ᠤᠯᠠᠭᠠᠨᠬᠠᠳᠠ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠷᠢᠭᠤ ᠲᠤᠰᠬᠠᠭᠰᠠᠨ ᠢ | ᠦᠨᠳᠦᠰᠦᠯᠡᠪᠡᠯ᠂ ᠬᠡᠰᠢᠭᠲᠡᠨ ᠬᠤᠰᠢᠭᠤᠨ ᠤ 1 ︱ 2 ᠳ᠋ᠤᠭᠠᠷ ᠰᠠᠷ᠎ᠠ ᠶᠢᠨ ᠭᠤᠣᠯ ᠪᠣᠯᠬᠤ ᠠᠵᠤ ᠠᠬᠤᠢ ᠶᠢᠨ | ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠳᠣᠣᠷᠠᠬᠢ ᠮᠡᠲᠦ᠄ | ᠠᠵᠤ ᠦᠢᠯᠡᠳᠪᠦᠷᠢ ᠶᠢᠨ ᠲᠠᠯ᠎ᠠ ᠪᠠᠷ᠄ 1—2 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠪᠥᠬᠦ ᠥᠷᠲᠡᠭ 23.3 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 13.6% ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 14.9% ᠪᠠᠷ ᠨᠡᠮᠡᠭᠳᠡᠪᠡ᠃ | ᠪᠡᠯᠡ ᠣᠷᠣᠭᠤᠯᠤᠯᠲᠠ ᠶᠢᠨ ᠲᠠᠯ᠎ᠠ ᠪᠠᠷ᠄ 1—2 ᠰᠠᠷ᠎ᠠ ᠳᠤ 500 ᠲᠦᠮᠡᠨ ᠲᠥᠭᠦᠷᠢᠭ ᠠᠴᠠ ᠳᠡᠭᠡᠭᠰᠢᠬᠢ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠡᠶᠢᠲᠡ 2.76 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 13.1% ᠪᠠᠷ ᠨᠡᠮᠡᠭᠳᠡᠪᠡ᠃ | ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠲᠠᠯ᠎ᠠ ᠪᠠᠷ᠄ 1—2 ᠰᠠᠷ᠎ᠠ ᠳᠤ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠪᠥᠬᠦ ᠲᠤᠭ᠎ᠠ 1.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 6.3% ᠪᠠᠷ ᠨᠡᠮᠡᠭᠳᠡᠪᠡ᠃ | |