ᠪᠠᠶᠠᠨᠴᠠᠭᠠᠨ ᠰᠤᠮᠤ ᠶᠢᠨ ᠨᠠᠮ ᠤᠨ ᠬᠤᠷᠢᠶ᠎ᠠ ᠶᠢᠨ ᠱᠦᠵᠢ ᠳᠡᠯᠭᠡᠷ ᠡᠷᠦᠬᠡ ᠳᠤ ᠬᠦᠷᠴᠦ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠤᠨ ᠬᠢᠨᠠᠨ ᠬᠡᠮᠵᠢᠯᠲᠡ ᠶᠢ ᠵᠢᠯᠣᠭᠤᠳᠪᠠ
ᠨᠡᠶᠢᠲᠡᠯᠡᠭᠰᠡᠨ ᠴᠠᠭ᠄
2023/4/26
     ᠲᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠪᠣᠳᠠᠲᠠᠢ ᠨᠠᠷᠢᠯᠢᠭ ᠴᠢᠩᠭ᠎ᠠ ᠠᠳᠬᠤᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠪᠠᠶᠠᠨᠴᠠᠭᠠᠨ ᠰᠤᠮᠤ ᠶᠢᠨ ᠨᠠᠮ ᠤᠨ ᠬᠤᠷᠢᠶ᠎ᠠ ᠶᠢᠨ ᠱᠦᠵᠢ ᠳᠡᠯᠭᠡᠷ ᠡᠯ᠎ᠡ ᠭᠠᠴᠠᠭ᠎ᠠ ᠲᠣᠰᠬᠤᠨ ᠳᠤ ᠬᠦᠷᠴᠦ ᠬᠢᠨᠠᠨ ᠪᠠᠶᠢᠴᠠᠭᠠᠭᠳᠠᠬᠤ ᠡᠲᠡᠭᠡᠳ ᠢ ᠰᠤᠷᠪᠤᠯᠵᠢᠯᠠᠪᠠ᠃      ᠡᠷᠦᠬᠡ ᠪᠦᠷᠢ ᠳᠤ᠂ ᠱᠦᠵᠢ ᠳᠡᠯᠭᠡᠷ ᠴᠥᠮ ᠡᠷᠦᠬᠡ ᠶᠢᠨ ᠪᠡᠶ᠎ᠡ ᠮᠠᠬᠠᠪᠤᠳ ᠤᠨ ᠡᠷᠡᠭᠦᠯ ᠮᠡᠨᠳᠦ᠂ ᠭᠡᠷ ᠪᠦᠯᠢ ᠶᠢᠨ ᠣᠷᠣᠯᠭ᠎ᠠ᠂ ᠬᠡᠦᠬᠡᠳ ᠤᠨ ᠰᠤᠷᠭᠠᠭᠤᠯᠢ ᠳᠤ ᠣᠷᠣᠬᠤ ᠵᠡᠷᠭᠡ ᠪᠠᠶᠢᠳᠠᠯ ᠢ ᠨᠠᠷᠢᠨ ᠨᠢᠮᠪᠠᠢ ᠣᠶᠢᠯᠠᠭᠠᠵᠤ᠂ ᠲᠡᠳᠡᠨ ᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠶᠢ ᠡᠵᠡᠮᠰᠢᠨ᠂ ᠨᠢᠭᠤᠷᠲᠠᠨ ᠶᠠᠷᠢᠯᠴᠠᠬᠤ ᠬᠡᠯᠪᠡᠷᠢ ᠪᠠᠷ ᠳᠠᠮᠵᠢᠭᠤᠯᠤᠨ ᠲᠡᠳᠡᠨ ᠤ ᠠᠮᠢᠳᠤᠷᠠᠯ ᠤᠨ ᠪᠠᠶᠢᠳᠠᠯ᠂ ᠪᠡᠶ᠎ᠡ ᠮᠠᠬᠠᠪᠤᠳ ᠤᠨ ᠪᠠᠶᠢᠳᠠᠯ᠂ ᠡᠮᠴᠢᠯᠡᠭᠡᠨ ᠤ ᠲᠠᠩᠰᠠ ᠲᠠᠶᠢᠯᠬᠤ ᠵᠢᠴᠢ ᠠᠵᠢᠯ ᠣᠯᠵᠤ ᠠᠵᠢᠯ ᠬᠥᠳᠡᠯᠮᠦᠷᠢ ᠬᠢᠬᠦ ᠵᠡᠷᠭᠡ ᠪᠠᠶᠢᠳᠠᠯ ᠢ ᠨᠠᠷᠢᠨ ᠨᠢᠮᠪᠠᠢ ᠣᠶᠢᠯᠠᠭᠠᠵᠤ᠂ ᠣᠯᠠᠨ ᠤ ᠬᠦᠰᠡᠯ ᠱᠠᠭᠠᠷᠳᠠᠯᠭ᠎ᠠ ᠶᠢ ᠨᠠᠷᠢᠨ ᠨᠢᠮᠪᠠᠢ ᠣᠶᠢᠯᠠᠭᠠᠪᠠ᠃      ᠳᠠᠷᠠᠭᠠᠴᠢ ᠶᠢᠨ ᠠᠯᠬᠤᠮ ᠳᠤ᠂ ᠪᠠᠶᠠᠨᠴᠠᠭᠠᠨ ᠰᠤᠮᠤ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠡᠷᠴᠢᠮ ᠢᠶᠠᠨ ᠴᠢᠩᠭᠠᠷᠠᠭᠤᠯᠵᠤ᠂ ᠲᠦᠷᠭᠡᠨ ᠢᠯᠡᠷᠡᠭᠦᠯᠵᠦ ᠤᠷᠢᠳᠴᠢᠯᠠᠨ ᠰᠡᠷᠡᠮᠵᠢᠯᠡᠭᠦᠯᠬᠦ᠂ ᠬᠢᠨᠠᠨ ᠰᠢᠯᠭᠠᠬᠤ ᠡᠲᠡᠭᠡᠳ ᠢ ᠲᠣᠭᠲᠠᠭᠠᠬᠤ᠂ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ᠂ ᠠᠶᠤᠯ ᠲᠦᠭᠰᠢᠭᠦᠷᠢ ᠶᠢ ᠮᠠᠭᠠᠳᠯᠠᠨ ᠲᠣᠭᠲᠠᠭᠠᠵᠤ ᠠᠷᠢᠯᠭᠠᠬᠤ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠤᠮᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠲᠠᠰᠤᠷᠠᠯᠲᠠ ᠦᠭᠡᠢ ᠰᠠᠶᠢᠲᠤᠷ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠪᠣᠯᠣᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号