ᠣᠷᠤᠭ ᠳᠠᠩᠰᠠᠯᠠᠭᠤᠯᠤᠭᠰᠠᠨ ᠭᠡᠷᠡᠴᠢ ᠨᠥᠬᠦᠨ ᠭᠦᠢᠴᠡᠳᠬᠡᠬᠦ ᠮᠡᠳᠡᠭᠳᠡᠯ ᠤᠨ ᠬᠠᠭᠤᠳᠠᠰᠦ
ᠨᠡᠶᠢᠲᠡᠯᠡᠭᠰᠡᠨ ᠴᠠᠭ᠄
2023/8/29
     ᠨᠢᠭᠡ᠂ ᠠᠯᠬᠤᠮ ᠳᠠᠷᠠᠭᠠᠯᠠᠯ᠄      ᠠᠩᠬ᠎ᠠ ᠬᠢᠨᠠᠬᠤ — ᠬᠦᠯᠢᠶᠡᠨ ᠠᠪᠴᠤ ᠰᠢᠢᠳᠪᠦᠷᠢᠯᠡᠬᠦ — ᠬᠢᠨᠠᠨ ᠪᠠᠶᠢᠴᠠᠭᠠᠬᠤ — ᠦᠨᠡᠮᠯᠡᠯ ᠣᠯᠭᠤᠬᠤ      ᠬᠤᠶᠠᠷ᠂ ᠣᠷᠤᠭ ᠤᠨ ᠭᠡᠷᠡᠴᠢ᠂ ᠣᠷᠤᠭ ᠰᠠᠯᠤᠭᠰᠠᠨ ᠭᠡᠷᠡᠴᠢ ᠨᠥᠬᠦᠨ ᠭᠦᠢᠴᠡᠳᠬᠡᠬᠦ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ᠄      1. ᠣᠷᠤᠭ ᠳᠠᠩᠰᠠᠯᠠᠬᠤ ᠭᠠᠵᠠᠷ ᠲᠤ ᠬᠠᠷᠢᠶᠠᠯᠠᠭᠤᠯᠬᠤ ᠡᠷᠬᠡ ᠲᠠᠢ᠃      2. ᠲᠤᠬᠠᠢ ᠶᠢᠨ ᠬᠥᠮᠦᠨ ᠨᠢ ᠬᠠᠤᠯᠢ ᠶᠣᠰᠣᠭᠠᠷ ᠤᠷᠤᠭᠯᠠᠭᠰᠠᠨ ᠪᠤᠶᠤ ᠣᠷᠤᠭ ᠰᠠᠯᠤᠭᠰᠠᠨ ᠢᠶᠠᠷ ᠳᠠᠩᠰᠠᠯᠠᠭᠤᠯᠵᠤ᠂ ᠡᠳᠦᠭᠡ ᠮᠥᠨ ᠲᠣᠰ ᠣᠷᠤᠭ ᠤᠨ ᠪᠠᠶᠢᠳᠠᠯ ᠢᠶᠠᠨ ᠬᠡᠪ ᠢᠶᠠᠷ ᠪᠠᠶᠢᠯᠭᠠᠨ᠎ᠠ᠃      ᠭᠤᠷᠪᠠ᠂ ᠣᠷᠤᠭ ᠳᠠᠩᠰᠠᠯᠠᠭᠤᠯᠤᠭᠰᠠᠨ ᠭᠡᠷᠡᠴᠢ ᠨᠥᠬᠦᠨ ᠭᠦᠢᠴᠡᠳᠭᠡᠬᠦ ᠳᠤ ᠲᠤᠰᠢᠶᠠᠬᠤ ᠴᠢᠬᠤᠯᠠᠲᠠᠶ ᠦᠨᠡᠮᠯᠡᠯ᠂ ᠭᠡᠷᠡᠴᠢ ᠮᠠᠲ᠋ᠧᠷᠢᠶᠠᠯ᠄      1. ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ ︵ᠣᠷᠤᠭ ᠳᠠᠩᠰᠠᠯᠠᠯᠳᠠ ᠶᠢᠨ ᠲᠣᠰ ᠵᠤᠶᠢᠯ ᠤᠨ ᠱᠠᠭᠠᠷᠳᠠᠯᠭ᠎ᠠ ᠳᠤ ᠬᠡᠷᠡᠭᠯᠡᠨ᠎ᠡ︶᠃      2. ᠲᠤᠬᠠᠢ ᠶᠢᠨ ᠬᠥᠮᠦᠨ ᠥᠪᠡᠷ ᠤᠨ ᠪᠡᠶ᠎ᠡ ᠪᠠᠷ ᠢᠶᠠᠨ ᠤᠤᠯ ᠤᠨ ᠣᠷᠤᠭ ᠳᠠᠩᠰᠠᠯᠠᠬᠤ ᠪᠠᠶᠢᠭᠤᠯᠤᠯᠭ᠎ᠠ ᠪᠤᠶᠤ ᠨᠢᠭᠡ ᠲᠠᠯ᠎ᠠ ᠶᠢᠨ ᠪᠠᠶᠢᠩᠭᠤ ᠰᠠᠭᠤᠭ᠎ᠠ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠣᠷᠤᠭ ᠳᠠᠩᠰᠠᠯᠠᠬᠤ ᠪᠠᠶᠢᠭᠤᠯᠤᠯᠭ᠎ᠠ ᠳᠤ ᠬᠦᠷᠴᠦ ᠭᠤᠶᠤᠴᠢᠯᠠᠨ᠎ᠠ᠃ ︽ᠣᠷᠤᠭ ᠳᠠᠩᠰᠠᠯᠠᠭᠤᠯᠤᠭᠰᠠᠨ ᠭᠡᠷᠡᠴᠢ ᠨᠥᠬᠦᠨ ᠭᠦᠢᠴᠡᠳᠬᠡᠬᠦ ᠪᠠᠷ ᠭᠤᠶᠤᠴᠢᠯᠠᠬᠤ ᠢᠯᠡᠷᠬᠡᠶᠢᠯᠡᠯᠲᠡ ᠶᠢᠨ ᠪᠢᠴᠢᠭ︾ ᠢ ᠲᠠᠭᠯᠠᠨ᠎ᠠ᠃      3. ᠲᠤᠬᠠᠢ ᠶᠢᠨ ᠬᠥᠮᠦᠨ ᠤ ᠬᠤᠶᠠᠷ ᠲᠠᠯ᠎ᠠ ᠶᠢᠨ ᠣᠶᠢᠷ᠎ᠠ ᠶᠢᠨ ᠬᠤᠭᠤᠴᠠᠭᠠᠨ ᠤ ᠮᠠᠯᠠᠭᠠᠶ ᠥᠬᠡᠶ ᠰᠡᠭᠦᠳᠡᠷ ᠭᠤᠷᠪᠠᠨ ᠬᠤᠪᠢ ᠪᠤᠶᠤ ᠭᠠᠭᠴᠠ ᠲᠠᠯ᠎ᠠ ᠶᠢᠨ ᠣᠶᠢᠷ᠎ᠠ ᠶᠢᠨ ᠬᠤᠭᠤᠴᠠᠭᠠᠨ ᠤ ᠮᠠᠯᠠᠭᠠᠶ ᠥᠬᠡᠶ ᠰᠡᠭᠦᠳᠡᠷ ᠬᠤᠶᠠᠷ ᠬᠤᠪᠢ ︵ᠬᠤᠶᠠᠷ ᠢᠮᠠᠬᠤ ᠶᠢᠨ︶᠃      ᠳᠦᠷᠪᠡ᠂ ᠣᠨᠴᠠᠭᠠᠶ ᠪᠠᠶᠢᠳᠠᠯ ᠳᠤ ᠨᠥᠬᠦᠨ ᠭᠦᠢᠴᠡᠳᠬᠡᠬᠦ ᠲᠤᠬᠠᠢ᠄      ︵ᠨᠢᠭᠡ︶ ᠲᠤᠬᠠᠢ ᠶᠢᠨ ᠬᠥᠮᠦᠨ ᠶᠠᠮᠠᠷ ᠨᠢᠭᠡᠨ ᠰᠢᠯᠲᠠᠭᠠᠨ ᠠᠴᠠ ᠪᠣᠯᠵᠣ ᠣᠷᠤᠭ ᠳᠠᠩᠰᠠᠯᠠᠭᠤᠯᠤᠭᠰᠠᠨ ᠤᠤᠯ ᠤᠨ ᠪᠠᠶᠢᠭᠤᠯᠤᠯᠭ᠎ᠠ ᠳᠤ ᠬᠦᠷᠴᠦ ᠣᠷᠤᠭ  ᠳᠠᠩᠰᠠᠯᠠᠯᠳᠠ ᠶᠢ ᠨᠦᠬᠦᠨ ᠭᠦᠢᠴᠡᠳᠬᠡᠬᠦ ᠶᠢ ᠭᠤᠶᠤᠴᠢᠯᠠᠵᠤ ᠳᠡᠶᠢᠯᠬᠦ ᠥᠬᠡᠶ ᠪᠣᠯ᠂ ᠪᠤᠰᠤᠳ ᠬᠥᠮᠦᠨ ᠳᠤ ᠨᠠᠶᠢᠳᠠᠵᠤ ᠰᠢᠢᠳᠪᠦᠷᠢᠯᠡᠭᠦᠯᠵᠦ ᠪᠣᠯᠤᠨ᠎ᠠ᠃ ᠨᠠᠶᠢᠳᠠᠨ ᠭᠦᠢᠴᠡᠳᠭᠡᠭᠦᠯᠬᠦ ᠳᠡᠭᠡᠨ ᠲᠤᠤᠷᠠᠬᠢ ᠭᠡᠷᠡᠴᠢ ᠦᠨᠡᠮᠯᠡᠯ᠂ ᠭᠡᠷᠡᠴᠢ ᠮᠠᠲ᠋ᠧᠷᠢᠶᠠᠯ ᠢ ᠲᠤᠰᠢᠶᠠᠬᠤ ᠬᠡᠷᠡᠭᠲᠡᠶ᠄      1. ᠠᠯᠪᠠᠨ ᠭᠡᠷᠡᠴᠢᠯᠡᠭᠡ ᠶᠢᠨ ᠪᠠᠶᠢᠭᠤᠯᠤᠯᠭ᠎ᠠ ᠳᠤ ᠠᠯᠪᠠᠨ ᠭᠡᠷᠡᠴᠢᠯᠡᠭᠡ ᠬᠢᠯᠭᠡᠭᠰᠡᠨ ᠲᠤᠬᠠᠶ ᠶᠢᠨ ᠬᠥᠮᠦᠨ ᠤ ᠨᠠᠶᠢᠳᠠᠯᠭ᠎ᠠ ᠶᠢᠨ ᠪᠢᠴᠢᠭ ᠪᠠ ᠪᠡᠶ᠎ᠡ ᠶᠢᠨ ᠦᠨᠡᠮᠯᠡᠯ ᠤᠨ ᠬᠠᠭᠤᠯᠪᠤᠷᠢ᠃      2. ᠨᠠᠶᠢᠳᠠᠯᠭ᠎ᠠ ᠬᠦᠯᠢᠶᠡᠭᠴᠢ ᠶᠢᠨ ᠲᠣᠰ ᠬᠥᠮᠦᠨ ᠤ ᠪᠡᠶ᠎ᠡ ᠶᠢᠨ ᠦᠨᠡᠮᠯᠡᠯ᠃      3. ᠲᠤᠬᠠᠢ ᠶᠢᠨ ᠬᠥᠮᠦᠨ ᠤ ᠣᠶᠢᠷ᠎ᠠ ᠶᠢᠨ ᠬᠤᠭᠤᠴᠠᠭᠠᠨ ᠤ 2 ᠢᠮᠠᠬᠤ ᠶᠢᠨ ᠮᠠᠯᠠᠭᠠᠶ ᠥᠬᠡᠶ ᠰᠡᠭᠦᠳᠡᠷ ᠭᠤᠷᠪᠠᠨ ᠬᠤᠪᠢ ᠪᠤᠶᠤ ᠭᠠᠭᠴᠠ ᠭᠦᠮᠦᠨ ᠤ 2 ᠢᠮᠠᠬᠤ ᠶᠢᠨ ᠣᠶᠢᠷ᠎ᠠ ᠶᠢᠨ ᠬᠤᠭᠤᠴᠠᠭᠠᠨ ᠤ ᠮᠠᠯᠠᠭᠠᠶ ᠥᠬᠡᠶ ᠰᠡᠭᠦᠳᠡᠷ ᠬᠤᠶᠠᠷ ᠬᠤᠪᠢ᠃      ︵ᠬᠤᠶᠠᠷ︶ ᠣᠷᠤᠭ ᠤᠨ ᠲᠠᠩᠰᠠ ᠡᠪᠬᠡᠮᠡᠯ ᠢᠶᠠᠨ ᠭᠡᠭᠡᠭᠰᠡᠨ︔      1. ᠬᠤᠪᠢ ᠬᠥᠮᠦᠨ ᠤ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ ︵ᠣᠷᠤᠭ ᠳᠠᠩᠰᠠᠯᠠᠯᠳᠠ ᠶᠢᠨ ᠲᠣᠰ ᠵᠤᠶᠢᠯ ᠤᠨ ᠱᠠᠭᠠᠷᠳᠠᠯᠭ᠎ᠠ ᠳᠤ ᠬᠡᠷᠡᠭᠯᠡᠨ᠎ᠡ︶᠃      2. ᠪᠠᠶᠢᠭᠤᠯᠤᠯᠭ᠎ᠠ ᠨᠢᠭᠡᠴᠡ᠂ ᠭᠠᠴᠠᠭ᠎ᠠ ᠲᠤᠰᠬᠤᠨ ᠤ ︵ᠰᠠᠭᠤᠭᠠᠯᠢ︶ ᠠᠷᠠᠳ ᠤᠨ ᠵᠥᠪᠯᠡᠯ ᠪᠤᠶᠤ ᠣᠶᠢᠷ᠎ᠠ ᠲᠥᠷᠥᠯ ᠰᠠᠳᠤᠨ ᠤ ᠭᠠᠷᠭᠠᠭᠰᠠᠨ ᠭᠤᠶᠤᠴᠢᠯᠠᠭᠴᠢ ᠶᠢᠨ ᠣᠷᠤᠭ ᠤᠨ ᠪᠠᠶᠢᠳᠠᠯ ᠢ ᠲᠣᠳᠣᠷᠬᠠᠶ ᠪᠢᠴᠢᠭᠰᠡᠨ ᠭᠡᠷᠡᠴᠢ᠃      3. ᠲᠤᠬᠠᠢ ᠶᠢᠨ ᠬᠥᠮᠦᠨ ᠤ ᠬᠤᠶᠠᠷ ᠲᠠᠯ᠎ᠠ ᠶᠢᠨ ᠳᠤᠮᠤ ᠬᠤᠶᠠᠷ ᠢᠮᠠᠬᠤ ᠶᠢᠨ ᠣᠶᠢᠷ᠎ᠠ ᠶᠢᠨ ᠬᠤᠭᠤᠴᠠᠭᠠᠨ ᠤ ᠮᠠᠯᠠᠭᠠᠶ ᠥᠬᠡᠶ ᠰᠡᠭᠦᠳᠡᠷ ᠭᠤᠷᠪᠠᠨ ᠬᠤᠪᠢ ᠪᠤᠶᠤ ᠭᠠᠭᠴᠠ ᠬᠦᠮᠦᠨ ᠤ ᠬᠤᠶᠠᠷ ᠢᠮᠠᠬᠤ ᠶᠢᠨ ᠣᠶᠢᠷ᠎ᠠ ᠶᠢᠨ ᠬᠤᠭᠤᠴᠠᠭᠠᠨ ᠤ ᠮᠠᠯᠠᠭᠠᠶ ᠥᠬᠡᠶ ᠰᠡᠭᠦᠳᠡᠷ ᠬᠤᠶᠠᠷ ᠬᠤᠪᠢ᠃      ᠲᠠᠪᠤ᠂ ᠣᠷᠤᠭ ᠳᠠᠩᠰᠠᠯᠠᠭᠤᠯᠤᠭᠰᠠᠨ ᠭᠡᠷᠡᠴᠢ ᠨᠥᠬᠦᠨ ᠭᠦᠢᠴᠡᠳᠬᠡᠵᠦ ᠥᠭᠬᠦ ᠥᠬᠡᠶ ᠪᠠᠶᠢᠳᠠᠯ᠄      ᠲᠤᠬᠠᠶ ᠶᠢᠨ ᠬᠥᠮᠦᠨ ᠨᠢ ᠤᠷᠤᠭᠯᠠᠬᠤ ᠪᠤᠶᠤ ᠣᠷᠤᠭ ᠰᠠᠯᠤᠭᠰᠠᠨ ᠳᠠᠩᠰᠠᠯᠠᠭᠤᠯᠤᠯᠲᠠ ᠬᠢᠯᠭᠡᠵᠦ ᠥᠩᠭᠡᠷᠡᠭᠰᠡᠨ᠂ ᠨᠥᠬᠦᠨ ᠭᠦᠢᠴᠡᠳᠬᠡᠬᠦ ᠪᠠᠷ ᠭᠤᠶᠤᠴᠢᠯᠠᠬᠤ ᠦᠶ᠎ᠡ ᠶᠢᠨ ᠤᠷᠤᠭ ᠤᠨ ᠪᠠᠶᠢᠳᠠᠯ ᠨᠢ ᠤᠷᠤᠭ ᠰᠠᠯᠤᠭᠰᠠᠨ᠂ ᠬᠠᠨᠢ ᠨᠥᠬᠦᠷ ᠨᠢ ᠨᠠᠰᠤ ᠪᠠᠷᠠᠭᠰᠠᠨ ᠪᠤᠶᠤ ᠤᠷᠤᠭ ᠢᠶᠠᠨ ᠰᠡᠷᠭᠦᠭᠡᠭᠰᠡᠨ ᠠᠴᠠ ᠪᠤᠯᠵᠤ ᠬᠤᠪᠢᠷᠠᠯᠲᠠ ᠭᠠᠷᠤᠭᠰᠠᠨ ᠪᠠᠶᠢᠪᠠᠯ᠂ ᠤᠷᠤᠭ ᠳᠠᠩᠰᠠᠯᠠᠭᠤᠯᠤᠭᠰᠠᠨ ᠦᠨᠡᠮᠯᠡᠯ ᠢ ᠨᠥᠬᠦᠵᠦ ᠣᠯᠭᠤᠬᠤ ᠦᠭᠡᠢ᠃ ᠤᠤᠯ ᠤᠨ ᠣᠷᠤᠭ ᠳᠠᠩᠰᠠᠯᠠᠬᠤ ᠪᠠᠶᠢᠭᠤᠯᠤᠯᠭ᠎ᠠ ︽ᠣᠷᠤᠭ ᠳᠠᠩᠰᠠᠯᠠᠭᠤᠯᠤᠭᠰᠠᠨ ᠲᠡᠮᠳᠡᠭᠯᠡᠯ ᠤᠨ ᠭᠡᠷᠡᠴᠢ︾ ᠭᠠᠷᠭᠠᠵᠤ ᠦᠭᠴᠦ ᠪᠣᠯᠤᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号