ᠲᠠᠷᠬᠠᠨ ᠪᠠᠭ᠎ᠠ ᠰᠤᠷᠭᠠᠭᠤᠯᠢ ᠰᠤᠷᠤᠭᠴᠢᠳ ᠲᠤ ᠡᠬᠡ ᠤᠷᠣᠭᠴᠢ ᠦᠵᠡᠯ ᠪᠠ ᠬᠤᠪᠢᠰᠬᠠᠯᠲᠤ ᠣᠯᠠᠮᠵᠢᠯᠠᠯ  ᠤᠨ ᠬᠥᠮᠥᠵᠢᠯ ᠬᠢᠪᠡ
ᠨᠡᠶᠢᠲᠡᠯᠡᠭᠰᠡᠨ ᠴᠠᠭ᠄
2023/4/11
     4 ᠰᠠᠷ᠎ᠠ ᠶᠢᠨ 5 ᠤ ᠨᠡᠭᠡᠭᠡᠭᠰᠡᠨ ᠬᠠᠩᠰᠢ ᠶᠢ ᠲᠣᠬᠢᠶᠠᠯᠳᠤᠭᠤᠯᠤᠨ ᠲᠠᠷᠬᠠᠨ ᠪᠠᠭ᠎ᠠ ᠰᠤᠷᠭᠠᠭᠤᠯᠢ ᠨᠢ ᠲᠠᠷᠬᠠᠨ ᠠᠭᠤᠯᠠ ᠶᠢᠨ ᠡᠩᠭᠡᠷ ᠲᠤ ᠰᠡᠬᠦᠶᠢᠨ ᠰᠦᠨᠳᠡᠷᠯᠡᠵᠦ ᠪᠠᠶᠢᠭ᠎ᠠ ᠮᠣᠩᠭᠤᠯ ᠮᠣᠷᠢᠲᠤ ᠴᠡᠷᠢᠭ ᠤᠨ ᠳᠥᠷᠪᠡᠳᠦᠭᠡᠷ ᠳ᠋ᠢᠸᠢᠽᠢ ᠶᠢᠨ ᠭᠤᠴᠢᠨ ᠵᠢᠷᠭᠤᠳᠤᠭᠠᠷ ᠬᠤᠷᠢᠶᠠᠨ ᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶᠡᠨ  ᠳᠤ ᠬᠦᠷᠴᠦ ᠰᠤᠷᠤᠭᠴᠢᠳ ᠲᠤ ᠡᠬᠡ ᠤᠷᠣᠭᠴᠢ ᠦᠵᠡᠯ ᠪᠠ ᠬᠤᠪᠢᠰᠬᠠᠯᠲᠤ ᠤᠯᠠᠮᠵᠢᠯᠠᠯ ᠤᠨ ᠬᠥᠮᠥᠵᠢᠯ ᠬᠢᠪᠡ᠂ ᠰᠣᠷᠤᠭᠴᠢᠳ ᠢ ᠬᠤᠪᠢᠰᠬᠠᠯ ᠤᠨ ᠨᠥᠭᠴᠢᠭᠰᠡᠨ ᠪᠠᠭᠠᠲᠤᠷᠴᠤᠳ ᠢᠶᠠᠨ ᠥᠯᠦ ᠮᠠᠷᠲᠠᠨ᠂ ᠳᠡᠳᠡᠨ ᠤ ᠪᠠᠭᠠᠲᠤᠷᠯᠢᠭ ᠦᠢᠯᠡ ᠠᠵᠢᠯᠯᠠᠭ᠎ᠠ᠂ ᠰᠢᠨᠳᠠᠷᠠᠰᠢ ᠦᠭᠡᠢ ᠬᠠᠳᠠᠨ ᠵᠣᠷᠢᠭ᠂ ᠠᠷᠠᠳ ᠲᠦᠮᠡᠨ ᠤ ᠠᠰᠢᠭ ᠲᠤᠰᠠ ᠶᠢᠨ ᠲᠥᠯᠥᠭᠡ ᠠᠯᠢᠪᠠ ᠪᠠᠨ ᠦᠷᠡᠭᠳᠡᠭᠦᠯᠳᠡᠭ ᠡᠷᠬᠢᠮ ᠨᠠᠨᠳᠢᠨ ᠵᠣᠷᠢᠭ ᠰᠠᠨᠠᠭ᠎ᠠ ᠶᠢ ᠲᠠᠭᠠᠨ ᠰᠤᠷᠤᠯᠴᠠᠵᠤ᠂ ᠰᠢᠨ᠎ᠡ ᠡᠷᠡᠨ ᠤ ᠵᠠᠯᠠᠭᠤᠴᠤᠳ ᠪᠠᠭᠠᠴᠤᠳ ᠡᠷᠬᠡᠪᠰᠢ ᠰᠤᠷᠤᠯᠭ᠎ᠠ ᠠᠮᠢᠳᠤᠷᠠᠯ ᠤᠨ ᠲᠠᠪᠠᠭᠤᠯᠢᠭ ᠨᠥᠬᠦᠴᠡᠯ ᠢᠶᠠᠨ ᠨᠡᠨᠳᠡᠩᠨᠡᠵᠦ᠂ ᠠᠯᠤᠰ ᠬᠡᠳᠦ ᠶᠢᠨ ᠬᠦᠰᠡᠯᠡᠩ ᠲᠠᠢ ᠪᠣᠯᠵᠤ᠂ ᠡᠷᠡᠰ ᠬᠠᠲᠠᠭᠤ ᠵᠣᠷᠢᠭ ᠢᠶᠠᠨ ᠳᠡᠪᠲᠠᠨ ᠪᠣᠯᠪᠠᠰᠤᠷᠠᠭᠤᠯᠵᠤ᠂ ᠪᠣᠯᠪᠠᠰᠤᠨ ᠶᠣᠰᠣ ᠵᠢᠷᠤᠮ᠂ ᠪᠦᠯᠭᠦᠮᠳ᠋ᠨ ᠬᠠᠪᠰᠤᠷᠤᠯᠴᠠᠬᠤ᠂ ᠨᠡᠶᠢᠲᠠᠴᠢ ᠦᠵᠡᠯ ᠪᠠ ᠴᠠᠭᠠᠷᠠᠭᠰᠠᠨ ᠡᠷᠳᠡᠮ ᠴᠢᠳᠠᠪᠤᠷᠢ ᠲᠠᠢ ᠬᠥᠮᠥᠨ ᠪᠣᠯᠵᠤ ᠡᠬᠡ ᠣᠷᠣᠨ ᠤ ᠪᠠᠨ ᠲᠥᠯᠥᠭᠡ ᠵᠢᠳᠬᠦᠵᠦ᠂ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠬᠤᠪᠢ ᠨᠠᠮᠠᠷᠢ ᠪᠠᠨ ᠦᠵᠡᠭᠦᠯᠬᠦ ᠬᠥᠮᠥᠵᠢᠯ ᠢ ᠣᠯᠭᠤᠭᠰᠠᠨ ᠪᠠᠶᠢᠨ᠎ᠠ᠃
 
ᠢᠷᠡᠯᠲᠡ᠄ ᠬᠡᠰᠢᠭᠲᠡᠨ ᠮᠣᠩᠭᠣᠯ ᠬᠡᠯᠡᠨ ᠦ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号