ᠡᠨᠡ ᠬᠤᠶᠠᠷ ᠰᠤᠷᠭᠠᠭᠤᠯᠢ ᠬᠠᠮᠲᠤᠷᠠᠵᠤ ᠦᠨᠳᠦᠰᠦᠲᠡᠨ ᠤ ᠪᠥᠯᠭᠦᠮᠳᠡᠯ ᠨᠥᠬᠦᠷᠯᠡᠯ ᠤᠨ ᠠᠵᠢᠯᠯᠠᠭᠠᠨ ᠥᠷᠨᠢᠭᠦᠯᠪᠡ
ᠨᠡᠶᠢᠲᠡᠯᠡᠭᠰᠡᠨ ᠴᠠᠭ᠄
2023/4/11
     ᠣᠶᠢᠷ᠎ᠠ ᠶᠢᠨ ᠡᠳᠦᠷ᠂ ᠲᠠᠯᠠᠶᠢᠨᠠᠭᠤᠷ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠠᠭᠠᠭᠤᠯᠢ ᠨᠢ ᠦᠨᠳᠦᠰᠦᠲᠡᠨ ᠤ ᠪᠥᠯᠭᠦᠯᠳᠡᠯ ᠢ ᠠᠬᠢᠭᠤᠯᠵᠤ᠂ ᠪᠤᠰᠤᠳ ᠰᠤᠷᠭᠠᠭᠤᠯᠢ ᠶᠢᠨ ᠰᠤᠷᠤᠭᠴᠢᠳ ᠲᠠᠢ ᠶᠠᠪᠤᠯᠴᠠᠭ᠎ᠠ ᠬᠠᠷᠢᠯᠴᠠᠭ᠎ᠠ ᠪᠠᠨ ᠨᠢᠭᠲᠠᠷᠠᠭᠤᠯᠬᠤ ᠶᠢᠨ ᠲᠥᠯᠥᠭᠡ ᠤᠯᠠᠭᠠᠨᠪᠤᠳᠤᠩ ᠪᠠᠭ᠎ᠠ ᠰᠤᠷᠭᠠᠭᠤᠯᠢ ᠲᠠᠢ ᠬᠠᠮᠲᠤᠷᠠᠨ ︽ᠠᠨᠠᠷ ᠎ ᠤᠨ ᠦᠷ᠎ᠡ ᠰᠢᠭ ᠨᠢᠭᠲᠠᠷᠠᠵᠤ ᠨᠢᠭᠡ ᠭᠡᠷ ᠪᠥᠯᠢ ᠮᠡᠲᠦ ᠳᠣᠲᠣᠨᠣ︾ ᠦᠨᠳᠦᠰᠦᠲᠡᠨ ᠤ ᠪᠥᠯᠭᠦᠮᠳᠡᠯ ᠨᠥᠬᠦᠷᠯᠡᠯ ᠤᠨ ᠦᠢᠯᠡᠳᠦᠯᠭᠡ ᠶᠢᠨ ᠠᠵᠢᠯᠯᠠᠭᠠᠨ ᠢ ᠥᠷᠨᠢᠭᠦᠯᠪᠡ᠃
     ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠲᠠᠯᠠᠶᠢᠨᠠᠭᠤᠷ ᠪᠠᠯᠭᠠᠰᠤ ᠶᠢᠨ ᠵᠠᠰᠠᠭ ᠤᠨ ᠣᠷᠳᠣᠨ᠂ ᠤᠯᠠᠭᠠᠨᠪᠤᠳᠤᠩ ᠰᠤᠮᠤ ᠶᠢᠨ ᠵᠠᠰᠠᠭ ᠤᠨ ᠣᠷᠳᠣᠨ ᠠᠴᠠ ᠲᠤᠰ ᠤᠳᠠᠭᠠᠨ ᠤ ᠠᠵᠢᠯᠯᠠᠭᠠᠨ ᠳᠤ ᠬᠠᠯᠠᠭᠤᠨ ᠲᠡᠮᠵᠢᠯᠭᠡ ᠦᠵᠡᠭᠦᠯᠪᠡ᠃      ᠲᠤᠰ ᠠᠵᠢᠯᠯᠠᠭᠠᠨ ᠢᠶᠠᠷ ᠳᠡᠮᠵᠢᠨ ᠬᠤᠶᠠᠷ ᠰᠤᠷᠭᠠᠭᠤᠯᠢ ᠶᠢᠨ ᠬᠤᠭᠤᠷᠣᠨᠳᠣᠬᠢ ᠬᠠᠷᠢᠯᠴᠠᠭ᠎ᠠ ᠤᠯᠠᠮ ᠨᠢᠭᠲᠠ ᠪᠣᠯᠤᠭᠰᠠᠨ ᠢᠶᠠᠷ ᠪᠠᠷᠠᠬᠤ ᠦᠭᠡᠢ ᠰᠤᠷᠤᠭᠴᠢᠳ ᠥᠪᠡᠷ ᠢ ᠪᠠᠨ ᠳᠠᠪᠲᠠᠨ ᠪᠤᠯᠪᠠᠰᠤᠷᠠᠭᠤᠯᠵᠤ᠂ ᠦᠨᠳᠦᠰᠦᠲᠡᠨ ᠤ ᠪᠥᠯᠬᠦᠮᠳᠡᠯ ᠢ ᠠᠬᠢᠭᠤᠯᠬᠤ ᠳᠤ ᠠᠰᠢᠭᠲᠠᠢ ᠦᠢᠯᠡᠳᠦᠯ ᠦᠵᠡᠭᠦᠯᠦᠭᠰᠡᠨ ᠪᠠᠶᠢᠨ᠎ᠠ᠃
     ᠲᠤᠰ ᠤᠳᠠᠭ᠎ᠠ ᠶᠢᠨ ᠠᠵᠢᠯᠯᠠᠭᠠᠨ ᠳᠤ ᠲᠠᠯᠠᠶᠢᠨᠠᠭᠤᠷ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠠᠭᠠᠭᠤᠯᠢ ᠶᠢᠨ 42 ᠰᠤᠷᠤᠬᠴᠢ᠂ ᠤᠯᠠᠭᠠᠪᠤᠳᠤᠩ ᠪᠠᠭ᠎ᠠ ᠰᠤᠷᠭᠠᠭᠤᠯᠢ ᠶᠢᠨ 42 ᠰᠤᠷᠤᠬᠴᠢ ᠣᠷᠣᠯᠴᠠᠵᠤ᠂ ᠰᠤᠷᠤᠭᠴᠢᠳ ᠲᠤ ᠬᠤᠭᠤᠷᠣᠨᠳᠤ ᠪᠠᠨ ᠰᠠᠨᠠᠯ ᠢᠶᠠᠨ ᠰᠣᠯᠢᠯᠴᠠᠬᠤ᠂ ᠬᠠᠷᠢᠯᠴᠠᠨ ᠣᠶᠢᠯᠠᠭᠠᠯᠴᠠᠬᠤ᠂ ᠨᠢᠭᠲᠠᠷᠠᠨ ᠪᠥᠯᠬᠦᠮᠳᠡᠬᠦ ᠠᠵᠠ ᠲᠣᠬᠢᠶᠠᠯ ᠢ ᠤᠯᠭᠤᠭᠰᠠᠨ ᠪᠠᠶᠢᠨ᠎ᠠ᠃
 
ᠢᠷᠡᠯᠲᠡ᠄ ᠬᠡᠰᠢᠭᠲᠡᠨ ᠮᠣᠩᠭᠣᠯ ᠬᠡᠯᠡᠨ ᠦ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号