ᠲᠠᠯᠠᠶᠢᠨᠠᠭᠤᠷ ᠪᠠᠯᠭᠠᠰᠤᠨ ᠤ ᠬᠠᠨᠳᠤᠬᠤ ᠭᠠᠴᠠᠭ᠎ᠠ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠎ ᠶᠢᠨ ᠬᠤᠪᠢ ᠣᠷᠣᠭᠰᠠᠳ ᠲᠤ 62 ᠲᠦᠮᠡᠨ ᠲᠥᠭᠦᠷᠢᠭ ᠤᠨ ᠠᠰᠢᠭ ᠬᠤᠪᠢᠶᠠᠪᠠ
ᠨᠡᠶᠢᠲᠡᠯᠡᠭᠰᠡᠨ ᠴᠠᠭ᠄
2023/4/11
     ᠣᠶᠢᠷ᠎ᠠ ᠳᠤ ᠬᠤᠷᠠᠯᠳᠤᠭᠰᠠᠨ ᠲᠠᠯᠠᠶᠢᠨᠠᠭᠤᠷ ᠪᠠᠯᠭᠠᠰᠤᠨ ᠤ ᠬᠠᠨᠳᠤᠬᠤ ᠭᠠᠴᠠᠭ᠎ᠠ ᠶᠢᠨ ︽ᠭᠤᠷᠪᠠ ᠶᠢ ᠬᠤᠪᠢᠷᠠᠭᠤᠯᠬᠤ︾ ᠦᠭᠡᠷᠡᠴᠢᠯᠡᠯᠲᠡ ᠶᠢᠨ ᠬᠤᠪᠢ ᠣᠷᠣᠭᠤᠯᠤᠭᠴᠢᠳ ᠤᠨ ᠠᠰᠢᠭ ᠬᠤᠪᠢᠶᠠᠬᠤ ᠠᠩᠬᠠᠳᠤᠭᠠᠷ ᠤᠳᠠᠭᠠᠨ ᠤ ᠬᠤᠷᠠᠯ ᠳᠤ᠂ ᠲᠠᠯᠠᠶᠢᠨᠠᠭᠤᠷ ᠪᠠᠯᠭᠠᠰᠤ ᠶᠢᠨ ᠬᠠᠨᠳᠤᠬᠤ ᠭᠠᠴᠠᠭ᠎ᠠ ᠶᠢᠨ ︽ᠭᠤᠷᠪᠠ ᠶᠢ ᠬᠤᠪᠢᠷᠠᠭᠤᠯᠬᠤ ︾ ᠥᠭᠡᠷᠡᠴᠢᠯᠡᠯᠲᠡ ᠶᠢᠨ ᠠᠵᠢᠯ ᠤᠨ ᠵᠠᠭᠪᠤᠷ ᠢ ᠲᠠᠨᠢᠯᠴᠠᠭᠤᠯᠵᠤ᠂ ︽ᠬᠠᠨᠳᠤᠬᠤ ᠭᠠᠴᠠᠭ᠎ᠠ ᠶᠢᠨ ᠠᠵᠤ ᠦᠢᠯᠡᠰ ᠎ ᠤᠨ ᠬᠤᠷᠰᠢᠶᠠᠵᠢᠯ ᠤᠨ ᠰᠠᠭᠤᠷᠢ ᠡᠬᠡ ᠮᠠᠯ ᠪᠠ ᠬᠠᠳᠤᠯᠠᠩ ᠪᠡᠯᠴᠢᠭᠡᠷ ᠢ ᠡᠬᠢᠯᠡᠨ ᠨᠡᠶᠢᠯᠡᠭᠦᠯᠵᠦ ᠬᠤᠪᠢ ᠣᠷᠣᠵᠤ ᠠᠰᠢᠭ ᠬᠤᠪᠢᠶᠠᠬᠤ ᠲᠣᠭᠲᠠᠭᠠᠯ︾᠎ ᠢ ᠨᠠᠶᠢᠲᠡᠯᠡᠵᠦ᠂ ᠭᠡᠷ᠎ᠡ ᠲᠣᠭᠲᠠᠭᠰᠠᠨ ᠪᠥᠭᠡᠳ ᠬᠤᠷᠠᠯ ᠤᠨ ᠲᠤᠬᠠᠢ ᠶᠢᠨ ᠲᠠᠯᠠᠪᠤᠷ ᠲᠤ 62 ᠲᠦᠮᠡᠨ ᠲᠥᠭᠦᠷᠢᠭ ᠤᠨ ᠪᠠᠯᠠᠨ ᠵᠣᠭᠤᠰᠣᠨ ᠤ ᠬᠤᠪᠢ ᠣᠷᠣᠭᠰᠠᠨ ᠠᠰᠢᠭ ᠬᠤᠪᠢᠶᠠᠵᠠᠢ᠃
     ᠲᠤᠰ ᠤᠳᠠᠭᠠᠨ ᠤ ᠠᠰᠢᠭ ᠬᠤᠪᠢᠶᠠᠭᠰᠠᠨ ᠶᠠᠪᠤᠳᠠᠯ ᠨᠢ ᠮᠠᠯᠵᠢᠬᠤ ᠣᠷᠣᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠤᠷᠢᠳᠠᠪᠠᠷ ᠪᠡᠶᠡᠯᠡᠭᠦᠯᠦᠭᠰᠡᠨ ᠴᠢᠬᠤᠯᠠ ᠶᠡᠭᠡ ᠠᠴᠢ ᠬᠤᠯᠪᠣᠭᠳᠠᠯ ᠲᠠᠢ ᠪᠠᠶᠢᠳᠠᠭ᠃ ᠬᠠᠨᠳᠤᠬᠤ ᠭᠠᠴᠠᠭ᠎ᠠ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠲᠤᠷᠰᠢᠯᠲᠠ ᠶᠢᠨ ᠭᠠᠴᠠᠭ᠎ᠠ ᠪᠣᠯᠤᠭᠰᠠᠨ ᠤ ᠬᠤᠪᠢ ᠳᠤ᠂ ᠲᠤᠰ ᠭᠠᠴᠠᠭᠠᠨ ᠤ ᠪᠠᠨ ᠪᠠᠷᠠᠭᠤᠨ ᠲᠠᠶᠢᠰᠠ ᠳᠤᠭᠤᠶᠢᠯᠠᠩ ᠤᠨ ᠰᠠᠭᠤᠷᠢ ᠡᠬᠡ ᠮᠠᠯ ᠪᠠ ᠬᠠᠳᠤᠯᠠᠩ ᠪᠡᠯᠴᠢᠭᠡᠷ ᠢ ᠡᠬᠢᠯᠡᠨ ᠨᠡᠶᠢᠯᠡᠭᠦᠯᠵᠦ᠂ ᠮᠠᠯᠴᠢᠳ ᠦᠬᠡᠷ ᠨᠢᠭᠡᠪᠦᠷᠢ ᠶᠢᠨ ᠵᠢᠯ ᠪᠥᠷᠢ ᠶᠢᠨ ᠲᠦᠷᠢᠶᠡᠰᠦᠯᠡᠬᠦ ᠪᠠᠯᠠ ᠮᠥᠩᠭᠦ ᠶᠢᠨ 3600 ᠲᠥᠭᠦᠷᠢᠭ ᠤᠨ ᠪᠠᠷᠢᠮᠵᠢᠶ᠎ᠠ ᠪᠠᠷ ᠭᠠᠴᠠᠭ᠎ᠠ ᠶᠢᠨ ᠠᠳᠠᠯ ᠦᠢᠯᠡᠰ ᠴᠤᠭᠴᠠᠯᠠᠬᠤ ᠬᠤᠷᠰᠢᠶᠠᠵᠢᠯ ᠳᠤ ᠬᠤᠪᠢ ᠣᠷᠣᠭᠤᠯᠵᠤ᠂ ᠮᠠᠯᠴᠢᠳ ᠤᠨ ᠤᠯᠠᠮᠵᠢᠯᠠᠯᠲᠤ ᠲᠠᠷᠠᠬᠠᠢ ᠪᠤᠳᠠᠷᠬᠠᠢ ᠲᠡᠵᠢᠭᠡᠨ ᠦᠷᠡᠵᠢᠭᠦᠯᠬᠦ ᠠᠷᠭ᠎ᠠ ᠮᠠᠶ᠋ᠢᠭ ᠲᠠᠢ ᠬᠠᠷᠢᠴᠠᠭᠤᠯᠪᠠᠯ᠂ ᠮᠠᠯᠴᠢᠳ ᠤᠨ ᠦᠬᠡᠷ ᠨᠢᠭᠡᠪᠦᠷᠢ ᠶᠢᠨ ᠵᠢᠯ ᠪᠥᠷᠢ ᠎ ᠶᠢᠨ ᠠᠰᠢᠭ ᠣᠷᠣᠯᠭ᠎ᠠ ᠨᠢ 400 ᠲᠥᠭᠦᠷᠢᠭ ᠨᠡᠮᠡᠭᠳᠡᠬᠦ ᠶᠢᠨ ᠬᠠᠮᠲᠤ ᠭᠥᠳᠡᠯᠮᠦᠷᠢ ᠬᠦᠴᠦ ᠶᠢ ᠴᠢᠯᠦᠭᠡᠯᠡᠵᠦ᠂ ᠮᠠᠯ ᠪᠡᠯᠴᠢᠭᠡᠷ ᠤᠨ ᠲᠡᠩᠴᠡᠬᠦᠷᠢᠲᠡᠢ ᠬᠥᠭᠵᠢᠯᠲᠡ ᠶᠢ ᠠᠬᠢᠭᠤᠯᠵᠤ ᠴᠢᠳᠠᠭᠰᠠᠨ ᠪᠠᠶᠢᠨ᠎ᠠ᠃      ︽ᠪᠢ ᠨᠡᠶᠢᠲᠡ 50 ᠦᠬᠡᠷ᠂ 1750 ᠮᠦ ᠪᠡᠯᠴᠢᠭᠡᠷ ᠢᠶᠠᠨ ᠭᠠᠴᠠᠭᠠᠨ ᠤ ᠠᠳᠠᠯ ᠦᠢᠯᠡᠰ ᠴᠤᠭᠴᠠᠯᠠᠬᠤ ᠬᠤᠷᠰᠢᠶᠠᠵᠢᠯ ᠳᠤ ᠬᠤᠪᠢ ᠣᠷᠣᠭᠤᠯᠤᠭᠠᠳ᠂ ᠡᠨᠡ ᠵᠢᠯ 20 ᠲᠦᠮᠡᠨ ᠲᠥᠭᠦᠷᠢᠭ ᠤᠨ ᠠᠰᠢᠭ ᠬᠤᠪᠢᠶᠠᠨ ᠣᠯᠵᠠᠢ᠂ ᠬᠤᠶᠢᠰᠢᠳᠠ ᠳᠠᠭᠠᠨ ᠵᠠᠯᠭᠠᠭᠠᠳ ᠪᠠᠰᠠ ᠡᠶᠢᠮᠦ ᠭᠡᠯᠪᠡᠷᠢ ᠪᠠᠷ ᠬᠤᠷᠰᠢᠶᠠᠵᠢᠯ ᠳᠤ ᠬᠤᠪᠢ ᠣᠷᠣᠨ᠎ᠠ᠂ ᠢᠩᠭᠢᠪᠡᠯ ᠲᠣᠭᠲᠠᠭᠰᠠᠨ ᠣᠷᠣᠯᠭ᠎ᠠ ᠲᠠᠢ ᠪᠠᠰᠠ ᠬᠥᠳᠡᠯᠮᠦᠷᠢ ᠬᠦᠴᠦ ᠪᠠᠨ ᠰᠣᠯᠠᠯᠠᠵᠤ ᠪᠤᠰᠤᠳ ᠶᠠᠭᠤᠮ᠎ᠠ ᠬᠢᠬᠦ ᠶᠤᠮ ᠤᠤ ᠵᠤᠭᠠᠴᠠᠯ ᠤᠨ ᠦᠢᠯᠡᠰ ᠡᠷᠭᠢᠯᠡᠵᠦ ᠪᠣᠯᠣᠨ᠎ᠠ︾ ᠭᠡᠵᠦ ᠬᠤᠪᠢ ᠣᠷᠣᠭᠠᠳ ᠠᠰᠢᠭ ᠭᠦᠷᠳᠡᠭᠰᠡᠨ ᠬᠠᠨᠳᠤᠬᠤ ᠭᠠᠴᠠᠭᠠᠨ ᠤ ᠮᠠᠯᠴᠢᠨ ᠬᠠᠨᠠᠭᠠᠷ ᠪᠠᠶᠠᠷᠲᠠᠶᠢᠬᠠᠨ ᠬᠡᠯᠡᠪᠡ᠃
     ᠲᠠᠯᠠᠶᠢᠨᠠᠭᠤᠷ ᠪᠠᠯᠭᠠᠰᠤᠨ ᠤ ᠨᠠᠮ ᠤᠨ ᠬᠤᠷᠢᠶᠠᠨ ᠤ ᠱᠥᠵᠢ ᠴᠡᠯᠡᠭᠡᠷ᠄ ︽ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠵᠢᠯᠣᠭᠤᠳᠤᠯᠭ᠎ᠠ ᠪᠠᠷ᠂ ᠥᠨᠥᠳᠥᠷ ᠲᠠᠯᠠᠶᠢᠨᠠᠭᠤᠷ ᠪᠠᠯᠭᠠᠰᠤ ᠬᠠᠨᠳᠤᠬᠤ ᠭᠠᠴᠠᠭᠠᠨ ᠤ ︿ᠭᠤᠷᠪᠠ ᠶᠢ ᠬᠤᠪᠢᠷᠠᠭᠤᠯᠬᠤ﹀ ᠥᠭᠡᠷᠡᠴᠢᠯᠡᠯᠲᠡ ᠶᠢᠨ ᠬᠤᠪᠢ ᠣᠷᠣᠭᠤᠯᠤᠭᠴᠢᠳ ᠤᠨ ᠠᠰᠢᠭ ᠬᠤᠪᠢᠶᠠᠬᠤ ᠬᠤᠷᠠᠯ ᠬᠤᠷᠠᠯᠳᠤᠭᠤᠯᠵᠤ᠂ ᠨᠡᠶᠢᠲᠡ 155 ᠦᠭᠡᠷ᠂ 5425 ᠮᠤ᠋ ᠬᠠᠳᠤᠯᠠᠩ ᠪᠡᠯᠴᠢᠭᠡᠷ ᠢ ᠡᠮᠭᠢᠯᠡᠨ ᠨᠡᠶᠢᠯᠡᠭᠦᠯᠵᠦ᠂ ᠮᠠᠯᠴᠢᠳ ᠲᠤ 62 ᠲᠦᠮᠡᠨ ᠲᠥᠭᠦᠷᠢᠭ ᠤᠨ ᠠᠰᠢᠭ ᠬᠤᠪᠢᠶᠠᠷᠢᠯᠠᠵᠤ᠂ ᠡᠬᠢ ᠪᠠᠶᠠᠯᠢᠭ ᠢ ᠪᠠᠯᠠ ᠮᠥᠩᠭᠦ ᠪᠣᠯᠭᠠᠨ ᠬᠤᠪᠢᠷᠠᠭᠤᠯᠵᠤ᠂ ᠪᠠᠯᠠ ᠮᠥᠩᠭᠦ ᠶᠢ ᠬᠤᠪᠢ ᠣᠷᠣᠭᠤᠯᠤᠬᠰᠠᠨ ᠮᠥᠩᠭᠦ ᠪᠣᠯᠭᠠᠨ ᠬᠤᠪᠢᠷᠠᠭᠤᠯᠵᠤ᠂ ᠮᠠᠯᠴᠢᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠵᠤ᠂ ᠮᠠᠯᠴᠢᠳ ᠢ ᠥᠳᠨᠳᠦᠷ ᠲᠦᠷᠭᠡᠨ ᠢᠶᠠᠷ ᠪᠠᠶᠠᠵᠢᠯ ᠎ ᠤᠨ ᠵᠠᠮ ᠳᠤ ᠬᠥᠲᠥᠯᠥᠨ ᠣᠷᠣᠭᠤᠯᠤᠬᠰᠠᠨ ᠢᠶᠠᠷ ᠪᠠᠷᠠᠬᠤ ᠦᠭᠡᠢ᠂ ᠠᠮᠢ ᠠᠭᠤᠢ ᠶᠢᠨ ᠦᠷ᠎ᠡ ᠠᠰᠢᠭ ᠨᠢ ᠴᠤ ᠭᠡᠰᠢᠭᠲᠡᠨ ᠤ ᠲᠠᠯ᠎ᠠ ᠨᠤᠲᠤᠭ ᠲᠤ ᠨᠡᠩ ᠳᠠᠩᠰᠤᠭ ᠰᠠᠶᠢᠬᠠᠨ ᠥᠩᠭᠡ ᠭᠢᠯᠪᠠᠭ᠎ᠠ ᠨᠡᠮᠡᠷᠢᠯᠡᠭᠰᠡᠨ ᠪᠠᠶᠢᠨ᠎ᠠ︾ ᠭᠡᠵᠡᠢ᠃
 
ᠢᠷᠡᠯᠲᠡ᠄ ᠬᠡᠰᠢᠭᠲᠡᠨ ᠮᠣᠩᠭᠣᠯ ᠬᠡᠯᠡᠨ ᠦ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号