ᠵᠦᠢᠯᠡᠰ ᠤᠨ ᠨᠡᠷᠡᠶᠢᠳᠦᠯ ᠵᠠᠰᠠᠮᠠᠯ ᠵᠠᠮ ᠤᠨ ᠬᠡᠷᠡᠭᠯᠡᠬᠦ ᠭᠠᠵᠠᠷ ᠤᠨ ᠬᠡᠪᠴᠢᠶᠡᠨ ᠳᠤ ᠵᠠᠰᠠᠮᠠᠯ ᠵᠠᠮ ᠤᠨ ᠪᠣᠰᠤ | ᠲᠡᠮᠳᠡᠭ ᠪᠠᠶᠢᠷᠢᠯᠠᠭᠤᠯᠬᠤ | ᠬᠠᠦᠯᠢ ᠴᠠᠭᠠᠵᠠ ᠬᠠᠦᠯᠢ ᠲᠣᠭᠲᠠᠭᠠᠯ ᠪᠣᠯᠣᠨ ᠲᠥᠷᠥ ᠶᠢᠨ ᠪᠣᠳᠤᠯᠭ᠎ᠠ ᠶᠢᠨ ᠴᠢᠨᠠᠷᠲᠠᠢ ᠪᠢᠴᠢᠭ | ᠮᠠᠲ᠋ᠧᠷᠢᠶᠠᠯ ᠤᠨ ᠦᠨᠳᠦᠰᠦᠯᠡᠯ | ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠦᠯᠢ︾ ᠶᠢᠨ ᠲᠠᠪᠢᠨ | ᠳᠦᠷᠪᠡᠳᠥᠭᠡᠷ ᠵᠦᠢᠯ | ᠵᠦᠪᠰᠢᠶᠡᠷᠡᠬᠦ ᠨᠥᠬᠦᠴᠡᠯ | 1᠂ ᠵᠠᠰᠠᠮᠠᠯ ᠵᠠᠮ ᠤᠨ ᠬᠡᠷᠡᠭᠯᠡᠬᠦ ᠭᠠᠵᠠᠷ ᠤᠨ ᠬᠡᠪᠴᠢᠶᠡᠨ ᠳᠤ ᠵᠠᠰᠠᠮᠠᠯ ᠵᠠᠮ ᠤᠨ ᠪᠣᠰᠤ ᠲᠡᠮᠳᠡᠭ | ᠪᠠᠶᠢᠷᠢᠯᠠᠭᠤᠯᠬᠤ ᠦᠨᠡᠨᠬᠦ ᠴᠢᠬᠤᠯᠠ ᠲᠠᠢ ᠪᠠᠶᠢᠬᠤ ︔ | 2᠂ ᠵᠢᠷᠤᠭᠯᠠᠨ ᠲᠥᠯᠥᠪᠯᠡᠬᠦ ᠪᠠ ᠪᠠᠷᠢᠯᠭ᠎ᠠ ᠪᠠᠷᠢᠬᠤ ᠨᠢ ︽ᠵᠠᠰᠠᠮᠠᠯ ᠵᠠᠮ ᠤᠨ ᠪᠠᠷᠢᠯᠭ᠎ᠠ ᠶᠢᠨ ᠮᠡᠷᠭᠡᠵᠢᠯ ᠤᠨ | ᠪᠠᠷᠢᠮᠵᠢᠶ᠎ᠠ︾ ᠳᠤ ᠨᠡᠶᠢᠴᠡᠵᠦ᠂ ᠵᠠᠰᠠᠮᠠᠯ ᠵᠠᠮ ᠤᠨ ᠪᠥᠲᠦᠭᠡᠨ ᠪᠠᠶᠢᠭᠤᠯᠤᠯᠲᠠ ᠶᠢᠨ ᠲᠥᠯᠥᠪᠯᠡᠭᠡ ᠪᠠ | ᠲᠥᠯᠥᠪᠵᠢᠭᠦᠯᠭᠡ ᠯᠦᠭᠡ ᠬᠠᠷᠢᠯᠴᠠᠨ ᠵᠣᠬᠢᠴᠠᠯᠳᠤᠵᠤ᠂ ᠵᠠᠰᠠᠮᠠᠯ ᠵᠠᠮ ᠤᠨ ᠠᠮᠤᠷ ᠲᠥᠪᠰᠢᠨ ᠳᠤ ᠠᠶᠤᠯ ᠦᠭᠡᠢ | ᠪᠠᠶᠢᠬᠤ ᠬᠡᠷᠡᠭᠲᠡᠢ ︔ | 3᠂ ᠮᠠᠲ᠋ᠧᠷᠢᠶᠠᠯ᠂ ᠥᠩᠭᠡ᠂ ᠭᠠᠳᠠᠷ ᠬᠦᠪᠡᠭᠡ ᠶᠢᠨ ᠬᠡᠮᠵᠢᠶ᠎ᠡ᠂ ᠪᠥᠲᠦᠴᠡ ᠶᠢᠨ ᠠᠮᠤᠷ ᠲᠥᠪᠰᠢᠨ᠂ | ᠳ᠋ᠧᠩ ᠤᠨ ᠬᠡᠷᠡᠯ ᠤᠨ ᠭᠡᠭᠡ᠂ ᠪᠠᠶᠢᠷᠢᠯᠠᠭᠤᠯᠬᠤ ᠭᠠᠵᠠᠷ᠂ ᠠᠯᠤᠰᠯᠠᠬᠤ ᠵᠠᠢ ᠵᠡᠷᠭᠡ ᠨᠢ ᠵᠢᠷᠤᠮᠵᠢᠯ ᠤᠨ | ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ ︔ | 4᠂ ᠵᠠᠮ ᠬᠠᠷᠢᠯᠴᠠᠭᠠᠨ ᠤ ᠲᠡᠮᠳᠡᠭ ᠯᠦᠭᠡ ᠠᠳᠠᠯᠢ ᠪᠣᠶᠤ ᠲᠦᠰᠥᠭᠡᠲᠡᠢ ᠬᠡ ᠤᠭᠠᠯᠵᠠ᠂ ᠦᠰᠦᠭ ᠪᠢᠴᠢᠭ | ᠪᠣᠶᠤ ᠥᠩᠭᠡ ᠶᠢ ᠬᠡᠷᠡᠭᠯᠡᠭᠰᠡᠨ ᠦᠭᠡᠢ ᠪᠠᠶᠢᠬᠤ ︔ | 5᠂ ᠵᠠᠮ ᠬᠠᠷᠢᠯᠴᠠᠭᠠᠨ ᠤ ᠪᠡᠯᠡᠳᠬᠡᠮᠵᠢ ᠯᠦᠭᠡ ᠴᠢᠬᠤᠯᠠ ᠪᠦᠬᠦᠢ ᠵᠠᠢ ᠲᠠᠢ ᠪᠠᠶᠢᠬᠤ ᠶᠢ ᠪᠠᠲᠤᠯᠠᠵᠤ᠂ ᠵᠠᠮ | ᠬᠠᠷᠢᠯᠴᠠᠭᠠᠨ ᠤ ᠲᠣᠬᠢᠶ᠎ᠡ᠂ ᠵᠠᠮ ᠬᠠᠷᠢᠯᠴᠠᠭᠠᠨ ᠤ ᠲᠡᠮᠳᠡᠭ᠂ ᠬᠢᠨᠠᠨ ᠡᠵᠡᠮᠳᠡᠬᠦ ᠰᠢᠷᠪᠢᠭᠦᠷ ᠵᠡᠷᠭᠡ ᠶᠢ ᠬᠠᠯᠬᠠᠯᠠᠬᠤ | ᠦᠭᠡᠢ᠂ ᠠᠮᠤᠷ ᠲᠥᠪᠰᠢᠨ ᠤ ᠬᠠᠷᠠᠭᠠᠨ ᠵᠠᠢ ᠶᠢ ᠬᠠᠷᠰᠢᠯᠠᠬᠤ ᠦᠭᠡᠢ᠂ ᠵᠠᠮ ᠢᠶᠠᠷ ᠨᠡᠪᠲᠡᠷᠡᠬᠦ ᠶᠢ ᠨᠥᠯᠥᠭᠡᠯᠡᠬᠦ ᠦᠭᠡᠢ | ᠪᠠᠶᠢᠬᠤ ᠬᠡᠷᠡᠭᠲᠡᠢ ︔ | 6᠂ ᠵᠠᠰᠠᠮᠠᠯ ᠵᠠᠮ ᠪᠥᠲᠦᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ ᠪᠠ ᠬᠠᠮᠢᠶᠠᠷᠬᠤ ᠴᠢᠬᠤᠯᠠ ᠲᠠᠢ | ᠦᠶ᠎ᠡ ᠳᠤ ᠬᠢᠵᠠᠭᠠᠷᠯᠠᠭᠰᠠᠨ ᠬᠤᠭᠤᠴᠠᠭᠠᠨ ᠳᠤ ᠨᠦᠬᠦᠴᠡᠯ ᠦᠭᠡᠢ ᠢᠶᠠᠷ ᠪᠠᠭᠤᠯᠭᠠᠬᠤ ᠪᠣᠶᠤ ᠨᠡᠭᠦᠯᠭᠡᠨ | ᠰᠢᠯᠵᠢᠭᠦᠯᠬᠦ ᠶᠢ ᠵᠦᠪᠰᠢᠶᠡᠷᠡᠬᠦ ᠬᠡᠷᠡᠭᠲᠡᠢ᠃ | ᠵᠦᠪᠰᠢᠶᠡᠷᠡᠬᠦ ᠲᠤᠭ᠎ᠠ ᠬᠡᠮᠵᠢᠶ᠎ᠡ ᠬᠢᠵᠠᠭᠠᠷᠯᠠᠬᠤ ᠦᠭᠡᠢ | ᠵᠦᠪᠰᠢᠶᠡᠷᠡᠬᠦ ᠲᠡᠰ ᠳᠠᠷᠠᠭᠠᠯᠠᠯ ᠪᠣᠲᠠᠲᠠᠢ ᠶᠢ ᠴᠣᠪᠣᠷᠠᠯ ᠵᠢᠷᠤᠭ ᠲᠤ ᠦᠵᠡ | ᠵᠦᠪᠰᠢᠶᠡᠷᠡᠬᠦ ᠬᠤᠭᠤᠴᠠᠭ᠎ᠠ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠬᠤᠯᠪᠤᠭᠳᠠᠯ | ᠪᠥᠬᠦᠢ ᠲᠣᠭᠲᠠᠭᠠᠯ ᠶᠣᠰᠤᠭᠠᠷ ᠬᠡᠷᠡᠭᠵᠢᠭᠦᠯᠦᠨ᠎ᠡ | ᠲᠣᠰᠢᠶᠠᠬᠤ ᠴᠢᠬᠤᠯᠡ ᠲᠠᠢ ᠭᠤᠶᠤᠴᠢᠯᠠᠯ ᠤᠨ ᠮᠠᠲ᠋ᠧᠷᠢᠶᠠᠯ | 1᠂ ᠭᠤᠶᠤᠴᠢᠯᠠᠯ ᠤᠨ ᠪᠢᠴᠢᠭ ᠮᠠᠲ᠋ᠧᠷᠢᠶᠠᠯ ︔ | 2᠂ ᠵᠠᠰᠠᠮᠠᠯ ᠵᠠᠮ ᠤᠨ ᠬᠡᠷᠡᠭᠯᠡᠬᠦ ᠭᠠᠵᠠᠷ ᠤᠨ ᠬᠡᠪᠴᠢᠶᠡᠨ ᠳᠤ ᠵᠠᠰᠠᠮᠠᠯ ᠵᠠᠮ ᠤᠨ ᠪᠣᠰᠤ ᠲᠡᠮᠳᠡᠭ | ᠪᠠᠶᠢᠷᠢᠯᠠᠭᠤᠯᠬᠤ ᠭᠤᠶᠤᠴᠢᠯᠠᠯ ᠤᠨ ᠬᠥᠰᠦᠨᠦᠭᠲᠦ ︔ | 3᠂ ᠵᠠᠰᠠᠭ ᠵᠠᠬᠢᠷᠭᠠᠨ ᠤ ᠬᠠᠷᠢᠴᠠᠩᠭᠤᠢ ᠬᠥᠮᠦᠨ ᠤ ᠪᠡᠶ᠎ᠡ ᠶᠢᠨ ᠬᠢᠷᠢ ᠭᠡᠮ ︵ᠨᠢᠭᠡᠴᠡ ᠶᠢᠨ ᠬᠢᠷᠢ ᠬᠡᠮ︶ | ᠤᠨ ᠤᠭ ᠭᠡᠷᠡᠴᠢ ᠪᠠ ᠬᠠᠭᠤᠯᠪᠤᠷᠢ ︔ | 4᠂ ᠪᠥᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠵᠢᠷᠤᠭ ᠲᠥᠯᠥᠪᠯᠡᠭᠡ᠂ ᠪᠠᠷᠢᠯᠭ᠎ᠠ | ᠪᠠᠷᠢᠬᠤ ᠲᠥᠰᠥᠯ᠂ ᠲᠤᠬᠠᠢ ᠶᠢᠨ ᠲᠠᠯᠠᠪᠠᠢ ᠶᠢᠨ ᠬᠠᠪᠲᠠᠭᠠᠢ ᠲᠠᠶᠢᠯᠪᠤᠷᠢ ᠵᠢᠷᠤᠭ᠂ ᠭᠠᠳᠠᠷ ᠪᠠᠶᠢᠳᠠᠯ ᠤᠨ ᠦᠷ᠎ᠡ | ᠳ᠋ᠦᠩ ᠤᠨ ᠵᠢᠷᠤᠭ᠂ ᠲᠡᠮᠳᠡᠭ ᠤᠨ ᠭᠡᠪᠯᠡᠯ ᠤᠨ ᠨᠢᠭᠤᠷ ᠤᠨ ᠠᠭᠤᠯᠭ᠎ᠠ ᠵᠡᠷᠭᠡ ︔ | 5᠂ ᠵᠠᠰᠠᠮᠠᠯ ᠵᠠᠮ ᠪᠥᠲᠦᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ ᠪᠠ ᠬᠠᠮᠢᠶᠠᠷᠬᠤ ᠴᠢᠬᠤᠯᠠ ᠲᠠᠢ | ᠦᠶ᠎ᠡ ᠳᠤ ᠬᠢᠵᠠᠭᠠᠷᠯᠠᠭᠰᠠᠨ ᠬᠤᠭᠤᠴᠠᠭᠠᠨ ᠳᠤ ᠨᠥᠬᠦᠴᠡᠯ ᠦᠭᠡᠢ ᠪᠠᠷ ᠪᠠᠭᠤᠯᠭᠠᠬᠤ ᠪᠣᠶᠤ ᠨᠡᠭᠦᠯᠭᠡᠨ | ᠰᠢᠯᠵᠢᠭᠦᠯᠬᠦ ᠶᠢ ᠵᠦᠪᠰᠢᠶᠡᠷᠡᠭᠰᠡᠨ ᠠᠮᠠᠯᠠᠯᠲᠠ ᠶᠢᠨ ᠪᠢᠴᠢᠭ ︔ | 6᠂ ᠪᠣᠰᠤᠳ ᠬᠠᠩᠭᠠᠬᠤ ᠴᠢᠬᠤᠯᠡ ᠲᠠᠢ ᠮᠠᠲ᠋ᠧᠷᠢᠶᠠᠯ ︔ | ᠵᠠᠷᠤᠳᠠᠯ ᠬᠤᠷᠢᠶᠠᠬᠤ ᠦᠨᠳᠦᠰᠦᠯᠡᠯ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠳᠦᠷᠢᠮ︾ ᠤᠨ ᠭᠤᠴᠢ | ᠶᠢᠰᠦᠳᠦᠭᠡᠷ ᠵᠦᠢᠯ | ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠬᠥᠷᠥᠩᠭᠡ ᠶᠢ ᠡᠪᠳᠡᠯᠡᠵᠦ | ᠡᠵᠡᠯᠡᠨ ᠬᠡᠷᠡᠭᠯᠡᠭᠰᠡᠨ ᠢ ᠲᠦᠯᠥᠪᠥᠷᠢᠯᠡᠭᠦᠯᠬᠦ ﹇ᠨᠥᠬᠦᠪᠦᠷᠢᠯᠡᠭᠦᠯᠬᠦ ﹈ ᠲᠣᠭᠲᠠᠭᠠᠯ﹀ ᠪᠣᠯᠣᠨ ︿ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠬᠥᠷᠥᠩᠭᠡ ᠶᠢ ᠡᠪᠳᠡᠯᠡᠵᠦ ᠡᠵᠡᠯᠡᠨ ᠬᠡᠷᠡᠭᠯᠡᠭᠰᠡᠨ ᠢ | ᠲᠥᠯᠥᠪᠦᠷᠢᠯᠡᠭᠦᠯᠬᠦ ﹇ᠨᠥᠬᠦᠪᠦᠷᠢᠯᠡᠭᠦᠯᠬᠦ ﹈ ᠪᠠᠷᠢᠮᠵᠢᠶ᠎ᠡ﹀ ᠶᠢ ᠳᠠᠷᠤᠮᠠᠯᠯᠠᠨ ᠶᠠᠪᠤᠭᠤᠯᠬᠤ ᠲᠣᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠶᠢᠨ ᠲᠢᠩᠬᠢᠮ᠂ ᠪᠠᠷᠠᠭᠠᠨ ᠤ ᠦᠨ᠎ᠡ ᠶᠢᠨ | ᠲᠣᠪᠴᠢᠶ᠎ᠡ᠂ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠥᠪᠥᠷ ᠵᠠᠮ ᠬᠠᠷᠢᠯᠴᠠᠭ᠎ᠠ ᠲᠠᠷᠬᠠᠭᠠᠭᠰᠠᠨ | ﹇1998﹈ 383 ᠳ᠋ᠤᠭᠠᠷ ᠲᠣᠭᠠᠲᠤ︶᠃ | ᠤᠷᠢᠳᠠᠪᠡᠷ ᠬᠢᠨᠠᠨ ᠪᠠᠶᠢᠴᠠᠭᠠᠬᠤ | ᠵᠦᠪᠰᠢᠶᠡᠷᠡᠬᠦ ᠠᠴᠠ ᠡᠮᠦᠨ᠎ᠡ ᠠᠳᠠᠯᠢ ᠱᠠᠲᠤᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠰᠠᠯᠠᠭ᠎ᠠ | ᠮᠦᠴᠢᠷ ᠲᠤ ᠰᠢᠯᠵᠢᠭᠦᠯᠦᠨ ᠪᠢᠴᠢᠭᠯᠡᠭᠰᠡᠨ ᠰᠠᠨᠠᠯ ᠭᠠᠷᠭᠠᠭᠤᠯᠵᠦ᠂ ᠳᠠᠷᠠᠭ᠎ᠠ ᠨᠢ ᠬᠠᠮᠢᠶ᠎ᠠ ᠪᠥᠬᠦᠢ ᠲᠡᠰ | ᠳᠠᠷᠠᠭᠠᠯᠠᠯ ᠤᠨ ᠶᠣᠰᠤᠭᠠᠷ ᠭᠦᠢᠴᠡᠳᠬᠡᠬᠦ ᠬᠡᠷᠡᠭᠲᠡᠢ᠃ | ᠲᠣᠳᠣᠷᠬᠠᠶᠢᠯᠠᠬᠤ ᠵᠦᠢᠯ | ᠣᠷᠣᠯᠠᠨ ᠭᠦᠢᠴᠡᠳᠭᠡᠭᠴᠢ ᠪᠠᠷ ᠭᠤᠶᠣᠴᠢᠯᠠᠯ ᠢ ᠣᠷᠣᠯᠠᠨ ᠳᠤᠷᠠᠳᠤᠭᠤᠯᠤᠭᠰᠠᠨ ᠪᠣᠯ ᠨᠠᠶᠢᠳᠠᠬᠰᠠᠨ ᠵᠦᠢᠯ | ᠪᠣᠯᠣᠨ ᠣᠷᠣᠯᠠᠨ ᠭᠦᠢᠴᠡᠳᠭᠡᠭᠴᠢ ᠶᠢᠨ ᠡᠷᠬᠡ ᠮᠡᠳᠡᠯ ᠢ ᠲᠣᠳᠣᠷᠬᠠᠶᠢᠯᠠᠨ ᠪᠢᠴᠢᠭᠰᠡᠨ ᠡᠷᠬᠡ ᠣᠯᠭᠤᠭᠰᠠᠨ | ᠨᠠᠶᠢᠳᠠᠯᠭ᠎ᠠ ᠶᠢᠨ ᠪᠢᠴᠢᠭ ᠬᠢᠵᠦ ᠥᠭᠬᠦ ᠶᠢᠨ ᠬᠠᠮᠲᠤ ᠲᠡᠭᠦᠨ ᠤ ᠪᠡᠶ᠎ᠡ ᠶᠢᠨ ᠬᠢᠷᠢ ᠭᠡᠮ ᠤᠨ ᠤᠭ ᠭᠡᠷᠡᠴᠢ ᠪᠣᠯᠣᠨ | ᠬᠠᠭᠤᠯᠪᠤᠷᠢ ᠶᠢ ᠬᠠᠩᠭᠠᠬᠤ ᠬᠡᠷᠡᠭᠲᠡᠢ᠃ |