ᠲᠠᠷᠬᠠᠨ ᠪᠠᠭ᠎ᠠ ᠰᠤᠷᠭᠠᠭᠤᠯᠢ ᠰᠤᠷᠤᠭᠴᠢᠳ ᠲᠠᠭᠠᠨ ᠬᠥᠳᠡᠯᠮᠦᠷᠢ ᠮᠡᠷᠭᠡᠵᠢᠯ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2023/4/11
     ᠨᠡᠶᠢᠭᠡᠮ ᠤᠨ ᠬᠥᠭᠵᠢᠯᠲᠡ ᠶᠢ ᠲᠠᠭᠠᠯᠳᠤᠨ᠂ ᠬᠥᠳᠡᠯᠮᠦᠷᠢ ᠶᠢᠨ ᠬᠥᠮᠥᠵᠢᠯ ᠤᠯᠠᠮ ᠠᠴᠠ ᠤᠯᠠᠮ ᠬᠦᠨᠳᠦᠳᠬᠡᠭᠳᠡᠵᠦ ᠪᠠᠶᠢᠨ᠎ᠠ᠃ ᠭᠥᠳᠡᠯᠮᠦᠷᠢ ᠶᠢᠨ ᠰᠣᠷᠭᠠᠨ ᠬᠥᠮᠥᠵᠢᠯ ᠢ ᠬᠢᠴᠢᠶᠡᠯ ᠲᠥᠷᠥᠯ ᠤᠨ ᠵᠢᠭᠠᠨ ᠰᠤᠷᠭᠠᠯᠲᠠ  ᠳᠤ ᠨᠡᠩ ᠰᠠᠶᠢᠨ ᠠᠭᠤᠰᠤᠯᠴᠠᠭᠤᠯᠬᠤ ᠶᠢᠨ ᠲᠥᠯᠥᠭᠡ᠂ ᠲᠠᠷᠬᠠᠨ ᠪᠠᠭ᠎ᠠ ᠰᠤᠷᠭᠠᠭᠤᠯᠢ ᠨᠢ ᠭᠥᠳᠡᠯᠮᠦᠷᠢ ᠮᠡᠷᠭᠡᠵᠢᠯ  ᠤᠨ ᠬᠢᠴᠢᠶᠡᠯ ᠢ ᠴᠢᠬᠤᠯᠠᠴᠢᠯᠠᠨ ᠦᠢᠯᠡᠳᠦᠯᠭᠡᠵᠢᠭᠦᠯᠵᠦ ᠪᠠᠶᠢᠨ᠎ᠠ᠃
     ᠮᠣᠩᠭᠤᠯ ᠬᠡᠯᠡ ᠪᠢᠴᠢᠭ ᠤᠨ ᠠᠬᠠᠮᠠᠳ ᠪᠠᠭᠰᠢ ᠰᠠᠴᠠᠨᠳᠤᠶᠠᠭ᠎ᠠ ᠠᠴᠠ ᠬᠤᠶᠠᠳᠤᠭᠠᠷ ᠣᠨ ᠤ ᠰᠤᠷᠤᠭᠴᠢᠳ  ᠲᠠᠭᠠᠨ ︽ᠰᠦ ᠲᠠᠢ ᠴᠠᠢ ᠴᠢᠨᠠᠬᠤ︾ ᠲᠤᠬᠠᠢ ᠭᠤᠶᠢᠲᠠ ᠰᠠᠶᠢᠬᠠᠨ ᠬᠥᠳᠡᠯᠮᠦᠷᠢ ᠶᠢᠨ ᠦᠢᠯᠡᠳᠦᠯᠭᠡ ᠶᠢᠨ ᠬᠢᠴᠢᠶᠡᠯ ᠣᠷᠣᠪᠠ᠃      ᠬᠥᠳᠡᠯᠮᠦᠷᠢ ᠶᠢᠨ ᠰᠣᠷᠭᠠᠨ ᠬᠥᠮᠥᠵᠢᠯ ᠪᠣᠯ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠰᠣᠷᠭᠠᠨ ᠬᠥᠮᠥᠵᠢᠯ ᠤᠨ ᠳᠦᠷᠢᠮ ᠤᠨ ᠴᠢᠬᠤᠯᠠ ᠠᠭᠤᠯᠭ᠎ᠠ ᠪᠠᠶᠢᠵᠤ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢᠨ ᠭᠥᠳᠡᠯᠮᠦᠷᠢ ᠶᠢᠨ ᠣᠶᠣᠨ ᠰᠠᠨᠠᠭᠠᠨ ᠤ ᠲᠦᠷᠰᠦ ᠪᠠᠶᠢᠳᠠᠯ᠂ ᠬᠥᠳᠡᠯᠮᠦᠷᠢ  ᠶᠢᠨ ᠥᠷᠳᠡᠭ ᠤᠨ ᠬᠠᠨᠳᠤᠰᠢ ᠪᠠ ᠬᠥᠳᠡᠯᠮᠦᠷᠢ ᠶᠢᠨ ᠣᠷ᠎ᠠ ᠴᠢᠳᠠᠪᠤᠷᠢ ᠶᠢᠨ ᠬᠢᠷᠢ ᠲᠦᠪᠰᠢᠨ ᠢ ᠰᠢᠭᠤᠳ ᠲᠣᠭᠲᠠᠭᠠᠳᠠᠭ᠃ ᠤᠷᠲᠤ ᠬᠤᠭᠤᠴᠠᠭᠠᠨ ᠤ ᠲᠤᠷᠰᠢ ᠡᠯ᠎ᠡ ᠭᠠᠵᠠᠷ ᠣᠷᠣᠨ ᠪᠠ ᠰᠤᠷᠭᠠᠭᠤᠯᠢ ᠨᠤᠭᠤᠳ ᠰᠣᠷᠭᠠᠨ ᠬᠥᠮᠥᠵᠢᠯ ᠢ ᠦᠢᠯᠡᠳᠪᠦᠷᠢᠯᠡᠯ ᠬᠥᠳᠡᠯᠮᠦᠷᠢ ᠲᠠᠢ ᠤᠶᠠᠯᠳᠤᠭᠤᠯᠬᠤ ᠶᠢ ᠪᠠᠷᠢᠮᠳᠠᠯᠠᠵᠤ᠂ ᠦᠢᠯᠡᠳᠦᠯᠭᠡ ᠪᠠᠷ ᠬᠥᠮᠥᠨ ᠢ ᠬᠥᠮᠥᠵᠢᠭᠦᠯᠬᠦ ᠲᠠᠯ᠎ᠠ ᠪᠠᠷ ᠵᠣᠬᠢᠬᠤ ᠦᠷ᠎ᠡ ᠪᠥᠲᠥᠮᠵᠢ ᠣᠯᠣᠭᠰᠠᠨ ᠪᠠᠶᠢᠨ᠎ᠠ᠃
 
ᠢᠷᠡᠯᠲᠡ᠄ ᠬᠡᠰᠢᠭᠲᠡᠨ ᠮᠣᠩᠭᠣᠯ ᠬᠡᠯᠡᠨ ᠦ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号