ᠰᠤᠷᠭᠠᠨ ᠬᠥᠮᠦᠵᠢᠯ ᠤᠨ ᠶᠠᠮᠤᠨ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠠᠮᠤᠷ ᠲᠦᠪᠰᠢᠨ ᠤ ᠪᠡᠯᠡᠳᠬᠡᠯ ᠠᠵᠢᠯ ᠢ ᠰᠠᠶᠢᠲᠤᠷ ᠬᠢᠬᠦ ᠲᠤᠬᠠᠶ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/8/28
     ᠣᠳᠣᠬᠠᠨ ᠳᠤ ᠶᠠᠭ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠵᠦ ᠰᠤᠷᠭᠠᠭᠤᠯᠢ ᠳᠠᠭᠠᠨ ᠪᠤᠴᠠᠬᠤ ᠣᠷᠭᠢᠯ ᠦᠶ᠎ᠡ ᠪᠣᠯᠵᠣ ᠪᠠᠶᠢᠨ᠎ᠠ᠂ ᠰᠤᠷᠪᠤᠯᠵᠢᠯᠠᠭᠴᠢ 8 ᠰᠠᠷ᠎ᠠ ᠶᠢᠨ 24᠎ ᠤ ᠡᠳᠦᠷ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠰᠤᠷᠭᠠᠨ ᠬᠥᠮᠦᠵᠢᠯ ᠤᠨ ᠶᠠᠮᠤᠨ ᠲᠦᠷᠦᠭᠦᠬᠡᠨ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠠᠮᠤᠷ ᠲᠦᠪᠰᠢᠨ ᠤ ᠪᠡᠯᠡᠳᠬᠡᠯ ᠠᠵᠢᠯ ᠢ ᠰᠠᠶᠢᠲᠤᠷ ᠬᠢᠬᠦ ᠲᠤᠬᠠᠶ ᠪᠠᠶᠢᠷᠢᠯᠠᠭᠤᠯᠵᠤ᠂ ᠡᠯ᠎ᠡ ᠭᠠᠵᠠᠷ ᠡᠯ᠎ᠡ ᠰᠤᠷᠭᠠᠭᠤᠯᠢ ᠶᠢ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠬᠡᠪ ᠤᠨ ᠶᠣᠰᠣᠭᠠᠷ ᠰᠤᠷᠭᠠᠭᠤᠯᠢ ᠡᠬᠢᠯᠡᠬᠦ ᠪᠠ ᠠᠮᠤᠷ ᠲᠦᠪᠰᠢᠨ ᠢᠶᠠᠷ ᠰᠤᠷᠭᠠᠭᠤᠯᠢ ᠡᠬᠢᠯᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠦᠶᠡᠷ ᠤᠨ ᠬᠤᠭᠤᠴᠠᠭᠠᠨ ᠳᠤ ᠭᠠᠮᠰᠢᠭᠳᠠᠭᠰᠠᠨ ᠬᠡᠰᠡᠭ ᠮᠤᠵᠢ ᠣᠷᠣᠨ ᠤ ᠰᠤᠷᠭᠠᠭᠤᠯᠢ ᠶᠢᠨ ᠭᠠᠮᠰᠢᠭ ᠤᠨ ᠳᠠᠷᠠᠭᠠᠬᠢ ᠳᠠᠬᠢᠨ ᠪᠥᠲᠥᠭᠡᠨ ᠪᠠᠶᠢᠭᠤᠯᠬᠤ ᠠᠵᠢᠯ ᠳᠤ ᠴᠢᠭᠯᠡᠭᠦᠯᠦᠨ᠂ ᠰᠤᠷᠭᠠᠨ ᠬᠥᠮᠦᠵᠢᠯ ᠤᠨ ᠶᠠᠮᠤᠨ ᠠᠴᠠ ᠭᠠᠮᠰᠢᠭᠳᠠᠭᠰᠠᠨ ᠤᠷᠤᠨ ᠤ ᠪᠠᠭᠰᠢ ᠰᠤᠷᠤᠭᠴᠢᠳ ᠢ ᠲᠥᠪᠬᠢᠨᠡᠭᠦᠯᠦᠨ ᠲᠣᠬᠤᠨᠢᠭᠤᠯᠬᠤ᠂ ᠨᠥᠬᠦᠪᠥᠷᠢ ᠥᠭᠴᠦ ᠠᠪᠤᠷᠠᠨ ᠲᠤᠰᠠᠯᠠᠬᠤ ᠵᠡᠷᠭᠡ ᠠᠵᠢᠯ ᠢ ᠯᠠᠪᠳᠠᠭᠤᠨ ᠪᠣᠯᠭᠤᠮᠵᠢᠲᠠᠶ ᠰᠠᠶᠢᠲᠤᠷ ᠬᠢᠵᠦ᠂ ᠭᠠᠮᠰᠢᠭᠳᠠᠭᠰᠠᠨ ᠭᠠᠵᠠᠷ ᠣᠷᠣᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠢ ᠬᠢᠨᠠᠨ ᠲᠣᠭᠲᠠᠭᠠᠬᠤ᠂ ᠰᠡᠷᠭᠦᠭᠡᠨ ᠵᠠᠰᠠᠵᠤ ᠪᠠᠬᠢᠯᠡᠬᠦ ᠪᠠ ᠲᠣᠨᠤᠭ ᠲᠥᠬᠦᠭᠡᠷᠦᠮᠵᠢ ᠶᠢ ᠰᠡᠯᠪᠢᠨ ᠵᠠᠰᠠᠬᠤ᠂ ᠡᠷᠡᠭᠦᠯ ᠬᠠᠮᠠᠭᠠᠯᠠᠯ ᠣᠷᠴᠢᠨ ᠲᠣᠭᠤᠷᠢᠨ ᠢ ᠬᠢᠨᠠᠨ ᠬᠡᠮᠵᠢᠬᠦ ᠪᠠ ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠲᠦᠷᠭᠡᠨ ᠠᠬᠢᠭᠤᠯᠬᠤ ᠬᠡᠷᠡᠭᠲᠡᠶ᠃ ᠦᠨᠡᠬᠡᠷ ᠰᠤᠷᠭᠠᠭᠤᠯᠢ ᠡᠬᠢᠯᠡᠬᠦ ᠠᠴᠠ ᠡᠮᠦᠨ᠎ᠡ ᠭᠠᠮᠰᠢᠭ ᠤᠨ ᠳᠠᠷᠠᠭᠠᠬᠢ ᠳᠠᠬᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ ᠳᠡᠶᠢᠯᠬᠦ ᠥᠬᠡᠶ ᠳᠤ ᠬᠦᠷᠪᠡᠯ᠂ ᠪᠣᠳᠠᠲᠤ ᠪᠠᠶᠢᠳᠠᠯ ᠳᠤ ᠰᠠᠭᠤᠷᠢᠯᠠᠨ ᠲᠦᠷ ᠴᠠᠭ ᠰᠢᠯᠵᠢᠭᠦᠯᠦᠨ ᠰᠤᠷᠭᠠᠭᠤᠯᠢ ᠳᠤ ᠣᠷᠣᠭᠤᠯᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠬᠡᠪ ᠤᠨ ᠰᠤᠷᠭᠠᠭᠤᠯᠢ ᠡᠬᠢᠯᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠵᠠᠰᠠᠯᠲᠠ ᠶᠢ ᠨᠢᠭᠡ ᠴᠤᠬᠴᠠᠵᠢᠭᠤᠯᠤᠨ ᠠᠬᠢᠭᠤᠯᠵᠤ᠂ ᠪᠠᠶᠢᠭᠠᠯᠢ ᠶᠢᠨ ᠭᠠᠮᠰᠢᠭ ᠪᠠ ᠡᠭᠦᠰᠦᠮᠡᠯ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号