ᠳᠠᠷᠦ᠋ᠢᠬᠠᠨ ᠬᠦᠢᠴᠡᠳᠬᠡᠵᠦ ᠦᠨᠡᠨ ᠬᠦ ᠠᠳᠬᠤᠨ ᠪᠣᠳᠠᠲᠠᠢ ᠠᠵᠢᠯᠯᠠᠬᠤ ᠶᠢ ᠲᠠᠳᠬᠠᠯ ᠪᠣᠯᠭᠠᠶ᠎ᠠ
ᠨᠡᠶᠢᠲᠡᠯᠡᠭᠰᠡᠨ ᠴᠠᠭ᠄
2023/3/31
     ᠲᠦᠷᠦᠭᠦᠬᠡᠨ ᠰᠢᠨᠬᠤᠸᠠ ᠬᠤᠷᠢᠶᠠᠨ ᠤ ︽ᠪᠠᠷᠠᠯᠠᠯ︾ ᠰᠣᠨᠢᠨ ᠮᠡᠳᠡᠭᠡᠨ ᠤ ᠭᠠᠷᠠᠭ ᠤᠨ ᠰᠡᠳᠬᠦᠯ ︽ᠳᠠᠷᠦ᠋ᠢᠬᠠᠨ ᠬᠦᠢᠴᠡᠳᠬᠡᠵᠦ ᠦᠨᠡᠨ ᠬᠦ ᠠᠳᠬᠤᠨ ᠪᠣᠳᠠᠲᠠᠢ ᠠᠵᠢᠯᠯᠠᠬᠤ︾ ᠭᠡᠬᠦ ᠵᠣᠬᠢᠶᠠᠯ ᠨᠡᠶᠢᠲᠡᠯᠡᠵᠦ᠂ ᠰᠢ ᠶᠢᠨ ᠫᠢᠩ ᠨᠥᠬᠦᠷ ᠤᠨ ᠹᠦᠵᠢᠶᠠᠨ᠂ ᠹᠦᠵᠧᠦ ᠳᠤ ᠠᠵᠢᠯᠯᠠᠵᠤ ᠪᠠᠶᠢᠭᠰᠠᠨ ᠦᠶ᠎ᠡ ᠶᠢ ᠡᠷᠭᠢᠴᠡᠭᠦᠯᠵᠦ᠂ ︽ᠳᠠᠷᠦ᠋ᠢᠬᠠᠨ ᠬᠦᠢᠴᠡᠳᠬᠡᠵᠦ ᠦᠨᠡᠨ ᠬᠦ ᠠᠳᠬᠤᠵᠤ ᠪᠣᠳᠠᠲᠠᠢ ᠠᠵᠢᠯᠯᠠᠬᠤ︾ ᠠᠮᠢᠳᠤᠯᠢᠭ ᠦᠯᠢᠬᠡᠷ ᠢ ᠦᠢᠯᠡᠳᠦᠯᠭᠡᠵᠢᠭᠦᠯᠬᠦ ᠶᠢ ᠰᠠᠨᠠᠭᠠᠴᠢᠯᠠᠪᠠ᠃      ︽ᠳᠠᠷᠦ᠋ᠢᠬᠠᠨ ᠬᠦᠢᠴᠡᠳᠬᠡᠵᠦ ᠦᠨᠡᠨ ᠬᠦ ᠠᠳᠬᠤᠨ ᠪᠣᠳᠠᠲᠠᠢ ᠠᠵᠢᠯᠯᠠᠬᠤ︾ ᠰᠢᠯᠢᠳᠡᠭ ᠰᠤᠷᠲᠠᠯ ᠨᠢ ᠥᠷᠭᠡᠨ ᠤᠯᠠᠨ ᠺᠠᠳ᠋ᠷᠴᠤᠳ ᠤᠨ ᠡᠷᠬᠢᠮ ᠨᠠᠨᠳᠢᠨ ᠤᠯᠠᠮᠵᠢᠯᠠᠯ ᠪᠤᠯᠵᠤ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠬᠦᠴᠦᠲᠡᠢ ᠠᠬᠢᠭᠤᠯᠪᠠ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ᠂ ᠡᠷᠬᠡᠪᠰᠢ ᠡᠨᠡ ᠬᠦ ᠰᠢᠯᠢᠳᠡᠭ ᠰᠤᠷᠲᠠᠯ ᠢ ᠦᠷᠭᠦᠯᠵᠢᠯᠡᠨ ᠪᠠᠳᠠᠷᠠᠭᠤᠯᠤᠨ ᠦᠢᠯᠡᠳᠦᠯᠭᠡᠵᠢᠭᠦᠯᠵᠦ᠂ ᠠᠵᠢᠯ ᠤᠨ ᠦᠷ᠎ᠡ ᠪᠦᠲᠦᠮᠵᠢ ᠶᠢ ᠡᠷᠬᠢᠮᠯᠡᠵᠦ᠂ ᠬᠤᠭᠤᠰᠣᠨ ᠦᠭᠡ ᠶᠢ ᠳᠤᠲᠠᠭᠤ ᠶᠠᠷᠢᠬᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠪ ᠰᠤᠷᠲᠠᠯ ᠢ ᠪᠦᠷᠢᠯᠳᠦᠭᠦᠯᠵᠦ᠂ ︽ᠳᠠᠷᠦ᠋ᠢᠬᠠᠨ ᠬᠦᠢᠴᠡᠳᠬᠡᠵᠦ ᠦᠨᠡᠨ ᠬᠦ ᠠᠳᠬᠤᠨ ᠪᠣᠳᠠᠲᠠᠢ ᠠᠵᠢᠯᠯᠠᠬᠤ︾᠎ ᠶᠢ ᠳᠠᠳᠬᠠᠯ ᠪᠣᠯᠭᠠᠬᠤ ᠬᠡᠷᠡᠭᠲᠡᠢ᠃      ︽ᠳᠠᠷᠦ᠋ᠢᠬᠠᠨ ᠬᠦᠢᠴᠡᠳᠬᠡᠵᠦ ᠦᠨᠡᠨ ᠬᠦ ᠠᠳᠬᠤᠨ ᠪᠣᠳᠠᠲᠠᠢ ᠠᠵᠢᠯᠯᠠᠬᠤ︾ ᠪᠣᠯ ᠨᠢᠭᠡ ᠵᠦᠢᠯ ᠤᠨ ᠠᠵᠢᠯ ᠤᠨ ᠣᠶᠢᠯᠠᠭᠠᠭᠳᠠᠬᠤᠨ ᠪᠣᠯᠤᠨ᠎ᠠ᠃ ᠶᠠᠮᠠᠷᠪᠠ ᠨᠢᠭᠡᠨ ᠠᠵᠢᠯ ᠤᠨ ᠡᠭᠦᠷᠭᠡ ᠶᠢ ᠪᠡᠶᠡᠯᠡᠭᠦᠯᠦᠭᠰᠡᠨ ᠨᠢ ᠴᠥᠮ ᠨᠠᠶᠢᠳᠠᠪᠤᠷᠢᠵᠢᠭᠤᠯᠤᠯᠲᠠ ᠶᠢ ᠠᠳᠬᠤᠭᠰᠠᠨ ᠤ ᠦᠷ᠎ᠡ ᠳ᠋ᠦᠩ ᠮᠥᠨ᠃ ᠨᠢᠭᠡ ᠺᠠᠳ᠋ᠷ ︽ᠳᠠᠷᠦ᠋ᠢᠬᠠᠨ ᠬᠦᠢᠴᠡᠳᠬᠡᠵᠦ ᠦᠨᠡᠨ ᠬᠦ ᠠᠳᠬᠤᠨ ᠪᠣᠳᠠᠲᠠᠢ ᠠᠵᠢᠯᠯᠠᠬᠤ︾ ᠤᠶᠢᠯᠠᠭᠠᠭᠳᠠᠬᠤᠨ ᠪᠠᠶᠢᠬᠤ ᠦᠭᠡᠢ ᠪᠣᠯ ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠠᠩᠬᠠᠷᠴᠤ ᠴᠢᠳᠠᠬᠤ ᠦᠭᠡᠢ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ ᠴᠢᠳᠠᠬᠤ ᠦᠭᠡᠢ᠃ ᠠᠶᠤᠯ ᠲᠦᠭᠰᠢᠭᠦᠷᠢ ᠲᠤᠯᠭᠠᠷᠠᠪᠠᠯ ᠵᠠᠶᠢᠯᠠᠵᠤ ᠶᠠᠪᠤᠨ᠎ᠠ᠂ ᠵᠥᠷᠢᠴᠡᠯ ᠲᠤᠯᠭᠠᠷᠠᠪᠠᠯ ᠲᠣᠭᠤᠷᠢᠵᠤ ᠶᠠᠪᠤᠨ᠎ᠠ᠂ ᠬᠦᠴᠢᠷᠳᠡᠯ ᠲᠤᠯᠭᠠᠷᠠᠪᠠᠯ ᠬᠤᠶᠢᠰᠢ ᠪᠠᠨ ᠣᠬᠤᠷᠢᠨ᠎ᠠ᠃ ︽ᠳᠠᠷᠤᠢ ᠲᠦᠷᠭᠡᠨ ᠬᠦᠢᠴᠡᠳᠬᠡᠬᠦ ︾ ᠠᠵᠢᠯ ᠤᠨ ᠣᠬᠠᠮᠰᠠᠷ ᠢᠶᠠᠨ ᠴᠢᠩᠭᠠᠳᠬᠠᠵᠦ᠂ ᠪᠣᠳᠠᠲᠠᠢ ᠠᠵᠢᠯᠯᠠᠬᠤ ᠡᠭᠦᠷᠭᠡᠯᠡᠯ ᠤᠨ ᠤᠬᠠᠮᠰᠠᠷ ᠢᠶᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠪᠠᠯ ᠰᠠᠶ᠋ᠢ ᠡᠯ᠎ᠡ ᠵᠦᠢᠯ ᠤᠨ ᠠᠵᠢᠯ ᠦᠢᠯᠡᠰ ᠤᠨ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ ᠴᠢᠳᠠᠨ᠎ᠠ᠃      ︽ᠳᠠᠷᠦ᠋ᠢᠬᠠᠨ ᠭᠦᠢᠴᠡᠳᠬᠡᠵᠦ ᠦᠨᠡᠨ ᠬᠦ ᠠᠳᠬᠤᠨ ᠪᠣᠳᠠᠲᠠᠢ ᠠᠵᠢᠯᠯᠠᠬᠤ︾ ᠪᠣᠯ ᠨᠢᠭᠡ ᠵᠦᠢᠯ ᠤᠨ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠣᠯᠤᠨ᠎ᠠ᠃ ᠡᠪ ᠬᠠᠮᠲᠤᠴᠤᠳ ᠨᠡᠩ ᠢᠯᠠᠩᠭᠤᠶ᠎ᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠬᠦᠨᠳᠦ ᠡᠭᠦᠷᠭᠡ ᠶᠢ ᠡᠭᠦᠷᠭᠡᠯᠡᠬᠦ ᠴᠢᠬᠤᠯᠠᠲᠠᠢ ᠶᠤᠮ᠃ ᠨᠠᠮ ᠤᠨ ᠭᠡᠰᠢᠭᠦᠨ ᠺᠠᠳ᠋ᠷ ᠪᠤᠯᠭᠠᠨ ᠴᠥᠮ ︽ᠳᠠᠷᠦ᠋ᠢᠬᠠᠨ ᠬᠦᠢᠴᠡᠳᠬᠡᠵᠦ ᠦᠨᠡᠨ ᠬᠦ ᠠᠳᠬᠤᠨ ᠪᠣᠳᠠᠲᠠᠢ ᠠᠵᠢᠯᠯᠠᠬᠤ︾ ᠡᠭᠦᠷᠭᠡᠯᠡᠯ ᠤᠨ ᠵᠣᠷᠢᠭ ᠰᠠᠨᠠᠭ᠎ᠠ ᠶᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠵᠦ᠂ ᠲᠡᠭᠦᠨ ᠢ ᠨᠢᠭᠡ ᠵᠦᠢᠯ ᠤᠨ ᠠᠵᠢᠯᠯᠠᠭᠠᠨ ᠤ ᠵᠦᠭᠯᠡᠭᠦᠷ᠂ ᠨᠢᠭᠡ ᠵᠦᠢᠯ ᠤᠨ ᠦᠢᠯᠡ ᠠᠵᠢᠯᠯᠠᠭ᠎ᠠ ᠶᠢᠨ ᠳᠠᠳᠬᠠᠯ ᠪᠣᠯᠭᠠᠬᠤ ᠬᠡᠷᠡᠭᠲᠡᠢ᠃      ︽ᠳᠠᠷᠦ᠋ᠢᠬᠠᠨ ᠬᠦᠢᠴᠡᠳᠬᠡᠵᠦ ᠦᠨᠡᠨ ᠬᠦ ᠠᠳᠬᠤᠨ ᠪᠣᠳᠠᠲᠠᠢ ᠠᠵᠢᠯᠯᠠᠬᠤ︾ ᠪᠣᠯ ᠨᠢᠭᠡ ᠵᠦᠢᠯ ᠤᠨ ᠪᠣᠳᠠᠲᠠᠢ ᠶᠢ ᠡᠷᠬᠢᠮᠯᠡᠬᠦ ᠰᠤᠷᠲᠠᠯ ᠮᠥᠨ᠃ ᠺᠠᠳ᠋ᠷ ᠢ ᠤᠷᠮᠠᠰᠢᠭᠤᠯᠤᠨ ᠰᠤᠷᠲᠠᠯ ᠢ ᠰᠠᠶᠢᠵᠢᠷᠠᠭᠤᠯᠬᠤ ᠠᠴᠠ ᠨᠠᠷᠢᠨ ᠵᠦᠢᠯᠡᠰ ᠢ ᠡᠷᠬᠢᠮᠯᠡᠬᠦ᠂ ᠤᠨᠢᠨ ᠳᠡᠭᠡᠷ᠎ᠡ ᠨᠢ ᠦᠢᠯᠡᠴᠢᠯᠡᠬᠦ᠂ ᠤᠯᠠᠨ ᠠᠷᠭ᠎ᠠ ᠬᠡᠮᠵᠶ᠊ ᠡᠶ᠎ᠡ ᠠᠪᠴᠤ ᠵᠡᠷᠭᠡ ᠪᠠᠷ ᠬᠦᠴᠦᠯᠡᠵᠦ ᠥᠪᠥᠷ ᠮᠣᠩᠭᠤᠯ ᠤᠨ ᠲᠦᠷᠢ ᠲᠥᠷᠬᠦ ᠶᠢ ᠱᠤᠭᠤᠬᠤ ᠬᠦᠷᠳᠡᠯ᠎ᠡ︔ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ 12 ᠵᠦᠢᠯ ᠤᠨ ᠠᠷᠭ᠎ᠠ ᠬᠡᠮᠵᠶ᠊ ᠡᠶ᠎ᠡ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ 8 ᠵᠦᠢᠯ ᠤᠨ ᠰᠠᠨᠠᠯ ᠢ ᠨᠡᠶᠢᠲᠡᠯᠡᠭᠰᠡᠨ ᠠᠴᠠ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠰᠠᠶᠢᠨ ᠺᠠᠳ᠋ᠷ︾᠎ ᠢ ᠰᠢᠯᠭᠠᠷᠠᠭᠤᠯᠤᠨ ᠬᠥᠬᠢᠭᠦᠯᠬᠦ ᠬᠦᠷᠲᠡᠯ᠎ᠡ᠂ ︽ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠶᠢ ᠰᠢᠯᠢᠳᠡᠭᠵᠢᠭᠦᠯᠬᠦ᠂ ᠠᠵᠢᠯ ᠤᠨ ᠲᠡᠰ ᠲᠠᠷᠠᠭᠠᠯᠠᠯ ᠢ ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠦᠭᠰᠡᠨ ᠠᠴᠠ ᠠᠪᠤᠭᠠᠳ ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠬᠡᠬᠦ ᠳᠡᠭᠡᠷ᠎ᠡ ᠬᠦᠴᠦ ᠲᠠᠯᠪᠢᠬᠤ ᠬᠦᠷᠲᠡᠯ᠎ᠡ ᠁ ᠬᠡᠰᠡᠭ ᠬᠤᠭᠤᠴᠠᠭᠠᠨ ᠤ ᠲᠤᠷᠰᠢ᠂ ᠥᠪᠥᠷ ᠮᠣᠩᠭᠤᠯ ᠣᠷᠣᠨ ᠳᠠᠶᠠᠭᠠᠷ ᠠᠵᠢᠯ ᠬᠢᠵᠦ ᠬᠠᠷᠢᠭᠤᠴᠠᠯᠭ᠎ᠠ ᠡᠭᠦᠷᠭᠡᠯᠡᠬᠦ ᠥᠳᠬᠡᠨ ᠵᠤᠵᠠᠭᠠᠨ ᠠᠭᠤᠷ ᠠᠮᠢᠰᠬᠤᠯ ᠢ ᠶᠡᠭᠡ ᠪᠠᠷ ᠪᠤᠢ ᠪᠣᠯᠭᠠᠭᠰᠠᠨ ᠤ ᠨᠢᠭᠡᠨ ᠴᠢᠬᠤᠯᠠ ᠵᠣᠷᠢᠯᠭ᠎ᠠ ᠪᠣᠯ ᠳᠠᠷᠤᠢ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠪᠠᠨ ᠪᠠᠳᠠᠷᠠᠭᠤᠯᠵᠤ᠂ ᠬᠢᠬᠦ ᠶᠢ ᠡᠷᠬᠢᠮᠯᠡᠬᠦ ᠪᠣᠳᠠᠳᠠᠢ ᠶᠢ ᠡᠷᠬᠢᠮᠯᠡᠬᠦ᠂ ᠣᠷᠢᠳ ᠢᠶᠠᠷ ᠬᠢᠬᠦ ᠶᠢ ᠡᠷᠬᠢᠮᠯᠡᠬᠦ ᠰᠢᠨ᠎ᠠ ᠠᠭᠤᠷ ᠠᠮᠢᠰᠬᠤᠯ᠂ ᠠᠷᠭ᠎ᠠ ᠤᠬᠠᠭᠠᠨ ᠭᠠᠷᠭᠠᠬᠤ ᠳᠠᠭᠠᠨ ᠴᠢᠳᠠᠮᠠᠭᠠᠢ᠂ ᠠᠵᠢᠯ ᠬᠢᠵᠦ ᠪᠦᠲᠦᠭᠡᠬᠦ ᠰᠢᠨ᠎ᠡ ᠳᠦᠷᠰᠦ ᠪᠠᠶᠢᠳᠠᠯ ᠢ ᠪᠦᠷᠢᠯᠳᠦᠭᠦᠯᠬᠦ ᠶᠠᠪᠤᠳᠠᠯ ᠪᠣᠯᠤᠨ᠎ᠠ᠃ ᠰᠢᠨ᠎ᠡ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠬᠤ ᠳᠤ᠂ ᠪᠢᠳᠡ ᠴᠤᠭ ᠪᠠᠳᠠᠷᠠᠩᠭᠤᠢ ᠪᠠᠷ ᠤᠷᠤᠭᠰᠢᠯᠠᠨ ᠲᠠᠪᠰᠢᠬᠤ᠂ ᠵᠣᠷᠢᠭᠲᠠᠢ ᠪᠠᠷ ᠲᠡᠷᠢᠭᠦᠨ ᠳᠤ ᠣᠷᠣᠬᠤ ᠪᠠᠷ ᠴᠢᠷᠮᠠᠶᠢᠬᠤ ᠵᠣᠷᠢᠭ ᠰᠠᠨᠠᠭ᠎ᠠ ᠶᠢ ᠢᠮᠠᠭᠲᠠ ᠪᠠᠷᠢᠮᠲᠠᠯᠠᠵᠤ᠂ ︽ᠳᠠᠷᠦ᠋ᠢᠬᠠᠨ ᠬᠦᠢᠴᠡᠳᠬᠡᠵᠦ ᠦᠨᠡᠨ ᠬᠦ ᠠᠳᠬᠤᠨ ᠪᠣᠳᠠᠲᠠᠢ ᠠᠵᠢᠯᠯᠠᠬᠤ︾ ᠰᠢᠯᠢᠳᠡᠭ ᠰᠤᠷᠲᠠᠯ ᠢ ᠲᠠᠰᠤᠷᠠᠯᠳᠠ ᠦᠭᠡᠢ ᠪᠠᠳᠠᠷᠠᠭᠤᠯᠤᠨ ᠳᠡᠯᠭᠡᠷᠡᠭᠦᠯᠬᠦ ᠬᠡᠷᠡᠭᠲᠡᠢ᠃      ᠪᠦᠬᠦ ᠤᠯᠤᠰ ᠤᠨ ᠬᠤᠶᠠᠷ ᠬᠤᠷᠠᠯ ᠥᠨᠳᠥᠷᠯᠡᠵᠦ᠂ ᠰᠢᠨ᠎ᠡ ᠲᠡᠮᠡᠴᠡᠯ ᠤᠨ ᠪᠦᠷᠶ᠊ ᠡᠶ᠎ᠡ ᠬᠠᠩᠭᠢᠨᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢᠯᠢᠳᠡᠭ ᠪᠣᠯᠬᠤ ᠪᠠᠷ ᠴᠢᠷᠮᠠᠶᠢᠬᠤ᠂ ᠲᠡᠷᠢᠭᠦᠨ ᠤ ᠬᠢ ᠪᠣᠯᠬᠤ ᠪᠠᠷ ᠴᠢᠷᠮᠠᠶᠢᠬᠤ᠂ ᠴᠠᠭ ᠢᠮᠠᠭᠲᠠ ᠰᠡᠷᠡᠮᠵᠢᠳᠡᠢ ᠪᠠᠶᠢᠬᠤ ᠬᠠᠷᠢᠭᠤᠴᠠᠯᠭᠠᠲᠤ ᠰᠡᠳᠬᠢᠯᠭᠡ ᠪᠣᠯᠤᠨ ᠢᠳᠡᠪᠬᠢᠲᠡᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠵᠣᠷᠢᠭ ᠰᠠᠨᠠᠭ᠎ᠠ ᠶᠢ ᠪᠠᠲᠤᠯᠠᠵᠤ᠂ ︽ᠳᠠᠷᠦ᠋ᠢᠬᠠᠨ ᠭᠦᠢᠴᠡᠳᠬᠡᠬᠦ ᠦᠨᠡᠨ ᠬᠦ ᠠᠳᠬᠤᠨ ᠪᠣᠳᠠᠲᠠᠢ ᠠᠵᠢᠯᠯᠠᠬᠤ︾ ᠰᠢᠯᠢᠳᠡᠭ ᠰᠤᠷᠲᠠᠯ ᠢ ᠪᠠᠷᠢᠮᠲᠠᠯᠠᠵᠤ᠂ ᠱᠠᠯᠠᠮᠠᠭᠠᠶᠢᠯᠠᠨ ᠤᠷᠤᠭᠰᠢᠯᠠᠪᠠᠯ ᠰᠠᠶ᠋ᠢ ᠰᠢᠨ᠎ᠡ ᠠᠶᠠᠨ ᠳᠠᠭᠠᠨ ᠨᠡᠩ ᠶᠡᠭᠡ ᠰᠢᠨ᠎ᠡ ᠠᠮᠵᠢᠯᠲᠠ ᠣᠯᠵᠤ᠂ ᠠᠷᠠᠳ ᠤᠯᠠᠨ ᠢ ᠨᠡᠩ ᠤᠯᠠᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠲᠠᠢ ᠪᠣᠯᠭᠠᠵᠤ ᠴᠢᠳᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠣᠯ ᠬᠡᠯᠡᠨ ᠦ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号