ᠣᠷᠤᠭ ᠳᠠᠩᠰᠠᠯᠠᠬᠤ ᠮᠡᠳᠡᠭᠳᠡᠯ ᠤᠨ ᠬᠠᠭᠤᠳᠠᠰᠦ
ᠨᠡᠶᠢᠲᠡᠯᠡᠭᠰᠡᠨ ᠴᠠᠭ᠄
2023/8/29
     ᠨᠢᠭᠡ᠂ ᠣᠷᠤᠭ ᠳᠠᠩᠰᠠᠯᠠᠬᠤ ᠨᠥᠬᠦᠴᠡᠯ      1. ᠨᠢᠭᠡ ᠲᠠᠯ᠎ᠠ ᠪᠤᠶᠤ ᠬᠤᠶᠠᠷ ᠲᠠᠯ᠎ᠠ ᠶᠢᠨ ᠲᠤᠬᠠᠶ ᠶᠢᠨ ᠬᠥᠮᠦᠨ ᠤ ᠡᠷᠦᠬᠡ ᠠᠮᠠ ᠨᠢ ᠲᠣᠰ ᠬᠠᠷᠢᠶ᠎ᠠ ᠣᠷᠣᠨ ᠳᠤ ᠪᠠᠶᠢᠬᠤ︔      2. ᠡᠷᠡᠭᠲᠡᠶ ᠪᠦᠬᠦᠯᠢ 22 ᠨᠠᠰᠤ᠂ ᠡᠮᠡᠭᠲᠡᠶ ᠪᠦᠬᠦᠯᠢ 20 ᠨᠠᠰᠤ ︵ᠴᠥᠭᠡᠨ ᠲᠣᠭᠠᠲᠤ ᠦᠨᠳᠦᠰᠦᠲᠡᠨ ᠤ ᠡᠷᠡᠭᠲᠡᠶ ᠪᠦᠬᠦᠯᠢ 20 ᠨᠠᠰᠤ᠂ ᠡᠮᠡᠭᠲᠡᠶ ᠪᠦᠬᠦᠯᠢ 18 ᠨᠠᠰᠤ︶︔      3. ᠴᠥᠮ ᠢᠷᠭᠡᠨ ᠤ ᠬᠡᠷᠡᠭ ᠤᠨ ᠪᠦᠷᠢᠨ ᠠᠵᠢᠯᠯᠠᠭ᠎ᠠ ᠶᠢᠨ ᠴᠢᠳᠠᠪᠤᠷᠢ ᠲᠠᠢ ︵ᠣᠶᠤᠨ ᠴᠢᠳᠠᠪᠤᠷᠢ ᠶᠢᠨ ᠬᠠᠷᠰᠢ ᠰᠠᠭᠠᠳ ᠪᠠ ᠣᠶᠤᠨ ᠮᠡᠳᠡᠷᠡᠯ ᠤᠨ ᠬᠠᠷᠰᠢ ᠰᠠᠭᠠᠳ ᠥᠬᠡᠶ︶︔      4. ᠪᠦᠷ ᠬᠠᠨᠢ ᠨᠥᠬᠦᠷ ᠥᠬᠡᠶ︔      5. ᠪᠦᠷ ᠰᠠᠶᠢᠨ ᠳᠤᠷ᠎ᠠ ᠠᠴᠠ ᠪᠠᠨ ᠤᠷᠤᠭᠯᠠᠵᠤ᠂ ᠪᠡᠶ᠎ᠡ ᠪᠠᠷ ᠢᠶᠠᠨ ᠬᠦᠷᠴᠦ ᠢᠷᠡᠨ᠎ᠡ᠃      ᠬᠤᠶᠠᠷ᠂ ᠤᠷᠤᠭᠯᠠᠬᠤ ᠶᠢ ᠴᠠᠭᠠᠵᠠᠯᠠᠬᠤ ᠪᠠᠶᠢᠳᠠᠯ      1. ᠰᠢᠭᠤᠳ ᠴᠢᠰᠤᠨ ᠲᠥᠷᠥᠯ ᠪᠠ ᠭᠤᠷᠪᠠᠨ ᠦᠶ᠎ᠡ ᠶᠢᠨ ᠳᠣᠲᠣᠷᠠᠬᠢ ᠦᠶᠡᠯᠢᠳ ᠬᠠᠶᠠᠯᠢᠳ ᠴᠢᠰᠤᠨ ᠲᠥᠷᠥᠯ ᠤᠨ ᠬᠠᠷᠢᠴᠠᠭ᠎ᠠ ᠲᠠᠢ︔      2. ᠡᠮᠨᠡᠯᠭᠡ ᠶᠢᠨ ᠤᠬᠠᠭᠠᠨ ᠳᠤ ᠤᠷᠤᠭᠯᠠᠵᠤ ᠪᠣᠯᠬᠤ ᠦᠭᠡᠢ ᠭᠡᠵᠦ ᠦᠵᠡᠭᠰᠡᠨ ᠡᠪᠡᠳᠴᠢᠨ ᠳᠤ ᠨᠡᠷᠪᠡᠭᠳᠡᠭᠰᠡᠨ᠃      ᠭᠤᠷᠪᠠ᠂ ᠲᠤᠰᠢᠶᠠᠬᠤ ᠴᠢᠬᠤᠯᠠᠲᠠᠢ ᠦᠨᠡᠮᠯᠡᠯ ᠪᠠ ᠭᠡᠷᠡᠴᠢ ᠮᠠᠲ᠋ᠧᠷᠢᠶᠠᠯ      1. ᠲᠣᠰ ᠬᠥᠮᠦᠨ ᠤ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ ︵ᠴᠡᠷᠢᠭ ᠬᠥᠮᠦᠨ ᠣᠹᠢᠼᠧᠷ ᠤᠨ ᠦᠨᠡᠮᠯᠡᠯ ᠢᠶᠠᠨ ᠲᠤᠰᠢᠶᠠᠨ᠎ᠠ︔ ᠴᠡᠷᠢᠭ ᠤᠨ ᠬᠤᠷᠢᠶᠠᠨ ᠠᠴᠠ ᠳᠡᠭᠡᠭᠰᠢᠬᠢ ᠤᠯᠤᠰ ᠲᠥᠷᠥ ᠶᠢᠨ ᠭᠠᠵᠠᠷ ᠠᠴᠠ ᠭᠠᠷᠭᠠᠭᠰᠠᠨ ᠤᠷᠤᠭ ᠤᠨ ᠪᠠᠶᠢᠳᠠᠯ ᠤᠨ ᠭᠡᠷᠡᠴᠢ︶︔      2. ᠲᠣᠰ ᠬᠥᠮᠦᠨ ᠤ ᠣᠷᠤᠭ ᠳᠠᠩᠰᠠᠯᠠᠬᠤ ᠪᠠᠶᠢᠭᠤᠯᠤᠯᠭ᠎ᠠ ᠳᠤ ᠭᠠᠷ ᠤᠨ ᠥᠰᠥᠭ ᠵᠢᠷᠤᠭᠰᠠᠨ ︽ᠣᠷᠤᠭ ᠳᠠᠩᠰᠠᠯᠠᠭᠤᠯᠬᠤ ᠪᠠᠷ ᠭᠤᠶᠤᠴᠢᠯᠠᠬᠤ ᠢᠯᠡᠷᠬᠡᠶᠢᠯᠡᠯᠲᠡ ᠶᠢᠨ ᠪᠢᠴᠢᠭ︾︔      3. ᠬᠤᠶᠠᠷ ᠢᠮᠠᠬᠤ ᠶᠢᠨ ᠣᠶᠢᠷ᠎ᠠ ᠶᠢᠨ ᠬᠤᠭᠤᠴᠠᠭᠠᠨ ᠤ ᠬᠠᠭᠠᠰ ᠪᠡᠶ᠎ᠡ ᠶᠢᠨ ᠮᠠᠯᠠᠭᠠᠶ ᠥᠬᠡᠶ ᠬᠠᠮᠲᠤ ᠶᠢᠨ ᠰᠡᠭᠦᠳᠡᠷ ᠭᠤᠷᠪᠠᠨ ᠬᠤᠪᠢ᠃      ᠳᠥᠷᠪᠡ᠂ ᠡᠷ᠎ᠡ ᠡᠮ᠎ᠡ ᠶᠢᠨ ᠡᠷᠬᠡ ᠪᠠ ᠡᠭᠦᠷᠭᠡ      ᠬᠤᠶᠠᠷ ᠡᠲᠡᠭᠡᠳ ᠢᠶᠠᠷ ᠢᠶᠠᠨ ᠤᠷᠤᠭ ᠤᠨ ᠦᠨᠡᠮᠯᠡᠯ ᠣᠯᠵᠤ᠂ ᠡᠷ᠎ᠡ ᠡᠮ᠎ᠡ ᠶᠢᠨ ᠬᠠᠷᠢᠴᠠᠭ᠎ᠠ ᠪᠠᠶᠢᠭᠤᠯᠤᠨ᠎ᠠ᠃ ᠡᠷ᠎ᠡ ᠡᠮ᠎ᠡ ᠬᠤᠶᠠᠭᠤᠯᠠ ᠭᠡᠷ ᠪᠦᠯᠢ ᠳᠡᠭᠡᠨ ᠡᠷᠬᠡ ᠲᠡᠭᠰᠢ ᠪᠠᠶᠢᠷᠢ ᠰᠠᠭᠤᠷᠢ ᠲᠠᠢ︔ ᠴᠥᠮ ᠥᠪᠡᠷ ᠤᠨ ᠤᠪᠤᠭ ᠨᠡᠷ᠎ᠡ ᠪᠠᠨ ᠬᠡᠷᠡᠭᠯᠡᠬᠦ ᠡᠷᠬᠡ ᠲᠠᠢ︔ ᠴᠥᠮ ᠤᠶᠢᠯᠡᠳᠪᠦᠷᠢᠯᠡᠯ᠂ ᠠᠵᠢᠯ᠂ ᠰᠤᠷᠤᠯᠭ᠎ᠠ ᠪᠠ ᠨᠡᠶᠢᠭᠡᠮ ᠤᠨ ᠠᠵᠢᠯᠯᠠᠭ᠎ᠠ ᠳᠤ ᠣᠷᠣᠯᠴᠠᠬᠤ ᠡᠷᠬᠡ ᠴᠢᠯᠥᠭᠡ ᠲᠠᠢ᠂ ᠨᠢᠭᠡ ᠡᠲᠡᠭᠡᠳ ᠨᠢ ᠨᠦᠬᠦᠭᠡ ᠡᠲᠡᠭᠡᠳ ᠢᠶᠠᠨ ᠬᠢᠵᠠᠭᠠᠷᠯᠠᠬᠤ ᠪᠤᠶᠤ ᠲᠡᠭᠦᠨ ᠳᠤ ᠭᠠᠷ ᠲᠦᠷᠦᠵᠦ ᠪᠣᠯᠬᠤ ᠤᠢᠭᠡᠢ︔ ᠪᠦᠷ ᠲᠥᠯᠥᠪᠯᠡᠭᠡ ᠲᠠᠢ ᠪᠠᠷ ᠬᠡᠤᠬᠡᠳ ᠠᠪᠬᠤ ᠡᠭᠦᠷᠭᠡ ᠲᠠᠢ︔ ᠬᠤᠶᠠᠷ ᠡᠲᠡᠭᠡᠳ ᠢᠶᠠᠷ ᠢᠶᠠᠨ ᠦᠷ᠎ᠡ ᠬᠡᠤᠬᠡᠳ ᠢᠶᠠᠨ ᠠᠰᠠᠷᠠᠨ ᠲᠡᠵᠢᠭᠡᠵᠦ ᠰᠤᠷᠭᠠᠨ ᠬᠥᠮᠦᠵᠢᠭᠦᠯᠬᠦ ᠡᠭᠦᠷᠭᠡ ᠲᠠᠢ︔ ᠬᠠᠮᠲᠤ ᠪᠠᠷ ᠥᠮᠴᠢᠯᠡᠵᠦ ᠪᠠᠶᠢᠭ᠎ᠠ ᠡᠳ᠋ ᠬᠦᠷᠦᠩᠭᠡ ᠶᠢ ᠠᠳᠠᠯᠢ ᠲᠡᠭᠰᠢ ᠪᠠᠷ ᠰᠢᠢᠳᠪᠦᠷᠢᠯᠡᠬᠦ ᠡᠷᠬᠡ ᠲᠠᠢ︔ ᠬᠠᠷᠢᠯᠴᠠᠨ ᠠᠰᠠᠷᠠᠨ ᠲᠡᠵᠢᠭᠡᠬᠦ ᠡᠭᠦᠷᠭᠡ ᠲᠠᠢ︔ ᠬᠠᠷᠢᠯᠴᠠᠨ ᠥᠪ ᠵᠠᠯᠭᠠᠮᠵᠢᠯᠠᠬᠤ ᠡᠷᠬᠡ ᠲᠠᠢ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号