ᠪᠠᠶᠠᠨᠴᠠᠭᠠᠨ ᠰᠤᠮᠤ ᠶᠢᠨ ᠬᠥᠬᠡᠰᠢᠯᠢ ᠭᠠᠴᠠᠭ᠎ᠠ ᠡᠪᠡᠰᠦ ᠪᠣᠷᠳᠤᠭ᠎ᠠ ᠪᠠᠨ ᠢᠳᠡᠪᠬᠢᠲᠡᠢ ᠨᠥᠭᠡᠴᠡᠯᠡᠵᠦ ᠮᠠᠯ ᠤᠨ ᠠᠮᠤᠷ ᠲᠦᠪᠰᠢᠨ ᠢᠶᠠᠷ ᠡᠪᠦᠯ ᠬᠠᠪᠤᠷ ᠢ ᠥᠩᠭᠡᠷᠡᠭᠦᠯᠬᠦ ᠶᠢ ᠪᠠᠲᠤᠯᠠᠵᠤ ᠪᠣᠢ
ᠨᠡᠶᠢᠲᠡᠯᠡᠭᠰᠡᠨ ᠴᠠᠭ᠄
2023/8/30
     ᠮᠠᠯ ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠪᠠᠲᠤᠯᠠᠵᠤ᠂ ᠮᠠᠯ ᠤᠨᠤᠭ᠎ᠠ ᠶᠢ ᠠᠮᠤᠷ ᠲᠦᠪᠰᠢᠨ ᠢᠶᠠᠷ ᠡᠪᠦᠯ ᠬᠠᠪᠤᠷ ᠢ ᠥᠩᠭᠡᠷᠡᠭᠦᠯᠬᠦ ᠶᠢᠨ ᠲᠥᠯᠥᠭᠡ᠂ ᠪᠠᠶᠠᠨᠴᠠᠭᠠᠨ ᠰᠤᠮᠤ ᠶᠢᠨ ᠬᠥᠬᠡᠰᠢᠯᠢ ᠭᠠᠴᠠᠭ᠎ᠠ ᠶᠢᠨ ︽ᠬᠤᠶᠠᠷ ᠵᠥᠪᠯᠡᠯ︾ ᠨᠢ ᠪᠣᠷᠣᠭᠠᠨ ᠠᠴᠠ ᠡᠮᠦᠨ᠎ᠡ ᠪᠡᠯᠡᠳᠬᠡᠯ ᠬᠢᠵᠦ᠂ ᠤᠷᠢᠳᠴᠢᠯᠠᠨ ᠪᠠᠶᠢᠷᠢᠯᠠᠭᠤᠯᠵᠤ᠂ ᠭᠠᠴᠠᠭ᠎ᠠ ᠶᠢᠨ ᠮᠠᠯᠴᠢᠳ ᠢ ᠢᠳᠡᠪᠬᠢᠲᠡᠢ ᠬᠥᠲᠥᠯᠥᠨ ᠵᠢᠯᠤᠭᠤᠳᠴᠤ ᠪᠠᠶᠢᠭᠠᠳ ᠡᠷᠲᠡ ᠠᠴᠠ ᠪᠣᠳᠣᠯᠬᠢᠯᠠᠨ᠂ ᠡᠷᠲᠡ ᠠᠴᠠ ᠬᠥᠳᠡᠯᠦᠯᠴᠡᠨ᠂ ᠡᠪᠡᠰᠦ ᠪᠣᠷᠳᠤᠭ᠎ᠠ ᠨᠥᠭᠡᠴᠡᠯᠡᠵᠦ᠂ ᠮᠠᠯ ᠤᠨᠤᠭ᠎ᠠ ᠶᠢᠨ ᠠᠮᠤᠷ ᠲᠦᠪᠰᠢᠨ ᠢᠶᠠᠷ ᠡᠪᠦᠯ ᠬᠠᠪᠤᠷ ᠢ ᠥᠩᠭᠡᠷᠡᠭᠦᠯᠬᠦ ᠳᠤ ᠪᠠᠲᠤ ᠪᠠᠬᠢ ᠡᠳ᠋ ᠪᠣᠳᠠᠰ ᠤᠨ ᠪᠠᠲᠤᠯᠠᠭ᠎ᠠ ᠬᠠᠩᠭᠠᠭᠰᠠᠨ ᠪᠠᠶᠢᠨ᠎ᠠ
     ᠬᠥᠬᠡᠰᠢᠯᠢ ᠭᠠᠴᠠᠭ᠎ᠠ ᠶᠢᠨ ︽ᠬᠤᠶᠠᠷ ᠵᠥᠪᠯᠡᠯ︾ ᠨᠢ ᠮᠠᠯᠴᠢᠨ ᠲᠦᠮᠡᠨ ᠤ ᠡᠪᠡᠰᠦ ᠪᠣᠷᠳᠤᠭ᠎ᠠ ᠶᠢ ᠡᠷᠲᠡᠬᠡᠨ ᠬᠤᠳᠠᠯᠳᠤᠨ ᠠᠪᠬᠤ ᠶᠢ ᠬᠥᠲᠥᠯᠥᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ᠬᠥᠬᠡᠰᠢᠯᠢ ᠭᠠᠴᠠᠭ᠎ᠠ ᠶᠢᠨ ᠸᠢᠴᠠᠲ ᠴᠤᠭᠯᠠᠷᠠᠯ ᠢᠶᠠᠷ ᠳᠠᠮᠵᠢᠭᠤᠯᠤᠨ ᠮᠠᠯᠴᠢᠨ ᠲᠦᠮᠡᠨ ᠳᠤ ᠡᠪᠡᠰᠦ ᠪᠣᠷᠳᠤᠭ᠎ᠠ ᠶᠢ ᠡᠷᠲᠡᠬᠡᠨ ᠬᠤᠳᠠᠯᠳᠤᠨ ᠠᠪᠴᠤ ᠨᠥᠭᠡᠴᠡᠯᠡᠬᠦ ᠪᠣᠯ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠬᠤ᠂ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠬᠦ ᠶᠢᠨ ᠴᠢᠬᠤᠯᠠ ᠠᠷᠭ᠎ᠠ ᠪᠠᠷᠢᠯ ᠮᠥᠨ ᠭᠡᠵᠦ ᠤᠬᠠᠭᠤᠯᠪᠠ᠃ ᠭᠠᠴᠠᠭᠠᠨ ᠤ ︽ᠬᠤᠶᠠᠷ ᠵᠥᠪᠯᠡᠯ︾ ᠨᠢ ᠲᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠡᠰᠢᠭᠲᠡᠨ ᠬᠤᠰᠢᠭᠤᠨ ᠤ ᠰᠠᠯᠪᠤᠷᠢ ᠪᠠᠩᠬᠢ ᠲᠠᠢ ᠬᠠᠮᠲᠤᠷᠠᠨ᠂ 100 ᠭᠠᠷᠤᠢ ᠲᠦᠮᠡᠨ ᠲᠥᠭᠦᠷᠢᠭ ᠤᠨ ᠮᠠᠯ ᠠᠵᠤ ᠠᠬᠤᠢ ᠲᠠᠷᠢᠶᠠᠯᠠᠩ ᠢ ᠳᠡᠮᠵᠢᠬᠦ ᠵᠢᠭᠡᠯᠡᠯᠭᠡ ᠲᠠᠯᠪᠢᠵᠤ᠂ ᠡᠪᠡᠰᠦ ᠪᠣᠷᠳᠤᠭ᠎ᠠ ᠶᠢ ᠡᠷᠲᠡᠬᠡᠨ ᠬᠤᠳᠠᠯᠳᠤᠨ ᠠᠪᠴᠤ ᠨᠥᠭᠡᠴᠡᠯᠡᠬᠦ ᠲᠥᠯᠥᠪᠯᠡᠭᠡ ᠲᠠᠢ ᠮᠠᠯᠴᠢᠳ ᠲᠤ ᠳᠥᠭᠦᠮ ᠦᠵᠡᠭᠦᠯᠦᠭᠰᠡᠨ ᠪᠠᠶᠢᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号