ᡁᠢ ᠷᠦᠢ ᠪᠠᠯᠭᠠᠰᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠭᠦᠢᠴᠡᠳ ᠬᠠᠩᠭᠠᠵᠤ ᠪᠠᠶᠢᠨ᠎ᠠ
ᠨᠡᠶᠢᠲᠡᠯᠡᠭᠰᠡᠨ ᠴᠠᠭ᠄
2023/3/31
     ᠣᠶᠢᠷ᠎ᠠ ᠶᠢᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠠᠩᠭᠢᠯᠠᠭ᠎ᠠ ᠶᠢᠨ ᠬᠤᠭᠤᠴᠠᠭᠠᠨ ᠳᠤ᠂ ᡁᠢ ᠷᠦᠢ ᠪᠠᠯᠭᠠᠰᠤ ᠨᠠᠮ ᠤᠨ ᠪᠠᠶᠢᠭᠤᠯᠤᠯᠲᠠ ᠶᠢᠨ ᠬᠥᠲᠥᠯᠥᠨ ᠲᠠᠭᠠᠭᠤᠯᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ︽ᠭᠤᠷᠪᠠ ᠶᠢ ᠨᠢᠭᠡ ᠴᠤᠭᠴᠠᠵᠢᠭᠤᠯᠬᠤ︾ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠦᠢᠯᠡᠳᠭᠦᠨ ᠤ ᠴᠢᠨᠠᠷ ᠰᠠᠶᠢᠲᠠᠢ ᠬᠢᠮᠢ ᠶᠢᠨ ᠪᠣᠷᠲᠣᠭᠤᠷ ᠤᠨ ᠠᠵᠤ ᠠᠬᠤᠶᠢᠯᠠᠯ ᠲᠠᠢ ᠢᠳᠡᠪᠬᠢᠲᠡᠢ ᠬᠠᠷᠢᠯᠴᠠᠬᠤ ᠶᠢᠨ ᠬᠠᠮᠲᠤ ᠬᠠᠮᠵᠢᠯᠴᠠᠭᠠᠨ ᠤ ᠭᠡᠷ᠎ᠡ ᠲᠣᠭᠲᠠᠵᠤ᠂ ᠴᠢᠨᠠᠷ ᠰᠠᠶᠢᠲᠠᠢ ᠬᠢᠮᠲᠠ ᠦᠨ᠎ᠡ ᠲᠠᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠰᠢᠭᠤᠳ ᠲᠠᠷᠢᠶᠠᠴᠢᠨ ᠡᠷᠦᠬᠡ ᠳᠤ ᠬᠦᠷᠭᠡᠵᠦ ᠪᠠᠶᠢᠨ᠎ᠠ᠃
     ᡁᠢ ᠷᠦᠢ ᠪᠠᠯᠭᠠᠰᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠲᠠᠷᠬᠠᠭᠠᠬᠤ ᠠᠬᠤᠢ ᠲᠠᠯᠠᠪᠠᠢ ᠎ ᠳᠤ᠂ ᠲᠠᠷᠢᠶᠠᠴᠢᠨ ᠡᠷᠦᠭᠡ ᠡᠯ᠎ᠡ ᠲᠥᠷᠥᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠥᠲᠥᠭᠡᠭᠳᠡᠭᠦᠨ ᠢ ᠡᠮᠬᠢ ᠵᠢᠷᠤᠮ ᠲᠠᠢ ᠪᠠᠷ ᠳᠠᠩᠰᠠᠯᠠᠨ ᠠᠪᠴᠤ᠂ ᠪᠠᠯᠭᠠᠰᠤ ᠶᠢᠨ ᠠᠵᠢᠯᠳᠠᠳ ᠠᠴᠠ ᠲᠠᠷᠢᠶᠠᠴᠢᠨ ᠡᠷᠦᠭᠡ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠥᠲᠥᠭᠡᠭᠳᠡᠭᠦᠨ ᠢ ᠬᠡᠷᠡᠭᠯᠡᠬᠦ ᠠᠷᠭ᠎ᠠ ᠪᠣᠯᠣᠨ ᠠᠩᠬᠠᠷᠬᠤ ᠵᠦᠢᠯᠡᠰ ᠢ ᠲᠠᠶᠢᠯᠪᠤᠷᠢᠯᠠᠨ ᠥᠭᠴᠦ᠂ ᠣᠯᠠᠨ ᠲᠦᠮᠡᠨ ᠤ ᠲᠠᠷᠢᠵᠤ ᠤᠷᠭᠤᠭᠤᠯᠬᠤ ᠬᠢᠷᠢ ᠲᠦᠪᠰᠢᠨ ᠪᠣᠯᠣᠨ ᠶᠠᠰᠤ ᠴᠢᠨᠠᠷ ᠢ ᠤᠯᠠᠮ ᠴᠢᠨᠠᠭᠰᠢᠳᠠ ᠳᠡᠭᠡᠭᠰᠢᠯᠡᠭᠦᠯᠵᠡᠢ᠃      ᡁᠢ ᠷᠦᠢ ᠪᠠᠯᠭᠠᠰᠤᠨ ᠤ᠂ ᠾᠧ ᠱᠧᠩ ᠲᠣᠰᠬᠤᠨ ᠤ ᠭᠤᠸᠠᠩ ᠢ ᠳᠤᠭᠤᠶᠢᠯᠠᠩ ᠤᠨ ᠲᠠᠷᠢᠶᠠᠴᠢᠨ ᠵᠠᠩ ᠎ ᠶᠢᠨ ᠯᠦᠩ᠄ ︽ᡁᠢ ᠷᠦᠢ ᠦᠢᠯᠡᠴᠢᠯᠡᠭᠡᠨ ᠤ ᠲᠥᠪ ᠬᠢᠮᠢ ᠶᠢᠨ ᠪᠣᠷᠲᠣᠭᠤᠷ ᠬᠦᠷᠭᠡᠵᠦ ᠢᠷᠡᠭᠰᠡᠨ ᠬᠢᠮᠢ ᠶᠢᠨ ᠪᠣᠷᠲᠣᠭᠤᠷ ᠤᠨ ᠶᠠᠰᠤ ᠴᠢᠨᠠᠷ ᠪᠠ ᠦᠢᠯᠡᠴᠢᠯᠡᠭᠡ ᠶᠡᠭᠡ ᠰᠠᠶᠢᠨ ᠪᠠᠶᠢᠨ᠎ᠠ᠂ ᠪᠢ ᠡᠨᠡ ᠵᠢᠯ ᠲᠤᠰᠬᠠᠶᠢᠯᠠᠨ ᠢᠯᠡᠭᠦᠭᠡᠨ ᠵᠠᠬᠢᠶᠠᠯᠠᠭᠰᠠᠨ ᠶᠤᠮ︾ ᠭᠡᠵᠡᠢ᠃      ᠡᠨᠡ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠠᠴᠠ ᠨᠠᠰᠢ᠂ ᡁᠢ ᠷᠦᠢ ᠪᠠᠯᠭᠠᠰᠤᠨ ᠤ ︽ᠭᠤᠷᠪᠠ ᠶᠢ ᠨᠢᠭᠡ ᠴᠤᠭᠴᠠᠵᠢᠭᠤᠯᠬᠤ︾ ᠦᠢᠯᠡᠴᠢᠯᠡᠭᠡᠨ ᠤ ᠲᠠᠪᠴᠠᠩ ᠲᠠᠷᠢᠶᠠᠴᠢᠳ ᠤᠨ ᠬᠡᠷᠡᠭᠴᠡᠭᠡ ᠶᠢ ᠦᠨᠳᠦᠰᠦᠯᠡᠨ᠂ ᠲᠠᠷᠢᠶᠠᠴᠢᠳ ᠲᠤ ᠴᠠᠭ ᠠᠷᠪᠢᠯᠠᠬᠤ᠂ ᠬᠦᠴᠦ ᠠᠷᠪᠢᠯᠠᠬᠤ᠂ ᠪᠠᠯᠠ ᠮᠥᠩᠭᠦ ᠠᠷᠪᠢᠯᠠᠬᠤ ᠪᠠ ᠣᠷᠣᠯᠭ᠎ᠠ ᠶᠢᠨ ᠨᠡᠮᠡᠭᠳᠡᠯ ᠢ ᠠᠬᠢᠭᠤᠯᠬᠤ᠂ ᠦᠷ᠎ᠡ ᠠᠰᠢᠭ ᠢ ᠳᠡᠭᠡᠭᠰᠢᠯᠡᠭᠦᠯᠭᠦ᠂ ᠦᠢᠯᠡᠴᠢᠯᠡᠭᠡ ᠶᠢ ᠰᠠᠶᠢᠵᠢᠷᠠᠭᠤᠯᠬᠤ ᠲᠠᠯ᠎ᠠ ᠪᠠᠷ ᠰᠠᠭᠤᠷᠢ ᠶᠢ ᠤᠯᠠᠮ ᠨᠢᠭᠡ ᠠᠯᠬᠤᠮ ᠪᠠᠳᠤᠳᠬᠠᠵᠤ᠂ ᠲᠠᠷᠢᠶᠠᠴᠢᠳ ᠲᠤ ᠦᠨᠡᠨᠬᠦ ᠠᠰᠢᠭ ᠬᠦᠷᠲᠡᠭᠡᠨ᠄ ︽ᠭᠤᠷᠪᠠ ᠶᠢ ᠨᠢᠭᠡ ᠴᠣᠭᠴᠠᠵᠢᠭᠤᠯᠬᠤ︾ ᠦᠢᠯᠡᠴᠢᠯᠡᠭᠡᠨ ᠤ ᠲᠠᠪᠴᠠᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾᠎ ᠤ ᠲᠠᠯ᠎ᠠ ᠪᠠᠷ ᠬᠢ ᠢᠳᠡᠪᠬᠢ ᠦᠢᠯᠡᠳᠦᠯ ᠢ ᠦᠨᠡᠨᠬᠦ ᠪᠠᠲᠠᠷᠠᠭᠤᠯᠵᠤ᠂ ᠬᠥᠳᠡᠭᠡ ᠲᠣᠰᠬᠤᠨ ᠎ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠠᠮᠠᠷᠢᠯᠠᠵᠡᠢ᠃
     ᡁᠢ ᠷᠦᠢ ᠪᠠᠯᠭᠠᠰᠤ ᠶᠢᠨ ᠠᠷᠠᠳ ᠲᠤ ᠦᠢᠯᠡᠴᠢᠯᠡᠬᠦ ᠬᠢᠵᠠᠭᠠᠷᠲᠤ ᠺᠣᠮᠫᠠᠨᠢ ᠪᠣᠯ ᡁᠢ ᠷᠦᠢ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠡᠷᠭᠢᠯᠡᠭᠰᠡᠨ ︿ᠭᠤᠷᠪᠠ ᠶᠢ ᠨᠢᠭᠡ ᠴᠤᠭᠴᠠᠵᠢᠭᠤᠯᠬᠤ﹀ ᠶᠡᠷᠦᠩᠬᠡᠶᠢᠯᠡᠭᠰᠡᠨ ᠦᠢᠯᠡᠴᠢᠯᠡᠭᠡᠨ ᠤ ᠳᠠᠪᠴᠠᠩ ᠪᠠᠶᠢᠵᠤ᠂ ᠲᠤᠰ ᠲᠠᠪᠴᠠᠩ ᠨᠢ ᠲᠠᠷᠢᠶᠠᠴᠢᠳ ᠲᠤ ᠠᠰᠢᠭ ᠭᠦᠷᠲᠡᠭᠡᠭᠦ᠂ ᠬᠥᠳᠡᠭᠡ ᠠᠵᠤ ᠠᠬᠤᠢ ᠳᠤ ᠦᠢᠯᠡᠴᠢᠯᠡᠬᠦ᠂ ᠪᠤᠲᠠᠲᠠᠢ ᠶᠢ ᠡᠷᠭᠢᠮᠯᠡᠬᠦ ᠦᠢᠯᠡᠴᠢᠯᠡᠭᠡᠨ ᠤ ᠣᠶᠢᠯᠠᠭᠠᠭᠳᠠᠬᠤᠨ ᠢ ᠢᠮᠠᠭᠲᠠ ᠪᠠᠷᠢᠮᠳᠠᠯᠠᠵᠤ᠂ ᠪᠦᠭᠦ ᠪᠠᠯᠭᠠᠰᠤᠨ ᠤ 5757 ᠡᠷᠦᠭᠡ ᠶᠢᠨ 15210 ᠪᠠᠶᠢᠩᠭᠤ ᠰᠠᠭᠤᠭ᠎ᠠ ᠬᠥᠮᠥᠨ ᠠᠮᠠ ᠳᠤ ᠦᠢᠯᠡᠳᠪᠦᠷᠢᠯᠡᠯ᠂ ᠬᠠᠩᠭᠠᠨ ᠪᠤᠷᠣᠯᠠᠭᠤᠯᠭ᠎ᠠ᠂ ᠢᠳᠡᠭᠡᠮᠵᠢ ᠶᠢᠨ ᠬᠠᠮᠲᠤᠷᠠᠯᠴᠠᠭ᠎ᠠ ᠶᠢᠨ ᠦᠢᠯᠡᠴᠢᠯᠡᠭᠡ ᠥᠷᠨᠢᠭᠦᠯᠬᠦ ᠪᠣᠯᠣᠨ᠎ᠠ᠃ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠬᠢᠭᠰᠡᠨ ᠎ ᠠᠴᠠ ᠨᠠᠰᠢ᠂ ᠪᠦᠭᠦ ᠪᠠᠯᠭᠠᠰᠤᠨ ᠤ 17 ᠲᠣᠰᠬᠤᠨ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠢᠭᠡᠳᠦᠯᠲᠡᠢ ᠬᠤᠳᠠᠯᠳᠤᠨ ᠠᠪᠬᠤ᠂ ᠲᠣᠬᠢᠷᠠᠭᠤᠯᠤᠨ ᠬᠦᠷᠭᠡᠬᠦ ᠦᠢᠯᠡᠴᠢᠯᠡᠭᠡ ᠬᠠᠩᠭᠠᠵᠤ᠂ ᠣᠳᠣ ᠪᠣᠯᠳᠠᠯ᠎ᠠ ᠨᠡᠶᠢᠲᠡ 620 ᠲᠣᠨ ᠬᠢᠮᠢ ᠶᠢᠨ ᠪᠣᠷᠲᠣᠭᠤᠷ ᠤᠨ ᠬᠡᠷᠡᠭᠴᠡᠭᠡ ᠶᠢ ᠪᠦᠷᠢᠳᠬᠡᠵᠦ :165.77 ᠲᠣᠨ ᠢ ᠨᠢ ᠨᠢᠭᠡᠨᠲᠡ ᠲᠣᠬᠢᠷᠠᠭᠤᠯᠤᠨ ᠬᠦᠷᠭᠡᠵᠡᠢ᠃ ᠦᠯᠡᠳᠡᠵᠦ ᠪᠠᠶᠢᠭ᠎ᠠ ᠬᠢᠮᠢ ᠶᠢᠨ ᠪᠣᠷᠲᠣᠭᠤᠷ ᠢ ᠣᠳᠣ ᠤᠳᠠᠯ ᠦᠭᠡᠢ ᠲᠣᠬᠢᠷᠠᠭᠤᠯᠤᠨ ᠬᠦᠷᠭᠡᠭᠦ ᠪᠠᠷ ᠪᠠᠶᠢᠨ᠎ᠠ᠃                    ᠰᠣᠷᠪᠣᠯᠵᠢᠯᠠᠭᠴᠢ ᠯᠠᠩ ᠷᠥᠩ ᠽᠧ                ᠨᠠᠶᠢᠷᠠᠭᠤᠯᠤᠭᠴᠢ ᠤᠶᠠᠬᠠᠨ    
 
ᠢᠷᠡᠯᠲᠡ᠄ ᠬᠡᠰᠢᠭᠲᠡᠨ ᠮᠣᠩᠭᠣᠯ ᠬᠡᠯᠡᠨ ᠦ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号