ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠄ ᠬᠠᠷᠢᠶ᠎ᠠ ᠣᠷᠣᠨ ᠤ ᠬᠤᠲᠠ ᠬᠥᠳᠡᠭᠡ ᠶᠢᠨ ᠬᠠᠮᠢᠶᠠᠷᠤᠯᠲᠠ᠂ | ᠪᠣᠯᠪᠠᠰᠤᠨ ᠢ ᠴᠣᠭᠴᠠᠯᠠᠬᠤ ᠵᠡᠷᠭᠡ ᠭᠠᠵᠠᠷ ᠣᠷᠣᠨ ᠤ ᠴᠢᠨᠠᠷᠲᠠᠶ᠂ ᠶᠡᠷᠦᠩᠬᠡᠶᠢᠯᠡᠭᠰᠡᠨ ᠴᠢᠨᠠᠷᠲᠠᠶ ᠨᠡᠶᠢᠭᠡᠮ ᠤᠨ | ᠬᠠᠮᠢᠶᠠᠷᠤᠯᠲᠠ ᠶᠢᠨ ᠠᠵᠢᠯ ᠢ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠵᠡᠭᠡᠯᠢ ᠭᠤᠳᠤᠮᠵᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭᠠᠨ᠂ ᠠᠳᠠᠯ ᠠᠬᠤᠢ ᠶᠢᠨ | ᠬᠢᠨᠠᠯᠲᠠ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠵᠠᠬ᠎ᠠ ᠳᠡᠯᠭᠡᠭᠦᠷ ᠤᠨ ᠬᠢᠨᠠᠯᠲᠠ᠂ | ᠬᠠᠭᠤᠴᠢᠨ ᠪᠠᠭ᠎ᠠ ᠲᠣᠭᠤᠷᠢᠭ ᠤᠨ ᠴᠡᠭᠴᠡᠯᠡᠨ ᠵᠠᠰᠠᠯᠲᠠ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ | ᠬᠠᠮᠢᠶᠠᠷᠤᠯᠲᠠ ᠵᠡᠷᠭᠡ ᠠᠵᠢᠯ ᠢ ᠬᠠᠮᠵᠢᠯᠴᠠᠨ ᠥᠷᠨᠢᠭᠦᠯᠦᠨ᠎ᠡ᠃ | ᠪᠣᠳᠠᠲᠠᠢ ᠠᠵᠢᠯ᠄ | 1. ᠬᠤᠲᠠ ᠶᠢᠨ ᠲᠥᠷᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠪᠠᠭ᠎ᠠ ᠲᠣᠭᠤᠷᠢᠭ ᠤᠨ ᠠᠳᠠᠯ | ᠠᠬᠤᠶ᠂ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ | 2. ᠵᠡᠭᠡᠯᠢ ᠭᠤᠳᠤᠮᠵᠢ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠲᠥᠰᠦᠪ ᠢ ᠬᠢᠨᠠᠨ ᠬᠠᠷᠭᠤᠭᠤᠯᠬᠤ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ | ᠵᠡᠷᠭᠡ ᠠᠵᠢᠯ ᠢ ᠬᠠᠷᠢᠭᠤᠴᠠᠨ᠎ᠠ᠃ | 3. ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢᠲᠠᠨ ᠤ ᠬᠢᠵᠢᠭ ᠢ ᠰᠡᠷᠭᠡᠶᠢᠯᠡᠬᠦ ᠪᠠ ᠪᠣᠯᠪᠠᠰᠤᠨ ᠬᠤᠲᠠ᠂ | ᠡᠷᠡᠭᠦᠯ ᠬᠠᠮᠠᠭᠠᠯᠠᠯ ᠤᠨ ᠬᠤᠲᠠ ᠶᠢ ᠴᠣᠭᠴᠠᠯᠠᠬᠤ ᠵᠡᠷᠭᠡ ᠬᠠᠮᠢᠶ᠎ᠠ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠬᠤ ᠶᠢ | ᠬᠠᠷᠢᠭᠤᠴᠠᠨ᠎ᠠ᠃ | 4. ᠵᠠᠬ᠎ᠠ ᠳᠡᠯᠭᠡᠭᠦᠷ ᠤᠨ ᠬᠢᠨᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠶ ᠦᠢᠯᠡᠳᠪᠦᠷᠢᠯᠡᠯ᠂ | ᠬᠠᠭᠤᠴᠢᠨ ᠪᠠᠭ᠎ᠠ ᠲᠣᠭᠤᠷᠢᠭ ᠤᠨ ᠴᠡᠭᠴᠡᠯᠡᠨ ᠵᠠᠰᠠᠯᠲᠠ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ | ᠬᠠᠮᠢᠶᠠᠷᠤᠯᠲᠠ ᠵᠡᠷᠭᠡ ᠠᠵᠢᠯ ᠢ ᠬᠠᠮᠵᠢᠯᠴᠠᠨ ᠥᠷᠨᠢᠭᠦᠯᠦᠨ᠎ᠡ᠃ | 5. ᠬᠠᠷᠢᠶ᠎ᠠ ᠣᠷᠣᠨ ᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠣᠯᠠᠨ | ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠥᠯᠥᠪᠵᠢᠭᠦᠯᠭᠡ ᠪᠠ ᠬᠠᠷᠢᠶ᠎ᠠ ᠣᠷᠣᠨ ᠤ ᠢᠨᠵᠧᠨᠧᠷᠢᠩ ᠤᠨ | ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢ ᠰᠢᠯᠭᠠᠨ ᠬᠤᠷᠢᠶᠠᠬᠤ᠂ ᠪᠠᠭ᠎ᠠ ᠲᠣᠭᠤᠷᠢᠭ ᠤᠨ ᠲᠥᠯᠥᠪᠵᠢᠭᠦᠯᠭᠡ ᠶᠢ | ᠰᠢᠯᠭᠠᠨ ᠬᠤᠷᠢᠶᠠᠬᠤ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠨ᠎ᠠ᠃ |