ᠣᠯᠠᠨ ᠵᠦᠢᠯ ᠤᠨ ︽ᠬᠠᠮ ᠠᠷᠭ᠎ᠠ ᠪᠣᠳᠣᠯᠭ᠎ᠠ︾᠎ ᠨᠢ ᠪᠥᠬᠦ ᠣᠷᠣᠨ ᠤ ᠪᠣᠳᠠᠲᠤ ᠴᠣᠭᠴᠠᠲᠤ ᠠᠵᠤ ᠠᠬᠤᠢ ᠶᠢᠨ ᠪᠡᠯᠡ ᠲᠣᠬᠢᠷᠠᠭᠤᠯᠬᠤ ᠥᠪᠡᠷ ᠤᠨ ᠥᠷᠲᠡᠭ ᠰᠢᠨ᠎ᠡ ᠳᠣᠣᠷ᠎ᠠ ᠲᠦᠪᠰᠢᠨ ᠢ ᠡᠭᠦᠳᠬᠦ ᠶᠢ ᠬᠠᠪᠰᠤᠷᠤᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/3/7
     ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠶᠢᠨ ᠲᠤᠰᠠᠳᠠ᠂ ᠠᠷᠠᠳ ᠤᠨ ᠪᠠᠩᠬᠢ ᠶᠢᠨ ᠬᠥᠬᠡᠬᠤᠲᠠ ᠳᠠᠬᠢ ᠲᠥᠪ ᠰᠠᠯᠪᠤᠷᠢ ᠪᠠᠩᠬᠢ ᠠᠴᠠ ᠯᠠᠪᠳᠠᠭᠤᠨ ᠲᠣᠭᠲᠠᠭᠤᠨ ᠵᠣᠭᠤᠰᠤᠨ ᠤ ᠲᠥᠷᠥ ᠶᠢᠨ ᠪᠣᠳᠣᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠤ ᠴᠣᠭᠴᠠᠲᠤ ᠠᠵᠤ ᠠᠬᠤᠢ ᠶᠢᠨ ᠪᠡᠯᠡ ᠲᠣᠬᠢᠷᠠᠭᠤᠯᠬᠤ ᠥᠪᠡᠷ ᠤᠨ ᠥᠷᠲᠡᠭ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠬᠤ ᠶᠢ ᠪᠦᠲᠦᠮᠵᠢᠲᠡᠶ ᠠᠬᠢᠭᠤᠯᠪᠠ᠃ 1 ᠳ᠋ᠦ᠋ᠭᠡᠷ ᠰᠠᠷ᠎ᠠ ᠳᠤ᠂ ᠪᠥᠬᠦ ᠣᠷᠣᠨ ᠤ ᠰᠢᠨ᠎ᠡ ᠪᠠᠷ ᠲᠠᠯᠪᠢᠭᠰᠠᠨ ᠡᠩ ᠤᠨ ᠵᠢᠭᠡᠯᠡᠯᠭᠡ ᠶᠢᠨ ᠲᠤᠬᠠᠶᠢᠯᠠᠭᠰᠠᠨ ᠳᠤᠮᠳᠠᠴᠢ ᠬᠦᠦ ᠶᠢᠨ ᠨᠣᠷᠮ᠎ᠠ ᠨᠢ 4.49% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.87 ᠵᠠᠭᠤᠨ ᠤ ᠴᠡᠭ ᠪᠠᠭᠤᠷᠠᠵᠤ᠂ ᠭᠠᠷᠠᠬᠠᠨ ᠬᠠᠷᠢᠴᠠᠯ ᠢᠶᠠᠷ 0.28 ᠵᠠᠭᠤᠨ ᠤ ᠴᠡᠭ ᠪᠠᠭᠤᠷᠠᠵᠤ᠂ ᠲᠡᠦᠬᠡ ᠶᠢᠨ ᠬᠠᠮᠤᠭ ᠤᠨ ᠳᠣᠣᠷ᠎ᠠ ᠲᠦᠪᠰᠢᠨ ᠳᠤ ᠬᠦᠷᠴᠡᠢ᠃ ᠡᠭᠦᠨ ᠳᠤ᠂ ᠠᠵᠤ ᠠᠬᠤᠶᠢᠯᠠᠯ ᠤᠨ ᠵᠢᠭᠡᠯᠡᠯᠭᠡ ᠶᠢᠨ ᠲᠤᠬᠠᠶᠢᠯᠠᠭᠰᠠᠨ ᠳᠤᠮᠳᠠᠴᠢ ᠬᠦᠦ ᠶᠢᠨ ᠨᠣᠷᠮ᠎ᠠ ᠨᠢ 3.42% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.76 ᠵᠠᠭᠤᠨ ᠤ ᠴᠡᠭ ᠪᠠᠭᠤᠷᠠᠵᠤ᠂ ᠭᠠᠷᠠᠬᠠᠨ ᠬᠠᠷᠢᠴᠠᠯ ᠢᠶᠠᠷ 0.35 ᠵᠠᠭᠤᠨ ᠤ ᠴᠡᠭ ᠪᠠᠭᠤᠷᠠᠪᠠ︔ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠲᠤᠬᠠᠶᠢᠯᠠᠭᠰᠠᠨ ᠳᠤᠮᠳᠠᠴᠢ ᠬᠦᠦ ᠶᠢᠨ ᠨᠣᠷᠮ᠎ᠠ ᠨᠢ 4.83% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.51 ᠵᠠᠭᠤᠨ ᠤ ᠴᠡᠭ ᠪᠠᠭᠤᠷᠠᠵᠤ᠂ ᠭᠠᠷᠠᠬᠠᠨ ᠬᠠᠷᠢᠴᠠᠯ ᠢᠶᠠᠷ 0.19 ᠵᠠᠭᠤᠨ ᠤ ᠴᠡᠭ ᠪᠠᠭᠤᠷᠠᠪᠠ᠃      1 ᠳ᠋ᠦ᠋ᠭᠡᠷ ᠰᠠᠷ᠎ᠠ ᠳᠤ᠂ ᠠᠷᠠᠳ ᠤᠨ ᠪᠠᠩᠬᠢ ᠶᠢᠨ ᠬᠥᠬᠡᠬᠤᠲᠠ ᠳᠠᠬᠢ ᠲᠥᠪ ᠰᠠᠯᠪᠤᠷᠢ ᠪᠠᠩᠬᠢ ᠠᠴᠠ ᠴᠣᠩᠬᠤᠪᠴᠢ ᠶᠢᠨ ᠵᠢᠯᠣᠭᠤᠳᠤᠯᠭ᠎ᠠ ᠪᠠᠨ ᠴᠢᠩᠭᠠᠳᠬᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠳᠠᠬᠢᠯᠲᠠ ᠵᠢᠭᠡᠯᠡᠯᠭᠡ ᠲᠠᠯᠪᠢᠬᠤ᠂ ᠳᠠᠬᠢᠨ ᠪᠡᠯᠡᠨ ᠵᠣᠭᠤᠰ ᠰᠣᠯᠢᠬᠤ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢ ᠳᠡᠮᠵᠢᠬᠦ ᠪᠠᠭᠠᠵᠢ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠳᠡᠮᠵᠢᠬᠦ ᠪᠠᠭᠠᠵᠢ᠂ ᠨᠡᠭᠦᠷᠡᠰᠦᠨ ᠤ ᠠᠷᠢᠭᠤᠨ ᠴᠡᠪᠡᠷ ᠥᠨᠳᠥᠷ ᠪᠦᠲᠦᠮᠵᠢᠲᠡᠶ ᠠᠰᠢᠭᠯᠠᠯᠲᠠ ᠶᠢᠨ ᠲᠤᠰᠬᠠᠢ ᠵᠦᠢᠯ ᠤᠨ ᠳᠠᠬᠢᠯᠲᠠ ᠵᠢᠭᠡᠯᠡᠯᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠰᠬᠠᠢ ᠵᠦᠢᠯ ᠤᠨ ᠳᠠᠬᠢᠯᠲᠠ ᠵᠢᠭᠡᠯᠡᠯᠭᠡ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠲᠤᠰᠬᠠᠢ ᠵᠦᠢᠯ ᠤᠨ ᠳᠠᠬᠢᠯᠲᠠ ᠵᠢᠭᠡᠯᠡᠯᠭᠡ᠂ ᠪᠡᠯᠡᠳᠬᠡᠮᠵᠢ ᠶᠢ ᠰᠢᠨᠡᠳᠬᠡᠨ ᠥᠭᠡᠷᠡᠴᠢᠯᠡᠬᠦ ᠲᠤᠰᠬᠠᠢ ᠵᠦᠢᠯ ᠤᠨ ᠳᠠᠬᠢᠯᠲᠠ ᠵᠢᠭᠡᠯᠡᠯᠭᠡ ᠵᠡᠷᠭᠡ ᠠᠯᠢ ᠣᠯᠠᠨ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠭᠦᠢᠴᠡᠳ ᠰᠠᠶᠢᠲᠤᠷ ᠬᠡᠷᠡᠭᠯᠡᠬᠦ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠦᠨ᠎ᠡ ᠮᠡᠳᠡᠭᠦᠯᠬᠦ ᠬᠦᠦ ᠶᠢᠨ ᠨᠤᠷᠮ᠎ᠠ ᠶᠢᠨ ᠥᠭᠡᠷᠡᠴᠢᠯᠡᠯᠲᠡ ᠶᠢᠨ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ LPR ᠥᠭᠡᠷᠡᠴᠢᠯᠡᠯᠲᠡ ᠶᠢᠨ ᠨᠥᠯᠥᠭᠡ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠳᠠᠮᠵᠢᠭᠤᠯᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠤᠯᠠᠨ ᠵᠦᠢᠯ ᠤᠨ ︽ᠬᠠᠮ ᠠᠷᠭ᠎ᠠ ᠪᠣᠳᠣᠯᠭ᠎ᠠ︾᠎ ᠪᠠᠷ ᠪᠣᠳᠠᠲᠤ ᠴᠣᠭᠴᠠᠲᠤ ᠠᠵᠤ ᠠᠬᠤᠢ ᠶᠢᠨ ᠪᠡᠯᠡ ᠲᠣᠬᠢᠷᠠᠭᠤᠯᠬᠤ ᠥᠪᠡᠷ ᠤᠨ ᠦᠷᠳᠡᠭ ᠤᠨ ᠰᠢᠨ᠎ᠡ ᠳᠣᠣᠷ᠎ᠠ ᠲᠦᠪᠰᠢᠨ ᠢ ᠡᠭᠦᠳᠬᠦ ᠶᠢ ᠠᠬᠢᠭᠤᠯᠪᠠ᠃
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号