9 ᠰᠠᠷ᠎ᠠ ᠳᠤ᠂ ᠡᠳᠡᠭᠡᠷ ᠰᠢᠨ᠎ᠡ ᠲᠣᠭᠲᠠᠭᠠᠯ ᠨᠢ ᠲᠠ ᠪᠢᠳᠡᠨ ᠤ ᠠᠮᠢᠳᠤᠷᠠᠯ ᠢ ᠨᠥᠯᠥᠭᠡᠯᠡᠬᠦ ᠪᠣᠯᠤᠨ᠎ᠠ
ᠨᠡᠶᠢᠲᠡᠯᠡᠭᠰᠡᠨ ᠴᠠᠭ᠄
2023/8/30
     ᠪᠥᠬᠦ ᠤᠯᠤᠰ ᠤᠨ ᠴᠢᠨᠠᠷᠲᠠᠶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠤᠯᠤᠰ ᠤᠨ ᠰᠢᠨ᠎ᠡ ᠪᠠᠷᠢᠮᠵᠢᠶ᠎ᠠ ᠶᠢ ᠨᠡᠶᠢᠲᠡᠯᠡᠪᠡ︕ ᠴᠠᠢ᠂ ᠠᠷᠢᠬᠢᠨ ᠤ ᠵᠦᠢᠯ᠂ ᠭᠤᠶᠤᠯᠠᠯ ᠤᠨ ᠡᠳ᠋ ᠵᠡᠷᠭᠡ ᠶᠢᠨ ᠪᠤᠭᠤᠳᠠᠯ ᠪᠠᠭᠯᠠᠭ᠎ᠠ ᠎ ᠶᠢ ᠲᠦᠭᠦᠮᠭᠡᠨ ᠪᠤᠯᠭᠠᠨ᠎ᠠ      ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠰᠢᠨ᠎ᠡ ᠪᠠᠷ ᠵᠠᠰᠠᠪᠤᠷᠢ ᠣᠷᠣᠭᠤᠯᠵᠤ ᠨᠡᠶᠢᠲᠡᠯᠡᠭᠰᠡᠨ ︽ᠲᠠᠸᠠᠷ ᠢ ᠬᠡᠲᠦ ᠪᠤᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠲᠤᠬᠠᠢ ᠱᠠᠭᠠᠷᠳᠠᠯᠭ᠎ᠠ ᠢᠳᠡᠭᠡᠨ ᠪᠠ ᠭᠤᠶᠣᠯᠠᠯ ᠤᠨ ᠡᠳ᠋︾ ︵GB 23350 — 2021︶᠎ ᠤᠨ ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠶᠢ 2023 ᠣᠨ ᠤ 9 ᠰᠠᠷ᠎ᠠ ᠶᠢᠨ 1᠎ ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ᠃      ᠨᠠᠰᠤᠲᠠᠶᠢᠴᠤᠳ᠂ ᠵᠡᠮᠳᠡᠭᠴᠦᠳ ᠤᠨ ᠠᠰᠠᠷ ᠠᠪᠠᠷᠢᠬᠤ ᠳᠤ ᠬᠦᠴᠢᠷᠳᠡᠵᠦ ᠪᠠᠶᠢᠭ᠎ᠠ ᠵᠡᠷᠭᠡ ᠠᠰᠠᠭᠤᠳᠠᠯ ᠢ ᠰᠢᠢᠳᠪᠦᠷᠢᠯᠡᠬᠦ ᠪᠣᠯᠤᠮᠵᠢ ᠲᠠᠢ ᠪᠤᠯᠪᠠ      ᠡᠭᠦᠨ ᠠᠴᠠ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠷᠪᠠᠳᠤᠭᠠᠷ ᠬᠤᠷᠠᠯᠳᠤᠭᠠᠨ ᠳᠡᠭᠡᠷ᠎ᠡ ᠪᠠᠲᠤᠯᠠᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠭᠠᠳ ᠥᠬᠡᠶ ᠣᠷᠴᠢᠨ ᠲᠣᠭᠤᠷᠢᠨ ᠢ ᠪᠥᠲᠥᠭᠡᠨ ᠪᠠᠶᠢᠭᠤᠯᠬᠤ ᠬᠠᠤᠯᠢ︾᠎ ᠶᠢ 2023 ᠣᠨ ᠤ 9 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠬᠠᠤᠯᠢ ᠴᠠᠭᠠᠵᠠ ᠶᠢᠨ ᠲᠤᠰᠠᠯᠠᠮᠵᠢ ᠨᠢ ᠨᠠᠩ ᠣᠯᠠᠨ ᠠᠷᠠᠳ ᠢᠷᠭᠡᠳ ᠲᠤ ᠠᠰᠢᠭ ᠬᠦᠷᠲᠡᠭᠡᠬᠦ ᠪᠤᠯᠤᠨ᠎ᠠ      ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠰᠢᠢᠳᠪᠦᠷᠢᠯᠡᠬᠦ ᠵᠢᠷᠤᠮ ᠤᠨ ᠲᠤᠬᠠᠶ ᠲᠣᠭᠲᠠᠭᠠᠯ︾᠎ ᠢ 2023 ᠣᠨ ᠤ 9 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠳᠦᠷᠢᠮ ᠢ ᠲᠡᠭᠦᠯᠳᠡᠷᠵᠢᠭᠦᠯᠵᠦ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠬᠠᠮᠢᠶᠠᠷᠤᠯᠲᠠ ᠶᠢ ᠨᠠᠩ ᠵᠢᠷᠤᠮᠵᠢᠭᠤᠨ ᠪᠤᠯᠭᠠᠨ᠎ᠠ      ᠡᠭᠦᠨ ᠠᠴᠠ ᠡᠮᠦᠨ᠎ᠡ᠂ ᠤᠯᠤᠰ ᠤᠨ ᠱᠠᠰᠢᠨ ᠰᠤᠷᠲᠠᠬᠤᠨ ᠤ ᠬᠡᠷᠡᠭ ᠡᠷᠭᠢᠯᠡᠬᠦ ᠲᠣᠪᠴᠢᠶ᠎ᠠ ᠶᠢᠨ ᠵᠠᠷᠯᠢᠭ 19 ᠳ᠋ᠤᠭᠡᠷ ᠲᠣᠭᠠᠲᠤ ᠳᠤ ︽ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠬᠠᠮᠢᠶᠠᠷᠤᠯᠲᠠ ᠶᠢᠨ ᠠᠷᠭ᠎ᠠ︾᠎ ᠶᠢ ᠨᠡᠶᠢᠲᠡᠯᠡᠵᠦ᠂ 2023 ᠣᠨ ᠤ 9 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠬᠦ ᠪᠠᠷ ᠪᠤᠢ᠃ ︽ᠠᠷᠭ᠎ᠠ︾᠎ ᠨᠢ ᠨᠡᠶᠢᠲᠡ ᠠᠷᠪᠠᠨ ᠪᠦᠯᠦᠭ 76 ᠵᠦᠢᠯ ᠢᠶᠠᠷ ᠪᠦᠷᠢᠯᠳᠦᠵᠦ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠪᠡ᠃      ᠭᠠᠳᠠᠭᠠᠳᠤ ᠳᠤ ᠪᠠᠶᠢᠭ᠎ᠠ ᠠᠷᠠᠳ ᠢᠷᠭᠡᠨ ᠤ ᠦᠨᠳᠦᠰᠦᠨ ᠡᠷᠬᠡ ᠠᠰᠢᠭ ᠢ ᠬᠠᠮᠠᠭᠠᠯᠠᠬᠤ ᠲᠤᠰᠬᠠᠶ ᠬᠠᠤᠯᠢ ᠲᠣᠭᠲᠠᠭᠠᠯᠲᠠ︕      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠤᠨᠰᠦ᠋ᠯ ᠤᠨ ᠬᠠᠮᠠᠭᠠᠯᠠᠯᠲᠠ ᠪᠠ ᠬᠠᠮᠵᠢᠯᠴᠠᠭᠠᠨ ᠤ ᠲᠦᠷᠢᠮ︾᠎ ᠢ 2023 ᠣᠨ ᠤ 9 ᠰᠠᠷ᠎ᠠ ᠶᠢᠨ 1᠎ ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠤᠨ᠎ᠡ᠂ ᠡᠨᠡ ᠪᠣᠯ ᠮᠠᠨ ᠤ ᠤᠯᠤᠰ ᠺᠤᠨᠰᠦ᠋ᠯ ᠤᠨ ᠬᠠᠮᠠᠭᠠᠯᠠᠯᠲᠠ ᠪᠠ ᠬᠠᠮᠵᠢᠯᠴᠠᠭ᠎ᠠ ᠵᠢᠴᠢ ᠭᠠᠳᠠᠭᠠᠳᠤ ᠳᠤ ᠪᠠᠶᠢᠭ᠎ᠠ ᠳᠤᠮᠳᠠᠳᠤ ᠤᠯᠤᠰ ᠤᠨ ᠠᠷᠠᠳ ᠢᠷᠭᠡᠨ ᠪᠠ ᠪᠠᠶᠢᠭᠤᠯᠤᠮᠵᠢ ᠶᠢᠨ ᠠᠮᠤᠷ ᠲᠦᠪᠰᠢᠨ ᠳᠤ ᠴᠢᠭᠯᠡᠭᠦᠯᠦᠭᠰᠡᠨ ᠠᠩᠬᠠᠳᠠᠭᠴᠢ ᠲᠤᠰᠬᠠᠶ ᠬᠠᠤᠯᠢ ᠲᠣᠭᠲᠠᠭᠠᠯᠲᠠ ᠪᠣᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号