ᠤᠯᠠᠭᠠᠨᠬᠠᠳᠠ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠷᠢᠭᠤ ᠲᠤᠰᠬᠠᠭᠰᠠᠨ ᠢ | ᠦᠨᠳᠦᠰᠦᠯᠡᠪᠡᠯ᠂ ᠬᠡᠰᠢᠭᠲᠡᠨ ᠬᠤᠰᠢᠭᠤᠨ ᠤ 1 ︱ 7 ᠳ᠋ᠤᠭᠠᠷ ᠰᠠᠷ᠎ᠠ ᠶᠢᠨ ᠭᠤᠣᠯ ᠪᠣᠯᠬᠤ ᠠᠵᠤ ᠠᠬᠤᠢ ᠶᠢᠨ | ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠳᠣᠣᠷᠠᠬᠢ ᠮᠡᠲᠦ᠄ | | 1. ᠠᠵᠤ ᠦᠢᠯᠡᠳᠪᠦᠷᠢ ᠶᠢᠨ ᠲᠠᠯ᠎ᠠ ᠪᠠᠷ᠄ 1︱ 7 ᠳ᠋ᠤᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠪᠥᠬᠦ ᠥᠷᠲᠡᠭ 78.6 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.4% ᠪᠠᠭᠤᠷᠠᠵᠤ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.1% ᠨᠡᠮᠡᠭᠳᠡᠪᠡ᠃ | | | 2. ᠪᠡᠯᠡ ᠣᠷᠣᠭᠤᠯᠤᠯᠲᠠ ᠶᠢᠨ ᠲᠠᠯ᠎ᠠ ᠪᠠᠷ᠄ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 8.9% ᠨᠡᠮᠡᠭᠳᠡᠪᠡ᠃ | | 3. ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠪᠦᠬᠦ ᠲᠤᠭ᠎ᠠ ᠨᠡᠶᠢᠲᠡ 12.2 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.5% ᠨᠡᠮᠡᠭᠳᠡᠪᠡ᠃ | | |