ᠠᠯᠪᠠᠨ ᠵᠠᠷᠯᠠᠯ︕ ᠳᠠᠷᠠᠭ᠎ᠠ ᠰᠠᠷ᠎ᠠ ᠠᠴᠠ ᠡᠬᠢᠯᠡᠵᠦ ᠬᠡᠷᠡᠭᠵᠢᠭᠦᠯᠦᠨ᠎ᠡ︕ ᠲᠣᠳᠣᠷᠬᠠᠶ ᠲᠣᠭᠲᠠᠭᠠᠪᠡ
ᠨᠡᠶᠢᠲᠡᠯᠡᠭᠰᠡᠨ ᠴᠠᠭ᠄
2023/8/28
     ᠬᠠᠷᠰᠢ ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢᠨ ᠬᠠᠤᠯᠢ ᠶᠢ 9 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠮᠠᠨ ᠤ ᠤᠯᠤᠰ ᠤᠨ ᠬᠠᠷᠰᠢ ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢᠨ ᠲᠤᠰᠬᠠᠶ ᠬᠠᠤᠯᠢ ᠴᠠᠭᠠᠵᠠ ᠪᠣᠯᠤᠭᠰᠠᠨ ᠤ ᠬᠤᠪᠢ ᠳᠤ᠂ ᠲᠣᠰ ᠬᠠᠤᠯᠢ ᠨᠢ ᠬᠠᠷᠰᠢ ᠰᠠᠭᠠᠳ ᠥᠬᠡᠶ ᠣᠷᠴᠢᠨ ᠲᠣᠭᠤᠷᠢᠨ ᠳᠤ ᠨᠠᠷᠢᠨ ᠠᠩᠭᠢᠯᠠᠯ ᠬᠢᠵᠦ᠂ ᠪᠠᠭ᠎ᠠ ᠠᠴᠠ ᠨᠢᠭᠡ ᠡᠮ ᠲᠠᠩ ᠤᠨ ᠲᠣᠳᠣᠷᠬᠠᠶᠢᠯᠠᠯᠲᠠ ᠶᠢᠨ ᠪᠢᠴᠢᠭ ᠠᠴᠠ ᠠᠪᠤᠭᠠᠳ ᠶᠡᠭᠡ ᠠᠴᠠ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠲᠤ ᠴᠠᠬᠢᠯᠭᠠᠨ ᠱᠠᠲᠤ ᠨᠡᠮᠡᠵᠦ ᠤᠭᠰᠠᠷᠠᠬᠤ ᠬᠦᠷᠲᠡᠯ᠎ᠡ᠂ ᠬᠠᠷᠰᠢ ᠰᠠᠭᠠᠳ ᠥᠬᠡᠶ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ᠂ ᠥᠭᠡᠷᠡᠴᠢᠯᠡᠯᠲᠡ ᠠᠴᠠ ᠠᠪᠤᠭᠠᠳ ᠬᠠᠮᠠᠭᠠᠯᠠᠬᠤ ᠬᠦᠷᠲᠡᠯ᠎ᠡ ᠬᠠᠤᠯᠢ ᠴᠠᠭᠠᠵᠠ ᠳᠤ ᠴᠥᠮ ᠲᠣᠳᠣᠷᠬᠠᠶ ᠲᠣᠭᠲᠠᠭᠠᠯ ᠭᠠᠷᠭᠠᠵᠠᠶ᠃      △ ᠲᠥᠪ ᠲᠧᠯᠸᠢᠰ ᠤᠨ ᠡᠳ᠋ ᠤᠨ ᠵᠠᠰᠠᠭ ᠠᠵᠤ ᠠᠬᠤᠶ ᠶᠢᠨ ︽ᠠᠩᠬᠠᠨ ᠤ ᠴᠠᠭ︾ ᠪᠤᠯᠤᠩ ᠤᠨ ᠸᠢᠳᠢᠣ᠋      ᠬᠠᠷᠰᠢ ᠰᠠᠭᠠᠳ ᠥᠬᠡᠶ ᠣᠷᠴᠢᠨ ᠲᠣᠭᠤᠷᠢᠨ ᠤ ᠪᠠᠶᠢᠭᠤᠯᠤᠯᠲᠠ ᠶᠢᠨ ᠬᠠᠤᠯᠢ ᠨᠢ ᠵᠡᠮᠳᠡᠭ ᠬᠥᠮᠦᠰ᠂ ᠨᠠᠰᠤᠲᠠᠶᠢᠴᠤᠳ ᠵᠡᠷᠭᠡ ᠪᠠᠭᠤᠷᠠᠶᠢᠴᠤᠤᠯ ᠤᠨ ᠨᠡᠶᠢᠭᠡᠮ ᠤᠨ ᠠᠮᠢᠳᠤᠷᠠᠯ ᠳᠤ ᠡᠷᠬᠡ ᠲᠡᠭᠰᠢ᠂ ᠬᠦᠢᠴᠡᠳ᠂ ᠳᠥᠭᠦᠮ ᠳᠥᠲᠡ ᠪᠠᠷ ᠣᠷᠣᠯᠴᠠᠬᠤ ᠪᠠ ᠲᠡᠭᠦᠨ ᠳᠤ ᠠᠭᠤᠰᠤᠯᠴᠠᠵᠤ᠂ ᠨᠡᠶᠢᠭᠡᠮ ᠤᠨ ᠪᠥᠬᠦ ᠬᠥᠮᠦᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠠᠬᠢᠭᠤᠯᠬᠤ ᠳᠤ ᠪᠠᠲᠤ ᠪᠠᠬᠢ ᠬᠠᠤᠯᠢᠵᠢᠯ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号