ᠥᠪᠥᠷ ᠮᠣᠩᠭᠤᠯ ᠥᠨᠥ ᠵᠢᠯ 1.1 ᠲᠦᠮᠡᠨ ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠡᠯᠡᠳᠬᠡᠨ ᠪᠠᠶᠢᠭᠤᠯᠬᠤ ᠪᠠᠷ ᠲᠥᠯᠥᠪᠯᠡᠵᠦ ᠪᠠᠶᠢᠨ᠎ᠠ
ᠨᠡᠶᠢᠲᠡᠯᠡᠭᠰᠡᠨ ᠴᠠᠭ᠄
2023/3/3
     ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠥᠨᠥ ᠵᠢᠯ ᠪᠦᠬᠦ ᠣᠷᠣᠨ ᠳᠤ 1.1 ᠲᠦᠮᠡᠨ ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠡᠯᠡᠳᠬᠡᠨ ᠪᠠᠶᠢᠭᠤᠯᠵᠤ᠂ ᠳᠦᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ 1.5 ᠲᠦᠮᠡᠨ ᠢᠵᠢ ᠥᠭᠡᠷᠡᠴᠢᠯᠡᠨ ᠪᠠᠶᠢᠭᠤᠯᠬᠤ ᠶᠢ ᠬᠡᠷᠡᠭᠵᠢᠭᠦᠯᠵᠦ᠂ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠲᠦᠷᠢᠶᠡᠰᠦᠯᠡᠬᠦ ᠨᠥᠬᠦᠪᠦᠷᠢ ᠶᠢ 2.6 ᠲᠦᠮᠡᠨ ᠡᠷᠦᠬᠡ ᠳᠤ ᠲᠠᠷᠬᠠᠭᠠᠬᠤ ᠪᠠᠷ ᠲᠥᠯᠥᠪᠯᠡᠵᠦ ᠪᠤᠢ᠃      ︽ᠥᠨᠥ ᠵᠢᠯ ᠪᠢᠳᠡ᠂ ᠠᠷᠠᠳ ᠣᠯᠠᠨ ᠤ ᠣᠷᠣᠨ ᠰᠠᠭᠤᠴᠠ ᠶᠢᠨ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠪᠠᠷ ᠡᠭᠦᠰᠴᠡ ᠪᠣᠯᠭᠠᠨ᠂ ︿ᠥᠨᠳᠥᠷ ᠣᠷᠣᠯᠭ᠎ᠠ ᠲᠠᠢ ᠳᠤ ᠨᠢ ᠵᠠᠬ᠎ᠠ ᠳᠡᠯᠭᠡᠭᠦᠷ ᠬᠠᠩᠭᠠᠬᠤ᠂ ᠳᠤᠮᠳᠠ ᠶᠢᠨ ᠣᠷᠣᠯᠭ᠎ᠠ ᠲᠠᠢ ᠳᠤ ᠨᠢ ᠳᠡᠮᠵᠢᠯᠭᠡ ᠦᠵᠡᠭᠦᠯᠬᠦ᠂ ᠳᠣᠣᠷ᠎ᠠ ᠣᠷᠣᠯᠭ᠎ᠠ ᠲᠠᠢ ᠬᠦᠴᠢᠷᠳᠡᠯᠲᠡᠢ ᠳᠤ ᠨᠢ ᠪᠠᠲᠤᠯᠠᠭ᠎ᠠ ᠬᠠᠩᠭᠠᠬᠤ﹀ ᠵᠠᠷᠴᠢᠮ ᠶᠣᠰᠣᠭᠠᠷ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠲᠦᠷᠭᠡᠨ ᠬᠥᠭᠵᠢᠭᠦᠯᠵᠦ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠵᠢᠷᠤᠮᠵᠢᠭᠤᠯᠤᠨ ᠬᠥᠭᠵᠢᠭᠦᠯᠵᠦ᠂ ᠣᠯᠠᠨ ᠭᠤᠣᠯ ᠴᠣᠭᠴᠠ ᠠᠴᠠ ᠬᠠᠩᠭᠠᠬᠤ᠂ ᠣᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠬᠤᠣᠰᠯᠠᠭᠤᠯᠤᠭᠰᠠᠨ ᠣᠷᠣᠨ ᠰᠠᠭᠤᠴᠠ ᠶᠢᠨ ᠳᠦᠷᠢᠮ ᠢ ᠲᠦᠷᠭᠡᠬᠡᠨ ᠪᠠᠶᠢᠭᠤᠯᠤᠨ᠎ᠠ᠃ ᠳᠦᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠶᠢ ᠯᠠᠪᠳᠠᠭᠤᠨ ᠢᠶᠠᠷ ᠬᠡᠷᠡᠭᠵᠢᠭᠦᠯᠵᠦ᠂ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯ ᠲᠠᠢ ᠬᠤᠲᠠ ᠪᠠᠯᠭᠠᠰᠤᠨ ᠤ ᠣᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠪᠠ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠠᠷᠢᠭᠤᠴᠠᠯᠭᠠᠲᠠᠨ ᠬᠡᠯᠡᠵᠡᠢ᠃      ᠵᠢᠷᠤᠭ ᠲᠥᠯᠥᠪᠯᠡᠭᠡ ᠶᠢ ᠬᠡᠷᠬᠢᠨ ᠪᠣᠳᠠᠲᠠᠶᠢᠵᠢᠭᠤᠯᠬᠤ ᠪᠣᠢ ︖ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠢ ᠴᠠᠭ ᠤᠨ ᠬᠦᠰᠦᠨᠦᠭ᠂ ᠠᠵᠢᠯ ᠤᠨ ᠵᠠᠮ ᠤᠨ ᠱᠤᠭᠤᠮ ᠪᠠᠨ ᠲᠥᠯᠥᠪᠯᠡᠵᠦ᠂ ᠨᠠᠷᠢᠯᠢᠭ᠌ ᠣᠨᠣᠴᠠᠲᠠᠢ ᠪᠠᠷ ᠬᠦᠴᠦᠯᠡᠨ ᠬᠤᠯᠪᠣᠭᠳᠠᠯ ᠪᠦᠬᠦᠢ ᠠᠵᠢᠯ ᠤᠳ ᠢᠶᠠᠨ ᠠᠬᠢᠭᠤᠯᠵᠤ ᠪᠠᠶᠢᠨ᠎ᠠ᠃ 2 ᠳ᠋ᠤᠭᠠᠷ ᠰᠠᠷ᠎ᠠ ᠶᠢᠨ 3᠎ ᠤ ᠡᠳᠦᠷ᠂ ᠲᠤᠰ ᠲᠢᠩᠬᠢᠮ ᠨᠢ ᠪᠦᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠬᠤᠷᠠᠯᠳᠤᠭᠤᠯᠤᠭᠠᠳ᠂ 2023 ᠣᠷᠣᠨ ᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠪᠠ ᠳᠦᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠨ ᠪᠠᠶᠢᠭᠤᠯᠤᠯᠲᠠ ᠵᠡᠷᠭᠡ ᠠᠵᠢᠯ ᠤᠳ ᠢ ᠲᠣᠬᠢᠷᠠᠭᠤᠯᠤᠨ ᠪᠠᠶᠢᠷᠢᠰᠢᠯᠠᠭᠤᠯᠪᠠ᠃      ᠣᠶᠢᠯᠠᠭᠠᠭᠰᠠᠨ ᠢᠶᠠᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠴᠠ ᠨᠢᠭᠡᠨᠲᠡ ᠪᠦᠬᠦ ᠣᠷᠣᠨ ᠤ ᠣᠷᠣᠨ ᠰᠠᠭᠤᠴᠠ ᠶᠢᠨ ᠠᠵᠢᠯ ᠡᠭᠦᠷᠭᠡ ᠨᠦᠭᠦᠳ ᠢ ᠠᠶᠢᠮᠠᠭ ᠬᠤᠲᠠ ᠬᠦᠷᠲᠡᠯ᠎ᠡ ᠨᠠᠷᠢᠯᠢᠭ᠍ᠵᠢᠭᠤᠯᠤᠨ᠂ ᠪᠣᠳᠠᠲᠠᠢ ᠲᠦᠷᠦᠯ ᠵᠦᠢᠯ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠪᠡᠶᠡᠯᠡᠭᠦᠯᠬᠦ ᠠᠷᠭ᠎ᠠ ᠵᠠᠮ ᠪᠠ ᠴᠠᠭ ᠤᠨ ᠬᠢᠵᠠᠭᠠᠷ ᠢ ᠲᠣᠳᠣᠷᠬᠠᠶᠢᠯᠠᠭᠰᠠᠨ ᠪᠠᠶᠢᠨ᠎ᠠ᠃ ᠡᠭᠦᠨ ᠤ ᠬᠠᠮᠲᠤ᠂ ᠡᠯ᠎ᠡ ᠠᠶᠢᠮᠠᠭ ᠬᠤᠲᠠ ᠶᠢ ᠵᠣᠬᠢᠶᠠᠨ ᠪᠠᠶᠢᠭᠤᠯᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠳ ᠢ ᠰᠠᠶᠢᠲᠤᠷ ᠬᠢᠯᠭᠡᠨ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠵᠡᠷᠭᠡ ᠪᠡᠯᠡ ᠮᠥᠩᠭᠦᠨ ᠤ ᠳᠡᠮᠵᠢᠯᠭᠡ ᠶᠢ ᠣᠯᠬᠤ ᠪᠠᠷ ᠬᠦᠴᠦᠯᠡᠨ ᠴᠢᠷᠮᠠᠶᠢᠵᠤ ᠪᠤᠢ᠃ ᠲᠡᠷᠡᠴᠢᠯᠡᠨ᠂ ᠡᠯ᠎ᠡ ᠭᠠᠵᠠᠷ ᠣᠷᠣᠨ ᠢ ᠰᠢᠮᠳᠠᠭᠤᠯᠤᠨ ᠵᠢᠯᠤᠭᠤᠳᠴᠤ ᠲᠦᠷᠦᠯ ᠵᠦᠢᠯ ᠤᠨ ᠭᠠᠷ ᠭᠦᠢᠴᠡᠳᠬᠡᠯ ᠢ ᠭᠦᠢᠴᠡᠳᠬᠡᠬᠦ ᠮᠡᠲᠦ ᠶᠢᠨ ᠡᠮᠦᠨᠡᠬᠢ ᠬᠤᠭᠤᠴᠠᠭᠠᠨ ᠤ ᠠᠵᠢᠯ ᠤᠳ ᠢ ᠬᠤᠷᠳᠤᠬᠠᠨ ᠥᠷᠨᠢᠭᠦᠯᠵᠦ᠂ ᠣᠯᠠᠨ ᠠᠷᠭ᠎ᠠ ᠶᠢ ᠵᠡᠷᠭᠡ ᠪᠠᠷ ᠬᠡᠷᠡᠭᠯᠡᠵᠦ ᠪᠡᠯᠡ ᠮᠥᠩᠭᠦ ᠵᠢᠭᠡᠯᠡᠨ ᠴᠤᠭᠯᠠᠭᠤᠯᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠢᠵᠢ ᠲᠥᠬᠦᠷ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠬᠠᠮᠲᠤ ᠳᠤ ᠨᠢ ᠬᠡᠷᠡᠭᠵᠢᠭᠦᠯᠵᠦ᠂ ᠡᠷᠲᠡᠬᠡᠨ ᠠᠵᠢᠯ ᠡᠬᠢᠯᠡᠭᠦᠯᠵᠦ᠂ ᠡᠷᠲᠡᠬᠡᠨ ᠪᠠᠷᠢᠯᠭ᠎ᠠ ᠳᠠᠭᠤᠰᠬᠠᠵᠤ᠂ ᠡᠷᠲᠡᠬᠡᠨ ᠦᠷ᠎ᠡ ᠠᠰᠢᠭ ᠭᠠᠷᠭᠠᠬᠤ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号