ᠬᠡᠰᠢᠭᠲᠡᠨ ᠬᠤᠰᠢᠭᠤᠨ ᠤ 2023 ᠣᠨ ᠤ 1 —  2 ᠳ᠋ᠤᠭᠠᠷ ᠰᠠᠷ᠎ᠠ ᠶᠢᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2023/3/27
     ᠤᠯᠠᠭᠠᠨᠬᠠᠳᠠ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠷᠢᠭᠤ ᠲᠤᠰᠬᠠᠭᠰᠠᠨ ᠢ ᠦᠨᠳᠦᠰᠦᠯᠡᠪᠡᠯ᠂ ᠬᠡᠰᠢᠭᠲᠡᠨ ᠬᠤᠰᠢᠭᠤᠨ ᠤ 1 ︱ 2 ᠳ᠋ᠤᠭᠠᠷ ᠰᠠᠷ᠎ᠠ ᠶᠢᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠳᠣᠣᠷᠠᠬᠢ ᠮᠡᠲᠦ᠄      ᠠᠵᠤ ᠦᠢᠯᠡᠳᠪᠦᠷᠢ ᠶᠢᠨ ᠲᠠᠯ᠎ᠠ ᠪᠠᠷ᠄ 1—2 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠪᠥᠬᠦ ᠥᠷᠲᠡᠭ 23.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.6% ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 14.9% ᠪᠠᠷ ᠨᠡᠮᠡᠭᠳᠡᠪᠡ᠃      ᠪᠡᠯᠡ ᠣᠷᠣᠭᠤᠯᠤᠯᠲᠠ ᠶᠢᠨ ᠲᠠᠯ᠎ᠠ ᠪᠠᠷ᠄ 1—2 ᠰᠠᠷ᠎ᠠ ᠳᠤ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠡᠶᠢᠲᠡ 2.76 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 13.1% ᠪᠠᠷ ᠨᠡᠮᠡᠭᠳᠡᠪᠡ᠃ᠨᠡᠶᠢᠭᠡᠮ ᠤᠨ ᠬᠡᠷᠡᠭᠯᠡᠭᠡᠨ ᠤ ᠵᠦᠢᠯ ᠤᠨ      ᠵᠢᠵᠢᠭᠯᠡᠨ ᠬᠤᠳᠠᠯᠳᠤᠭᠰᠠᠨ ᠲᠠᠯ᠎ᠠ ᠪᠠᠷ᠄ 1—2 ᠰᠠᠷ᠎ᠠ ᠳᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 1.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 6.3% ᠪᠠᠷ ᠨᠡᠮᠡᠭᠳᠡᠪᠡ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号