ᠨᠢᠭᠡ᠂ ᠣᠷᠤᠭ ᠳᠠᠩᠰᠠᠯᠠᠬᠤ ᠨᠥᠬᠦᠴᠡᠯ | 1. ᠨᠢᠭᠡ ᠲᠠᠯ᠎ᠠ ᠪᠤᠶᠤ ᠬᠤᠶᠠᠷ ᠲᠠᠯ᠎ᠠ ᠶᠢᠨ ᠲᠤᠬᠠᠶ ᠶᠢᠨ ᠬᠥᠮᠦᠨ ᠤ ᠡᠷᠦᠬᠡ ᠠᠮᠠ ᠨᠢ ᠲᠣᠰ ᠬᠠᠷᠢᠶ᠎ᠠ | ᠣᠷᠣᠨ ᠳᠤ ᠪᠠᠶᠢᠬᠤ︔ | 2. ᠡᠷᠡᠭᠲᠡᠶ ᠪᠦᠬᠦᠯᠢ 22 ᠨᠠᠰᠤ᠂ ᠡᠮᠡᠭᠲᠡᠶ ᠪᠦᠬᠦᠯᠢ 20 ᠨᠠᠰᠤ ︵ᠴᠥᠭᠡᠨ ᠲᠣᠭᠠᠲᠤ ᠦᠨᠳᠦᠰᠦᠲᠡᠨ ᠤ | ᠡᠷᠡᠭᠲᠡᠶ ᠪᠦᠬᠦᠯᠢ 20 ᠨᠠᠰᠤ᠂ ᠡᠮᠡᠭᠲᠡᠶ ᠪᠦᠬᠦᠯᠢ 18 ᠨᠠᠰᠤ︶︔ | 3. ᠴᠥᠮ ᠢᠷᠭᠡᠨ ᠤ ᠬᠡᠷᠡᠭ ᠤᠨ ᠪᠦᠷᠢᠨ ᠠᠵᠢᠯᠯᠠᠭ᠎ᠠ ᠶᠢᠨ ᠴᠢᠳᠠᠪᠤᠷᠢ ᠲᠠᠢ ︵ᠣᠶᠤᠨ ᠴᠢᠳᠠᠪᠤᠷᠢ ᠶᠢᠨ | ᠬᠠᠷᠰᠢ ᠰᠠᠭᠠᠳ ᠪᠠ ᠣᠶᠤᠨ ᠮᠡᠳᠡᠷᠡᠯ ᠤᠨ ᠬᠠᠷᠰᠢ ᠰᠠᠭᠠᠳ ᠥᠬᠡᠶ︶︔ | 4. ᠪᠦᠷ ᠬᠠᠨᠢ ᠨᠥᠬᠦᠷ ᠥᠬᠡᠶ︔ | 5. ᠪᠦᠷ ᠰᠠᠶᠢᠨ ᠳᠤᠷ᠎ᠠ ᠠᠴᠠ ᠪᠠᠨ ᠤᠷᠤᠭᠯᠠᠵᠤ᠂ ᠪᠡᠶ᠎ᠡ ᠪᠠᠷ ᠢᠶᠠᠨ ᠬᠦᠷᠴᠦ ᠢᠷᠡᠨ᠎ᠡ᠃ | ᠬᠤᠶᠠᠷ᠂ ᠤᠷᠤᠭᠯᠠᠬᠤ ᠶᠢ ᠴᠠᠭᠠᠵᠠᠯᠠᠬᠤ ᠪᠠᠶᠢᠳᠠᠯ | 1. ᠰᠢᠭᠤᠳ ᠴᠢᠰᠤᠨ ᠲᠥᠷᠥᠯ ᠪᠠ ᠭᠤᠷᠪᠠᠨ ᠦᠶ᠎ᠡ ᠶᠢᠨ ᠳᠣᠲᠣᠷᠠᠬᠢ ᠦᠶᠡᠯᠢᠳ ᠬᠠᠶᠠᠯᠢᠳ ᠴᠢᠰᠤᠨ | ᠲᠥᠷᠥᠯ ᠤᠨ ᠬᠠᠷᠢᠴᠠᠭ᠎ᠠ ᠲᠠᠢ︔ | 2. ᠡᠮᠨᠡᠯᠭᠡ ᠶᠢᠨ ᠤᠬᠠᠭᠠᠨ ᠳᠤ ᠤᠷᠤᠭᠯᠠᠵᠤ ᠪᠣᠯᠬᠤ ᠦᠭᠡᠢ ᠭᠡᠵᠦ ᠦᠵᠡᠭᠰᠡᠨ ᠡᠪᠡᠳᠴᠢᠨ ᠳᠤ | ᠨᠡᠷᠪᠡᠭᠳᠡᠭᠰᠡᠨ᠃ | ᠭᠤᠷᠪᠠ᠂ ᠲᠤᠰᠢᠶᠠᠬᠤ ᠴᠢᠬᠤᠯᠠᠲᠠᠢ ᠦᠨᠡᠮᠯᠡᠯ ᠪᠠ ᠭᠡᠷᠡᠴᠢ ᠮᠠᠲ᠋ᠧᠷᠢᠶᠠᠯ | 1. ᠲᠣᠰ ᠬᠥᠮᠦᠨ ᠤ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ ︵ᠴᠡᠷᠢᠭ ᠬᠥᠮᠦᠨ ᠣᠹᠢᠼᠧᠷ ᠤᠨ | ᠦᠨᠡᠮᠯᠡᠯ ᠢᠶᠠᠨ ᠲᠤᠰᠢᠶᠠᠨ᠎ᠠ︔ ᠴᠡᠷᠢᠭ ᠤᠨ ᠬᠤᠷᠢᠶᠠᠨ ᠠᠴᠠ ᠳᠡᠭᠡᠭᠰᠢᠬᠢ ᠤᠯᠤᠰ ᠲᠥᠷᠥ ᠶᠢᠨ ᠭᠠᠵᠠᠷ ᠠᠴᠠ | ᠭᠠᠷᠭᠠᠭᠰᠠᠨ ᠤᠷᠤᠭ ᠤᠨ ᠪᠠᠶᠢᠳᠠᠯ ᠤᠨ ᠭᠡᠷᠡᠴᠢ︶︔ | 2. ᠲᠣᠰ ᠬᠥᠮᠦᠨ ᠤ ᠣᠷᠤᠭ ᠳᠠᠩᠰᠠᠯᠠᠬᠤ ᠪᠠᠶᠢᠭᠤᠯᠤᠯᠭ᠎ᠠ ᠳᠤ ᠭᠠᠷ ᠤᠨ ᠥᠰᠥᠭ ᠵᠢᠷᠤᠭᠰᠠᠨ ︽ᠣᠷᠤᠭ | ᠳᠠᠩᠰᠠᠯᠠᠭᠤᠯᠬᠤ ᠪᠠᠷ ᠭᠤᠶᠤᠴᠢᠯᠠᠬᠤ ᠢᠯᠡᠷᠬᠡᠶᠢᠯᠡᠯᠲᠡ ᠶᠢᠨ ᠪᠢᠴᠢᠭ︾︔ | 3. ᠬᠤᠶᠠᠷ ᠢᠮᠠᠬᠤ ᠶᠢᠨ ᠣᠶᠢᠷ᠎ᠠ ᠶᠢᠨ ᠬᠤᠭᠤᠴᠠᠭᠠᠨ ᠤ ᠬᠠᠭᠠᠰ ᠪᠡᠶ᠎ᠡ ᠶᠢᠨ ᠮᠠᠯᠠᠭᠠᠶ ᠥᠬᠡᠶ ᠬᠠᠮᠲᠤ ᠶᠢᠨ | ᠰᠡᠭᠦᠳᠡᠷ ᠭᠤᠷᠪᠠᠨ ᠬᠤᠪᠢ᠃ | ᠳᠥᠷᠪᠡ᠂ ᠡᠷ᠎ᠡ ᠡᠮ᠎ᠡ ᠶᠢᠨ ᠡᠷᠬᠡ ᠪᠠ ᠡᠭᠦᠷᠭᠡ | ᠬᠤᠶᠠᠷ ᠡᠲᠡᠭᠡᠳ ᠢᠶᠠᠷ ᠢᠶᠠᠨ ᠤᠷᠤᠭ ᠤᠨ ᠦᠨᠡᠮᠯᠡᠯ ᠣᠯᠵᠤ᠂ ᠡᠷ᠎ᠡ ᠡᠮ᠎ᠡ ᠶᠢᠨ ᠬᠠᠷᠢᠴᠠᠭ᠎ᠠ ᠪᠠᠶᠢᠭᠤᠯᠤᠨ᠎ᠠ᠃ | ᠡᠷ᠎ᠡ ᠡᠮ᠎ᠡ ᠬᠤᠶᠠᠭᠤᠯᠠ ᠭᠡᠷ ᠪᠦᠯᠢ ᠳᠡᠭᠡᠨ ᠡᠷᠬᠡ ᠲᠡᠭᠰᠢ ᠪᠠᠶᠢᠷᠢ ᠰᠠᠭᠤᠷᠢ ᠲᠠᠢ︔ ᠴᠥᠮ ᠥᠪᠡᠷ ᠤᠨ ᠤᠪᠤᠭ | ᠨᠡᠷ᠎ᠡ ᠪᠠᠨ ᠬᠡᠷᠡᠭᠯᠡᠬᠦ ᠡᠷᠬᠡ ᠲᠠᠢ︔ ᠴᠥᠮ ᠤᠶᠢᠯᠡᠳᠪᠦᠷᠢᠯᠡᠯ᠂ ᠠᠵᠢᠯ᠂ ᠰᠤᠷᠤᠯᠭ᠎ᠠ ᠪᠠ ᠨᠡᠶᠢᠭᠡᠮ ᠤᠨ | ᠠᠵᠢᠯᠯᠠᠭ᠎ᠠ ᠳᠤ ᠣᠷᠣᠯᠴᠠᠬᠤ ᠡᠷᠬᠡ ᠴᠢᠯᠥᠭᠡ ᠲᠠᠢ᠂ ᠨᠢᠭᠡ ᠡᠲᠡᠭᠡᠳ ᠨᠢ ᠨᠦᠬᠦᠭᠡ ᠡᠲᠡᠭᠡᠳ ᠢᠶᠠᠨ ᠬᠢᠵᠠᠭᠠᠷᠯᠠᠬᠤ | ᠪᠤᠶᠤ ᠲᠡᠭᠦᠨ ᠳᠤ ᠭᠠᠷ ᠲᠦᠷᠦᠵᠦ ᠪᠣᠯᠬᠤ ᠤᠢᠭᠡᠢ︔ ᠪᠦᠷ ᠲᠥᠯᠥᠪᠯᠡᠭᠡ ᠲᠠᠢ ᠪᠠᠷ ᠬᠡᠤᠬᠡᠳ ᠠᠪᠬᠤ ᠡᠭᠦᠷᠭᠡ ᠲᠠᠢ︔ | ᠬᠤᠶᠠᠷ ᠡᠲᠡᠭᠡᠳ ᠢᠶᠠᠷ ᠢᠶᠠᠨ ᠦᠷ᠎ᠡ ᠬᠡᠤᠬᠡᠳ ᠢᠶᠠᠨ ᠠᠰᠠᠷᠠᠨ ᠲᠡᠵᠢᠭᠡᠵᠦ ᠰᠤᠷᠭᠠᠨ ᠬᠥᠮᠦᠵᠢᠭᠦᠯᠬᠦ ᠡᠭᠦᠷᠭᠡ ᠲᠠᠢ︔ | ᠬᠠᠮᠲᠤ ᠪᠠᠷ ᠥᠮᠴᠢᠯᠡᠵᠦ ᠪᠠᠶᠢᠭ᠎ᠠ ᠡᠳ᠋ ᠬᠦᠷᠦᠩᠭᠡ ᠶᠢ ᠠᠳᠠᠯᠢ ᠲᠡᠭᠰᠢ ᠪᠠᠷ ᠰᠢᠢᠳᠪᠦᠷᠢᠯᠡᠬᠦ ᠡᠷᠬᠡ ᠲᠠᠢ︔ | ᠬᠠᠷᠢᠯᠴᠠᠨ ᠠᠰᠠᠷᠠᠨ ᠲᠡᠵᠢᠭᠡᠬᠦ ᠡᠭᠦᠷᠭᠡ ᠲᠠᠢ︔ ᠬᠠᠷᠢᠯᠴᠠᠨ ᠥᠪ ᠵᠠᠯᠭᠠᠮᠵᠢᠯᠠᠬᠤ ᠡᠷᠬᠡ ᠲᠠᠢ᠃ | |