10 ᠰᠠᠯᠠᠭ᠎ᠠ ᠮᠥᠴᠢᠷ ᠬᠠᠮᠲᠤᠷᠠᠨ ︽2023 ᠣᠨ ᠤ ᠬᠠᠩᠰᠢ ᠶᠢᠨ ᠡᠳᠦᠷ ᠤᠨ ᠲᠠᠭᠢᠯᠭ᠎ᠠ ᠶᠢᠨ ᠠᠵᠢᠯ︾᠎ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/3/27
     ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠵᠡᠷᠭᠡ 10 ᠰᠠᠯᠠᠭ᠎ᠠ ᠮᠥᠴᠢᠷ ᠬᠠᠮᠲᠤᠷᠠᠨ ︽2023 ᠣᠨ ᠤ ᠬᠠᠩᠰᠢ ᠶᠢᠨ ᠡᠳᠦᠷ ᠤᠨ ᠲᠠᠭᠢᠯᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠲᠤᠬᠠᠢ ᠲᠥᠰᠥᠯ︾᠎ ᠢ ᠳᠠᠷᠤᠮᠠᠯᠯᠠᠨ ᠲᠠᠷᠬᠠᠭᠠᠵᠤ᠂ 2023 ᠣᠨ ᠤ ᠬᠠᠩᠰᠢ ᠶᠢᠨ ᠡᠳᠦᠷ ᠤᠨ ᠲᠠᠭᠢᠯᠭ᠎ᠠ ᠶᠢᠨ ᠦᠢᠯᠡᠴᠢᠯᠡᠭᠡ ᠪᠠᠲᠤᠯᠠᠭ᠎ᠠ ᠶᠢᠨ ᠠᠵᠢᠯ ᠳᠤ ᠱᠠᠭᠠᠷᠳᠠᠯᠭ᠎ᠠ ᠳᠤᠷᠠᠳᠴᠤ ᠪᠠᠶᠢᠷᠢᠯᠠᠭᠤᠯᠤᠯᠲᠠ ᠬᠢᠪᠡ᠃      ᠮᠡᠳᠡᠭᠳᠡᠯ ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠨᠡ ᠵᠢᠯ ᠤᠨ ᠬᠠᠩᠰᠢ ᠶᠢᠨ ᠡᠳᠦᠷ ᠪᠣᠯ ︽ᠬᠥᠬᠡᠭᠴᠢᠨ ᠲᠦᠷᠦᠯ ᠤᠨ ᠬᠥᠬᠡᠭᠴᠢᠨ ᠲᠦᠷᠦᠯ ᠤᠨ ᠬᠠᠮᠢᠶᠠᠷᠤᠯᠲᠠ︾᠎ ᠶᠢ ᠬᠡᠷᠡᠭᠵᠢᠭᠦᠯᠦᠭᠰᠡᠨ ᠤ ᠳᠠᠷᠠᠭᠠᠬᠢ ᠠᠩᠬᠠᠳᠠᠭᠴᠢ ᠬᠠᠩᠰᠢ ᠶᠢᠨ ᠡᠳᠦᠷ ᠪᠤᠯᠬᠤ ᠶᠢ ᠭᠦᠢᠴᠡᠳ ᠲᠠᠨᠢᠵᠤ᠂ ᠥᠷᠭᠡᠨ ᠤᠯᠠᠨ ᠲᠦᠮᠡᠨ ᠤ ᠭᠠᠰᠢᠭᠤᠳᠠᠨ ᠲᠠᠭᠢᠬᠤ᠂ ᠲᠦᠷᠦᠯ ᠰᠠᠳᠤᠨ ᠢᠶᠠᠨ ᠰᠠᠨᠠᠭᠠᠯᠵᠠᠬᠤ ᠬᠡᠷᠡᠭᠴᠡᠭᠡ ᠨᠡᠯᠢᠶᠡᠳ ᠲᠥᠪᠯᠡᠷᠡᠩᠭᠦᠢ ᠤᠴᠢᠷ ᠠᠴᠠ ᠬᠠᠩᠰᠢ ᠶᠢᠨ ᠡᠳᠦᠷ ᠤᠨ ᠡᠯ᠎ᠡ ᠵᠦᠢᠯ ᠤᠨ ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠨ ᠠᠷᠢᠯᠭᠠᠬᠤ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠬᠢᠵᠦ᠂ ᠠᠷᠠᠳ ᠤᠯᠠᠨ ᠤ ᠲᠠᠭᠢᠯᠭ᠎ᠠ ᠶᠢᠨ ᠬᠡᠷᠡᠭᠴᠡᠭᠡ ᠶᠢ ᠪᠠᠲᠤᠯᠠᠬᠤ ᠬᠡᠷᠡᠭᠲᠡᠢ ᠭᠡᠵᠦ ᠲᠣᠳᠣᠷᠬᠠᠶᠢᠯᠠᠵᠠᠢ᠃      ᠡᠯ᠎ᠡ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠨᠢ ᠣᠯᠠᠨ ᠲᠦᠮᠡᠨ ᠤ ᠲᠠᠭᠢᠯᠭ᠎ᠠ ᠳᠤ ᠲᠥᠭᠦᠮ ᠦᠵᠡᠭᠦᠯᠵᠦ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠣᠩᠬᠤᠪᠴᠢ ᠶᠢ ᠨᠡᠮᠡᠵᠦ ᠲᠣᠬᠢᠷᠠᠭᠤᠯᠬᠤ᠂ ᠦᠢᠯᠡᠴᠢᠯᠡᠭᠡᠨ ᠤ ᠴᠠᠭ ᠢ ᠤᠷᠲᠤᠳᠬᠠᠬᠤ᠂ ᠦᠢᠯᠡᠴᠢᠯᠡᠭᠡᠨ ᠤ ᠲᠡᠰ ᠳᠠᠷᠠᠭᠠᠯᠠᠯ ᠢ ᠰᠢᠯᠢᠳᠡᠭᠵᠢᠭᠦᠯᠬᠦ᠂ ︽ᠢᠨᠲ᠋ᠧᠷ ᠰᠦᠯᠵᠢᠶ᠎ᠡ + ᠣᠷᠣᠰᠢᠭᠤᠯᠭ᠎ᠠ ᠶᠢᠨ ᠦᠢᠯᠡᠴᠢᠯᠡᠭᠡ︾᠎ ᠶᠢ ᠠᠬᠢᠭᠤᠯᠬᠤ᠂ ᠰᠦᠯᠵᠢᠶ᠎ᠡ ᠪᠠᠷ ᠲᠠᠭᠢᠯᠭ᠎ᠠ ᠬᠢᠬᠦ ᠵᠡᠷᠭᠡ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠥᠷᠥᠯ ᠵᠦᠢᠯ ᠢ ᠳᠡᠯᠭᠡᠷᠡᠭᠦᠯᠬᠦ᠂ ᠰᠠᠭᠠᠳ ᠦᠭᠡᠢ ᠨᠡᠪᠲᠡᠷᠡᠬᠦ ᠵᠠᠮ ᠭᠠᠷᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠩ ᠴᠢᠨᠠᠷ ᠰᠠᠶᠢᠲᠠᠢ᠂ ᠥᠨᠳᠥᠷ ᠪᠦᠲᠦᠮᠵᠢᠲᠡᠶ᠂ ᠳᠥᠭᠦᠮ ᠳᠥᠲᠡ᠂ ᠳᠣᠲᠣᠨᠣ ᠦᠢᠯᠡᠴᠢᠯᠡᠭᠡ ᠬᠠᠩᠭᠠᠨ᠎ᠠ᠃ ︽ᠰᠣᠷᠭᠤᠭ ᠴᠡᠴᠡᠭ ᠢᠶᠠᠷ ᠴᠠᠭᠠᠰᠤᠨ ᠵᠣᠭᠤᠰ ᠢ ᠣᠷᠣᠯᠠᠭᠤᠯᠬᠤ︾᠂ ︽ᠲᠣᠷᠭᠠᠨ ᠪᠦᠴᠡ ᠪᠠᠷ ᠭᠠᠰᠢᠭᠤᠳᠠᠯ ᠢᠶᠠᠨ ᠢᠯᠡᠳᠬᠡᠬᠦ︾ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠨ ᠲᠦᠮᠡᠨ ᠢ ᠬᠥᠲᠥᠯᠥᠨ ᠳᠠᠭᠠᠭᠤᠯᠵᠤ᠂ ᠰᠣᠩᠭᠤᠳᠠᠭ ᠨᠣᠮ ᠤᠩᠰᠢᠬᠤ ᠵᠡᠷᠭᠡ ᠠᠷᠭ᠎ᠠ ᠭᠡᠯᠪᠡᠷᠢ ᠪᠠᠷ ᠨᠥᠭᠴᠢᠭᠰᠡᠳ ᠢ ᠳᠤᠷᠠᠰᠤᠨ ᠰᠠᠨᠠᠭᠠᠯᠵᠠᠬᠤ ᠶᠢ ᠵᠣᠷᠢᠭᠵᠢᠭᠤᠯᠤᠨ᠎ᠠ᠃      ᠮᠡᠳᠡᠭᠳᠡᠯ ᠳᠤ᠂ ᠡᠯ᠎ᠡ ᠭᠠᠵᠠᠷ ᠤᠨ ᠬᠢᠨ ᠠᠮᠤᠷ ᠲᠦᠪᠰᠢᠨ ᠤ ᠭᠡᠮ ᠰᠣᠭᠤᠭ ᠢ ᠠᠷᠢᠯᠭᠠᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠦᠭᠦ ᠲᠠᠯ᠎ᠠ ᠪᠠᠷ ᠥᠷᠨᠢᠭᠦᠯᠬᠦ ᠬᠡᠷᠡᠭᠲᠡᠢ᠃ ᠲᠠᠭᠢᠯᠭ᠎ᠠ ᠶᠢᠨ ᠲᠠᠯᠠᠪᠤᠷ ᠵᠢᠴᠢ ᠡᠷᠭᠢᠨ ᠲᠣᠭᠤᠷᠢᠨ ᠤ ᠬᠥᠮᠥᠰ ᠤᠨ ᠭᠠᠷᠴᠤ ᠣᠷᠣᠬᠤ᠂ ᠵᠠᠮ ᠬᠠᠷᠢᠯᠴᠠᠭ᠎ᠠ ᠶᠢ ᠰᠢᠯᠤᠭᠤᠳᠬᠠᠬᠤ᠂ ᠭᠠᠯ ᠢ ᠰᠡᠷᠭᠡᠶᠢᠯᠡᠬᠦ ᠵᠡᠷᠭᠡ ᠠᠵᠢᠯ ᠢ ᠰᠠᠶᠢᠲᠤᠷ ᠬᠢᠵᠦ᠂ ᠲᠠᠭᠢᠯᠭ᠎ᠠ ᠶᠢᠨ ᠵᠣᠭᠤᠰ ᠲᠠᠭᠢᠯᠭ᠎ᠠ ᠶᠢᠨ ᠡᠳ᠋ ᠢ ᠬᠡᠭᠡᠷ᠎ᠡ ᠭᠠᠳᠠᠨ᠎ᠠ ᠰᠢᠲᠠᠭᠠᠬᠤ ᠶᠢ ᠴᠢᠩᠭ᠎ᠠ ᠴᠠᠭᠠᠵᠠᠯᠠᠵᠤ᠂ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠰᠣᠨᠢᠨ ᠮᠡᠳᠡᠭᠡᠨ ᠤ ᠷᠠᠳᠢᠣ᠋ ᠨᠡᠪᠲᠡᠷᠡᠭᠦᠯᠭᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号