ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯ ᠳᠤᠮᠳᠠᠳᠤ ᠶᠢᠨ ᠦᠨᠳᠦᠰᠦᠲᠡᠨ ᠤ ᠲᠣᠪᠣᠶᠢᠮ᠎ᠠ | ᠳᠠᠪᠠᠭᠤᠯᠢᠭ ᠮᠥᠨ᠂ ᠪᠢᠳᠡᠨ ᠤ ᠳᠡᠯᠡᠬᠡᠢ ᠶᠢᠨ ᠰᠣᠶᠣᠯ ᠤᠨ ᠳᠣᠯᠭᠢᠰᠤᠯᠲᠠ ᠳᠤᠮᠳᠠ ᠪᠠᠲᠤ ᠵᠣᠬᠰᠣᠬᠤ ᠶᠢᠨ | ᠦᠨᠳᠦᠰᠦ ᠰᠠᠭᠤᠷᠢ ᠮᠥᠨ᠂ ᠡᠷᠬᠡᠪᠰᠢ ᠰᠢᠨ᠎ᠡ ᠴᠠᠭ ᠦᠶ᠎ᠡ ᠶᠢᠨ ᠨᠥᠬᠦᠴᠡᠯ ᠲᠠᠢ ᠤᠶᠠᠯᠳᠤᠭᠤᠯᠤᠨ ᠰᠠᠶᠢᠲᠤᠷ | ᠤᠯᠠᠮᠵᠢᠯᠠᠨ ᠵᠠᠯᠭᠠᠮᠵᠢᠯᠠᠬᠤ ᠪᠠ ᠪᠠᠳᠠᠷᠠᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠢ | ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠪᠢᠳᠡᠨ ᠤ ︽ᠰᠣᠶᠣᠯ ᠤᠨ | ᠤᠬᠠᠮᠰᠠᠷ ᠢᠶᠠᠨ ᠴᠢᠩᠭᠠᠳᠬᠠᠵᠤ᠂ ᠰᠣᠶᠣᠯ ᠤᠨ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠰᠣᠶᠣᠯ ᠤᠨ ᠬᠦᠴᠦᠷᠬᠡᠭ | ᠣᠷᠣᠨ ᠢ ᠲᠦᠷᠭᠡᠳᠬᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠤ ᠥᠪᠥᠷ | ᠮᠣᠩᠭᠤᠯ ᠤᠨ ᠬᠠᠭᠤᠳᠠᠰᠤ ᠶᠢ ᠴᠢᠷᠮᠠᠶᠢᠨ ᠪᠢᠴᠢᠭᠯᠡᠬᠦ︾ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ | ᠥᠭᠴᠡᠢ᠃ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠬᠦ ᠪᠣᠯ ᠶᠡᠷᠦᠩᠬᠡᠢ ᠱᠦᠵᠢ | ᠰᠢ ᠶᠢᠨ ᠫᠢᠩ ᠤᠨ ᠰᠣᠶᠣᠯ ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠥᠷ ᠮᠣᠩᠭᠤᠯ ᠤᠨ ᠰᠣᠶᠣᠯ ᠤᠨ ᠵᠥᠭᠡᠯᠡᠨ ᠪᠣᠳᠠᠲᠤ | ᠬᠦᠴᠦᠨ ᠤ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠠᠷᠭ᠎ᠠ ᠵᠠᠮ ᠪᠣᠯᠣᠨ᠎ᠠ᠃ | ︽ᠤᠮᠠᠷᠠᠲᠤ ᠬᠢᠯᠢ ᠶᠢᠨ ᠰᠣᠶᠣᠯ︾ ᠨᠢ ᠭᠠᠵᠠᠷ ᠣᠷᠣᠨ ᠤ ᠴᠢᠨᠠᠷ ᠢᠶᠠᠷ ᠲᠣᠪᠣᠶᠢᠮ᠎ᠠ ᠪᠠᠶᠢᠳᠠᠭ᠃ ᠴᠢᠩ | ᠤᠯᠤᠰ ᠪᠠ ᠴᠢᠩ ᠤᠯᠤᠰ ᠠᠴᠠ ᠡᠮᠦᠨ᠎ᠡ᠂ ᠳᠤᠮᠳᠠᠳᠤ ᠤᠯᠤᠰ ᠤᠨ ᠤᠮᠠᠷᠠᠲᠤ ᠬᠢᠯᠢ ᠶᠡᠭᠡ ᠲᠥᠯᠥᠪ ᠵᠡᠭᠦᠨᠰᠢ ᠪᠠᠨ | ᠶᠡᠭᠡ ᠬᠢᠩᠭᠠᠨ ᠳᠠᠪᠠᠭ᠎ᠠ᠂ ᠪᠠᠷᠠᠭᠤᠨᠰᠢ ᠪᠠᠨ ᠠᠯᠲᠠᠢ ᠠᠭᠤᠯᠠ᠂ ᠡᠮᠦᠨᠡᠰᠢ ᠪᠠᠨ ᠾᠧᠪᠧᠢ᠂ ᠱᠠᠨ ᠰᠢ ᠶᠢᠨ ᠪᠠᠷᠠᠭᠤᠨ | ᠬᠤᠶᠢᠲᠤ ᠬᠡᠰᠡᠭ ᠪᠠ ᠪᠣᠷᠣᠳᠣᠬᠤᠢ ᠶᠢᠨ ᠡᠮᠦᠨ᠎ᠡ ᠬᠡᠰᠡᠭ᠂ ᠤᠮᠠᠷᠠᠰᠢ ᠪᠠᠨ ᠭᠠᠳᠠᠭᠠᠳᠤ ᠬᠢᠩᠭᠠᠨ ᠳᠠᠪᠠᠭ᠎ᠠ ᠠᠴᠠ | ᠪᠠᠷᠠᠭᠤᠨᠰᠢ᠂ ᠭᠤᠪᠢ ᠶᠢᠨ ᠠᠷᠤ ᠠᠴᠠ ᠪᠠᠷᠠᠭᠤᠨᠰᠢ ᠦᠷᠭᠦᠯᠵᠢᠯᠡᠭᠡᠳ ᠠᠯᠲᠠᠢ ᠠᠭᠤᠯᠠ ᠣᠷᠴᠢᠮ ᠬᠦᠷᠴᠦ ᠪᠠᠶᠢᠪᠠ᠃ | ᠳᠤᠮᠳᠠᠳᠤ ᠤᠯᠤᠰ ᠤᠨ ᠤᠮᠠᠷᠠᠲᠤ ᠬᠢᠯᠢ ᠶᠢᠨ ᠣᠷᠣᠨ ᠤ ᠤᠷᠲᠤ ᠤᠳᠠᠭᠠᠨ ᠲᠡᠦᠬᠡᠨ ᠬᠤᠪᠢᠰᠤᠯᠲᠠ ᠶᠢᠨ | ᠶᠠᠪᠤᠴᠠ ᠳᠤ᠂ ᠣᠷᠣᠨ ᠨᠤᠲᠤᠭ ᠨᠢ ᠸᠠᠩᠲᠤ ᠲᠥᠷᠥ ᠶᠢᠨ ᠰᠣᠯᠢᠭᠳᠠᠬᠤ ᠶᠢ ᠳᠠᠭᠠᠯᠳᠤᠨ ᠬᠤᠪᠢᠷᠠᠭᠰᠠᠨ ᠪᠠᠶᠢᠨ᠎ᠠ᠃ | ᠰᠢᠶᠠ ᠤᠯᠤᠰ ᠤᠨ ᠦᠶ᠎ᠡ ᠳᠤ᠂ ᠨᠣᠶᠠᠷᠬᠠᠯ ᠤᠨ ᠲᠥᠪ ᠨᠢ ᠹᠧᠨᠱᠦ᠋ᠢ ᠭᠤᠣᠯ ᠤᠨ ᠳᠣᠣᠷᠠᠳᠤ ᠤᠷᠤᠰᠬᠠᠯ ᠪᠠ | ᠢᠱᠦ᠋ᠢ ᠭᠤᠣᠯ᠂ ᠯᠦᠸᠧᠱᠦ᠋ᠢ ᠭᠤᠣᠯ ᠤᠨ ᠰᠠᠪᠠ ᠭᠠᠵᠠᠷ ᠲᠤ ᠪᠠᠶᠢᠵᠤ᠂ ᠤᠮᠠᠷᠠᠲᠤ ᠣᠷᠣᠨ ᠤ ᠭᠠᠳᠠᠷ ᠪᠦᠰᠡ ᠨᠢ | ᠾᠧᠪᠧᠢ ᠶᠢᠨ ᠵᠦᠸᠧᠯᠦ ᠪᠣᠯᠣᠨ᠎ᠠ᠃ ᠪᠠᠷᠠᠭᠤᠨ ᠵᠧᠦ ᠤᠯᠤᠰ ᠤᠨ ᠦᠶ᠎ᠡ ᠳᠤ ᠾᠧᠪᠧᠢ ᠶᠢᠨ ᠯᠦ ᠯᠦᠩ ᠠᠴᠠ | ᠯᠢᠶᠣᠤᠨᠢᠩ ᠤᠨ ᠴᠣᠣᠶᠠᠩ ᠭᠦᠷᠲᠡᠯ᠎ᠡ ᠥᠷᠭᠡᠵᠢᠵᠡᠢ᠃ ᠵᠡᠭᠦᠨ ᠵᠧᠦ ᠤᠯᠤᠰ ᠤᠨ ᠦᠶ᠎ᠡ ᠳᠤ ᠳᠣᠯᠣᠭᠠᠨ ᠭᠦᠴᠤᠳᠡᠨ | ᠵᠡᠷᠭᠡᠴᠡᠨ ᠣᠷᠣᠰᠢᠬᠤ ᠪᠠ ᠨᠢᠭᠡ ᠪᠦᠯᠦᠭ ᠳ᠋ᠢ ᠦᠨᠳᠦᠰᠦᠲᠡᠨ ᠤ ᠪᠠᠭᠤᠵᠤ ᠥᠭᠭᠦᠭᠰᠡᠳ ᠢ ᠪᠠᠭᠲᠠᠭᠠᠭᠠᠳ ᠤᠮᠠᠷᠠᠲᠤ | ᠬᠢᠯᠢ ᠶᠢᠨ ᠭᠠᠳᠠᠷ ᠪᠦᠰᠡ ᠨᠢ ᠨᠢᠭᠡᠨᠲᠡ ᠥᠪᠥᠷ ᠮᠣᠩᠭᠤᠯ ᠳᠤ ᠭᠦᠷᠦᠭᠰᠡᠨ ᠪᠠᠶᠢᠨ᠎ᠠ᠃ ᠴᠢᠨ ᠤᠯᠤᠰ ᠬᠠᠨ | ᠤᠯᠤᠰ ᠤᠨ ᠦᠶ᠎ᠡ ᠳᠤ ᠤᠮᠠᠷᠠᠲᠤ ᠬᠢᠯᠢ ᠨᠢ ᠭᠠᠳᠠᠷ ᠪᠦᠰᠡ ᠶᠢᠨ ᠭᠠᠵᠠᠷ ᠣᠷᠣᠨ ᠠᠴᠠ ᠪᠠᠨ ᠨᠢᠭᠡᠳᠦᠯᠲᠡᠢ | ᠵᠠᠰᠠᠭ ᠤᠨ ᠡᠷᠬᠡ ᠶᠢᠨ ᠬᠠᠷᠢᠶᠠᠨ ᠳᠠᠬᠢ ᠤᠮᠠᠷᠠᠲᠤ ᠬᠢᠯᠢ ᠬᠢᠵᠠᠭᠠᠷ ᠣᠷᠣᠨ ᠪᠣᠯᠵᠤ᠂ ᠾᠦᠩᠨᠦ ᠲᠠᠢ ᠬᠢᠭᠰᠡᠨ | ᠳᠠᠶᠢᠨ ᠤ ᠢᠯᠠᠯᠲᠠ ᠶᠢ ᠳᠠᠭᠠᠯᠳᠤᠨ᠂ ᠤᠮᠠᠷᠠᠲᠤ ᠬᠢᠯᠢ ᠨᠢ ᠮᠤᠨᠢ ᠠᠭᠤᠯᠠ ᠠᠴᠠ ᠯᠢᠶᠣᠤᠳᠦ᠋ᠩ ᠳᠤ ᠬᠦᠷᠴᠦ᠂ | ᠪᠠᠶᠢᠭᠠᠯ ᠨᠠᠭᠤᠷ᠂ ᠠᠯᠲᠠᠢ ᠠᠭᠤᠯᠠ ᠵᠡᠷᠭᠡ ᠣᠷᠣᠨ ᠭᠦᠷᠲᠡᠯ᠎ᠡ ᠦᠷᠭᠡᠳᠦᠭᠰᠡᠡ ᠪᠠᠶᠢᠨ᠎ᠠ᠃ ᠸᠧᠢ ᠤᠯᠤᠰ ᠶᠢᠨ | ᠤᠯᠤᠰ ᠡᠮᠦᠨᠡᠲᠦ ᠤᠮᠠᠷᠠᠲᠤ ᠲᠥᠷᠥ ᠶᠢᠨ ᠰᠠᠮᠠᠭᠤᠨ ᠴᠠᠭ ᠦᠶ᠎ᠡ ᠳᠤ ᠤᠮᠠᠷᠠᠲᠤ ᠬᠢᠯᠢ ᠶᠢᠨ ᠣᠷᠣᠨ ᠳᠤ ᠣᠯᠠᠨ | ᠬᠤᠪᠢᠷᠠᠯᠲᠠ ᠭᠠᠷᠴᠤ᠂ ᠰᠦᠢ ᠤᠯᠤᠰ ᠲᠠᠩ ᠤᠯᠤᠰ ᠤᠨ ᠦᠶ᠎ᠡ ᠳᠤ ᠪᠠᠰᠠ ᠨᠢᠭᠡ ᠤᠳᠠᠭ᠎ᠠ ᠶᠡᠭᠡ ᠨᠢᠭᠡᠳᠦᠯ ᠤᠨ | ᠪᠠᠶᠢᠳᠠᠯ ᠢᠯᠡᠷᠡᠵᠦ᠂ ᠪᠦᠭᠦ ᠲᠠᠯ᠎ᠠ ᠪᠠᠷ ᠬᠥᠭᠵᠢᠭᠰᠡᠨ ᠦᠶ᠎ᠡ ᠶᠢᠨ ᠤᠮᠠᠷᠠᠲᠤ ᠬᠢᠯᠢ ᠨᠢ ᠪᠠᠶᠢᠭᠠᠯ ᠨᠠᠭᠤᠷ ᠠᠴᠠ | ᠤᠮᠠᠷᠠᠰᠢ ᠭᠦᠷᠲᠡᠯ᠎ᠡ ᠥᠷᠭᠡᠵᠢᠵᠡᠢ᠃ ᠲᠠᠪᠤᠨ ᠲᠥᠷᠥ ᠠᠷᠪᠠᠨ ᠤᠯᠤᠰ ᠤᠨ ᠳᠠᠷᠠᠭ᠎ᠠ᠂ ᠤᠮᠠᠷᠠᠲᠤ ᠬᠢᠯᠢ ᠨᠢ ᠡᠳᠦᠢ | ᠲᠡᠳᠦᠢ ᠪᠠᠭᠠᠰᠴᠤ᠂ ᠯᠢᠶᠣᠤ ᠤᠯᠤᠰ᠂ ᠠᠯᠲᠠᠨ ᠤᠯᠤᠰ ᠤᠮᠠᠷᠠᠲᠤ ᠬᠢᠯᠢ ᠪᠠᠨ ᠪᠠᠶᠢᠭᠠᠯ ᠨᠠᠭᠤᠷ ᠠᠴᠠ ᠡᠮᠦᠨᠡᠰᠢᠬᠢ | ᠭᠠᠵᠠᠷ ᠣᠷᠣᠨ ᠳᠤ ᠪᠠᠶᠢᠯᠭᠠᠵᠤ᠂ ᠶᠤᠸᠠᠨ ᠤᠯᠤᠰ ᠨᠢᠭᠡᠳᠦᠭᠡᠭᠰᠡᠡ ᠳᠠᠶᠢᠨ ᠢᠶᠠᠷ ᠳᠡᠮᠵᠢᠨ ᠪᠠᠷᠠᠭᠤᠨ ᠰᠢᠶᠠ ᠤᠯᠤᠰ | ᠪᠠ ᠠᠯᠲᠠᠨ ᠤᠯᠤᠰ ᠢ ᠮᠥᠬᠦᠭᠡᠵᠦ᠂ ᠨᠤᠲᠤᠭ ᠳᠡᠪᠢᠰᠬᠡᠷ ᠨᠢ ᠬᠠᠨ ᠤᠯᠤᠰ ᠪᠠ ᠲᠠᠩ ᠤᠯᠤᠰ ᠤᠨ ᠬᠢ ᠠᠴᠠ ᠨᠡᠩ | ᠥᠷᠭᠡᠨ ᠠᠭᠤᠳᠠᠮ ᠪᠣᠯᠵᠤ᠂ ᠤᠮᠠᠷᠠᠰᠢ ᠰᠢᠪᠧᠷᠢᠶ᠎ᠠ ᠶᠢᠨ ᠶᠡᠬᠡᠩᠬᠢ ᠬᠡᠰᠡᠭ ᠲᠤ ᠭᠦᠷᠦᠭᠰᠡᠨ ᠪᠥᠭᠡᠳ ᠮᠤᠵᠢ ᠶᠢᠨ | ᠳᠦᠷᠢᠮ ᠢᠶᠠᠷ ᠳᠡᠮᠵᠢᠨ ᠤᠮᠠᠷᠠᠲᠤ ᠬᠢᠯᠢ ᠶᠢᠨ ᠣᠷᠣᠨ ᠢ ᠬᠠᠮᠢᠶᠠᠷᠴᠤ ᠪᠠᠶᠢᠪᠠ᠃ ᠮᠢᠩ ᠤᠯᠤᠰ ᠤᠨ ᠦᠶ᠎ᠡ ᠳᠤ | ᠤᠮᠠᠷᠠᠲᠤ ᠬᠢᠯᠢ ᠨᠢ ᠮᠣᠩᠭᠤᠯ ᠳᠤ ᠨᠣᠶᠠᠷᠬᠠᠭᠳᠠᠵᠤ᠂ ᠨᠤᠲᠤᠭ ᠳᠡᠪᠢᠰᠬᠡᠷ ᠨᠢ ᠭᠤᠪᠢ ᠶᠢᠨ ᠡᠮᠦᠨ᠎ᠡ ᠤᠮᠠᠷ᠎ᠠ ᠶᠢ | ᠪᠠᠭᠲᠠᠭᠠᠵᠤ ᠪᠠᠶᠢᠪᠠ᠃ ᠴᠢᠩ ᠤᠯᠤᠰ ᠤᠨ ᠡᠬᠢᠨ ᠤ ᠦᠶ᠎ᠡ ᠳᠤ ᠵᠡᠭᠦᠨᠭᠠᠷ ᠤᠨ ᠳᠣᠲᠣᠭᠠᠳᠤ ᠶᠢᠨ ᠰᠠᠮᠠᠭᠤᠷᠠᠯ ᠢ | ᠲᠦᠪᠰᠢᠳᠬᠡᠬᠦ ᠶᠢᠨ ᠬᠠᠮᠲᠤ ᠤᠮᠠᠷᠠᠲᠤ ᠬᠢᠯᠢ ᠶᠢᠨ ᠣᠷᠣᠨ ᠳᠤ ᠵᠠᠩᠵᠤᠨ᠂ ᠬᠤᠰᠢᠭᠤ ᠶᠢ ᠵᠠᠬᠢᠷᠬᠤ ᠰᠠᠶᠢᠳ ᠵᠡᠷᠭᠡ | ᠴᠡᠷᠢᠭ ᠵᠠᠰᠠᠭ ᠤᠨ ᠪᠠᠶᠢᠭᠤᠯᠤᠮᠵᠢ ᠶᠢ ᠪᠠᠶᠢᠭᠤᠯᠵᠤ᠂ ᠶᠡᠭᠡ ᠭᠤᠪᠢ ᠶᠢᠨ ᠡᠮᠦᠨ᠎ᠡ ᠤᠮᠠᠷ᠎ᠠ ᠶᠢ ᠪᠦᠷ ᠤᠮᠠᠷᠠᠲᠤ | ᠬᠢᠯᠢ ᠶᠢᠨ ᠬᠡᠪᠴᠢᠶᠡᠨ ᠳᠤ ᠣᠷᠣᠭᠤᠯᠵᠤ᠂ ᠴᠢᠩ ᠤᠯᠤᠰ ᠤᠨ ᠰᠡᠭᠦᠯᠴᠢ ᠶᠢᠨ ᠦᠶ᠎ᠡ ᠳᠤ ᠬᠦᠴᠦᠷᠬᠡᠭ | ᠤᠯᠤᠰ ᠤᠳ ᠤᠨ ᠲᠦᠷᠢᠮᠡᠬᠡᠶᠢᠯᠡᠯ ᠠᠴᠠ ᠪᠣᠯᠵᠤ ᠤᠮᠠᠷᠠᠲᠤ ᠬᠢᠯᠢ ᠶᠢᠨ ᠣᠷᠣᠨ ᠵᠠᠯᠭᠢᠭᠳᠠᠵᠠᠢ᠃ ᠲᠡᠦᠬᠡᠨ ᠳᠡᠭᠡᠷ᠎ᠡ᠂ | ᠤᠮᠠᠷᠠᠲᠤ ᠬᠢᠯᠢ ᠪᠣᠯ ᠳᠠᠷᠤᠢ ᠵᠠᠰᠠᠭ ᠤᠨ ᠡᠷᠬᠡ ᠪᠠᠶᠢᠩᠭᠤ ᠰᠣᠯᠢᠭᠳᠠᠭᠰᠠᠨ᠂ ᠠᠵᠤ ᠠᠬᠤᠢ ᠠᠷᠠᠯᠵᠢᠶ᠎ᠠ ᠬᠥᠭᠵᠢᠨ | ᠴᠡᠴᠡᠭᠯᠡᠭᠰᠡᠨ᠂ ᠰᠣᠶᠣᠯ ᠤᠨ ᠤᠯᠠᠨ ᠡᠰᠢᠵᠢᠯ ᠲᠥᠪᠯᠡᠷᠡᠭᠰᠡᠨ ᠤᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ | ᠣᠷᠣᠨ ᠪᠣᠯᠣᠨ᠎ᠠ᠃ ᠣᠲᠣ ᠦᠶ᠎ᠡ ᠶᠢᠨ ᠤᠮᠠᠷᠠᠲᠤ ᠬᠢᠯᠢ ᠶᠢᠨ ᠣᠷᠣᠨ ᠨᠢ ᠲᠡᠦᠬᠡᠨ ᠳᠡᠭᠡᠷᠡᠬᠢ ᠤᠮᠠᠷᠠᠲᠤ ᠬᠢᠯᠢ ᠲᠠᠢ | ᠵᠠᠯᠭᠠᠮᠵᠢᠯᠠᠬᠤ ᠴᠢᠨᠠᠷ ᠪᠠ ᠦᠷᠭᠦᠯᠵᠢᠯᠡᠬᠦ ᠴᠢᠨᠠᠷ ᠲᠠᠢ ᠪᠠᠶᠢᠳᠠᠭ᠂ ᠡᠨᠡ ᠬᠤᠶᠠᠷ ᠨᠢ ᠬᠡᠳᠦᠶᠢᠪᠡᠷ ᠪᠦᠷᠢᠮᠦᠰᠦᠨ ᠠᠳᠠᠯᠢ | ᠪᠤᠰᠤ ᠪᠤᠯᠪᠠᠴᠤ ᠲᠡᠦᠬᠡᠨ ᠳᠡᠭᠡᠷᠡᠬᠢ ᠤᠮᠠᠷᠠᠲᠤ ᠬᠢᠯᠢ ᠶᠢᠨ ᠥᠷᠭᠡᠵᠢᠵᠦ ᠪᠠᠭᠠᠰᠬᠤ ᠨᠢ ᠣᠳᠣᠬᠠᠨ ᠤ ᠤᠮᠠᠷᠠᠲᠤ | ᠬᠢᠯᠢ ᠶᠢᠨ ᠬᠥᠭᠵᠢᠯᠲᠡ ᠳᠤ ᠵᠣᠬᠢᠬᠤ ᠯᠠᠪᠯᠠᠯᠲᠠ ᠶᠢᠨ ᠦᠨ᠎ᠡ ᠥᠷᠲᠡᠭ ᠲᠠᠢ ᠶᠤᠮ᠃ | ︽ᠤᠮᠠᠷᠠᠲᠤ ᠬᠢᠯᠢ ᠶᠢᠨ ᠰᠣᠶᠣᠯ︾ ᠲᠣᠪᠣᠶᠢᠮ᠎ᠠ ᠦᠨᠳᠦᠰᠦᠲᠡᠨ ᠤ ᠴᠢᠨᠠᠷ ᠲᠠᠢ ᠶᠤᠮ᠃ ᠤᠮᠠᠷᠠᠲᠤ | ᠬᠢᠯᠢ ᠶᠢᠨ ᠣᠷᠣᠨ ᠨᠢ ᠲᠡᠦᠬᠡᠨ ᠳᠡᠭᠡᠷ᠎ᠡ ᠳᠠᠷᠤᠢ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠣᠷᠣᠨ | ᠪᠠᠶᠢᠵᠤ᠂ ᠾᠦᠩᠨᠦ᠂ ᠰᠢᠶᠡᠨᠪᠢ᠂ ᠬᠢᠳᠠᠨ᠂ ᠵᠦᠷᠴᠢᠨ᠂ ᠮᠣᠩᠭᠤᠯ ᠵᠡᠷᠭᠡ ᠡᠷᠲᠡᠨ ᠤ ᠤᠮᠠᠷᠠᠲᠤ ᠶᠢᠨ ᠮᠠᠰᠢ ᠣᠯᠠᠨ | ᠦᠨᠳᠦᠰᠦᠲᠡᠨ ᠬᠢᠲᠠᠳ ᠦᠨᠳᠦᠰᠦᠲᠡᠨ ᠲᠠᠢ ᠬᠤᠯᠢᠯᠳᠤᠨ ᠰᠠᠭᠤᠷᠢᠰᠢᠵᠤ ᠪᠠᠶᠢᠪᠠ᠃ ᠳᠤᠮᠳᠠᠳᠤ ᠶᠢᠨ | ᠦᠨᠳᠦᠰᠦᠲᠡᠨ ᠤ 5000 ᠭᠠᠷᠤᠢ ᠵᠢᠯ ᠤᠨ ᠥᠨᠢ ᠤᠳᠠᠭᠠᠨ ᠲᠡᠦᠬᠡ ᠲᠠᠢ ᠪᠣᠯᠪᠠᠰᠤᠨ ᠲᠡᠦᠬᠡᠨ ᠳᠤ᠂ ︽ᠤᠮᠠᠷᠠᠲᠤ | ᠬᠢᠯᠢ ᠶᠢᠨ ᠰᠣᠶᠣᠯ︾ ᠤᠨ ᠣᠷᠣᠨ ᠵᠠᠢ ᠪᠣᠯ ᠲᠠᠷᠢᠶᠠᠯᠠᠬᠤ ᠰᠣᠶᠣᠯ ᠪᠠ ᠨᠡᠭᠦᠳᠡᠯ ᠮᠠᠯᠵᠢᠯ ᠤᠨ ᠰᠣᠶᠣᠯ ᠢᠶᠠᠷ | ᠪᠦᠷᠢᠯᠳᠦᠭᠰᠡᠨ ᠶᠤᠮ᠂ ᠡᠨᠡ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠭᠡᠷ ᠣᠷᠣᠨ ᠪᠣᠯᠣᠨ᠎ᠠ᠃ ᠣᠷᠣᠨ | ᠵᠠᠢ ᠶᠢᠨ ᠲᠠᠯ᠎ᠠ ᠠᠴᠠ ᠦᠵᠡᠪᠡᠯ᠂ ᠤᠮᠠᠷᠠᠲᠤ ᠬᠢᠯᠢ ᠶᠢᠨ ᠭᠠᠵᠠᠷ ᠣᠷᠣᠨ ᠨᠢ ᠨᠢᠭᠡᠳᠦᠯᠲᠡᠢ ᠣᠷᠣᠨ ᠪᠦᠰᠡ ᠶᠢᠨ | ᠣᠷᠣᠨ ᠵᠠᠢ ᠳᠤ ᠣᠷᠣᠰᠢᠵᠤ ᠪᠠᠶᠢᠨ᠎ᠠ᠂ ᠲᠤᠬᠠᠶᠢᠯᠠᠪᠠᠯ ᠥᠪᠡᠷᠮᠢᠴᠡ ᠵᠠᠩ ᠳᠠᠳᠬᠠᠯ᠂ ᠱᠠᠰᠢᠨ ᠰᠢᠲᠦᠯᠭᠡ ᠪᠠ | ᠰᠣᠶᠣᠯ ᠤᠨ ᠤᠯᠠᠮᠵᠢᠯᠠᠯ ᠲᠠᠢ ︽ᠤᠮᠠᠷᠠᠲᠤ ᠬᠢᠯᠢ ᠶᠢᠨ ᠰᠣᠶᠣᠯ︾ ᠤᠨ ᠣᠷᠣᠨ ᠵᠠᠢ ᠳᠤ ᠣᠷᠣᠰᠢᠵᠤ ᠪᠠᠶᠢᠨ᠎ᠠ᠃ | ᠲᠡᠦᠬᠡ ᠶᠢᠨ ᠤᠯᠠᠷᠢᠯ ᠬᠤᠪᠢᠰᠤᠯ ᠤᠨ ᠳᠤᠮᠳᠠ᠂ ᠤᠮᠠᠷᠠᠲᠤ ᠬᠢᠯᠢ ᠶᠢᠨ ᠣᠷᠣᠨ ᠤ ᠡᠯ᠎ᠡ ᠦᠨᠳᠦᠰᠦᠲᠡᠨ | ᠲᠠᠷᠬᠠᠯᠲᠠ ᠶᠢᠨ ᠲᠠᠯ᠎ᠠ ᠪᠠᠷ ᠰᠣᠯᠪᠢᠴᠠᠨ ᠬᠤᠯᠢᠯᠳᠤᠨ ᠰᠠᠭᠤᠷᠢᠰᠢᠵᠤ᠂ ᠰᠣᠶᠣᠯ ᠤᠨ ᠲᠠᠯ᠎ᠠ ᠪᠠᠷ ᠪᠦᠭᠦᠨ ᠢ | ᠰᠢᠩᠭᠡᠬᠡᠨ ᠠᠪᠴᠤ᠂ ᠠᠵᠤ ᠠᠬᠤᠢ ᠶᠢᠨ ᠲᠠᠯ᠎ᠠ ᠪᠠᠷ ᠬᠠᠷᠢᠯᠴᠠᠨ ᠲᠦᠰᠢᠭᠯᠡᠯᠴᠡᠵᠦ᠂ ᠬᠠᠶᠢᠷ᠎ᠠ ᠰᠡᠳᠬᠢᠯᠭᠡ ᠶᠢᠨ | ᠲᠠᠯ᠎ᠠ ᠪᠠᠷ ᠬᠠᠷᠢᠯᠴᠠᠨ ᠳᠣᠲᠣᠨᠣᠴᠢᠯᠠᠵᠤ᠂ ᠴᠢᠨᠦ ᠳᠣᠲᠣᠷ᠎ᠠ ᠪᠢ ᠪᠠᠶᠢᠬᠤ᠂ ᠮᠢᠨᠤ ᠳᠣᠲᠣᠷ᠎ᠠ ᠴᠢ ᠪᠠᠶᠢᠬᠤ᠂ ᠬᠡᠨ ᠨᠢ | ᠬᠡᠨ ᠠᠴᠠ ᠪᠠᠨ ᠰᠠᠯᠵᠤ ᠴᠢᠳᠠᠬᠤ ᠦᠭᠡᠢ ᠤᠯᠠᠨ ᠡᠰᠢᠲᠦ ᠨᠢᠭᠡ ᠴᠣᠭᠴᠠᠵᠢᠭᠰᠠᠨ ᠪᠠᠶᠢᠷᠢᠰᠢᠯ ᠢ ᠪᠦᠷᠢᠯᠳᠦᠭᠦᠯᠵᠡᠢ᠃ | ︽ᠤᠮᠠᠷᠠᠲᠤ ᠬᠢᠯᠢ ᠶᠢᠨ ᠰᠣᠶᠣᠯ︾ ᠨᠢ ᠲᠣᠪᠣᠶᠢᠮ᠎ᠠ ᠣᠯᠠᠨ ᠡᠰᠢᠲᠦ ᠴᠢᠨᠠᠷ ᠲᠠᠢ ᠶᠤᠮ᠃ ᠥᠪᠥᠷ | ᠮᠣᠩᠭᠤᠯ ᠤᠨ ᠰᠣᠶᠣᠯ ᠥᠨᠢ ᠤᠳᠠᠭᠠᠨ ᠤᠯᠠᠮᠵᠢᠯᠠᠯ ᠲᠠᠢ᠂ ᠥᠨᠢᠷ ᠥᠳᠬᠡᠨ ᠣᠨᠴᠠᠯᠢᠭ ᠲᠠᠢ᠂ | ᠦᠨᠳᠦᠰᠦᠲᠡᠨ ᠨᠦᠭᠦᠳ ᠤᠨ ᠠᠷᠠᠳ ᠲᠦᠮᠡᠨ ᠤᠮᠠᠷᠠᠲᠤ ᠬᠢᠯᠢ ᠶᠢᠨ ᠡᠬᠡ ᠭᠠᠵᠠᠷ ᠲᠤ ᠰᠦᠷ ᠳᠠᠯᠠᠶᠢᠴᠠᠲᠠᠢ᠂ ᠰᠦᠷ | ᠵᠢᠪᠬᠤᠯᠠᠩᠲᠠᠢ ᠲᠡᠦᠬᠡ ᠶᠢᠨ ᠬᠠᠭᠤᠳᠠᠰᠤ ᠶᠢ ᠪᠢᠴᠢᠭᠯᠡᠵᠦ᠂ ᠤᠯᠠᠨ ᠡᠰᠢᠲᠦ ᠰᠣᠶᠣᠯ ᠵᠡᠷᠭᠡᠪᠡᠷ ᠣᠷᠣᠰᠢᠭᠰᠠᠨ | ᠠᠮᠢᠳᠤᠯᠢᠭ ᠪᠠᠶᠢᠳᠠᠯ ᠢ ᠪᠦᠷᠢᠯᠳᠦᠭᠦᠯᠵᠡᠢ᠃ ᠡᠯ᠎ᠡ ᠦᠨᠳᠦᠰᠦᠲᠡᠨ ᠰᠣᠶᠣᠯ ᠤᠨ ᠠᠭᠤᠰᠤᠯᠴᠠᠯ ᠤᠨ ᠳᠤᠮᠳᠠ ᠰᠢᠨ᠎ᠡ | ᠤᠷᠠᠯᠢᠭ ᠤᠨ ᠭᠡᠯᠪᠡᠷᠢ ᠮᠠᠶ᠋ᠢᠭ ᠢ ᠲᠠᠰᠤᠷᠠᠯᠲᠠ ᠦᠭᠡᠢ ᠡᠭᠦᠳᠦᠨ ᠪᠦᠲᠦᠭᠡᠭᠰᠡᠨ ᠶᠤᠮ᠂ ᠪᠣᠳᠠᠰ ᠤᠨ ᠪᠤᠰᠤ | ᠰᠣᠶᠣᠯ ᠤᠨ ᠥᠪ ᠪᠤᠯᠬᠤ ︽ᠬᠤᠭᠤᠷ ᠤᠨ ᠦᠯᠢᠭᠡᠷ︾ ᠪᠣᠯ ᠡᠭᠦᠨ ᠤ ᠳᠣᠲᠣᠷᠠᠬᠢ ᠨᠡᠶᠢᠲᠡᠯᠢᠭ ᠵᠢᠱᠢᠶ᠎ᠡ ᠪᠣᠯᠣᠨ᠎ᠠ᠃ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠵᠦ᠂ ᠳᠤᠮᠳᠠᠳᠤ ᠶᠢᠨ | ᠦᠨᠳᠦᠰᠦᠲᠡᠨ ᠤ ᠣᠳᠣ ᠦᠶ᠎ᠡ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ᠥᠪᠥᠷ ᠮᠣᠩᠭᠤᠯ ᠤᠨ ᠡᠬᠡ | ᠭᠠᠵᠠᠷ ᠳᠡᠭᠡᠷᠡᠬᠢ ᠭᠦᠨ ᠵᠤᠵᠠᠭᠠᠨ ᠲᠡᠦᠬᠡ ᠰᠣᠶᠣᠯ ᠪᠣᠯᠣᠨ ᠡᠯᠪᠡᠭ ᠪᠠᠶᠠᠯᠢᠭ ᠰᠣᠶᠣᠯ ᠢᠷᠭᠡᠨᠰᠢᠯ ᠤᠨ ᠡᠬᠢ | ᠪᠠᠶᠠᠯᠢᠭ ᠢ ᠭᠦᠢᠴᠡᠳ ᠠᠭᠤᠳᠠᠯᠤᠨ ᠠᠮᠢᠳᠤᠯᠢᠭ ᠢᠶᠠᠷ ᠢᠯᠡᠷᠡᠭᠦᠯᠵᠦ᠂ ᠬᠤᠪᠢᠰᠬᠠᠯ ᠤᠨ ᠰᠣᠶᠣᠯ ᠪᠠ ᠲᠠᠯ᠎ᠠ | ᠨᠤᠲᠤᠭ ᠤᠨ ᠰᠣᠶᠣᠯ᠂ ᠲᠠᠷᠢᠶᠠᠯᠠᠬᠤ ᠰᠣᠶᠣᠯ᠂ ᠬᠠᠲᠤᠨ ᠭᠤᠣᠯ ᠤᠨ ᠰᠣᠶᠣᠯ᠂ ᠣᠷᠳᠣ ᠴᠠᠭᠠᠨ ᠬᠡᠷᠡᠮ ᠤᠨ | ᠰᠣᠶᠣᠯ ᠢ ᠠᠭᠤᠰᠤᠯᠴᠠᠭᠤᠯᠤᠨ ᠨᠢᠭᠡ ᠴᠣᠭᠴᠠᠵᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠭ᠎ᠠ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠ ︽ | ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠬᠠᠮᠲᠤ ᠪᠠᠷ ᠪᠠᠳᠠᠷᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢᠶᠠᠷ ᠦᠨᠳᠦᠰᠦᠨ ᠠᠭᠤᠯᠭ᠎ᠠ ᠪᠤᠯᠭᠠᠬᠰᠠᠨ ︽ᠤᠮᠠᠷᠠᠲᠤ | ᠬᠢᠯᠢ ᠶᠢᠨ ᠰᠣᠶᠣᠯ︾ ᠤᠨ ᠲᠦᠷᠤᠯ ᠲᠡᠮᠳᠡᠭ ᠢ ᠪᠤᠶ ᠪᠣᠯᠭᠠᠨ᠎ᠠ᠃ | ︽ᠤᠮᠠᠷᠠᠲᠤ ᠬᠢᠯᠢ ᠶᠢᠨ ᠰᠣᠶᠣᠯ︾ ᠨᠢ ᠲᠣᠪᠣᠶᠢᠮ᠎ᠠ ᠨᠡᠭᠡᠭᠡᠯᠲᠡᠲᠤ ᠴᠢᠨᠠᠷ ᠲᠠᠢ ᠶᠤᠮ᠃ ᠤᠯᠠᠨ | ᠦᠨᠳᠦᠰᠦᠲᠡᠨ ᠤ ᠶᠡᠭᠡ ᠨᠢᠭᠡᠳᠦᠯ᠂ ᠦᠨᠳᠦᠰᠦᠲᠡᠨ ᠨᠦᠭᠦᠳ ᠤᠨ ᠤᠯᠠᠨ ᠡᠰᠢᠲᠦ ᠨᠢᠭᠡ ᠴᠣᠭᠴᠠ ᠪᠣᠯ ᠡᠪᠦᠭᠡ | ᠳᠡᠭᠡᠳᠦᠰ ᠤᠨ ᠪᠢᠳᠡᠨ ᠳᠤ ᠦᠯᠡᠳᠡᠭᠡᠵᠦ ᠥᠭᠭᠦᠭᠰᠡᠨ ᠴᠢᠬᠤᠯᠠ ᠡᠳ᠋ ᠪᠠᠶᠠᠯᠢᠭ ᠮᠥᠨ᠂ ᠪᠠᠰᠠ ᠴᠤ ᠮᠠᠨ ᠤ | ᠤᠯᠤᠰ ᠤᠨ ᠨᠢᠭᠡᠨ ᠴᠢᠬᠤᠯᠠ ᠳᠠᠪᠠᠭᠤᠯᠢᠭ ᠲᠠᠯ᠎ᠠ ᠮᠥᠨ᠃ ᠤᠮᠠᠷᠠᠲᠤ ᠬᠢᠯᠢ ᠶᠢᠨ ᠣᠷᠣᠨ ᠢᠶᠠᠷ ᠠᠪᠴᠤ ᠬᠡᠯᠡᠪᠡᠯ᠂ | ᠵᠦᠩᠶᠤᠸᠠᠨ ᠣᠷᠣᠨ ᠤ ᠸᠠᠩᠲᠤ ᠲᠦᠷᠦ ᠨᠢᠭᠡᠳᠦᠭᠰᠡᠨ ᠪᠤᠶᠤ ᠬᠠᠭᠠᠴᠠᠭᠰᠠᠨ ᠴᠤ᠂ ︽ᠤᠮᠠᠷᠠᠲᠤ ᠬᠢᠯᠢ ᠶᠢᠨ ᠰᠣᠶᠣᠯ | ︾ ᠨᠢ ᠴᠥᠮ ᠳᠤᠮᠳᠠᠳᠤ ᠶᠢᠨ ᠰᠣᠶᠣᠯ ᠤᠨ ᠤᠭᠢ ᠰᠣᠳᠣ ᠶᠢ ᠰᠢᠩᠭᠡᠬᠡᠨ ᠠᠪᠴᠤ ᠤᠷᠤᠭᠰᠢ ᠬᠥᠭᠵᠢᠵᠦ ᠪᠠᠶᠢᠨ᠎ᠠ᠃ | ᠡᠶᠢᠮᠦ ᠠᠴᠠ ︽ᠤᠮᠠᠷᠠᠲᠤ ᠬᠢᠯᠢ ᠶᠢᠨ ᠰᠣᠶᠣᠯ︾ ᠨᠢ ᠰᠣᠶᠣᠯ ᠢ ᠮᠡᠳᠡᠷᠡᠨ ᠵᠥᠪᠰᠢᠶᠡᠷᠡᠭᠰᠡᠨ ᠰᠠᠭᠤᠷᠢᠨ ᠳᠡᠭᠡᠷᠡᠬᠢ | ᠰᠣᠶᠣᠯ ᠤᠨ ᠢᠲᠡᠭᠡᠯ ᠲᠠᠢ ᠪᠠᠶᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠪᠠᠬᠢ ᠪᠤᠶ ᠪᠤᠯᠭᠠᠬᠤ ᠪᠣᠯ ᠳᠠᠷᠤᠢ ︽ᠤᠮᠠᠷᠠᠲᠤ ᠬᠢᠯᠢ ᠶᠢᠨ ᠰᠣᠶᠣᠯ︾ ᠤᠨ ᠴᠥᠮ᠎ᠡ ᠮᠥᠨ᠃ ᠰᠢᠨ᠎ᠡ ᠴᠠᠭ | ᠦᠶ᠎ᠡ ᠶᠢᠨ ᠰᠢᠨ᠎ᠡ ᠰᠣᠶᠣᠯ ᠤᠨ ᠡᠭᠦᠷᠭᠡ ᠶᠢ ᠡᠭᠦᠷᠭᠡᠯᠡᠬᠦ ᠳᠤ᠂ ᠪᠢᠳᠡ ︽ᠤᠮᠠᠷᠠᠲᠤ ᠬᠢᠯᠢ ᠶᠢᠨ ᠰᠣᠶᠣᠯ︾ ᠭᠡᠬᠦ | ᠡᠨᠡ ᠬᠦ ᠥᠪᠥᠷ ᠮᠣᠩᠭᠤᠯ ᠤᠨ ᠣᠨᠴᠠᠯᠢᠭ ᠲᠠᠢ ᠣᠷᠣᠨ ᠪᠦᠰᠡ ᠶᠢᠨ ᠴᠢᠨᠠᠷᠲᠠᠢ ᠰᠣᠶᠣᠯ ᠤᠨ ᠲᠦᠷᠦᠯ ᠲᠡᠮᠳᠡᠭ ᠢ | ᠬᠦᠴᠦᠯᠡᠨ ᠰᠠᠶᠢᠲᠤᠷ ᠡᠭᠦᠳᠴᠦ᠂ ᠥᠪᠥᠷ ᠮᠣᠩᠭᠤᠯ ᠤᠨ ᠰᠠᠶᠢᠨ ᠰᠠᠶᠢᠬᠠᠨ ᠳᠦᠷᠢ ᠲᠥᠷᠬᠦ ᠶᠢ ᠪᠦᠭᠦ ᠲᠠᠯ᠎ᠠ ᠪᠠᠷ | ᠪᠤᠢ ᠪᠤᠯᠭᠠᠬᠤ ᠪᠠ ᠳᠡᠯᠭᠡᠨ ᠦᠵᠡᠭᠦᠯᠭᠦ ᠬᠡᠷᠡᠭᠲᠡᠢ᠃ ︽ᠤᠮᠠᠷᠠᠲᠤ ᠬᠢᠯᠢ ᠶᠢᠨ ᠰᠣᠶᠣᠯ ᠤᠨ ᠬᠥᠮᠥᠷᠭᠡ︾ ᠵᠡᠷᠭᠡ | ᠤᠮᠠᠷᠠᠲᠤ ᠬᠢᠯᠢ ᠶᠢᠨ ᠲᠡᠦᠬᠡ᠂ ᠤᠯᠤᠰ ᠲᠥᠷᠥ᠂ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠰᠣᠶᠣᠯ᠂ | ᠪᠠᠶᠢᠭᠠᠯᠢ ᠶᠢᠨ ᠡᠬᠢ ᠪᠠᠶᠠᠯᠢᠭ᠂ ᠬᠥᠮᠥᠨ ᠤ ᠭᠠᠪᠢᠶ᠎ᠠ ᠵᠢᠳᠬᠦᠯ ᠵᠡᠷᠭᠡ ᠲᠠᠯ᠎ᠠ ᠶᠢ ᠪᠦᠭᠦ ᠲᠠᠯ᠎ᠠ ᠪᠠᠷ᠂ ᠲᠡᠦᠬᠡ ᠶᠢᠨ | ᠶᠣᠰᠣᠭᠠᠷ᠂ ᠰᠢᠰᠲ᠋ᠧᠮ ᠲᠠᠢ ᠪᠠᠷ ᠲᠤᠰᠬᠠᠭᠰᠠᠨ ᠪᠠ ᠥᠭᠦᠯᠡᠭᠰᠡᠨ ᠲᠣᠮᠣ ᠭᠡᠯᠪᠡᠷᠢ ᠶᠢᠨ ᠶᠡᠷᠦᠩᠬᠡᠶᠢᠯᠡᠭᠰᠡᠨ ᠴᠢᠨᠠᠷᠲᠠᠢ | ᠴᠤᠪᠤᠷᠠᠯ ᠪᠢᠴᠢᠭ ᠢ ᠨᠠᠶᠢᠷᠠᠭᠤᠯᠤᠨ ᠪᠢᠴᠢᠬᠦ ᠪᠠᠷ ᠳᠠᠮᠵᠢᠭᠤᠯᠤᠨ᠂ ᠤᠮᠠᠷᠠᠲᠤ ᠬᠢᠯᠢ ᠶᠢᠨ ᠡᠬᠡ ᠭᠠᠵᠠᠷ ᠲᠤ | ᠦᠨᠳᠦᠰᠦᠯᠡᠭᠰᠡᠨ ᠰᠢᠯᠢᠳᠡᠭ ᠰᠣᠶᠣᠯ ᠢ ᠰᠠᠶᠢᠲᠤᠷ ᠤᠯᠠᠮᠵᠢᠯᠠᠨ ᠬᠥᠭᠵᠢᠭᠦᠯᠵᠦ᠂ ᠰᠢᠨ᠎ᠡ ᠵᠠᠮ ᠢᠶᠠᠷ ᠵᠠᠮᠨᠠᠬᠤ᠂ | ᠳᠤᠮᠳᠠ ᠲᠦᠪᠰᠢᠨ ᠳᠤ ᠣᠷᠣᠬᠤ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠢ ᠨᠢᠭᠲᠠᠷᠠᠭᠤᠯᠤᠨ᠎ᠠ᠃ | ︵ᠵᠣᠬᠢᠶᠠᠭᠴᠢ ᠪᠣᠯ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠤᠳᠬ᠎ᠠ ᠵᠣᠬᠢᠶᠠᠯ ᠪᠠ ᠰᠣᠨᠢᠨ | ᠮᠡᠳᠡᠭᠡᠨ ᠤ ᠳᠠᠮᠵᠢᠭᠤᠯᠭ᠎ᠠ ᠶᠢᠨ ᠳᠡᠭᠡᠳᠦ ᠰᠤᠷᠭᠠᠭᠤᠯᠢ ᠶᠢᠨ ᠵᠠᠬᠢᠷᠤᠯ︶ |