ᠰᠤᠶᠤᠯ ᠪᠣᠯ ᠨᠢᠭᠡ ᠦᠨᠳᠦᠰᠦᠲᠡᠨ ᠤ ᠠᠮᠢᠨ ᠳᠠᠷᠬᠠᠯᠠᠭ᠎ᠠ᠂ ᠪᠠᠲᠤ ᠬᠠᠮᠠᠭᠠᠯᠠᠯᠲᠠ ᠪᠤᠯᠬᠤ ᠪᠥᠭᠡᠳ ᠴᠠᠭ | ᠬᠤᠭᠤᠴᠠᠭ᠎ᠠ ᠥᠩᠭᠡᠷᠡᠬᠦ ᠲᠤᠲᠤᠮ ᠢᠶᠠᠨ ᠦᠨ᠎ᠡ ᠨᠢ ᠥᠰᠴᠦ ᠵᠢᠩ ᠨᠢ ᠨᠡᠮᠡᠭᠳᠡᠳᠡᠭ ᠶᠤᠮ᠃ ᠡᠶᠢᠮᠦ ᠶᠢᠨ ᠤᠴᠢᠷ | ᠦᠶ᠎ᠡ ᠦᠶ᠎ᠡ ᠶᠢᠨ ᠤᠬᠠᠭᠠᠨᠲᠤ ᠮᠡᠷᠭᠡᠳ ᠡᠭᠦᠨ ᠢ ᠤᠬᠠᠭᠠᠷᠠᠨ ᠮᠡᠲᠡᠵᠦ᠂ ᠰᠣᠶᠣᠯ ᠢᠶᠠᠷ ᠢᠶᠠᠨ ᠥᠪᠡᠷᠮᠢᠴᠡ | ᠠᠮᠢᠳᠤᠷᠠᠬᠤ ᠶᠢᠨ ᠡᠷᠬᠢᠮ ᠢ ᠮᠡᠲᠡᠷᠡᠵᠦ᠂ ᠦᠷ᠎ᠡ ᠬᠡᠦᠬᠡᠳ ᠲᠡᠭᠡᠨ ᠥᠪᠯᠡᠵᠦ᠂ ᠨᠡᠷ᠎ᠡ ᠲᠥᠷᠥ ᠶᠢᠨ ᠬᠡᠷᠡᠭ ᠪᠣᠯᠭᠠᠨ | ᠵᠢᠳᠭᠦᠭᠰᠡᠭᠡᠷ ᠢᠷᠡᠭᠰᠡᠨ ᠶᠤᠮ᠂ ᠭᠡᠰᠢᠭᠳᠡᠨ ᠨᠤᠲᠤᠭ ᠤᠨ ᠰᠣᠶᠣᠯ ᠤᠨ ᠲᠤᠬᠠᠢ ᠰᠣᠷᠪᠤᠯᠵᠢᠯᠠᠭ᠎ᠠ ᠮᠣᠩᠭᠤᠯ ᠰᠣᠶᠣᠯ | ᠤᠨ ᠵᠢᠳᠬᠦᠯᠲᠡᠳ ᠢᠶᠠᠷ ᠢᠩᠭᠢᠵᠦ ᠦᠷᠭᠦᠯᠵᠢᠯᠡᠵᠦ ᠪᠠᠶᠢᠨ᠎ᠠ᠃ | ᠭᠡᠰᠢᠭᠳᠡᠨ ᠨᠤᠲᠤᠭ ᠤᠨ ᠰᠣᠶᠤᠯ ᠨᠢ ᠨᠡᠭᠦᠳᠡᠯ ᠮᠠᠯᠵᠢᠯ ᠤᠨ ᠠᠮᠢᠳᠤᠷᠠᠯ ᠢᠶᠠᠷ ᠰᠠᠭᠤᠷᠢ ᠪᠤᠯᠭᠠᠭᠰᠠᠨ | ᠮᠣᠩᠭᠤᠯ ᠬᠠᠭᠠᠨᠳᠤ ᠤᠯᠤᠰ ᠤᠨ ᠣᠷᠳᠣᠨ ᠤ ᠰᠣᠶᠣᠯ ᠪᠣᠯᠣᠨ᠎ᠠ᠃ ᠬᠥᠳᠡᠭᠡ ᠣᠷᠣᠨ ᠨᠤᠲᠤᠭ ᠲᠤ ᠬᠠᠭᠠᠨ ᠤ | ᠣᠷᠳᠣᠨ ᠬᠠᠷᠰᠢ ᠶᠢᠨ ᠰᠣᠶᠣᠯ ᠪᠠᠶᠢᠳᠠᠭ ᠨᠢ ᠭᠡᠰᠢᠭᠳᠡᠨ ᠤ ᠰᠣᠶᠣᠯ ᠢ ᠦᠨ᠎ᠡ ᠳᠤ ᠭᠦᠷᠭᠡᠳᠡᠭ ᠨᠢᠭᠡᠨ ᠰᠣᠳᠣᠨ | ᠤᠨᠴᠠᠯᠢᠭ᠃ ᠡᠨᠡ ᠨᠢ ᠬᠤᠩᠭᠢᠷᠠᠳ ᠠᠶᠢᠮᠠᠭ ᠤᠨ ᠬᠠᠭᠠᠨ ᠤ ᠬᠠᠳᠠᠮ᠂ ᠠᠯᠲᠠᠨ ᠣᠷᠣᠭᠲᠠᠨ ᠤ ᠨᠠᠭᠠᠴᠤ | ᠪᠣᠯᠤᠭᠰᠠᠨ ᠠᠴᠠ ᠡᠬᠢᠯᠡᠳᠡᠭ ᠪᠥᠭᠡᠳ ᠬᠠᠭᠠᠨ ᠤ ᠬᠠᠳᠤᠨ᠂ ᠭᠦᠩᠵᠦ ᠨᠢ ᠣᠷᠳᠣᠨ ᠤ ᠰᠣᠶᠣᠯ ᠢ ᠭᠡᠰᠢᠭᠳᠡᠨ | ᠨᠤᠲᠤᠭ ᠲᠤ ᠤᠯᠠᠮᠵᠢᠯᠠᠨ᠂ ᠬᠠᠭᠠᠨ ᠤ ᠰᠢᠳᠠᠷ ᠬᠠᠮᠠᠭᠠᠯᠠᠬᠤ ᠭᠡᠰᠢᠭᠳᠡᠨ ᠴᠡᠷᠢᠭ ᠨᠢ ᠬᠠᠭᠠᠨ ᠤ ᠣᠷᠳᠣᠨ ᠤ ᠰᠤᠶᠤᠯ | ᠢ ᠭᠡᠰᠢᠭᠲᠡᠨ ᠳᠤ ᠠᠪᠴᠢᠷᠠᠭᠰᠠᠨ ᠪᠠᠶᠢᠨ᠎ᠠ᠃ ᠡᠭᠦᠨ ᠳᠤ ᠭᠡᠰᠢᠭᠳᠡᠨ ᠲᠠᠪᠤᠨ ᠬᠠᠶᠢᠷᠬᠠᠨ ᠢᠶᠠᠨ ᠰᠢᠭ᠋ ᠡᠶᠢᠮᠦ ᠲᠠᠪᠤᠨ | ᠤᠨᠴᠠᠯᠢᠭ ᠭᠡᠰᠢᠭᠳᠡᠨ ᠨᠤᠲᠤᠭ ᠤᠨ ᠬᠥᠮᠥᠰ ᠤᠨ ᠣᠶᠣᠨ ᠲᠠᠷᠢᠬᠢᠨ ᠳᠤ ᠰᠡᠬᠦᠶᠢᠵᠦ ᠪᠠᠶᠢᠨ᠎ᠠ ᠭᠡᠵᠦ ᠡᠷᠳᠡᠮᠲᠦ | ᠦᠭᠦᠯᠡᠨ᠎ᠡ᠃ | ᠨᠢᠭᠡ᠂ ᠭᠡᠰᠢᠭᠳᠡᠨ ᠮᠣᠩᠭᠤᠯᠴᠤᠳ ᠤᠨ ᠬᠡᠯᠡ ᠠᠪᠢᠶ᠎ᠠ ᠨᠢ ᠴᠡᠪᠡᠷ ᠲᠣᠳᠣ᠂ ᠴᠠᠬᠠᠷ ᠠᠮᠠᠨ ᠠᠶᠠᠯᠭᠤᠨ ᠳᠤ | ᠪᠠᠭᠲᠠᠳᠠᠭ ᠢᠶᠠᠷ ᠪᠠᠷᠢᠮᠵᠢᠶ᠎ᠠ ᠠᠪᠢᠶ᠎ᠠ ᠶᠤᠮ᠂ ᠭᠡᠰᠢᠭᠳᠡᠨ ᠨᠤᠲᠤᠭ ᠠᠴᠠ ᠬᠡᠯᠡᠨ ᠤ ᠡᠷᠳᠡᠮᠲᠡᠨ ᠨᠡᠯᠢᠶᠡᠳ ᠴᠤᠯᠭᠤᠷᠠᠨ | ᠭᠠᠷᠪᠠ᠃ | ᠣᠷᠴᠢᠨ᠂ ᠣᠳᠣ ᠦᠶ᠎ᠡ ᠳᠤ ᠪᠤᠷᠬᠠᠨ ᠱᠠᠰᠢᠨ ᠤ ᠤᠬᠠᠭᠠᠨᠳᠠᠨ᠂ ᠬᠡᠯᠡᠨ ᠤ ᠡᠷᠳᠡᠮᠲᠡᠨ ᠰᠠᠮᠪᠤᠤ ︽ᠮᠣᠩᠭᠤᠯ | ᠬᠡᠯᠡᠨ ᠵᠦᠢ︾ ᠭᠡᠬᠦ ᠨᠣᠮ ᠪᠢᠴᠢᠪᠡ᠃ ᠪᠤᠷᠬᠠᠨ ᠱᠠᠰᠢᠨ ᠤ ᠤᠬᠠᠭᠠᠨᠲᠠᠨ᠂ ᠬᠡᠯᠡᠨ ᠤ ᠡᠷᠳᠡᠮᠲᠡᠨ ᠳ᠋ᠧᠯᠢᠭᠵᠦᠩᠨᠡᠢ ︽ | ᠮᠣᠩᠭᠤᠯ ᠬᠡᠯᠡᠨ ᠤ ᠭᠤᠣᠯ ᠶᠣᠰᠣᠨ ᠢ ᠳᠤᠲᠤᠳᠬᠠᠭᠴᠢ ᠲᠣᠯᠢ︾ ᠭᠡᠬᠦ ᠨᠣᠮ ᠪᠢᠴᠢᠪᠡ᠃ ᠮᠣᠩᠭᠤᠯ ᠦᠨᠳᠦᠰᠦᠲᠡᠨ | ᠤ ᠰᠣᠶᠣᠯ ᠰᠣᠷᠭᠠᠨ ᠬᠥᠮᠥᠵᠢᠯ ᠤᠨ ᠶᠡᠭᠡ ᠭᠠᠪᠢᠶᠠᠳᠠᠨ ᠷᠣᠯᠭᠠᠷᠵᠠᠪ ︽ᠮᠣᠩᠭᠤᠯ ᠬᠢᠳᠡᠳ ᠲᠣᠯᠢ︾ ᠶᠢ ᠪᠢᠴᠢᠪᠡ᠃ | ᠮᠣᠩᠭᠤᠯ ᠬᠡᠯᠡ ᠪᠢᠴᠢᠭ ᠤᠨ ᠶᠡᠭᠡ ᠪᠠᠭᠰᠢ᠂ ᠠᠯᠳᠠᠷᠲᠤ ᠡᠷᠳᠡᠮᠲᠡᠨ ᠡᠷᠲᠡᠨᠢᠲᠦᠭ᠌ᠳᠠᠬᠤ ᠪᠠᠷ ︽ᠮᠣᠩᠭᠤᠯ ᠦᠰᠦᠭ | ᠤᠨ ᠰᠢᠨ᠎ᠡ ᠲᠣᠯᠢ︾ ᠭᠡᠬᠦ ᠨᠣᠮ ᠪᠢᠴᠢᠪᠡ᠃ ᠡᠭᠦᠨ ᠠᠴᠠ ᠭᠠᠳᠠᠨ᠎ᠠ ᠡᠨᠡ ᠨᠤᠲᠤᠭ ᠤᠨ ᠮᠣᠩᠭᠤᠯ ᠦᠨᠳᠦᠰᠦᠲᠡᠨ | ᠤ ᠰᠣᠶᠣᠯ ᠰᠣᠷᠭᠠᠨ ᠬᠥᠮᠥᠵᠢᠯ ᠤᠨ ᠶᠡᠭᠡ ᠭᠠᠪᠢᠶᠠᠲᠠᠨ ᠮᠤᠷᠤᠩᠭ᠎ᠠ᠂ ᠮᠣᠩᠭᠤᠯ ᠳᠥᠪᠡᠳ ᠬᠡᠯᠡᠨ᠎ᠡ ᠨᠡᠪᠲᠡᠷᠡᠭᠰᠡᠨ | ᠯᠾᠠᠷᠠᠮᠪᠠ ᠵᠠᠮᠢᠶᠠᠨᠴᠢᠮᠪᠢ᠂ ᠠᠯᠳᠠᠷᠲᠤ ᠮᠤᠩᠭᠤᠯᠴᠢ ᠡᠷᠳᠡᠮᠲᠡᠨ ᠴ᠊ · ᠭᠡᠰᠢᠭᠳᠦᠭ᠌ᠳᠠᠬᠤ᠂ ᠰᠠᠮᠫᠢᠯᠨᠣᠷᠪᠤ ᠵᠡᠷᠭᠡ ᠪᠤᠢ᠃ | ᠲᠡᠶᠢᠮᠦ ᠠᠴᠠ ᠭᠡᠰᠢᠭᠳᠡᠨ ᠨᠤᠲᠤᠭ ᠪᠣᠯ ᠡᠬᠡ ᠬᠡᠯᠡᠨ ᠤ ᠡᠷᠳᠡᠮᠲᠡᠳ ᠤᠨ ᠥᠯᠥᠭᠡᠢ ᠭᠡᠬᠦ ᠳᠤ ᠠᠭᠲᠠᠮᠠᠷ ᠦᠭᠡᠢ᠃ | ᠮᠤᠷᠤᠩᠭ᠎ᠠ ︵1884—1944︶᠂ ᠭᠡᠰᠢᠭᠳᠡᠨ ᠨᠤᠲᠤᠭ ᠲᠠᠢ᠂ ᠶᠣᠣᠰᠢᠷᠠ ᠣᠪᠣᠭ ᠲᠠᠢ᠂ ᠮᠣᠩᠭᠤᠯ | ᠦᠨᠳᠦᠰᠦᠲᠡᠨ ᠤ ᠰᠣᠶᠤᠯ ᠰᠣᠷᠭᠠᠨ ᠬᠥᠮᠥᠵᠢᠯ ᠤᠨ ᠶᠡᠭᠡ ᠭᠠᠪᠢᠶᠠᠲᠠᠨ᠂ 1915 ᠣᠨ ᠳᠤ ᠭᠡᠰᠢᠭᠳᠡᠨ ᠳᠤ | ᠮᠣᠩᠭᠤᠯ ᠰᠤᠷᠭᠠᠭᠤᠯᠢ ᠪᠠᠶᠢᠭᠤᠯᠵᠤ᠂ 1925 ᠣᠨ ᠳᠤ ᠴᠡᠷᠢᠭ ᠤᠨ ᠨᠣᠶᠠᠳ ᠤᠨ ᠰᠤᠷᠭᠠᠭᠤᠯᠢ ᠪᠠᠶᠢᠭᠤᠯᠤᠨ | 1926 ᠣᠨ ᠳᠤ ᠴᠢᠭᠤᠯᠠᠯᠲᠤ ᠬᠠᠭᠠᠯᠭ᠎ᠠ ᠳᠤ ᠮᠣᠩᠭᠤᠯ ᠪᠢᠴᠢᠭ ᠣᠷᠴᠢᠭᠤᠯᠵᠤ ᠲᠠᠷᠤᠮᠠᠯᠯᠠᠬᠤ ᠬᠤᠷᠢᠶ᠎ᠠ | ᠪᠠᠶᠢᠭᠤᠯᠪᠠ᠃ ︽ᠥᠪᠥᠷ ᠠᠷᠠᠳ ᠤᠨ ᠨᠠᠮ︾ ᠢ ᠡᠭᠦᠰᠬᠡᠨ ᠪᠠᠶᠢᠭᠤᠯᠵᠤ ᠦᠨᠳᠦᠰᠦᠲᠡᠨ ᠤ ᠥᠪᠡᠷᠲᠡᠭᠡᠨ ᠵᠠᠰᠠᠬᠤ | ᠪᠠ ᠴᠢᠯᠥᠭᠡᠯᠡᠯᠲᠡ ᠰᠡᠬᠡᠭᠡᠷᠡᠯ ᠶᠢᠨ ᠲᠥᠯᠥᠭᠡ ᠨᠠᠰᠤᠨ ᠲᠤᠷᠰᠢ ᠲᠡᠮᠡᠴᠡᠪᠡ᠃ 2017 ᠣᠨ ᠤ 9 ᠰᠠᠷ᠎ᠠ ᠶᠢᠨ 5 ᠤ | ᠡᠳᠦᠷ ᠲᠡᠭᠦᠨ ᠤ ᠬᠦᠷᠡᠯ ᠭᠦᠷᠥᠭ ᠢ ᠪᠢᠷᠠᠭᠤ ᠶᠢᠨ ᠮᠣᠩᠭᠤᠯ ᠪᠠᠭ᠎ᠠ ᠰᠤᠷᠭᠠᠭᠤᠯᠢ ᠶᠢᠨ ᠬᠦᠷᠢᠶᠡᠨ᠎ᠡ ᠪᠣᠰᠬᠠᠪᠠ᠃ | ᠮᠤᠷᠤᠩᠭ᠎ᠠ ᠶᠢᠨ ᠵᠢᠭᠡ ᠣᠮᠪᠣᠯ ᠥᠬᠢᠨ ᠲᠠᠶᠢᠸᠠᠨ ᠤ ᠠᠯᠳᠠᠷᠲᠤ ᠰᠢᠯᠦᠭᠴᠢᠨ ᠰᠢ᠊ · ᠮᠥᠷᠡᠨ ᠪᠠᠷ ᠲᠡᠭᠦᠨ ᠤ | ᠭᠦᠷᠡᠯ ᠬᠥᠷᠥᠭ ᠲᠤ ︽ᠰᠣᠷᠭᠠᠨ ᠬᠥᠮᠥᠵᠢᠯ ᠯᠡ ᠦᠨᠳᠦᠰᠦᠲᠡᠨ ᠤ ᠪᠣᠯᠪᠠᠰᠤᠷᠠᠯ ᠢ ᠳᠡᠭᠡᠭᠰᠢᠯᠡᠭᠦᠯᠵᠦ ᠴᠢᠳᠠᠨ᠎ᠠ᠂ | ᠰᠣᠷᠭᠠᠨ ᠬᠥᠮᠥᠵᠢᠯ ᠯᠡ ᠦᠨᠳᠦᠰᠦᠲᠡᠨ ᠤ ᠤᠯᠠᠮᠵᠢᠯᠠᠯ ᠢ ᠰᠡᠷᠭᠦᠭᠡᠵᠦ ᠴᠢᠳᠠᠨ᠎ᠠ᠂ ᠰᠣᠷᠭᠠᠨ ᠬᠥᠮᠥᠵᠢᠯ ᠯᠡ | ᠦᠨᠳᠦᠰᠦᠲᠡᠨ ᠤ ᠰᠣᠶᠤᠯ ᠢ ᠬᠥᠭᠵᠢᠭᠦᠯᠵᠦ ᠴᠢᠳᠠᠨ᠎ᠠ︾ ᠭᠡᠰᠡᠨ ᠪᠢᠴᠢᠭᠡᠰᠦ ᠪᠢᠴᠢᠪᠡ᠃ | ᠷᠣᠯᠭᠠᠷᠵᠠᠪ ︵1888—1941 )᠂ ᠴᠢᠩᠭᠢᠰ ᠬᠠᠭᠠᠨ ᠤ ᠠᠯᠲᠠᠨ ᠣᠷᠤᠭ ᠤᠨ ᠬᠤᠶᠢᠴᠢᠰ᠃ ᠴᠢᠩ | ᠤᠯᠤᠰ ᠤᠨ ᠰᠡᠭᠦᠯᠴᠢ᠂ ᠳᠤᠮᠳᠠᠳᠤ ᠢᠷᠭᠡᠨ ᠤᠯᠤᠰ ᠤᠨ ᠦᠶ᠎ᠡ ᠳᠤ ᠥᠪᠥᠷ ᠮᠣᠩᠭᠤᠯ ᠤᠨ ᠭᠡᠰᠢᠭᠳᠡᠨ ᠬᠤᠰᠢᠭᠤᠨ | ᠤ 12 ᠳ᠋ᠤᠭᠠᠷ ᠦᠶ᠎ᠡ ᠶᠢᠨ ᠵᠠᠰᠠᠭ᠂ ᠬᠠᠭᠤᠷᠮᠠᠭ ᠮᠠᠨᠵᠤ ᠤᠯᠤᠰ ᠤᠨ ᠬᠢᠩᠭᠠᠨ ᠪᠠᠷᠠᠭᠤᠨ ᠮᠤᠵᠢ ᠶᠢᠨ ᠳᠠᠷᠤᠭ᠎ᠠ | ᠪᠠᠶᠢᠪᠠ᠃ ᠮᠣᠩᠭᠤᠯ ᠤᠨ ᠬᠠᠯᠬ᠎ᠠ ᠠᠶᠢᠮᠠᠭ ᠲᠤᠰᠠᠭᠠᠷ ᠲᠣᠭᠲᠠᠨᠢᠭᠰᠠᠨ᠂ ᠴᠢᠩ ᠬᠦᠷᠦᠨ ᠮᠥᠭᠦᠭᠰᠡᠨ᠂ ᠳᠤᠮᠳᠠᠳᠤ | ᠢᠷᠭᠡᠨ ᠤᠯᠤᠰ ᠪᠠᠶᠢᠭᠤᠯᠤᠭᠳᠠᠭᠰᠠᠨ᠂ ᠠᠶᠢᠰᠢᠨ ᠭᠢᠦᠷᠤ ᠫᠦ᠋ ᠢ ᠶᠢᠨ ᠬᠠᠭᠤᠷᠮᠠᠭ ᠮᠠᠨᠵᠤ ᠪᠤᠢ ᠪᠣᠯᠤᠭᠰᠠᠨ᠂ | ᠤᠮᠠᠷᠠᠲᠤ ᠶᠢᠨ ᠴᠡᠷᠢᠭ ᠤᠨ ᠡᠷᠭᠡᠳᠡᠨ ᠨᠦᠭᠦᠳ ᠤᠨ ᠰᠠᠮᠠᠭᠤᠨ ᠲᠠᠶᠢᠨ ᠳᠡᠭᠳᠡᠭᠰᠡᠨ ᠵᠡᠷᠭᠡ ᠥᠢᠮᠡᠭᠡᠨ ᠶᠡᠬᠡᠲᠠᠢ | ᠬᠤᠪᠢᠰᠤᠯ ᠶᠡᠬᠡᠲᠠᠢ ᠤᠨᠴᠠᠭᠠᠢ ᠲᠡᠦᠬᠡᠨ ᠴᠠᠭ ᠦᠶ᠎ᠡ ᠳᠤ᠂ ᠲᠡᠷᠡᠪᠠᠷ ᠮᠣᠩᠭᠤᠯ ᠦᠨᠳᠦᠰᠦᠲᠡᠨ ᠶᠦᠭᠡᠨ ᠰᠡᠷᠡᠭᠡᠨ | ᠤᠬᠠᠮᠰᠠᠷᠯᠠᠭᠤᠯᠬᠤ᠂ ᠰᠡᠷᠭᠦᠭᠡᠨ ᠮᠠᠨᠳᠤᠭᠤᠯᠬᠤ ᠵᠠᠮ ᠢ ᠭᠠᠭᠴᠠ ᠦᠵᠦᠭᠦᠷᠲᠦ ᠰᠡᠳᠬᠢᠯ ᠢᠶᠠᠷ ᠡᠷᠢᠯᠬᠢᠯᠡᠨ᠂ ᠰᠣᠶᠤᠯ | ᠪᠣᠯᠪᠠᠰᠤᠨ᠂ ᠰᠣᠷᠭᠠᠨ ᠬᠥᠮᠥᠵᠢᠯ ᠢᠶᠠᠷ ᠮᠣᠩᠭᠤᠯᠴᠤᠳ ᠢᠶᠠᠨ ᠤᠷᠢᠶᠠᠯᠠᠨ ᠭᠡᠭᠡᠷᠡᠭᠦᠯᠵᠦ᠂ ᠰᠡᠷᠭᠦᠭᠡᠨ ᠮᠠᠨᠳᠤᠭᠤᠯᠬᠤ | ᠭᠡᠮᠡᠨ ᠨᠠᠰᠤᠨ ᠲᠤᠷᠰᠢ ᠲᠡᠮᠡᠴᠡᠭᠰᠡᠨ ᠶᠤᠮ᠃ ᠡᠭᠦᠨ ᠳᠤ ᠮᠣᠩᠭᠤᠯ ᠬᠡᠪᠯᠡᠯ ᠤᠨ ᠬᠤᠷᠢᠶ᠎ᠠ ᠪᠠᠶᠢᠭᠤᠯᠤᠨ᠂ ᠮᠣᠩᠭᠤᠯ | ᠰᠡᠳᠬᠦᠯ ᠡᠷᠭᠢᠯᠡᠨ ᠨᠣᠮ ᠵᠣᠬᠢᠶᠠᠯ ᠬᠡᠪᠯᠡᠭᠦᠯᠵᠦ ᠲᠠᠷᠬᠠᠭᠠᠬᠤ᠂ ᠮᠣᠩᠭᠤᠯ ᠦᠰᠦᠭ ᠪᠢᠴᠢᠭ ᠢ ᠲᠦᠷᠢᠮᠵᠢᠭᠦᠯᠬᠦ᠂ | ᠵᠣᠬᠢᠶᠠᠯ ᠪᠦᠲᠦᠭᠡᠯ ᠵᠣᠬᠢᠶᠠᠵᠤ ᠣᠷᠴᠢᠭᠤᠯᠬᠤ᠂ ᠮᠣᠩᠭᠤᠯ ᠰᠤᠷᠭᠠᠭᠤᠯᠢ ᠪᠠᠶᠢᠭᠤᠯᠤᠨ ᠬᠢᠴᠢᠶᠡᠯ ᠤᠨ ᠪᠢᠴᠢᠭ | ᠨᠠᠶᠢᠷᠠᠭᠤᠯᠬᠤ ᠵᠡᠷᠭᠡ ᠠᠵᠢᠯᠯᠠᠭ᠎ᠠ ᠪᠠᠷ ᠢᠶᠠᠨ ᠡᠬᠡ ᠣᠷᠣᠨ ᠢᠶᠠᠨ ᠬᠠᠶᠢᠷᠠᠯᠠᠬᠤ ᠤᠭᠰᠠᠭᠠᠲᠠᠨ ᠢᠶᠠᠨ ᠬᠠᠮᠠᠭᠠᠯᠠᠬᠤ᠂ | ᠡᠷᠬᠡ ᠴᠢᠯᠦᠭᠡ ᠠᠷᠠᠳᠴᠢᠯᠠᠯ ᠢ ᠲᠡᠮᠡᠴᠡᠨ ᠣᠯᠬᠤ᠂ ᠪᠡᠶ᠎ᠡ ᠪᠠᠨ ᠳᠠᠭᠠᠭᠠᠵᠤ ᠡᠷᠬᠡ ᠮᠡᠳᠡᠬᠦ᠂ ᠡᠷᠡᠭᠲᠡᠢ ᠡᠮᠡᠭᠲᠡᠢ ᠡᠷᠬᠡ | ᠲᠡᠭᠰᠢ ᠪᠠᠶᠢᠬᠤ ᠲᠤᠬᠠᠢ ᠠᠷᠠᠳᠴᠢᠯᠠᠯ ᠤᠨ ᠦᠵᠡᠯ ᠰᠠᠨᠠᠭ᠎ᠠ ᠶᠢ ᠢᠳᠡᠪᠬᠢᠲᠡᠢ ᠤᠬᠠᠭᠤᠯᠤᠭᠰᠠᠨ ᠢᠶᠠᠷ ᠦᠯᠦ ᠪᠠᠷᠠᠮ᠂ | ᠣᠳᠣᠨ ᠣᠷᠣᠨ ᠭᠠᠵᠠᠷ ᠵᠦᠢ᠂ ᠬᠠᠤᠯᠢ ᠴᠠᠭᠠᠵᠠ᠂ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢ | ᠳᠡᠯᠭᠡᠷᠡᠭᠦᠯᠦᠨ᠂ ᠮᠣᠩᠭᠤᠯ ᠦᠨᠳᠦᠰᠦᠲᠡᠨ ᠤ ᠰᠣᠶᠣᠯ ᠪᠣᠯᠪᠠᠰᠤᠨ᠂ ᠰᠣᠷᠭᠠᠨ ᠬᠥᠮᠥᠵᠢᠯ ᠤᠨ ᠦᠢᠯᠡᠰ ᠲᠤ | ᠪᠠᠯᠠᠷᠠᠰᠢ ᠦᠭᠡᠢ ᠭᠠᠪᠢᠶ᠎ᠠ ᠵᠢᠳᠬᠦᠯ ᠲᠠᠢ ᠶᠠᠪᠤᠭᠰᠠᠨ ᠪᠢᠯᠡ᠃ | 2017 ᠣᠨ ᠤ 9 ᠰᠠᠷ᠎ᠠ ᠶᠢᠨ 18 ᠤ ᠡᠳᠦᠷ ᠮᠣᠩᠭᠤᠯ ᠦᠨᠳᠦᠰᠦᠲᠡᠨ ᠤ ᠰᠣᠶᠣᠯ ᠰᠣᠷᠭᠠᠨ ᠬᠥᠮᠥᠵᠢᠯ | ᠤᠨ ᠶᠡᠭᠡ ᠭᠠᠪᠢᠶᠠᠳᠠᠨ ᠷᠣᠯᠭᠠᠷᠵᠠᠪ ᠤᠨ ᠬᠦᠷᠡᠯ ᠭᠦᠷᠥᠭ ᠢ ᠪᠢᠷᠠᠭᠤ ᠶᠢᠨ ᠮᠣᠩᠭᠤᠯ ᠳᠤᠮᠳᠠᠳᠤ ᠰᠤᠷᠭᠠᠭᠤᠯᠢ ᠶᠢᠨ | ᠬᠦᠷᠢᠶᠡᠨ᠎ᠡ ᠪᠣᠰᠬᠠᠵᠤ᠂ ᠲᠡᠭᠦᠨ ᠤ ᠵᠣᠬᠢᠶᠠᠯ ᠪᠦᠲᠦᠭᠡᠯ ᠤᠨ ᠲᠤᠬᠠᠢ ᠡᠷᠳᠡᠮ ᠰᠢᠨᠵᠢᠯᠡᠭᠡᠨ ᠤ ᠬᠤᠷᠠᠯ ᠢ | ᠬᠤᠷᠠᠯᠳᠤᠭᠤᠯᠪᠠ᠃ 2018 ᠣᠨ ᠳᠤ ᠷᠣᠯᠭᠠᠷᠵᠠᠪ ᠤᠨ ᠬᠠᠭᠤᠴᠢᠨ ᠰᠠᠭᠤᠴᠠ ᠶᠢ ᠵᠠᠰᠠᠨ ᠰᠢᠨᠡᠳᠬᠡᠪᠡ᠃ | ᠡᠷᠳᠡᠨᠢᠳᠦᠭ᠌ᠳᠠᠬᠤ ︵1916—2001︶᠂ ᠭᠡᠰᠢᠭᠳᠡᠨ ᠨᠤᠲᠤᠭ ᠲᠠᠢ᠂ ᠮᠣᠩᠭᠤᠯ ᠬᠡᠯᠡ ᠪᠢᠴᠢᠭ ᠤᠨ | ᠶᠡᠭᠡ ᠪᠠᠭᠰᠢ᠂ ᠤᠳᠬ᠎ᠠ ᠵᠣᠬᠢᠶᠠᠯᠴᠢ᠂ ᠮᠣᠩᠭᠤᠯ ᠬᠡᠯᠡ ᠪᠢᠴᠢᠭ ᠤᠨ ᠠᠵᠢᠯ ᠤᠨ ᠭᠠᠷᠮᠠᠭᠠᠢ ᠵᠢᠳᠬᠦᠯᠲᠡᠨ᠃ 20 | ᠳ᠋ᠤᠭᠠᠷ ᠵᠠᠭᠤᠨ ᠤ ᠲᠥᠴᠢᠭᠡᠳ ᠣᠨ ᠠᠴᠠ ᠮᠣᠩᠭᠤᠯ ᠬᠡᠯᠡ ᠪᠢᠴᠢᠭ ᠢ ᠰᠤᠳᠤᠯᠬᠤ ᠠᠵᠢᠯ ᠢᠶᠠᠨ ᠡᠬᠢᠯᠡᠭᠦᠯᠵᠦ᠂ | ᠮᠣᠩᠭᠤᠯ ᠬᠡᠯᠡ ᠪᠢᠴᠢᠭ ᠤᠨ ᠰᠤᠳᠤᠯᠤᠯ ᠢ ᠬᠡᠯᠡ ᠪᠢᠴᠢᠭ ᠤᠨ ᠤᠬᠠᠭᠠᠨ ᠠᠴᠠ ᠬᠡᠯᠡ ᠰᠢᠨᠵᠢᠯᠡᠯ ᠤᠨ ᠰᠢᠨ᠎ᠡ | ᠱᠠᠲᠤᠨ᠎ᠠ ᠠᠬᠢᠭᠤᠯᠪᠠ᠃ ᠢᠨᠵᠠᠨᠨᠠᠰᠢ ᠶᠢᠨ ᠵᠣᠬᠢᠶᠠᠯ ᠪᠦᠲᠦᠭᠡᠯ ᠢ ᠡᠷᠢᠨ ᠴᠤᠭᠯᠠᠭᠤᠯᠵᠤ᠂ ᠡᠮᠬᠢᠳᠬᠡᠨ ᠬᠡᠪᠯᠡᠭᠦᠯᠵᠦ᠂ | ᠡᠷᠬᠢᠮᠯᠡᠨ ᠰᠤᠳᠤᠯᠤᠭᠰᠠᠨ ᠨᠢ ᠮᠣᠩᠭᠤᠯ ᠤᠨ ᠣᠶᠢᠷ᠎ᠠ ᠦᠶ᠎ᠡ ᠶᠢᠨ ᠤᠳᠬ᠎ᠠ ᠵᠣᠬᠢᠶᠠᠯ ᠤᠨ ᠲᠡᠦᠬᠡ ᠰᠤᠳᠤᠯᠤᠯ ᠤᠨ | ᠰᠠᠭᠤᠷᠢ ᠶᠢ ᠴᠣᠭᠴᠠᠯᠠᠪᠠ᠃ ᠣᠯᠠᠨ ᠵᠢᠯ ᠤᠳᠤᠷᠢᠳᠬᠤ ᠪᠠᠶᠢᠷᠢᠨ᠎ᠠ ᠠᠵᠢᠯᠯᠠᠵᠤ᠂ ᠮᠣᠩᠭᠤᠯ ᠬᠡᠯᠡ ᠪᠢᠴᠢᠭ ᠤᠨ | ᠠᠵᠢᠯ ᠤᠨ ᠵᠥᠪ ᠴᠢᠭᠯᠡᠯᠲᠡ᠂ ᠵᠥᠪ ᠪᠣᠳᠣᠯᠭ᠎ᠠ ᠶᠢᠨ ᠲᠥᠯᠥᠭᠡ ᠪᠤᠴᠠᠯᠲᠠ ᠦᠭᠡᠢ ᠴᠢᠷᠮᠠᠶᠢᠵᠤ᠂ ᠪᠦᠭᠦ ᠨᠠᠰᠤ ᠪᠠᠨ | ᠮᠣᠩᠭᠤᠯ ᠬᠡᠯᠡ ᠪᠢᠴᠢᠭ ᠤᠨ ᠦᠢᠯᠡᠰ ᠲᠤ ᠵᠣᠷᠢᠭᠤᠯᠤᠭᠰᠠᠨ ᠪᠢᠯᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤᠨ ᠬᠡᠷᠡᠭ ᠡᠷᠬᠢᠯᠡᠬᠦ ᠵᠥᠪᠯᠡᠯ᠂ | ᠭᠡᠰᠢᠭᠳᠡᠨ ᠬᠤᠰᠢᠭᠤᠨ ᠤ ᠵᠠᠰᠠᠭ ᠤᠨ ᠣᠷᠳᠣᠨ ᠬᠠᠮᠲᠤᠷᠠᠨ 2010 ᠣᠨ ᠳᠤ ᠡᠷᠲᠠᠨᠢᠲᠦᠭ᠌ᠳᠠᠬᠤ ᠶᠢᠨ ᠬᠥᠷᠡᠯ | ᠭᠦᠷᠥᠭ ᠢ ᠪᠢᠷᠠᠭᠤ ᠶᠢᠨ ᠮᠣᠩᠭᠤᠯ ᠳᠤᠮᠳᠠᠳᠤ ᠰᠤᠷᠭᠠᠭᠤᠯᠢ ᠶᠢᠨ ᠭᠦᠷᠢᠶᠡᠨ᠎ᠡ ᠪᠣᠰᠬᠠᠵᠤ᠂ ᠵᠣᠬᠢᠶᠠᠯ ᠪᠦᠲᠦᠭᠡᠯ ᠢ ᠨᠢ | ᠭᠡᠪᠯᠡᠨ ᠨᠡᠶᠢᠲᠡᠯᠡᠵᠦ᠂ ᠰᠤᠳᠤᠯᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠪᠠ᠃ 2015 ᠣᠨ ᠳᠤ ᠲᠡᠭᠦᠨ ᠤ | ᠮᠡᠨᠳᠦᠯᠡᠭᠰᠡᠨ 100 ᠵᠢᠯ ᠤᠨ ᠣᠢ ᠶᠢ ᠳᠤᠷᠠᠰᠬᠠᠬᠤ ᠬᠤᠷᠠᠯ ᠢ ᠬᠦᠭᠡᠬᠤᠲᠠᠨᠠ ᠵᠣᠬᠢᠶᠠᠨ ᠪᠠᠶᠢᠭᠤᠯᠪᠠ᠃ | ᠴ᠊ · ᠭᠡᠰᠢᠭᠲᠦᠭ᠌ᠳᠠᠬᠤ ︵1940 —2022︶᠂ ᠭᠡᠰᠢᠭᠳᠡᠨ ᠨᠤᠲᠤᠭ ᠲᠠᠢ᠂ ᠲᠥᠪ ᠤᠨ | ᠦᠨᠳᠦᠰᠦᠲᠡᠨ ᠤ ᠶᠡᠭᠡ ᠰᠤᠷᠭᠠᠭᠤᠯᠢ ᠶᠢᠨ ᠫᠷᠣᠹᠧᠰᠰᠣᠷ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ᠂ ᠠᠯᠳᠠᠷᠲᠤ | ᠡᠷᠳᠡᠮᠲᠡᠨ᠂ ᠮᠣᠩᠭᠤᠯ ᠤᠯᠤᠰ ᠤᠨ ᠶᠡᠷᠦᠩᠬᠡᠶᠢᠯᠡᠭᠴᠢ ᠶᠢᠨ ︽ᠠᠯᠳᠠᠨ ᠭᠠᠳᠠᠰᠤ︾ ᠭᠠᠪᠢᠶᠠᠨ ᠤ ᠣᠳᠣᠨ ᠤ ᠡᠵᠡᠨ | ᠂ ᠮᠣᠩᠭᠤᠯ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠶᠢᠨ ᠠᠷᠠᠳ ᠤᠨ ᠤᠷᠠᠨ ᠵᠣᠬᠢᠶᠠᠯᠴᠢ᠂ ᠠᠺᠠᠳᠧᠮᠢᠴᠢ | ︽ᠴ᠊ · ᠳᠠᠮᠳᠢᠨᠰᠦ᠋ᠷᠦᠩ︾ ᠨᠡᠷᠡᠮᠵᠢᠲᠦ ᠱᠠᠩᠨᠠᠯ ᠢᠶᠠᠷ ᠱᠠᠩᠨᠠᠭᠳᠠᠵᠤ ᠥᠩᠭᠡᠷᠡᠪᠡ᠃ ᠣᠯᠠᠨ ᠤᠯᠤᠰ ᠤᠨ | ᠮᠣᠩᠭᠤᠯᠴᠢ ᠡᠷᠳᠡᠮᠲᠡᠳ ᠤᠨ ᠬᠤᠯᠪᠣᠭᠠᠨ ᠤ ᠵᠥᠪᠯᠡᠯᠳᠦᠭᠦ ᠲᠣᠪᠴᠢᠶᠠᠨ ᠤ ᠭᠡᠰᠢᠭᠦᠨ᠂ ᠶᠠᠫᠤᠨ ᠤᠯᠤᠰ ᠤᠨ | ᠸᠠᠰᠧᠳᠠ ᠶᠡᠭᠡ ᠰᠤᠷᠭᠠᠭᠤᠯᠢ ᠶᠢᠨ ᠮᠣᠩᠭᠤᠯ ᠰᠤᠳᠤᠯᠤᠯ ᠤᠨ ᠲᠥᠪ ᠤᠨ ᠵᠣᠴᠢᠨ ᠫᠷᠣᠹᠧᠰᠰᠣᠷ ᠵᠡᠷᠭᠡ ᠨᠡᠶᠢᠭᠡᠮ ᠤᠨ | ᠲᠤᠰᠢᠶᠠᠯ ᠲᠠᠢ᠃ ︽ᠡᠷᠲᠡᠨ ᠤ ᠮᠣᠩᠭᠤᠯ ᠰᠢᠯᠦᠭ ᠤᠨ ᠲᠡᠭᠦᠪᠦᠷᠢ︾ ᠵᠡᠷᠭᠡ 10 ᠨᠣᠮ ᠪᠦᠲᠦᠭᠡᠯ ᠲᠠᠢ᠃ | ᠰᠠᠮᠫᠢᠯᠨᠣᠷᠪᠤ ︵1947—2002︶᠂ ᠬᠡᠰᠢᠭᠲᠡᠨ ᠨᠤᠲᠤᠭ ᠲᠠᠢ᠂ ᠮᠣᠩᠭᠤᠯ ᠵᠠᠩ ᠦᠢᠯᠡ ᠰᠤᠳᠤᠯᠤᠯ | ᠤᠨ ᠨᠡᠷᠡᠲᠦ ᠡᠷᠳᠡᠮᠲᠡᠨ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠳᠡᠳ᠋ ᠫᠷᠣᠹᠧᠰᠰᠣᠷ᠂ ᠠᠰᠫᠢᠷᠠᠨᠲ | ᠤᠨ ᠵᠢᠯᠣᠭᠤᠳᠣᠭᠴᠢ ᠪᠠᠭᠰᠢ᠃ ︽ᠮᠣᠩᠭᠤᠯ ᠵᠠᠩ ᠦᠢᠯᠡ ᠶᠢᠨ ᠲᠣᠶᠢᠮᠣ︾᠂ ︽ᠮᠣᠩᠭᠤᠯ ᠦᠨᠳᠦᠰᠦᠲᠡᠨ ᠤ | ᠢᠳᠡᠭᠡᠨ ᠤᠮᠳᠠᠭᠠᠨ ᠤ ᠰᠣᠶᠤᠯ︾᠂ ︽ᠨᠡᠭᠦᠳᠡᠯ ᠮᠡᠯᠵᠢᠯ ᠤᠨ ᠰᠣᠶᠣᠯ ᠵᠦᠢ︾᠂ ︽ᠮᠣᠩᠭᠤᠯᠴᠤᠳ ᠤᠨ | ᠡᠷᠡᠭᠦᠯ ᠠᠮᠢᠳᠤᠷᠠᠬᠤᠢ ᠤᠯᠠᠮᠵᠢᠯᠠᠯᠲᠤ ᠰᠤᠶᠤᠯ︾᠂ ︽ᠮᠣᠩᠭᠤᠯ ᠵᠦᠢᠷ ᠰᠡᠴᠡᠨ ᠦᠭᠡ ᠶᠢᠨ ᠴᠢᠭᠤᠯᠭᠠᠨ︾᠂ ︽ | ᠣᠶᠢᠷᠠᠳ ᠵᠠᠩ ᠦᠢᠯᠡ︾ ᠵᠡᠷᠭᠡ ᠨᠣᠮ ᠪᠦᠲᠦᠭᠡᠯ ᠲᠠᠢ᠂ ᠣᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ | ᠰᠣᠶᠤᠯ᠂ ᠰᠢᠨᠵᠢᠯᠡᠬᠦ ᠤᠬᠠᠭᠠᠨ᠂ ᠰᠣᠷᠭᠠᠨ ᠬᠥᠮᠥᠵᠢᠯ ᠤᠨ ᠵᠣᠬᠢᠶᠠᠨ ᠪᠠᠶᠢᠭᠤᠯᠤᠯᠲᠠ ᠶᠢᠨ ᠲᠤᠰᠬᠠᠢ ᠣᠷᠢᠭᠰᠠᠨ | ᠫᠷᠣᠹᠧᠰᠰᠣᠷ ᠵᠡᠷᠭᠡ ᠨᠡᠶᠢᠭᠡᠮ ᠤᠨ ᠲᠤᠰᠢᠶᠠᠯ ᠲᠠᠢ ᠪᠠᠶᠢᠵᠠᠢ᠃ | ᠬᠤᠶᠠᠷ᠂ ᠬᠡᠰᠢᠭᠲᠡᠨ ᠮᠣᠩᠭᠤᠯᠴᠤᠳ ᠭᠡᠷ ᠤᠨ ᠰᠤᠷᠭᠠᠯ ᠰᠠᠶᠢᠲᠠᠢ᠃ | ᠬᠡᠰᠢᠭᠲᠡᠨ᠂ ᠶᠤᠸᠠᠨ ᠭᠦᠷᠦᠨ ᠤ ᠦᠶ᠎ᠡ ᠳᠤ ᠬᠤᠩᠭᠢᠷᠠᠳ ᠠᠶᠢᠮᠠᠭ ᠨᠢ ᠬᠠᠭᠠᠨ ᠤ ᠬᠠᠳᠤᠳ ᠢ | ᠬᠥᠮᠥᠵᠢᠭᠦᠯᠳᠡᠭ ᠰᠠᠭᠤᠷᠢᠨ ᠰᠢᠭ᠋ ᠪᠠᠶᠢᠪᠠ᠃ ᠬᠠᠳᠤᠳ ᠢ ᠬᠡᠷᠬᠢᠨ ᠰᠣᠩᠭᠤᠳᠠᠭ ᠢ ︽ᠮᠠᠷᠺᠤ ᠫᠣᠯᠤ ᠶᠢᠨ | ᠵᠢᠭᠤᠯᠴᠢᠯᠠᠯ ᠤᠨ ᠲᠡᠮᠳᠡᠭᠯᠡᠯ︾ ᠳᠤ 4 ᠵᠢᠯ ᠪᠣᠯᠬᠤ ᠪᠥᠷᠢ ᠳᠤ 400 ᠥᠬᠢᠳ ᠢ ᠰᠣᠩᠭᠤᠨ ᠬᠠᠮᠤᠭ ᠰᠡᠭᠦᠯ ᠳᠤ | 12 ᠥᠬᠢᠨ ᠦᠯᠡᠳᠡᠭᠡᠵᠦ ᠬᠠᠭᠠᠨ ᠤ ᠣᠷᠳᠣᠨ ᠳᠤ ᠣᠷᠣᠭᠤᠯᠤᠨ ᠰᠢᠯᠢᠵᠦ ᠰᠣᠩᠭᠤᠬᠤ ᠬᠡᠮᠡᠨ ᠮᠠᠰᠢ ᠨᠠᠷᠢᠨ | ᠲᠣᠳᠣᠷᠬᠠᠢ ᠲᠡᠮᠳᠡᠭᠯᠡᠵᠡᠢ᠃ | ᠭᠤᠷᠪᠠ᠂ ᠭᠡᠰᠢᠭᠲᠡᠨ ᠳᠤ ᠳᠡᠯᠭᠡᠷᠡᠭᠰᠡᠨ ᠮᠣᠩᠭᠤᠯ ᠠᠷᠠᠳ ᠤᠨ ᠤᠷᠲᠤ ᠶᠢᠨ ᠳᠠᠭᠤᠤ᠂ ᠪᠣᠭᠤᠨᠢ ᠳᠠᠭᠤᠤ᠂ | ᠴᠤᠭᠤᠷ ᠳᠠᠭᠤᠤ᠂ ᠨᠠᠢᠮᠠᠨ ᠠᠶᠠᠯᠭᠤ᠂ ᠠᠰᠠᠷ ᠵᠡᠷᠭᠡ ᠳᠠᠭᠤᠤ ᠬᠥᠭᠵᠢᠮ ᠨᠢ ᠪᠥᠷ ᠣᠷᠳᠣᠨ ᠤ ᠳᠠᠭᠤᠤ ᠬᠥᠭᠵᠢᠮ | ᠤᠨ ᠤᠨᠴᠠᠯᠢᠭ ᠲᠠᠢ᠃ | ᠳᠥᠷᠪᠡ᠂ ᠬᠡᠰᠢᠭᠲᠡᠨ ᠤ ᠰᠦ ᠰᠠᠭᠠᠯᠢ ᠪᠤᠯᠪᠠᠰᠤᠷᠠᠭᠤᠯᠬᠤ ᠮᠡᠷᠭᠡᠵᠢᠯ ᠥᠨᠳᠥᠷ ᠲᠦᠪᠰᠢᠨ ᠳᠤ ᠪᠠᠶᠢᠵᠠᠢ᠃ | ᠭᠡᠰᠢᠭᠳᠡᠨ ᠨᠢ ᠶᠤᠸᠠᠨ ᠤᠯᠤᠰ᠂ ᠴᠢᠩ ᠤᠯᠤᠰ ᠤᠨ ᠦᠶ᠎ᠡ ᠳᠤ ᠬᠠᠭᠠᠨ ᠤ ᠰᠦᠷᠦᠭ ᠢ ᠮᠠᠯᠵᠢᠨ᠂ | ᠣᠷᠳᠣᠨ ᠤ ᠰᠦ ᠰᠠᠭᠠᠯᠢ ᠶᠢ ᠬᠠᠩᠭᠠᠳᠠᠭ ᠭᠠᠵᠠᠷ ᠪᠠᠶᠢᠭᠰᠠᠨ ᠠᠴᠠ ᠰᠦ ᠰᠠᠭᠠᠯᠢ ᠪᠣᠯᠪᠠᠰᠤᠷᠠᠭᠤᠯᠬᠤ ᠤᠷ᠎ᠠ | ᠮᠡᠷᠭᠡᠵᠢᠯ ᠨᠢ ᠨᠠᠷᠢᠯᠢᠭ᠂ ᠥᠪᠡᠷ ᠤᠨ ᠭᠡᠰᠡᠨ ᠤᠨᠴᠠᠯᠢᠭ ᠲᠠᠢ᠃ | 1906 ᠣᠨ ᠳᠤ ᠶᠠᠫᠤᠨ ᠬᠥᠮᠥᠨ ᠮᠢᠰᠢᠮᠡ᠂ ᠺᠠᠢ ᠦᠨ ᠭᠡᠰᠢᠭᠳᠡᠨ ᠰᠦ ᠰᠠᠭᠠᠯᠢ ᠪᠤᠯᠪᠠᠰᠤᠷᠠᠭᠤᠯᠬᠤ ᠣᠷ᠎ᠠ | ᠮᠡᠷᠭᠡᠵᠢᠯ ᠢ ᠰᠤᠷᠴᠤ ᠶᠠᠫᠤᠨ ᠳᠤ ᠪᠠᠨ ᠬᠠᠷᠢᠵᠤ ᠺᠠᠷᠦ᠋ᠫᠢᠰ ᠬᠦᠨᠡᠰᠦᠨ ᠤ ᠺᠣᠮᠫᠠᠨᠢ ᠪᠠᠶᠢᠭᠤᠯᠵᠤ᠂ ᠭᠡᠰᠢᠭᠳᠡᠨ ᠰᠦ | ᠰᠠᠭᠠᠯᠢ ᠪᠤᠯᠪᠠᠰᠤᠷᠠᠭᠤᠯᠬᠤ ᠤᠷ᠎ᠠ ᠮᠡᠷᠭᠡᠵᠢᠯ ᠢ ᠳᠡᠯᠡᠬᠡᠢ ᠳ᠋ᠠᠭᠢᠨ᠎ᠠ ᠤᠯᠠᠮᠵᠢᠯᠠᠪᠠ᠃ | ᠲᠠᠪᠤ᠂ ᠪᠠᠶᠢᠴᠠ ᠶᠢᠨ ᠴᠣᠮᠪᠤᠩ ᠲᠤᠭᠤᠷᠠᠶᠢᠲᠤ ᠠᠳᠤᠭᠤ᠃ ᠭᠡᠰᠢᠭᠲᠡᠨ ᠤ ᠪᠠᠶᠢᠴᠠ ᠬᠠᠪᠢ ᠪᠠᠷ ᠨᠢᠭᠤᠭᠳᠠᠵᠤ | ᠦᠯᠡᠳᠡᠭᠰᠡᠨ ᠭᠡᠰᠢᠭᠳᠡᠨ ᠴᠡᠷᠢᠭ ᠤᠨ ᠤᠨᠤᠭ᠎ᠠ ᠪᠣᠯᠣᠨ᠎ᠠ᠂ ᠲᠤᠰ ᠠᠳᠤᠭᠤ ᠨᠢ ᠥᠪᠥᠷ ᠮᠣᠩᠭᠤᠯ ᠤᠨ 3 ᠰᠢᠯᠢᠳᠡᠭ | ᠨᠤᠲᠤᠭ ᠤᠨ ᠡᠭᠦᠯᠳᠡᠷ ᠤᠨ ᠠᠳᠤᠭᠤ ᠶᠢᠨ ᠨᠢᠭᠡ ᠪᠣᠯᠣᠨ᠎ᠠ᠃ | ᠦᠨᠳᠦᠰᠦᠲᠡᠨ ᠶᠠᠰᠤᠲᠠᠨ ᠤ ᠲᠡᠦᠬᠡ ᠰᠤᠶᠤᠯ ᠭᠡᠵᠦ ᠶᠡᠭᠡ ᠦᠨ᠎ᠡ ᠲᠠᠢ ᠵᠦᠢᠯ᠃ ᠲᠡᠷᠡ ᠮᠠᠨᠢ ᠪᠢᠳᠡᠨ ᠤ | ᠥᠨᠳᠡᠶᠢᠨ ᠪᠣᠰᠬᠤ ᠳᠤ ᠲᠠᠶᠠᠭ ᠪᠣᠯᠵᠤ᠂ ᠥᠭᠡᠳᠡᠯᠡᠵᠦ ᠤᠷᠤᠭᠰᠢᠯᠠᠬᠤ ᠳᠤ ᠬᠠᠶ᠋ᠢᠭ ᠪᠤᠯᠳᠠᠭ᠃ ᠪᠢᠳᠡ | ᠥᠩᠭᠡᠷᠡᠭᠰᠡᠨ ᠲᠡᠦᠬᠡ ᠪᠠᠨ ᠮᠡᠳᠡᠵᠦ ᠤᠬᠠᠭᠠᠷᠠᠪᠠᠯ ᠰᠠᠶ᠋ᠢ ᠢᠷᠡᠭᠡᠳᠦᠢ ᠶᠠᠮᠠᠷ ᠪᠠᠶᠢᠳᠠᠭ ᠤᠨ ᠲᠤᠬᠠᠢ ᠤᠬᠠᠨ ᠮᠡᠳᠡᠵᠦ | ᠴᠢᠳᠠᠬᠤ ᠶᠤᠮ᠃ ᠲᠡᠶᠢᠮᠦ ᠶᠢᠨ ᠤᠴᠢᠷ᠂ ᠨᠡᠶᠢᠲᠡ ᠮᠣᠩᠭᠤᠯᠴᠤᠳ ᠤᠨ ᠰᠣᠶᠣᠯ ᠤᠨ ᠲᠣᠮᠣ ᠣᠷᠳᠣᠨ ᠬᠠᠷᠰᠢ ᠶᠢᠨ | ᠴᠢᠮᠬᠢ ᠰᠢᠷᠣᠢ ᠰᠥᠭᠦᠮ ᠮᠣᠳᠣ ᠪᠣᠯᠤᠭᠰᠠᠨ ᠣᠷᠣᠨ ᠨᠤᠲᠤᠭ ᠤᠨ ᠲᠡᠦᠬᠡ ᠰᠣᠶᠤᠯ ᠠᠴᠠ ᠪᠠᠨ ᠡᠬᠢᠯᠡᠨ ᠰᠠᠶᠢᠨ | ᠮᠠᠳᠡᠵᠦ᠂ ᠦᠯᠡᠳᠡᠭᠡᠵᠦ ᠬᠠᠳᠠᠭᠠᠯᠠᠵᠤ᠂ ᠥᠪᠯᠡᠭᠦᠯᠵᠦ ᠤᠯᠠᠮᠵᠢᠯᠠᠵᠤ ᠪᠠᠳᠠᠷᠠᠭᠤᠯᠵᠤ ᠮᠠᠨᠳᠤᠭᠤᠯᠵᠤ ᠪᠠᠶᠢᠬᠤ ᠬᠡᠷᠡᠭᠲᠡᠢ | ᠶᠤᠮ᠃ |