ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠢ ᠲᠦᠭᠡᠮᠡᠯᠵᠢᠭᠦᠯᠬᠦ ᠲᠥᠪ ᠤᠨ ᠲᠤᠰᠢᠶᠠᠯ ᠬᠠᠷᠢᠭᠤᠴᠠᠯᠭ᠎ᠠ ᠵᠢᠴᠢ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴ᠊
ᠨᠡᠶᠢᠲᠡᠯᠡᠭᠰᠡᠨ ᠴᠠᠭ᠄
2023/8/29
     ᠲᠤᠰᠢᠶᠠᠯ ᠬᠠᠷᠢᠭᠤᠴᠠᠯᠭ᠎ᠠ      ᠨᠢᠭᠡ᠂ ᠲᠠᠷᠢᠶᠠᠯᠠᠩ᠂ ᠣᠢ ᠰᠢᠭᠤᠶ᠂ ᠮᠠᠯ ᠠᠵᠤ ᠠᠬᠤᠶ᠂ ᠤᠰᠤ ᠵᠡᠷᠭᠡ ᠬᠦᠷᠢᠶ᠎ᠡ ᠬᠡᠪᠴᠢᠶᠡᠨ ᠳᠠᠬᠢ ᠮᠡᠷᠭᠡᠵᠢᠯ ᠢ ᠣᠷᠣᠭᠤᠯᠬᠤ ᠪᠠ ᠲᠦᠭᠡᠮᠡᠯᠵᠢᠭᠦᠯᠬᠦ ᠠᠵᠢᠯ ᠢ ᠬᠠᠷᠢᠭᠤᠴᠠᠨ᠎ᠠ᠃      ᠬᠤᠶᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ      ᠭᠤᠷᠪᠠ᠂ ᠮᠠᠯᠴᠢᠨ ᠲᠠᠷᠢᠶᠠᠴᠢᠳ ᠲᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠠᠵᠢᠯ ᠢ ᠬᠠᠷᠢᠭᠤᠴᠠᠨ᠎ᠠ᠃      ᠳᠥᠷᠪᠡᠨ᠂ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢᠲᠠᠨ ᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ᠃      ᠲᠠᠪᠤ᠂ ᠲᠤᠰ ᠪᠡᠶ᠎ᠡ ᠶᠢᠨ ᠪᠠᠶᠢᠭᠤᠯᠤᠯᠲᠠ᠂ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠵᠡᠷᠭᠡ ᠬᠤᠯᠪᠣᠭᠳᠠᠯ ᠪᠦᠬᠦᠢ ᠠᠵᠢᠯ ᠢ ᠬᠠᠷᠢᠭᠤᠴᠠᠨ ᠰᠠᠶᠢᠲᠤᠷ ᠠᠳᠬᠤᠨ᠎ᠠ᠃      ᠵᠢᠷᠭᠤᠭ᠎ᠠ᠂ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠷ᠎ᠡ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ ᠪᠡᠶᠡᠯᠡᠭᠦᠯᠦᠨ᠎ᠡ᠃            ᠠᠵᠢᠯ ᠶᠢᠨ ᠪᠠᠶᠢᠷᠢ ᠶᠢᠨ ᠡᠭᠦᠷᠭᠡ ᠬᠠᠷᠢᠭᠤᠴᠠᠯᠭ᠎ᠠ      ᠨᠢᠭᠡ᠂ ᠨᠠᠮ ᠤᠨ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠠ ᠲᠠᠷᠢᠶᠠᠯᠠᠩ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠶᠢ ᠬᠠᠷᠢᠭᠤᠴᠠᠵᠤ᠂ ᠬᠠᠤᠯᠢ ᠰᠠᠬᠢᠯᠭ᠎ᠠ ᠶᠢ ᠵᠢᠷᠤᠮᠯᠠᠨ ᠰᠠᠬᠢᠵᠤ᠂ ᠠᠵᠢᠯ ᠤᠨ ᠪᠠᠶᠢᠷᠢ ᠪᠠᠨ ᠬᠠᠶᠢᠷᠠᠯᠠᠨ ᠦᠶ᠋ᠯᠡᠰ ᠢᠶᠠᠨ ᠳᠡᠭᠡᠳᠦᠯᠡᠵᠦ᠂ ᠰᠢᠨ᠎ᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠥᠪᠡᠷ ᠤᠨ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠢᠳᠡᠪᠬᠢᠲᠡᠶ ᠪᠠᠷ ᠦᠵᠡᠭᠦᠯᠬᠦ ᠬᠡᠷᠡᠭᠲᠡᠶ᠃      ᠬᠤᠶᠠᠷ᠂ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠬᠥᠭᠵᠢᠯᠲᠡ ᠳᠤ ᠠᠷᠭ᠎ᠠ ᠤᠬᠠᠭᠠᠨ ᠭᠠᠷᠭᠠᠵᠤ᠂ ᠪᠠᠶᠢᠭᠠᠯᠢ ᠶᠢᠨ ᠨᠥᠬᠦᠴᠡᠯ ᠪᠠ ᠠᠵᠤ ᠦᠢᠯᠡᠰ ᠤᠨ ᠣᠨᠴᠠᠯᠢᠭ ᠢ ᠦᠨᠳᠦᠰᠦᠯᠡᠨ᠂ ᠪᠦᠬᠦ ᠪᠠᠯᠭᠠᠰᠤ ᠶᠢᠨ ᠲᠠᠷᠢᠶᠠᠯᠠᠩ ᠢ ᠬᠥᠭᠵᠢᠭᠦᠯᠬᠦ ᠪᠠ ᠲᠠᠷᠢᠶᠠᠯᠠᠩ ᠤᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠤᠨ ᠲᠥᠯᠥᠪᠯᠡᠭᠡ ᠶᠢ ᠲᠣᠭᠲᠠᠭᠠᠬᠤ ᠬᠡᠷᠡᠭᠲᠡᠢ᠃      ᠭᠤᠷᠪᠠ᠂ ᠲᠣᠰᠬᠤᠨ ᠳᠤ ᠬᠦᠷᠴᠦ ᠡᠷᠦᠬᠡ ᠳᠤ ᠣᠷᠣᠵᠤ ᠵᠢᠯᠣᠭᠤᠳᠬᠤ ᠪᠠ ᠦᠢᠯᠡᠴᠢᠯᠡᠬᠦ ᠠᠵᠢᠯ ᠢ ᠥᠷᠨᠢᠭᠦᠯᠬᠦ ᠶᠢ ᠬᠠᠷᠢᠭᠤᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠠᠮᠤ ᠪᠤᠳᠠᠭ᠎ᠠ᠂ ᠠᠵᠤ ᠠᠬᠤᠢ ᠶᠢᠨ ᠲᠠᠷᠢᠮᠠᠯ ᠤᠨ ᠰᠢᠨ᠎ᠡ ᠲᠥᠷᠥᠯ ᠵᠦᠢᠯ᠂ ᠰᠢᠨ᠎ᠡ ᠮᠡᠷᠭᠡᠵᠢᠯ᠂ ᠰᠢᠨ᠎ᠡ ᠦᠷ᠎ᠡ ᠪᠦᠲᠦᠭᠡᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠣᠷᠣᠭᠤᠯᠤᠨ ᠲᠦᠭᠡᠮᠡᠯᠵᠢᠭᠦᠯᠵᠦ᠂ ᠲᠠᠷᠢᠶᠠᠯᠠᠩ ᠤᠨ ᠮᠡᠷᠭᠡᠵᠢᠯ ᠤᠨ ᠪᠣᠯᠪᠠᠰᠤᠷᠠᠭᠤᠯᠤᠯ ᠪᠠ ᠰᠢᠨᠵᠢᠯᠡᠬᠦ ᠤᠬᠠᠭᠠᠨ ᠮᠡᠷᠭᠡᠵᠢᠯ ᠢ ᠡᠷᠦᠬᠡ ᠳᠤ ᠣᠷᠣᠭᠤᠯᠬᠤ ᠠᠵᠢᠯ ᠢ ᠴᠢᠩᠭᠠᠳᠬᠠᠬᠤ ᠬᠡᠷᠡᠭᠲᠡᠶ᠃      ᠳᠥᠷᠪᠡ᠂ ᠱᠠᠭᠠᠷᠳᠠᠯᠭ᠎ᠠ ᠶᠣᠰᠣᠭᠠᠷ ᠪᠠᠶᠢᠩᠭᠤ ᠶᠢᠨ ᠴᠢᠨᠠᠷᠲᠠᠶ ᠪᠠ ᠲᠦᠷ ᠴᠠᠭ ᠤᠨ ᠴᠢᠨᠠᠷᠲᠠᠶ ᠲᠠᠷᠢᠶᠠᠯᠠᠩ ᠤᠨ ᠮᠡᠷᠭᠡᠵᠢᠯ ᠢ ᠲᠦᠭᠡᠮᠡᠯᠵᠢᠭᠦᠯᠬᠦ ᠵᠢᠴᠢ ᠪᠤᠰᠤᠳ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠶᠢ ᠬᠠᠷᠢᠭᠤᠴᠠᠵᠤ᠂ ᠡᠪᠡᠳᠴᠢᠨ ᠬᠤᠷᠣᠬᠠᠶ ᠶᠢᠨ ᠬᠥᠨᠥᠭᠡᠯ ᠤᠨ ᠮᠡᠳᠡᠭᠡ ᠵᠠᠩᠭᠢ ᠴᠤᠭᠯᠠᠭᠤᠯᠬᠤ᠂ ᠳᠡᠭᠡᠭᠰᠢ ᠮᠡᠳᠡᠭᠦᠯᠬᠦ ᠪᠠ ᠤᠷᠢᠳᠴᠢᠯᠠᠨ ᠰᠡᠷᠭᠡᠶᠢᠯᠡᠬᠦ᠂ ᠲᠥᠰᠦᠭᠡᠯᠡᠬᠦ᠂ ᠤᠷᠢᠳᠴᠢᠯᠠᠨ ᠮᠡᠳᠡᠭᠡᠯᠡᠬᠦ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠬᠢᠵᠦ᠂ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠪᠣᠯᠣᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃      ᠲᠠᠪᠤ᠂ ︽ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ︾ ᠶᠢ ᠤᠬᠠᠭᠤᠯᠬᠤ ᠶᠢ ᠬᠠᠷᠢᠭᠤᠴᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠶᠠᠪᠤᠴᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠰᠠᠶᠢᠲᠤᠷ ᠠᠳᠬᠤᠵᠤ᠂ ᠲᠠᠷᠢᠶᠠᠯᠠᠩ ᠤᠨ ᠣᠷᠣᠭᠤᠯᠤᠯᠲᠠ ᠶᠢᠨ ᠵᠦᠢᠯᠡᠰ ᠤᠨ ᠬᠡᠷᠡᠭᠯᠡᠯᠲᠡ ᠶᠢ ᠬᠢᠨᠠᠨ ᠬᠡᠮᠵᠢᠬᠦ᠂ ᠮᠡᠷᠭᠡᠵᠢᠯ ᠤᠨ ᠵᠥᠪᠯᠡᠯᠭᠡ ᠥᠭᠬᠦ᠂ ᠰᠠᠶᠢᠨ ᠦᠷ᠎ᠡ ᠶᠢ ᠲᠦᠭᠡᠮᠡᠯᠵᠢᠭᠦᠯᠬᠦ ᠪᠠ ᠰᠢᠨ᠎ᠡ ᠮᠠᠰᠢᠨ᠂ ᠰᠢᠨ᠎ᠡ ᠲᠥᠬᠦᠭᠡᠷᠡᠮᠵᠢ ᠶᠢᠨ ᠬᠡᠷᠡᠭᠯᠡᠯᠲᠡ ᠵᠡᠷᠭᠡ ᠡᠯ᠎ᠡ ᠲᠥᠷᠥᠯ ᠤᠨ ᠦᠢᠯᠡᠴᠢᠯᠡᠭᠡ ᠶᠢ ᠰᠠᠶᠢᠲᠤᠷ ᠬᠢᠬᠦ ᠬᠡᠷᠡᠭᠲᠡᠶ᠃      ᠵᠢᠷᠭᠤᠭ᠎ᠠ᠂ ᠪᠦᠬᠦ ᠪᠠᠯᠭᠠᠰᠤ ᠶᠢᠨ ᠠᠮᠤ ᠪᠤᠳᠠᠭ᠎ᠠ᠂ ᠠᠵᠤ ᠠᠬᠤᠶ ᠶᠢᠨ ᠲᠠᠷᠢᠮᠠᠯ ᠤᠨ ᠲᠠᠷᠢᠮᠠᠯ ᠤᠨ ᠪᠠᠶᠢᠳᠠᠯ ᠢ ᠪᠠᠶᠢᠴᠠᠭᠠᠨ ᠡᠵᠡᠮᠰᠢᠬᠦ ᠶᠢ ᠬᠠᠷᠢᠭᠤᠴᠠᠵᠤ᠂ ᠲᠥᠷᠥᠯ ᠬᠤᠪᠢᠶᠠᠬᠤ ᠮᠡᠷᠭᠡᠵᠢᠯ ᠤᠨ ᠵᠢᠯᠣᠭᠤᠳᠤᠯᠭ᠎ᠠ ᠶᠢ ᠥᠷᠨᠢᠭᠦᠯᠬᠦ ᠬᠡᠷᠡᠭᠲᠡᠶ᠃      ᠳᠣᠯᠤᠭ᠎ᠠ᠂ ᠬᠥᠷᠥᠰᠥ ᠰᠢᠷᠣᠶ ᠶᠢᠨ ᠪᠣᠷᠳᠣᠭᠤᠷ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠢᠳᠡᠪᠬᠢᠲᠡᠶ ᠥᠷᠨᠢᠭᠦᠯᠬᠦ ᠶᠢ ᠬᠠᠷᠢᠭᠤᠴᠠᠵᠤ᠂ ᠬᠥᠷᠥᠰᠥ ᠰᠢᠷᠣᠶ ᠶᠢ ᠬᠡᠮᠵᠢᠨ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ ᠮᠡᠷᠭᠡᠵᠢᠯ ᠢ ᠲᠦᠭᠡᠮᠡᠯᠵᠢᠭᠦᠯᠬᠦ ᠬᠡᠷᠡᠭᠲᠡᠶ᠃      ᠨᠠᠢᠮᠠ᠂ ᠪᠦᠬᠦ ᠪᠠᠯᠭᠠᠰᠤ ᠶᠢᠨ ᠭᠠᠵᠠᠷ ᠤᠨ ᠴᠢᠳᠠᠪᠤᠷᠢ ᠶᠢ ᠬᠠᠮᠠᠭᠠᠯᠠᠬᠤ ᠨᠥᠬᠦᠪᠥᠷᠢ᠂ ᠡᠷᠳᠡᠨᠢ ᠰᠢᠰᠢ ᠶᠢᠨ ᠦᠢᠯᠡᠳᠪᠦᠷᠢᠯᠡᠭᠴᠢᠳ ᠤᠨ ᠨᠥᠬᠦᠪᠥᠷᠢ᠂ ᠠᠮᠤ ᠲᠣᠰᠣ ᠲᠠᠷᠢᠬᠤ ᠨᠥᠬᠦᠪᠥᠷᠢ᠂ ᠲᠠᠷᠢᠶᠠᠯᠠᠬᠤ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢ ᠬᠠᠷᠢᠭᠤᠴᠠᠬᠤ ᠬᠡᠷᠡᠭᠲᠡᠶ᠃      ᠶᠢᠰᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠳᠣᠭᠰᠢᠨ ᠬᠤᠣᠷ ᠲᠠᠢ ᠲᠠᠷᠢᠶᠠᠨ ᠡᠮ ᠢ ᠦᠢᠯᠡᠳᠪᠦᠷᠢᠯᠡᠬᠦ᠂ ᠪᠣᠷᠣᠯᠠᠭᠤᠯᠬᠤ ᠪᠠ ᠬᠡᠷᠡᠭᠯᠡᠬᠦ ᠶᠢ ᠪᠦᠬᠦ ᠲᠠᠯ᠎ᠠ ᠪᠠᠷ ᠴᠠᠭᠠᠵᠠᠯᠠᠬᠤ ᠶᠢ ᠬᠠᠷᠢᠭᠤᠴᠠᠬᠤ ᠬᠡᠷᠡᠭᠲᠡᠢ᠃      ᠠᠷᠪᠠ᠂ ᠲᠠᠷᠢᠶᠠᠯᠠᠩ ᠤᠨ ᠪᠦᠲᠦᠭᠡᠭᠳᠡᠬᠦᠨ ᠤ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡ᠂ ᠠᠮᠢᠳᠤ ᠪᠣᠳᠠᠰ ᠤᠨ ᠲᠠᠷᠢᠶᠠᠨ ᠡᠮ᠂ ᠬᠤᠣᠷ ᠪᠠᠭ᠎ᠠ ᠦᠯᠡᠳᠡᠭᠳᠡᠯ ᠪᠠᠭ᠎ᠠ ᠲᠠᠷᠢᠶᠠᠨ ᠡᠮ ᠢ ᠬᠡᠷᠡᠭᠯᠡᠬᠦ ᠮᠡᠷᠭᠡᠵᠢᠯ ᠢ ᠲᠦᠭᠡᠮᠡᠯᠵᠢᠭᠦᠯᠬᠦ ᠶᠢ ᠬᠠᠷᠢᠭᠤᠴᠠᠬᠤ ᠬᠡᠷᠡᠭᠲᠡᠢ᠃      ᠠᠷᠪᠠᠨ ᠨᠢᠭᠡ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠡᠳᠦᠷ ᠲᠤᠲᠤᠮ ᠤᠨ ᠬᠢᠨᠠᠨ ᠬᠡᠮᠵᠢᠬᠦ᠂ ᠦᠯᠢᠭᠡᠷ ᠠᠪᠬᠤ᠂ ᠬᠦᠷᠭᠡᠵᠦ ᠰᠢᠯᠭᠠᠨ ᠪᠠᠶᠢᠴᠠᠭᠠᠬᠤ ᠠᠵᠢᠯ ᠢ ᠥᠷᠨᠢᠭᠦᠯᠬᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠦᠨᠳᠦ ᠶᠡᠭᠡ ᠠᠳᠡᠯ ᠢ ᠣᠯᠵᠤ ᠮᠡᠳᠡᠪᠡᠯ ᠴᠠᠭ ᠲᠤᠬᠠᠶ ᠳᠤᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ ᠰᠢᠢᠳᠪᠦᠷᠢᠯᠡᠭᠦᠯᠬᠦ ᠬᠡᠷᠡᠭᠲᠡᠶ᠃      ᠠᠷᠪᠠᠨ ᠬᠤᠶᠠᠷ᠂ ᠦᠨᠳᠦᠰᠦᠨ ᠱᠠᠲᠤᠨ ᠤ ᠲᠡᠷᠢᠭᠦᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠠᠵᠢᠯ ᠪᠣᠯᠤᠨ ᠮᠠᠯᠴᠢᠨ ᠲᠠᠷᠢᠶᠠᠴᠢᠳ ᠤᠨ ᠪᠠᠶᠠᠵᠢᠨ ᠴᠢᠨᠡᠭᠡᠯᠢᠭᠵᠢᠭᠰᠡᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠤᠬᠠᠭᠤᠯᠬᠤ ᠶᠢ ᠬᠠᠷᠢᠭᠤᠴᠠᠬᠤ ᠬᠡᠷᠡᠭᠲᠡᠶ᠃      ᠠᠷᠪᠠᠨ ᠭᠤᠷᠪᠠ᠂ ᠠᠮᠢᠲᠠᠨ ᠤ ᠬᠢᠵᠢᠭ ᠢ ᠰᠡᠷᠭᠡᠶᠢᠯᠡᠨ ᠡᠵᠡᠮᠳᠡᠬᠦ᠂ ᠠᠮᠢᠲᠠᠨ ᠢ ᠠᠯᠪᠠᠳᠠᠯᠭ᠎ᠠ ᠪᠠᠷ ᠦᠯᠦ ᠬᠠᠯᠳᠠᠭᠠᠯᠲᠠ ᠬᠢᠯᠭᠡᠬᠦ᠂ ᠲᠥᠯᠥᠪᠯᠡᠭᠡᠲᠦ ᠦᠯᠦ ᠬᠠᠯᠳᠠᠭᠠᠯᠲᠠ ᠬᠢᠬᠦ ᠪᠠ ᠬᠡᠪᠴᠢᠶᠡᠵᠢᠭᠦᠯᠦᠨ ᠠᠷᠠᠴᠢᠯᠠᠨ ᠲᠡᠵᠢᠭᠡᠬᠦ ᠲᠠᠯᠠᠪᠠᠢ ᠶᠢᠨ ᠬᠢᠵᠢᠭ ᠢ ᠰᠡᠷᠭᠡᠶᠢᠯᠡᠬᠦ ᠠᠵᠢᠯ ᠢ ᠬᠠᠷᠢᠭᠤᠴᠠᠬᠤ ᠬᠡᠷᠡᠭᠲᠡᠢ᠃      ᠠᠷᠪᠠᠨ ᠳᠥᠷᠪᠡ᠂ ᠠᠮᠢᠲᠠᠨ ᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ ᠬᠢᠵᠢᠭ ᠢ ᠪᠠᠶᠢᠴᠠᠭᠠᠬᠤ᠂ ᠨᠡᠶᠢᠳᠡᠮ ᠪᠠᠶᠢᠴᠠᠭᠠᠬᠤ᠂ ᠴᠡᠪᠡᠷᠰᠢᠭᠦᠯᠬᠦ᠂ ᠬᠢᠵᠢᠭ ᠤᠨ ᠪᠠᠶᠢᠳᠠᠯ ᠢ ᠮᠡᠳᠡᠭᠦᠯᠬᠦ᠂ ᠬᠢᠵᠢᠭ ᠢ ᠰᠡᠷᠭᠡᠶᠢᠯᠡᠬᠦ ᠲᠤᠭ᠎ᠠ ᠪᠦᠷᠢᠳᠬᠡᠯ ᠢ ᠮᠡᠳᠡᠭᠦᠯᠬᠦ ᠵᠡᠷᠭᠡ ᠠᠵᠢᠯ ᠢ ᠡᠭᠦᠷᠭᠡᠯᠡᠨ᠎ᠡ᠃      ᠠᠷᠪᠠᠨ ᠲᠠᠪᠤ᠂ ᠠᠮᠢᠲᠠᠨ ᠤ ᠬᠢᠵᠢᠭ ᠤᠨ ᠪᠠᠶᠢᠳᠠᠯ᠂ ᠠᠮᠢᠲᠠᠨ ᠤ ᠦᠯᠦ ᠬᠠᠯᠳᠠᠭᠠᠯᠲᠠ ᠶᠢᠨ ᠳᠠᠩᠰᠠ ᠡᠪᠬᠡᠮᠡᠯ ᠂ ᠬᠢᠵᠢᠭ ᠢ ᠪᠠᠶᠢᠴᠠᠭᠠᠬᠤ ᠪᠢᠴᠢᠭ ᠦᠨᠡᠮᠯᠡᠯ᠂ ᠠᠮᠢᠲᠠᠨ ᠤ ᠢᠯᠭᠠᠬᠤ ᠲᠡᠮᠳᠡᠭ ᠢ ᠬᠠᠮᠢᠶᠠᠷᠬᠤ ᠪᠠ ᠬᠡᠷᠡᠭᠯᠡᠬᠦ ᠠᠵᠢᠯ ᠢ ᠡᠭᠦᠷᠭᠡᠯᠡᠵᠦ᠂ ᠠᠮᠢᠲᠠᠨ ᠵᠢᠴᠢ ᠠᠮᠢᠲᠠᠨ ᠤ ᠪᠦᠲᠦᠭᠡᠭᠳᠡᠬᠦᠨ ᠤ ᠬᠢᠵᠢᠭ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠢᠲᠠᠨ ᠵᠢᠴᠢ ᠠᠮᠢᠲᠠᠨ ᠤ ᠪᠦᠲᠦᠭᠡᠭᠳᠡᠬᠦᠨ ᠤ ᠦᠢᠯᠡᠳᠪᠦᠷᠢᠯᠡᠬᠦ᠂ ᠡᠳ᠋ᠰᠢᠭᠦᠯᠬᠦ᠂ ᠭᠦᠢᠯᠭᠡᠭᠡ ᠵᠡᠷᠭᠡ ᠡᠯ᠎ᠡ ᠭᠤᠭᠴᠤᠭ᠎ᠠ ᠶᠢᠨ ᠠᠷᠢᠭᠤᠳᠬᠠᠬᠤ ᠠᠵᠢᠯ ᠢ ᠥᠷᠨᠢᠭᠦᠯᠬᠦ ᠬᠡᠷᠡᠭᠲᠡᠢ᠃      ᠠᠷᠪᠠᠨ ᠵᠢᠷᠭᠤᠭ᠎ᠠ᠂ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠵᠢᠯᠣᠭᠤᠳᠤᠯᠭ᠎ᠠ᠂ ᠪᠣᠯᠪᠠᠰᠤᠷᠠᠭᠤᠯᠤᠯ ᠪᠣᠯᠤᠨ ᠦᠢᠯᠡᠴᠢᠯᠡᠭᠡᠨ ᠤ ᠠᠵᠢᠯ ᠢ ᠬᠠᠷᠢᠭᠤᠴᠠᠨ ᠥᠷᠨᠢᠭᠦᠯᠵᠦ᠂ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠰᠢᠨ᠎ᠡ ᠡᠭᠦᠯᠳᠡᠷ᠂ ᠰᠢᠨ᠎ᠡ ᠮᠡᠷᠭᠡᠵᠢᠯ᠂ ᠰᠢᠨ᠎ᠡ ᠦᠷ᠎ᠡ ᠪᠦᠲᠦᠭᠡᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠲᠦᠭᠡᠮᠡᠯᠵᠢᠭᠦᠯᠬᠦ ᠬᠡᠷᠡᠭᠲᠡᠶ᠃      ᠠᠷᠪᠠᠨ ᠳᠣᠯᠤᠭ᠎ᠠ᠂ ᠪᠦᠬᠦ ᠪᠠᠯᠭᠠᠰᠤ ᠶᠢᠨ ᠲᠠᠷᠢᠶᠠᠯᠠᠬᠤ ᠶᠢ ᠵᠣᠭᠰᠣᠭᠠᠨ ᠣᠶᠢᠵᠢᠭᠤᠯᠬᠤ ᠨᠥᠬᠦᠪᠥᠷᠢ᠂ ᠨᠡᠶᠢᠲᠡ ᠶᠢᠨ ᠠᠰᠠᠷᠠᠮᠵᠢ ᠶᠢᠨ ᠤᠢ ᠶᠢᠨ ᠨᠥᠬᠦᠪᠥᠷᠢ᠂ ᠠᠮᠢ ᠠᠬᠤᠢ ᠶᠢᠨ ᠨᠥᠬᠦᠪᠥᠷᠢ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠬᠤ ᠬᠡᠷᠡᠭᠲᠡᠶ᠃      ᠠᠷᠪᠠᠨ ᠨᠠᠢᠮᠠ᠂ ᠬᠠᠮᠲᠤ ᠶᠢᠨ ᠣᠢ ᠰᠢᠭᠤᠢ ᠶᠢᠨ ᠣᠷᠣᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠪᠠ ᠬᠢᠨᠠᠨ ᠬᠠᠮᠢᠶᠠᠷᠬᠤ ᠠᠵᠢᠯ ᠢ ᠬᠠᠷᠢᠭᠤᠴᠠᠵᠤ᠂ ᠣᠢ ᠰᠢᠭᠤᠶ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠬᠠᠷᠢᠭᠤᠴᠠᠬᠤ ᠬᠡᠷᠡᠭᠲᠡᠢ᠃      ᠠᠷᠪᠠ ᠶᠢᠰᠦ᠂ ᠣᠢ ᠰᠢᠭᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠵᠤ᠂ ᠣᠢ ᠮᠣᠳᠣᠨ ᠤ ᠣᠯᠠᠨ ᠲᠥᠷᠥᠯ ᠤᠨ ᠡᠵᠡᠩᠨᠡᠯᠲᠡ ᠳᠤ ᠮᠡᠷᠭᠡᠵᠢᠯ ᠤᠨ ᠦᠢᠯᠡᠴᠢᠯᠡᠭᠡ ᠬᠠᠩᠭᠠᠬᠤ ᠬᠡᠷᠡᠭᠲᠡᠶ᠃      ᠬᠤᠷᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ᠲᠠᠢ ᠬᠠᠮᠵᠢᠯᠴᠠᠨ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠵᠢᠴᠢ ᠤᠰᠤ ᠴᠠᠬᠢᠯᠭᠠᠨ ᠵᠠᠮ ᠵᠡᠷᠭᠡ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠬᠤ ᠬᠡᠷᠡᠭᠲᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号