ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠣᠨ ᠠᠵᠢᠯᠯᠠᠬᠤ ᠳᠤᠭᠤᠶᠢᠯᠠᠩ ᠤᠨ ᠭᠡᠰᠢᠭᠦᠳ ᠤᠨ ᠬᠤᠭᠤᠴᠠᠭ᠎ᠠ ᠳᠦᠭᠦᠷᠦᠭᠰᠡᠨ ᠤ ᠳᠠᠷᠠᠭᠠᠬᠢ ᠬᠢᠨᠠᠨ ᠰᠢᠯᠭᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/8/30
     ᠭᠠᠴᠠᠭᠠᠨ ᠳᠤ ᠰᠠᠭᠤᠭ᠎ᠠ ᠺᠠᠳ᠋ᠷᠴᠤᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠬᠤ ᠪᠠ ᠦᠢᠯᠡᠳᠦᠯ ᠢᠶᠠᠨ ᠪᠠᠳᠠᠷᠠᠭᠤᠯᠵᠤ ᠪᠠᠶᠢᠭ᠎ᠠ ᠪᠠᠶᠢᠳᠠᠯ ᠢ ᠣᠨᠣᠪᠴᠢᠲᠠᠢ ᠪᠦᠬᠦ ᠲᠠᠯ᠎ᠠ ᠪᠠᠷ ᠣᠶᠢᠯᠠᠭᠠᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠪᠠᠶᠠᠨᠴᠠᠭᠠᠨ ᠰᠤᠮᠤ ᠬᠢᠨᠠᠨ ᠰᠢᠯᠭᠠᠬᠤ ᠳᠤᠭᠤᠶᠢᠯᠠᠩ ᠪᠠᠶᠢᠭᠤᠯᠵᠤ᠂ ᠪᠦᠬᠦ ᠰᠤᠮᠤᠨ ᠤ 13 ᠭᠠᠴᠠᠭᠠᠨ ᠤ 20 ᠨᠡᠷᠡᠰ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ ᠪᠣᠯᠣᠨ ᠠᠵᠢᠯᠯᠠᠬᠤ ᠭᠡᠰᠢᠭᠦᠳ ᠢ ᠬᠢᠨᠠᠨ ᠰᠢᠯᠭᠠᠬᠤ ᠠᠵᠢᠯ ᠢ ᠥᠷᠨᠢᠭᠦᠯᠪᠡ᠃
     ᠬᠢᠨᠠᠨ ᠰᠢᠯᠭᠠᠬᠤ ᠳᠤᠭᠤᠶᠢᠯᠠᠩ ᠤᠨ ᠬᠢᠨ ᠠᠵᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠠᠷᠠᠳᠴᠢᠯᠠᠯ ᠢᠶᠠᠷ ᠰᠢᠯᠭᠠᠨ ᠦᠨᠡᠯᠡᠬᠦ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠲᠤᠰᠬᠠᠢ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠭᠠᠴᠠᠭᠠᠨ ᠳᠤ ᠰᠠᠭᠤᠭ᠎ᠠ ᠠᠵᠢᠯᠯᠠᠬᠤ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠬᠢᠨᠠᠨ ᠰᠢᠯᠭᠠᠪᠠ᠃
     ᠬᠢᠨᠠᠨ ᠰᠢᠯᠭᠠᠬᠤ ᠳᠤᠭᠤᠶᠢᠯᠠᠩ᠂ ᠭᠠᠴᠠᠭᠠᠨ ᠤ ᠬᠤᠶᠠᠷ ᠵᠥᠪᠯᠡᠯ ᠤᠨ ᠺᠠᠳ᠋ᠷ ᠪᠣᠯᠣᠨ ᠮᠠᠯᠴᠢᠳ ᠤᠨ ᠲᠥᠯᠥᠭᠡᠯᠡᠭᠴᠢ᠂ ᠭᠠᠴᠠᠭᠠᠨ ᠳᠤ ᠰᠠᠭᠤᠭ᠎ᠠ ᠺᠠᠳ᠋ᠷᠴᠤᠳ ᠤᠨ ᠠᠵᠢᠯ ᠢ ᠳᠡᠭᠡᠳᠦ ᠬᠡᠮᠵᠢᠶ᠎ᠡ ᠪᠠᠷ ᠨᠤᠲᠠᠯᠠᠵᠤ᠂ ᠭᠠᠴᠠᠭᠠᠨ ᠳᠤ ᠰᠠᠭᠤᠭ᠎ᠠ ᠺᠠᠳ᠋ᠷᠴᠤᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠴᠢ ᠭᠠᠴᠠᠭ᠎ᠠ ᠲᠣᠰᠬᠤᠨ ᠤ ᠪᠤᠰᠤᠳ ᠲᠠᠯ᠎ᠠ ᠶᠢᠨ ᠠᠵᠢᠯ ᠳᠤ ᠬᠠᠪᠰᠤᠷᠤᠯᠭ᠎ᠠ ᠦᠵᠡᠭᠦᠯᠦᠭᠰᠡᠨ ᠢ ᠮᠡᠳᠡᠷᠡᠵᠦ᠂ ᠭᠠᠴᠠᠭᠠᠨ ᠳᠤ ᠰᠠᠭᠤᠭ᠎ᠠ ᠺᠠᠳ᠋ᠷᠴᠤᠳ ᠤᠨ ᠮᠠᠯᠴᠢᠳ ᠤᠨ ᠬᠦᠴᠢᠷ ᠠᠰᠠᠭᠤᠳᠠᠯ ᠤᠳ ᠢ ᠰᠢᠢᠳᠪᠦᠷᠢᠯᠡᠵᠦ ᠥᠭᠭᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃      ᠪᠠᠶᠠᠨᠴᠠᠭᠠᠨ ᠰᠤᠮᠤ ᠨᠢ ᠲᠣᠰ ᠤᠳᠠᠭᠠᠨ ᠤ ᠬᠢᠨᠠᠨ ᠰᠢᠯᠭᠠᠯᠲᠠ ᠪᠠᠷ ᠠᠵᠠ ᠲᠣᠬᠢᠶᠠᠯ ᠪᠣᠯᠭᠠᠵᠤ᠂ ᠡᠯ᠎ᠡ ᠭᠠᠴᠠᠭᠠᠨ ᠤ ᠠᠵᠢᠯᠯᠠᠬᠤ ᠳᠤᠭᠤᠶᠢᠯᠠᠩ ᠢ ᠳᠡᠮᠵᠢᠬᠦ ᠪᠠᠨ ᠴᠢᠩᠭᠠᠳᠬᠠᠵᠤ᠂ ᠭᠠᠴᠠᠭᠠᠨ ᠳᠤ ᠰᠠᠭᠤᠬᠤ ᠰᠠᠶᠢᠨ ᠨᠥᠬᠦᠴᠡᠯ ᠢ ᠪᠣᠶ ᠪᠣᠯᠭᠠᠵᠤ᠂ ᠭᠠᠴᠠᠭᠠᠨ ᠳᠤ ᠰᠠᠭᠤᠬᠤ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠭᠠᠴᠠᠭᠠᠨ ᠳᠤ ᠰᠠᠭᠤᠬᠤ ᠠᠵᠢᠯ ᠤᠨ ᠦᠢᠯᠡᠳᠦᠯ ᠢ ᠪᠠᠳᠠᠷᠠᠭᠤᠯᠵᠤ᠂ ᠪᠠᠶᠠᠨᠴᠠᠭᠠᠨ ᠰᠤᠮᠤ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号