ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠤᠨ ᠪᠠᠶᠢᠴᠠᠭᠠᠨ ᠰᠤᠳᠤᠯᠬᠤ ᠠᠵᠢᠯ ᠤᠨ ᠳᠤᠭᠤᠶᠢᠯᠠᠩ ᠪᠠᠶᠠᠨᠴᠠᠭᠠᠨ ᠰᠤᠮᠤ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/4/26
     ᠣᠶᠢᠷ᠎ᠠ ᠶᠢᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠥᠭᠡᠷᠡᠴᠢᠯᠡᠯᠲᠡ ᠶᠢᠨ ᠰᠤᠳᠤᠯᠭᠠᠨ ᠤ ᠲᠥᠪ ᠤᠨ ᠡᠷᠬᠢᠯᠡᠭᠴᠢ ᠸᠠᠩ ᠶᠦᠩ ᠭᠠᠩ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠤᠨ ᠪᠠᠶᠢᠴᠠᠭᠠᠨ ᠰᠤᠳᠤᠯᠬᠤ ᠠᠵᠢᠯ ᠤᠨ ᠳᠤᠭᠤᠶᠢᠯᠠᠩ ᠢ ᠳᠠᠭᠠᠭᠤᠯᠤᠨ᠂ ᠪᠠᠶᠠᠨᠴᠠᠭᠠᠨ ᠰᠤᠮᠤ ᠳᠤ ᠪᠠᠶᠢᠴᠠᠭᠠᠨ ᠰᠤᠳᠤᠯᠵᠤ ᠂ ᠶᠠᠷᠢᠯᠴᠠᠬᠤ ᠬᠤᠷᠠᠯ ᠬᠢᠪᠡ᠃
     ᠶᠠᠷᠢᠯᠴᠠᠬᠤ ᠬᠤᠷᠠᠯ ᠳᠡᠭᠡᠷ᠎ᠡ᠂ ᠪᠠᠶᠠᠨᠴᠠᠭᠠᠨ ᠰᠤᠮᠤᠨ ᠤ ᠨᠠᠮ ᠤᠨ ᠬᠤᠷᠢᠶ᠎ᠠ ᠶᠢᠨ ᠱᠦᠵᠢ ᠳᠡᠯᠭᠡᠷ ᠪᠠᠶᠠᠨᠴᠠᠭᠠᠨ ᠰᠤᠮᠤᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠢᠴᠢ ᠢᠵᠢ ᠪᠦᠷᠢᠳᠦᠭᠦᠯᠬᠦ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠲᠠᠨᠢᠯᠴᠠᠭᠤᠯᠵᠤ᠂ ᠡᠭᠦᠨ ᠤ ᠬᠠᠮᠲᠤ ᠣᠲᠣ ᠶᠢᠨ ᠪᠠᠶᠢᠳᠠᠯ ᠳᠠᠬᠢ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠬᠢᠵᠠᠭᠠᠷᠯᠠᠵᠤ ᠪᠠᠶᠢᠭ᠎ᠠ ᠬᠦᠴᠦᠨ ᠵᠦᠢᠯ ᠢ ᠦᠨᠳᠦᠰᠦᠯᠡᠨ ᠵᠦᠢ ᠵᠣᠬᠢᠰᠲᠠᠢ ᠪᠣᠳᠣᠯᠬᠢᠯᠠᠯ ᠳᠤᠷᠠᠳᠴᠤ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠪᠠᠷ ᠲᠣᠬᠢᠶᠠᠯ ᠪᠣᠯᠭᠠᠨ᠂ ᠪᠠᠶᠠᠨᠴᠠᠭᠠᠨ ᠰᠤᠮᠤ ᠶᠢᠨ ᠬᠥᠮᠥᠨ ᠤ ᠬᠦᠴᠦᠨ᠂ ᠮᠠᠯ ᠰᠦᠷᠦᠭ᠂ ᠪᠠᠶᠢᠭᠠᠯᠢ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠷᠴᠢᠮᠵᠢᠭᠦᠯᠦᠨ ᠬᠡᠰᠡᠭ ᠬᠤᠪᠢᠶᠠᠨ ᠨᠠᠶᠢᠳᠠᠨ ᠲᠡᠵᠢᠭᠡᠯᠭᠡᠵᠦ᠂ ᠡᠭᠦᠨ ᠤ ᠤᠯᠠᠮ ᠢᠶᠠᠷ ᠲᠡᠵᠢᠭᠡᠨ ᠦᠷᠡᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠲᠡᠵᠢᠭᠡᠨ ᠠᠷᠠᠴᠢᠯᠠᠬᠤ ᠥᠪᠡᠷ ᠤᠨ ᠥᠷᠲᠡᠭ ᠢ ᠪᠠᠭᠤᠷᠠᠭᠤᠯᠵᠤ᠂ ᠪᠡᠯᠴᠢᠭᠡᠷ ᠤᠨ ᠳᠠᠷᠤᠯᠲᠠ ᠶᠢ ᠬᠥᠩᠭᠡᠷᠡᠭᠦᠯᠵᠦ᠂ ᠬᠥᠳᠡᠯᠮᠦᠷᠢ ᠬᠦᠴᠦᠨ ᠢ ᠴᠢᠯᠦᠭᠡᠯᠡᠬᠦ ᠶᠢ ᠬᠦᠰᠡᠵᠦ ᠪᠠᠶᠢᠨ᠎ᠠ ᠭᠡᠵᠡᠢ᠃
     ᠸᠠᠩ ᠶᠦᠩ ᠭᠠᠩ ᠪᠠᠶᠠᠨᠴᠠᠭᠠᠨ ᠰᠤᠮᠤ ᠶᠢᠨ ᠠᠯᠠᠰᠢᠨ ᠦᠬᠡᠷ ᠤᠨ ᠬᠥᠭᠵᠢᠯᠲᠡ ᠵᠢᠴᠢ ᠢᠷᠡᠭᠡᠳᠦᠢ ᠶᠢᠨ ᠲᠥᠯᠦᠪᠵᠢᠭᠦᠯᠭᠡ ᠶᠢ ᠵᠥᠪᠰᠢᠶᠡᠷᠡᠵᠦ ᠪᠠᠶᠢᠬᠤ ᠪᠠᠨ ᠢᠯᠡᠳᠬᠡᠵᠦ᠂ ᠡᠷᠬᠢᠨ ᠲᠣᠭᠤᠷᠢᠨ ᠤ ᠰᠤᠮᠤ ᠰᠢᠶᠠᠩ ᠪᠠᠯᠭᠠᠰᠤ ᠲᠠᠢ ᠰᠤᠳᠤᠯᠤᠨ ᠶᠠᠷᠢᠯᠴᠠᠵᠤ᠂ ᠲᠡᠷᠢᠭᠦᠨ ᠤ ᠠᠷᠭ᠎ᠠ ᠬᠢᠳᠡᠯ ᠢ ᠰᠤᠷᠤᠯᠴᠠᠨ᠂ ᠳᠠᠪᠠᠭᠤᠯᠢᠭ ᠡᠬᠢ ᠪᠠᠶᠠᠯᠢᠭ ᠢᠶᠠᠨ ᠵᠣᠯᠭᠠᠭᠤᠯᠵᠤ᠂ ᠬᠡᠰᠢᠭᠲᠡᠨ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢ ᠰᠠᠨᠠᠭᠤᠯᠪᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号