ᠬᠡᠰᠢᠭᠲᠡᠨ ᠬᠤᠰᠢᠭᠤᠨ ᠤ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠬᠥᠭᠵᠢᠯᠲᠡ ᠶᠢᠨ ᠲᠣᠶᠢᠮᠣ
ᠨᠡᠶᠢᠲᠡᠯᠡᠭᠰᠡᠨ ᠴᠠᠭ᠄
2023/8/29
     ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ      ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 67.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.1% ᠪᠠᠷ ᠨᠡᠮᠡᠭᠳᠡᠪᠡ᠃      ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 6.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7% ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 37.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.2% ᠪᠠᠭᠤᠷᠠᠪᠠ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 23.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.0% ᠨᠡᠮᠡᠭᠳᠡᠪᠡ᠃          ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ      ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠶᠡᠷᠦᠩᠬᠡᠢ ᠥᠷᠲᠡᠭ 11.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 5.6% ᠨᠡᠮᠡᠭᠳᠡᠪᠡ᠃         ᠠᠵᠤ ᠦᠢᠯᠡᠳᠪᠦᠷᠢ      ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 0.8% ᠪᠠᠭᠤᠷᠠᠪᠠ᠃      ᠠᠭᠤᠷᠬᠠᠢ ᠶᠢᠨ ᠦᠢᠯᠡᠰ ᠤᠨ ᠨᠡᠮᠡᠭᠳᠡᠯ ᠥᠷᠲᠡᠭ 20.0% ᠪᠠᠭᠤᠷᠠᠵᠤ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ 6.8% ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠦᠷᠳᠡᠭ 16.8 % ᠨᠡᠮᠡᠭᠳᠡᠪᠡ᠃      ᠪᠦᠭᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠶᠢᠨ ᠡᠵᠡᠩᠨᠡᠯᠲᠡ ᠶᠢᠨ ᠣᠷᠣᠯᠭ᠎ᠠ ᠶᠢ 69.6 ᠳ᠋ᠦᠩᠰᠢᠭᠤᠷ ᠲᠥᠭᠦᠷᠢᠭ ᠪᠡᠶᠡᠯᠡᠭᠦᠯᠵᠦ᠂᠂ ᠠᠳᠠᠯᠢ ᠬᠤᠭᠤᠴᠠᠭᠠᠨ ᠤ  ᠬᠢ ᠠᠴᠠ 7.0% ᠪᠠᠭᠤᠷᠠᠪᠠ᠃         ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ      ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1.6% ᠨᠡᠮᠡᠭᠳᠡᠪᠡ᠃      ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 22.6% ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 7.9% ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 5.7% ᠪᠠᠭᠤᠷᠠᠪᠠ᠃     ᠬᠡᠷᠡᠭᠯᠡᠭᠡ      ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠪᠥᠬᠦ ᠲᠤᠭ᠎ᠠ ᠶᠢ 10.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ  ᠬᠢ ᠠᠴᠠ 6.4% ᠨᠡᠮᠡᠭᠳᠡᠪᠡ᠃      ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ 6.7% ᠨᠡᠮᠡᠭᠳᠡᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ 5.1% ᠨᠡᠮᠡᠭᠳᠡᠪᠡ᠃      ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 6.7% ᠨᠡᠮᠡᠭᠳᠡᠵᠦ᠂ ᠢᠳᠡᠭᠡᠨ ᠤᠮᠳᠠᠭᠠᠨ ᠤ ᠣᠷᠣᠯᠭ᠎ᠠ 4.7 % ᠨᠡᠮᠡᠭᠳᠡᠪᠡ᠃     ᠡᠳ᠋ ᠤᠨ ᠵᠠᠰᠠᠭ       ᠪᠦᠭᠦ ᠬᠤᠰᠢᠭᠤᠨ ᠤ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ 5.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22 % ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ 17.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 2.2% ᠪᠠᠭᠤᠷᠠᠪᠠ᠃     ᠮᠥᠩᠭᠦᠨ ᠭᠦᠢᠯᠭᠡᠭᠡᠨ      6 ᠰᠠᠷ᠎ᠠ ᠶᠢᠨ ᠰᠡᠭᠦᠯᠴᠢ ᠪᠠᠷ᠂ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠬᠠᠳᠠᠭᠠᠯᠠᠮᠵᠢ ᠶᠢᠨ ᠲᠤᠭ᠎ᠠ 121.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.6% ᠨᠡᠮᠡᠭᠳᠡᠪᠡ᠃      ᠰᠠᠭᠤᠭᠠᠯᠢ ᠡᠷᠦᠬᠡ ᠶᠢᠨ ᠬᠠᠳᠠᠭᠠᠯᠠᠮᠵᠢ 99.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.6% ᠨᠡᠮᠡᠭᠳᠡᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠤᠭᠤᠴᠠᠭᠠᠨ ᠰᠡᠭᠦᠯᠴᠢ ᠶᠢᠨ ᠵᠢᠭᠡᠯᠡᠯᠭᠡ ᠶᠢᠨ ᠲᠤᠭ᠎ᠠ 112.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 13.4% ᠨᠡᠮᠡᠭᠳᠡᠪᠡ᠃         ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ      ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ 13580 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.8% ᠨᠡᠮᠡᠭᠳᠡᠪᠡ᠃      ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ 18871 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.1% ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ 7425 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.5% ᠨᠡᠮᠡᠭᠳᠡᠪᠡ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号