ᠪᠠᠶᠠᠨᠴᠠᠭᠠᠨ ᠰᠤᠮᠤ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2023/8/30
     ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠬᠤ ᠶᠢᠨ ᠲᠥᠯᠥᠭᠡ᠂ 8 ᠳ᠋ᠤᠭᠠᠷ ᠰᠠᠷ᠎ᠠ ᠶᠢᠨ 23 ᠤ ᠡᠳᠦᠷ᠂ ᠪᠠᠶᠠᠨᠴᠠᠭᠠᠨ ᠰᠤᠮᠤ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃
     ᠲᠤᠰ ᠤᠳᠠᠭᠠᠨ ᠤ ᠬᠤᠷᠠᠯ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠲᠣᠭᠤᠷᠢᠨ ᠳᠤ᠂ ︽ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠶᠢ ᠭᠦᠨᠵᠡᠭᠡᠢ ᠣᠶᠢᠯᠠᠭᠠᠬᠤ︾ ︽ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠬᠤ︾ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠯᠠᠪᠳᠠᠭᠤᠨ ᠢᠶᠠᠷ ᠠᠬᠢᠭᠤᠯᠬᠤ︾ ᠭᠤᠷᠪᠠᠨ ᠲᠠᠯ᠎ᠠ ᠠᠴᠠ ᠪᠦᠬᠦ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠪᠠ᠃ ᠪᠦᠬᠦ ᠨᠠᠮ ᠤᠨ ᠭᠡᠰᠢᠭᠦᠨ ᠺᠠᠳ᠋ᠷᠴᠤᠳ ᠢ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ︽ᠲᠠᠪᠤᠨ ᠶᠡᠭᠡ ᠡᠭᠦᠷᠭᠡ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠵᠤ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠶᠢ ᠲᠦᠷᠭᠡᠳᠬᠡᠵᠦ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ᠂ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃
     ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠠᠴᠠ᠂ ᠺᠠᠳ᠋ᠷ ᠳᠠᠷᠤᠤ ᠬᠢᠴᠢᠶᠡᠩᠭᠦᠢ ᠪᠠᠷ ᠰᠤᠷᠤᠯᠴᠠᠵᠦ᠂ ᠣᠷᠣᠨ ᠤ ᠭᠠᠳᠠᠨᠠᠬᠢ ᠲᠡᠷᠢᠭᠦᠨ ᠤ ᠭᠠᠵᠠᠷ ᠣᠷᠣᠨ ᠤ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢᠶᠠᠷ ᠲᠣᠯᠢ ᠪᠣᠯᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠠᠯᠢᠪᠠ ᠴᠠᠭ ᠦᠶ᠎ᠡ ᠳᠤ ᠦᠯᠦ ᠨᠡᠶᠢᠴᠡᠬᠦ ᠰᠡᠳᠬᠢᠬᠦᠢ ᠶᠢᠨ ᠲᠣᠭᠲᠠᠭᠰᠠᠨ ᠬᠡᠯᠪᠡᠷᠢ᠂ ᠤᠤᠯ ᠤᠨ ᠬᠡᠪ ᠵᠠᠭᠪᠤᠷ᠂ ᠠᠷᠭ᠎ᠠ ᠵᠠᠮ ᠤᠨ ᠲᠦᠰᠢᠭᠯᠡᠯ ᠠᠴᠠ ᠴᠢᠯᠦᠭᠡᠯᠡᠵᠦ᠂ ᠵᠣᠷᠢᠭᠲᠠᠢ ᠬᠢᠵᠦ ᠵᠣᠷᠢᠭᠲᠠᠢ ᠲᠤᠷᠰᠢᠵᠤ᠂ ᠴᠢᠳᠠᠮᠠᠭᠠᠢ ᠬᠢᠵᠦ ᠴᠢᠳᠠᠮᠠᠭᠠᠢ ᠪᠦᠲᠦᠭᠡᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠠᠪᠰᠢᠭᠠᠶᠢᠯᠠᠭᠴᠢ᠂ ᠬᠤᠰᠢᠭᠤᠴᠢ ᠪᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃ ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠬᠦ᠂ ᠪᠣᠳᠠᠲᠠᠢ ᠠᠵᠢᠯᠯᠠᠬᠤ ᠶᠢ ᠴᠢᠬᠤᠯᠠᠴᠢᠯᠠᠬᠤ ᠬᠥᠮᠥᠨ ᠬᠡᠷᠡᠭᠯᠡᠬᠦ ᠢᠯᠡ ᠲᠣᠳᠣ ᠤᠳᠤᠷᠢᠳᠤᠮᠵᠢ ᠶᠢ ᠴᠢᠩᠭᠠᠳᠬᠠᠵᠤ᠂ ︽ᠭᠤᠷᠪᠠ ᠶᠢ ᠢᠯᠭᠠᠬᠤ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠢᠯ ᠬᠢᠬᠦ ᠶᠢ ᠬᠦᠰᠡᠵᠦ ᠪᠠᠶᠢᠭ᠎ᠠ ᠬᠥᠮᠥᠰ ᠲᠤ ᠠᠵᠠ ᠲᠣᠬᠢᠶᠠᠯ ᠲᠠᠢ᠂ ᠠᠵᠢᠯ ᠬᠢᠵᠦ ᠳᠡᠶᠢᠯᠬᠦ ᠬᠥᠮᠥᠰ ᠲᠤ ᠲᠠᠪᠴᠠᠩ ᠲᠠᠢ᠂ ᠠᠵᠢᠯ ᠶᠠᠪᠤᠳᠠᠯ ᠪᠦᠲᠦᠭᠡᠬᠦ ᠶᠢ ᠨᠢ ᠪᠠᠶᠢᠷᠢ ᠰᠠᠭᠤᠷᠢ ᠲᠠᠢ ᠪᠣᠯᠭᠠᠵᠤ᠂ ᠥᠷᠭᠡᠨ ᠤᠯᠠᠨ ᠺᠠᠳ᠋ᠷᠴᠤᠳ ᠢ ᠰᠡᠳᠬᠢᠯ ᠨᠢᠭᠡᠳᠦᠨ ᠬᠥᠭᠵᠢᠯᠲᠡ ᠶᠢ ᠪᠣᠳᠣᠯᠬᠢᠯᠠᠵᠤ᠂ ᠬᠠᠨᠴᠤᠢ ᠰᠢᠮᠠᠯᠠᠨ ᠴᠢᠷᠮᠠᠶᠢᠨ ᠠᠵᠢᠯᠯᠠᠬᠤ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号