ᠪᠠᠶᠠᠨᠴᠠᠭᠠᠨ ᠰᠤᠮᠤ ᠠᠯᠠᠰᠢᠨ ᠦᠬᠡᠷ ᠤᠨ ᠡᠭᠦᠯᠳᠡᠷ ᠢ ᠰᠠᠶᠢᠵᠢᠷᠠᠭᠤᠯᠤᠨ ᠬᠦᠢᠲᠡᠨ ᠢᠶᠠᠷ ᠬᠡᠭᠡᠯᠲᠦᠭᠦᠯᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ
ᠨᠡᠶᠢᠲᠡᠯᠡᠭᠰᠡᠨ ᠴᠠᠭ᠄
2023/4/26
     ᠪᠠᠶᠠᠨᠴᠠᠭᠠᠨ ᠰᠤᠮᠤ ᠠᠯᠠᠰᠢᠨ ᠦᠬᠡᠷ ᠤᠨ ᠡᠭᠦᠯᠳᠡᠷ ᠢ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠠᠯᠠᠰᠢᠨ ᠦᠬᠡᠷ ᠤᠨ ᠦᠷᠡᠵᠢᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠯᠠᠰᠢᠨ ᠦᠬᠡᠷ ᠤᠨ ᠡᠭᠦᠯᠳᠡᠷ ᠢ ᠰᠠᠶᠢᠵᠢᠷᠠᠭᠤᠯᠬᠤ ᠠᠵᠢᠯ ᠤᠨ ᠰᠢᠨ᠎ᠡ ᠪᠠᠶᠢᠳᠠᠯ ᠢ ᠡᠭᠦᠳᠪᠡ᠃      2023 ᠣᠨ ᠤ 4 ᠰᠠᠷ᠎ᠠ ᠶᠢᠨ 12 ᠤᠨ ᠡᠳᠦᠷ᠂ ᠪᠠᠶᠠᠨᠴᠠᠭᠠᠨ ᠰᠤᠮᠤ ᠶᠢᠨ ᠲᠦᠰᠢᠶᠡᠲᠦ ᠭᠠᠴᠠᠭ᠎ᠠ ᠶᠢᠨ ᠰᠠᠭᠤᠷᠢ ᠡᠬᠡ ᠮᠠᠯ ᠤᠨ ᠡᠭᠦᠯᠳᠡᠷ ᠰᠠᠶᠢᠵᠢᠷᠠᠭᠤᠯᠬᠤ ᠭᠠᠵᠠᠷ ᠲᠤ ᠵᠢᠩᠬᠢᠨᠢ ᠪᠠᠷ ᠦᠬᠡᠷ ᠣᠷᠣᠭᠤᠯᠵᠤ᠂ ᠡᠷᠬᠢᠨ ᠲᠣᠭᠤᠷᠢᠨ ᠤ ᠮᠠᠯᠴᠢᠨ ᠡᠷᠦᠬᠡ ᠨᠡᠶᠢᠲᠡ 100 ᠰᠠᠭᠤᠷᠢ ᠡᠬᠡ ᠮᠠᠯ ᠢ ᠬᠠᠩᠭᠠᠵᠤ᠂ ᠰᠢᠮᠧᠨ᠋ᠳᠡᠷ ᠠᠯᠠᠰᠢᠨ ᠦᠬᠡᠷ ᠢ ᠬᠡᠭᠡᠯᠲᠦᠭᠦᠯᠦᠨ ᠰᠠᠶᠢᠵᠢᠷᠠᠭᠤᠯᠬᠤ ᠪᠠᠷ ᠳᠡᠮᠵᠢᠨ᠂ ᠪᠠᠶᠠᠨᠴᠠᠭᠠᠨ ᠣᠷᠣᠨ ᠤ ᠠᠯᠠᠰᠢᠨ ᠦᠬᠡᠷ ᠤᠨ ᠡᠭᠦᠯᠳᠡᠷ ᠢ ᠲᠣᠬᠢᠷᠠᠭᠤᠯᠤᠨ ᠰᠢᠯᠢᠳᠡᠭᠵᠢᠭᠦᠯᠵᠦ᠂ ᠠᠯᠠᠰᠢᠨ ᠦᠬᠡᠷ ᠤᠨ ᠡᠭᠦᠯᠳᠡᠷᠵᠢᠭᠦᠯᠬᠦ ᠶᠢ ᠪᠡᠶᠡᠯᠡᠭᠦᠯᠪᠡ᠃
     ᠠᠯᠠᠰᠢᠨ ᠦᠬᠡᠷ ᠤᠨ ᠠᠵᠤ ᠦᠢᠯᠡᠰ ᠪᠣᠯ ᠮᠠᠯ ᠠᠵᠤ ᠠᠬᠤᠢ ᠶᠢᠨ ᠳᠤᠮᠳᠠᠬᠢ ᠰᠠᠭᠤᠷᠢ ᠴᠢᠨᠠᠷᠲᠠᠢ ᠠᠵᠤ ᠦᠢᠯᠡᠰ ᠪᠠᠶᠢᠵᠤ᠂ ᠮᠠᠯ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠶᠢᠨ ᠭᠤᠣᠯᠳᠠᠯᠭ᠎ᠠ ᠪᠠ ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠶᠢᠨ ᠴᠢᠬᠤᠯᠠ ᠠᠷᠭ᠎ᠠ ᠵᠠᠮ ᠪᠣᠯᠣᠨ᠎ᠠ᠃ ᠪᠠᠶᠠᠨᠴᠠᠭᠠᠨ ᠰᠤᠮᠤ ᠨᠢ ᠰᠠᠭᠤᠷᠢ ᠡᠬᠡ ᠮᠠᠯ ᠤᠨ ᠡᠭᠦᠯᠳᠡᠷ ᠰᠠᠶᠢᠵᠢᠷᠠᠭᠤᠯᠬᠤ ᠴᠢᠭ᠋ ᠤᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠷᠰᠢ ᠵᠡᠷᠭᠡᠯᠡᠳᠡᠭᠡ ᠶᠢᠨ ᠮᠠᠯᠴᠢᠳ ᠤᠨ ᠰᠠᠭᠤᠷᠢ ᠡᠬᠡ ᠮᠠᠯ ᠤᠨ ᠡᠭᠦᠯᠳᠡᠷ ᠰᠠᠶᠢᠵᠢᠷᠠᠭᠤᠯᠬᠤ ᠶᠢ ᠦᠨ᠎ᠡ ᠲᠥᠯᠥᠪᠦᠷᠢ ᠦᠭᠡᠢ ᠪᠠᠷ ᠲᠣᠬᠢᠷᠠᠭᠤᠯᠪᠠ᠃      ᠲᠠᠷᠠᠭᠠᠴᠢ ᠶᠢᠨ ᠠᠯᠬᠤᠮ ᠳᠤ᠂ ᠪᠠᠶᠠᠨᠴᠠᠭᠠᠨ ᠰᠤᠮᠤ ᠪᠠᠶᠠᠨᠭᠤᠣᠯ ᠭᠠᠴᠠᠭ᠎ᠠ ᠪᠠ ᠪᠠᠶᠠᠨᠪᠤᠯᠠᠭ ᠭᠠᠴᠠᠭ᠎ᠠ ᠳᠤ ᠲᠣᠰᠪᠣᠷᠢ ᠨᠢᠭᠡ ᠰᠠᠶᠢᠵᠢᠷᠠᠭᠤᠯᠬᠤ ᠴᠡᠭ ᠪᠠᠶᠢᠭᠤᠯᠵᠤ᠂ ᠲᠣᠰ ᠭᠠᠵᠠᠷ ᠣᠷᠣᠨ ᠤ ᠪᠠᠨ ᠠᠯᠠᠰᠢᠨ ᠦᠬᠡᠷ ᠤᠨ ᠡᠭᠦᠯᠳᠡᠷ ᠢ ᠰᠠᠶᠢᠵᠢᠷᠠᠭᠤᠯᠬᠤ ᠶᠢ ᠢᠳᠡᠪᠬᠢᠲᠡᠢ ᠠᠬᠢᠭᠤᠯᠵᠤ᠂ ᠪᠥᠬᠦ ᠰᠤᠮᠤᠨ ᠤ ᠠᠯᠠᠰᠢᠨ ᠦᠬᠡᠷ ᠤᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠦᠨ᠂ ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号