯᠢᠨ ᠳᠡᠪᠰᠢᠭᠦᠯᠭᠦ᠂ | ᠲᠣᠭᠲᠠᠭᠠᠯ ᠠᠴᠠ ᠵᠥᠷᠢᠴᠡᠨ ᠬᠥᠮᠥᠨ ᠬᠡᠷᠡᠭᠯᠡᠬᠦ᠂ ᠬᠥᠮᠥᠨ ᠬᠡᠷᠡᠭᠯᠡᠬᠦ ᠲᠠᠯ᠎ᠠ ᠪᠠᠷ ᠠᠳᠡᠭᠳᠡᠯ ᠭᠠᠷᠭᠠᠵᠤ᠂ | ᠤᠳᠤᠷᠢᠳᠬᠤ ᠺᠠᠳ᠋ᠷ ᠨᠣᠶᠠᠨ ᠵᠡᠷᠭᠡ ᠬᠥᠭᠡᠭᠡᠴᠡᠯᠳᠦᠬᠦ᠂ ᠬᠡᠭᠡᠯᠢ ᠲᠦᠯᠬᠢᠵᠦ ᠪᠢᠯᠧᠲ ᠭᠤᠶᠤᠵᠤ ᠮᠠᠭᠤ ᠨᠥᠯᠥᠭᠡ | ᠭᠠᠷᠭᠠᠬᠰᠠᠨ ; | ︵ᠠᠷᠪᠠᠨ ᠳᠣᠯᠤᠭ᠎ᠠ︶ ᠲᠣᠭᠤᠷᠢᠨ ᠦᠵᠡᠵᠦ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ᠂ ᠬᠢᠨᠠᠨ | ᠰᠢᠯᠭᠠᠬᠤ᠂ ᠱᠠᠯᠠᠪᠳᠠᠭᠤᠯᠤᠨ ᠪᠠᠶᠢᠴᠠᠭᠠᠬᠤ ᠵᠢᠴᠢ ᠲᠥᠪᠯᠡᠷᠡᠭᠦᠯᠦᠨ ᠴᠡᠭᠴᠡᠯᠡᠨ ᠵᠠᠰᠠᠬᠤ᠂ ᠲᠤᠰᠬᠠᠶᠢᠯᠠᠨ ᠵᠠᠰᠠᠬᠤ | ᠵᠡᠷᠭᠡ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤᠮᠳᠠ᠂ ᠵᠣᠬᠢᠶᠠᠨ ᠪᠠᠶᠢᠭᠤᠯᠵᠤ | ᠤᠳᠤᠷᠢᠳᠬᠤ ᠲᠠᠯ᠎ᠠ ᠪᠠᠷ ᠬᠦᠴᠦᠲᠡᠢ ᠪᠢᠰᠢ᠂ ᠣᠯᠠᠨᠲᠠ ᠬᠠᠯᠠᠨ ᠰᠠᠶᠢᠵᠢᠷᠠᠭᠤᠯᠤᠭᠰᠠᠨ ᠴᠤ ᠣᠯᠠᠨᠲᠠ ᠵᠥᠷᠢᠴᠡᠭᠰᠡᠨ᠂ | ᠬᠠᠰᠢ ᠶᠠᠰᠢ ᠪᠠᠷ ᠠᠷᠭᠠᠴᠠᠭᠠᠨ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠵᠤ᠂ ᠮᠠᠭᠤ ᠨᠥᠯᠥᠭᠡ | ᠭᠠᠷᠭᠠᠬᠰᠠᠨ ; | ︵ᠠᠷᠪᠠᠨ ᠨᠠᠢᠮᠠ︶ ᠳᠦᠷᠢᠮ ᠲᠣᠭᠲᠠᠭᠠᠯ ᠰᠠᠬᠢᠯᠭ᠎ᠠ ᠪᠠᠲᠤ ᠠᠴᠠ ᠵᠥᠷᠢᠴᠡᠭᠰᠡᠨ ᠠᠴᠠ ᠪᠣᠯᠵᠤ | ᠬᠠᠷᠢᠭᠤᠴᠠᠯᠭ᠎ᠠ ᠨᠡᠬᠡᠮᠵᠢᠯᠡᠭᠳᠡᠭᠰᠡᠨ᠂ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠵᠡᠷᠭᠡ ᠶᠢᠨ ᠬᠥᠩᠭᠡᠨ | ᠰᠢᠢᠳᠬᠡᠯ ᠢᠶᠠᠷ ᠰᠢᠢᠳᠪᠦᠷᠢᠯᠡᠭᠳᠡᠵᠦ᠂ ᠬᠢᠨᠠᠨ ᠲᠣᠭᠲᠠᠭᠠᠯᠲᠠ ᠬᠢᠬᠦ ᠪᠠᠷ ᠳᠠᠮᠵᠢᠨ ᠣᠳᠣ ᠶᠢᠨ ᠲᠤᠰᠢᠶᠠᠯ ᠢ | ᠡᠭᠦᠷᠭᠡᠯᠡᠬᠦ ᠳᠤ ᠦᠨᠡᠨ ᠬᠦ ᠲᠣᠬᠢᠷᠠᠬᠤ ᠦᠭᠡᠢ ᠪᠤᠯᠤᠬᠰᠠᠨ ; | ︵ᠠᠷᠪᠠ ᠶᠢᠰᠦ︶ ᠡᠷᠡᠭᠦᠯ ᠮᠡᠨᠳᠦ ᠶᠢᠨ ᠰᠢᠯᠲᠠᠭᠠᠨ ᠠᠴᠠ ᠪᠣᠯᠵᠤ ᠠᠵᠢᠯ ᠤᠨ ᠲᠤᠰᠢᠶᠠᠯ | ᠬᠠᠷᠢᠭᠤᠴᠠᠯᠭ᠎ᠠ ᠪᠠᠨ ᠬᠡᠪ ᠤᠨ ᠶᠣᠰᠣᠭᠠᠷ ᠭᠦᠢᠴᠡᠳᠬᠡᠵᠦ ᠳᠡᠶᠢᠯᠭᠦ ᠦᠭᠡᠢ ᠪᠣᠯᠣᠭᠠᠳ 1 ᠵᠢᠯ ᠠᠴᠠ ᠳᠡᠭᠡᠭᠰᠢ | ᠪᠤᠯᠤᠬᠰᠠᠨ ; | ︵ᠬᠤᠷᠢ︶ ᠣᠳᠣ ᠶᠢᠨ ᠲᠤᠰᠢᠶᠠᠯ ᠢ ᠡᠭᠦᠷᠭᠡᠯᠡᠬᠦ ᠳᠤ ᠲᠣᠬᠢᠷᠠᠬᠤ ᠦᠭᠡᠢ ᠪᠤᠰᠤᠳ ᠪᠠᠶᠢᠳᠠᠯ᠃ | ᠭᠤᠷᠪᠠᠳᠤᠭᠠᠷ ᠪᠦᠯᠦᠭ ᠢᠯᠭᠠᠨ ᠲᠠᠨᠢᠬᠤ ᠠᠷᠭ᠎ᠠ ᠭᠡᠯᠪᠡᠷᠢ | ᠳᠣᠯᠣᠳᠤᠭᠠᠷ ᠵᠦᠢᠯ ᠵᠣᠬᠢᠶᠠᠨ ᠪᠠᠶᠢᠭᠤᠯᠬᠤ ︵ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ ᠠᠴᠠ ᠺᠠᠳ᠋ᠷ ᠤᠨ | ᠲᠤᠬᠠᠢ ᠡᠳᠦᠷ ᠳᠤᠳᠤᠮ ᠤᠨ ᠣᠶᠢᠯᠠᠭᠠᠯᠲᠠ ᠪᠠᠨ ᠭᠦᠨᠵᠡᠭᠡᠶᠢᠷᠡᠭᠦᠯᠵᠦ᠂ ᠡᠩ ᠤᠨ ᠦᠶ᠎ᠡ ᠳᠤ᠂ ᠪᠠᠶᠢᠩᠭᠤ ᠶᠢᠨ | ᠴᠢᠨᠠᠷᠲᠠᠢ᠂ ᠣᠶᠢᠷ᠎ᠠ ᠵᠠᠢ ᠳᠤ᠂ ᠵᠠᠷᠴᠢᠮ ᠤᠨ ᠴᠢᠨᠠᠷᠲᠠᠢ ᠪᠠᠷ ᠺᠠᠳ᠋ᠷ ᠲᠠᠢ ᠥᠷᠭᠡᠨ ᠢᠶᠠᠷ ᠬᠠᠷᠢᠯᠴᠠᠬᠤ ᠳᠡᠭᠡᠷ᠎ᠡ ᠬᠦᠴᠦ | ᠲᠠᠯᠪᠢᠵᠤ᠂ ᠺᠠᠳ᠋ᠷ ᠤᠨ ᠮᠣᠷᠠᠯ ᠴᠢᠳᠠᠪᠤᠷᠢ ᠶᠢᠨ ᠢᠯᠡᠷᠡᠯ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠭᠰᠠᠨ ᠪᠠᠶᠢᠳᠠᠯ ᠪᠣᠯᠣᠨ ᠤᠯᠠᠨ ᠲᠦᠮᠡᠨ ᠤ ᠦᠨᠡᠯᠡᠯᠲᠡ ᠵᠡᠷᠭᠡ ᠶᠢ ᠪᠦᠭᠦ ᠲᠠᠯ᠎ᠠ ᠪᠠᠷ᠂ ᠤᠯᠠᠨ ᠲᠠᠯ᠎ᠠ ᠠᠴᠠ | ᠣᠶᠢᠯᠠᠭᠠᠨ ᠡᠵᠡᠮᠰᠢᠵᠦ᠂ ᠤᠳᠤ ᠶᠢᠨ ᠲᠤᠰᠢᠶᠠᠯ ᠢ ᠡᠭᠦᠷᠭᠡᠯᠡᠬᠦ ᠳᠤ ᠲᠣᠬᠢᠷᠠᠬᠤ ᠦᠭᠡᠢ ᠺᠠᠳ᠋ᠷ ᠢ ᠴᠠᠭ ᠲᠤᠬᠠᠢ ᠳᠤᠨᠢ | ᠣᠨᠣᠪᠴᠢᠲᠠᠢ ᠢᠯᠡᠷᠡᠭᠦᠯᠭᠦ ᠪᠠ ᠢᠯᠭᠠᠨ ᠲᠠᠨᠢᠬᠤ ᠬᠡᠷᠡᠭᠲᠡᠢ᠃ | ᠨᠠᠢᠮᠠᠳᠤᠭᠠᠷ ᠵᠦᠢᠯ ᠵᠣᠬᠢᠶᠠᠨ ᠪᠠᠶᠢᠭᠤᠯᠬᠤ ︵ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ ᠠᠴᠠ ᠴᠢᠬᠤᠯᠠ | ᠶᠡᠭᠡ ᠡᠭᠦᠷᠭᠡ᠂ ᠴᠢᠬᠤᠯᠠ ᠶᠡᠭᠡ ᠲᠡᠮᠡᠴᠡᠯ ᠤᠨ ᠡᠮᠦᠨ᠎ᠡ ᠹᠷᠣᠨᠲ ᠲᠤ ᠺᠠᠳ᠋ᠷ ᠢ ᠰᠢᠨᠵᠢᠯᠡᠨ ᠪᠠᠶᠢᠴᠠᠭᠠᠵᠤ ᠢᠯᠭᠠᠨ | ᠲᠠᠨᠢᠬᠤ ᠶᠢ ᠴᠢᠬᠤᠯᠠᠴᠢᠯᠠᠵᠤ᠂ ᠺᠠᠳ᠋ᠷ ᠤᠨ ᠴᠢᠬᠤᠯᠠ ᠲᠤᠰᠬᠠᠢ ᠠᠵᠢᠯ᠂ ᠪᠠᠴᠢᠮ ᠬᠦᠴᠢᠷ ᠠᠶᠤᠯᠲᠠᠢ ᠬᠦᠨᠳᠦ ᠡᠭᠦᠷᠭᠡ | ᠂ ᠴᠢᠬᠤᠯᠠ ᠶᠡᠭᠡ ᠭᠡᠨᠡᠳᠲᠡ ᠶᠢᠨ ᠬᠡᠷᠡᠭ ᠶᠠᠪᠤᠳᠠᠯ ᠳᠠᠬᠢ ᠤᠯᠤᠰ ᠲᠦᠷᠦ ᠶᠢᠨ ᠢᠯᠡᠷᠡᠯ᠂ ᠠᠵᠢᠯ ᠤᠨ ᠣᠪᠣᠷ᠂ | ᠤᠳᠤᠷᠢᠳᠬᠤ ᠴᠢᠳᠠᠪᠤᠷᠢ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ᠂ ᠦᠢᠯᠡᠳᠦᠯ ᠢᠶᠠᠨ ᠪᠠᠳᠠᠷᠠᠭᠤᠯᠤᠭᠰᠠᠨ᠂ | ᠪᠣᠳᠠᠲᠠᠢ ᠦᠷ᠎ᠡ ᠪᠦᠲᠦᠮᠵᠢ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠵᠤ᠂ ᠪᠣᠳᠠᠲᠤ ᠶᠠᠪᠤᠳᠠᠯ ᠢᠶᠠᠷ ᠦᠭᠡ ᠭᠡᠯᠡᠭᠦ᠂ | ᠤᠴᠢᠷ ᠶᠠᠪᠤᠳᠠᠯ ᠢᠶᠠᠷ ᠬᠥᠮᠥᠨ ᠢ ᠪᠠᠶᠢᠴᠠᠭᠠᠬᠤ ᠶᠢ ᠪᠠᠷᠢᠮᠲᠠᠯᠠᠵᠤ᠂ ᠺᠠᠳ᠋ᠷ ᠤᠨ ᠬᠢᠷᠢ ᠲᠦᠪᠰᠢᠨ ᠤ ᠳᠡᠭᠡᠷ᠎ᠡ | ᠳᠣᠣᠷ᠎ᠠ ᠶᠢ ᠢᠯᠭᠠᠬᠤ᠂ ᠺᠠᠳ᠋ᠷ ᠤᠨ ᠰᠠᠶᠢᠨ ᠮᠠᠭᠤ ᠶᠢ ᠢᠯᠭᠠᠬᠤ ᠬᠡᠷᠡᠭᠲᠡᠢ᠃ | ᠶᠢᠰᠦᠳᠦᠭᠡᠷ ᠵᠦᠢᠯ ᠵᠣᠬᠢᠶᠠᠨ ᠪᠠᠶᠢᠭᠤᠯᠬᠤ ︵ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ ᠣᠨ ᠤ ᠬᠢᠨᠠᠨ | ᠰᠢᠯᠭᠠᠬᠤ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠺᠠᠳ᠋ᠷ ᠤᠨ ᠤᠯᠤᠰ ᠲᠥᠷᠥ ᠶᠢᠨ | ᠢᠯᠡᠷᠡᠯ᠂ ᠴᠢᠳᠠᠪᠤᠷᠢ ᠶᠢᠨ ᠬᠢᠷᠢ ᠲᠦᠪᠰᠢᠨ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ᠂ ᠠᠵᠢᠯ ᠤᠨ ᠪᠣᠳᠠᠲᠤ | ᠬᠢᠷᠢ ᠪᠦᠳᠦᠮᠵᠢ᠂ ᠣᠪᠣᠷ ᠰᠤᠷᠲᠠᠯ ᠤᠨ ᠪᠠᠶᠢᠳᠠᠯ᠂ ᠣᠯᠠᠨ ᠲᠦᠮᠡᠨ ᠤ ᠦᠨᠡᠯᠡᠯᠲᠡ ᠵᠡᠷᠭᠡ ᠶᠢ ᠭᠦᠨᠵᠡᠭᠡᠢ | ᠣᠶᠢᠯᠠᠭᠠᠵᠤ᠂ ᠺᠠᠳ᠋ᠷ ᠤᠨ ᠠᠳᠠᠯᠢ ᠨᠢᠭᠡᠨ ᠤᠳᠤᠷᠢᠳᠬᠤ ᠪᠠᠭ ᠪᠤᠶᠤ ᠠᠳᠠᠯᠢ ᠱᠠᠲᠤᠨ ᠤ ᠤᠳᠤᠷᠢᠳᠬᠤ ᠺᠠᠳ᠋ᠷ ᠤᠨ | ᠳᠤᠮᠳᠠ ᠬᠢᠨᠠᠨ ᠰᠢᠯᠭᠠᠭᠰᠠᠨ ᠦᠷ᠎ᠡ ᠳ᠋ᠦᠩ ᠤᠨ ᠨᠡᠷᠡᠰ ᠤᠨ ᠵᠢᠭᠰᠠᠭᠠᠯᠲᠠ ᠨᠢ ᠦᠷᠭᠦᠯᠵᠢᠯᠡᠨ ᠰᠡᠭᠦᠯ ᠳᠤ ᠣᠷᠣᠬᠤ᠂ | ᠲᠤᠰᠢᠶᠠᠯ ᠳᠠᠭᠠᠨ ᠦᠯᠦ ᠲᠡᠩᠴᠡᠭᠦ ᠪᠠ ᠲᠤᠰᠢᠶᠠᠯ ᠳᠠᠭᠠᠨ ᠦᠨᠳᠦᠰᠦᠨ ᠳᠡᠭᠡᠨ ᠲᠡᠩᠴᠡᠭᠰᠡᠨ ᠪᠢᠯᠧᠲ ᠣᠯᠣᠭᠰᠠᠨ | ᠨᠣᠷᠮ᠎ᠠ ᠨᠢ ᠨᠡᠯᠢᠶᠡᠳ ᠥᠨᠳᠥᠷ ᠪᠠᠶᠢᠬᠤ ᠵᠡᠷᠭᠡ ᠬᠡᠪ ᠤᠨ ᠪᠤᠰᠤ ᠪᠠᠶᠢᠳᠠᠯ ᠲᠠᠢ ᠪᠠᠶᠢᠪᠠᠯ᠂ ᠵᠣᠬᠢᠰᠲᠠᠢ ᠠᠷᠭ᠎ᠠ | ᠭᠡᠯᠪᠡᠷᠢ ᠪᠠᠷ ᠳᠠᠮᠵᠢᠭᠤᠯᠤᠨ ᠤᠯᠠᠮ ᠨᠢᠭᠡ ᠠᠯᠬᠤᠮ ᠬᠢᠨᠠᠨ ᠲᠣᠳᠣᠯᠠᠵᠤ᠂ ᠣᠳᠣ ᠶᠢᠨ ᠲᠤᠰᠢᠶᠠᠯ ᠢ ᠡᠭᠦᠷᠭᠡᠯᠡᠬᠦ ᠳᠤ | ᠲᠣᠬᠢᠷᠠᠬᠤ ᠦᠭᠡᠢ ᠺᠠᠳ᠋ᠷ ᠢ ᠢᠯᠭᠠᠨ ᠲᠠᠨᠢᠵᠤ ᠬᠢᠨᠠᠨ ᠲᠣᠭᠲᠠᠭᠠᠬᠤ ᠬᠡᠷᠡᠭᠲᠡᠢ᠃ | ᠠᠷᠪᠠᠳᠤᠭᠠᠷ ᠵᠦᠢᠯ ᠵᠣᠬᠢᠶᠠᠨ ᠪᠠᠶᠢᠭᠤᠯᠬᠤ ︵ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ ᠠᠴᠠ | ᠤᠳᠤᠷᠢᠳᠬᠤ ᠪᠠᠭ ᠢ ᠲᠥᠪᠯᠡᠷᠡᠭᠦᠯᠦᠨ ᠬᠤᠭᠤᠴᠠᠭ᠎ᠠ ᠰᠣᠯᠢᠬᠤ ᠦᠶ᠎ᠡ ᠳᠤ᠂ ᠺᠠᠳ᠋ᠷ ᠤᠨ ᠲᠤᠰᠢᠶᠠᠯ ᠤᠨ | ᠬᠤᠭᠤᠴᠠᠭᠠᠨ ᠳᠠᠬᠢ ᠶᠡᠷᠦᠩᠬᠡᠢ ᠢᠯᠡᠷᠡᠯ ᠢ ᠪᠦᠭᠦ ᠲᠠᠯ᠎ᠠ ᠪᠠᠷ ᠰᠢᠨᠵᠢᠯᠡᠨ ᠪᠠᠶᠢᠴᠠᠭᠠᠵᠤ᠂ ᠺᠠᠳ᠋ᠷ ᠤᠨ ᠶᠡᠷᠦᠩᠬᠡᠢ | ᠢᠯᠡᠷᠡᠯ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠣᠯᠠᠨ ᠲᠦᠮᠡᠨ ᠤ ᠦᠨᠡᠯᠡᠯᠲᠡ᠂ ᠬᠡᠪ | ᠪᠣᠯᠪᠠᠰᠤᠷᠠᠯ ᠤᠨ ᠣᠨᠴᠠᠯᠢᠭ᠂ ᠬᠤᠪᠢ ᠬᠥᠮᠥᠨ ᠤ ᠳᠠᠩᠰᠠ ᠡᠪᠬᠡᠮᠡᠯ᠂ ᠠᠷᠢᠭᠤᠨ ᠴᠢᠬᠡᠴᠢ ᠪᠠᠷ ᠥᠪᠡᠷ ᠢ ᠪᠠᠨ | ᠱᠠᠭᠠᠷᠳᠠᠬᠤ ᠵᠡᠷᠭᠡ ᠪᠠᠶᠢᠳᠠᠯ ᠢ ᠰᠢᠨᠵᠢᠯᠡᠨ ᠪᠠᠶᠢᠴᠠᠭᠠᠬᠤ ᠶᠢ ᠴᠢᠬᠤᠯᠠᠴᠢᠯᠠᠵᠤ᠂ ᠣᠳᠣ ᠶᠢᠨ ᠲᠤᠰᠢᠶᠠᠯ ᠢ | ᠡᠭᠦᠷᠭᠡᠯᠡᠬᠦ ᠳᠤ ᠲᠣᠬᠢᠷᠠᠬᠤ ᠦᠭᠡᠢ ᠺᠠᠳ᠋ᠷ ᠢ ᠢᠯᠭᠠᠨ ᠲᠠᠨᠢᠵᠤ ᠬᠢᠨᠠᠨ ᠲᠣᠭᠲᠠᠭᠠᠬᠤ ᠬᠡᠷᠡᠭᠲᠡᠢ᠃ | ᠠᠷᠪᠠᠨ ᠨᠢᠭᠡᠳᠦᠭᠡᠷ ᠵᠦᠢᠯ ᠵᠣᠬᠢᠶᠠᠨ ᠪᠠᠶᠢᠭᠤᠯᠬᠤ ︵ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ ᠺᠠᠳ᠋ᠷ ᠤᠨ | ᠪᠠᠶᠢᠭ᠎ᠠ ᠭᠠᠵᠠᠷ ᠣᠷᠣᠨ ᠤ ᠨᠢᠭᠡᠴᠢ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ | ᠲᠡᠭᠦᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠭᠰᠠᠨ ᠵᠡᠷᠭᠡ ᠪᠠᠶᠢᠳᠠᠯ ᠤᠨ ᠲᠤᠬᠠᠢ ᠰᠠᠨᠠᠯ ᠰᠠᠨᠠᠭᠤᠯᠭ᠎ᠠ ᠶᠢ ᠰᠣᠨᠣᠰᠬᠤ ᠶᠢ ᠴᠢᠬᠤᠯᠠᠴᠢᠯᠠᠵᠤ᠂ ᠤᠯᠠᠨ | ᠲᠦᠮᠡᠨ ᠤ ᠦᠨᠡᠯᠡᠯᠲᠡ ᠶᠢ ᠣᠶᠢᠯᠠᠭᠠᠬᠤ ᠶᠢ ᠠᠩᠬᠠᠷᠴᠤ᠂ ᠤᠳᠤ ᠶᠢᠨ ᠲᠤᠰᠢᠶᠠᠯ ᠢ ᠡᠭᠦᠷᠭᠡᠯᠡᠬᠦ ᠳᠤ ᠲᠣᠬᠢᠷᠠᠬᠤ | ᠦᠭᠡᠢ ᠺᠠᠳ᠋ᠷ ᠢ ᠢᠯᠭᠠᠨ ᠲᠠᠨᠢᠵᠤ ᠬᠢᠨᠠᠨ ᠲᠣᠭᠲᠠᠭᠠᠬᠤ ᠬᠡᠷᠡᠭᠲᠡᠢ᠃ | ᠠᠷᠪᠠᠨ ᠬᠤᠶᠠᠳᠤᠭᠠᠷ ᠵᠦᠢᠯ ᠵᠣᠬᠢᠶᠠᠨ ᠪᠠᠶᠢᠭᠤᠯᠬᠤ ︵ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ ᠨᠢ | ᠬᠤᠯᠪᠣᠭᠳᠠᠯ ᠪᠦᠬᠦᠢ ᠪᠠᠶᠢᠭᠤᠯᠭ᠎ᠠ᠂ ᠨᠢᠭᠡᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠺᠠᠳ᠋ᠷ ᠤᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠵᠡᠷᠭᠡ | ᠪᠠᠶᠢᠳᠠᠯ ᠤᠨ ᠲᠤᠬᠠᠢ ᠰᠠᠨᠠᠯ ᠰᠠᠨᠠᠭᠤᠯᠭ᠎ᠠ ᠶᠢ ᠰᠣᠨᠣᠰᠬᠤ ᠶᠢ ᠴᠢᠬᠤᠯᠠᠴᠢᠯᠠᠵᠤ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠬᠢᠨᠠᠯᠲᠠ ᠲᠠᠯᠪᠢᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ | ᠲᠠᠯᠪᠢᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ᠂ ᠬᠠᠤᠯᠢ | ᠴᠠᠭᠠᠵᠠ ᠶᠢᠨ ᠬᠢᠨᠠᠯᠲᠠ ᠲᠠᠯᠪᠢᠬᠤ᠂ ᠤᠯᠠᠨ ᠲᠦᠮᠡᠨ ᠤ ᠬᠢᠨᠠᠯᠲᠠ ᠲᠠᠯᠪᠢᠬᠤ᠂ ᠶᠠᠷᠢᠶ᠎ᠠ ᠬᠡᠯᠡᠯᠴᠡᠭᠡᠨ ᠤ ᠬᠢᠨᠠᠯᠲᠠ | ᠲᠠᠯᠪᠢᠬᠤ ᠵᠡᠷᠭᠡ ᠡᠯ᠎ᠡ ᠲᠦᠷᠦᠯ ᠤᠨ ᠬᠢᠨᠠᠯᠲᠠ ᠲᠠᠯᠪᠢᠭᠰᠠᠨ ᠦᠷ᠎ᠡ ᠪᠦᠲᠦᠭᠡᠯ ᠢ ᠰᠠᠶᠢᠲᠤᠷ ᠬᠡᠷᠡᠭᠯᠡᠵᠦ᠂ ᠬᠢᠨᠠᠨ | ᠰᠢᠯᠭᠠᠵᠤ ᠰᠢᠨᠵᠢᠯᠡᠨ ᠪᠠᠶᠢᠴᠠᠭᠠᠬᠤ᠂ ᠲᠣᠭᠤᠷᠢᠨ ᠦᠵᠡᠵᠦ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ᠂ ᠲᠤᠭ᠎ᠠ | ᠪᠦᠷᠢᠳᠬᠡᠯ᠂ ᠬᠤᠪᠢ ᠬᠥᠮᠥᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ ᠮᠡᠳᠡᠭᠦᠯᠭᠦ᠂ ᠠᠷᠠᠳᠴᠢᠯᠠᠯ ᠢᠶᠠᠷ | ᠦᠨᠡᠯᠡᠨ ᠰᠢᠯᠭᠠᠬᠤ᠂ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠭᠦ ᠵᠡᠷᠭᠡ ᠲᠠᠯ᠎ᠠ ᠶᠢᠨ ᠮᠡᠳᠡᠭᠡ ᠵᠠᠩᠭᠢ ᠶᠢᠨ | ᠡᠬᠢ ᠪᠠᠶᠠᠯᠢᠭ ᠢ ᠴᠤᠭᠯᠠᠭᠤᠯᠬᠤ ᠶᠢ ᠴᠢᠬᠤᠯᠠᠴᠢᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠤᠷᠢᠶᠠᠩᠭᠤᠶᠢᠯᠠᠨ | ᠵᠠᠳᠠᠯᠵᠤ᠂ ᠺᠠᠳ᠋ᠷ ᠤᠨ ᠪᠣᠳᠠᠲᠠᠢ ᠢᠯᠡᠷᠡᠯ ᠢ ᠬᠥᠳᠡᠯᠦᠩᠭᠦᠢ ᠪᠠᠷ ᠣᠶᠢᠯᠠᠭᠠᠨ ᠡᠵᠡᠮᠰᠢᠬᠦ ᠬᠡᠷᠡᠭᠲᠡᠢ᠃ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠲᠣᠭᠤᠷᠢᠨ ᠦᠵᠡᠵᠦ ᠲᠣᠭᠤᠷᠢᠨ ᠪᠠᠶᠢᠴᠠᠭᠠᠬᠤ᠂ | ᠤᠯᠤᠰ ᠲᠦᠷᠦ ᠬᠠᠤᠯᠢ ᠴᠠᠭᠠᠵᠠ᠂ ᠬᠢᠨᠠᠨ ᠪᠤᠳᠤᠬᠤ᠂ ᠲᠤᠭ᠎ᠠ ᠪᠦᠷᠢᠳᠬᠡᠯ᠂ ᠵᠠᠬᠢᠳᠠᠯ ᠰᠤᠷᠪᠤᠯᠵᠢᠯᠠᠯ᠂ ᠢᠨᠲ᠋ᠧᠷ | ᠰᠦᠯᠵᠢᠶᠡᠨ ᠤ ᠮᠡᠳᠡᠭᠡ ᠵᠠᠩᠭᠢ᠂ ᠠᠮᠢ ᠠᠬᠤᠢ ᠣᠷᠴᠢᠨ ᠲᠣᠭᠤᠷᠢᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠡᠭᠦᠷᠭᠡ | ᠲᠤᠰᠢᠶᠠᠯᠲᠤ ᠰᠠᠯᠠᠭ᠎ᠠ ᠮᠥᠴᠢᠷ ᠰᠠᠬᠢᠯᠭ᠎ᠠ ᠪᠠᠲᠤ ᠰᠠᠬᠢᠵᠤ ᠬᠠᠤᠯᠢ ᠬᠡᠷᠡᠭᠵᠢᠭᠦᠯᠬᠦ᠂ ᠡᠳᠦᠷ ᠲᠤᠳᠤᠮ ᠤᠨ | ᠬᠠᠮᠢᠶᠠᠷᠤᠯᠲᠠ ᠬᠢᠨᠠᠯᠲᠠ ᠲᠠᠯᠪᠢᠬᠤ ᠠᠵᠢᠯ ᠤᠨ ᠳᠤᠮᠳᠠ᠂ ᠺᠠᠳ᠋ᠷ ᠲᠤ ᠤᠳᠤ ᠶᠢᠨ ᠲᠤᠰᠢᠶᠠᠯ ᠢ ᠡᠭᠦᠷᠭᠡᠯᠡᠬᠦ ᠳᠤ | ᠲᠣᠬᠢᠷᠠᠬᠤ ᠦᠭᠡᠢ ᠪᠠᠶᠢᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠢ ᠳᠤᠨᠢ ᠨᠠᠮ ᠤᠨ ᠬᠤᠷᠢᠶ᠎ᠠ ︵ | ᠨᠠᠮ ᠤᠨ ᠤᠳᠤᠷᠢᠳᠬᠤ ᠳᠤᠭᠤᠶᠢᠯᠠᠩ︶ ᠳᠤ ᠮᠡᠳᠡᠭᠦᠯᠭᠦ ᠪᠤᠶᠤ ᠵᠣᠬᠢᠶᠠᠨ ᠪᠠᠶᠢᠭᠤᠯᠬᠤ ︵ᠠᠵᠢᠯᠲᠠᠨ ᠤ ᠶᠠᠪᠤᠳᠠᠯ︶ | ᠰᠠᠯᠠᠭ᠎ᠠ ᠮᠥᠴᠢᠷ ᠲᠤ ᠰᠠᠨᠠᠭᠤᠯᠭ᠎ᠠ ᠳᠤᠷᠠᠳᠬᠤ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ | ᠤᠳᠤᠷᠢᠳᠬᠤ ᠪᠠᠭ ᠤᠨ ᠪᠦᠷᠢᠯᠳᠦᠭᠦᠨ ᠬᠤᠭᠤᠷᠣᠨᠳᠤ ᠪᠠᠨ ᠬᠠᠷᠢᠯᠴᠠᠨ ᠰᠠᠨᠠᠭᠤᠯᠵᠤ᠂ ᠬᠠᠷᠢᠯᠴᠠᠨ ᠬᠢᠨᠠᠯᠲᠠ | ᠲᠠᠯᠪᠢᠬᠤ ᠬᠡᠷᠡᠭᠲᠡᠢ᠂ ︽ᠨᠢᠭᠡᠳᠦᠭᠡᠷ ᠬᠠᠷᠢᠭᠤᠴᠠᠯᠭᠠᠲᠠᠨ︾ ᠳᠤ ᠤᠳᠤ ᠶᠢᠨ ᠲᠤᠰᠢᠶᠠᠯ ᠢ ᠡᠭᠦᠷᠭᠡᠯᠡᠬᠦ ᠳᠤ ᠲᠣᠬᠢᠷᠠᠬᠤ | ᠦᠭᠡᠢ ᠪᠠᠶᠢᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠡᠰᠡᠬᠦᠯ᠎ᠡ ᠵᠣᠬᠢᠶᠠᠨ ᠪᠠᠶᠢᠭᠤᠯᠬᠤ ︵ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ ᠲᠤ ᠰᠢᠭᠤᠳ ᠮᠡᠳᠡᠭᠦᠯᠵᠦ ᠪᠤᠯᠤᠨ᠎ᠠ | ; ᠤᠳᠤᠷᠢᠳᠬᠤ ᠪᠠᠭ ᠤᠨ ᠪᠤᠰᠤᠳ ᠪᠦᠷᠢᠯᠳᠦᠭᠦᠨ ᠳᠤ ᠤᠳᠤ ᠶᠢᠨ ᠲᠤᠰᠢᠶᠠᠯ ᠢ ᠡᠭᠦᠷᠭᠡᠯᠡᠬᠦ ᠳᠤ ᠲᠣᠬᠢᠷᠠᠬᠤ | ᠦᠭᠡᠢ ᠪᠠᠶᠢᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠨᠠᠮ ᠤᠨ ᠵᠣᠬᠢᠶᠠᠨ ᠪᠠᠶᠢᠭᠤᠯᠤᠯᠲᠠ ᠳᠤ ᠴᠠᠭ ᠲᠤᠬᠠᠢ | ᠳᠤᠨᠢ ᠦᠨᠡᠨ ᠮᠥᠨ ᠢᠶᠠᠷ ᠨᠢ ᠲᠤᠰᠬᠠᠵᠤ᠂ ᠴᠢᠬᠤᠯᠠᠲᠠᠢ ᠦᠶ᠎ᠡ ᠳᠤ ᠳᠡᠭᠡᠳᠦ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠡᠰᠡᠬᠦᠯ᠎ᠡ ᠵᠣᠬᠢᠶᠠᠨ ᠪᠠᠶᠢᠭᠤᠯᠬᠤ ︵ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ ᠲᠤ ᠰᠢᠭᠤᠳ | ᠮᠡᠳᠡᠭᠦᠯᠵᠦ ᠪᠣᠯᠣᠨ᠎ᠠ᠃ | ᠠᠷᠪᠠᠨ ᠳᠥᠷᠪᠡᠳᠦᠭᠡᠷ ᠵᠦᠢᠯ ᠵᠣᠬᠢᠶᠠᠨ ᠪᠠᠶᠢᠭᠤᠯᠬᠤ ︵ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ ᠨᠢ | ᠬᠥᠮᠥᠨ ᠢ ᠰᠤᠳᠤᠯᠬᠤ ᠪᠠ ᠤᠴᠢᠷ ᠶᠠᠪᠤᠳᠠᠯ ᠢ ᠰᠤᠳᠤᠯᠬᠤ ᠶᠢ ᠤᠶᠠᠯᠳᠤᠭᠤᠯᠵᠤ᠂ ᠤᠳᠤᠷᠢᠳᠬᠤ ᠪᠠᠭ ᠪᠠ ᠺᠠᠳ᠋ᠷ ᠤᠨ | ᠡᠩᠨᠡᠭᠡᠨ ᠤ ᠪᠠᠶᠢᠳᠠᠯ ᠢ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠺᠠᠳ᠋ᠷ ᠲᠤ ᠪᠦᠭᠦ | ᠲᠠᠯ᠎ᠠ ᠪᠠᠷ᠂ ᠲᠡᠦᠬᠡᠴᠢ ᠪᠠᠷ᠂ ᠬᠤᠪᠢᠰᠤᠩᠭᠤᠢ ᠪᠠᠷ ᠬᠠᠨᠳᠤᠵᠤ᠂ ᠺᠠᠳ᠋ᠷ ᠤᠨ ᠪᠣᠳᠠᠲᠤ ᠢᠯᠡᠷᠡᠯ ᠪᠠ ᠬᠠᠷᠢᠭᠤᠴᠠᠯᠭ᠎ᠠ | ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠭᠰᠠᠨ ᠵᠡᠷᠭᠡ ᠪᠠᠶᠢᠳᠠᠯ ᠢ ᠣᠨᠣᠪᠴᠢᠲᠠᠢ ᠢᠯᠭᠠᠨ ᠲᠠᠨᠢᠵᠤ᠂ | ᠴᠤᠬᠤᠶᠢᠯᠲᠠ ᠶᠢᠨ ᠴᠢᠨᠠᠷᠲᠠᠢ᠂ ᠬᠡᠯᠪᠡᠷᠢᠯ ᠤᠨ ᠴᠢᠨᠠᠷᠲᠠᠢ ᠪᠤᠶᠤ ᠬᠥᠩᠭᠡᠪᠲᠦᠷ ᠠᠰᠠᠭᠤᠳᠠᠯ ᠣᠷᠣᠰᠢᠵᠤ ᠪᠠᠶᠢᠪᠠᠯ᠂ | ᠴᠠᠭ ᠲᠤᠬᠠᠢ ᠳᠤᠨᠢ ᠰᠠᠨᠠᠭᠤᠯᠬᠤ᠂ ᠶᠠᠷᠢᠯᠴᠠᠬᠤ᠂ ᠵᠠᠬᠢᠳᠠᠯ ᠢᠶᠠᠷ ᠠᠰᠠᠭᠤᠬᠤ᠂ ᠰᠢᠭᠦᠮᠵᠢᠯᠡᠨ ᠬᠥᠮᠥᠵᠢᠭᠦᠯᠬᠦ᠂ | ᠵᠠᠷᠯᠢᠭᠳᠠᠨ ᠪᠠᠶᠢᠴᠠᠭᠠᠯᠭᠠᠬᠤ ᠪᠤᠶᠤ ᠰᠤᠷᠭᠠᠨ ᠰᠡᠷᠡᠮᠵᠢᠯᠡᠭᠦᠯᠵᠦ᠂ ᠤᠳᠤ ᠶᠢᠨ ᠲᠤᠰᠢᠶᠠᠯ ᠢ ᠡᠭᠦᠷᠭᠡᠯᠡᠬᠦ ᠳᠤ | ᠲᠣᠬᠢᠷᠠᠮᠵᠢ ᠦᠭᠡᠢ ᠪᠠᠶᠢᠪᠠᠯ ᠴᠠᠭ ᠲᠤᠬᠠᠢ ᠳᠤᠨᠢ ᠲᠣᠬᠢᠷᠠᠭᠤᠯᠬᠤ ᠳᠡᠰ ᠳᠠᠷᠠᠭᠠᠯᠠᠯ ᠢ ᠡᠬᠢᠯᠡᠭᠦᠯᠪᠡᠯ ᠵᠣᠬᠢᠨ᠎ᠠ᠃ | ᠳᠥᠷᠪᠡᠳᠦᠭᠡᠷ ᠪᠦᠯᠦᠭ ᠲᠣᠬᠢᠷᠠᠭᠤᠯᠤᠯᠲᠠ ᠬᠢᠬᠦ ᠳᠡᠰ ᠳᠠᠷᠠᠭᠠᠯᠠᠯ | ᠠᠷᠪᠠᠨ ᠲᠠᠪᠤᠳᠤᠭᠠᠷ ᠵᠦᠢᠯ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠵᠢᠴᠢ ᠲᠡᠭᠦᠨ ᠤ | ᠵᠣᠬᠢᠶᠠᠨ ᠪᠠᠶᠢᠭᠤᠯᠬᠤ ︵ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ ᠨᠢ ᠺᠠᠳ᠋ᠷ ᠢ ᠬᠠᠮᠢᠶᠠᠷᠬᠤ ᠡᠷᠬᠡ ᠶᠢᠨ | ᠬᠢᠵᠠᠭᠠᠷᠯᠠᠯ ᠶᠣᠰᠣᠭᠠᠷ᠂ ᠤᠳᠤ ᠶᠢᠨ ᠲᠤᠰᠢᠶᠠᠯ ᠢ ᠡᠭᠦᠷᠭᠡᠯᠡᠬᠦ ᠳᠤ ᠲᠣᠬᠢᠷᠠᠮᠵᠢ ᠦᠭᠡᠢ ᠺᠠᠳ᠋ᠷ ᠢ ᠵᠣᠬᠢᠶᠠᠨ | ᠪᠠᠶᠢᠭᠤᠯᠤᠨ ᠲᠣᠬᠢᠷᠠᠭᠤᠯᠤᠯᠲᠠ ᠬᠢᠬᠦ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠪᠡᠯ ᠵᠣᠬᠢᠨ᠎ᠠ | ᠃ | ᠣᠳᠣ ᠶᠢᠨ ᠲᠤᠰᠢᠶᠠᠯ ᠢ ᠡᠭᠦᠷᠭᠡᠯᠡᠬᠦ ᠳᠤ ᠲᠣᠬᠢᠷᠠᠬᠤ ᠦᠭᠡᠢ ᠺᠠᠳ᠋ᠷ ᠲᠤ ᠲᠣᠬᠢᠷᠠᠭᠤᠯᠤᠯᠲᠠ ᠬᠢᠬᠦ ᠳᠤ᠂ | ᠲᠣᠳᠣᠯᠠᠨ ᠬᠢᠨᠠᠨ ᠲᠣᠭᠲᠠᠭᠠᠬᠤ᠂ ᠰᠠᠨᠠᠭᠤᠯᠭ᠎ᠠ ᠳᠤᠷᠠᠳᠬᠤ᠂ ᠵᠣᠬᠢᠶᠠᠨ ᠪᠠᠶᠢᠭᠤᠯᠬᠤ ᠲᠣᠭᠲᠠᠭᠠᠯ ᠭᠠᠷᠭᠠᠬᠤ᠂ | ᠶᠠᠷᠢᠯᠴᠠᠬᠤ᠂ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠨᠢ ᠪᠠᠭᠤᠯᠭᠠᠬᠤ ᠳᠡᠰ ᠳᠠᠷᠠᠭᠠᠯᠠᠯ ᠢ ᠭᠦᠢᠴᠡᠳᠬᠡᠬᠦ | ᠵᠡᠷᠭᠡ ᠠᠯᠬᠤᠮ ᠳᠠᠷᠠᠭ᠎ᠠ ᠪᠠᠷ ᠶᠠᠪᠤᠭᠳᠠᠭᠤᠯᠵᠤ᠂ ᠳᠡᠰ ᠳᠠᠷᠠᠭᠠᠯᠠᠯ ᠢ ᠴᠢᠩᠳᠠᠯᠠᠨ᠂ ᠠᠵᠢᠯᠯᠠᠭᠠᠨ ᠢ ᠵᠢᠷᠤᠮᠵᠢᠭᠤᠯᠵᠤ᠂ | ᠥᠭᠡᠷᠡᠲᠦᠭᠦᠯᠦᠨ ᠬᠤᠪᠢᠷᠠᠭᠤᠯᠬᠤ᠂ ᠬᠠᠰᠤᠵᠤ᠂ ᠲᠣᠩᠭᠤᠷᠠᠭᠤᠯᠵᠤ ᠪᠤᠯᠬᠤ ᠦᠭᠡᠢ᠃ | ᠠᠷᠪᠠᠨ ᠵᠢᠷᠭᠤᠳᠤᠭᠠᠷ ᠵᠦᠢᠯ ᠵᠣᠬᠢᠶᠠᠨ ᠪᠠᠶᠢᠭᠤᠯᠬᠤ ︵ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ ᠨᠢ ᠡᠯ᠎ᠡ | ᠲᠠᠯ᠎ᠠ ᠶᠢᠨ ᠪᠠᠶᠢᠳᠠᠯ ᠢ ᠶᠡᠷᠦᠩᠬᠡᠶᠢᠯᠡᠨ ᠵᠠᠳᠠᠯᠵᠤ᠂ ᠭᠦᠨᠵᠡᠭᠡᠢ ᠰᠤᠳᠤᠯᠤᠨ ᠮᠠᠭᠠᠳᠯᠠᠭᠰᠠᠨ ᠰᠠᠭᠤᠷᠢᠨ ᠳᠡᠭᠡᠷ᠎ᠡ | ᠺᠠᠳ᠋ᠷ ᠤᠨ ᠤᠳᠤ ᠶᠢᠨ ᠲᠤᠰᠢᠶᠠᠯ ᠢ ᠡᠭᠦᠷᠭᠡᠯᠡᠬᠦ ᠳᠤ ᠲᠣᠬᠢᠷᠠᠮᠵᠢ ᠦᠭᠡᠢ ᠪᠠᠶᠢᠳᠠᠯ ᠢ ᠬᠢᠨᠠᠨ ᠬᠠᠷᠭᠤᠭᠤᠯᠪᠠᠯ ᠵᠣᠬᠢᠨ᠎ᠠ᠃ | ᠬᠢᠨᠠᠨ ᠬᠠᠷᠭᠤᠭᠤᠯᠬᠤ ᠠᠵᠢᠯ ᠨᠢ ᠬᠠᠨᠳᠤᠯᠭᠠᠲᠤ ᠴᠢᠨᠠᠷ ᠲᠠᠢ ᠪᠠᠶᠢᠵᠤ᠂ ᠪᠣᠳᠠᠲᠠᠢ ᠪᠠᠶᠢᠳᠠᠯ ᠢ ᠰᠠᠶᠢᠲᠤᠷ ᠡᠵᠡᠮᠳᠡᠨ᠂ | ᠪᠠᠷᠢᠮᠵᠢᠶ᠎ᠠ ᠬᠡᠮᠵᠢᠭᠦᠷ ᠢ ᠰᠠᠶᠢᠲᠤᠷ ᠡᠵᠡᠮᠰᠢᠵᠦ᠂ ᠦᠨᠳᠦᠰᠦ ᠪᠠᠷᠢᠮᠲᠠ ᠲᠠᠢ᠂ ᠲᠣᠭᠲᠠᠭᠠᠯ ᠳᠤ ᠨᠡᠶᠢᠴᠡᠵᠦ ᠵᠦᠢ | ᠵᠣᠬᠢᠰᠲᠠᠢ ᠪᠠᠶᠢᠬᠤ ᠶᠢ ᠪᠡᠶᠡᠯᠡᠭᠦᠯᠵᠦ᠂ ᠪᠤᠰᠤᠳᠴᠢ ᠦᠨᠡᠯᠡᠯᠲᠡ ᠪᠠ ᠣᠨᠣᠪᠴᠢᠲᠠᠶ ᠬᠢᠨᠠᠨ ᠲᠣᠭᠲᠠᠭᠠᠬᠤ ᠶᠢ | ᠭᠦᠢᠴᠡᠳᠬᠡᠪᠡᠯ ᠵᠣᠬᠢᠨ᠎ᠠ᠃ | ᠠᠷᠪᠠᠨ ᠳᠣᠯᠣᠳᠤᠭᠠᠷ ᠵᠦᠢᠯ ᠵᠣᠬᠢᠶᠠᠨ ᠪᠠᠶᠢᠭᠤᠯᠬᠤ ︵ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ ᠨᠢ | ᠬᠢᠨᠠᠨ ᠲᠣᠳᠣᠯᠠᠭᠰᠠᠨ ᠵᠠᠳᠠᠯᠤᠨ ᠮᠠᠭᠠᠳᠯᠠᠭᠰᠠᠨ ᠦᠷ᠎ᠡ ᠳ᠋ᠦᠩ ᠪᠤᠶᠤ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ | ᠬᠡᠷᠡᠭᠵᠢᠭᠦᠯᠬᠦ ᠵᠡᠷᠭᠡ ᠪᠠᠶᠢᠭᠤᠯᠭ᠎ᠠ ᠶᠢᠨ ᠬᠢᠨᠠᠨ ᠲᠣᠭᠲᠠᠭᠠᠭᠰᠠᠨ ᠦᠷ᠎ᠡ ᠳ᠋ᠦᠩ ᠵᠢᠴᠢ ᠤᠳᠤᠷᠢᠳᠬᠤ ᠺᠠᠳ᠋ᠷ ᠤᠨ | ᠢᠮᠠᠭᠲᠠ ᠶᠢᠨ ᠢᠯᠡᠷᠡᠯ᠂ ᠪᠤᠷᠤᠭᠤ ᠪᠠᠨ ᠮᠡᠳᠡᠷᠡᠵᠦ ᠭᠡᠮᠰᠢᠨ ᠤᠬᠠᠭᠠᠷᠠᠵᠤ ᠪᠤᠷᠤᠭᠤ ᠪᠠᠨ ᠵᠠᠯᠠᠷᠠᠭᠤᠯᠤᠭᠰᠠᠨ ᠵᠡᠷᠭᠡ | ᠪᠠᠶᠢᠳᠠᠯ ᠢ ᠦᠨᠳᠦᠰᠦᠯᠡᠨ᠂ ᠪᠡᠶᠡᠴᠢ ᠪᠤᠰᠤᠳᠴᠢ ᠬᠦᠴᠦᠨ ᠵᠦᠢᠯ᠂ ᠠᠵᠢᠯ ᠤᠨ ᠬᠡᠷᠡᠭᠴᠡᠭᠡ ᠵᠡᠷᠭᠡ ᠶᠢ | ᠶᠡᠷᠦᠩᠬᠡᠶᠢᠯᠡᠨ ᠪᠣᠳᠣᠯᠬᠢᠯᠠᠵᠤ᠂ ᠬᠠᠮᠲᠤ ᠪᠠᠷ ᠰᠤᠳᠤᠯᠤᠭᠰᠠᠨ ᠤ ᠲᠠᠷᠠᠭ᠎ᠠ ᠬᠢᠨᠠᠮᠠᠭᠠᠢ ᠪᠣᠯᠭᠤᠮᠵᠢᠲᠠᠢ ᠯᠠᠪᠳᠠᠭᠤᠨ ᠢᠶᠠᠷ | ᠤᠳᠤ ᠶᠢᠨ ᠲᠤᠰᠢᠶᠠᠯ ᠢ ᠡᠭᠦᠷᠭᠡᠯᠡᠬᠦ ᠳᠤ ᠲᠣᠬᠢᠷᠠᠮᠵᠢ ᠦᠭᠡᠢ ᠺᠠᠳ᠋ᠷ ᠲᠤ ᠲᠣᠬᠢᠷᠠᠭᠤᠯᠤᠯᠲᠠ ᠬᠢᠬᠦ ᠰᠠᠨᠠᠭᠤᠯᠭ᠎ᠠ | ᠳᠤᠷᠠᠳᠴᠤ᠂ ᠳᠡᠰ ᠳᠠᠷᠠᠭᠠᠯᠠᠯ ᠶᠣᠰᠣᠭᠠᠷ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠳᠤ | ᠮᠡᠳᠡᠭᠦᠯᠦᠨ᠎ᠡ᠃ ᠲᠣᠬᠢᠷᠠᠭᠤᠯᠤᠯᠲᠠ ᠬᠢᠬᠦ ᠰᠠᠨᠠᠭᠤᠯᠭ᠎ᠠ ᠳᠤ ᠲᠣᠬᠢᠷᠠᠭᠤᠯᠤᠯᠲᠠ ᠬᠢᠬᠦ ᠰᠢᠯᠲᠠᠭᠠᠨ᠂ ᠲᠣᠬᠢᠷᠠᠭᠤᠯᠤᠯᠲᠠ | ᠬᠢᠬᠦ ᠠᠷᠭ᠎ᠠ ᠮᠠᠶ᠋ᠢᠭ᠂ ᠲᠣᠬᠢᠷᠠᠭᠤᠯᠤᠯᠲᠠ ᠬᠢᠬᠦ ᠴᠢᠭᠯᠡᠯ ᠵᠡᠷᠭᠡ ᠠᠭᠤᠯᠭ᠎ᠠ ᠪᠠᠭᠲᠠᠨ᠎ᠠ᠃ | ᠠᠷᠪᠠᠨ ᠨᠠᠢᠮᠠᠳᠤᠭᠠᠷ ᠵᠦᠢᠯ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠠᠴᠠ ᠵᠣᠬᠢᠶᠠᠨ | ᠪᠠᠶᠢᠭᠤᠯᠬᠤ ︵ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ ᠤᠨ ᠮᠡᠳᠡᠭᠦᠯᠦᠨ ᠬᠦᠷᠭᠡᠭᠰᠡᠨ ᠲᠣᠬᠢᠷᠠᠭᠤᠯᠤᠯᠲᠠ ᠬᠢᠬᠦ | ᠰᠠᠨᠠᠭᠤᠯᠭ᠎ᠠ ᠶᠢ ᠬᠤᠷᠠᠯ ᠬᠤᠷᠠᠯᠳᠤᠭᠤᠯᠵᠤ ᠬᠠᠮᠲᠤ ᠪᠠᠷ ᠰᠤᠳᠤᠯᠤᠨ ᠲᠣᠭᠲᠠᠭᠠᠪᠠᠯ ᠵᠣᠬᠢᠨ᠎ᠠ᠃ ᠲᠣᠬᠢᠷᠠᠭᠤᠯᠤᠯᠲᠠ | ᠬᠢᠬᠦ ᠲᠣᠭᠲᠠᠭᠠᠯ ᠭᠠᠷᠭᠠᠬᠤ ᠠᠴᠠ ᠡᠮᠦᠨ᠎ᠡ᠂ ᠲᠣᠬᠢᠷᠠᠭᠤᠯᠤᠯᠲᠠ ᠬᠢᠬᠦ ᠪᠠᠷ ᠪᠠᠶᠢᠭ᠎ᠠ ᠺᠠᠳ᠋ᠷ ᠤᠨ ᠪᠠᠶᠢᠭ᠎ᠠ ᠭᠠᠵᠠᠷ | ᠣᠷᠣᠨ ᠤ ᠨᠢᠭᠡᠴᠢ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ | ᠬᠠᠷᠢᠭᠤᠴᠠᠯᠭᠠᠲᠠᠨ᠂ ᠳᠡᠭᠡᠳᠦ ᠱᠠᠲᠤᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠵᠡᠷᠭᠡ ᠬᠤᠯᠪᠣᠭᠳᠠᠯ ᠪᠦᠬᠦᠢ ᠲᠠᠯ᠎ᠠ ᠶᠢᠨ ᠰᠠᠨᠠᠯ ᠢ ᠰᠣᠨᠣᠰᠴᠤ | ᠪᠣᠯᠣᠨ᠎ᠠ᠃ ᠺᠠᠳ᠋ᠷ ᠤᠨ ᠳᠠᠪᠬᠤᠷ ᠬᠠᠮᠢᠶᠠᠷᠤᠯᠲᠠ ᠳᠤ ᠬᠤᠯᠪᠣᠭᠳᠠᠭᠰᠠᠨ ᠪᠠᠶᠢᠪᠠᠯ᠂ ᠭᠤᠣᠯᠯᠠᠨ ᠬᠠᠮᠢᠶᠠᠷᠬᠤ ᠲᠠᠯ᠎ᠠ ᠨᠢ | ᠬᠤᠯᠪᠣᠭᠳᠠᠯ ᠪᠦᠬᠦᠢ ᠲᠣᠭᠲᠠᠭᠠᠯ ᠤᠨ ᠳᠡᠰ ᠳᠠᠷᠠᠭᠠᠯᠠᠯ ᠶᠣᠰᠣᠭᠠᠷ ᠬᠠᠮᠵᠢᠨ ᠬᠠᠮᠢᠶᠠᠷᠬᠤ ᠲᠠᠯ᠎ᠠ ᠠᠴᠠ ᠰᠠᠨᠠᠯ | ᠬᠤᠷᠢᠶᠠᠪᠠᠯ ᠵᠣᠬᠢᠨ᠎ᠠ᠃ | ᠠᠷᠪᠠ ᠶᠢᠰᠦᠳᠦᠭᠡᠷ ᠵᠦᠢᠯ ᠲᠣᠬᠢᠷᠠᠭᠤᠯᠤᠯᠲᠠ ᠬᠢᠬᠦ ᠪᠠᠷ ᠲᠣᠭᠲᠠᠭᠰᠠᠨ ᠺᠠᠳ᠋ᠷ ᠢ ᠨᠠᠮ ᠤᠨ ᠬᠤᠷᠢᠶ᠎ᠠ ︵ | ᠨᠠᠮ ᠤᠨ ᠤᠳᠤᠷᠢᠳᠬᠤ ᠳᠤᠭᠤᠶᠢᠯᠠᠩ︶ ᠪᠤᠶᠤ ᠵᠣᠬᠢᠶᠠᠨ ᠪᠠᠶᠢᠭᠤᠯᠤᠯᠲᠠ ︵ᠠᠵᠢᠯᠲᠠᠨ ᠤ ᠶᠠᠪᠤᠳᠠᠯ︶ ᠶᠢᠨ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ ᠲᠡᠭᠦᠨ ᠲᠠᠢ ᠶᠠᠷᠢᠯᠴᠠᠵᠤ᠂ ᠵᠣᠬᠢᠶᠠᠨ ᠪᠠᠶᠢᠭᠤᠯᠬᠤ ᠲᠣᠭᠲᠠᠭᠠᠯ ᠢ | ᠨᠡᠶᠢᠲᠡᠯᠡᠨ᠂ ᠦᠵᠡᠯ ᠰᠠᠨᠠᠭᠠᠨ ᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠲᠡᠳᠡᠨ ᠢ ᠬᠥᠲᠥᠯᠥᠨ | ᠵᠢᠯᠤᠭᠤᠳᠴᠤ ᠪᠠᠶᠢᠭᠠᠳ ᠵᠣᠬᠢᠶᠠᠨ ᠪᠠᠶᠢᠭᠤᠯᠤᠯᠲᠠ ᠶᠢᠨ ᠲᠣᠭᠲᠠᠭᠠᠯ ᠳᠤ ᠵᠥᠪ ᠢᠶᠠᠷ ᠬᠠᠨᠳᠤᠭᠤᠯᠵᠤ᠂ | ᠤᠬᠠᠮᠰᠠᠷ ᠠᠴᠠ ᠪᠠᠨ ᠵᠣᠬᠢᠶᠠᠨ ᠪᠠᠶᠢᠭᠤᠯᠬᠤ ᠲᠣᠬᠢᠷᠠᠭᠤᠯᠤᠯᠲᠠ ᠶᠢ ᠳᠠᠭᠠᠭᠤᠯᠤᠨ᠎ᠠ᠃ | ᠬᠤᠷᠢᠳᠤᠭᠠᠷ ᠵᠦᠢᠯ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠤᠶᠤ ᠵᠣᠬᠢᠶᠠᠨ | ᠪᠠᠶᠢᠭᠤᠯᠬᠤ ︵ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠣᠬᠢᠷᠠᠭᠤᠯᠬᠤ | ᠡᠲᠡᠭᠡᠳ ᠲᠠᠢ ᠶᠠᠷᠢᠯᠴᠠᠬᠤ ᠳᠠᠭᠠᠨ ᠶᠡᠷᠦ ᠳᠡᠭᠡᠨ ᠳᠣᠣᠷᠠᠬᠢ ᠲᠣᠭᠲᠠᠭᠠᠯ ᠶᠣᠰᠣᠭᠠᠷ ᠶᠠᠪᠤᠭᠳᠠᠭᠤᠯᠤᠨ᠎ᠠ᠄ | ︵ᠨᠢᠭᠡ︶ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ | ᠬᠠᠷᠢᠭᠤᠴᠠᠯᠭᠠᠲᠠᠨ ᠲᠠᠢ ᠶᠠᠷᠢᠯᠴᠠᠬᠤ ᠳᠠᠭᠠᠨ ᠡᠩ ᠤᠨ ᠪᠠᠶᠢᠳᠠᠯ ᠳᠤ ᠳᠡᠭᠡᠷ᠎ᠡ ᠨᠢᠭᠡ ᠱᠠᠲᠤᠨ ᠤ ᠨᠠᠮ ᠤᠨ ᠬᠤᠷᠢᠶ᠎ᠠ ︵ | ᠨᠠᠮ ᠤᠨ ᠤᠳᠤᠷᠢᠳᠬᠤ ᠳᠤᠭᠤᠶᠢᠯᠠᠩ︶ ᠶᠢᠨ ᠬᠠᠷᠢᠭᠤᠴᠠᠯᠭᠠᠲᠠᠨ ᠢᠶᠠᠷ ᠶᠠᠷᠢᠯᠴᠠᠭᠴᠢ ᠪᠣᠯᠭᠠᠨ᠎ᠠ᠂ ᠪᠠᠰᠠ ᠳᠡᠭᠡᠷ᠎ᠡ | ᠨᠢᠭᠡ ᠱᠠᠲᠤᠨ ᠤ ᠵᠣᠬᠢᠶᠠᠨ ᠪᠠᠶᠢᠭᠤᠯᠬᠤ ︵ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠢᠶᠠᠷ ᠶᠠᠷᠢᠯᠴᠠᠭᠴᠢ ᠪᠤᠯᠭᠠᠵᠤ ᠪᠤᠯᠤᠨ᠎ᠠ ; | ︵ᠬᠤᠶᠠᠷ︶ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠳᠤᠷᠢᠳᠬᠤ ᠪᠠᠭ ᠤᠨ | ᠪᠤᠰᠤᠳ ᠪᠦᠷᠢᠯᠳᠦᠭᠦᠨ ᠲᠠᠢ ᠶᠠᠷᠢᠯᠴᠠᠬᠤ ᠳᠠᠭᠠᠨ ᠡᠩ ᠤᠨ ᠪᠠᠶᠢᠳᠠᠯ ᠳᠤ ᠳᠡᠭᠡᠷ᠎ᠡ ᠨᠢᠭᠡ ᠱᠠᠲᠤᠨ ᠤ ᠵᠣᠬᠢᠶᠠᠨ | ᠪᠠᠶᠢᠭᠤᠯᠬᠤ ︵ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠶᠠᠷᠢᠯᠴᠠᠭᠴᠢ ᠪᠣᠯᠭᠠᠨ᠎ᠠ᠂ | ᠪᠠᠰᠠ ᠲᠤᠰ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ | ᠬᠠᠷᠢᠭᠤᠴᠠᠯᠭᠠᠲᠠᠨ ᠳᠤ ᠨᠠᠶᠢᠳᠠᠵᠤ ᠶᠠᠷᠢᠯᠴᠠᠭᠴᠢ ᠪᠤᠯᠭᠠᠵᠤ ᠪᠤᠯᠤᠨ᠎ᠠ ; | ︵ᠭᠤᠷᠪᠠ︶ ᠨᠢᠭᠡᠴᠢ ᠶᠢᠨ ᠬᠠᠷᠢᠶ᠎ᠠ ᠪᠠᠶᠢᠭᠤᠯᠤᠮᠵᠢ ᠶᠢᠨ ᠭᠤᠣᠯ ᠬᠠᠷᠢᠭᠤᠴᠠᠯᠭᠠᠲᠠᠨ ᠲᠠᠢ ᠶᠠᠷᠢᠯᠴᠠᠬᠤ ᠳᠠᠭᠠᠨ | ᠡᠩ ᠤᠨ ᠪᠠᠶᠢᠳᠠᠯ ᠳᠤ ᠲᠤᠰ ᠨᠢᠭᠡᠴᠢ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ | ᠬᠠᠷᠢᠭᠤᠴᠠᠯᠭᠠᠲᠠᠨ ᠢᠶᠠᠷ ᠶᠠᠷᠢᠯᠴᠠᠭᠴᠢ ᠪᠤᠯᠭᠠᠨ᠎ᠠ ; | ︵ᠳᠥᠷᠪᠡ︶ ᠨᠢᠭᠡᠴᠢ ᠶᠢᠨ ᠪᠤᠰᠤᠳ ᠠᠵᠢᠯᠲᠠᠨ ᠲᠠᠢ ᠶᠠᠷᠢᠯᠴᠠᠬᠤ ᠳᠠᠭᠠᠨ ᠲᠤᠰ ᠨᠢᠭᠡᠴᠢ ᠶᠢᠨ ᠵᠣᠬᠢᠶᠠᠨ | ᠪᠠᠶᠢᠭᠤᠯᠬᠤ ︵ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠶᠠᠷᠢᠯᠴᠠᠭᠴᠢ ᠪᠣᠯᠭᠠᠨ᠎ᠠ᠃ | ᠬᠤᠷᠢᠨ ᠨᠢᠭᠡᠳᠦᠭᠡᠷ ᠵᠦᠢᠯ ᠲᠣᠬᠢᠷᠠᠭᠤᠯᠤᠯᠲᠠ ᠬᠢᠭᠰᠡᠨ ᠺᠠᠳ᠋ᠷ ᠢ ᠵᠣᠬᠢᠶᠠᠨ ᠪᠠᠶᠢᠭᠤᠯᠬᠤ ︵ᠠᠵᠢᠯᠲᠠᠨ ᠤ | ᠶᠠᠪᠤᠳᠠᠯ︶ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠣᠮᠢᠯᠠᠵᠤ ᠪᠠᠭᠤᠯᠭᠠᠬᠤ ᠳᠡᠰ | ᠳᠠᠷᠠᠭᠠᠯᠠᠯ ᠢ ᠭᠦᠢᠴᠡᠳᠬᠡᠪᠡᠯ ᠵᠣᠬᠢᠨ᠎ᠠ᠃ ᠡᠩ ᠤᠨ ᠪᠠᠶᠢᠳᠠᠯ ᠳᠤ 1 ᠰᠠᠷ᠎ᠠ ᠶᠢᠨ ᠳᠣᠲᠣᠷ᠎ᠠ ᠺᠠᠳ᠋ᠷ ᠤᠨ ᠴᠠᠯᠢᠩ᠂ | ᠬᠠᠷᠠᠭᠠᠯᠵᠠᠯ ᠵᠡᠷᠭᠡ ᠲᠠᠯ᠎ᠠ ᠶᠢᠨ ᠭᠠᠷ ᠭᠦᠢᠴᠡᠳᠬᠡᠯ ᠢ ᠭᠦᠢᠴᠡᠳᠬᠡᠨ᠎ᠡ᠃ ᠰᠣᠩᠭᠤᠵᠤ ᠭᠠᠷᠭᠠᠭᠰᠠᠨ ᠪᠠ ᠬᠠᠤᠯᠢ | ᠶᠣᠰᠣᠭᠠᠷ ᠲᠣᠮᠢᠯᠠᠵᠤ ᠪᠠᠭᠤᠯᠭᠠᠭᠰᠠᠨ ᠺᠠᠳ᠋ᠷ ᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ | ᠳᠦᠷᠢᠮ ᠪᠠ ᠲᠣᠭᠲᠠᠭᠠᠯ ᠤᠨ ᠳᠡᠰ ᠳᠠᠷᠠᠭᠠᠯᠠᠯ ᠶᠣᠰᠣᠭᠠᠷ ᠶᠠᠪᠤᠭᠤᠯᠤᠨ᠎ᠠ᠃ | ᠬᠤᠷᠢᠨ ᠬᠤᠶᠠᠳᠤᠭᠠᠷ ᠵᠦᠢᠯ ᠺᠠᠳ᠋ᠷ ᠤᠨ ᠲᠤᠰ ᠬᠥᠮᠥᠨ ᠨᠢ ᠲᠣᠬᠢᠷᠠᠭᠤᠯᠬᠤ ᠲᠣᠭᠲᠠᠭᠠᠯ ᠢ ᠵᠥᠪᠰᠢᠶᠡᠷᠡᠬᠦ | ᠦᠭᠡᠢ ᠪᠣᠯ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠠᠭᠢᠨ ᠬᠢᠨᠠᠭᠤᠯᠬᠤ ᠪᠠᠷ ᠭᠤᠶᠤᠴᠢᠯᠠᠬᠤ ᠪᠤᠶᠤ ᠭᠤᠮᠣᠳᠠᠯ | ᠲᠣᠭᠠᠴᠢᠵᠤ ᠪᠣᠯᠣᠨ᠎ᠠ᠃ ᠳᠠᠭᠢᠨ ᠬᠢᠨᠠᠬᠤ᠂ ᠭᠤᠮᠣᠳᠠᠯ ᠲᠣᠭᠠᠴᠢᠬᠤ ᠬᠤᠭᠤᠴᠠᠭᠠᠨ ᠳᠤ ᠲᠣᠬᠢᠷᠠᠭᠤᠯᠤᠯᠲᠠ ᠬᠢᠭᠰᠡᠨ | ᠲᠣᠭᠲᠠᠭᠠᠯ ᠢ ᠬᠡᠷᠡᠭᠵᠢᠭᠦᠯᠬᠦ ᠶᠢ ᠵᠣᠭᠰᠤᠭᠠᠬᠤ ᠦᠭᠡᠢ᠃ | ᠲᠠᠪᠤᠳᠤᠭᠠᠷ ᠪᠦᠯᠦᠭ ᠲᠣᠬᠢᠷᠠᠭᠤᠯᠬᠤ ᠠᠷᠭ᠎ᠠ ᠮᠠᠶ᠋ᠢᠭ | ᠬᠤᠷᠢᠨ ᠭᠤᠷᠪᠠᠳᠤᠭᠠᠷ ᠵᠦᠢᠯ ᠤᠳᠤ ᠶᠢᠨ ᠲᠤᠰᠢᠶᠠᠯ ᠢ ᠡᠭᠦᠷᠭᠡᠯᠡᠬᠦ ᠳᠤ ᠲᠣᠬᠢᠷᠠᠮᠵᠢ ᠦᠭᠡᠢ ᠺᠠᠳ᠋ᠷ ᠢ ᠪᠣᠯ | ᠲᠡᠭᠦᠨ ᠤ ᠢᠮᠠᠭᠲᠠ ᠶᠢᠨ ᠢᠯᠡᠷᠡᠯ ᠪᠠ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠠᠳᠠᠯᠢ ᠪᠤᠰᠤ ᠪᠠᠶᠢᠳᠠᠯ ᠢᠶᠠᠷ ᠨᠢ | ᠢᠯᠭᠠᠵᠤ᠂ ᠠᠳᠠᠯᠢ ᠲᠡᠰ ᠤᠨ ᠲᠤᠰᠢᠶᠠᠯ ᠳᠤ ᠲᠣᠬᠢᠷᠠᠭᠤᠯᠬᠤ᠂ ᠲᠤᠰᠢᠶᠠᠯ ᠤᠨ ᠲᠡᠰ ᠢᠶᠠᠷ ᠠᠯᠪᠠᠳᠠᠨ ᠤ ᠲᠤᠰᠢᠶᠠᠯ | ᠰᠢᠯᠵᠢᠭᠦᠯᠭᠦ᠂ ᠲᠤᠰᠢᠶᠠᠯ ᠠᠴᠠ ᠨᠢ ᠪᠠᠭᠤᠯᠭᠠᠬᠤ᠂ ᠵᠡᠷᠭᠡ ᠲᠤᠰᠢᠶᠠᠯ ᠢ ᠨᠢ ᠪᠠᠭᠤᠷᠠᠭᠤᠯᠬᠤ ᠵᠡᠷᠭᠡ ᠠᠷᠭ᠎ᠠ | ᠮᠠᠶ᠋ᠢᠭ ᠢᠶᠠᠷ ᠲᠣᠬᠢᠷᠠᠭᠤᠯᠵᠤ᠂ ᠤᠷᠢᠳᠴᠢᠯᠠᠨ ᠠᠵᠢᠯ ᠤᠨ ᠠᠮᠠᠷᠠᠯᠲᠠ ᠪᠠᠨ ᠠᠪᠬᠤ ᠨᠥᠬᠦᠴᠡᠯ ᠳᠤ ᠨᠡᠶᠢᠴᠡᠪᠡᠯ | ᠤᠷᠢᠳᠴᠢᠯᠠᠨ ᠠᠵᠢᠯ ᠤᠨ ᠠᠮᠠᠷᠠᠯᠲᠠ ᠠᠪᠬᠤ ᠶᠢ ᠭᠦᠢᠴᠡᠳᠬᠡᠪᠡᠯ ᠵᠣᠬᠢᠨ᠎ᠠ᠃ | ᠬᠤᠷᠢᠨ ᠳᠥᠷᠪᠡᠳᠦᠭᠡᠷ ᠵᠦᠢᠯ ᠤᠳᠤ ᠶᠢᠨ ᠲᠤᠰᠢᠶᠠᠯ ᠢ ᠡᠭᠦᠷᠭᠡᠯᠡᠬᠦ ᠳᠤ ᠲᠣᠬᠢᠷᠠᠮᠵᠢ ᠦᠭᠡᠢ ᠺᠠᠳ᠋ᠷ ᠢ | ᠲᠣᠬᠢᠷᠠᠭᠤᠯᠬᠤ ᠳᠤ᠂ ᠲᠦᠷᠦ ᠶᠢᠨ ᠪᠣᠳᠣᠯᠭ᠎ᠠ ᠶᠢᠨ ᠵᠠᠭᠠᠭ ᠢ ᠣᠨᠣᠪᠴᠢᠲᠠᠢ ᠡᠵᠡᠮᠳᠡᠵᠦ᠂ ᠠᠰᠠᠭᠤᠳᠠᠯ ᠤᠨ ᠰᠢᠨᠵᠢ | ᠴᠢᠨᠠᠷ᠂ ᠪᠡᠶᠡᠴᠢ ᠪᠤᠰᠤᠳᠴᠢ ᠰᠢᠯᠲᠠᠭᠠᠨ᠂ ᠦᠢᠯᠡ ᠪᠠᠶᠢᠳᠠᠯ ᠤᠨ ᠬᠦᠨᠳᠦ ᠬᠥᠩᠭᠡᠨ᠂ ᠨᠥᠯᠥᠭᠡᠯᠡᠬᠦ ᠬᠡᠮᠵᠢᠶ᠎ᠡ | ᠵᠡᠷᠭᠡ ᠶᠢ ᠢᠯᠭᠠᠬᠤ ᠶᠢ ᠠᠩᠬᠠᠷᠴᠤ᠂ ᠺᠠᠳ᠋ᠷ ᠤᠨ ᠢᠮᠠᠭᠲᠠ ᠶᠢᠨ ᠢᠯᠡᠷᠡᠯ᠂ ᠲᠠᠨᠢᠯᠲᠠ ᠣᠪᠣᠷ᠂ ᠵᠠᠯᠠᠷᠠᠭᠤᠯᠤᠭᠰᠠᠨ | ᠪᠠᠶᠢᠳᠠᠯ ᠵᠡᠷᠭᠡ ᠲᠠᠢ ᠤᠶᠠᠯᠳᠤᠭᠤᠯᠤᠨ ᠦᠨᠡᠨ ᠠᠴᠠ ᠵᠥᠪ ᠢ ᠡᠷᠢᠵᠦ ᠬᠢᠨᠠᠨ ᠲᠣᠭᠲᠠᠭᠠᠵᠤ᠂ ᠡᠷᠬᠡ ᠲᠡᠭᠰᠢ ᠲᠥᠪ | ᠭᠤᠣᠯᠴᠢ ᠪᠠᠷ ᠲᠣᠬᠢᠷᠠᠭᠤᠯᠤᠯᠲᠠ ᠬᠢᠪᠡᠯ ᠵᠣᠬᠢᠨ᠎ᠠ᠃ ᠠᠰᠠᠭᠤᠳᠠᠯ ᠤᠨ ᠰᠢᠨᠵᠢ ᠴᠢᠨᠠᠷ ᠪᠠ ᠦᠢᠯᠡ ᠪᠠᠶᠢᠳᠠᠯ ᠨᠢ | ᠠᠳᠠᠯᠢᠪᠲᠤᠷ ᠺᠠᠳ᠋ᠷ ᠢ ᠲᠣᠬᠢᠷᠠᠭᠤᠯᠤᠨ ᠵᠣᠬᠢᠴᠠᠭᠤᠯᠬᠤ ᠳᠤ ᠦᠨᠳᠦᠰᠦᠨ ᠳᠡᠭᠡᠨ ᠲᠡᠩᠴᠡᠭᠦᠷᠢᠲᠡᠢ ᠪᠠᠶᠢᠬᠤ ᠶᠢ | ᠪᠠᠲᠤᠯᠠᠵᠤ᠂ ᠵᠥᠷᠢᠶ᠎ᠡ ᠬᠡᠲᠦᠷᠬᠡᠢ ᠶᠡᠭᠡ ᠪᠤᠯᠬᠤ ᠶᠢ ᠰᠡᠷᠭᠡᠶᠢᠯᠡᠪᠡᠯ ᠵᠣᠬᠢᠨ᠎ᠠ᠃ | ᠤᠯᠤᠰ ᠲᠦᠷᠦ ᠶᠢᠨ ᠢᠯᠡᠷᠡᠯ᠂ ᠬᠦᠰᠡᠯᠡᠩ ᠢᠲᠡᠭᠡᠯ ᠪᠢᠰᠢᠷᠡᠯ᠂ ᠠᠵᠢᠯ ᠤᠨ ᠠᠮᠵᠢᠯᠲᠠ ᠶᠢᠨ ᠦᠵᠡᠯᠲᠡ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠠᠵᠢᠯ ᠤᠨ ᠰᠤᠷᠲᠠᠯ᠂ ᠶᠣᠰᠣ ᠰᠤᠷᠲᠠᠬᠤᠨ ᠵᠠᠩ | ᠰᠤᠷᠲᠠᠯ ᠵᠡᠷᠭᠡ ᠲᠠᠯ᠎ᠠ ᠪᠠᠷ ᠠᠰᠠᠭᠤᠳᠠᠯ ᠲᠠᠢ ᠺᠠᠳ᠋ᠷ ᠲᠤ ᠲᠣᠬᠢᠷᠠᠭᠤᠯᠤᠯᠲᠠ ᠬᠢᠬᠦ ᠳᠤ ᠵᠠᠯᠬᠠᠭᠠᠨ ᠴᠡᠭᠡᠷᠯᠡᠭᠦᠯᠬᠦ | ᠴᠢᠨᠠᠷ ᠢ ᠢᠯᠡᠷᠡᠭᠦᠯᠪᠡᠯ ᠵᠤᠭᠢᠨ᠎ᠠ ; ᠬᠤᠪᠢ ᠬᠥᠮᠥᠨ ᠤ ᠪᠤᠰᠤ ᠰᠢᠯᠲᠠᠭᠠᠨ ᠪᠤᠶᠤ ᠡᠷᠡᠭᠦᠯ ᠮᠡᠡᠳᠦ ᠶᠢᠨ | ᠰᠢᠯᠲᠠᠭᠠᠨ ᠠᠴᠠ ᠪᠣᠯᠵᠤ ᠤᠳᠦ ᠶᠢᠨ ᠠᠵᠢᠯ ᠤᠨ ᠪᠠᠶᠢᠷᠢ ᠳᠠᠭᠠᠨ ᠬᠦᠷᠴᠦ ᠴᠢᠳᠠᠬᠤ ᠦᠭᠡᠢ ᠺᠠᠳ᠋ᠷ ᠢ ᠠᠵᠢᠯ | ᠦᠢᠯᠡᠰ ᠤᠨ ᠬᠡᠷᠡᠭᠴᠡᠭᠡ ᠪᠠ ᠬᠠᠯᠠᠮᠵᠢᠯᠠᠨ ᠬᠠᠶᠢᠷᠠᠯᠠᠬᠤ ᠡᠭᠦᠳᠡᠨ ᠠᠴᠠ ᠲᠣᠬᠢᠲᠠᠢ ᠲᠣᠬᠢᠷᠠᠭᠤᠯᠪᠠᠯ ᠵᠣᠬᠢᠨ᠎ᠠ᠃ | ᠬᠤᠷᠢᠨ ᠲᠠᠪᠤᠳᠤᠭᠠᠷ ᠵᠦᠢᠯ ᠣᠲᠣ ᠶᠢᠨ ᠲᠤᠰᠢᠶᠠᠯ ᠢ ᠡᠭᠦᠷᠭᠡᠯᠡᠬᠦ ᠳᠤ ᠲᠣᠬᠢᠷᠠᠬᠤ ᠦᠭᠡᠢ ᠺᠠᠳ᠋ᠷ ᠢ | ᠲᠣᠬᠢᠷᠠᠭᠤᠯᠬᠤ ᠳᠤ᠂ ᠵᠠᠷᠴᠢᠮ ᠳᠡᠭᠡᠷ᠎ᠡ ᠪᠠᠨ ᠲᠤᠰᠢᠶᠠᠯ ᠤᠨ ᠲᠤᠭ᠎ᠠ ᠳᠣᠲᠣᠷ᠎ᠠ ᠲᠣᠬᠢᠷᠠᠭᠤᠯᠤᠨ᠎ᠠ᠃ ᠲᠤᠰᠢᠶᠠᠯ ᠤᠨ | ᠲᠤᠭ᠎ᠠ ᠠᠴᠠ ᠲᠦᠷ ᠴᠠᠭ ᠳᠠᠪᠠᠭᠰᠠᠨ ᠢ ᠨᠢ ᠳᠡᠭᠡᠷ᠎ᠡ ᠨᠢᠭᠡ ᠱᠠᠲᠤᠨ ᠤ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠰᠠᠯᠠᠭ᠎ᠠ ᠮᠥᠴᠢᠷ ᠪᠣᠯᠣᠨ ᠪᠠᠶᠢᠭᠤᠯᠤᠮᠵᠢ ᠣᠷᠣᠨ ᠲᠣᠭᠠᠨ ᠤ ᠰᠠᠯᠠᠭ᠎ᠠ ᠮᠥᠴᠢᠷ ᠲᠤ ᠮᠡᠳᠡᠭᠦᠯᠦᠨ | ᠵᠥᠪᠰᠢᠶᠡᠷᠡᠭᠦᠯᠬᠦ ᠶᠢᠨ ᠬᠠᠮᠲᠤ ᠰᠢᠢᠳᠪᠦᠷᠢᠯᠡᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠡᠩ ᠤᠨ ᠪᠠᠶᠢᠳᠠᠯ ᠳᠤ 1 | ᠵᠢᠯ ᠤᠨ ᠳᠣᠲᠣᠷ᠎ᠠ ᠰᠢᠢᠳᠪᠦᠷᠢᠯᠡᠪᠡᠯ ᠵᠣᠬᠢᠨ᠎ᠠ᠃ | ᠵᠢᠷᠭᠤᠳᠤᠭᠠᠷ ᠪᠦᠯᠦᠭ ᠬᠤᠶᠢᠨᠠᠬᠢ ᠬᠠᠮᠢᠶᠠᠷᠤᠯᠲᠠ | ᠬᠤᠷᠢᠨ ᠵᠢᠷᠭᠤᠳᠤᠭᠠᠷ ᠵᠦᠢᠯ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠵᠢᠴᠢ | ᠲᠡᠭᠦᠨ ᠤ ᠵᠣᠬᠢᠶᠠᠨ ᠪᠠᠶᠢᠭᠤᠯᠬᠤ ︵ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ ᠨᠢ ᠺᠠᠳ᠋ᠷ ᠢ ᠬᠠᠮᠢᠶᠠᠷᠬᠤ ᠡᠷᠬᠡ ᠶᠢᠨ | ᠬᠡᠪᠴᠢᠶ᠎ᠡ ᠶᠣᠰᠣᠭᠠᠷ᠂ ᠺᠠᠳ᠋ᠷ ᠢ ︽ᠪᠠᠭᠤᠯᠭᠠᠬᠤ︾ ᠰᠡᠭᠦᠯᠴᠢ ᠶᠢᠨ ᠠᠵᠢᠯ ᠢ ᠬᠢᠨᠠᠮᠠᠭᠠᠢ ᠰᠠᠶᠢᠲᠤᠷ ᠬᠢᠵᠦ᠂ | ᠬᠥᠮᠥᠵᠢᠭᠦᠯᠬᠦ᠂ ᠠᠬᠢᠭᠤᠯᠬᠤ᠂ ᠱᠠᠭᠠᠷᠳᠠᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ︽ᠪᠠᠭᠤᠯᠭᠠᠭᠠᠳ ᠯᠡ | ᠳᠠᠭᠤᠰᠬᠠᠬᠤ᠂ ︽ᠪᠠᠭᠤᠯᠭᠠᠭᠠᠳ ᠯᠡ ᠬᠠᠮᠢᠶᠠᠷᠬᠤ ᠪᠠᠨ ᠪᠣᠯᠢᠬᠤ︾ ᠠᠴᠠ ᠰᠡᠷᠭᠡᠶᠢᠯᠡᠪᠡᠯ ᠵᠣᠬᠢᠨ᠎ᠠ᠃ | ᠬᠤᠷᠢᠨ ᠳᠣᠯᠣᠳᠤᠭᠠᠷ ᠵᠦᠢᠯ ᠲᠣᠬᠢᠷᠠᠭᠤᠯᠤᠭᠳᠠᠭᠰᠠᠨ ᠺᠠᠳ᠋ᠷ ᠢ ᠬᠠᠯᠠᠮᠵᠢᠯᠠᠨ ᠬᠠᠪᠰᠤᠷᠴᠤ᠂ ᠲᠡᠭᠦᠨ ᠤ | ᠦᠵᠡᠯ ᠰᠠᠨᠠᠭ᠎ᠠ᠂ ᠠᠵᠢᠯ᠂ ᠠᠮᠢᠳᠤᠷᠠᠯ ᠵᠡᠷᠭᠡ ᠲᠠᠯ᠎ᠠ ᠶᠢᠨ ᠪᠠᠶᠢᠳᠠᠯ ᠢ ᠴᠠᠭ ᠲᠤᠬᠠᠢ ᠳᠤᠨᠢ ᠮᠥᠷᠳᠡᠨ ᠣᠶᠢᠯᠠᠭᠠᠵᠤ᠂ | ᠰᠡᠳᠬᠢᠯ ᠤᠨ ᠦᠭᠡ ᠪᠠᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠲᠡᠳᠡᠨ ᠢ ᠬᠠᠪᠰᠤᠷᠤᠨ ᠡᠷᠡᠭᠡᠯᠵᠡᠯ ᠢ ᠨᠢ ᠲᠠᠶᠢᠯᠵᠤ | ᠂ ᠳᠠᠷᠤᠭᠠᠰᠤ ᠶᠢ ᠨᠢ ᠬᠥᠩᠭᠡᠯᠡᠨ᠂ ᠰᠤᠷᠭᠠᠮᠵᠢ ᠬᠦᠷᠲᠡᠭᠡᠵᠦ᠂ ᠰᠠᠶᠢᠵᠢᠷᠠᠭᠤᠯᠤᠨ ᠳᠡᠭᠡᠭᠰᠢᠯᠡᠭᠦᠯᠪᠡᠯ ᠵᠣᠬᠢᠨ᠎ᠠ᠃ | ᠬᠤᠷᠢᠨ ᠨᠠᠢᠮᠠᠳᠤᠭᠠᠷ ᠵᠦᠢᠯ ᠲᠣᠬᠢᠷᠠᠭᠤᠯᠤᠭᠳᠠᠭᠰᠠᠨ ᠺᠠᠳ᠋ᠷᠴᠤᠳ ᠲᠤ ᠰᠤᠷᠭᠠᠨ ᠬᠥᠮᠥᠵᠢᠭᠦᠯᠵᠦ | ᠪᠤᠯᠪᠠᠰᠤᠷᠠᠭᠤᠯᠬᠤ ᠠᠵᠢᠯ ᠢ ᠬᠠᠨᠳᠤᠯᠭᠠᠲᠤ ᠴᠢᠨᠠᠷᠲᠠᠢ ᠪᠠᠷ ᠰᠠᠶᠢᠲᠤᠷ ᠬᠢᠵᠦ᠂ ᠲᠡᠳᠡᠨ ᠢ ᠬᠠᠪᠰᠤᠷᠤᠨ ᠮᠡᠳᠡᠯᠭᠡ ᠶᠢᠨ | ᠪᠠᠭᠤᠷᠠᠢ ᠲᠠᠯ᠎ᠠ᠂ ᠴᠢᠳᠠᠪᠤᠷᠢ ᠶᠢᠨ ᠳᠤᠲᠠᠭᠤᠳᠠᠯ᠂ ᠲᠤᠷᠰᠢᠯᠭ᠎ᠠ ᠶᠢᠨ ᠪᠠᠯᠠᠢ ᠣᠷᠣᠨ ᠢ ᠨᠢ ᠨᠥᠬᠦᠪᠦᠷᠢᠯᠡᠵᠦ᠂ | ᠴᠢᠳᠠᠪᠤᠷᠢ ᠶᠢᠨ ᠲᠦᠪᠰᠢᠨ ᠢ ᠨᠢ ᠳᠡᠭᠡᠭᠰᠢᠯᠡᠭᠦᠯᠪᠡᠯ ᠵᠣᠬᠢᠨ᠎ᠠ᠃ | ᠬᠤᠷᠢ ᠶᠢᠰᠦᠳᠦᠭᠡᠷ ᠵᠦᠢᠯ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠵᠢᠴᠢ ᠲᠡᠭᠦᠨ ᠤ | ᠵᠣᠬᠢᠶᠠᠨ ᠪᠠᠶᠢᠭᠤᠯᠬᠤ ︵ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ ᠨᠢ ᠲᠣᠬᠢᠷᠠᠭᠤᠯᠤᠭᠳᠠᠭᠰᠠᠨ ᠺᠠᠳ᠋ᠷ ᠤᠨ ᠡᠳᠦᠷ | ᠲᠤᠳᠤᠮ ᠤᠨ ᠬᠠᠮᠢᠶᠠᠷᠤᠯᠲᠠ ᠬᠢᠨᠠᠯᠲᠠ ᠶᠢ ᠴᠢᠩᠭᠠᠳᠬᠠᠵᠤ᠂ ᠺᠠᠳ᠋ᠷ ᠤᠨ ᠬᠤᠪᠢ ᠬᠥᠮᠥᠨ ᠤ ᠪᠠᠶᠢᠳᠠᠯ ᠢ | ᠦᠨᠳᠦᠰᠦᠯᠡᠨ᠂ ᠲᠣᠭᠲᠠᠭᠠᠯ ᠶᠣᠰᠣᠭᠠᠷ ᠠᠵᠢᠯ ᠢᠶᠠᠨ ᠵᠦᠢ ᠵᠣᠬᠢᠰᠲᠠᠢ ᠲᠣᠬᠢᠷᠠᠭᠤᠯᠬᠤ ᠪᠥᠭᠡᠳ ᠤᠨᠤᠯ | ᠰᠤᠷᠤᠯᠴᠠᠬᠤ᠂ ᠠᠵᠢᠯ ᠤᠨ ᠪᠠᠶᠢᠷᠢ ᠳᠠᠭᠠᠨ ᠵᠣᠬᠢᠴᠠᠬᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠴᠢᠬᠡᠴᠢ | ᠵᠠᠰᠠᠭ ᠤᠨ ᠪᠠᠶᠢᠭᠤᠯᠤᠯᠲᠠ ᠵᠡᠷᠭᠡ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠪᠠᠯ ᠵᠣᠬᠢᠨ᠎ᠠ᠃ | ᠭᠤᠴᠢᠳᠤᠭᠠᠷ ᠵᠦᠢᠯ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠵᠢᠴᠢ ᠲᠡᠭᠦᠨ ᠤ | ᠵᠣᠬᠢᠶᠠᠨ ᠪᠠᠶᠢᠭᠤᠯᠬᠤ ︵ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ ᠨᠢ ᠲᠣᠬᠢᠷᠠᠭᠤᠯᠤᠭᠳᠠᠭᠰᠠᠨ ᠺᠠᠳ᠋ᠷ ᠢ ᠬᠢᠨᠠᠨ | ᠰᠢᠯᠭᠠᠵᠤ ᠰᠢᠯᠭᠠᠨ ᠪᠠᠶᠢᠴᠠᠭᠠᠬᠤ ᠪᠠ ᠵᠠᠳᠠᠯᠤᠨ ᠦᠨᠡᠯᠡᠭᠦ ᠠᠵᠢᠯ ᠢ ᠴᠢᠩᠭᠠᠳᠬᠠᠵᠤ᠂ ᠲᠣᠬᠢᠷᠠᠭᠤᠯᠤᠭᠳᠠᠭᠰᠠᠨ ᠤ | ᠳᠠᠷᠠᠭᠠᠬᠢ ᠺᠠᠳ᠋ᠷ ᠤᠨ ᠦᠵᠡᠯ ᠰᠠᠨᠠᠭᠠᠨ ᠤ ᠪᠠᠶᠢᠳᠠᠯ᠂ ᠪᠣᠳᠠᠲᠤ ᠢᠯᠡᠷᠡᠯ᠂ ᠠᠵᠢᠯ ᠤᠨ ᠠᠮᠵᠢᠯᠲᠠ ᠪᠦᠲᠦᠮᠵᠢ ᠪᠠ | ᠤᠯᠠᠨ ᠲᠦᠮᠡᠨ ᠤ ᠲᠤᠰᠬᠠᠯ ᠵᠡᠷᠭᠡ ᠶᠢ ᠭᠤᠣᠯᠳᠠᠯᠭ᠎ᠠ ᠲᠠᠢ ᠣᠶᠢᠯᠠᠭᠠᠪᠠᠯ ᠵᠣᠬᠢᠨ᠎ᠠ᠃ ᠠᠵᠢᠯ ᠤᠨ ᠬᠡᠷᠡᠭᠴᠡᠭᠡ ᠪᠠᠨ | ᠦᠨᠳᠦᠰᠦᠯᠡᠨ᠂ ᠬᠢᠨᠠᠮᠠᠭᠠᠢ ᠪᠠᠷ ᠰᠤᠷᠭᠠᠮᠵᠢ ᠠᠪᠴᠤ᠂ ᠢᠳᠡᠪᠬᠢᠲᠡᠢ ᠪᠠᠷ ᠴᠢᠷᠮᠠᠶᠢᠨ ᠠᠵᠢᠯᠯᠠᠵᠤ᠂ ᠮᠣᠷᠠᠯ | ᠴᠢᠳᠠᠪᠤᠷᠢ ᠶᠢᠨ ᠢᠯᠡᠷᠡᠯ ᠪᠣᠯᠣᠨ ᠠᠵᠢᠯ ᠤᠨ ᠪᠣᠳᠠᠲᠤ ᠠᠮᠵᠢᠯᠲᠠ ᠪᠠᠷ ᠲᠣᠪᠣᠶᠢᠮ᠎ᠠ ᠮᠥᠷᠲᠡᠭᠡᠨ ᠬᠢᠨᠠᠨ ᠪᠠᠶᠢᠴᠠᠭᠠᠭᠠᠳ | ᠲᠤᠰᠢᠶᠠᠯ ᠬᠠᠷᠢᠭᠤᠴᠠᠬᠤ ᠨᠥᠬᠦᠴᠡᠯ ᠳᠤ ᠨᠡᠶᠢᠴᠡᠭᠰᠡᠨ ᠪᠣᠯ ᠤᠯᠠᠮ ᠴᠢᠨᠠᠭᠰᠢᠳᠠ ᠬᠡᠷᠡᠭᠯᠡᠬᠦ᠂ ᠲᠤᠰᠢᠶᠠᠯ ᠤᠨ ᠳᠡᠰ ᠢ | ᠨᠢ ᠲᠡᠭᠡᠭᠰᠢᠯᠡᠭᠦᠯᠭᠦ ᠪᠤᠶᠤ ᠲᠤᠰᠢᠶᠠᠯ ᠳᠡᠪᠰᠢᠭᠦᠯᠵᠦ ᠪᠣᠯᠣᠨ᠎ᠠ᠃ ᠬᠢᠨᠠᠨ ᠰᠢᠯᠭᠠᠵᠤ ᠰᠢᠨᠵᠢᠯᠡᠨ ᠪᠠᠶᠢᠴᠠᠭᠠᠬᠤ ᠳᠤ | ᠣᠷᠣᠰᠢᠵᠤ ᠪᠠᠶᠢᠭ᠎ᠠ ᠠᠰᠠᠭᠤᠳᠠᠯ ᠢ ᠢᠯᠡᠷᠡᠭᠦᠯᠪᠡᠯ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ | ᠶᠣᠰᠣᠭᠠᠷ ᠴᠢᠩᠭ᠎ᠠ ᠰᠢᠢᠳᠪᠦᠷᠢᠯᠡᠨ᠎ᠡ᠃ | ᠳᠣᠯᠣᠳᠤᠭᠠᠷ ᠪᠦᠯᠦᠭ ᠠᠵᠢᠯ ᠤᠨ ᠬᠠᠷᠢᠭᠤᠴᠠᠯᠭ᠎ᠠ | ᠭᠤᠴᠢᠨ ᠨᠢᠭᠡᠳᠦᠭᠡᠷ ᠵᠦᠢᠯ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠳᠤᠷᠢᠳᠬᠤ | ᠺᠠᠳ᠋ᠷ ᠤᠨ ᠳᠠᠪᠰᠢᠵᠤ ᠪᠠᠭᠤᠵᠤ ᠪᠦᠷ ᠪᠤᠯᠬᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠷᠢᠨᠰᠢᠭᠦᠯᠦᠨ | ᠠᠬᠢᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠪᠡᠯ ᠵᠣᠬᠢᠨ᠎ᠠ᠃ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠶᠢᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠵᠦ᠂ ᠲᠦᠷᠦᠭᠦᠯᠡᠨ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠠᠷᠴᠢᠮ ᠢ ᠪᠠᠷᠢᠮᠲᠠᠯᠠᠵᠤ᠂ | ᠵᠣᠷᠢᠭᠲᠠᠢ ᠬᠠᠷᠢᠭᠤᠴᠠᠵᠤ᠂ ᠺᠠᠳ᠋ᠷ ᠤᠨ ᠳᠠᠪᠰᠢᠵᠤ ᠪᠠᠭᠤᠵᠤ ᠪᠦᠷ ᠪᠤᠯᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠪᠠᠲᠤᠲᠠᠢ ᠠᠬᠢᠭᠤᠯᠪᠠᠯ ᠵᠣᠬᠢᠨ᠎ᠠ᠃ ᠵᠣᠬᠢᠶᠠᠨ ᠪᠠᠶᠢᠭᠤᠯᠬᠤ ︵ᠠᠵᠢᠯᠲᠠᠨ ᠤ ᠶᠠᠪᠤᠳᠠᠯ︶ | ᠰᠠᠯᠠᠭ᠎ᠠ ᠮᠥᠴᠢᠷ ᠤᠳ ᠡᠳᠦᠷ ᠲᠤᠲᠤᠮ ᠤᠨ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ᠂ ᠬᠠᠮᠢᠶᠠᠷᠴᠤ | ᠬᠢᠨᠠᠯᠲᠠ ᠲᠠᠯᠪᠢᠬᠤ᠂ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠵᠡᠷᠭᠡ ᠠᠵᠢᠯ ᠲᠠᠢ ᠤᠶᠠᠯᠳᠤᠭᠤᠯᠤᠨ᠂ | ᠪᠣᠳᠠᠲᠠᠢ ᠠᠵᠢᠯ ᠤᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠺᠠᠳ᠋ᠷ ᠤᠨ ᠳᠠᠪᠰᠢᠵᠤ ᠪᠠᠭᠤᠵᠤ ᠪᠦᠷ | ᠪᠤᠯᠬᠤ ᠶᠢ ᠪᠠᠶᠢᠩᠭᠤᠵᠢᠭᠤᠯᠬᠤ ᠶᠢ ᠠᠬᠢᠭᠤᠯᠪᠠᠯ ᠵᠣᠬᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠲᠤᠰ | ᠨᠠᠷᠢᠨ ᠳᠦᠷᠢᠮ ᠤᠨ ᠲᠣᠭᠲᠠᠭᠠᠯ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠤᠨ ᠳᠤᠮᠳᠠ | ᠡᠵᠡᠮᠰᠢᠭᠰᠡᠨ ᠺᠠᠳ᠋ᠷ ᠤᠨ ᠣᠲᠣ ᠶᠢᠨ ᠲᠤᠰᠢᠶᠠᠯ ᠢ ᠡᠭᠦᠷᠭᠡᠯᠡᠬᠦ ᠳᠤ ᠲᠣᠬᠢᠷᠠᠬᠤ ᠦᠭᠡᠢ ᠪᠠᠶᠢᠳᠠᠯ ᠢ ᠠᠩᠬᠠᠷᠤᠨ | ᠢᠯᠡᠷᠡᠭᠦᠯᠵᠦ᠂ ᠴᠠᠭ ᠲᠤᠬᠠᠢ ᠳᠤᠨᠢ ᠮᠡᠳᠡᠭᠦᠯᠵᠦ᠂ ᠨᠠᠷᠢᠨ ᠬᠢᠨᠠᠮᠠᠭᠠᠢ ᠬᠠᠷᠢᠭᠤᠴᠠᠵᠤ ᠰᠠᠨᠠᠯ ᠰᠠᠨᠠᠭᠤᠯᠭ᠎ᠠ ᠳᠤᠷᠠᠳᠪᠠᠯ | ᠵᠣᠬᠢᠨ᠎ᠠ᠃ | ᠭᠤᠴᠢᠨ ᠬᠤᠶᠠᠳᠤᠭᠠᠷ ᠵᠦᠢᠯ ᠵᠣᠬᠢᠶᠠᠨ ᠪᠠᠶᠢᠭᠤᠯᠬᠤ ︵ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ | ᠺᠠᠳ᠋ᠷ ᠤᠨ ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠢ ᠦᠨᠳᠦᠰᠦᠯᠡᠨ᠂ ︽ᠬᠡᠨ ᠰᠢᠢᠳᠪᠦᠷᠢᠯᠡᠪᠡᠯ ᠬᠡᠨ ᠦᠨᠡᠨ | ᠪᠠᠶᠢᠳᠠᠯ ᠤᠨ ᠲᠡᠮᠳᠡᠭᠯᠡᠯ ᠬᠢᠬᠦ︾ ᠵᠠᠷᠴᠢᠮ ᠶᠣᠰᠣᠭᠠᠷ᠂ ᠣᠲᠣ ᠶᠢᠨ ᠲᠤᠰᠢᠶᠠᠯ ᠢ ᠡᠭᠦᠷᠭᠡᠯᠡᠬᠦ ᠳᠤ ᠲᠣᠬᠢᠷᠠᠬᠤ ᠦᠭᠡᠢ | ᠺᠠᠳ᠋ᠷ ᠢ ᠲᠣᠬᠢᠷᠠᠭᠤᠯᠬᠤ ᠰᠢᠯᠲᠠᠭᠠᠨ᠂ ᠲᠣᠬᠢᠷᠠᠭᠤᠯᠬᠤ ᠦᠨᠳᠦᠰᠦᠯᠡᠯ᠂ ᠲᠣᠬᠢᠷᠠᠭᠤᠯᠬᠤ ᠲᠡᠰ ᠳᠠᠷᠠᠭᠠᠯᠠᠯ᠂ | ᠲᠣᠬᠢᠷᠠᠭᠤᠯᠬᠤ ᠠᠷᠭ᠎ᠠ ᠮᠠᠶ᠋ᠢᠭ ᠪᠠ ᠵᠠᠯᠭᠠᠮᠵᠢ ᠬᠠᠮᠢᠶᠠᠷᠤᠯᠲᠠ ᠵᠡᠷᠭᠡ ᠶᠢᠨ ᠦᠨᠡᠨ ᠪᠠᠶᠢᠳᠠᠯ ᠢ ᠲᠡᠮᠳᠡᠭᠯᠡᠬᠦ ᠶᠢᠨ ᠬᠠᠮᠲᠤ | ᠵᠢᠯ ᠪᠦᠷᠢ ᠶᠢᠨ 1 ᠰᠠᠷ᠎ᠠ ᠶᠢᠨ ᠰᠡᠭᠦᠯᠴᠢ ᠠᠴᠠ ᠡᠮᠦᠨ᠎ᠡ ᠳᠡᠭᠡᠷ᠎ᠡ ᠨᠢᠭᠡ ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ | ᠮᠥᠴᠢᠷ ᠲᠤ ᠳᠡᠭᠡᠷ᠎ᠡ ᠵᠢᠯ ᠤᠨ ᠬᠤᠯᠪᠣᠭᠳᠠᠯ ᠪᠦᠬᠦᠢ ᠪᠠᠶᠢᠳᠠᠯ ᠢ ᠮᠡᠳᠡᠭᠦᠯᠦᠨ ᠳᠠᠩᠰᠠᠯᠠᠭᠤᠯᠪᠠᠯ ᠵᠣᠬᠢᠨ᠎ᠠ᠃ | ᠭᠤᠴᠢᠨ ᠭᠤᠷᠪᠠᠳᠤᠭᠠᠷ ᠵᠦᠢᠯ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠵᠢᠴᠢ | ᠲᠡᠭᠦᠨ ᠤ ᠵᠣᠬᠢᠶᠠᠨ ᠪᠠᠶᠢᠭᠤᠯᠬᠤ ︵ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ ᠤᠳᠤᠷᠢᠳᠬᠤ ᠺᠠᠳ᠋ᠷ ᠤᠨ ᠳᠠᠪᠰᠢᠵᠤ | ᠪᠠᠭᠤᠵᠤ ᠪᠦᠷ ᠪᠤᠯᠬᠤ ᠠᠵᠢᠯ ᠢ ᠠᠬᠢᠭᠤᠯᠬᠤ ᠳᠤ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠪᠣᠳᠠᠲᠠᠢ ᠠᠴᠠ | ᠡᠭᠦᠰᠭᠦ ᠶᠢ ᠪᠠᠷᠢᠮᠲᠠᠯᠠᠵᠤ᠂ ᠠᠷᠭ᠎ᠠ ᠭᠡᠯᠪᠡᠷᠢ ᠶᠢ ᠴᠢᠬᠤᠯᠠᠴᠢᠯᠠᠵᠤ᠂ ᠱᠠᠲᠤ ᠱᠠᠲᠤ ᠪᠠᠷ ᠡᠭᠦᠷᠭᠡ ᠨᠡᠮᠡᠭᠦ᠂ ᠲᠤᠭ᠎ᠠ ᠶᠢ | ᠬᠥᠭᠡᠭᠡᠴᠡᠯᠳᠦᠬᠦ ᠶᠢ ᠰᠡᠷᠭᠡᠶᠢᠯᠡᠵᠦ᠂ ᠰᠠᠶᠢᠮᠰᠤᠷᠠᠬᠤ ᠦᠵᠡᠯ ᠢ ᠶᠠᠪᠤᠭᠳᠠᠭᠤᠯᠵᠤ ᠪᠤᠯᠬᠤ ᠦᠭᠡᠢ᠂ ᠬᠦᠨᠳᠦ ᠠᠴᠠ | ᠵᠠᠶᠢᠯᠠᠵᠤ ᠬᠥᠩᠭᠡᠨ ᠢ ᠡᠷᠢᠵᠦ ᠪᠤᠯᠬᠤ ᠦᠭᠡᠢ᠂ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠢᠳᠬᠡᠯ ᠢᠶᠠᠷ | ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠠᠴᠠ ᠵᠠᠶᠢᠯᠠᠬᠤ ᠪᠤᠶᠤ ᠵᠣᠬᠢᠶᠠᠨ ᠪᠠᠶᠢᠭᠤᠯᠤᠯᠲᠠ ᠶᠢᠨ | ᠲᠣᠬᠢᠷᠠᠭᠤᠯᠤᠯᠲᠠ ᠪᠠᠷ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠢᠳᠬᠡᠯ ᠢ ᠣᠷᠣᠯᠠᠭᠤᠯᠵᠤ ᠪᠤᠯᠬᠤ | ᠦᠭᠡᠢ᠂ ᠵᠠᠪᠰᠢᠶᠠᠨ ᠢ ᠳᠠᠯᠢᠮᠳᠠᠭᠤᠯᠤᠨ ᠴᠣᠬᠢᠯᠲᠠ ᠥᠭᠴᠦ ᠬᠠᠷᠢᠭᠤ ᠠᠪᠴᠤ ᠪᠤᠯᠬᠤ ᠦᠭᠡᠢ᠂ ᠦᠢᠯᠡᠳᠦᠯᠭᠡ ᠪᠠ | ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠭᠦ ᠶᠢ ᠦᠨᠡᠨ ᠬᠦ ᠪᠠᠲᠤᠯᠠᠪᠠᠯ ᠵᠣᠬᠢᠨ᠎ᠠ᠃ | ᠭᠤᠴᠢᠨ ᠳᠥᠷᠪᠡᠳᠦᠭᠡᠷ ᠵᠦᠢᠯ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠢ ᠶᠠᠷᠢᠶ᠎ᠠ | ᠬᠡᠯᠡᠯᠴᠡᠭᠡᠨ ᠤ ᠤᠬᠠᠭᠤᠯᠭ᠎ᠠ ᠪᠠ ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠠᠨ ᠴᠢᠩᠭᠠᠳᠬᠠᠵᠤ᠂ ᠥᠷᠭᠡᠨ | ᠤᠯᠠᠨ ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠺᠠᠳ᠋ᠷ ᠤᠨ ᠲᠦᠷᠦ ᠶᠢᠨ | ᠪᠣᠳᠣᠯᠭ᠎ᠠ ᠶᠢ ᠵᠥᠪ ᠣᠶᠢᠯᠠᠭᠠᠭᠤᠯᠵᠤ᠂ ᠺᠠᠳ᠋ᠷ ᠢ ᠲᠡᠪᠰᠢᠭᠦᠯᠭᠦ ᠪᠠ ᠺᠠᠳ᠋ᠷ ᠢ ᠪᠠᠭᠤᠯᠭᠠᠬᠤ ᠳᠤ ᠣᠶᠤᠨᠴᠢ ᠪᠠᠷ | ᠬᠠᠨᠳᠤᠵᠤ᠂ ᠤᠳᠤᠷᠢᠳᠬᠤ ᠺᠠᠳ᠋ᠷ ᠤᠨ ᠳᠠᠪᠰᠢᠵᠤ ᠪᠠᠭᠤᠵᠤ ᠪᠦᠷ ᠪᠤᠯᠬᠤ ᠰᠠᠶᠢᠨ ᠰᠠᠶᠢᠬᠠᠨ ᠠᠭᠤᠷ ᠠᠮᠢᠰᠬᠤᠯ ᠢ | ᠢᠳᠡᠪᠬᠢᠲᠡᠢ ᠪᠤᠢ ᠪᠣᠯᠭᠠᠪᠠᠯ ᠵᠣᠬᠢᠨ᠎ᠠ᠃ | ᠭᠤᠴᠢᠨ ᠲᠠᠪᠤᠳᠤᠭᠠᠷ ᠵᠦᠢᠯ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ | ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠲᠤᠰ ᠨᠠᠷᠢᠨ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠢ | ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠭᠤᠣᠯ ᠴᠣᠭᠴᠠ ᠶᠢᠨ ᠬᠠᠷᠢᠭᠤᠴᠠᠯᠭ᠎ᠠ᠂ ︽ᠨᠢᠭᠡ ᠮᠡᠳᠡᠭᠦᠯᠦᠯᠲᠡ ᠬᠤᠶᠠᠷ ᠦᠨᠡᠯᠡᠯᠲᠡ︾᠂ ᠲᠣᠭᠤᠷᠢᠨ | ᠪᠠᠶᠢᠴᠠᠭᠠᠬᠤ ᠴᠠᠭᠳᠠᠨ ᠪᠠᠶᠢᠴᠠᠭᠠᠬᠤ᠂ ᠬᠥᠮᠥᠨ ᠰᠣᠩᠭᠤᠵᠤ ᠬᠥᠮᠥᠨ ᠬᠡᠷᠡᠭᠯᠡᠬᠦ ᠲᠤᠰᠬᠠᠢ ᠪᠠᠶᠢᠴᠠᠭᠠᠯᠲᠠ ᠵᠡᠷᠭᠡ | ᠠᠭᠤᠯᠭ᠎ᠠ ᠳᠤ ᠣᠷᠣᠭᠤᠯᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠶᠢᠨ | ᠣᠨ ᠤ ᠬᠢᠨᠠᠨ ᠰᠢᠯᠭᠠᠯᠲᠠ ᠶᠢᠨ ᠲᠤᠰᠢᠶᠠᠯ ᠤᠨ ᠮᠡᠳᠡᠭᠦᠯᠦᠯᠲᠡ ᠬᠢᠬᠦ ᠠᠭᠤᠯᠭ᠎ᠠ ᠳᠤ ᠣᠷᠣᠭᠤᠯᠪᠠᠯ ᠵᠣᠬᠢᠨ᠎ᠠ᠃ | ᠭᠤᠴᠢᠨ ᠵᠢᠷᠭᠤᠳᠤᠭᠠᠷ ᠵᠦᠢᠯ ᠺᠠᠳ᠋ᠷ ᠤᠨ ᠳᠠᠪᠰᠢᠵᠤ ᠪᠠᠭᠤᠵᠤ ᠪᠦᠷ ᠪᠤᠯᠬᠤ ᠠᠵᠢᠯ ᠢ ᠠᠬᠢᠭᠤᠯᠬᠤ ᠳᠤ | ᠬᠠᠷᠢᠭᠤᠴᠠᠯᠭ᠎ᠠ ᠪᠠᠨ ᠬᠦᠨᠳᠦ ᠨᠣᠴᠢᠲᠠᠢ ᠠᠯᠳᠠᠭᠰᠠᠨ᠂ ᠡᠰᠡᠬᠦᠯ᠎ᠡ ᠬᠤᠯᠪᠣᠭᠳᠠᠯ ᠪᠦᠬᠦᠢ ᠠᠵᠢᠯ ᠤᠨ ᠰᠠᠬᠢᠯᠭ᠎ᠠ | ᠪᠠᠲᠤ ᠶᠢᠨ ᠱᠠᠭᠠᠷᠳᠠᠯᠭ᠎ᠠ ᠶᠢ ᠵᠥᠷᠢᠴᠡᠭᠰᠡᠨ ᠪᠠᠶᠢᠪᠠᠯ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ | ᠵᠢᠴᠢ ᠲᠡᠭᠦᠨ ᠤ ᠵᠣᠬᠢᠶᠠᠨ ᠪᠠᠶᠢᠭᠤᠯᠬᠤ ︵ᠠᠵᠢᠯᠲᠠᠨ ᠤ ᠶᠠᠪᠤᠳᠠᠯ︶ ᠰᠠᠯᠠᠭ᠎ᠠ ᠮᠥᠴᠢᠷ᠂ ᠬᠤᠯᠪᠣᠭᠳᠠᠯ ᠪᠦᠬᠦᠢ | ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠠ ᠬᠤᠯᠪᠣᠭᠳᠠᠯ ᠪᠦᠬᠦᠢ ᠤᠳᠤᠷᠢᠳᠬᠤ | ᠪᠦᠷᠢᠯᠳᠦᠭᠦᠨ᠂ ᠰᠢᠭᠤᠳ ᠬᠠᠷᠢᠭᠤᠴᠠᠯᠭ᠎ᠠ ᠲᠠᠢ ᠬᠥᠮᠥᠨ ᠠᠴᠠ ᠬᠠᠷᠢᠭᠤᠴᠠᠯᠭ᠎ᠠ ᠨᠡᠬᠡᠮᠵᠢᠯᠡᠪᠡᠯ ᠵᠣᠬᠢᠨ᠎ᠠ᠃ | ᠨᠠᠢᠮᠠᠳᠤᠭᠠᠷ ᠪᠦᠯᠦᠭ ᠳᠠᠭᠠᠯᠳᠤᠭᠤᠯᠤᠯ ᠳᠦᠷᠢᠮ | ᠭᠤᠴᠢᠨ ᠳᠣᠯᠣᠳᠤᠭᠠᠷ ᠵᠦᠢᠯ ᠲᠤᠰ ᠨᠠᠷᠢᠨ ᠳᠦᠷᠢᠮ ᠤᠨ ᠲᠠᠶᠢᠯᠪᠤᠷᠢᠯᠠᠯᠲᠠ ᠶᠢᠨ ᠪᠣᠳᠠᠲᠠᠢ ᠰᠢᠢᠳᠪᠦᠷᠢᠯᠡᠬᠦ | ᠠᠵᠢᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠠᠴᠠ | ᠬᠠᠷᠢᠭᠤᠴᠠᠨ᠎ᠠ᠃ | ᠭᠤᠴᠢᠨ ᠨᠠᠢᠮᠠᠳᠤᠭᠠᠷ ᠵᠦᠢᠯ ᠲᠤᠰ ᠨᠠᠷᠢᠨ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ | ᠃ 2016 ᠣᠨ ᠤ 2 ᠰᠠᠷ᠎ᠠ ᠶᠢᠨ 17 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠣᠪᠣᠷ ᠰᠤᠷᠲᠠᠯ ᠨᠢ ᠴᠢᠩᠭ᠎ᠠ ᠪᠤᠰᠤ | ᠪᠣᠳᠠᠲᠠᠢ ᠪᠤᠰᠤ ᠤᠳᠤᠷᠢᠳᠬᠤ ᠺᠠᠳ᠋ᠷ ᠲᠠᠢ ᠶᠠᠷᠢᠯᠴᠠᠵᠤ ᠰᠡᠷᠡᠮᠵᠢᠯᠡᠭᠦᠯᠦᠨ ᠴᠡᠭᠡᠷᠯᠡᠭᠦᠯᠬᠦ ᠲᠤᠬᠠᠢ ᠲᠦᠷ ᠬᠡᠷᠡᠭᠵᠢᠭᠦᠯᠬᠦ | ᠠᠷᠭ᠎ᠠ︾᠂ ︽ᠠᠵᠢᠯ ᠳᠠᠭᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠤᠳᠤᠷᠢᠳᠬᠤ ᠺᠠᠳ᠋ᠷ ᠢ | ᠠᠵᠢᠯ ᠤᠨ ᠪᠠᠶᠢᠷᠢ ᠠᠴᠠ ᠨᠢ ᠰᠠᠯᠭᠠᠵᠤ ᠪᠤᠯᠪᠠᠰᠤᠷᠠᠭᠤᠯᠬᠤ ᠲᠤᠬᠠᠢ ᠲᠦᠷ ᠬᠡᠷᠡᠭᠵᠢᠭᠦᠯᠬᠦ ᠠᠷᠭ᠎ᠠ︾ ᠪᠠ ︽ᠣᠲᠣ | ᠶᠢᠨ ᠲᠤᠰᠢᠶᠠᠯ ᠢ ᠡᠭᠦᠷᠭᠡᠯᠡᠬᠦ ᠳᠤ ᠲᠣᠬᠢᠷᠠᠬᠤ ᠦᠭᠡᠢ ᠤᠳᠤᠷᠢᠳᠬᠤ ᠺᠠᠳ᠋ᠷ ᠲᠤ ᠵᠣᠬᠢᠶᠠᠨ ᠪᠠᠶᠢᠭᠤᠯᠤᠯᠲᠠ ᠶᠢᠨ | ᠲᠣᠬᠢᠷᠠᠭᠤᠯᠤᠯᠲᠠ ᠬᠢᠬᠦ ᠲᠤᠬᠠᠢ ᠲᠦᠷ ᠬᠡᠷᠡᠭᠵᠢᠭᠦᠯᠬᠦ ᠠᠷᠭ᠎ᠠ︾ ᠶᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠃ |