﹇ᠪᠠᠶᠠᠨᠴᠠᠭᠠᠨ ᠰᠤᠮᠤ﹈ ᠬᠠᠳᠠᠨᠪᠤᠯᠠᠭ ᠭᠠᠴᠠᠭ᠎ᠠ ︽ᠦᠵᠡᠰᠬᠦᠯᠡᠩᠲᠦ ᠰᠠᠶᠢᠬᠠᠨ ᠭᠡᠷ ᠣᠷᠣᠨ︾ ᠢ ᠡᠭᠦᠳᠦᠨ ᠪᠠᠶᠢᠭᠤᠯᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/26
      ᠣᠶᠢᠷ᠎ᠠ ᠶᠢᠨ ᠡᠳᠦᠷ᠂ ᠪᠠᠶᠠᠨᠴᠠᠭᠠᠨ ᠰᠤᠮᠤ ᠶᠢᠨ ᠬᠠᠳᠠᠨᠪᠤᠯᠠᠭ ᠭᠠᠴᠠᠭ᠎ᠠ ︽ᠦᠵᠡᠰᠬᠦᠯᠡᠩᠲᠦ ᠰᠠᠶᠢᠬᠠᠨ ᠭᠡᠷ ᠣᠷᠣᠨ︾ ᠢ ᠡᠭᠦᠳᠦᠨ ᠪᠠᠶᠢᠭᠤᠯᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ
     ᠪᠠᠶᠠᠨᠴᠠᠭᠠᠨ ᠰᠤᠮᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠳᠡᠳ᠋ ᠲᠡᠷᠢᠭᠦᠯᠡᠭᠴᠢ᠂ ᠭᠠᠴᠠᠭᠠᠨ ᠤ ᠬᠤᠶᠠᠷ ᠵᠥᠪᠯᠡᠯ ᠤᠨ ᠪᠠᠭ ᠤᠨ ᠪᠦᠷᠢᠯᠳᠦᠭᠦᠨ᠂ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠵᠢᠴᠢ ᠭᠦᠢᠴᠡᠳᠬᠡᠬᠦ ᠵᠥᠪᠯᠡᠯ ᠬᠤᠷᠠᠯ ᠳᠤ ᠣᠷᠣᠯᠴᠠᠵᠠᠢ᠃
     ᠬᠤᠷᠠᠯ ᠳᠡᠭᠡᠷ᠎ᠡ 2023 ᠣᠨ ᠤ ︽ᠦᠵᠡᠰᠬᠦᠯᠡᠩᠲᠦ ᠰᠠᠶᠢᠬᠠᠨ ᠭᠡᠷ ᠣᠷᠣᠨ︾ ᠢ ᠡᠭᠦᠳᠦᠨ ᠪᠠᠶᠢᠭᠤᠯᠬᠤ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠤ᠂ ᠪᠠᠶᠠᠨᠴᠠᠭᠠᠨ ᠰᠤᠮᠤ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ︽ᠬᠠᠮᠤᠭ ᠤᠨ ᠭᠤᠶᠣ ᠭᠡᠷ ᠪᠦᠯᠢ︾ ᠶᠢ ᠰᠢᠯᠭᠠᠷᠠᠭᠤᠯᠬᠤ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ ᠢ ᠤᠯᠠᠮᠵᠢᠯᠠᠪᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号