ᠨᠡᠭᠦᠳᠡᠯ ᠤᠨ ᠰᠢᠪᠠᠭᠤᠳ ᠤᠨ ᠥᠷᠳᠡᠭᠡᠯᠡᠨ ᠪᠠᠭᠤᠬᠤ ᠴᠠᠭ ᠢᠶᠠᠨ ᠣᠭᠳᠣᠨ ᠠᠪᠴᠢᠷᠠᠯ᠎ᠠ
ᠨᠡᠶᠢᠲᠡᠯᠡᠭᠰᠡᠨ ᠴᠠᠭ᠄
2023/4/11
     ᠨᠠᠭᠤᠷ ᠠᠮᠤᠭᠤᠯᠠᠩ ᠪᠣᠯ ᠨᠣᠭᠤᠰᠣ ᠠᠮᠤᠭᠤᠯᠠᠩ ᠭᠡᠳᠡᠭ ᠢᠶᠠᠷ ᠣᠶᠢᠷ᠎ᠠ ᠶᠢᠨ ᠬᠤᠭᠤᠴᠠᠭᠠᠨ ᠳᠤ ᠮᠠᠨ ᠤ ᠬᠤᠰᠢᠭᠤᠨ ᠤ ᠲᠠᠯᠠᠢ ᠨᠠᠭᠤᠷ ᠤᠨ ᠤᠯᠤᠰ ᠤᠨ ᠳᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ ᠨᠡᠭᠦᠳᠡᠯ  ᠤᠨ ᠰᠢᠪᠠᠭᠤᠳ ᠤᠨ ᠦᠷᠳᠡᠭᠡᠯᠡᠨ ᠪᠠᠭᠤᠬᠤ ᠴᠠᠭ ᠢᠶᠠᠨ ᠣᠭᠲᠣᠨ ᠠᠪᠴᠢᠷᠠᠯ᠎ᠠ᠂ ᠬᠡᠲᠦᠶᠢᠪᠡᠷ ᠨᠠᠭᠤᠷ ᠤᠨ ᠮᠥᠰᠥ ᠴᠠᠰᠤ ᠪᠦᠷᠢᠮᠦᠰᠥᠨ ᠬᠠᠶᠢᠯᠤᠭ᠎ᠠ ᠦᠭᠡᠢ ᠪᠤᠯᠪᠠᠴᠤ ᠨᠠᠭᠤᠷ ᠤᠨ ᠬᠥᠪᠡᠭᠡᠨ ᠳᠤ ᠠᠯᠢ ᠡᠷᠲᠡ ᠣᠯᠠᠨ ᠨᠡᠭᠦᠳᠡᠯ ᠤᠨ ᠰᠢᠪᠠᠭᠤᠳ ᠦᠷᠳᠡᠭᠡᠯᠡᠨ ᠪᠠᠭᠤᠵᠤ᠂ ᠬᠤᠨ ᠭᠠᠯᠠᠭᠤ᠂ ᠬᠠᠯᠢᠭᠤᠨ ᠭᠠᠯᠠᠭᠤ ᠪᠠᠷ ᠭᠤᠣᠯᠯᠠᠭᠰᠠᠨ ᠨᠡᠭᠦᠳᠡᠯ ᠤᠨ ᠰᠢᠪᠠᠭᠤᠳ ᠬᠥᠬᠡ ᠲᠡᠭᠷᠢ ᠬᠥᠭᠡᠮᠳᠦᠭ ᠤᠰᠤᠨ ᠢᠶᠠᠷ ᠳᠡᠭᠦᠯᠢᠨ ᠨᠢᠰᠴᠦ᠂ ᠡᠬᠡ ᠪᠠᠶᠢᠭᠠᠯᠢ ᠶᠢᠨ ᠡᠶ᠎ᠡ ᠵᠣᠬᠢᠴᠠᠯ ᠪᠠ ᠦᠵᠡᠰᠬᠦᠯᠡᠩᠲᠦ ᠰᠠᠶᠢᠬᠠᠨ ᠵᠢᠷᠤᠭ ᠳᠦᠷᠰᠦ ᠶᠢ ᠪᠦᠷᠢᠯᠳᠦᠭᠦᠯᠪᠡ᠃      ᠮᠠᠨ ᠤ ᠤᠯᠤᠰ ᠤᠨ ᠨᠡᠭᠦᠳᠡᠯ ᠤᠨ ᠰᠢᠪᠠᠭᠤᠨ ᠤ ᠨᠡᠭᠦᠳᠡᠯᠯᠡᠬᠦ ᠴᠢᠬᠤᠯᠠ ᠵᠠᠮ ᠪᠣᠯᠤᠭᠰᠠᠨ ᠤ ᠬᠤᠪᠢ ᠳᠤ᠂ ᠳᠠᠯᠠᠢ ᠨᠠᠭᠤᠷ ᠤᠨ᠂ ᠤᠯᠤᠰ ᠤᠨ ᠳᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠣᠶᠢᠷ᠎ᠠ ᠶᠢᠨ ᠵᠢᠯ ᠳᠤ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠠᠮᠢ ᠠᠬᠤᠢ ᠶᠢᠨ ᠪᠥᠲᠦᠭᠡᠨ ᠪᠠᠶᠢᠭᠤᠯᠤᠯᠲᠠ ᠪᠠᠨ ᠴᠢᠩᠭᠠᠳᠬᠠᠵᠤ᠂ ᠣᠷᠣᠨ ᠪᠥᠰᠡ ᠶᠢᠨ ᠲᠣᠲᠣᠷᠠᠬᠢ ᠠᠮᠢ ᠠᠬᠤᠢ ᠶᠢᠨ᠂ ᠣᠷᠴᠢᠨ ᠲᠣᠭᠤᠷᠢᠨ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠡᠯ᠎ᠡ ᠲᠥᠷᠥᠯ ᠤᠨ ᠬᠡᠭᠡᠷ᠎ᠡ ᠶᠢᠨ ᠠᠮᠢᠲᠠᠨ ᠳᠤ ᠬᠠᠨᠤᠮᠵᠢᠲᠠᠢ ᠤᠷᠤᠰᠢᠨ ᠠᠮᠢᠳᠤᠷᠠᠬᠤ ᠣᠷᠣᠨ ᠵᠠᠢ ᠬᠠᠩᠭᠠᠵᠤ ᠥᠭᠭᠦᠭᠰᠡᠨ ᠪᠠᠶᠢᠨ᠎ᠠ᠃
     ᠨᠡᠭᠦᠳᠡᠯ ᠤᠨ ᠰᠢᠪᠠᠭᠤ ᠶᠢ ᠰᠠᠶᠢᠳᠤᠷ ᠬᠠᠮᠠᠭᠠᠯᠠᠬᠤ ᠶᠢᠨ ᠲᠥᠯᠥᠭᠡ᠂ ᠲᠤᠰ ᠪᠠᠶᠢᠭᠠᠯᠢ ᠶᠢᠨ ᠬᠠᠮᠠᠭᠠᠯᠠᠯᠲᠠ  ᠶᠢᠨ ᠣᠷᠣᠨ ᠨᠢ ᠲᠣᠬᠠᠢ ᠶᠢᠨ ᠭᠠᠵᠠᠷ ᠤᠨ 38 ᠮᠠᠯᠴᠢᠨ ᠢᠶᠠᠷ ᠪᠦᠷᠢᠯᠳᠦᠭᠰᠡᠨ ᠨᠡᠭᠦᠳᠡᠯ ᠤᠨ ᠰᠢᠪᠠᠭᠤ ᠶᠢ ᠲᠣᠭᠤᠷᠢᠨ ᠪᠠᠶᠢᠴᠠᠭᠠᠵᠤ ᠬᠠᠮᠠᠭᠠᠯᠠᠬᠤ 6 ᠠᠵᠢᠯᠯᠠᠬᠤ ᠠᠩᠭᠢ ᠠᠩᠭᠢ ᠶᠢ ᠪᠠᠶᠢᠭᠤᠯᠵᠤ᠂ ︽ᠮᠠᠯᠴᠢᠳ ᠬᠠᠷᠠᠭᠤᠯ ᠵᠣᠭᠰᠣᠵᠤ᠂ ᠰᠠᠯᠠᠭ᠎ᠠ ᠮᠥᠴᠢᠷ ᠤᠨ ᠬᠢᠨ ᠳᠤ ᠮᠡᠳᠡᠭᠦᠯᠬᠦ︾ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠂ ᠮᠠᠯᠴᠢᠳ ᠤᠨ ᠪᠠᠶᠢᠭᠠᠯᠢ ᠶᠢᠨ ᠠᠮᠢ ᠠᠬᠤᠢ ᠶᠢ ᠬᠠᠶᠢᠷᠠᠯᠠᠬᠤ ᠪᠠ ᠭᠠᠵᠠᠷ ᠤᠨ ᠪᠠᠶᠢᠴᠠ ᠶᠢ ᠣᠶᠢᠯᠠᠭᠠᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠠᠮᠭᠠᠯᠠᠯᠲᠠ ᠶᠢᠨ ᠣᠷᠣᠨ ᠤ ᠡᠯ᠎ᠡ ᠭᠠᠵᠠᠷ ᠣᠷᠣᠨ ᠢ ᠪᠥᠬᠦ ᠲᠠᠯ᠎ᠠ ᠪᠠᠷ ᠲᠣᠭᠤᠷᠢᠨ ᠪᠠᠶᠢᠴᠠᠭᠠᠵᠤ᠂ ᠰᠢᠷᠬᠠᠲᠤᠭᠰᠠᠨ᠂ ᠡᠪᠡᠳᠴᠢᠯᠡᠭᠰᠡᠨ ᠬᠡᠭᠡᠷ᠎ᠡ ᠶᠢᠨ ᠠᠮᠢᠲᠠᠨ ᠢ ᠣᠯᠵᠤ ᠮᠡᠳᠡᠪᠡᠯ ᠴᠠᠭ ᠲᠤᠬᠠᠢ ᠳᠤᠨᠢ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠥᠷᠳᠡᠭᠡ ᠲᠠᠢ ᠬᠠᠷᠢᠯᠴᠠᠵᠤ ᠠᠪᠤᠷᠠᠨ ᠲᠤᠰᠠᠯᠠᠳᠠᠭ ᠪᠠᠶᠢᠨ᠎ᠠ᠃ ᠣᠳᠣᠬᠠᠨ ᠳᠤ᠂ ᠳᠠᠯᠠᠢ ᠨᠠᠭᠤᠷ ᠤᠨ ᠤᠯᠤᠰ ᠤᠨ ᠳᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ  ᠳᠤ 18 ᠪᠠᠭ 48 ᠢᠵᠡᠭᠤᠷ ᠤᠨ 297 ᠲᠦᠷᠦᠯ ᠤᠨ ᠵᠢᠭᠦᠷᠲᠡᠨ᠂ ᠬᠥᠭᠦᠳᠡᠨ ᠠᠮᠢᠲᠠᠨ 15 ᠲᠥᠷᠥᠯ᠂ ᠵᠢᠭᠠᠰᠤ 21 ᠲᠥᠷᠦᠯ᠂ ᠬᠥᠪᠦᠮᠡᠯ ᠠᠮᠢᠲᠠᠨ 36 ᠲᠦᠷᠦᠯ ᠪᠠᠶᠢᠵᠤ᠂ ᠵᠢᠩᠭᠢᠨᠢ ︽ᠠᠮᠢᠳᠠᠳ ᠤᠨ ᠵᠢᠷᠭᠠᠯ ᠤᠨ ᠣᠷᠣᠨ︾ ᠪᠣᠯᠵᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠬᠠᠮᠲᠤ ᠤᠷᠤᠰᠢᠬᠤ ᠶᠢ ᠠᠬᠢᠭᠤᠯᠤᠭᠰᠠᠨ ᠪᠠᠶᠢᠨ᠎ᠠ᠃      ᠣᠶᠢᠷ᠎ᠠ ᠶᠢᠨ ᠵᠢᠯ ᠠᠴᠠ ᠨᠠᠭᠠᠰᠢ᠂ ᠭᠡᠰᠢᠭᠳᠡᠨ ᠬᠤᠰᠢᠭᠤ ᠠᠮᠢ ᠠᠭᠤᠢ ᠶᠢᠨ ᠪᠣᠯᠪᠠᠰᠤᠨ ᠤ ᠦᠵᠡᠯ ᠰᠠᠨᠠᠭ᠎ᠠ  ᠶᠢ ᠭᠦᠨᠵᠡᠭᠡᠢ ᠨᠠᠶᠢᠲᠠᠪᠤᠷᠢᠵᠢᠭᠤᠯᠵᠤ᠂ ᠣᠩᠭᠤᠨ ᠪᠠᠶᠢᠭᠠᠯᠢ ᠪᠣᠯ ᠦᠨᠡᠯᠡᠰᠢ ᠦᠭᠡᠢ ᠥᠪ ᠬᠦᠷᠦᠩᠬᠡ ᠪᠤᠯᠬᠤ ᠬᠥᠭᠵᠢᠯᠲᠡ ᠶᠢᠨ ᠣᠶᠢᠯᠠᠭᠠᠭᠳᠠᠭᠠᠳ ᠢ ᠪᠠᠲᠤ ᠪᠤᠢ ᠪᠣᠯᠭᠠᠵᠤ᠂ ᠣᠯᠠᠨ ᠵᠦᠢᠯ ᠤᠨ ᠠᠷᠭ᠎ᠠ ᠭᠡᠯᠪᠡᠷᠢ ᠪᠠᠷ ᠤᠰᠤᠨ ᠤ ᠡᠬᠢ ᠰᠣᠷᠪᠤᠯᠵᠢ ᠪᠠ ᠡᠭᠢ ᠪᠠᠶᠠᠯᠢᠭ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠭᠰᠠᠨ ᠢᠶᠠᠷ ᠭᠡᠰᠢᠭᠳᠡᠨ ᠬᠤᠰᠢᠭᠤᠨ  ᠤ ᠠᠮᠢ ᠠᠬᠢ ᠪᠠᠶᠢᠭᠠᠯᠢ ᠣᠷᠴᠢᠨ ᠦᠷᠭᠦᠯᠵᠢᠯᠡᠨ ᠰᠠᠶᠢᠵᠢᠷᠠᠵᠤ᠂ ᠳᠠᠯᠠᠢ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ  ᠶᠢᠨ ᠣᠷᠣᠨ ᠤ ᠬᠡᠪᠴᠢᠶᠡᠨ ᠳᠤ ᠦᠷᠳᠡᠭᠡᠯᠡᠨ ᠪᠠᠭᠤᠬᠤ ᠨᠡᠭᠦᠳᠡᠯ ᠤᠨ ᠰᠢᠪᠠᠭᠤᠳ ᠲᠤ ᠠᠮᠤᠷ ᠲᠣᠭᠲᠠᠭᠤᠨ ᠣᠷᠴᠢᠨ ᠠᠮᠢᠳᠤᠷᠠᠬᠤ ᠨᠥᠬᠦᠴᠡᠯ ᠢ ᠬᠠᠩᠭᠠᠵᠤ ᠥᠭᠭᠦᠭᠰᠡᠨ ᠪᠠᠶᠢᠨ᠎ᠠ᠃
 
ᠢᠷᠡᠯᠲᠡ᠄ ᠬᠡᠰᠢᠭᠲᠡᠨ ᠮᠣᠩᠭᠣᠯ ᠬᠡᠯᠡᠨ ᠦ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号